ᠬᠤᠲᠠ ᠪᠠᠯᠭᠠᠰᠤᠨ ᠤ ᠰᠠᠭᠤᠷᠢ
ᠨᠡᠶᠢᠲᠡᠯᠡᠭᠰᠡᠨ ᠴᠠᠭ᠄
2018/11/15
       ᠭᠤᠤᠯ ᠬᠤᠲᠠ ᠲᠤᠭᠤᠷᠢᠭ᠄ ᠪᠠᠶᠢᠭᠤᠯᠵᠤ ᠳᠠᠭᠤᠰᠤᠭᠰᠠᠨ ᠤᠷᠤᠨ ᠤ ᠲᠠᠯᠠᠪᠠᠢ 43.28 ᠲᠡᠭᠰᠢ ᠳᠦᠷᠪᠡᠯᠵᠢᠨ ᠺᠢᠯᠦᠮᠧᠲᠷ᠂ ᠭᠤᠤᠯ ᠳᠡᠳ᠋ ᠵᠠᠮ ᠱᠤᠭᠤᠮ ᠵᠢᠴᠢ ᠵᠡᠭᠡᠯᠢ ᠭᠤᠳᠤᠮ 172 ᠵᠤᠷᠪᠤᠰ᠂ 345 ᠺᠢᠯᠦᠮᠧᠲᠷ᠂ 817.26 ᠲᠦᠮᠡᠨ ᠲᠡᠭᠰᠢ ᠳᠦᠷᠪᠡᠯᠵᠢᠨ ᠮᠧᠲᠷ᠂ 19 ᠬᠦᠭᠦᠷᠭᠡ᠂ 2.88 ᠲᠡᠭᠰᠢ ᠳᠦᠷᠪᠡᠯᠵᠢᠨ ᠮᠧᠲᠷ᠃ ᠤᠰᠤ ᠭᠠᠳᠠᠭᠰᠢᠯᠠᠭᠤᠯᠬᠤ ᠭᠤᠤᠯ ᠳᠡᠳ᠋ ᠬᠤᠭᠤᠯᠠᠢ 400 ᠺᠢᠯᠦᠮᠧᠲᠷ᠂ 2 ᠪᠤᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠡᠳᠦᠷ ᠪᠦᠷᠢ ᠶᠢᠨ ᠰᠢᠢᠳᠪᠦᠷᠢᠯᠡᠬᠦ ᠴᠢᠳᠠᠪᠤᠷᠢ ᠨᠢ 28.5 ᠲᠦᠮᠡᠨ ᠲᠤᠨ ᠬᠦᠷᠴᠦ᠂ 1 ᠲᠠᠬᠢᠯᠲᠠ ︵ᠴᠡᠪᠡᠷᠰᠢᠭᠦᠯᠦᠭᠰᠡᠨ︶ ᠤᠰᠤᠨ ᠤ ᠦᠢᠯᠡᠳᠪᠦᠷᠢ᠂ ᠬᠤᠲᠠ ᠪᠠᠯᠭᠠᠰᠤᠨ ᠤ ᠪᠤᠬᠢᠷ ᠤᠰᠤ ᠶᠢ ᠰᠢᠢᠳᠪᠦᠷᠢᠯᠡᠬᠦ ᠨᠤᠷᠮ᠎ᠠ 84.87% ᠬᠦᠷᠪᠡ᠃ 82 ᠬᠦᠳᠡᠭᠡ ᠲᠤᠰᠬᠤᠨ ᠤ ᠢᠳᠡᠬᠦ ᠤᠰᠤᠨ ᠤ ᠢᠨᠵᠧᠨᠧᠷᠢᠩ᠂ ᠡᠳᠦᠷ ᠪᠦᠷᠢ ᠶᠢᠨ ᠤᠰᠤ ᠬᠠᠩᠭᠠᠬᠤ ᠴᠢᠳᠠᠪᠤᠷᠢ ᠨᠢ 0.82 ᠲᠦᠮᠡᠨ ᠺᠦᠪ ᠮᠧᠲᠷ᠂ ᠬᠦᠳᠡᠭᠡ ᠲᠤᠰᠬᠤᠨ ᠤ ᠲᠦᠪᠯᠡᠷᠡᠭᠦᠯᠦᠨ ᠤᠰᠤ ᠬᠠᠩᠭᠠᠬᠤ ᠲᠦᠭᠡᠮᠡᠯᠵᠢᠭᠦᠯᠦᠯᠲᠡ ᠶᠢᠨ ᠨᠤᠷᠮ᠎ᠠ 90%᠃ 1 ᠲᠤᠮᠤ ᠬᠡᠯᠪᠡᠷᠢ ᠶᠢᠨ ᠬᠤᠤᠷ ᠦᠭᠡᠢ ᠬᠤᠭ ᠯᠤᠪᠰᠢ ᠶᠢ ᠰᠢᠢᠳᠪᠦᠷᠢᠯᠡᠬᠦ ᠲᠠᠯᠠᠪᠠᠢ᠂ 175 ᠬᠤᠭ ᠯᠤᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠦᠷᠲᠡᠭᠡ᠂ ᠬᠤᠭ ᠯᠤᠪᠰᠢ ᠶᠢ ᠰᠢᠢᠳᠪᠦᠷᠢᠯᠡᠭᠰᠡᠨ ᠨᠤᠷᠮ᠎ᠠ 95%᠃ ᠠᠭᠤᠳᠠᠮ ᠲᠠᠯᠠᠪᠠᠢ᠂ ᠰᠡᠯᠡᠭᠦᠴᠡᠯ ᠬᠦᠷᠢᠶᠡᠯᠡᠩ᠂ ᠴᠡᠴᠡᠷᠯᠢᠭ 40 ᠪᠤᠢ᠃ ᠨᠤᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 44.66%᠂ ᠵᠦᠯᠭᠡ ᠶᠢᠨ ᠨᠤᠷᠮ᠎ᠠ 41.65%᠂ ᠬᠦᠮᠦᠨ ᠳᠤᠮᠳᠠᠴᠢ ᠶᠢᠨ ᠵᠦᠯᠭᠡ ᠶᠢᠨ ᠲᠠᠯᠠᠪᠠᠢ 22.78 ᠲᠡᠭᠰᠢ ᠳᠦᠷᠪᠡᠯᠵᠢᠨ ᠮᠧᠲᠷ᠃
       ᠵᠠᠮ ᠱᠤᠭᠤᠮ ᠵᠠᠮ ᠬᠠᠷᠢᠯᠴᠠᠭ᠎ᠠ᠄ ᠵᠠᠰᠠᠮᠠᠯ ᠵᠠᠮ ᠤᠨ ᠪᠦᠬᠦ ᠤᠷᠲᠤ 614.576 ᠺᠢᠯᠦᠮᠧᠲᠷ᠂ ᠵᠠᠰᠠᠮᠠᠯ ᠵᠠᠮ ᠤᠨ ᠲᠤᠤᠷᠵᠢᠯ ᠤᠨ ᠨᠢᠭᠲᠠᠴᠠ ᠨᠢ ᠺᠦᠸᠠᠳ᠋ ᠺᠢᠯᠦᠮᠧᠲᠷ ᠪᠦᠷᠢ 0.925 ᠺᠢᠯᠦᠮᠧᠲᠷ᠃ ᠵᠢᠩ ᠲᠦᠩ᠂ ᠶᠧ ᡂᠢ ᠲᠡᠮᠦᠷ ᠵᠠᠮ ᠮᠠᠨ ᠤ ᠲᠤᠭᠭᠤᠷᠢᠭ ᠢᠶᠠᠷ ᠦᠩᠭᠡᠷᠡᠵᠦ᠂ 2 ᠭᠠᠯ ᠲᠡᠷᠭᠡᠨ ᠦᠷᠲᠡᠭᠡ ᠲᠠᠢ᠃ ᠭᠠᠵᠠᠷ ᠤᠷᠤᠨ ᠤ ᠬᠢᠵᠠᠭᠠᠷ ᠲᠤ ᠪᠠᠰᠠ ᠳ᠋ᠠᠨ ᠰᠢ ︵ᠪᠤᠷᠤᠬᠤᠲᠠ ᠠᠴᠠ ᠰᠢᠯᠢᠩᠬᠤᠲᠠ ᠬᠦᠷᠬᠦ G16 ᠨᠤᠮᠧᠷᠲᠦ︶ ᠳᠡᠭᠡᠳᠦ ᠬᠤᠷᠳᠤ ᠶᠢᠨ ᠵᠠᠰᠠᠮᠠᠯ ᠵᠠᠮ ᠪᠠ ᠳ᠋ᠠ ᠭᠤᠸᠠᠩ ︵ᠳ᠋ᠠᠴᠢᠩ ᠠᠴᠠ ᠭᠤᠸᠠᠩᠵᠸᠦ ᠬᠦᠷᠬᠦ G45 ᠨᠤᠮᠧᠷᠲᠦ︶ ᠳᠡᠭᠡᠳᠦ ᠬᠤᠷᠳᠤ ᠶᠢᠨ ᠵᠠᠰᠠᠮᠠᠯ ᠵᠠᠮ 65.835 ᠺᠢᠯᠦᠮᠧᠲᠷ᠂ ᠤᠯᠤᠰ ᠤᠨ ᠵᠠᠮ 111 ᠱᠤᠭᠤᠮ 16.384 ᠺᠢᠯᠦᠮᠧᠲᠷ᠂ ᠮᠤᠵᠢ ᠶᠢᠨ ᠵᠠᠮ 206 ᠱᠤᠭᠤᠮ 7.012 ᠺᠢᠯᠦᠮᠧᠲᠷ᠂ ᠮᠤᠵᠢ ᠶᠢᠨ ᠵᠠᠮ 219 ᠱᠤᠭᠤᠮ 18.066 ᠺᠢᠯᠦᠮᠧᠲᠷ᠂ ᠰᠢᠶᠠᠨ ᠤ ᠵᠠᠮ 8 ᠵᠤᠷᠪᠤᠰ 152.047 ᠺᠢᠯᠦᠮᠧᠲᠷ᠂ ᠰᠢᠶᠠᠩ ᠤᠨ ᠵᠠᠮ 14 ᠵᠤᠷᠪᠤᠰ 152.695 ᠺᠢᠯᠦᠮᠧᠲᠷ᠂ ᠲᠤᠰᠬᠤᠨ ᠤ ᠵᠠᠮ 66 ᠵᠤᠷᠪᠤᠰ 202.537 ᠺᠢᠯᠦᠮᠧᠲᠷ᠃ 27 ᠵᠠᠰᠠᠭ ᠵᠠᠬᠢᠷᠭᠠᠨ ᠤ ᠲᠤᠰᠬᠤᠨ ᠪᠦᠬᠦᠨ ᠢᠶᠠᠷ ᠢᠶᠠᠨ ᠪᠠᠷᠤᠭᠰᠢᠨ ︵ᠱᠦᠢᠨᠢ︶ ᠵᠠᠮ ᠨᠡᠪᠲᠡᠷᠡᠪᠡ᠃        ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠄ ᠬᠤᠩᠱᠠᠨ ᠲᠤᠭᠤᠷᠢᠭ ᠲᠤ ᠨᠡᠶᠢᠲᠡ 15478 ᠡᠷᠦᠬᠡ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠰᠠᠭᠤᠭᠠᠯᠢ ᠠᠷᠠᠳ ᠲᠠᠢ᠂ ᠤᠷᠤᠨ ᠰᠠᠭᠤᠴᠠ ᠶᠢᠨ ᠲᠠᠯᠠᠪᠠᠢ 436 ᠲᠦᠮᠡᠨ ᠲᠡᠭᠰᠢ ᠳᠦᠷᠪᠡᠯᠵᠢᠨ ᠮᠧᠲᠷ᠂ ᠡᠭᠦᠨ ᠳᠤ ᠲᠦᠪᠯᠡᠷᠡᠭᠦᠯᠦᠨ ᠵᠠᠯᠭᠠᠯᠳᠤᠭᠰᠠᠨ ᠬᠡᠪᠴᠢᠶ᠎ᠡ ᠪᠠᠷ ᠨᠡᠯᠢᠶᠡᠳ ᠶᠡᠭᠡ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠲᠤ ᠰᠠᠨ ᠳ᠋ᠤᠤ ᠵᠡᠭᠡᠯᠢ ᠶᠢᠨ ᠬᠤᠶᠢᠲᠤ ᠬᠡᠰᠡᠭ ᠤᠷᠤᠨ ︵ᠨᠢᠭᠡᠳᠦᠭᠡᠷ ᠬᠤᠭᠤᠴᠠᠭ᠎ᠠ︶᠂ ᠰᠢ ᠴᠧᠩ᠂ ᠰᠢ ᠨᠠᠨ ᠳ᠋ᠢ᠂ ᠳ᠋ᠦᠩ ᠴᠧᠩ ᠨᠢᠭᠡᠳᠦᠭᠡᠷ ᠬᠤᠭᠤᠴᠠᠭ᠎ᠠ᠂ ᠬᠦᠭᠦᠷᠭᠡᠨ ᠤᠮᠠᠷᠠᠲᠠᠬᠢ ᠯᠢᠦ ᠳ᠋ᠠ ᠹᠧᠨ ᠬᠡᠰᠡᠭ ᠤᠷᠤᠨ ᠪᠠ ᠬᠠᠳᠠᠨᠬᠤᠰᠢᠭᠤ ᠬᠡᠰᠡᠭ ᠤᠷᠤᠨ ᠪᠠᠶᠢᠵᠤ᠂ 25.53 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠨ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ ᠰᠠᠭᠤᠭᠠᠯᠢ ᠠᠷᠠᠳ 9681 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 22273 ᠡᠷᠦᠬᠡ︶᠂ 461 ᠠᠵᠤ ᠠᠬᠤᠶᠢᠯᠠᠯ᠂ ᠤᠷᠤᠨ ᠰᠠᠭᠤᠴᠠ ᠶᠢᠨ ᠲᠠᠯᠠᠪᠠᠢ 316.7 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠬᠡ ᠶᠢᠨ ᠦᠨᠡᠮᠯᠡᠯ ᠲᠠᠢ ᠤᠷᠤᠨ ᠰᠠᠭᠤᠴᠠ 168.51 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 148.19 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 12.38 ᠲᠡᠭᠰᠢ ᠳᠦᠷᠪᠡᠯᠵᠢᠨ ᠺᠢᠯᠦᠮᠧᠲᠷ᠃ 2017 ᠤᠨ ᠳᠤ ᠦᠪᠡᠷᠲᠡᠭᠡᠨ ᠵᠠᠰᠠᠬᠤ ᠤᠷᠤᠨ ᠤ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠲᠦᠯᠦᠪᠯᠡᠭᠡ ᠳᠤ ᠤᠷᠤᠭᠰᠠᠨ ᠲᠦᠪᠯᠡᠷᠡᠭᠦᠯᠦᠨ ᠵᠠᠯᠭᠠᠯᠳᠤᠭᠰᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠨᠡᠶᠢᠲᠡ 5 ᠪᠠᠶᠢᠵᠤ᠂ ᠲᠤᠰᠪᠦᠷᠢ ᠰᠠᠨ ᠳ᠋ᠤᠤ ᠵᠡᠭᠡᠯᠢ ᠶᠢᠨ ᠬᠤᠶᠢᠲᠤ ᠬᠡᠰᠡᠭ ᠤᠷᠤᠨ ︵ᠨᠢᠭᠡᠳᠦᠭᠡᠷ ᠬᠤᠭᠤᠴᠠᠭ᠎ᠠ︶᠂ ᠳ᠋ᠦᠩ ᠴᠧᠩ ᠨᠢᠭᠡᠳᠦᠭᠡᠷ ᠬᠤᠭᠤᠴᠠᠭ᠎ᠠ᠂ ᠰᠢ ᠴᠧᠩ᠂ ᠰᠢ ᠨᠠᠨ ᠳ᠋ᠢ ᠪᠤᠯᠤᠨ ᠬᠦᠭᠦᠷᠭᠡᠨ ᠤᠮᠠᠷᠠᠲᠠᠬᠢ ᠬᠠᠳᠠᠨᠬᠤᠰᠢᠭᠤ ᠤᠷᠤᠨ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ ᠡᠷᠦᠬᠡ 8930 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 21147 ᠡᠷᠦᠬᠡ︶᠂ 367 ᠠᠵᠤ ᠠᠬᠤᠶᠢᠯᠠᠯ᠂ ᠤᠷᠤᠨ ᠰᠠᠭᠤᠴᠠ ᠶᠢᠨ ᠲᠠᠯᠠᠪᠠᠢ ᠨᠢ 288.7 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠬᠡ ᠶᠢᠨ ᠦᠨᠡᠮᠯᠡᠯ ᠲᠠᠢ ᠤᠷᠤᠨ ᠰᠠᠭᠤᠴᠠ 151.71 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 136.99 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 8.11 ᠲᠡᠭᠰᠢ ᠳᠦᠷᠪᠡᠯᠵᠢᠨ ᠺᠢᠯᠦᠮᠧᠲᠷ᠃ ᠤᠳᠤᠬᠠᠨ ᠳᠤ ᠬᠤᠷᠢᠶᠠᠨ ᠲᠠᠲᠠᠪᠤᠷᠢᠯᠠᠬᠤ ᠠᠵᠢᠯ ᠢ ᠶᠠᠭ ᠲᠦᠷᠭᠡᠪᠴᠢᠯᠡᠨ ᠠᠬᠢᠭᠤᠯᠵᠤ ᠪᠤᠢ᠃        ᠴᠢᠶᠤᠤ ᠪᠸᠢ ᠪᠦᠯᠦᠭᠲᠦ ᠴᠤᠭᠴᠠ 27.6 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠨ᠂ ᠭᠤᠷᠪᠠᠨ ᠶᠡᠭᠡ ᠬᠡᠰᠡᠭ ᠬᠤᠪᠢᠶᠠᠨ ᠪᠠᠶᠢᠭᠤᠯᠵᠤ᠂ ᠲᠤᠰᠪᠤᠷᠢ ᠭᠤᠤᠯ ᠬᠡᠰᠡᠭ ᠤᠷᠤᠨ᠂ ᠯᠢᠦ ᠳ᠋ᠠ ᠹᠧᠨ ᠬᠡᠰᠡᠭ ᠤᠷᠤᠨ᠂ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ︵ᠬᠠᠳᠠᠨᠬᠤᠰᠢᠭᠤ ᠬᠡᠰᠡᠭ ᠢ ᠪᠠᠭᠲᠠᠭᠠᠨ᠎ᠠ︶᠃ ① ᠭᠤᠤᠯ ᠬᠡᠰᠡᠭ  ᠨᠢ ᠤᠳᠤ ᠨᠢᠭᠡᠨᠲᠡ ᠦᠨᠳᠦᠰᠦᠨ ᠳᠡᠭᠡᠨ ᠪᠠᠶᠢᠭᠤᠯᠵᠤ ᠳᠠᠭᠤᠰᠤᠨ᠂ 3.5 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠵᠦ᠂ 100 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ 52 ᠲᠦᠮᠡᠨ ᠲᠡᠭᠰᠢ ᠳᠦᠷᠪᠡᠯᠵᠢᠨ ᠮᠧᠲᠷ ᠤᠨ ᠲᠦᠪᠬᠢᠨᠡᠭᠦᠯᠬᠦ ᠤᠷᠤᠨ ᠰᠠᠭᠤᠴᠠ ᠬᠡᠷᠡᠭᠯᠡᠯᠲᠡ ᠳᠤ ᠤᠷᠤᠵᠤ᠂ 2968 ᠡᠷᠦᠬᠡ ᠰᠠᠭᠤᠭᠠᠯᠢ ᠠᠷᠠᠳ ᠤᠷᠤᠵᠤ ᠰᠠᠭᠤᠷᠢᠰᠢᠵᠠᠢ︔ 13 ᠬᠡᠰᠡᠭ ᠭᠠᠵᠠᠷ᠂ 194 ᠲᠦᠮᠡᠨ ᠲᠡᠭᠰᠢ ᠳᠦᠷᠪᠡᠯᠵᠢᠨ ᠮᠧᠲᠷ ᠤᠨ ᠬᠤᠳᠠᠯᠳᠤᠭᠠᠨ ᠤ ᠠᠰᠠᠷ ᠤᠨ ᠨᠡᠭᠡᠭᠡᠯᠲᠡ ᠶᠢᠨ ᠢᠨᠵᠧᠨᠧᠷᠢᠩ ᠵᠠᠯᠭᠠᠭ᠎ᠠ ᠪᠠᠷ ᠠᠰᠢᠭᠯᠠᠯᠲᠠ ᠳᠤ ᠤᠷᠤᠪᠠ︔ ᠶᠡᠷᠦᠩᠬᠡᠢ ᠡᠵᠡᠯᠡᠬᠦ ᠭᠠᠵᠠᠷ ᠨᠢ 0.34 ᠲᠡᠭᠰᠢ ᠳᠦᠷᠪᠡᠯᠵᠢᠨ ᠺᠢᠯᠦᠮᠧᠲᠷ ᠤᠨ ᠵᠠᠰᠠᠭ ᠵᠠᠬᠢᠷᠭᠠᠨ ᠤ ᠠᠯᠪᠠᠯᠠᠬᠤ ᠭᠠᠵᠠᠷ ᠢ ᠠᠮᠵᠢᠯᠲᠠ ᠲᠠᠢ ᠪᠠᠶᠢᠭᠤᠯᠵᠤ ᠳᠠᠭᠤᠰᠪᠠ᠃ ② ᠯᠢᠦ ᠳ᠋ᠠ ᠹᠧᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠡᠵᠡᠯᠡᠬᠦ ᠭᠠᠵᠠᠷ ᠤᠨ ᠲᠠᠯᠠᠪᠠᠢ 9.1 ᠲᠡᠭᠰᠢ ᠳᠦᠷᠪᠡᠯᠵᠢᠨ ᠺᠢᠯᠦᠮᠧᠲᠷ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ ᠰᠠᠭᠤᠭᠠᠯᠢ ᠠᠷᠠᠳ 751 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 1126 ᠡᠷᠦᠬᠡ︶᠂ ᠬᠤᠷᠢᠶᠠᠨ ᠲᠠᠲᠠᠪᠤᠷᠢᠯᠠᠬᠤ ᠴᠢᠬᠤᠯᠠᠲᠠᠢ ᠤᠷᠤᠨ ᠰᠠᠭᠤᠴᠠ ᠶᠢᠨ ᠲᠠᠯᠠᠪᠠᠢ 28 ᠲᠦᠮᠡᠨ ᠲᠡᠭᠰᠢ ᠳᠦᠷᠪᠡᠯᠵᠢᠨ ᠮᠧᠲᠷ᠂ ︵ᠭᠡᠷ ᠬᠦᠷᠦᠩᠭᠡ ᠶᠢᠨ ᠦᠨᠡᠮᠯᠡᠯ ᠲᠠᠢ ᠤᠷᠤᠨ ᠰᠠᠭᠤᠴᠠ 16.8 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 11.2 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 4.27 ᠲᠡᠭᠰᠢ ᠳᠦᠷᠪᠡᠯᠵᠢᠨ ᠺᠢᠯᠦᠮᠧᠲᠷ᠃ ᠤᠳᠤ ᠪᠤᠯᠲᠠᠯ᠎ᠠ ᠨᠢᠭᠡᠳᠦᠭᠡᠷ ᠲᠦᠷᠦᠯ ᠵᠦᠢᠯ ᠤᠨ ᠤᠷᠤᠨ ᠤ ᠲᠦᠯᠦᠪᠯᠡᠭᠡ ᠶᠢᠨ ᠭᠠᠵᠠᠷ ᠰᠤᠩᠭᠤᠬᠤ ᠰᠠᠨᠠᠮᠵᠢ ᠶᠢᠨ ᠪᠢᠴᠢᠭ᠂ ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠲᠡ ᠶᠢᠨ ᠮᠡᠳᠡᠭᠦᠯᠦᠯᠲᠡ᠂ ᠪᠤᠯᠤᠮᠵᠢᠲᠤ ᠴᠢᠨᠠᠷ ᠤᠨ ᠰᠤᠳᠤᠯᠭᠠᠨ ᠤ ᠮᠡᠳᠡᠭᠦᠯᠦᠯᠲᠡ᠂ ᠲᠦᠷᠦᠯ ᠵᠦᠢᠯ ᠲᠤᠭᠲᠠᠭᠠᠬᠤ ᠪᠢᠴᠢᠭ ᠮᠠᠲ᠋ᠧᠷᠢᠶᠠᠯ ᠤᠨ ᠴᠤᠬᠤᠯᠠᠪᠤᠷᠢ᠂ ᠭᠠᠵᠠᠷ ᠰᠢᠷᠦᠢ ᠶᠢ ᠲᠠᠲᠠᠪᠤᠷᠢᠯᠠᠬᠤ ᠵᠢᠴᠢ ᠠᠷᠪᠠᠳᠤᠭᠠᠷ ᠪᠦᠯᠦᠭ ᠭᠠᠵᠠᠷ ᠰᠢᠷᠦᠢ ᠶᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠨᠢᠭᠡᠨᠲᠡ ᠭᠦᠢᠴᠡᠳᠬᠡᠵᠦ᠂ ᠤᠳᠤ ᠶᠠᠭ ᠨᠠᠢᠮᠠᠳᠤᠭᠠᠷ ᠪᠦᠯᠦᠭ ᠭᠠᠵᠠᠷ ᠰᠢᠷᠦᠢ ᠶᠢ ᠮᠡᠳᠡᠭᠦᠯᠦᠨ ᠵᠦᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠵᠦ ᠪᠤᠢ᠃ ③ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠡᠵᠡᠯᠡᠬᠦ ᠭᠠᠵᠠᠷ ᠤᠨ ᠲᠠᠯᠠᠪᠠᠢ 15 ᠲᠡᠭᠰᠢ ᠳᠦᠷᠪᠡᠯᠵᠢᠨ ᠺᠢᠯᠦᠮᠧᠲᠷ᠂ ᠡᠭᠦᠨ ᠳᠤ ᠬᠠᠳᠠᠨᠬᠤᠰᠢᠭᠤ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠡᠵᠡᠯᠡᠬᠦ ᠭᠠᠵᠠᠷ ᠤᠨ ᠲᠠᠯᠠᠪᠠᠢ 4 ᠲᠡᠭᠰᠢ ᠳᠦᠷᠪᠡᠯᠵᠢᠨ ᠺᠢᠯᠦᠮᠧᠲᠷ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ ᠰᠠᠭᠤᠭᠠᠯᠢ ᠠᠷᠠᠳ 446 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 1090 ᠡᠷᠦᠬᠡ︶᠂ 109 ᠠᠵᠤ ᠠᠬᠤᠶᠢᠯᠠᠯ᠂ ︵89 ᠲᠡᠵᠢᠭᠡᠨ ᠦᠷᠡᠵᠢᠭᠦᠯᠬᠦ ᠡᠷᠦᠬᠡ ᠶᠢ ᠪᠠᠭᠲᠠᠭᠠᠨ᠎ᠠ︶᠂ ᠤᠷᠤᠨ ᠰᠠᠭᠤᠴᠠ ᠶᠢᠨ ᠲᠠᠯᠠᠪᠠᠢ 35 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠬᠡ ᠶᠢᠨ ᠦᠨᠡᠮᠯᠡᠯ ᠪᠦᠬᠦᠢ ᠤᠷᠤᠨ ᠰᠠᠭᠤᠴᠠ 25 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 10 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 2.13 ᠲᠡᠭᠰᠢ ᠳᠦᠷᠪᠡᠯᠵᠢᠨ ᠺᠢᠯᠦᠮᠧᠲᠷ᠃ ᠤᠳᠤ ᠪᠤᠯᠲᠠᠯ᠎ᠠ ᠨᠢᠭᠡᠨᠲᠡ ᠦᠨᠡᠯᠡᠨ ᠲᠤᠭᠲᠠᠭᠠᠭᠰᠠᠨ ᠰᠠᠭᠤᠭᠠᠯᠢ ᠠᠷᠠᠳ 446 ᠡᠷᠦᠬᠡ᠂ ᠠᠵᠤ ᠠᠬᠤᠶᠢᠯᠠᠯ ᠢ ᠶᠠᠭ ᠡᠷᠦᠬᠡ ᠳᠠᠷᠠᠭᠠᠯᠠᠨ ᠰᠤᠷᠪᠤᠯᠵᠢᠯᠠᠵᠤ ᠪᠠᠶᠢᠳᠠᠯ ᠢ ᠤᠶᠢᠯᠠᠭᠠᠵᠤ ᠪᠤᠢ᠃        ᠲᠢᠶᠧ ᠨᠠᠨ ᠪᠦᠯᠦᠭᠲᠦ ᠴᠤᠭᠴᠠ 5.6 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠨ᠂ ᠤᠯᠠᠭᠠᠨᠬᠠᠳᠠ ᠬᠤᠲᠠ ᠶᠢᠨ ᠲᠦᠪ ᠬᠤᠲᠠ ᠲᠤᠭᠤᠷᠢᠭ ᠤᠨ ᠡᠮᠦᠨ᠎ᠡ ᠬᠡᠰᠡᠭ ᠲᠤ ᠪᠠᠶᠢᠷᠢᠯᠠᠵᠤ᠂ ᠵᠡᠭᠦᠨᠰᠢ 205 ᠮᠤᠵᠢ ᠶᠢᠨ ᠵᠠᠮ ᠬᠦᠷᠴᠦ᠂ ᠡᠮᠦᠨᠡᠰᠢ ᠡᠮᠦᠨ᠎ᠡ ᠠᠭᠤᠯᠠᠨ ᠤ ᠪᠠᠷᠠᠭᠤᠨ ᠵᠡᠭᠡᠯᠢ ᠬᠦᠷᠦᠨ᠂ ᠪᠠᠷᠠᠭᠤᠨᠰᠢ ᠰᠦᠩ ᠵᠸᠦ ᠵᠠᠮ ᠬᠦᠷᠴᠦ᠂ ᠬᠤᠶᠢᠰᠢ ᠵᠢᠩ ᠲᠦᠩ ᠲᠡᠮᠦᠷ ᠵᠠᠮ ᠬᠦᠷᠴᠦ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ 7300 ᠡᠷᠦᠬᠡ᠂ 2.6 ᠲᠦᠮᠡᠨ ᠬᠦᠮᠦᠨ᠂ 227 ᠡᠷᠦᠬᠡ ᠠᠵᠤ ᠠᠬᠤᠶᠢᠯᠠᠯ ᠠᠵᠤ ᠦᠢᠯᠡᠰ ᠤᠨ ᠨᠢᠭᠡᠴᠡ ᠪᠠᠶᠢᠵᠤ᠂ ᠬᠤᠷᠢᠶᠠᠨ ᠲᠠᠲᠠᠪᠤᠷᠢᠯᠠᠬᠤ ᠴᠢᠬᠤᠯᠠᠲᠠᠢ ᠤᠷᠤᠨ ᠰᠠᠭᠤᠴᠠ ᠶᠢᠨ ᠲᠠᠯᠠᠪᠠᠢ 93 ᠲᠦᠮᠡᠨ ᠲᠡᠭᠰᠢ ᠳᠦᠷᠪᠡᠯᠵᠢᠨ ᠮᠧᠲᠷ᠃ 2014 ᠤᠨ ᠤ 3 ᠰᠠᠷ᠎ᠠ ᠶᠢᠨ 27 ᠤ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ᠲᠢᠶᠧ ᠨᠠᠨ ᠤ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠲᠤᠭᠤᠷᠢᠨ ᠪᠠᠶᠢᠴᠠᠭᠠᠵᠤ᠂ ︽ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠰᠠᠭᠤᠭᠠᠯᠢ ᠠᠷᠠᠳ ᠢ ᠭᠤᠷᠪᠠᠨ ᠵᠢᠯ ᠤᠨ ᠲᠤᠲᠤᠷ᠎ᠠ ᠰᠢᠨ᠎ᠡ ᠰᠠᠭᠤᠴᠠ ᠲᠠᠢ ᠪᠤᠯᠭᠠᠬᠤ︾ ᠪᠠᠷ ᠠᠮᠠᠯᠠᠨ᠂ ᠬᠤᠩᠱᠠᠨ ᠲᠤᠭᠤᠷᠢᠭ ︽ᠨᠢᠭᠡ ᠵᠢᠯ ᠳᠤ ᠶᠡᠭᠡ ᠬᠤᠪᠢᠷᠠᠯᠲᠠ ᠭᠠᠷᠭᠠᠨ᠂ ᠭᠤᠷᠪᠠᠨ ᠵᠢᠯ ᠳᠤ ᠪᠦᠬᠦᠨ ᠢ ᠪᠡᠶᠡᠯᠡᠭᠦᠯᠬᠦ︾ ᠠᠵᠢᠯ ᠤᠨ ᠬᠠᠷᠠᠯᠲᠠ ᠶᠢ ᠳᠤᠷᠠᠳᠴᠤ᠂ ᠲᠦᠯᠦᠪᠯᠡᠭᠰᠡᠨ ᠪᠡᠯᠡ ᠤᠷᠤᠭᠤᠯᠤᠯᠲᠠ 88 ᠳ᠋ᠦᠩᠰᠢᠭᠤᠷ ᠲᠦᠭᠦᠷᠢᠭ᠂ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠪᠡ᠃ ᠤᠳᠤ ᠪᠤᠯᠲᠠᠯ᠎ᠠ᠂ ᠨᠡᠶᠢᠲᠡ 53 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ 7422 ᠢᠵᠢ 68 ᠲᠦᠮᠡᠨ ᠲᠡᠭᠰᠢ ᠳᠦᠷᠪᠡᠯᠵᠢᠨ ᠮᠧᠲᠷ ᠲᠦᠪᠬᠢᠨᠡᠭᠦᠯᠬᠦ ᠪᠠᠭ᠎ᠠ ᠲᠤᠭᠤᠷᠢᠭ ᠢ ᠪᠦᠬᠦᠨ ᠢ ᠪᠠᠶᠢᠭᠤᠯᠵᠤ ᠳᠠᠭᠤᠰᠤᠨ ᠬᠡᠷᠡᠭᠯᠡᠯᠲᠡ ᠳᠤ ᠤᠷᠤᠪᠠ᠃ ᠬᠠᠭᠤᠴᠢᠨ ᠬᠤᠲᠠ ᠪᠠ ᠲᠢᠶᠧ ᠨᠠᠨ ᠢ ᠬᠤᠯᠪᠤᠭᠰᠠᠨ ᠨᠢᠩ ᠯᠠᠨ ᠵᠠᠮ ᠤᠨ ᠳᠤᠤᠭᠤᠷ ᠦᠩᠭᠡᠷᠡᠬᠦ ᠨᠦᠬᠡᠨ ᠵᠠᠮ ᠪᠤᠯᠤᠨ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠲᠤ ᠨᠡᠪᠲᠡᠷᠡᠭᠰᠡᠨ ᠬᠤᠲᠠ ᠶᠢᠨ ᠭᠤᠤᠯ ᠵᠠᠮ — 7.8 ᠺᠢᠯᠦᠮᠧᠲᠷ ᠤᠨ ᠲᠢᠶᠧ ᠨᠠᠨ ᠶᠡᠭᠡ ᠵᠡᠭᠡᠯᠢ ᠶᠢ ᠪᠠᠶᠢᠭᠤᠯᠵᠤ ᠳᠠᠭᠤᠰᠤᠨ ᠲᠡᠷᠭᠡ ᠨᠡᠪᠲᠡᠷᠡᠪᠡ᠃ ᠬᠤᠲᠠ ᠶᠢᠨ ᠡᠮᠦᠨᠡᠬᠢ ᠪᠤᠰᠤᠭ᠎ᠠ ᠰᠤᠯᠪᠢᠴᠠᠲᠤ ᠬᠦᠭᠦᠷᠭᠡ ᠶᠢ ᠪᠠᠶᠢᠭᠤᠯᠵᠤ ᠳᠠᠭᠤᠰᠤᠨ ᠲᠡᠷᠭᠡ ᠨᠡᠪᠲᠡᠷᠡᠪᠡ︔ ᠶᠡᠷᠦᠩᠬᠡᠢ ᠤᠷᠲᠤ  ᠨᠢ 10 ᠺᠢᠯᠦᠮᠧᠲᠷ ᠤᠨ ᠨᠢᠭᠡ᠂ ᠬᠤᠶᠠᠳᠤᠭᠠᠷ ᠬᠤᠭᠤᠴᠠᠭᠠᠨ ᠤ ᠰᠠᠯᠪᠤᠷᠢ ᠵᠠᠮ ᠤᠨ ᠲᠤᠤᠷᠵᠢᠯ ᠢ ᠨᠢᠭᠡᠨᠲᠡ 5 ᠺᠢᠯᠦᠮᠧᠲᠷ ᠳᠡᠪᠢᠰᠴᠦ ᠳᠠᠭᠤᠰᠪᠠ︔ ᠸᠧᠨ ᠯᠢᠶᠠᠨ ᠵᠠᠮ ᠵᠢᠴᠢ ᠲᠡᠭᠦᠨ ᠤ ᠳᠤᠤᠭᠤᠷ ᠨᠡᠪᠲᠡᠷᠡᠬᠦ ᠬᠦᠭᠦᠷᠭᠡ ᠶᠢ ᠪᠠᠶᠢᠭᠤᠯᠵᠤ ᠳᠠᠭᠤᠰᠤᠨ ᠲᠡᠷᠭᠡ ᠨᠡᠪᠲᠡᠷᠡᠪᠡ︔ ᠰᠦᠩ ᠵᠸᠦ ᠡᠮᠦᠨ᠎ᠡ ᠵᠠᠮ ᠤᠨ ᠳᠤᠤᠭᠤᠷ ᠨᠡᠪᠲᠡᠷᠡᠬᠦ ᠬᠦᠭᠦᠷᠭᠡ ᠶᠢ ᠶᠠᠭ ᠪᠠᠷᠢᠯᠭ᠎ᠠ ᠶᠢᠨ ᠵᠢᠷᠤᠭ ᠲᠦᠯᠦᠪᠯᠡᠭᠡ ᠶᠢ ᠲᠤᠬᠢᠷᠠᠭᠤᠯᠵᠤ ᠪᠤᠢ᠂ ᠨᠢᠩ ᠯᠠᠨ ᠵᠠᠮ ᠪᠠ ᠰᠦᠩ ᠵᠸᠦ ᠡᠮᠦᠨ᠎ᠡ ᠵᠠᠮ ᠤᠨ ᠬᠤᠶᠢᠰᠢ ᠨᠡᠪᠲᠡᠷᠡᠬᠦ ᠬᠡᠰᠡᠭ ᠢ ᠲᠦᠷᠦᠯ ᠵᠦᠢᠯ ᠲᠤᠭᠲᠠᠭᠠᠬᠤ ᠵᠡᠷᠭᠡ ᠡᠮᠦᠨ᠎ᠡ ᠬᠤᠭᠤᠴᠠᠭᠠᠨ ᠤ ᠭᠠᠷ ᠭᠦᠢᠴᠡᠳᠬᠡᠯ ᠢ ᠶᠠᠭ ᠭᠦᠢᠴᠡᠳᠬᠡᠵᠦ ᠪᠤᠢ᠃ ᠰᠤᠷᠭᠠᠭᠤᠯᠢ᠂ ᠬᠡᠦᠬᠡᠳ ᠤᠨ ᠴᠡᠴᠡᠷᠯᠢᠭ ᠪᠠ ᠰᠤᠶᠤᠯ ᠠᠵᠢᠯᠯᠠᠭᠠᠨ ᠤ ᠲᠦᠪ ᠢ ᠨᠢᠭᠡᠨᠲᠡ ᠪᠦᠬᠦᠨ ᠢ ᠡᠬᠢᠯᠡᠨ ᠪᠠᠶᠢᠭᠤᠯᠪᠠ᠃        ᠳ᠋ᠦᠩ ᠴᠧᠩ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ︵ᠨᠢᠭᠡᠳᠦᠭᠡᠷ ᠬᠤᠭᠤᠴᠠᠭ᠎ᠠ︶ 5.7 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠨ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ ᠰᠠᠭᠤᠭᠠᠯᠢ ᠠᠷᠠᠳ 3906 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 8345 ᠡᠷᠦᠬᠡ︶᠂ 109 ᠠᠵᠤ ᠠᠬᠤᠶᠢᠯᠠᠯ᠂ ᠤᠷᠤᠨ ᠰᠠᠭᠤᠴᠠ ᠶᠢᠨ ᠲᠠᠯᠠᠪᠠᠢ 67.6 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠭᠡ ᠶᠢᠨ ᠦᠨᠡᠮᠯᠡᠯ ᠲᠠᠢ ᠤᠷᠤᠨ ᠰᠠᠭᠤᠴᠠ 38 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 29.6 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 1 ᠲᠡᠭᠰᠢ ᠳᠦᠷᠪᠡᠯᠵᠢᠨ ᠺᠢᠯᠦᠮᠧᠲᠷ᠃ ᠬᠤᠷᠢᠶᠠᠨ ᠲᠠᠲᠠᠪᠤᠷᠢᠯᠠᠬᠤ ᠴᠢᠬᠤᠯᠠᠲᠠᠢ ᠪᠡᠯᠡ ᠮᠦᠩᠭᠦ 77 ᠳ᠋ᠦᠩᠰᠢᠭᠤᠷ ᠲᠦᠭᠦᠷᠢᠭ᠃ ᠤᠳᠤ ᠪᠤᠯᠲᠠᠯ᠎ᠠ᠂ ᠨᠢᠭᠡᠨᠲᠡ ᠦᠨᠡᠯᠡᠨ ᠲᠤᠭᠲᠠᠭᠠᠭᠰᠠᠨ ᠤᠷᠤᠨ ᠰᠠᠭᠤᠴᠠ 3071 ᠡᠷᠦᠬᠡ᠂ ᠶᠠᠭ ᠤᠯᠤᠰ ᠤᠨ ᠨᠡᠭᠡᠭᠡᠯᠲᠡ ᠶᠢᠨ ᠪᠠᠩᠬᠢ ᠲᠠᠢ ᠪᠡᠯᠡ ᠮᠦᠩᠭᠦᠨ ᠤ ᠤᠴᠢᠷ ᠶᠠᠪᠤᠳᠠᠯ ᠢ ᠵᠤᠯᠭᠠᠭᠤᠯᠤᠨ ᠰᠢᠢᠳᠪᠦᠷᠢᠯᠡᠵᠦ ᠪᠤᠢ᠃        ᠰᠢ ᠴᠧᠩ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ 5.5 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠨ᠂ ᠬᠤᠷᠢᠶᠠᠨ ᠲᠠᠲᠠᠪᠤᠷᠢᠯᠠᠬᠤ ᠳᠤ ᠬᠤᠯᠪᠤᠭᠳᠠᠭᠰᠠᠨ ᠰᠠᠭᠤᠭᠠᠯᠢ ᠠᠷᠠᠳ 3210 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 8926 ᠡᠷᠦᠬᠡ︶᠂ 150 ᠠᠵᠤ ᠠᠬᠤᠶᠢᠯᠠᠯ᠂ ᠤᠷᠤᠨ ᠰᠠᠭᠤᠴᠠ ᠶᠢᠨ ᠲᠠᠯᠠᠪᠠᠢ 147 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠭᠡ ᠶᠢᠨ ᠦᠨᠡᠮᠯᠡᠯ ᠲᠠᠢ ᠤᠷᠤᠨ ᠰᠠᠭᠤᠴᠠ 68 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 79 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 3.78 ᠲᠡᠭᠰᠢ ᠳᠦᠷᠪᠡᠯᠵᠢᠨ ᠺᠢᠯᠦᠮᠧᠲᠷ᠃ ᠬᠤᠷᠢᠶᠠᠨ ᠲᠠᠲᠠᠪᠤᠷᠢᠯᠠᠬᠤ ᠴᠢᠬᠤᠯᠠᠲᠠᠢ ᠪᠡᠯᠡ ᠮᠦᠩᠭᠦ 100.5 ᠳ᠋ᠦᠩᠰᠢᠭᠤᠷ ᠲᠦᠭᠦᠷᠢᠭ᠃ ᠤᠳᠤ ᠪᠤᠯᠲᠠᠯ᠎ᠠ ᠤᠷᠤᠨ ᠰᠠᠭᠤᠴᠠ 1499 ᠡᠷᠦᠬᠡ᠂ 368 ᠡᠷᠦᠬᠡ ᠶᠢᠨ ᠲᠠᠷᠢᠶᠠᠨ ᠭᠠᠵᠠᠷ ᠢ ᠭᠡᠷ᠎ᠡ ᠲᠤᠭᠲᠠᠵᠤ᠂ 9 ᠤᠢ ᠰᠢᠭᠤᠢ ᠶᠢᠨ ᠡᠷᠦᠬᠡ᠂ 30 ᠠᠵᠤ ᠠᠬᠤᠶᠢᠯᠠᠯ ᠢ ᠨᠢᠭᠡᠨᠲᠡ ᠦᠨᠡᠯᠡᠨ ᠲᠤᠭᠲᠠᠭᠠᠪᠠ᠃        ᠰᠢ ᠨᠠᠨ ᠳ᠋ᠢ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ 0.93 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠵᠦ᠂ 578 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 1498 ᠡᠷᠦᠬᠡ︶᠂ 4 ᠠᠵᠤ ᠠᠬᠤᠶᠢᠯᠠᠯ᠂ ᠤᠷᠤᠨ ᠰᠠᠭᠤᠴᠠ ᠶᠢᠨ ᠲᠠᠯᠠᠪᠠᠢ 27.4 ᠲᠦᠮᠡᠨ ᠲᠡᠭᠰᠢ ᠳᠦᠷᠪᠡᠯᠵᠢᠨ ᠺᠢᠯᠦᠮᠧᠲᠷ ︵ᠭᠡᠷ ᠬᠦᠷᠦᠩᠭᠡ ᠶᠢᠨ ᠦᠨᠡᠮᠯᠡᠯ ᠲᠠᠢ ᠤᠷᠤᠨ ᠰᠠᠭᠤᠴᠠ 14.7 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 12.7 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 1.04 ᠲᠡᠭᠰᠢ ᠳᠦᠷᠪᠡᠯᠵᠢᠨ ᠺᠢᠯᠦᠮᠧᠲᠷ ᠲᠤ ᠬᠤᠯᠪᠤᠭᠳᠠᠨ᠎ᠠ᠃ ᠬᠤᠷᠢᠶᠠᠨ ᠲᠠᠲᠠᠪᠤᠷᠢᠯᠠᠬᠤ ᠴᠢᠬᠤᠯᠠᠲᠠᠢ ᠪᠡᠯᠡ ᠮᠦᠩᠭᠦ 19.32 ᠳ᠋ᠦᠩᠰᠢᠭᠤᠷ ᠲᠦᠭᠦᠷᠢᠭ᠃ ᠤᠳᠤ ᠪᠤᠯᠲᠠᠯ᠎ᠠ 555 ᠡᠷᠦᠬᠡ ᠰᠠᠭᠤᠭᠠᠯᠢ ᠠᠷᠠᠳ ᠢ ᠦᠨᠡᠯᠡᠨ ᠲᠤᠭᠲᠠᠭᠠᠬᠤ ᠠᠵᠢᠯ ᠢ ᠭᠦᠢᠴᠡᠳᠬᠡᠵᠦ᠂ ᠰᠤᠩᠭᠤᠨ ᠲᠤᠭᠲᠠᠭᠠᠭᠰᠠᠨ ᠦᠨᠡᠯᠡᠨ ᠲᠤᠭᠲᠠᠭᠠᠬᠤ ᠺᠤᠮᠫᠠᠨᠢ 4 ᠠᠵᠤ ᠠᠬᠤᠶᠢᠯᠠᠯ ᠳᠤ ᠦᠨᠡᠯᠡᠨ ᠲᠤᠭᠲᠠᠭᠠᠯᠲᠠ ᠬᠢᠬᠦ ᠪᠠᠷ ᠪᠡᠯᠡᠳᠬᠡᠵᠦ ᠪᠤᠢ᠃        ᠰᠠᠨ ᠳ᠋ᠤᠤ ᠵᠡᠭᠡᠯᠢ ᠶᠢᠨ ᠬᠤᠶᠢᠲᠤ ᠬᠡᠰᠡᠭ ︵ᠨᠢᠭᠡᠳᠦᠭᠡᠷ ᠬᠤᠭᠤᠴᠠᠭ᠎ᠠ︶ ᠤᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ 0.3 ᠲᠡᠭᠰᠢ ᠳᠦᠷᠪᠡᠯᠵᠢᠨ ᠺᠢᠯᠦᠮᠧᠲᠷ ᠭᠠᠵᠠᠷ ᠡᠵᠡᠯᠡᠨ᠂ 1001 ᠡᠷᠦᠬᠡ ︵ᠡᠷᠦᠬᠡ ᠰᠠᠯᠭᠠᠭᠰᠠᠨ ᠤ ᠳᠠᠷᠠᠭ᠎ᠠ 1288 ᠡᠷᠦᠬᠡ︶᠂ 56 ᠠᠵᠤ ᠠᠬᠤᠶᠢᠯᠠᠯ᠂ ᠤᠷᠤᠨ ᠰᠠᠭᠤᠴᠠ ᠶᠢᠨ ᠲᠠᠯᠠᠪᠠᠢ 11.7 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠭᠡ ᠶᠢᠨ ᠦᠨᠡᠮᠯᠡᠯ ᠲᠠᠢ ᠤᠷᠤᠨ ᠰᠠᠭᠤᠴᠠ 6.01 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 5.69 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ 0.16 ᠲᠡᠭᠰᠢ ᠳᠦᠷᠪᠡᠯᠵᠢᠨ ᠺᠢᠯᠦᠮᠧᠲᠷ ᠲᠤ ᠬᠤᠯᠪᠤᠭᠳᠠᠨ᠎ᠠ᠃ ᠬᠤᠷᠢᠶᠠᠨ ᠲᠠᠲᠠᠪᠤᠷᠢᠯᠠᠬᠤ ᠴᠢᠬᠤᠯᠠᠲᠠᠢ ᠪᠡᠯᠡ ᠮᠦᠩᠭᠦ 17 ᠳ᠋ᠦᠩᠰᠢᠭᠤᠷ ᠲᠦᠭᠦᠷᠢᠭ᠃ ᠤᠳᠤ ᠪᠤᠯᠲᠠᠯ᠎ᠠ 963 ᠡᠷᠦᠬᠡ ᠰᠠᠭᠤᠭᠠᠯᠢ ︵ᠲᠤᠰᠬᠤᠨ︶ ᠠᠷᠠᠳ᠂ 36 ᠠᠵᠤ ᠠᠬᠤᠶᠢᠯᠠᠯ ᠤᠨ ᠤᠷᠤᠵᠤ ᠰᠠᠭᠤᠷᠢᠰᠢᠬᠤ ᠦᠨᠡᠯᠡᠨ ᠲᠤᠭᠲᠠᠭᠠᠯᠲᠠ ᠶᠢᠨ ᠠᠵᠢᠯ ᠢ ᠭᠦᠢᠴᠡᠳᠬᠡᠵᠦ᠂ 279 ᠡᠷᠦᠬᠡ᠂ 2 ᠠᠵᠤ ᠠᠬᠤᠶᠢᠯᠠᠯ ᠲᠠᠢ ᠭᠡᠷ᠎ᠡ ᠲᠤᠭᠲᠠᠪᠠ᠃        ᠲᠠᠷᠬᠠᠢ ᠪᠤᠲᠠᠷᠬᠠᠢ ᠵᠢᠵᠢᠭ ᠰᠠᠵᠢᠭ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠨᠡᠶᠢᠲᠡ 48 ᠪᠠᠶᠢᠵᠤ᠂ ᠡᠭᠦᠨ ᠳᠤ 10 ᠲᠠᠷᠬᠠᠢ ᠪᠤᠲᠠᠷᠬᠠᠢ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠪᠠᠶᠢᠵᠤ᠂ 3116 ᠡᠷᠦᠬᠡ ᠰᠠᠭᠤᠭᠠᠯᠢ ︵ᠲᠤᠰᠬᠤᠨ︶ ᠠᠷᠠᠳ᠂ ᠤᠷᠤᠨ ᠰᠠᠭᠤᠴᠠ ᠶᠢᠨ ᠲᠠᠯᠠᠪᠠᠢ 65.61 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 39.34 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 26.27 ᠲᠦᠮᠡᠨ ᠲᠡᠭᠰᠢ ᠳᠦᠷᠪᠡᠯᠵᠢᠨ ᠮᠧᠲᠷ︶᠂ ᠭᠠᠵᠠᠷ ᠰᠢᠷᠦᠢ ᠶᠢᠨ ᠲᠠᠯᠠᠪᠠᠢ 0.83 ᠲᠡᠭᠰᠢ ᠳᠦᠷᠪᠡᠯᠵᠢᠨ ᠺᠢᠯᠦᠮᠧᠲᠷ᠃ ① ᡂᠢ ᠫᠧᠩ ᠵᠠᠮ ᠤᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ︵ᠨᠡᠬᠡᠮᠡᠯ ᠤᠨ ᠦᠢᠯᠡᠳᠪᠦᠷᠢ ᠶᠢᠨ ᠭᠡᠷ ᠪᠦᠯᠢ ᠶᠢᠨ ᠬᠦᠷᠢᠶᠡᠯᠡᠩ᠂ ᠤᠬᠤᠭᠤᠷ ᠮᠠᠰᠢᠨ ᠤ ᠲᠠᠯᠠᠪᠠᠢ᠂ ᠤᠬᠤᠭᠤᠷ ᠮᠠᠰᠢᠨ ᠤ ᠠᠰᠠᠷ᠂ ᠤᠰᠤᠨ ᠲᠠᠭᠲᠤ ᠶᠢᠨ ᠲᠠᠷᠬᠠᠢ ᠡᠷᠦᠬᠡ︶ ᠬᠤᠯᠪᠤᠭᠳᠠᠭᠰᠠᠨ ᠤᠷᠤᠨ ᠰᠠᠭᠤᠴᠠ ᠨᠡᠶᠢᠲᠡ 698 ᠡᠷᠦᠬᠡ ᠪᠠᠶᠢᠵᠤ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠤᠯᠤᠨ᠎ᠠ᠂ ᠤᠷᠤᠨ ᠰᠠᠭᠤᠴᠠ ᠶᠢᠨ ᠲᠠᠯᠠᠪᠠᠢ 9 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 4.2 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 4.8 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.1 ᠲᠡᠭᠰᠢ ᠳᠦᠷᠪᠡᠯᠵᠢᠨ ᠺᠢᠯᠦᠮᠧᠲᠷ︔ ② ᠬᠤᠲᠠ ᠶᠢᠨ ᠡᠮᠦᠨᠡᠬᠢ ᠲᠤᠰᠬᠤᠨ ᠤ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ ᠨᠡᠶᠢᠲᠡ 380 ᠡᠷᠦᠬᠡ᠂ ᠪᠦᠬᠦᠨ ᠢᠶᠠᠷ ᠢᠶᠠᠨ ᠲᠤᠰᠬᠤᠨ ᠤ ᠠᠷᠠᠳ ᠪᠠᠶᠢᠵᠤ᠂ ᠤᠷᠤᠨ ᠰᠠᠭᠤᠴᠠ ᠶᠢᠨ ᠲᠠᠯᠠᠪᠠᠢ 6.61 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.08 ᠲᠡᠭᠰᠢ ᠳᠦᠷᠪᠡᠯᠵᠢᠨ ᠺᠢᠯᠦᠮᠧᠲᠷ︔ ③ ᠴᠢᠦᠢ ᠵᠢᠶᠠ ᠭᠸᠦ ᠲᠤᠰᠬᠤᠨ ᠤ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ ᠨᠡᠶᠢᠲᠡ 660 ᠡᠷᠦᠬᠡ ᠪᠠᠶᠢᠵᠤ᠂ ᠪᠦᠬᠦᠨ ᠢᠶᠠᠷ ᠢᠶᠠᠨ ᠲᠤᠰᠬᠤᠨ ᠤ ᠠᠷᠠᠳ ᠪᠠᠶᠢᠵᠤ᠂ ᠤᠷᠤᠨ ᠰᠠᠭᠤᠴᠠ ᠶᠢᠨ ᠲᠠᠯᠠᠪᠠᠢ 18.45 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 18.25 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 0.2 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 31 ᠲᠡᠭᠰᠢ ᠳᠦᠷᠪᠡᠯᠵᠢᠨ ᠺᠢᠯᠦᠮᠧᠲᠷ︔ ④ ᠢ ᠬᠤᠸᠠ ᠲᠠᠷᠬᠠᠢ ᠪᠤᠲᠠᠷᠬᠠᠢ ᠳᠦᠭᠦᠮ ᠪᠦᠲᠦᠴᠠᠲᠤ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ ᠨᠡᠶᠢᠲᠡ 489 ᠡᠷᠦᠬᠡ ᠪᠠᠶᠢᠵᠤ᠂ ᠪᠦᠬᠦᠨ ᠢᠶᠠᠷ ᠢᠶᠠᠨ ᠲᠤᠰᠬᠤᠨ ᠤ ᠠᠷᠠᠳ ᠪᠤᠯᠤᠨ᠎ᠠ᠂ ᠤᠷᠤᠨ ᠰᠠᠭᠤᠴᠠ ᠶᠢᠨ ᠲᠠᠯᠠᠪᠠᠢ 5.53 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 0.93 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 4.6 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.1 ᠲᠡᠭᠰᠢ ᠳᠦᠷᠪᠡᠯᠵᠢᠨ ᠺᠢᠯᠦᠮᠧᠲᠷ︔ ⑤ ᠦᠢᠯᠡᠳᠪᠦᠷᠢᠯᠡᠯ ᠤᠨ ᠮᠠᠲ᠋ᠧᠷᠢᠶᠠᠯ ᠤᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ 97 ᠡᠷᠦᠬᠡ ᠪᠠᠶᠢᠵᠤ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠤᠯᠤᠨ᠎ᠠ᠂ ᠤᠷᠤᠨ ᠰᠠᠭᠤᠴᠠ ᠶᠢᠨ ᠲᠠᠯᠠᠪᠠᠢ 0.68 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 0.5 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 0.18 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.01 ᠲᠡᠭᠰᠢ ᠳᠦᠷᠪᠡᠯᠵᠢᠨ ᠺᠢᠯᠦᠮᠧᠲᠷ︔ ⑥ ᠪᠤᠯᠤᠳ ᠲᠡᠮᠦᠷ ᠵᠡᠭᠡᠯᠢ ᠶᠢᠨ ᠬᠠᠭᠤᠴᠢᠨ ᠠᠶᠤᠯᠲᠠᠢ ᠳᠦᠭᠦᠮ ᠪᠦᠲᠦᠴᠡᠲᠤ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ 190 ᠡᠷᠦᠬᠡ ᠪᠠᠶᠢᠵᠤ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠤᠯᠤᠨ᠎ᠠ᠂ ᠤᠷᠤᠨ ᠰᠠᠭᠤᠴᠠ ᠶᠢᠨ ᠲᠠᠯᠠᠪᠠᠢ 1.46 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 0.9 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 0.56 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.03 ᠲᠡᠭᠰᠢ ᠳᠦᠷᠪᠡᠯᠵᠢᠨ ᠺᠢᠯᠦᠮᠧᠲᠷ︔ ⑦ ᠠᠷᠪᠠᠳᠤᠭᠠᠷ ᠪᠠᠭ᠎ᠠ ᠰᠤᠷᠭᠠᠭᠤᠯᠢ ᠶᠢᠨ ᠭᠤᠳᠤᠮᠵᠢ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ 65 ᠡᠷᠦᠬᠡ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠠᠶᠢᠵᠤ᠂ ᠤᠷᠤᠨ ᠰᠠᠭᠤᠴᠠ ᠶᠢᠨ ᠲᠠᠯᠠᠪᠠᠢ 0.56 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 0.29 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 0.27 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.01 ᠲᠡᠭᠰᠢ ᠳᠦᠷᠪᠡᠯᠵᠢᠨ ᠺᠢᠯᠦᠮᠧᠲᠷ︔ ⑧ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠭᠤᠳᠤᠮᠵᠢ ᠳᠠᠬᠢ ᠳᠦᠭᠦᠮ ᠪᠦᠲᠦᠴᠡᠲᠤ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ 54 ᠡᠷᠦᠬᠡ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠠᠶᠢᠵᠤ᠂ ᠤᠷᠤᠨ ᠰᠠᠭᠤᠴᠠ ᠶᠢᠨ ᠲᠠᠯᠠᠪᠠᠢ 0.79 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 0.6 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 0.19 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.01 ᠲᠡᠭᠰᠢ ᠳᠦᠷᠪᠡᠯᠵᠢᠨ ᠺᠢᠯᠦᠮᠧᠲᠷ︔ ⑨ ᠴᠠᠩ ᠴᠢᠩ ᠴᠡᠴᠡᠷᠯᠢᠭ ᠤᠨ ᠡᠮᠦᠨ᠎ᠡ ᠬᠡᠰᠡᠭ ᠲᠠᠬᠢ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠂ ᠬᠤᠯᠪᠤᠭᠳᠠᠭᠰᠠᠨ ᠤᠷᠤᠨ ᠰᠠᠭᠤᠴᠠ 60 ᠡᠷᠦᠬᠡ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠠᠶᠢᠵᠤ᠂ ᠤᠷᠤᠨ ᠰᠠᠭᠤᠴᠠ ᠶᠢᠨ ᠲᠠᠯᠠᠪᠠᠢ 0.83 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 0.59 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 0.24 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.02 ᠲᠡᠭᠰᠢ ᠳᠦᠷᠪᠡᠯᠵᠢᠨ ᠺᠢᠯᠦᠮᠧᠲᠷ︔ ⑩ ᠵᠡᠭᠦᠨ ᠲᠡᠭᠦᠷᠭᠡ ᠶᠢᠨ ᠠᠭᠤᠯᠠ ᠵᠠᠰᠠᠬᠤ ᠠᠩᠭᠢ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠂ ᠬᠤᠯᠪᠤᠭᠳᠠᠭᠰᠠᠨ ᠤᠷᠤᠨ ᠰᠠᠭᠤᠴᠠ 423 ᠡᠷᠦᠬᠡ᠂ ᠪᠦᠬᠦᠨ ᠢᠶᠠᠷ ᠢᠶᠠᠨ ᠰᠠᠭᠤᠭᠠᠯᠢ ᠠᠷᠠᠳ ᠪᠠᠶᠢᠵᠤ᠂ ᠤᠷᠤᠨ ᠰᠠᠭᠤᠴᠠ ᠶᠢᠨ ᠲᠠᠯᠠᠪᠠᠢ 21.7 ᠲᠦᠮᠡᠨ ᠲᠡᠭᠰᠢ ᠳᠦᠷᠪᠡᠯᠵᠢᠨ ᠮᠧᠲᠷ᠂ ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 13.08 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 8.62 ᠲᠦᠮᠡᠨ ᠲᠡᠭᠰᠢ ᠳᠦᠷᠪᠡᠯᠵᠢᠨ ᠮᠧᠲᠷ᠂ ᠭᠠᠵᠠᠷ ᠰᠢᠷᠦᠢ ᠶᠢᠨ ᠲᠠᠯᠠᠪᠠᠢ 0.26 ᠲᠡᠭᠰᠢ ᠳᠦᠷᠪᠡᠯᠵᠢᠨ ᠺᠢᠯᠦᠮᠧᠲᠷ᠃ ᠪᠤᠰᠤᠳ ᠵᠢᠵᠢᠭ ᠰᠠᠵᠢᠭ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ 38 ᠬᠡᠰᠡᠭ ᠪᠠᠶᠢᠵᠤ᠂ ᠬᠤᠯᠪᠤᠭᠳᠠᠭᠰᠠᠨ ᠰᠠᠭᠤᠭᠠᠯᠢ ᠠᠷᠠᠳ 374 ᠡᠷᠦᠬᠡ᠂ ᠤᠷᠤᠨ ᠰᠠᠭᠤᠴᠠ ᠶᠢᠨ ᠲᠠᠯᠠᠪᠠᠢ 3.3 ᠲᠦᠮᠡᠨ ᠲᠡᠭᠰᠢ ᠳᠦᠷᠪᠡᠯᠵᠢᠨ ᠮᠧᠲᠷ ︵ᠭᠡᠷ ᠬᠦᠷᠦᠩᠭᠡ ᠶᠢᠨ ᠦᠨᠡᠮᠯᠡᠯ ᠪᠦᠬᠦᠢ ᠤᠷᠤᠨ ᠰᠠᠭᠤᠴᠠ 1.6 ᠲᠦᠮᠡᠨ ᠲᠡᠭᠰᠢ ᠳᠦᠷᠪᠡᠯᠵᠢᠨ ᠮᠧᠲᠷ᠂ ᠦᠨᠡᠮᠯᠡᠯ ᠦᠭᠡᠢ ᠤᠷᠤᠨ ᠰᠠᠭᠤᠴᠠ 1.7 ᠲᠦᠮᠡᠨ ᠲᠡᠭᠰᠢ ᠳᠦᠷᠪᠡᠯᠵᠢᠨ ᠮᠧᠲᠷ︶ ᠭᠠᠵᠠᠷ ᠰᠢᠷᠦᠢ ᠶᠢᠨ ᠲᠠᠯᠠᠪᠠᠢ 0.1 ᠲᠡᠭᠰᠢ ᠳᠦᠷᠪᠡᠯᠵᠢᠨ ᠺᠢᠯᠦᠮᠧᠲᠷ᠃        ᠰᠢᠨ᠎ᠡ ᠬᠦᠳᠡᠭᠡ ᠲᠤᠰᠬᠤᠨ᠄ ᠬᠤᠩᠱᠠᠨ ᠲᠤᠭᠤᠷᠢᠭ ᠬᠦᠳᠡᠭᠡ ᠲᠤᠰᠬᠤᠨ ᠤ ᠵᠤᠭᠠᠴᠠᠯ ᠢ ᠬᠦᠭᠵᠢᠭᠦᠯᠬᠦ ᠪᠠᠷ ᠬᠦᠴᠦᠯᠡᠨ᠂ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠤᠰᠬᠤᠨ᠂ ᠪᠠᠯᠭᠠᠰᠤ ᠡᠷᠡᠮᠡᠯᠵᠡᠨ᠂ ᠲᠤᠭᠤᠷᠢᠭ ᠬᠢᠨᠠᠨ ᠲᠤᠭᠲᠠᠭᠠᠵᠤ᠂ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠶᠢᠨ ᠭᠤᠷᠪᠠᠨ ᠶᠡᠭᠡ ᠲᠦᠷᠦᠯ ᠤᠨ 41 ᠲᠦᠷᠦᠯ ᠵᠦᠢᠯ ᠢ ᠲᠤᠭᠲᠠᠭᠠᠨ᠂ ᠲᠦᠯᠦᠪᠯᠡᠭᠰᠡᠨ ᠪᠡᠯᠡ ᠤᠷᠤᠭᠤᠯᠤᠯᠲᠠ 2060 ᠲᠦᠮᠡᠨ ᠲᠦᠭᠦᠷᠢᠭ᠂ ᠡᠳ᠋ ᠤᠨ ᠵᠠᠰᠠᠭ ᠤᠨ ᠵᠤᠷᠢᠭᠵᠢᠭᠤᠯᠤᠨ ᠨᠦᠬᠦᠪᠦᠷᠢᠯᠡᠬᠦ ᠪᠡᠯᠡ ᠮᠦᠩᠭᠦ 1750 ᠲᠦᠮᠡᠨ ᠲᠦᠭᠦᠷᠢᠭ᠂ 310 ᠲᠦᠮᠡᠨ ᠲᠦᠭᠦᠷᠢᠭ ᠦᠪᠡᠷᠲᠡᠭᠡᠨ ᠴᠤᠭᠯᠠᠭᠤᠯᠪᠠ᠃ ᠡᠭᠦᠨ ᠳᠤ᠄ 7 ᠠᠵᠤ ᠠᠬᠤᠢ ᠶᠢᠨ ᠬᠦᠭᠵᠢᠯᠲᠡ ᠶᠢᠨ ᠲᠦᠷᠦᠯ ᠵᠦᠢᠯ᠂ ᠭᠤᠤᠯᠳᠠᠭᠤ ᠬᠡᠪᠴᠢᠶᠡᠵᠢᠭᠦᠯᠦᠭᠰᠡᠨ ᠲᠦᠬᠦᠭᠡᠷᠦᠮᠵᠢᠲᠦ ᠲᠠᠷᠢᠶᠠᠯᠠᠩ ᠵᠢᠴᠢ ᠲᠤᠰᠬᠤᠨ ᠤ ᠬᠠᠮᠲᠤ ᠶᠢᠨ ᠤᠯᠠᠮᠵᠢᠯᠠᠯᠲᠤ ᠭᠠᠷ ᠤᠷᠠᠯᠠᠯ ᠤᠨ ᠦᠢᠯᠡᠳᠪᠦᠷᠢᠯᠡᠯ ᠤᠨ ᠲᠦᠷᠦᠯ ᠵᠦᠢᠯ ᠳᠤ ᠠᠰᠢᠭᠯᠠᠪᠠ︔ 31 ᠭᠠᠴᠠᠭ᠎ᠠ ᠲᠤᠰᠬᠤᠨ ᠤ ᠪᠠᠶᠢᠭᠤᠯᠤᠯᠲᠠ ᠶᠢᠨ ᠲᠦᠷᠦᠯ ᠵᠦᠢᠯ᠂ ᠭᠤᠤᠯᠳᠠᠭᠤ ᠨᠦᠬᠦᠪᠦᠷᠢ ᠪᠠᠶᠢᠭᠤᠯᠤᠯᠲᠠ ᠳᠤ ᠠᠰᠢᠭᠯᠠᠨ᠂ ᠦᠩᠭᠡᠷᠡᠭᠰᠡᠨ ᠵᠢᠯ ᠤᠨ ᠦᠯᠡᠳᠡᠭᠡᠭᠰᠡᠨ ᠵᠢᠵᠢᠭ ᠰᠠᠵᠢᠭ ᠬᠠᠲᠠᠭᠤᠷᠠᠭᠤᠯᠤᠯᠲᠠ᠂ ᠴᠢᠮᠡᠭᠯᠡᠯᠲᠡ ᠳᠤ ᠨᠦᠬᠦᠪᠦᠷᠢ ᠬᠢᠪᠡ︔ 3 ᠠᠮᠢ ᠠᠬᠤᠢ ᠤᠷᠴᠢᠨ ᠲᠤᠭᠤᠷᠢᠨ ᠤ ᠲᠦᠷᠦᠯ ᠵᠦᠢᠯ᠂ ᠭᠤᠤᠯᠳᠠᠭᠤ ᠪᠤᠬᠢᠷ ᠢ ᠭᠠᠳᠠᠭᠰᠢᠯᠠᠭᠤᠯᠬᠤ ᠭᠤᠤ ᠰᠤᠪᠠᠭ ᠤᠨ ᠪᠠᠶᠢᠭᠤᠯᠤᠯᠲᠠ ᠳᠤ ᠠᠰᠢᠭᠯᠠᠪᠠ᠂ ᠤᠳᠤᠬᠠᠨ ᠳᠤ 1893 ᠲᠦᠮᠡᠨ ᠲᠦᠭᠦᠷᠢᠭ ︵ᠡᠳ᠋ ᠤᠨ ᠵᠠᠰᠠᠭ ᠤᠨ ᠵᠤᠷᠢᠭᠵᠢᠭᠤᠯᠤᠨ ᠨᠦᠬᠦᠪᠦᠷᠢᠯᠡᠬᠦ ᠪᠡᠯᠡ ᠮᠦᠩᠭᠦ 1609 ᠲᠦᠮᠡᠨ ᠲᠦᠭᠦᠷᠢᠭ᠂ 284 ᠲᠦᠮᠡᠨ ᠲᠦᠭᠦᠷᠢᠭ ᠦᠪᠡᠷᠲᠡᠭᠡᠨ ᠴᠤᠭᠯᠠᠭᠤᠯᠪᠠ︶ ᠪᠡᠯᠡ ᠤᠷᠤᠭᠤᠯᠵᠤ᠂ ᠰᠠᠨ ᠶᠠᠨ ᠵᠢᠩ ᠵᠢᠭᠤᠯᠴᠢᠳ ᠢ ᠲᠦᠪᠯᠡᠷᠡᠭᠦᠯᠦᠨ ᠲᠠᠷᠬᠠᠭᠠᠬᠤ ᠲᠦᠪ᠂ ᠰᠠᠨ ᠳ᠋ᠤᠤ ᠵᠢᠩᠽᠢ ᠲᠤᠰᠬᠤᠨ ᠤ ᠶᠢᠰᠦᠳᠦᠭᠡᠷ ᠨᠤᠮᠧᠷᠲᠦ ᠬᠦᠷᠢᠶᠡᠯᠡᠩ ᠤᠨ ᠤᠶᠢᠷ᠎ᠠ ᠬᠠᠪᠢ ᠳᠠᠬᠢ ᠴᠡᠭᠴᠡᠯᠡᠨ ᠵᠠᠰᠠᠯᠲᠠ᠂ ᠪᠦᠷᠭᠡᠲᠦ ᠲᠤᠭᠤᠷᠢᠭ ᠤᠨ ᠬᠠᠲᠠᠭᠤᠷᠠᠭᠤᠯᠤᠯᠲᠠ᠂ ᠭᠠᠴᠠᠭ᠎ᠠ ᠲᠤᠰᠬᠤᠨ ᠤ ᠴᠢᠮᠡᠭᠯᠡᠯᠲᠡ ᠵᠡᠷᠭᠡ 37 ᠲᠦᠷᠦᠯ ᠵᠦᠢᠯ ᠢ ᠪᠡᠶᠡᠯᠡᠭᠦᠯᠪᠡ᠃ ᠰᠢ ᠱᠦᠢ ᠳ᠋ᠢ ᠲᠡᠭᠦᠨ ᠴᠤᠭᠯᠠᠭᠤᠯᠬᠤ ᠬᠦᠷᠢᠶᠡᠯᠡᠩ ᠤᠨ ᠪᠠᠶᠢᠭᠤᠯᠤᠯᠲᠠ ᠪᠠ ᠯᠠᠩ ᠵᠢᠶᠠ ᠢᠩᠽᠢ ᠤᠰᠤ ᠭᠠᠳᠠᠭᠰᠢᠯᠠᠭᠤᠯᠬᠤ ᠰᠤᠪᠠᠭ ᠵᠡᠷᠭᠡ 4 ᠲᠦᠷᠦᠯ ᠵᠦᠢᠯ ᠢ ᠤᠨ ᠠᠯᠤᠰᠯᠠᠨ ᠨᠠᠶᠢᠳᠠᠪᠤᠷᠢᠵᠢᠭᠤᠯᠬᠤ ᠲᠦᠯᠦᠪᠯᠡᠭᠡ ᠳᠤ ᠤᠷᠤᠭᠤᠯᠪᠠ᠃        ᠠᠮᠢ ᠠᠬᠤᠢ ᠶᠢᠨ ᠬᠠᠮᠠᠭᠠᠯᠠᠯᠲᠠ᠄ 2017 ᠤᠨ ᠳᠤ ᠬᠦᠬᠦᠷ ᠤᠨ ᠳᠠᠪᠬᠤᠷ ᠢᠰᠦᠯ᠂ ᠠᠽᠤᠲ ᠤᠨ ᠢᠰᠦᠮᠡᠭ ᠢ ᠭᠠᠳᠠᠭᠰᠢᠯᠠᠭᠤᠯᠬᠤ ᠬᠡᠮᠵᠢᠶ᠎ᠡ 2.6% ᠪᠠᠷ ᠳᠤᠷᠤᠭᠰᠢᠯᠠᠨ᠂ ᠬᠢᠮᠢ ᠳᠤ ᠬᠡᠷᠡᠭᠰᠡᠬᠦ ᠬᠦᠴᠢᠯᠲᠦ᠋ᠷᠦᠭᠴᠢ ᠶᠢ ᠭᠠᠳᠠᠭᠰᠢᠯᠠᠭᠤᠯᠬᠤ ᠬᠡᠮᠵᠢᠶ᠎ᠡ 1.4% ᠪᠠᠷ ᠳᠤᠷᠤᠭᠰᠢᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号