ᠬᠤᠩ ᠮᠢᠶᠤᠤᠽᠢ ᠪᠠᠯᠭᠠᠰᠤ ᠳᠤᠤᠷ᠎ᠠ ᠪᠠᠲᠤᠯᠠᠭᠠᠲᠤ ᠡᠷᠦᠬᠡ ᠳᠤ ᠭᠦᠨᠵᠡᠭᠡᠶᠢᠷᠡᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018-11-02
       ᠬᠤᠩ ᠮᠢᠶᠤᠤᠽᠢ ᠪᠠᠯᠭᠠᠰᠤᠨ ᠤ ᠳᠤᠤᠷ᠎ᠠ ᠪᠠᠲᠤᠯᠠᠭᠠᠲᠤ ᠡᠷᠦᠬᠡ ᠶᠢᠨ ᠬᠦᠳᠡᠯᠦᠩᠭᠦᠢ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠦᠬᠦ ᠪᠠᠯᠭᠠᠰᠤᠨ ᠤ ᠳᠤᠤᠷ᠎ᠠ ᠤᠷᠤᠯᠭ᠎ᠠ ᠶᠢᠨ ᠠᠵᠢᠯ ᠢ ᠳᠦᠷᠢᠮᠵᠢᠭᠦᠯᠦᠨ ᠵᠢᠷᠤᠮᠵᠢᠭᠤᠯᠬᠤ ᠶᠢ ᠠᠬᠢᠭᠤᠯᠵᠤ᠂ ︽ᠪᠤᠴᠠᠭᠠᠬᠤ ᠶᠤᠰᠤᠲᠠᠢ ᠪᠤᠯ ᠡᠷᠬᠡᠪᠰᠢ ᠪᠤᠴᠠᠭᠠᠵᠤ᠂ ᠪᠠᠲᠤᠯᠠᠬᠤ ᠶᠤᠰᠤᠲᠠᠢ ᠪᠤᠯ ᠪᠦᠬᠦᠨ ᠢ ᠪᠠᠲᠤᠯᠠᠬᠤ︾ ᠪᠠ ︽ᠢᠯᠡ ᠪᠤᠯᠭᠠᠬᠤ᠂ ᠡᠷᠬᠡ ᠲᠡᠭᠰᠢ᠂ ᠲᠦᠪ ᠭᠤᠤᠯᠴᠢ᠂ ᠨᠠᠶᠢᠳᠠᠪᠤᠷᠢᠲᠠᠢ︾ ᠶᠢ ᠪᠠᠲᠤᠯᠠᠬᠤ ᠵᠡᠷᠭᠡ ᠱᠠᠭᠠᠷᠳᠠᠯᠭ᠎ᠠ ᠶᠢ ᠪᠤᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠠᠯᠭᠠᠰᠤᠨ ᠤ ᠨᠡᠶᠢᠭᠡᠮ ᠤᠨ ᠤᠴᠢᠷ ᠶᠠᠪᠤᠳᠠᠯ ᠤᠨ ᠠᠯᠪᠠᠨ ᠭᠡᠷ ᠤᠨ ᠠᠵᠢᠯᠲᠠᠨ 11 ᠰᠠᠷ᠎ᠠ ᠶᠢᠨ 1 ᠤ ᠡᠳᠦᠷ ᠾᠧᠦ ᠳ᠋ᠤᠤ ᠲᠤᠰᠬᠤᠨ᠂ ᠳ᠋ᠦᠩ ᠨᠠᠨ ᠶᠢᠩᠽᠢ ᠲᠤᠰᠬᠤᠨ᠂ ᠨᠢᠶᠧ ᠬᠤ᠋ ᠳ᠋ᠢ ᠲᠤᠰᠬᠤᠨ ᠵᠡᠷᠭᠡ ᠲᠤᠰᠬᠤᠨ ᠤ ᠳᠤᠤᠷ᠎ᠠ ᠪᠠᠲᠤᠯᠠᠭᠠᠲᠤ ᠡᠷᠦᠬᠡ ᠳᠤ ᠭᠦᠨᠵᠡᠭᠡᠶᠢᠷᠡᠨ ᠠᠶᠢᠯᠴᠢᠯᠠᠵᠤ ᠰᠤᠷᠪᠤᠯᠵᠢᠯᠠᠪᠠ᠃ ᠲᠤᠰ ᠤᠳᠠᠭᠠᠨ ᠤ ᠪᠠᠶᠢᠴᠠᠭᠠᠯᠲᠠ ᠶᠢᠨ ᠭᠤᠤᠯᠳᠠᠯᠭ᠎ᠠ ᠨᠢ ᠭᠡᠷ ᠪᠦᠯᠢ ᠶᠢᠨ ᠬᠦᠮᠦᠨ ᠠᠮᠠ ᠶᠢᠨ ᠲᠤᠭ᠎ᠠ ᠪᠠ ᠬᠤᠪᠢ ᠬᠦᠮᠦᠨ ᠤ ᠤᠷᠤᠯᠭ᠎ᠠ ᠶᠢᠨ ᠪᠠᠶᠢᠳᠠᠯ ᠪᠤᠯᠤᠨ᠎ᠠ᠂ ᠳᠤᠤᠷ᠎ᠠ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠬᠠᠮᠢᠶ᠎ᠠ ᠪᠦᠬᠦᠢ ᠲᠤᠭᠲᠠᠭᠠᠯ ᠳᠤ ᠨᠡᠶᠢᠴᠡᠬᠦ ᠦᠭᠡᠢ ᠪᠤᠯ ᠡᠷᠬᠡᠪᠰᠢ ᠡᠷᠡᠰ ᠰᠢᠭᠤᠷᠬᠠᠢ ᠪᠠᠷ ᠳᠤᠤᠷ᠎ᠠ ᠪᠠᠲᠤᠯᠠᠭ᠎ᠠ ᠠᠴᠠ ᠭᠠᠷᠭᠠᠬᠤ ᠬᠡᠷᠡᠭᠲᠡᠢ᠃ ᠪᠦᠬᠦ ᠲᠠᠯ᠎ᠠ ᠪᠠᠷ ᠡᠷᠦᠬᠡ ᠳᠤ ᠭᠦᠨᠵᠡᠭᠡᠶᠢᠷᠡᠨ ᠪᠠᠶᠢᠴᠠᠭᠠᠬᠤ ᠪᠠᠷ ᠳᠠᠮᠵᠢᠨ ᠬᠤᠲᠠ ᠬᠦᠳᠡᠭᠡ ᠶᠢᠨ ᠳᠤᠤᠷ᠎ᠠ  ᠪᠠᠲᠤᠯᠠᠭ᠎ᠠ ᠶᠢᠨ ᠠᠵᠢᠯ ᠤᠨ ᠪᠠᠶᠢᠳᠠᠯ ᠢ ᠨᠡᠩ ᠤᠨᠤᠪᠴᠢᠲᠠᠢ ᠠᠳᠬᠤᠬᠤ᠂ ᠠᠵᠢᠯ ᠤᠨ ᠠᠯᠬᠤᠮ ᠳᠠᠷᠠᠭ᠎ᠠ ᠶᠢ ᠨᠡᠩ ᠳᠦᠷᠢᠮᠵᠢᠭᠦᠯᠵᠦ᠂ ᠠᠪᠤᠷᠠᠨ ᠲᠤᠰᠠᠯᠠᠬᠤ ᠦᠢᠯᠡᠴᠢᠯᠡᠭᠡ ᠳᠤ ᠨᠡᠩ ᠬᠠᠨᠤᠮᠵᠢᠲᠠᠢ ᠪᠤᠯᠭᠠᠬᠤ ᠶᠢ ᠴᠢᠷᠮᠠᠶᠢᠨ ᠪᠠᠲᠤᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号