ᠤᠷᠤᠨ ᠪᠠᠶᠢᠷᠢ ᠶᠢᠨ ᠳᠠᠪᠠᠭᠤᠯᠢᠭ
ᠨᠡᠶᠢᠲᠡᠯᠡᠭᠰᠡᠨ ᠴᠠᠭ᠄
2018/11/8
       ᠬᠤᠩᠱᠠᠨ ᠲᠤᠭᠤᠷᠢᠭ ᠨᠢ ᠤᠮᠠᠷᠠᠲᠤ ᠤᠷᠤᠨ ᠪᠠ ᠵᠡᠬᠦᠨ ᠬᠤᠶᠢᠲᠤ ᠤᠷᠤᠨ ᠬᠤᠶᠠᠷ ᠶᠡᠭᠡ ᠠᠵᠤ ᠠᠬᠤᠢ ᠶᠢᠨ ᠤᠷᠤᠨ ᠤ ᠠᠭᠤᠯᠵᠠᠷ ᠲᠤ ᠪᠠᠶᠢᠷᠢᠯᠠᠨ᠂ ᠪᠡᠭᠡᠵᠢᠩ᠂ ᠲᠢᠶᠠᠨᠵᠢᠨ᠂ ᠮᠦᠭᠳᠡᠨ ᠪᠠ ᠪᠦᠸᠧᠬᠠᠢ ᠲᠠᠩᠭᠢᠰ ᠳᠠᠭᠠᠤ ᠭᠠᠷᠠᠮ ᠬᠤᠲᠠ ᠠᠴᠠ ᠪᠦᠷ 500 ᠺᠢᠯᠦᠮᠧᠲᠷ ᠤᠷᠴᠢᠮ ᠵᠠᠶᠢᠲᠠᠢ ᠪᠠᠶᠢᠵᠤ᠂ ᠪᠦᠸᠧᠬᠠᠢ ᠲᠠᠩᠭᠢᠰ ᠢ ᠲᠤᠭᠤᠷᠢᠭᠰᠠᠨ ᠠᠵᠤ ᠠᠬᠤᠢ ᠶᠢᠨ ᠴᠠᠭᠠᠷᠢᠭ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠵᠡᠭᠦᠨ ᠬᠤᠶᠢᠲᠦ ᠤᠷᠤᠨ᠂ ᠤᠮᠠᠷᠠᠲᠤ ᠤᠷᠤᠨ ᠪᠤᠯᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠᠳᠤ ᠪᠠᠷᠠᠭᠤᠨ ᠬᠡᠰᠡᠭ ᠤᠨ ᠭᠠᠵᠠᠷ ᠤᠷᠤᠨ ᠤ ᠴᠢᠬᠤᠯᠠ ᠵᠠᠮ ᠬᠠᠷᠢᠯᠴᠠᠭᠠᠨ ᠤ ᠬᠦᠢᠰᠦ ᠪᠠᠶᠢᠵᠤ᠂ ᠪᠠᠰᠠᠴᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠭᠠᠳᠠᠭᠠᠳᠤ ᠳᠤ ᠭᠠᠷᠭᠠᠬᠤ ᠳᠠᠯᠠᠢ ᠶᠢᠨ ᠭᠠᠷᠠᠮ ᠠᠴᠠ ᠬᠠᠮᠤᠭ ᠤᠶᠢᠷ᠎ᠠ ᠭᠠᠵᠠᠷ ᠤᠷᠤᠨ ᠪᠤᠯᠤᠨ᠎ᠠ᠃ ᠲᠤᠰ ᠭᠠᠵᠠᠷ ᠤᠷᠤᠨ ᠤ ᠬᠡᠪᠴᠢᠶᠡᠨ ᠳᠤ ᠤᠯᠠᠭᠠᠨᠬᠠᠳᠠ ᠠᠴᠠ ᠲᠦᠩᠯᠢᠶᠤᠤ᠂ ᠤᠯᠠᠭᠠᠨᠬᠠᠳᠠ ᠠᠴᠠ ᠴᠤᠤᠶᠠᠩ᠂ ᠤᠯᠠᠭᠠᠨᠬᠠᠲᠠ ᠠᠴᠠ ᠴᠧᠩᠳᠧ ᠬᠦᠷᠬᠦ ᠭᠤᠷᠪᠠᠨ ᠵᠤᠷᠪᠤᠰ ᠳᠡᠭᠡᠳᠦ ᠬᠤᠷᠳᠤ ᠶᠢᠨ ᠵᠠᠰᠠᠮᠠᠯ ᠵᠠᠮ ᠲᠠᠢ᠂ ᠵᠢᠩ ᠲᠦᠩ ︵ᠪᠡᠭᠡᠵᠢᠩ ᠲᠦᠩᠯᠢᠶᠤᠤ︶᠂ ᠶᠧ ᡂᠢ ︵ᠶᠧ ᠪᠠᠢ ᠱᠸᠦ ᠤᠯᠠᠭᠠᠨᠬᠠᠳᠠ︶᠂ ᠵᠢᠢ ᠲᠦᠩ ︵ᠤᠯᠠᠭᠠᠨᠴᠠᠪ ᠲᠦᠩᠯᠢᠶᠤᠤ︶᠂ ᡂᠢ ᠳ᠋ᠠ ᠪᠠᠢ ︵ᠤᠯᠠᠭᠠᠨᠬᠠᠳᠠ ᠳ᠋ᠠᠪᠠᠨ ᠪᠠᠷᠠᠭᠤᠨ ᠦᠵᠦᠮᠦᠴᠢᠨ ᠤ ᠪᠠᠶᠠᠨᠬᠤᠸᠠ︶ 4 ᠵᠤᠷᠪᠤᠰ ᠲᠡᠮᠦᠷ ᠵᠠᠮ ᠪᠠᠶᠢᠵᠤ᠂ 9 ᠵᠤᠷᠪᠤᠰ ᠤᠯᠤᠰ ᠤᠨ ᠪᠠ ᠮᠤᠵᠢ ᠶᠢᠨ ᠵᠠᠰᠠᠮᠠᠯ ᠵᠠᠮ ᠤᠨ ᠭᠤᠤᠯ ᠱᠤᠭᠤᠮ ᠢᠶᠠᠷ ᠭᠠᠳᠠᠭᠰᠢ ᠨᠡᠪᠲᠡᠷᠡᠨ᠂ ᠤᠳᠤ ᠪᠡᠭᠡᠵᠢᠩ᠂ ᠬᠦᠬᠡᠬᠤᠲᠠ᠂ ᠮᠦᠭᠳᠡᠨ᠂ ᠳ᠋ᠠᠯᠢᠶᠠᠨ᠂ ᠲᠢᠶᠠᠨᠵᠢᠨ ᠂ ᠱᠠᠩᠬᠠᠢ᠂ ᠭᠤᠸᠠᠩᠵᠸᠦ᠂ ᠨᠠᠨᠵᠢᠩ᠂ ᠬᠠᠷᠪᠢᠨ᠂ ᠰᠢ ᠠᠨ ᠵᠡᠷᠭᠡ ᠭᠠᠵᠠᠷ ᠲᠤ ᠨᠡᠪᠲᠡᠷᠡᠬᠦ ᠤᠯᠠᠨ ᠵᠤᠷᠪᠤᠰ ᠠᠭᠠᠷ ᠤᠨ ᠠᠶᠠᠯᠠᠯ ᠤᠨ ᠵᠠᠮ ᠱᠤᠭᠤᠮ ᠲᠠᠢ ᠪᠠᠶᠢᠵᠤ᠂ ᠵᠠᠮ ᠬᠠᠷᠢᠯᠴᠠᠭ᠎ᠠ ᠲᠤᠶᠢᠯ ᠤᠨ ᠳᠦᠭᠦᠮ ᠳᠦᠲᠡ ᠪᠠᠶᠢᠳᠠᠭ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号