ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠦᠷᠢᠶ᠎ᠡ ᠬᠡᠪᠴᠢᠶᠡᠨ ᠳᠤ
ᠨᠡᠶᠢᠲᠡᠯᠡᠭᠰᠡᠨ ᠴᠠᠭ᠄
2018/11/8
       ᠭᠤᠷᠪᠠᠳᠤᠭᠠᠷ ᠠᠵᠤ ᠦᠢᠯᠡᠰ᠄ ︽ᠨᠢᠭᠡ ᠲᠡᠩᠭᠡᠯᠢᠭ ᠬᠤᠶᠠᠷ ᠪᠦᠰᠡ᠂ ᠭᠤᠷᠪᠠᠨ ᠲᠤᠭᠤᠷᠢᠭ ᠨᠢᠭᠡ ᠬᠦᠷᠢᠶᠡᠯᠡᠩ︾ ᠤᠨ ᠬᠦᠭᠵᠢᠯᠲᠡ ᠶᠢᠨ ᠪᠦᠲᠦᠴᠡ ᠮᠠᠶ᠋ᠢᠭ ᠢ ᠪᠠᠶᠢᠭᠤᠯᠵᠤ᠂ ᠢᠵᠢ ᠪᠦᠷᠢᠳᠦᠭᠰᠡᠨ ᠪᠦᠬᠦ ᠬᠡᠯᠬᠢᠶᠡᠰᠦ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠶᠡᠭᠡ ᠬᠦᠴᠦᠨ ᠢᠶᠠᠷ ᠲᠡᠭᠦᠯᠳᠡᠷᠵᠢᠭᠦᠯᠦᠨ᠂ ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢᠨ ᠳᠡᠰ ᠳᠠᠪᠬᠤᠷᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃
       ᠨᠢᠭᠡ ᠲᠡᠩᠭᠡᠯᠢᠭ᠂ ᠳᠠᠷᠤᠢ ᠰᠢᠨᠬᠤᠸᠠ ᠶᠠᠪᠠᠭᠠᠨ ᠵᠡᠭᠡᠯᠢ ᠪᠤᠯᠤᠨ ᠬᠦᠭᠦᠷᠭᠡᠨ ᠤ ᠤᠮᠠᠷᠠᠲᠠᠬᠢ ᠬᠤᠳᠠᠯᠳᠤᠭᠠᠨ ᠤ ᠶᠠᠪᠤᠳᠠᠯ ᠤᠨ ᠤᠷᠤᠨ ᠢᠶᠠᠷ ᠭᠤᠤᠯᠯᠠᠭᠴᠢ ᠪᠤᠯᠭᠠᠭᠰᠠᠨ ᠬᠤᠳᠠᠯᠳᠤᠭᠠᠨ ᠤ ᠦᠢᠯᠡᠰ ᠤᠨ ᠰᠢᠵᠢᠷ ᠠᠯᠲᠠᠨ ᠲᠡᠩᠭᠡᠯᠢᠭ ᠪᠤᠯᠤᠨ᠎ᠠ᠃ ᠰᠢᠨᠬᠤᠸᠠ ᠶᠠᠪᠠᠭᠠᠨ ᠵᠡᠭᠡᠯᠢ ᠶᠢᠨ ᠬᠤᠲᠠᠯᠳᠤᠭᠠᠨ ᠤ ᠦᠢᠯᠡᠰ ᠤᠨ ᠴᠠᠭᠠᠷᠢᠭ ᠨᠢ ᠸᠧᠢ ᠳ᠋ᠦᠸᠧ ᠯᠢ ᠬᠤᠳᠠᠯᠳᠤᠭᠠᠨ ᠤ ᠲᠦᠪ᠂ ᠸᠧᠢ ᠳ᠋ᠦᠸᠧ ᠯᠢ ᠸᠠᠨ ᠶᠤᠸᠠᠢ ᠴᠧᠩ᠂ ᠤᠯᠠᠭᠠᠨ ᠲᠤᠭ ᠠᠰᠠᠷ᠂ ᠽᠢ ᠶᠢᠨ ᠬᠤᠳᠠᠯᠳᠤᠭᠠᠨ ᠤ ᠠᠰᠠᠷ᠂ ᠬᠤᠳᠠᠯᠳᠤᠭᠠᠨ ᠤ ᠬᠤᠲᠠ᠂ ᠪᠧᠨ ᠲᠧᠩ ᠭᠡᠷ ᠤᠨ ᠬᠡᠷᠡᠭᠰᠡᠯ᠂ ᠬᠠᠩ ᠢᠦᠢ ᠬᠤᠳᠠᠯᠳᠤᠭᠠᠨ ᠤ ᠠᠰᠠᠷ ᠵᠡᠷᠭᠡ 26 ᠨᠡᠯᠢᠶᠡᠳ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠪᠦᠷᠢᠨ ᠪᠠᠷᠠᠭᠠᠲᠤ ᠬᠤᠳᠠᠯᠳᠤᠭᠠᠨ ᠤ ᠠᠰᠠᠷ ᠢ ᠬᠠᠮᠤᠷᠴᠤ᠂ 300 ᠡᠯ᠎ᠡ ᠲᠦᠷᠦᠯ ᠤᠨ ᠲᠤᠰᠬᠠᠢ ᠬᠤᠳᠠᠯᠳᠤᠭ᠎ᠠ᠂ ᠨᠡᠷᠡᠲᠦ ᠲᠠᠸᠠᠷ ᠤᠨ ᠳᠡᠯᠭᠡᠭᠦᠷ᠂ ᠰᠤᠳᠤᠨ ᠲᠠᠸᠠᠷ ᠤᠨ ᠳᠡᠯᠭᠡᠭᠦᠷ ᠪᠠᠶᠢᠵᠤ᠂ 1.1 ᠲᠦᠮᠡᠨ ᠶᠡᠭᠡ ᠪᠠᠭ᠎ᠠ ᠬᠤᠳᠠᠯᠳᠤᠭᠠᠨ ᠤ ᠡᠷᠦᠬᠡ ᠪᠤᠢ᠂ 37 ᠲᠦᠮᠡᠨ ᠲᠡᠭᠰᠢ ᠳᠦᠷᠪᠡᠯᠵᠢᠨ ᠮᠧᠲᠷ ᠤᠨ ᠶᠡᠷᠦᠩᠬᠡᠢ ᠡᠵᠡᠩᠨᠡᠯᠲᠡ ᠶᠢᠨ ᠲᠠᠯᠠᠪᠠᠢ ᠲᠠᠢ᠂ 3.75 ᠲᠦᠮᠡ ᠢᠯᠡᠭᠦᠦ ᠠᠵᠢᠯᠲᠠᠨ ᠪᠠᠶᠢᠵᠤ᠂ ᠵᠢᠯ ᠤᠨ ᠡᠵᠡᠩᠨᠡᠯᠲᠡ ᠶᠢᠨ ᠲᠤᠭ᠎ᠠ 30 ᠳ᠋ᠦᠩᠰᠢᠭᠤᠷ ᠲᠦᠭᠦᠷᠢᠭ ᠢ ᠳᠠᠪᠠᠪᠠ᠃ ᠬᠦᠭᠦᠷᠭᠡᠨ ᠤ ᠤᠮᠠᠷᠠᠲᠠᠬᠢ ᠬᠤᠳᠠᠯᠳᠤᠭᠠᠨ ᠤ ᠶᠠᠪᠤᠳᠠᠯ ᠤᠨ ᠲᠤᠭᠤᠷᠢᠭ ᠤᠨ ᠭᠤᠤᠯ ᠪᠤᠯᠬᠤ ᠲᠦᠷᠦᠯ ᠵᠦᠢᠯ ᠳᠤ ᠯᠦᠩ ᠲᠧᠩ ᠤᠯᠠᠨ ᠤᠯᠤᠰ ᠤᠨ ᠬᠤᠳᠠᠯᠳᠤᠭᠠᠨ ᠤ ᠠᠭᠤᠳᠠᠮ ᠲᠠᠯᠠᠪᠠᠢ᠂ ᠵᠦᠩ ᠯᠢᠶᠠᠨ ᠠᠭᠤᠳᠠᠮ ᠲᠠᠯᠠᠪᠠᠢ᠂ ᠸᠧᠢ ᠳ᠋ᠦᠸᠧ ᠯᠢ ᠮᠦᠸᠧ ᠡᠯ ᠴᠧᠩ ᠵᠡᠷᠭᠡ ᠬᠤᠳᠠᠯᠳᠤᠭᠠᠨ ᠤ ᠦᠢᠯᠡᠰ ᠤᠨ ᠶᠡᠷᠦᠩᠬᠡᠶᠢᠯᠡᠭᠰᠡᠨ ᠲᠦᠷᠦᠯ ᠵᠦᠢᠯ ᠪᠠᠶᠢᠵᠤ᠂ ᠴᠢᠳᠠᠮᠵᠢ ᠶᠢᠨ ᠪᠠᠶᠢᠷᠢ ᠲᠤᠭᠲᠠᠭᠠᠯᠲᠠ ᠨᠢ ᠳᠡᠭᠡᠳᠦ ᠳᠡᠰ ᠤᠨ ᠬᠤᠳᠠᠯᠳᠤᠭᠠᠨ ᠤ ᠶᠠᠪᠤᠳᠠᠯ᠂ ᠬᠤᠳᠠᠯᠳᠤᠭᠠᠨ ᠤ ᠶᠠᠪᠤᠳᠠᠯ ᠤᠨ ᠬᠦᠯᠢᠶᠡᠨ ᠵᠤᠴᠢᠯᠠᠬᠤ ᠪᠠ ᠰᠤᠶᠤᠯ ᠰᠡᠯᠡᠭᠦᠴᠡᠯ ᠵᠡᠷᠭᠡ ᠪᠤᠯᠤᠨ᠎ᠠ᠃        ᠬᠤᠶᠠᠷ ᠪᠦᠰᠡ᠄ ᠳᠠᠷᠤᠢ 306 ᠤᠯᠤᠰ ᠤᠨ ᠵᠠᠮ ᠳᠠᠭᠠᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠪᠦᠰᠡ ᠪᠤᠯᠤᠨ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠪᠦᠰᠡ᠃ ①306 ᠤᠯᠤᠰ ᠤᠨ ᠵᠠᠮ ᠳᠠᠭᠠᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠰ ᠤᠨ ᠪᠦᠰᠡ ᠃ ᠲᠦᠯᠦᠪᠵᠢᠭᠦᠯᠭᠡ ᠶᠢᠨ ᠶᠡᠷᠦᠩᠬᠡᠢ ᠲᠠᠯᠠᠪᠠᠢ ᠨᠢ 1.8 ᠲᠦᠮᠡᠨ ᠮᠦ᠃ 5 ᠲᠦᠷᠦᠯ ᠵᠦᠢᠯ ᠨᠢ ᠨᠢᠭᠡᠨᠲᠡ ᠤᠷᠤᠵᠤ ᠰᠠᠭᠤᠷᠢᠰᠢᠪᠡ᠄ ᠲᠤᠬᠠᠶᠢᠯᠠᠪᠠᠯ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ᠂ ᠲᠢᠶᠠᠨ ᠹᠧᠩ ᠢᠳᠡᠰᠢᠨ ᠨᠤᠭᠤᠭ᠎ᠠ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠰᠤᠯᠤᠩᠭ᠎ᠠ ᠬᠤᠸᠠᠷ ᠦᠵᠡᠭᠦᠯᠭᠡ ᠶᠢᠨ ᠵᠠᠬ᠎ᠠ ᠳᠡᠯᠭᠡᠭᠦᠷ᠂ ᠲᠢᠶᠠᠨ ᠶᠤᠸᠠᠢ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠸᠠᠨ ᠳ᠋ᠠ ᠠᠭᠤᠳᠠᠮ ᠲᠠᠯᠠᠪᠠᠢ᠃ ᠡᠭᠦᠨ ᠳᠤ᠂ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠨᠢᠭᠡᠳᠦᠭᠡᠷ ᠬᠤᠭᠤᠴᠠᠭ᠎ᠠ᠂ ᠰᠤᠯᠤᠩᠭ᠎ᠠ ᠬᠤᠸᠠᠷ ᠦᠵᠡᠭᠦᠯᠭᠡ ᠶᠢᠨ ᠵᠠᠬ᠎ᠠ ᠶᠢᠨ ᠨᠢᠭᠡᠳᠦᠭᠡᠷ ᠬᠤᠭᠤᠴᠠᠭ᠎ᠠ᠂ ᠲᠢᠶᠠᠨ ᠶᠤᠸᠠᠢ ᠪᠠᠷᠢᠯᠭ᠎ᠠ ᠶᠢᠨ ᠮᠠᠲ᠋ᠧᠷᠢᠶᠠᠯ ᠤᠨ ᠬᠤᠲᠠ᠂ ᠸᠠᠨ ᠳ᠋ᠠ ᠠᠭᠤᠳᠠᠮ ᠲᠠᠯᠠᠪᠠᠢ ᠨᠢᠭᠡᠨᠲᠡ ᠪᠠᠶᠢᠭᠤᠯᠵᠤ ᠳᠠᠭᠤᠰᠤᠨ ᠡᠵᠡᠩᠨᠡᠪᠡ᠃ 2017 ᠤᠨ ᠳᠤ 650 ᠬᠤᠳᠠᠯᠳᠤᠭᠠᠴᠢᠨ ᠡᠷᠦᠬᠡ ᠤᠷᠤᠵᠤ ᠰᠠᠭᠤᠷᠢᠰᠢᠨ᠂ 4000 ᠢᠯᠡᠭᠦᠦ ᠬᠦᠮᠦᠨ ᠳᠤ ᠠᠵᠢᠯ ᠤᠯᠭᠤᠵᠤ᠂ ᠡᠵᠡᠩᠨᠡᠯᠲᠡ ᠶᠢᠨ ᠲᠤᠭ᠎ᠠ ᠨᠢ 32 ᠳ᠋ᠦᠩᠰᠢᠭᠤᠷ ᠲᠦᠭᠦᠷᠢᠭ ᠬᠦᠷᠴᠦ᠂ 2200 ᠢᠯᠡᠭᠦᠦ ᠲᠦᠮᠡᠨ ᠲᠦᠭᠦᠷᠢᠭ ᠤᠨ ᠭᠠᠶᠢᠯᠢ ᠶᠢᠨ ᠮᠦᠩᠭᠦ ᠶᠢ ᠳᠡᠭᠡᠭᠰᠢ ᠲᠤᠰᠢᠶᠠᠪᠠ᠃ ② ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠪᠦᠰᠡ᠃ ᠨᠡᠶᠢᠲᠡ 7 ᠦᠵᠡᠮᠵᠢ ᠶᠢᠨ ᠤᠷᠤᠨ ︵ᠦᠵᠡᠮᠵᠢ ᠶᠢᠨ ᠴᠡᠭ︶ ᠪᠤᠢ᠃ ᠡᠭᠦᠨ ᠳᠤ 1 ᠤᠯᠤᠰ ᠤᠨ 3A ᠳᠡᠰ ᠤᠨ ᠦᠵᠡᠮᠵᠢ ᠶᠢᠨ ᠤᠷᠤᠨ᠂ ᠲᠠᠪᠤᠨ 2A ᠳᠡᠰ ᠤᠨ ᠦᠵᠡᠮᠵᠢ ᠶᠢᠨ ᠤᠷᠤᠨ᠂ 1 ᠪᠦᠬᠦ ᠤᠯᠤᠰ ᠤᠨ ᠠᠵᠤ ᠦᠢᠯᠡᠳᠪᠦᠷᠢ ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠠᠶᠢᠭᠤᠯᠭ᠎ᠠ ᠲᠠᠢ᠃ 34 ᠵᠢᠭᠤᠯᠴᠢᠨ ᠳᠤ ᠦᠢᠯᠡᠴᠢᠯᠡᠬᠦ ᠭᠠᠵᠠᠷ ᠵᠢᠴᠢ ᠡᠵᠡᠩᠨᠡᠯᠲᠡ ᠶᠢᠨ ᠲᠤᠤᠷ ᠴᠡᠭ᠂ 7 ᠤᠳᠤᠨ ᠳᠡᠰ ᠤᠨ ᠪᠠᠭᠤᠳᠠᠯ ᠲᠠᠢ᠃ ᠪᠦᠬᠦ ᠲᠤᠭᠤᠷᠢᠭ ᠲᠤ 21 ᠶᠡᠷᠦᠩᠬᠡᠶᠢᠯᠡᠭᠰᠡᠨ ᠬᠡᠯᠪᠡᠷᠢ ᠶᠢᠨ ᠬᠦᠯᠢᠶᠡᠨ ᠵᠤᠴᠢᠯᠠᠬᠤ ᠴᠢᠳᠠᠮᠵᠢᠲᠦ ᠬᠦᠳᠡᠭᠡ ᠲᠤᠰᠬᠤᠨ ᠤ ᠵᠢᠭᠤᠯᠴᠢᠨ ᠢ ᠬᠦᠯᠢᠶᠡᠨ ᠵᠤᠴᠢᠯᠠᠬᠤ ᠡᠷᠦᠬᠡ ᠲᠠᠢ᠂ ᠡᠭᠦᠨ ᠳᠤ 1 ᠦᠪᠡᠷᠲᠡᠭᠡᠨ ᠵᠠᠰᠠᠬᠤ ᠤᠷᠤᠨ ᠤ 4 ᠤᠳᠤᠨ ᠳᠡᠰ ᠤᠨ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ᠂ 3 ᠦᠪᠡᠷᠲᠡᠭᠡᠨ ᠵᠠᠰᠠᠬᠤ ᠤᠷᠤᠨ ᠤ 3 ᠤᠳᠤᠨ ᠳᠡᠰ ᠤᠨ ᠬᠦᠳᠡᠭᠡ ᠲᠤᠰᠬᠤᠨ ᠤ ᠵᠢᠭᠤᠯᠴᠢᠨ ᠢ ᠬᠦᠯᠢᠶᠡᠨ ᠵᠤᠴᠢᠯᠠᠬᠤ ᠡᠷᠦᠬᠡ᠂ 1 ᠦᠪᠡᠷᠲᠡᠭᠡᠨ ᠵᠠᠰᠠᠬᠤ ᠤᠷᠤᠨ ᠤ ᠳᠡᠰ ᠤᠨ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ᠂ 3 ᠬᠤᠲᠠ ᠶᠢᠨ ᠳᠡᠰ ᠤᠨ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠲᠠᠢ᠃ 2017 ᠤᠨ ᠳᠤ ᠨᠡᠶᠢᠲᠡ ᠪᠠᠷᠤᠭ 279.2 ᠲᠦᠮᠡᠨ ᠵᠢᠭᠤᠯᠴᠢᠳ ᠢ ᠬᠦᠯᠢᠶᠡᠨ ᠵᠤᠴᠢᠯᠠᠵᠤ᠂ 14.8% ᠪᠠᠷ ᠨᠡᠮᠡᠭᠳᠡᠨ᠂ ᠵᠢᠭᠤᠯᠴᠢᠯᠠᠯ ᠤᠨ ᠤᠷᠤᠯᠭ᠎ᠠ ᠪᠠᠷᠤᠭ 63.7 ᠳ᠋ᠦᠩᠰᠢᠭᠤᠷ ᠲᠦᠭᠦᠶᠢᠷᠭ ᠢ ᠪᠡᠶᠡᠯᠡᠭᠦᠯᠵᠦ᠂ 19.7% ᠪᠠᠷ ᠨᠡᠮᠡᠭᠳᠡᠪᠡ᠃        ᠭᠤᠷᠪᠠᠨ ᠲᠤᠭᠤᠷᠢᠭ᠂ ᠳᠠᠷᠤᠢ ᠬᠤᠩᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ᠂ ᠭᠠᠶᠢᠯᠢ ᠪᠠᠲᠤᠯᠠᠬᠤ ᠬᠦᠷᠢᠶᠡᠯᠡᠩ ᠲᠤᠭᠤᠷᠢᠭ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠬᠦᠷᠢᠶᠡᠯᠡᠩ ᠲᠤᠭᠤᠷᠢᠭ᠃ ① ᠬᠤᠩᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠨᠢ ᠤᠯᠠᠭᠠᠨᠬᠠᠳᠠ ᠬᠤᠲᠠ ᠶᠢᠨ ᠬᠤᠩᠱᠠᠨ ᠲᠤᠭᠤᠷᠢᠭ ᠤᠨ ᠬᠤᠲᠠ ᠲᠤᠭᠤᠷᠢᠭ ᠤᠨ ᠬᠤᠶᠢᠲᠤ ᠬᠡᠰᠡᠭ ᠲᠤ ᠤᠷᠤᠰᠢᠵᠤ᠂ 2006 ᠤᠨ ᠳᠤ ᠡᠬᠢᠯᠡᠨ ᠪᠠᠶᠢᠭᠤᠯᠵᠤ᠂ ᠪᠦᠬᠦᠯᠢ ᠴᠤᠭᠴᠠ ᠶᠢᠨ ᠲᠦᠯᠦᠪᠵᠢᠭᠦᠯᠭᠡ ᠶᠢᠨ ᠲᠠᠯᠠᠪᠠᠢ ᠨᠢ 15 ᠲᠡᠭᠰᠢ ᠳᠦᠷᠪᠡᠯᠵᠢᠨ ᠺᠢᠯᠦᠮᠧᠲᠷ᠂ ᠪᠠᠶᠢᠭᠤᠯᠵᠤ ᠪᠠᠶᠢᠭ᠎ᠠ ᠪᠠ ᠨᠢᠭᠡᠨᠲᠡ ᠪᠠᠶᠢᠭᠤᠯᠤᠭᠰᠠᠨ ᠲᠠᠯᠠᠪᠠᠢ ᠨᠢ 10 ᠲᠡᠭᠰᠢ ᠳᠦᠷᠪᠡᠯᠵᠢᠨ ᠺᠢᠯᠦᠮᠧᠲᠷ᠂ ᠰᠠᠭᠤᠷᠢ ᠲᠦᠬᠦᠭᠡᠷᠦᠮᠵᠢ ᠶᠢᠨ ᠪᠦᠬᠦ ᠪᠡᠯᠡ ᠤᠷᠤᠭᠤᠯᠤᠯᠲᠠ 17 ᠳ᠋ᠦᠩᠰᠢᠭᠤᠷ ᠲᠦᠭᠦᠷᠢᠭ ᠤᠷᠴᠢᠮ᠂ ᠨᠢᠭᠡᠨᠲᠡ ︽ᠳᠤᠯᠤᠭ᠎ᠠ ᠶᠢ ᠨᠡᠪᠲᠡᠷᠡᠭᠦᠯᠵᠦ᠂ ᠨᠢᠭᠡ ᠶᠢ ᠲᠡᠭᠰᠢᠯᠡᠨ᠂ ᠨᠢᠭᠡ ᠶᠢ ᠬᠢᠨᠠᠨ ᠡᠵᠡᠮᠰᠢᠵᠦ︾᠂ ᠵᠠᠰᠠᠮᠠᠯ ᠵᠠᠮ ᠪᠠ ᠲᠡᠮᠦᠷ ᠵᠠᠮ ᠬᠤᠯᠪᠤᠭᠠᠯᠠᠨ ᠲᠡᠭᠡᠭᠡᠪᠦᠷᠢᠯᠡᠬᠦ᠂ ᠳᠠᠯᠠᠢ ᠶᠢᠨ ᠪᠠ ᠲᠡᠮᠦᠷ ᠵᠠᠮ ᠬᠤᠯᠪᠤᠭᠠᠯᠠᠨ ᠲᠡᠭᠡᠭᠡᠪᠦᠷᠢᠯᠡᠬᠦ ᠪᠤᠰᠤᠭ᠎ᠠ ᠴᠤᠭᠴᠠᠵᠢᠭᠰᠠᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠨᠦᠬᠦᠴᠡᠯ ᠢ ᠪᠦᠷᠢᠯᠳᠦᠭᠦᠯᠪᠡ᠃ ᠠᠵᠤ ᠦᠢᠯᠡᠰ ᠤᠨ ᠬᠦᠭᠵᠢᠯᠲᠡ ᠶᠢᠨ ᠲᠠᠯ᠎ᠠ ᠪᠠᠷ᠂ ᠪᠦᠬᠦ ᠪᠡᠯᠡ ᠤᠷᠤᠭᠤᠯᠤᠯᠲᠠ 330 ᠭᠠᠷᠤᠢ ᠳ᠋ᠦᠩᠰᠢᠭᠤᠷ ᠲᠦᠭᠦᠷᠢᠭ ᠬᠦᠷᠴᠦ᠂ ᠪᠠᠷᠠᠭᠠᠨ ᠭᠦᠢᠯᠭᠡᠭᠡᠨ ᠤ ᠬᠦᠮᠦᠷᠭᠡ᠂ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ᠂ ᠲᠦᠷᠭᠡᠨ ᠬᠦᠷᠭᠡᠯᠲᠡ ᠡᠯᠧᠺᠲᠷᠤᠨ ᠬᠤᠳᠠᠯᠳᠤᠭᠠᠨ ᠤ ᠤᠷᠤᠨ᠂ ᠰᠤᠷᠠᠭ ᠵᠠᠩᠭᠢ ᠶᠢᠨ ᠠᠵᠤ ᠦᠢᠯᠡᠰ ᠤᠨ ᠤᠷᠤᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠳᠦᠷᠪᠡᠨ ᠶᠡᠭᠡ ᠠᠵᠤ ᠦᠢᠯᠡᠰ ᠤᠨ ᠬᠠᠪᠲᠠᠭᠠᠢ ᠬᠡᠰᠡᠭ ᠢ ᠪᠦᠷᠢᠯᠳᠦᠭᠦᠯᠵᠦ᠂ ᠤᠳᠤᠬᠠᠨ ᠳᠤ 2700 ᠭᠠᠷᠤᠢ ᠡᠯ᠎ᠡ ᠲᠦᠷᠦᠯ ᠤᠨ ᠠᠵᠤ ᠠᠬᠤᠶᠢᠯᠠᠯ ᠵᠢᠴᠢ ᠦᠢᠯᠡᠳᠪᠦᠷᠢ ᠬᠤᠳᠠᠯᠳᠤᠭᠠᠨ ᠤ ᠡᠷᠦᠬᠡ ᠤᠷᠤᠵᠤ ᠰᠠᠭᠤᠷᠢᠰᠢᠭᠰᠠᠨ ᠪᠠ ᠳᠠᠩᠰᠠᠯᠠᠭᠤᠯᠵᠠᠢ᠃ 2017 ᠤᠨ ᠳᠤ ᠬᠦᠷᠢᠶᠡᠯᠡᠩ ᠲᠤᠭᠤᠷᠢᠭ ᠤᠨ ᠪᠤᠷᠤᠯᠠᠭᠤᠯᠭ᠎ᠠ ᠶᠢᠨ ᠲᠤᠭ᠎ᠠ 470 ᠳ᠋ᠦᠩᠰᠢᠭᠤᠷ ᠲᠦᠭᠦᠶᠢᠷᠭ ᠢ ᠪᠡᠶᠡᠯᠡᠭᠦᠯᠦᠨ᠂ 10 ᠳ᠋ᠦᠩᠰᠢᠭᠤᠷ ᠲᠦᠭᠦᠷᠢᠭ ᠤᠨ ᠭᠠᠶᠢᠯᠢ ᠲᠤᠰᠢᠶᠠᠵᠤ᠂ ᠨᠡᠶᠢᠲᠡ 3.5 ᠲᠦᠮᠡᠨ ᠬᠦᠮᠦᠨ ᠳᠤ ᠠᠵᠢᠯ ᠤᠯᠭᠤᠨ ᠲᠦᠪᠬᠢᠨᠡᠭᠦᠯᠵᠡᠢ᠃ ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ᠂ ᠤᠯᠤᠰ ᠤᠨ ᠪᠢᠴᠢᠯ ᠪᠠᠭ᠎ᠠ ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠪᠤᠰᠬᠠᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ᠂ ᠤᠯᠤᠰ ᠤᠨ ᠳᠡᠰ ᠤᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠲᠦᠪᠯᠡᠷᠡᠭᠦᠯᠦᠨ ᠲᠠᠷᠬᠠᠭᠠᠬᠤ ᠤᠷᠤᠨ᠂ ᠦᠪᠡᠷᠲᠡᠭᠡᠨ ᠵᠠᠰᠠᠬᠤ ᠤᠷᠤᠨ ᠤ ᠳᠡᠰ ᠤᠨ ᠤᠳᠤᠬᠢᠴᠢᠯᠠᠭᠰᠠᠨ ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠪᠤᠯᠤᠨ᠎ᠠ᠃ 2016 ᠤᠨ ᠳᠤ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠤᠯᠤᠰ ᠤᠨ ᠭᠠᠵᠠᠷ ᠰᠢᠷᠦᠢ ᠶᠢᠨ ᠬᠡᠯᠲᠡᠰ ᠂ ᠤᠷᠤᠨ ᠰᠠᠭᠤᠴᠠ ᠪᠤᠯᠤᠨ ᠬᠤᠲᠠ ᠪᠠᠯᠭᠠᠰᠤᠨ ᠤ ᠪᠠᠶᠢᠭᠤᠯᠤᠯᠲᠠ ᠶᠢᠨ ᠬᠡᠯᠲᠡᠰ ᠤᠨ ᠰᠢᠯᠭᠠᠷᠠᠭᠤᠯᠤᠭᠰᠠᠨ ᠪᠦᠬᠦ ᠤᠯᠤᠰ ᠤᠨ ᠠᠩᠬᠠᠨ ᠤ ᠪᠦᠯᠦᠭ ︽ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ︾ ᠢᠶᠠᠷ ᠦᠨᠡᠯᠡᠨ ᠲᠤᠭᠲᠠᠭᠠᠭᠳᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠬᠦᠷᠢᠶᠡᠯᠡᠩ ᠲᠤᠭᠤᠷᠢᠭ ᠨᠢ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠳᠤᠷᠠᠳᠤᠨ ᠭᠠᠷᠭᠠᠭᠰᠠᠨ ︽ᠤᠮᠠᠷᠠᠰᠢ ᠬᠦᠷᠴᠦ ᠡᠮᠦᠨᠡᠰᠢ ᠪᠠᠭᠤᠬᠤ᠂ ᠵᠡᠭᠦᠨᠰᠢ ᠤᠷᠤᠭᠤᠯᠤᠨ ᠪᠠᠷᠠᠭᠤᠨᠰᠢ ᠬᠦᠷᠭᠡᠬᠦ᠂ ᠲᠤᠲᠤᠭᠠᠳᠤ ᠭᠠᠳᠠᠭᠠᠳᠤ ᠬᠤᠯᠪᠤᠭᠠᠯᠠᠨ᠂ ᠳᠦᠷᠪᠡᠨ ᠵᠦᠭ ᠨᠠᠢᠮᠠᠨ ᠵᠤᠪᠬᠢᠰ ᠲᠤ ᠨᠡᠪᠲᠡᠷᠡᠭᠰᠡᠨ︾ ᠭᠠᠳᠠᠭᠠᠲᠤ ᠨᠡᠭᠡᠭᠡᠯᠲᠡ ᠶᠢᠨ ᠰᠢᠨ᠎ᠡ ᠪᠦᠲᠦᠴᠡ ᠮᠠᠶ᠋ᠢᠭ ᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ︽ᠦᠪᠦᠷ ᠮᠤᠩᠭᠤᠯ ᠤᠨ ᠵᠡᠭᠦᠨ ᠬᠡᠰᠡᠭ᠂ ᠡᠾᠧᠪᠸᠢ ᠶᠢᠨ ᠤᠮᠠᠷᠠᠲᠤ ᠬᠡᠰᠡᠭ᠂ ᠯᠢᠶᠤᠤᠨᠢᠩ ᠤᠨ ᠪᠠᠷᠠᠭᠤᠨ ᠬᠡᠰᠡᠭ ᠲᠤ ᠲᠡᠯᠡᠵᠦ ᠦᠷᠭᠡᠵᠢᠨ ᠨᠦᠯᠦᠭᠡᠯᠡᠭᠰᠡᠨ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠠᠵᠢᠯᠯᠠᠭᠠᠨ ᠤ ᠰᠠᠭᠤᠷᠢᠨ︾ ᠪᠠ ︽ᠤᠷᠤᠨ ᠬᠡᠪᠴᠢᠶᠡᠨ ᠤ ᠴᠢᠨᠠᠷᠲᠠᠢ ᠲᠠᠸᠠᠷ ᠤᠨ ᠲᠦᠪᠯᠡᠷᠡᠭᠦᠯᠵᠦ ᠲᠠᠷᠬᠠᠭᠠᠬᠤ ᠲᠦᠪ᠂ ᠬᠤᠪᠢᠶᠠᠷᠢᠯᠠᠬᠤ ᠲᠦᠪ᠂ ᠬᠤᠷᠠᠯ ᠦᠵᠡᠭᠦᠯᠭᠡ ᠶᠢᠨ ᠲᠦᠪ︾ ᠢ ᠪᠦᠬᠦ ᠬᠦᠴᠦᠨ ᠢᠶᠠᠷ ᠪᠠᠶᠢᠭᠤᠯᠵᠤ᠂ ︽ᠬᠤᠳᠠᠯᠳᠤᠭᠠᠨ ᠤ ᠭᠦᠢᠯᠭᠡᠭᠡ᠂ ᠪᠠᠷᠠᠭᠠᠨ ᠭᠦᠢᠯᠭᠡᠭᠡ᠂ ᠪᠡᠯᠡ ᠮᠦᠩᠭᠦᠨ ᠤ ᠭᠦᠢᠯᠭᠡᠭᠡ᠂ ᠰᠤᠷᠠᠭ ᠵᠠᠩᠭᠢ ᠶᠢᠨ ᠭᠦᠢᠯᠭᠡᠭᠡ︾ ᠳᠦᠷᠪᠡᠨ ᠭᠦᠢᠯᠭᠡᠭᠡ ᠶᠢ ᠨᠢᠭᠡᠳᠬᠡᠬᠦ ᠶᠢ ᠠᠬᠢᠭᠤᠯᠤᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠰᠡᠭᠦᠯ ᠤᠨ ᠡᠯ᠎ᠡ ᠲᠦᠷᠦᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠰᠡᠭᠦᠯᠴᠢ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠠᠴᠠ ᠬᠤᠶᠠᠷ ᠲᠠᠬᠢᠨ ᠨᠡᠮᠡᠭᠳᠡᠭᠦᠯᠵᠦ᠂ ᠳᠠᠷᠤᠢ ᠰᠤᠯᠢᠯᠴᠠᠭᠠᠨ ᠤ ᠲᠤᠭ᠎ᠠ ᠶᠢ 800 ᠳ᠋ᠦᠩᠰᠢᠭᠤᠷ ᠲᠦᠭᠦᠷᠢᠭ ᠬᠦᠷᠭᠡᠵᠦ᠂ ᠭᠠᠶᠢᠯᠢ ᠶᠢ 18 ᠳ᠋ᠦᠩᠰᠢᠭᠤᠷ ᠲᠦᠭᠦᠷᠢᠭ ᠲᠤ ᠬᠦᠷᠭᠡᠨ᠂ ᠡᠵᠡᠩᠨᠡᠯᠲᠡ ᠶᠢᠨ ᠭᠤᠤᠯ ᠴᠤᠭᠴᠠ ᠶᠢᠨ ᠲᠤᠭ᠎ᠠ ᠶᠢ 5000 ᠡᠷᠦᠬᠡ ᠬᠦᠷᠭᠡᠵᠦ᠂ 6 ᠲᠦᠮᠡᠨ ᠬᠦᠮᠦᠨ ᠢ ᠳᠠᠶᠢᠴᠢᠯᠠᠨ ᠠᠵᠢᠯ ᠤᠯᠭᠤᠬᠤ ᠪᠤᠯᠤᠨ᠎ᠠ᠃ ② ᠭᠠᠶᠢᠯᠢ ᠪᠠᠲᠤᠯᠠᠬᠤ ᠬᠦᠷᠢᠶᠡᠯᠡᠩ ᠲᠤᠭᠤᠷᠢᠭ ᠪᠤᠯ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠪᠤᠯᠤᠨ᠎ᠠ᠃ ᠶᠡᠷᠦᠩᠬᠡᠢ ᠪᠡᠯᠡ ᠤᠷᠤᠭᠤᠯᠤᠯᠲᠠ ᠨᠢ 7.2 ᠳ᠋ᠦᠩᠰᠢᠭᠤᠷ ᠲᠦᠭᠦᠷᠢᠭ᠂ ᠮᠦᠭᠳᠡᠨ ᠤ ᠲᠡᠮᠦᠷ ᠵᠠᠮ ᠤᠨ ᠲᠤᠪᠴᠢᠶ᠎ᠠ ᠪᠠᠶᠢᠭᠤᠯᠵᠤ᠂ ᠤᠯᠠᠭᠠᠨᠬᠠᠳᠠ ᠶᠢᠨ ᠲᠢᠶᠧ ᠹᠠ ᠠᠷᠠᠯᠵᠢᠶ᠎ᠠ ᠬᠤᠳᠠᠯᠳᠤᠭᠠᠨ ᠤ ᠪᠦᠯᠦᠭᠯᠡᠯ ᠤᠨ ᠬᠢᠵᠠᠭᠠᠷᠲᠤ ᠺᠤᠮᠫᠠᠨᠢ ᠡᠵᠡᠩᠨᠡᠨ ᠬᠠᠮᠢᠶᠠᠷᠴᠤ ᠪᠠᠶᠢᠨ᠎ᠠ᠃ 2011 ᠤᠨ ᠤ 9 ᠰᠠᠷ᠎ᠠ ᠳᠤ ᠪᠠᠶᠢᠭᠤᠯᠬᠤ ᠪᠠᠷ ᠡᠷᠡᠮᠡᠯᠵᠡᠵᠦ᠂ 2013 ᠤᠨ ᠤ 8 ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ᠂ ᠪᠤᠭᠤᠮᠲᠠ ᠶᠢᠨ ᠶᠡᠷᠦᠩᠬᠡᠢ ᠵᠠᠬᠢᠷᠭ᠎ᠠ᠂ ᠡᠳ᠋ ᠤᠨ ᠵᠠᠰᠠᠭ ᠤᠨ ᠬᠡᠯᠲᠡᠰ᠂ ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠪᠠ ᠤᠯᠤᠰ ᠤᠨ ᠭᠠᠳᠠᠭᠠᠲᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠳᠦᠷᠪᠡᠨ ᠬᠡᠯᠲᠡᠰ ᠵᠦᠪᠯᠡᠯ ᠬᠢᠨᠠᠨ ᠵᠦᠪᠰᠢᠶᠡᠷᠡᠵᠦ ᠪᠠᠶᠢᠭᠤᠯᠪᠠ᠃ 2014 ᠤᠨ ᠤ 9 ᠰᠠᠷ᠎ᠠ ᠳᠤ ᠤᠯᠤᠰ ᠤᠨ ᠬᠢᠨᠠᠨ ᠰᠢᠯᠭᠠᠯᠲᠠ ᠶᠢ ᠦᠩᠭᠡᠷᠡᠭᠡᠪᠡ᠃ 2015 ᠤᠨ ᠤ 1 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠪᠤᠭᠤᠮᠲᠠ ᠪᠢᠲᠡᠭᠦᠮᠵᠢᠯᠡᠨ ᠡᠵᠡᠩᠨᠡᠪᠡ᠃ ᠲᠦᠯᠦᠪᠵᠢᠭᠦᠯᠭᠡ ᠶᠢᠨ ᠲᠠᠯᠠᠪᠠᠢ ᠨᠢ 1.43 ᠲᠡᠭᠰᠢ ᠳᠦᠷᠪᠡᠯᠵᠢᠨ ᠺᠢᠯᠦᠮᠧᠲᠷ᠂ ᠨᠢᠭᠡᠳᠦᠭᠡᠷ ᠬᠤᠭᠤᠴᠠᠭᠠᠨ ᠤ ᠪᠦᠰᠡᠯᠡᠭᠦᠷ ᠬᠦᠷᠢᠶ᠎ᠡ ᠶᠢᠨ ᠲᠠᠯᠠᠪᠠᠢ ᠨᠢ 0.18 ᠲᠡᠭᠰᠢ ᠳᠦᠷᠪᠡᠯᠵᠢᠨ ᠺᠢᠯᠦᠮᠧᠲᠷ᠂ ᠪᠦᠰᠡᠯᠡᠭᠦᠷ ᠬᠦᠷᠢᠶᠡᠨ ᠤ ᠲᠤᠲᠤᠷ᠎ᠠ ᠪᠤᠭᠤᠮᠲᠠ ᠶᠢᠨ ᠬᠢᠨᠠᠨ ᠬᠠᠮᠢᠶᠠᠷᠬᠤ ᠰᠤᠷᠠᠭ ᠵᠠᠩᠭᠢ ᠶᠢᠨ ᠲᠠᠪᠴᠠᠩ ᠤᠨ ᠰᠢᠰᠲ᠋ᠧᠮ ᠢ ᠪᠠᠶᠢᠭᠤᠯᠤᠨ᠂ ᠬᠠᠲᠠᠭᠤ ᠲᠤᠨᠤᠭ ᠤᠨ ᠪᠦᠲᠦᠭᠡᠨ ᠪᠠᠶᠢᠭᠤᠯᠤᠯᠲᠠ ᠳᠤ᠄ ᠬᠤᠷᠢᠶ᠎ᠠ ᠬᠠᠷᠠᠭᠤᠯ ᠵᠢᠴᠢ ᠠᠵᠢᠯ ᠶᠠᠪᠤᠳᠠᠯ ᠤᠨ ᠶᠡᠷᠦᠩᠬᠡᠶᠢᠯᠡᠭᠰᠡᠨ ᠠᠰᠠᠷ 1 ᠰᠠᠭᠤᠷᠢ 2580 ᠲᠡᠭᠰᠢ ᠳᠦᠷᠪᠡᠯᠵᠢᠨ ᠺᠢᠯᠦᠮᠧᠲᠷ᠂ ᠪᠤᠭᠤᠮᠲᠠ ᠶᠢᠨ ᠬᠢᠨᠠᠨ ᠰᠢᠯᠭᠠᠬᠤ ᠬᠦᠮᠦᠷᠭᠡ 1 ᠰᠠᠭᠤᠷᠢ 2000 ᠲᠡᠭᠰᠢ ᠳᠦᠷᠪᠡᠯᠵᠢᠨ ᠺᠢᠯᠦᠮᠧᠲᠷ᠂ ᠭᠠᠶᠢᠯᠢ ᠪᠠᠲᠤᠯᠠᠬᠤ ᠬᠦᠮᠦᠷᠭᠡ 6 ᠰᠠᠭᠤᠷᠢ ᠨᠡᠶᠢᠲᠡ 3.2 ᠲᠦᠮᠡᠨ ᠲᠡᠭᠰᠢ ᠳᠦᠷᠪᠡᠯᠵᠢᠨ ᠺᠢᠯᠦᠮᠧᠲᠷ᠂ ᠵᠠᠳᠠᠭᠠᠢ ᠬᠤᠷᠢᠶᠠᠨ ᠬᠠᠳᠠᠭᠠᠯᠠᠬᠤ ᠲᠠᠯᠠᠪᠠᠢ 2 ᠬᠡᠰᠡᠭ ᠨᠡᠶᠢᠲᠡ 2 ᠲᠦᠮᠡᠨ ᠲᠡᠭᠰᠢ ᠳᠦᠷᠪᠡᠯᠵᠢᠨ ᠺᠢᠯᠦᠮᠧᠲᠷ᠃ ᠪᠦᠰᠡᠯᠡᠭᠦᠷ ᠬᠦᠷᠢᠶᠡᠨ ᠤ ᠭᠠᠳᠠᠨᠠᠬᠢ ᠢᠵᠢ ᠪᠦᠷᠢᠳᠦᠭᠰᠡᠨ ᠪᠦᠲᠦᠭᠡᠨ ᠪᠠᠶᠢᠭᠤᠯᠤᠯᠲᠠ 3 ᠵᠤᠷᠪᠤᠰ ᠲᠡᠮᠦᠷ ᠵᠠᠮ ᠤᠨ ᠲᠡᠭᠡᠭᠡᠪᠦᠷᠢ ᠶᠢᠨ ᠲᠤᠰᠬᠠᠢ ᠱᠤᠭᠤᠮ᠂ 3 ᠲᠦᠮᠡᠨ ᠲᠡᠭᠰᠢ ᠳᠦᠷᠪᠡᠯᠵᠢᠨ ᠮᠧᠲᠷ ᠤᠨ ᠴᠢᠩᠭᠡᠯᠢᠭ ᠤᠨ ᠬᠤᠷᠢᠶᠠᠨ ᠬᠠᠳᠠᠭᠠᠯᠠᠬᠤ ᠲᠠᠯᠠᠪᠠᠢ᠂ 1 ᠲᠦᠮᠡᠨ ᠲᠡᠭᠰᠢ ᠳᠦᠷᠪᠡᠯᠵᠢᠨ ᠮᠧᠲᠷ ᠤᠨ ᠦᠷᠲᠡᠭᠡᠨ ᠤ ᠶᠠᠨᠲᠠᠷ ᠤᠨ ᠤᠷᠲᠤᠳᠬᠠᠭᠰᠠᠨ ᠬᠦᠮᠦᠷᠭᠡ ᠪᠠ 3 ᠲᠦᠮᠡᠨ ᠲᠡᠭᠰᠢ ᠳᠦᠷᠪᠡᠯᠵᠢᠨ ᠮᠧᠲᠷ ᠤᠨ ᠭᠤᠤᠯ ᠬᠦᠢᠰᠦ ᠶᠢᠨ ᠬᠤᠲᠠ ᠶᠢᠨ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠦᠪ ᠪᠤᠢ᠃ ᠤᠳᠤᠬᠠᠨ ᠳᠤ ᠪᠤᠭᠤᠮᠲᠠ᠂ ᠤᠯᠤᠰ ᠤᠨ ᠪᠠᠶᠢᠴᠠᠭᠠᠯᠲᠠ᠂ ᠪᠠᠩᠬᠢ᠂ ᠪᠠᠷᠠᠭᠠᠨ ᠤ ᠤᠷᠤᠯᠠᠨ ᠪᠤᠷᠤᠯᠠᠭᠤᠯᠤᠭᠴᠢ᠂ ᠪᠠᠷᠠᠭᠠᠨ ᠭᠦᠢᠯᠭᠡᠭᠡᠨ ᠵᠡᠷᠭᠡ ᠰᠠᠯᠠᠭ᠎ᠠ ᠮᠦᠴᠢᠷ ᠠᠵᠤ ᠠᠬᠤᠶᠢᠯᠠᠯ ᠨᠢᠭᠡᠨᠲᠡ ᠬᠦᠷᠢᠶᠡᠯᠡᠩ ᠳᠤ ᠤᠷᠤᠵᠤ ᠰᠠᠭᠤᠷᠢᠰᠢᠨ᠂ ︽ᠨᠢᠭᠡ ᠦᠷᠲᠡᠭᠡᠴᠢᠯᠡᠭᠰᠡᠨ︾ ᠪᠤᠭᠤᠮᠲᠠ ᠦᠩᠭᠡᠷᠡᠬᠦ ᠦᠢᠯᠡᠴᠢᠯᠡᠭᠡ ᠬᠠᠩᠭᠠᠵᠤ ᠴᠢᠳᠠᠵᠠᠢ᠃ ᠬᠦᠷᠢᠶᠡᠯᠡᠩ ᠤᠨ ᠴᠢᠳᠠᠮᠵᠢ ᠶᠢᠨ ᠢᠵᠢ ᠪᠦᠷᠢᠯᠳᠦᠬᠦ ᠶᠢ ᠰᠢᠯᠢᠳᠡᠭᠵᠢᠭᠦᠯᠦᠨ ᠪᠦᠷᠢᠨᠰᠢᠭᠦᠯᠬᠦ ᠶᠢᠨ ᠲᠦᠯᠦᠭᠡ᠂ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ ᠲᠠᠸᠠᠷ ᠤᠨ ᠦᠵᠡᠭᠦᠯᠭᠡ ᠶᠢᠨ ᠰᠤᠯᠢᠯᠴᠠᠭᠠᠨ ᠤ ᠲᠦᠪ ᠢ ᠪᠠᠶᠢᠭᠤᠯᠵᠤ᠂ ᠳᠤᠮᠳᠠᠳᠤ ᠡᠸᠦ᠋ᠷᠦᠫᠡ ︵ᠤᠯᠠᠭᠠᠨᠬᠠᠲᠠ ᠮᠠᠨᠵᠤᠤᠷ ᠡᠸᠦ᠋ᠷᠦᠫᠡ︶ ᠶᠢᠨ ᠤᠯᠠᠨ ᠤᠯᠤᠰ ᠤᠨ ᠴᠢᠩᠭᠡᠯᠢᠭ ᠡᠭᠡᠯᠵᠢ ᠶᠢᠨ ᠭᠠᠯᠲᠤ ᠶᠢ ᠨᠠᠪᠲᠡᠷᠡᠭᠦᠯᠪᠡ︔ ᠳᠤᠮᠳᠠᠳᠤ ᠤᠯᠤᠰ ︵ᠲᠢᠶᠠᠨᠵᠢᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠤᠷᠤᠨ ᠤ ᠭᠠᠳᠠᠭᠠᠳᠤ ᠠᠴᠠ ᠤᠷᠤᠭᠤᠯᠤᠭᠰᠠᠨ ᠲᠠᠸᠠᠷ ᠤᠨ ᠰᠢᠭᠤᠳ ᠡᠵᠡᠩᠨᠡᠯᠲᠡ ᠶᠢᠨ ᠲᠦᠪ ᠪᠤᠯᠤᠨ ᠳᠤᠮᠳᠠᠳᠤ ᠤᠯᠤᠰ ︵ᠲᠢᠶᠠᠨᠵᠢᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠤᠷᠤᠨ ᠤ ᠠᠷᠠᠯᠵᠢᠶᠠᠴᠢᠨ ᠨᠡᠷᠡᠲᠦ ᠲᠠᠸᠠᠷ ᠤᠨ ᠦᠢᠯᠡᠳᠪᠦᠷᠢ ᠶᠢᠨ ᠡᠷᠬᠡ ᠤᠯᠭᠤᠯᠲᠠ ᠶᠢ ᠳᠠᠮᠵᠢᠬᠤ ᠦᠭᠡᠢ ᠪᠠᠷ ᠭᠠᠳᠠᠭᠠᠳᠤ ᠶᠢᠨ ᠵᠠᠬ᠎ᠠ ᠳᠡᠯᠭᠡᠭᠦᠷ ᠠᠴᠠ ᠬᠤᠳᠠᠯᠳᠤᠨ ᠠᠪᠴᠤ ᠳᠤᠮᠳᠠᠳᠤ ᠤᠯᠤᠰ ᠲᠤ ᠪᠤᠷᠤᠯᠠᠭᠤᠯᠤᠭᠰᠠᠨ ᠮᠠᠰᠢᠨ ᠲᠡᠷᠭᠡᠨ ᠤ ᠰᠢᠭᠤᠳ ᠡᠵᠡᠩᠨᠡᠯᠲᠡ ᠶᠢᠨ ᠲᠦᠪ ᠮᠠᠨ ᠤ ᠲᠤᠭᠤᠷᠢᠭ ᠲᠤ ᠰᠠᠭᠤᠷᠢᠰᠢᠪᠠ᠃ 2017 ᠤᠨ ᠳᠤ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠨᠡᠶᠢᠲᠡ 1800 ᠬᠤᠪᠢ ᠭᠠᠳᠠᠭᠠᠳᠤ ᠠᠴᠠ ᠤᠷᠤᠭᠤᠯᠵᠤ ᠭᠠᠷᠭᠠᠬᠤ ᠠᠵᠢᠯ ᠶᠠᠪᠤᠳᠠᠯ ᠢ ᠰᠢᠢᠳᠪᠦᠷᠢᠯᠡᠵᠦ᠂ ᠪᠠᠷᠠᠭᠠᠨ ᠤ ᠦᠷᠲᠡᠭ ᠨᠢ 1.52 ᠳ᠋ᠦᠩᠰᠢᠭᠤᠷ ᠲᠦᠭᠦᠷᠢᠭ ᠠᠷᠠᠳ ᠤᠨ ᠵᠤᠭᠤᠰ ᠪᠠᠶᠢᠵᠤ᠂ ᠪᠤᠴᠠᠭᠠᠭᠰᠠᠨ ᠭᠠᠶᠢᠯᠢ ᠨᠢ 1500 ᠲᠦᠮᠡᠨ ᠲᠦᠭᠦᠷᠢᠭ ᠬᠦᠷᠪᠡ︔ ᠠᠷᠠᠯᠵᠢᠶᠠᠴᠢᠨ ᠨᠡᠷᠡᠲᠦ ᠲᠠᠸᠠᠷ ᠤᠨ ᠦᠢᠯᠡᠳᠪᠦᠷᠢ ᠶᠢᠨ ᠡᠷᠬᠡ ᠤᠯᠭᠤᠯᠲᠠ ᠶᠢ ᠳᠠᠮᠵᠢᠬᠤ ᠦᠭᠡᠢ ᠪᠠᠷ ᠭᠠᠳᠠᠭᠠᠳᠤ ᠶᠢᠨ ᠵᠠᠬ᠎ᠠ ᠳᠡᠯᠭᠡᠭᠦᠷ ᠠᠴᠠ ᠬᠤᠳᠠᠯᠳᠤᠨ ᠠᠪᠴᠤ ᠳᠤᠮᠳᠠᠳᠤ ᠤᠯᠤᠰ ᠲᠤ ᠪᠤᠷᠤᠯᠠᠭᠤᠯᠤᠭᠰᠠᠨ ᠮᠠᠰᠢᠨ ᠲᠡᠷᠭᠡᠨ ᠤ ᠪᠤᠷᠤᠯᠠᠭᠤᠯᠭ᠎ᠠ ᠶᠢᠨ ᠲᠤᠭ᠎ᠠ  ᠨᠢ ᠳ᠋ᠦᠩᠰᠢᠭᠤᠷ ᠲᠦᠭᠦᠷᠢᠭ ᠢ ᠳᠠᠪᠠᠪᠠ︔ ᠭᠠᠶᠢᠯᠢ ᠪᠠᠲᠤᠯᠠᠬᠤ ᠦᠵᠡᠭᠦᠯᠭᠡ ᠶᠢᠨ ᠰᠤᠯᠢᠯᠴᠠᠭᠠᠨ ᠤ ᠪᠤᠷᠤᠯᠠᠭᠤᠯᠭ᠎ᠠ ᠶᠢᠨ ᠲᠤᠭ᠎ᠠ 7000 ᠲᠦᠮᠡᠨ ᠲᠦᠭᠦᠷᠢᠭ᠃ ③ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠬᠦᠷᠢᠶᠡᠯᠡᠩ ᠲᠤᠭᠤᠷᠢᠭ᠄ ᠲᠦᠯᠦᠪᠵᠢᠭᠦᠯᠭᠡ ᠶᠢᠨ ᠲᠠᠯᠠᠪᠠᠢ ᠨᠢ 1.53 ᠲᠡᠭᠰᠢ ᠳᠦᠷᠪᠡᠯᠵᠢᠨ ᠺᠢᠯᠦᠮᠧᠲᠷ᠂ ᠦᠩᠭᠡᠲᠦ ᠲᠡᠮᠦᠷᠯᠢᠭ᠂ ᠬᠦᠳᠡᠷ᠂ ᠨᠡᠭᠦᠷᠡᠰᠦ᠂ ᠴᠢᠯᠠᠭᠤᠨ ᠳᠤᠰᠤ ᠵᠡᠷᠭᠡ ᠶᠡᠭᠡ ᠬᠡᠮᠵᠢᠶᠡᠨ ᠤ ᠲᠠᠸᠠᠷ ᠤᠨ ᠪᠠᠷᠠᠭᠠᠨ ᠭᠦᠢᠯᠭᠡᠭᠡ ᠪᠠᠷ ᠭᠤᠤᠯ ᠡᠵᠡᠩᠨᠡᠯᠲᠡ ᠪᠤᠯᠭᠠᠨ᠂ ᠤᠯᠠᠭᠠᠨᠬᠠᠳᠠ ᠶᠢᠨ ᠵᠡᠭᠦᠨ ᠬᠡᠰᠡᠭ ᠤᠨ ᠠᠵᠤ ᠦᠢᠯᠡᠳᠪᠦᠷᠢ ᠶᠢᠨ ᠬᠤᠩᠭᠢᠯ ᠤᠨ ᠢᠵᠢ ᠪᠦᠷᠢᠳᠦᠭᠰᠡᠨ ᠬᠦᠷᠢᠶᠡᠯᠡᠩ ᠲᠤᠭᠤᠷᠢᠭ ᠲᠤ ᠦᠢᠯᠡᠴᠢᠯᠡᠵᠦ ᠪᠤᠢ᠃ ᠤᠳᠤᠬᠠᠨ ᠳᠤ ᠨᠢᠭᠡᠨᠲᠡ ᠡᠬᠢᠯᠡᠭᠦᠯᠦᠭᠰᠡᠨ ᠨᠢᠭᠡᠳᠦᠭᠡᠷ ᠬᠤᠭᠤᠴᠠᠭ᠎ᠠ ᠨᠢ 0.67 ᠲᠡᠭᠰᠢ ᠳᠦᠷᠪᠡᠯᠵᠢᠨ ᠺᠢᠯᠦᠮᠧᠲᠷ ᠪᠠᠶᠢᠵᠤ᠂ ᠵᠠᠰᠠᠮᠠᠯ ᠵᠠᠮ ᠪᠠ ᠲᠡᠮᠦᠷ ᠵᠠᠮ ᠤᠨ ᠪᠤᠰᠤᠭ᠎ᠠ ᠰᠤᠯᠪᠢᠴᠠᠲᠤ ᠬᠦᠭᠦᠷᠭᠡ᠂ ᠲᠡᠮᠦᠷ ᠵᠠᠮ ᠤᠨ ᠲᠤᠰᠬᠠᠢ ᠱᠤᠭᠤᠮ ᠵᠡᠷᠭᠡ ᠢᠵᠢ ᠪᠦᠷᠢᠳᠦᠭᠰᠡᠨ ᠲᠦᠬᠦᠭᠡᠷᠦᠮᠵᠢ ᠶᠢ ᠪᠠᠶᠢᠭᠤᠯᠪᠠ᠃ ᠦᠢᠯᠡᠴᠢᠯᠡᠭᠡᠨ ᠤ ᠬᠦᠷᠢᠶᠡᠯᠡᠩ ᠲᠤᠭᠤᠷᠢᠭ ᠤᠨ ᠲᠦᠯᠦᠪᠯᠡᠭᠰᠡᠨ ᠶᠡᠷᠦᠩᠬᠡᠢ ᠪᠡᠯᠡ ᠤᠷᠤᠭᠤᠯᠤᠯᠲᠠ ᠨᠢ 3.5 ᠳ᠋ᠦᠩᠰᠢᠭᠤᠷ ᠲᠦᠭᠦᠶᠢᠷᠭ᠂ ᠲᠢᠶᠧ ᠹᠠ ᠪᠠᠷᠠᠭᠠᠨ ᠲᠠᠯᠠᠪᠠᠢ ᠵᠢᠴᠢ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠦᠮᠦᠷᠭᠡ ᠵᠡᠷᠭᠡ ᠠᠵᠤ ᠦᠢᠯᠡᠳᠪᠦᠷᠢ ᠶᠢᠨ ᠬᠤᠷᠢᠶᠠᠨ ᠬᠠᠳᠠᠭᠠᠯᠠᠬᠤ ᠪᠠᠷᠠᠭᠠᠨ ᠭᠦᠢᠯᠭᠡᠭᠡᠨ ᠤ ᠲᠦᠷᠦᠯ ᠵᠦᠢᠯ ᠢ ᠤᠷᠤᠭᠤᠯᠵᠤ᠂ ᠤᠳᠤᠬᠠᠨ ᠳᠤ ᠨᠢᠭᠡᠨᠲᠡ 3.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠲᠢᠶᠧ ᠹᠠ ᠪᠦᠯᠦᠭᠯᠡᠯ ᠤᠨ ᠤᠯᠠᠭᠠᠨᠬᠠᠳᠠ ᠶᠢᠨ ᠵᠡᠭᠦᠨ ᠦᠷᠲᠡᠭᠡᠨ ᠤ ᠪᠠᠷᠠᠭᠠᠨ ᠲᠠᠯᠠᠪᠠᠢ ᠨᠢᠭᠡᠨᠲᠡ ᠠᠵᠢᠯ ᠳᠠᠭᠤᠰᠴᠤ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠯᠠᠭᠠᠨᠬᠠᠳᠠ ᠶᠢᠨ ᠲᠤᠰᠤᠨ ᠬᠦᠮᠦᠷᠭᠡ ᠶᠢᠨ ᠲᠦᠷᠦᠯ ᠵᠦᠢᠯ ᠨᠢ ᠲᠤᠰᠬᠠᠢ ᠲᠡᠮᠦᠷ ᠵᠠᠮ ᠳᠡᠪᠢᠰᠬᠦ ᠠᠵᠢᠯ ᠳᠤ ᠤᠷᠤᠵᠤ᠂ ᠤᠷᠢᠨ ᠤᠷᠤᠭᠤᠯᠤᠭᠰᠠᠨ 4 ᠬᠤᠷᠢᠶᠠᠨ ᠬᠠᠳᠠᠭᠠᠯᠠᠬᠤ ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠨᠢ 2018 ᠤᠨ ᠳᠤ ᠡᠬᠢᠯᠡᠨ ᠪᠠᠶᠢᠭᠤᠯᠬᠤ ᠪᠤᠯᠤᠨ᠎ᠠ᠃        ᠨᠢᠭᠡ ᠬᠦᠷᠢᠶᠡᠯᠡᠩ᠂ ᠳᠠᠷᠤᠢ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠤᠳᠤᠯᠲᠠ ᠪᠤᠯᠤᠨ ᠶᠡᠭᠡ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ᠂ 260 ᠮᠦ ᠭᠠᠵᠠᠷ ᠡᠵᠡᠯᠡᠨ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠪᠤᠰᠬᠠᠬᠤ ᠦᠢᠯᠡᠴᠢᠯᠡᠭᠡᠨ ᠤ ᠲᠦᠪ ︵ᠪᠤᠶᠢᠵᠢᠭᠤᠯᠤᠭᠴᠢ︶᠂  ᠪᠤᠶᠢᠵᠢᠭᠤᠯᠬᠤ ᠬᠦᠷᠢᠶᠡᠯᠡᠩ᠂ ᠶᠡᠭᠡ ᠳ᠋ᠠᠶᠢᠲ᠋ᠠ ᠶᠢᠨ ᠲᠦᠪ᠂ ᠤᠶᠤᠨᠴᠢ ᠬᠤᠲᠠ ᠶᠢᠨ ᠠᠵᠢᠯᠯᠠᠭᠠᠨ ᠤ ᠵᠢᠯᠤᠭᠤᠳᠬᠤ ᠲᠦᠪ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠭᠰᠠᠨ ᠲᠠᠯᠠᠪᠠᠢ 16 ᠲᠦᠮᠡᠨ ᠲᠡᠭᠰᠢ ᠳᠦᠷᠪᠡᠯᠵᠢᠨ ᠮᠧᠲᠷ ᠬᠦᠷᠴᠦ᠂ ᠨᠡᠶᠢᠲᠡ 16 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠡᠭᠦᠨ ᠤ ᠵᠡᠷᠭᠡᠴᠡᠪᠡᠷ IDC ᠲᠤᠭ᠎ᠠ ᠪᠠᠷᠢᠮᠲᠠ ᠶᠢᠨ ᠲᠦᠪ ᠲᠠᠪᠴᠠᠩ᠂ ᠵᠦᠭᠡᠯᠡᠨ ᠲᠤᠨᠤᠭ ᠤᠨ ᠨᠡᠭᠡᠭᠡᠯᠲᠡ ᠶᠢ ᠬᠢᠨᠠᠨ ᠰᠢᠯᠭᠠᠬᠤ ᠲᠠᠪᠴᠠᠩ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠡᠭᠦᠯᠡᠨ ᠲᠠᠪᠴᠠᠩ᠂ 5000 ᠰᠠᠭᠤᠷᠢ ᠳᠠᠭᠤᠳᠠᠯᠲᠠ ᠶᠢᠨ ᠲᠦᠪ ᠲᠠᠪᠴᠠᠩ ᠵᠢᠴᠢ ᠤᠶᠤᠨᠴᠢ ᠬᠤᠲᠠ ᠵᠡᠷᠭᠡ ᠡᠯ᠎ᠡ ᠲᠦᠷᠦᠯ ᠤᠨ ᠬᠡᠷᠡᠭᠯᠡᠭᠡᠨ ᠤ ᠲᠠᠪᠴᠠᠩ 22 ᠢ ᠪᠠᠶᠢᠭᠤᠯᠵᠤ᠂ ᠡᠭᠦᠨ ᠳᠤ᠂ ᠤᠶᠤᠨᠴᠢ ᠬᠤᠲᠠ ᠶᠢᠨ ᠪᠠᠶᠢᠭᠤᠯᠤᠯᠲᠠ ᠶᠢᠨ ᠲᠦᠯᠦᠪᠯᠡᠭᠡ ᠳᠤ 50 ᠬᠡᠷᠡᠭᠯᠡᠭᠡᠨ ᠤ ᠲᠦᠷᠦᠯ ᠵᠦᠢᠯ ᠢ ᠡᠬᠢᠯᠡᠭᠦᠯᠦᠨ᠂ ᠨᠢᠭᠡᠳᠦᠭᠡᠷ ᠬᠤᠭᠤᠴᠠᠭᠠᠨ ᠳᠤ 18 ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠵᠤ ᠪᠤᠢ᠃ ᠬᠤᠲᠠ ᠶᠢᠨ ᠰᠠᠭᠤᠷᠢ ᠲᠤᠭ᠎ᠠ ᠪᠠᠷᠢᠮᠲᠠ ᠶᠢᠨ ᠬᠦᠮᠦᠷᠭᠡ᠂ ᠢᠨᠲ᠋ᠧᠷᠨᠧᠲ ᠰᠦᠯᠵᠢᠶ᠎ᠡ + ᠨᠠᠮ ᠤᠨ ᠪᠠᠶᠢᠭᠤᠯᠤᠯᠲᠠ᠂ ᠬᠢᠨᠠᠨ ᠰᠢᠯᠭᠠᠬᠤ᠂ ᠬᠠᠤᠯᠢ ᠴᠠᠭᠠᠵᠠ ᠶᠢᠨ ᠬᠢᠨᠠᠯᠲᠠ᠂ ᠤᠶᠤᠨᠴᠢ ᠬᠤᠲᠠ ᠶᠢᠨ ᠬᠠᠮᠢᠶᠠᠷᠤᠯᠲᠠ᠂ ᠤᠶᠤᠨᠴᠢ ᠨᠡᠶᠢᠭᠡᠮ ᠲᠤᠭᠤᠷᠢᠭ᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠶᠡᠭᠡ ᠳ᠋ᠠᠶᠢᠲ᠋ᠠ᠂ ᠴᠢᠬᠤᠯᠠ ᠶᠡᠭᠡ ᠲᠦᠷᠦᠯ ᠵᠦᠢᠯ ᠤᠨ ᠬᠠᠮᠢᠶᠠᠷᠤᠯᠲᠠ᠂ ︽ᠮᠠᠨ ᠤ ᠬᠤᠩᠱᠠᠨ︾ ᠵᠡᠷᠭᠡ 9 ᠲᠦᠷᠦᠯ ᠵᠦᠢᠯ ᠨᠢᠭᠡᠨᠲᠡ ᠪᠠᠶᠢᠭᠤᠯᠵᠤ ᠳᠠᠭᠤᠰᠤᠨ ᠠᠰᠢᠭᠯᠠᠯᠲᠠ ᠳᠤ ᠤᠷᠤᠪᠠ᠃ ᠠᠮᠤᠷ ᠲᠠᠶᠢᠪᠤᠩ ᠬᠤᠲᠠ᠂ ᠢᠳᠡᠭᠡᠨ ᠡᠮ ᠤᠨ ᠬᠢᠨᠠᠨ ᠪᠠᠶᠢᠴᠠᠭᠠᠯᠲᠠ᠂ ᠠᠶᠦᠯᠭᠦᠢ ᠦᠢᠯᠡᠳᠪᠦᠷᠢᠯᠡᠯ ᠤᠨ ᠰᠦᠯᠵᠢᠶᠡᠵᠢᠭᠰᠡᠨ ᠬᠢᠨᠠᠨ ᠬᠠᠮᠢᠶᠠᠷᠤᠯᠲᠠ᠂ ᠤᠶᠤᠨᠴᠢ ᠬᠤᠲᠠ ᠶᠢᠨ ᠶᠠᠪᠤᠳᠠᠯ᠂ ᠤᠶᠤᠨᠴᠢ ᠨᠠᠰᠤᠵᠢᠯ ᠤᠨ ᠠᠰᠠᠷᠠᠮᠵᠢ᠂ ᠺᠠᠳ᠋ᠷ ᠠᠵᠢᠯᠲᠠᠨ ᠤ ᠶᠠᠪᠤᠳᠠᠯ ᠤᠨ ᠲᠤᠭᠠᠴᠢᠯᠠᠭᠰᠠᠨ ᠳᠠᠩᠰᠠ ᠡᠪᠬᠡᠮᠡᠯ᠂ ᠡᠯᠧᠺᠲᠷᠤᠨ ᠪᠢᠴᠢᠭ ᠮᠠᠲ᠋ᠧᠷᠢᠶᠠᠯ ᠢ ᠬᠠᠮᠲᠤᠪᠡᠷ ᠡᠳ᠋ᠯᠡᠬᠦ᠂ ᠤᠶᠤᠨᠴᠢ ᠲᠡᠷᠭᠡᠨ ᠵᠤᠭᠰᠤᠭᠠᠯ᠂ ᠬᠦᠳᠡᠯᠭᠡᠭᠡᠨᠲᠦ ᠠᠯᠪᠠᠨ ᠦᠢᠯᠡᠴᠢᠯᠡᠭᠡ ᠵᠡᠷᠭᠡ 9 ᠲᠦᠷᠦᠯ ᠵᠦᠢᠯ ᠶᠠᠭ ᠪᠠᠶᠢᠭᠤᠯᠤᠭᠳᠠᠵᠤ ᠪᠠᠶᠢᠭ᠎ᠠ ᠪᠠ ᠬᠡᠰᠡᠭ ᠪᠦᠯᠦᠭ ᠨᠢ ᠠᠰᠢᠭᠯᠠᠯᠲᠠ ᠳᠤ ᠤᠷᠤᠪᠠ᠃        ᠤᠳᠤᠬᠠᠨ ᠳᠤ ᠤᠯᠠᠭᠠᠨᠬᠠᠳᠠ ᠶᠢᠨ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠤᠳᠤᠯᠲᠠ ᠪᠤᠯᠤᠨ ᠶᠡᠭᠡ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠨᠢ ᠨᠢᠭᠡᠨᠲᠡ ᠤᠯᠤᠰ ᠤᠨ ᠳᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ᠂ ᠪᠦᠬᠦ ᠤᠯᠤᠰ ᠤᠨ ᠦᠢᠯᠡᠰ ᠪᠤᠰᠬᠠᠬᠤ ᠪᠤᠶᠢᠵᠢᠭᠤᠯᠤᠭᠴᠢ ᠶᠢᠨ ᠵᠢᠱᠢᠶ᠎ᠡ ᠦᠵᠡᠭᠦᠯᠬᠦ ᠰᠠᠭᠤᠷᠢᠨ᠂ ᠤᠯᠤᠰ ᠤᠨ ᠳᠡᠰ ᠤᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠪᠤᠶᠢᠵᠢᠭᠤᠯᠤᠭᠴᠢ᠂ ᠤᠯᠤᠰ ᠤᠨ ᠳᠡᠰ ᠤᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ᠂ ᠦᠪᠡᠷᠲᠡᠭᠡᠨ ᠵᠠᠰᠠᠬᠤ ᠤᠷᠤᠨ ᠤ ᠳᠡᠰ ᠤᠨ ᠡᠭᠦᠯᠡᠨ ᠪᠤᠳᠤᠯᠲᠠ ᠶᠢᠨ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠪᠠᠶᠢᠭᠤᠯᠭ᠎ᠠ᠂ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠠᠰ ᠤᠨ ᠬᠤᠯᠪᠤᠭᠠᠨ ᠤ ᠲᠤᠤᠷᠵᠢᠯ ᠤᠨ ᠰᠢᠨ᠎ᠡ ᠶᠢ ᠡᠭᠦᠳᠬᠦ  ᠪᠤᠶᠢᠵᠢᠭᠤᠯᠤᠭᠴᠢ ᠪᠠᠶᠢᠵᠤ᠂ ᠪᠦᠬᠦ ᠲᠤᠭᠤᠷᠢᠭ ᠤᠨ ᠡᠭᠦᠯᠡᠨ ᠪᠤᠳᠤᠯᠲᠠ ᠶᠢᠨ ᠵᠦᠭᠡᠯᠡᠨ ᠲᠤᠨᠤᠭ ᠢ ᠰᠤᠳᠤᠯᠤᠨ ᠨᠡᠭᠡᠭᠡᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠲᠦᠪ ᠪᠤᠯᠤᠨ ᠶᠡᠭᠡ ᠳ᠋ᠠᠶᠢᠲ᠋ᠠ ᠶᠢᠨ ᠴᠤᠭᠯᠠᠭᠤᠯᠤᠨ ᠬᠠᠳᠠᠭᠠᠯᠠᠬᠤ ᠲᠦᠪ ᠵᠢᠴᠢ ᠤᠶᠤᠨᠴᠢ ᠬᠤᠲᠠ ᠶᠢᠨ ᠪᠠᠶᠢᠭᠤᠯᠤᠯᠲᠠ ᠶᠢ ᠤᠷᠢᠳᠠᠪᠡᠷ ᠶᠠᠪᠤᠭᠳᠠᠭᠤᠯᠤᠨ ᠤᠷᠢᠳᠠᠪᠡᠷ ᠲᠤᠷᠰᠢᠬᠤ ᠵᠢᠱᠢᠶ᠎ᠡ ᠦᠵᠡᠭᠦᠯᠬᠦ ᠢᠨᠵᠧᠨᠧᠷᠢᠩ ᠠᠩᠬ᠎ᠠ ᠠᠯᠬᠤᠮ ᠪᠦᠷᠢᠯᠳᠦᠪᠡ᠃        2017 ᠤᠨ ᠳᠤ ᠬᠦᠷᠢᠶᠡᠯᠡᠩ ᠲᠤᠭᠤᠷᠢᠭ ᠲᠤ 93 ᠪᠤᠶᠢᠵᠢᠨ ᠪᠤᠵᠠᠭᠠᠶᠢᠷᠠᠵᠤ ᠪᠠᠶᠢᠭ᠎ᠠ  ︵ᠳᠡᠭᠡᠳᠦ ᠰᠢᠨ᠎ᠡ ᠮᠡᠷᠭᠡᠵᠢᠯ ᠤᠨ ᠦᠢᠯᠡᠰ ᠪᠤᠰᠬᠠᠬᠤ ᠦᠢᠯᠡᠴᠢᠯᠡᠭᠡ ᠬᠦᠷᠲᠡᠵᠦ ᠪᠠᠶᠢᠭ᠎ᠠ︶ ᠠᠵᠤ ᠠᠬᠤᠶᠢᠯᠠᠯ ᠪᠠᠶᠢᠵᠤ᠂ 18 ᠳ᠋ᠦᠩᠰᠢᠭᠤᠷ ᠲᠦᠭᠦᠷᠢᠭ ᠤᠨ ᠰᠤᠯᠢᠯᠴᠠᠭᠠᠨ ᠤ ᠲᠤᠭ᠎ᠠ ᠶᠢ ᠪᠡᠶᠡᠯᠡᠭᠦᠯᠦᠨ᠂ ᠭᠠᠶᠢᠯᠢ ᠲᠠᠲᠠᠪᠤᠷᠢ 3000 ᠭᠠᠷᠤᠢ ᠲᠦᠮᠡᠨ ᠲᠦᠭᠦᠷᠢᠭ᠂ ᠠᠵᠢᠯ ᠤᠯᠭᠤᠭᠰᠠᠳ 3000 ᠬᠦᠮᠦᠨ ᠢ ᠳᠠᠪᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号