ᠸᠧᠢ ᠱᠢ ᠳ᠋ᠦᠩ ᠶᠦᠩ ᠵᠢᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠦᠷᠴᠦ ᠵᠡᠪᠰᠡᠭᠲᠦ ᠬᠦᠴᠦᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-11-06
       11 ᠰᠠᠷ᠎ᠠ ᠶᠢᠨ 5 ᠤ ᠡᠳᠦᠷ᠂ ᠤᠯᠠᠭᠠᠨᠬᠠᠳᠠ ᠬᠤᠲᠠ ᠶᠢᠨ ᠴᠡᠷᠢᠭ ᠤᠨ ᠬᠤᠪᠢᠶᠠᠷᠢ ᠲᠤᠭᠤᠷᠢᠭ ᠤᠨ ᠰᠧᠯᠢᠩ ᠸᠧᠢ ᠱᠢ ᠳ᠋ᠦᠩ ᠶᠦᠩ ᠵᠢᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠠᠷᠠᠳ ᠢ ᠴᠡᠷᠢᠭ ᠢ ᠴᠡᠭᠴᠡᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ᠂ ᠬᠤᠩᠱᠠᠨ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠳ᠋ᠧ ᠶᠤᠸᠠᠨ ᠪᠠᠷ᠎ᠠ ᠪᠤᠯᠤᠯᠴᠠᠪᠠ᠃
       ᠸᠧᠢ ᠱᠢ ᠳ᠋ᠦᠩ ᠶᠦᠩ ᠵᠢᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠵᠢᠴᠢ ᠵᠠᠯᠠᠭᠤ ᠠᠷᠠᠳ ᠤᠨ ᠴᠡᠷᠢᠭ ᠤᠨ ᠬᠦᠷᠢᠶᠡᠯᠡᠩ ᠤᠨ ᠪᠠᠶᠢᠭᠤᠯᠤᠯᠲᠠ ᠶᠢᠨ ᠪᠠᠶᠢᠳᠠᠯ ᠢ ᠲᠤᠭᠤᠷᠢᠨ ᠦᠵᠡᠵᠦ᠂ ᠵᠡᠭᠡᠯᠢ ᠭᠤᠳᠤᠮᠵᠢ ᠶᠢᠨ ᠠᠷᠠᠳ ᠤᠨ ᠴᠡᠷᠢᠭ ᠢ ᠴᠡᠭᠴᠡᠯᠡᠨ ᠦᠭᠡᠷᠡᠴᠢᠯᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠸᠧᠢ ᠱᠢ ᠳ᠋ᠦᠩ ᠵᠢᠭᠠᠨ ᠭᠠᠷᠭᠠᠭᠰᠠᠨ ᠨᠢ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠢ ᠦᠷᠨᠢᠭᠦᠯᠬᠦ ᠳᠤ ᠡᠷᠬᠡᠪᠰᠢ ᠨᠠᠮ ᠤᠨ ᠵᠡᠪᠰᠡᠭᠲᠦ ᠬᠦᠴᠦᠨ ᠢ ᠬᠠᠮᠢᠶᠠᠷᠬᠤ ᠬᠢᠷᠢ ᠲᠦᠪᠰᠢᠨ ᠢ ᠦᠨᠡᠨᠬᠦ ᠴᠢᠩᠭᠠᠳᠬᠠᠬᠤ ᠬᠡᠷᠡᠭᠲᠡᠢ᠂ ᠴᠡᠷᠢᠭ ᠠᠷᠠᠳ ᠠᠭᠤᠰᠤᠯᠴᠠᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠬᠤ ᠶᠢ ᠴᠢᠩᠭᠠᠳᠬᠠᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠷᠠᠳ ᠤᠨ ᠴᠡᠷᠢᠭ ᠢ ᠴᠡᠭᠴᠡᠯᠡᠨ ᠦᠭᠡᠷᠡᠴᠢᠯᠡᠬᠦ ᠱᠠᠭᠠᠷᠳᠠᠯᠭ᠎ᠠ ᠲᠠᠢ ᠤᠶᠠᠯᠳᠤᠭᠤᠯᠵᠤ᠂ ᠠᠵᠢᠯ ᠤᠨ ᠠᠷᠭ᠎ᠠ ᠬᠡᠮᠵᠢᠶᠡᠨ ᠤ ᠰᠢᠨ᠎ᠡ ᠶᠢ ᠡᠭᠦᠳᠴᠦ᠂ ᠠᠷᠠᠳ ᠤᠨ ᠴᠡᠷᠢᠭ ᠤᠨ ᠵᠤᠬᠢᠶᠠᠨ ᠪᠠᠶᠢᠭᠤᠯᠤᠯᠲᠠ ᠶᠢ ᠪᠠᠲᠤ ᠪᠠᠬᠢ ᠪᠠᠶᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号