ᠠᠷᠠᠳ ᠤᠨ ᠠᠮᠢᠳᠤᠷᠠᠯ ᠨᠡᠶᠢᠭᠡᠮ ᠤᠨ ᠪᠠᠲᠤᠯᠠᠭ᠎ᠠ
ᠨᠡᠶᠢᠲᠡᠯᠡᠭᠰᠡᠨ ᠴᠠᠭ᠄
2018/11/15
       ᠠᠵᠢᠯ ᠤᠯᠭᠤᠯᠲᠠ᠄ 2017 ᠤᠨ ᠳᠤ ᠪᠦᠬᠦ ᠲᠤᠭᠤᠷᠢᠭ ᠤᠨ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠤᠭᠰᠠᠳ 9150 ᠬᠦᠮᠦᠨ᠂ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠭᠰᠠᠳ 1.2 ᠲᠦᠮᠡᠨ ᠬᠦᠮᠦᠨ ᠤᠳᠠᠭ᠎ᠠ᠂ 707 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠨᠡᠭᠡᠭᠡᠵᠦ᠂ 350 ᠲᠦᠮᠡᠨ ᠲᠦᠭᠦᠷᠢᠭ ᠤᠨ ᠪᠠᠭ᠎ᠠ ᠲᠤᠭᠠᠨ ᠤ ᠳᠠᠭᠠᠭᠠᠯᠲᠠ ᠶᠢᠨ ᠵᠢᠭᠡᠯᠡᠯᠭᠡ ᠲᠠᠷᠬᠠᠭᠠᠪᠠ᠃ ︽ᠲᠦᠮᠡᠨ ᠤᠯᠠᠨ ᠢᠶᠠᠷ ᠢᠶᠠᠨ ᠦᠢᠯᠡᠰ ᠪᠤᠰᠬᠠᠨ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠶᠢ ᠪᠦᠬᠦ ᠬᠦᠴᠦᠨ ᠢᠶᠠᠷ ᠠᠬᠢᠭᠤᠯᠤᠨ᠂ ᠦᠪᠡᠷ ᠤᠨ ᠤᠨᠴᠠᠯᠢᠭᠲᠤ ︽ᠨᠢᠭᠡ ᠬᠦᠷᠢᠶᠡᠯᠡᠩ ᠤᠯᠠᠨ ᠰᠠᠭᠤᠷᠢᠨ ᠭᠠᠵᠠᠷ︾ ᠤᠨ ᠦᠢᠯᠡᠰ ᠪᠤᠰᠬᠠᠬᠤ ᠪᠠᠶᠢᠷᠢ ᠪᠠᠶᠢᠴᠠ ᠶᠢ ᠪᠦᠷᠢᠯᠳᠦᠭᠦᠯᠵᠦ᠂ ᠦᠢᠯᠡᠰ ᠪᠤᠰᠬᠠᠬᠤ ᠶᠢ ᠪᠤᠶᠢᠵᠢᠭᠤᠯᠬᠤ ᠠᠵᠢᠯ ᠢ ᠠᠵᠤ ᠦᠢᠯᠡᠰ ᠪᠤᠯᠤᠨ ᠭᠠᠵᠠᠷ ᠤᠷᠤᠨ ᠤ ᠬᠡᠪᠴᠢᠶᠡᠨ ᠳᠡᠭᠡᠨ ᠪᠦᠬᠦᠨ ᠢ ᠪᠦᠷᠬᠦᠭᠦᠯᠬᠦ ᠶᠢ ᠪᠠᠶᠠᠯᠡᠭᠦᠯᠦᠨ᠂ ᠵᠠᠰᠠᠭ ᠤᠨ ᠤᠷᠳᠤᠨ ᠵᠢᠱᠢᠶ᠎ᠡ ᠦᠵᠡᠭᠦᠯᠬᠦ᠂ ᠠᠵᠤ ᠠᠬᠤᠶᠢᠯᠠᠯ ᠦᠪᠡᠷᠲᠡᠭᠡᠨ ᠡᠷᠬᠢᠯᠡᠬᠦ᠂ ᠵᠤᠬᠢᠶᠠᠨ ᠪᠠᠶᠢᠭᠤᠯᠤᠯᠲᠠ ᠬᠤᠯᠪᠤᠭᠠᠯᠠᠨ ᠪᠠᠶᠢᠭᠤᠯᠬᠤ ᠪᠠ ᠦᠢ ᠤᠯᠠᠨ ᠢᠶᠠᠷ ᠢᠶᠠᠨ ᠪᠡᠯᠡ ᠴᠤᠭᠯᠠᠭᠤᠯᠬᠤ ︽ᠳᠦᠷᠪᠡᠨ ᠲᠦᠷᠦᠯ ᠤᠨ ᠪᠤᠶᠢᠵᠢᠭᠤᠯᠬᠤ ᠬᠡᠯᠪᠡᠷᠢ︾ ᠶᠢ ᠡᠭᠦᠳᠪᠡ᠃ ︽ᠦᠢ ᠤᠯᠠᠨ ᠢᠶᠠᠷ ᠢᠶᠠᠨ ᠬᠠᠮᠵᠢᠯᠴᠠᠨ ᠦᠢᠯᠡᠰ ᠪᠤᠰᠬᠠᠬᠤ︾ ᠪᠤᠶᠢᠵᠢᠭᠤᠯᠬᠤ ᠤᠷᠤᠨ ᠵᠠᠢ ᠨᠢ ︽ᠤᠯᠤᠰ ᠤᠨ ᠳᠡᠰ ᠤᠨ ᠦᠢ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ︾ ᠪᠠᠷ ᠦᠨᠡᠯᠡᠭᠳᠡᠵᠦ᠂ ᠡᠯ᠎ᠡ ᠦᠢᠯᠡᠰ ᠪᠤᠰᠬᠠᠬᠤ ᠶᠢ ᠪᠤᠶᠢᠵᠢᠭᠤᠯᠬᠤ ᠲᠠᠪᠴᠠᠩ ᠨᠡᠶᠢᠲᠡ 291 ᠦᠢᠯᠡᠰ ᠪᠤᠰᠬᠠᠬᠤ ᠪᠤᠳᠠᠲᠤ ᠴᠤᠭᠴᠠ ᠶᠢ ᠪᠤᠶᠢᠵᠢᠭᠤᠯᠤᠨ᠂ ᠪᠠᠷᠤᠭ 1542 ᠬᠦᠮᠦᠨ ᠳᠤ ᠠᠵᠢᠯ ᠤᠯᠭᠤᠬᠤ ᠶᠢ ᠳᠠᠶᠢᠴᠢᠯᠠᠪᠠ᠃
       ᠨᠡᠶᠢᠭᠡᠮ ᠤᠨ ᠪᠠᠲᠤᠯᠠᠭ᠎ᠠ᠄ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ ᠬᠦᠷᠲᠡᠭᠰᠡᠳ 9437 ᠬᠦᠮᠦᠨ᠂ ᠬᠤᠲᠠ ᠶᠢᠨ 4963 ᠬᠦᠮᠦᠨ᠂ ᠬᠦᠳᠡᠭᠡ ᠲᠤᠰᠬᠤᠨ ᠤ 4474 ᠬᠦᠮᠦᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠰᠠᠷ᠎ᠠ ᠪᠦᠷᠢ 585 ᠲᠦᠭᠦᠷᠢᠭ᠂ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠵᠢᠯ ᠪᠦᠷᠢ 4200 ᠲᠦᠭᠦᠷᠢᠭ᠃ 2017 ᠤᠨ ᠳᠤ ᠨᠡᠶᠢᠲᠡ 4661.7 ᠲᠦᠮᠡᠨ ᠲᠦᠭᠦᠷᠢᠭ ᠤᠨ ᠳᠤᠤᠷ᠎ᠠ ᠪᠠᠲᠤᠯᠠᠭ᠎ᠠ ᠶᠢᠨ ᠮᠦᠩᠭᠦ ᠶᠢ ᠲᠠᠷᠬᠠᠭᠠᠪᠠ᠃ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠄ 8 ᠤᠷᠤᠨ ᠰᠠᠭᠤᠴᠠ ᠬᠠᠩᠭᠠᠬᠤ ᠠᠷᠠᠳ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠᠶᠢᠵᠤ᠂ 1070 ᠤᠷᠤ ᠲᠠᠢ᠃ 2017 ᠤᠨ ᠳᠤ ᠲᠠᠪᠤᠨ ᠪᠠᠲᠤᠯᠠᠭ᠎ᠠ ᠬᠦᠷᠲᠡᠭᠰᠡᠳ 220 ᠬᠦᠮᠦᠨ᠂ ᠲᠦᠪᠯᠡᠷᠡᠭᠦᠯᠦᠨ ᠠᠰᠠᠷᠠᠵᠤ ᠪᠠᠶᠢᠭ᠎ᠠ 47 ᠬᠦᠮᠦᠨ᠂ ᠲᠦᠪᠯᠡᠷᠡᠭᠦᠯᠦᠨ ᠠᠰᠠᠷᠠᠯᠲᠠ ᠶᠢᠨ ᠨᠤᠷᠮ᠎ᠠ 21.4%᠃ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠲᠠᠯ᠎ᠠ ᠪᠠᠷ᠄ 2017 ᠤᠨ ᠤ ᠡᠴᠦᠰ ᠪᠤᠯᠲᠠᠯ᠎ᠠ᠂ 1250 ᠢᠵᠢ 8 ᠲᠦᠮᠡᠨ ᠲᠡᠭᠰᠢ ᠳᠦᠷᠪᠡᠯᠵᠢᠨ ᠮᠧᠲᠷ ᠬᠢᠮᠲᠠ ᠲᠤᠬᠢᠯᠢᠭ ᠤᠷᠤᠨ ᠰᠠᠭᠤᠴᠠ᠂ 2435 ᠢᠵᠢ 10.4 ᠲᠦᠮᠡᠨ ᠲᠡᠭᠰᠢ ᠳᠦᠷᠪᠡᠯᠵᠢᠨ ᠮᠧᠲᠷ ᠬᠢᠮᠳᠠ ᠳᠦᠷᠢᠶᠡᠰᠦᠨ ᠭᠡᠷ᠂ 1202 ᠢᠵᠢ᠂ 6.5 ᠲᠦᠮᠡᠨ ᠲᠡᠭᠰᠢ ᠳᠦᠷᠪᠡᠯᠵᠢᠨ ᠮᠧᠲᠷ ᠨᠡᠶᠢᠲᠡ ᠶᠢᠨ ᠳᠦᠷᠢᠶᠡᠰᠦᠨ ᠭᠡᠷ ᠢ ᠪᠠᠶᠢᠭᠤᠯᠪᠠ᠃ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠶᠢᠨ ᠲᠠᠯ᠎ᠠ ᠪᠠᠷ᠄ 2006 ᠤᠨ ᠠᠴᠠ ᠡᠬᠢᠯᠡᠨ ᠪᠦᠬᠦ ᠲᠤᠭᠤᠷᠢᠭ ᠤᠨ ᠬᠠᠭᠤᠴᠢᠨ ᠰᠠᠭᠤᠭᠠᠯᠢ ᠲᠤᠭᠤᠷᠢᠭ ᠲᠤ ᠶᠡᠷᠦᠩᠬᠡᠶᠢᠯᠡᠭᠰᠡᠨ ᠪᠤᠶᠤ ᠲᠤᠰᠬᠠᠢ ᠲᠦᠷᠦᠯ ᠤᠨ ᠦᠭᠡᠷᠡᠴᠢᠯᠡᠨ ᠪᠠᠶᠢᠭᠤᠯᠤᠯᠲᠠ ᠬᠢᠪᠡ᠃ 2017 ᠤᠨ ᠤ ᠡᠴᠦᠰ ᠪᠤᠯᠲᠠᠯ᠎ᠠ᠂ ᠨᠡᠶᠢᠲᠡ 8.17 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠪᠠ᠃ ᠦᠭᠡᠷᠡᠴᠢᠯᠡᠨ ᠪᠠᠶᠢᠭᠤᠯᠤᠭᠰᠠᠨ ᠰᠠᠭᠤᠭᠠᠯᠢ ᠲᠤᠭᠤᠷᠢᠭ ᠪᠤᠶᠤ ᠪᠦᠯᠦᠭᠲᠦ ᠴᠤᠭᠴᠠ 154 ᠪᠠᠶᠢᠵᠤ᠂ 401 ᠲᠦᠮᠡᠨ ᠲᠡᠭᠰᠢ ᠳᠦᠷᠪᠡᠯᠵᠢᠨ ᠮᠧᠲᠷ᠂ 4 ᠲᠦᠮᠡ ᠭᠠᠷᠤᠢ ᠡᠷᠦᠬᠡ ᠰᠠᠭᠤᠭᠠᠯᠢ ᠠᠷᠠᠳ᠂ 14 ᠲᠦᠮᠡᠨ ᠬᠦᠮᠦᠨ ᠠᠰᠢᠭ ᠬᠦᠷᠲᠡᠪᠡ᠃
       ᠶᠠᠳᠠᠭᠤ ᠶᠢ ᠳᠡᠳᠬᠦᠬᠦ᠄ ᠤᠳᠤ ᠪᠤᠯᠲᠠᠯ᠎ᠠ 450 ᠡᠷᠦᠬᠡ᠂ 1133 ᠬᠦᠮᠦᠨ ᠶᠠᠳᠠᠭᠤ ᠠᠴᠠ ᠠᠩᠭᠢᠵᠢᠷᠠᠨ ᠂ 4 ᠦᠪᠡᠷᠲᠡᠭᠡᠨ ᠵᠠᠰᠠᠬᠤ ᠤᠷᠤᠨ ᠤ ᠳᠡᠰ ᠤᠨ ᠶᠠᠳᠠᠭᠤ ᠬᠦᠴᠢᠷᠳᠡᠯᠲᠡᠢ ᠡᠷᠦᠬᠡ ᠶᠠᠳᠠᠭᠤ ᠮᠠᠯᠠᠭᠠᠢ ᠪᠠᠨ ᠲᠠᠶᠠᠭᠳᠠᠪᠠ ᠃ ︵ᠸᠧᠨ ᠵᠦᠩ ᠪᠠᠯᠭᠠᠰᠤᠨ ᠤ ᠰᠢ ᠱᠦᠢ ᠴᠤᠸᠠᠨ ᠲᠤᠰᠬᠤᠨ᠂ ᠰᠠᠨ ᠶᠠᠨ ᠵᠢᠩ ᠲᠤᠰᠬᠤᠨ᠂ ᠯᠢᠦ ᠲᠢᠶᠣᠣ ᠭᠸᠦ ᠲᠤᠰᠬᠤᠨ ᠪᠤᠯᠤᠨ ᠨᠠᠨ ᠳ᠋ᠠ ᠢᠩᠽᠢ ᠲᠤᠰᠬᠤᠨ︶᠃ 2017 ᠤᠨ ᠳᠤ 137 ᠡᠷᠦᠬᠡ᠂ 319 ᠶᠠᠳᠠᠭᠤ ᠬᠦᠴᠢᠷᠳᠡᠯᠲᠡᠢ ᠬᠦᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠪᠠ ︵ᠬᠤᠩᠱᠠᠨ ᠲᠤᠭᠤᠷᠢᠭ ᠤᠨ 2017 ᠤᠨ ᠤ ᠶᠠᠳᠠᠭᠤ ᠶᠢ ᠳᠡᠳᠬᠦᠬᠦ ᠪᠠᠷᠢᠮᠵᠢᠶ᠎ᠠ ᠬᠦᠮᠦᠨ ᠪᠦᠷᠢ ᠶᠢᠨ ᠵᠢᠯ ᠤᠨ ᠤᠷᠤᠯᠭ᠎ᠠ 2952 ᠲᠦᠭᠦᠷᠢᠭ᠂ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠬᠦᠮᠦᠨ ᠪᠦᠷᠢ ᠶᠢᠨ ᠵᠢᠯ ᠤᠨ ᠤᠷᠤᠯᠭ᠎ᠠ 3200 ᠲᠦᠭᠦᠷᠢᠭ︶᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号