ᠬᠠᠳᠠ ᠵᠡᠭᠡᠯᠢ ᠭᠤᠳᠤᠮᠵᠢ ᠠᠬᠠᠮᠠᠳ ᠺᠠᠳ᠋ᠷ ᠤᠨ ᠨᠠᠮ ᠤᠨ ᠡᠭᠦᠷ ᠢ ᠵᠤᠬᠢᠶᠠᠨ ᠪᠠᠶᠢᠭᠤᠯᠬᠤ ᠠᠵᠢᠯ ᠤᠨ ᠪᠠᠶᠢᠴᠠᠭᠠᠨ ᠤᠶᠢᠯᠠᠭᠠᠬᠤ ᠠᠵᠢᠯ ᠢ ᠨᠠᠷᠢᠨ ᠬᠢᠨᠠᠮᠠᠭᠠᠢ ᠬᠢᠵᠦ ᠪᠤᠢ
ᠨᠡᠶᠢᠲᠡᠯᠡᠭᠰᠡᠨ ᠴᠠᠭ᠄
2018-11-06
        ᠨᠠᠮ ᠤᠨ ᠪᠠᠶᠢᠭᠤᠯᠤᠯᠲᠠ ᠪᠤᠯᠤᠨ ᠤᠯᠠᠨ ᠲᠦᠮᠡᠨ ᠳᠤ ᠦᠢᠯᠡᠴᠢᠯᠡᠬᠦ ᠶᠢ ᠵᠤᠬᠢᠴᠠᠯᠳᠤᠭᠤᠯᠤᠨ ᠠᠭᠤᠰᠤᠯᠴᠠᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠢᠳᠡᠪᠬᠢᠵᠢᠯ ᠢ ᠨᠢ ᠦᠷᠭᠦᠯᠵᠢᠯᠡᠨ ᠨᠡᠩ ᠰᠠᠶᠢᠨ ᠢᠶᠠᠷ ᠪᠠᠳᠠᠷᠠᠭᠤᠯᠬᠤ ᠶᠢᠨ ᠬᠠᠮᠲᠤ᠂ ᠳᠠᠷᠠᠭ᠎ᠠ ᠠᠯᠬᠤᠮ ᠳᠤ ᠠᠬᠠᠮᠠᠳ ᠺᠠᠳ᠋ᠷ ᠤᠨ ᠨᠠᠮ ᠤᠨ ᠡᠭᠦᠷ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠶᠢᠨ ᠲᠦᠯᠦᠭᠡ᠂ 11 ᠰᠠᠷ᠎ᠠ ᠶᠢᠨ 5 ᠤ ᠡᠳᠦᠷ ᠤᠨ ᠦᠳᠡ ᠠᠴᠠ ᠬᠤᠶᠢᠨ᠎ᠠ᠂ ᠬᠠᠳᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠠᠵᠢᠯᠲᠠᠨ ᠤ ᠡᠪᠯᠡᠯ ᠤᠨ ᠱᠦᠵᠢ ᠡᠩᠨᠡᠭᠡ ᠪᠠᠨ ᠳᠠᠶᠢᠴᠢᠯᠠᠨ ᠬᠤᠲᠠ ᠶᠢᠨ ᠠᠬᠠᠮᠠᠳ ᠺᠠᠳ᠋ᠷ ᠤᠨ ᠲᠤᠪᠴᠢᠶᠠᠨ ᠳᠤ ᠬᠦᠷᠴᠦ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠵᠢᠯ ᠢ ᠭᠦᠨᠵᠡᠭᠡᠢ ᠰᠤᠳᠤᠯᠤᠨ ᠶᠠᠷᠢᠯᠴᠠᠵᠠᠢ᠃
       ᠬᠤᠲᠠ ᠶᠢᠨ ᠠᠬᠠᠮᠠᠳ ᠺᠠᠳ᠋ᠷ ᠤᠨ ᠲᠤᠪᠴᠢᠶᠠᠨ ᠤ ᠤᠳᠤᠷᠢᠳᠤᠯᠭ᠎ᠠ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠵᠢᠯ ᠤᠨ ᠲᠤᠬᠠᠢ ᠨᠠᠷᠢᠨ ᠲᠠᠨᠢᠯᠴᠠᠭᠤᠯᠭ᠎ᠠ ᠬᠢᠬᠦ ᠶᠢᠨ ᠬᠠᠮᠲᠤ ᠲᠡᠭᠦᠨ ᠤ ᠱᠠᠭᠠᠷᠳᠠᠯᠭ᠎ᠠ ᠪᠠ ᠡᠬᠢ ᠪᠠᠶᠠᠯᠢᠭ ᠢ ᠤᠯᠠᠨ ᠳᠤ ᠨᠠᠷᠢᠯᠢᠭ ᠲᠠᠨᠢᠯᠴᠠᠭᠤᠯᠵᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤ ᠶᠢᠨ ᠲᠠᠨᠢᠯᠲᠠ ᠶᠢ ᠪᠤᠢ ᠪᠤᠯᠭᠠᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠠᠵᠢᠯᠲᠠᠨ ᠤ ᠵᠦᠪᠯᠡᠯ ᠤᠨ ᠱᠦᠵᠢ ᠰᠠᠭᠤᠳᠠᠯ ᠤᠨ ᠬᠤᠷᠠᠯ ᠳᠤ ᠴᠢᠬᠤᠯᠠᠴᠢᠯᠠᠭᠰᠠᠨ ᠨᠢ᠂ ᠠᠬᠠᠮᠠᠳ ᠺᠠᠳ᠋ᠷ ᠤᠨ ᠨᠠᠮ ᠤᠨ ᠡᠭᠦᠷ ᠢ ᠵᠤᠬᠢᠶᠠᠨ ᠪᠠᠶᠢᠭᠤᠯᠬᠤ ᠪᠠᠷ ᠳᠠᠮᠵᠢᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ ᠨᠠᠮ ᠤᠨ ᠭᠡᠰᠢᠭᠦᠨ ᠲᠠᠢ ᠠᠭᠤᠰᠤᠯᠴᠠᠭᠤᠯᠵᠤ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠬᠦ ᠶᠢᠨ ᠬᠠᠮᠲᠤ᠂ ᠢᠳᠡᠪᠬᠢᠵᠢᠯ ᠢ ᠨᠢ ᠪᠠᠳᠠᠷᠠᠭᠤᠯᠵᠤ᠂ ᠨᠢᠭᠡᠨ ᠪᠦᠯᠦᠭ ᠰᠢᠨ᠎ᠡ ᠬᠦᠴᠦᠨ ᠢ ᠪᠦᠷᠢᠯᠳᠦᠭᠦᠯᠵᠦ᠂ ᠦᠨᠳᠦᠰᠦᠨ ᠱᠠᠲᠤᠨ ᠤ ᠤᠯᠠᠨ ᠲᠦᠮᠡᠨ ᠢ ᠳᠠᠶᠢᠴᠢᠯᠠᠨ ᠵᠦᠪ ᠢᠳᠡᠪᠬᠢ ᠬᠦᠴᠦᠨ ᠵᠦᠢᠯ ᠢ ᠪᠠᠳᠠᠷᠠᠭᠤᠯᠤᠨ᠂ ᠡᠬᠢ ᠪᠠᠶᠠᠯᠢᠭ ᠢ ᠬᠠᠮᠲᠤᠪᠡᠷ ᠡᠳ᠋ᠯᠡᠬᠦ ᠠᠵᠢᠯᠯᠠᠭᠠᠨ ᠢ ᠦᠷᠭᠦᠯᠵᠢᠯᠡᠨ ᠶᠠᠪᠤᠭᠳᠠᠭᠤᠯᠵᠤ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠠᠵᠢᠯ ᠤᠨ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号