ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ 2017 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠭᠦᠢᠴᠡᠳᠬᠡᠭᠰᠡᠨ ᠪᠠᠶᠢᠳᠠᠯ ᠪᠤᠯᠤᠨ 2018 ᠤᠨ ᠤ ᠲᠦᠯᠦᠪᠯᠡᠭᠡ ᠶᠢᠨ ᠲᠦᠰᠦᠯ ᠤᠨ ᠲᠤᠬᠠᠢ ᠮᠡᠳᠡᠭᠦᠯᠦᠯᠲᠡ
ᠨᠡᠶᠢᠲᠡᠯᠡᠭᠰᠡᠨ ᠴᠠᠭ᠄
2018-02-11
                 — — 2018 ᠤᠨ ᠤ 1 ᠰᠠᠷ᠎ᠠ ᠶᠢᠨ 17 ᠤ ᠡᠳᠦᠷ                  ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ                  ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ                  ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                  ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ                  ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠶᠢᠨ                  ᠲᠤᠪᠴᠢᠶᠠᠨ ᠳᠠᠷᠤᠭ᠎ᠠ    ᠱᠢ ᠯᠸᠢᠲᠦᠯᠦᠭᠡᠯᠡᠭᠴᠢᠳ ᠡ᠄        ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠪᠢ ᠶᠡᠭᠡ ᠬᠤᠷᠠᠯ ᠳᠤ ︽ᠬᠤᠩ ᠱᠠᠨ ᠲᠤᠭᠤᠷᠢᠭ ᠤᠨ 2017 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠭᠦᠢᠴᠡᠳᠬᠡᠭᠰᠡᠨ ᠪᠠᠶᠢᠳᠠᠯ ᠪᠤᠯᠤᠨ 2018 ᠤᠨ ᠤ ᠲᠦᠯᠦᠪᠯᠡᠭᠡ ᠶᠢᠨ ᠲᠦᠰᠦᠯ︾ ᠤᠨ ᠲᠤᠬᠠᠢ ᠮᠡᠳᠡᠭᠦᠯᠦᠯᠲᠡ ᠬᠢᠶ᠎ᠡ᠂ ᠬᠢᠨᠡᠨ ᠵᠦᠪᠯᠡᠬᠦ ᠪᠤᠯᠪᠠᠤ᠃        ᠨᠢᠭᠡ᠂ 2017 ᠤᠨ ᠤ ᠪᠦᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠭᠦᠢᠴᠡᠳᠬᠡᠭᠰᠡᠨ ᠪᠠᠶᠢᠳᠠᠯ        2017 ᠤᠨ ᠠᠴᠠ ᠨᠠᠰᠢ᠂ ᠪᠦᠬᠦ ᠲᠤᠭᠤᠷᠢᠭ ᠢᠶᠠᠷ ᠢᠶᠠᠨ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠨᠠᠶᠢᠳᠠᠪᠤᠷᠢᠵᠢᠭᠤᠯᠤᠨ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠡᠯ᠎ᠡ ᠲᠦᠷᠦᠯ ᠤᠨ ᠠᠵᠢᠯ ᠢ ᠪᠦᠲᠦᠮᠵᠢᠲᠠᠢ ᠮᠦᠷᠲᠡᠭᠡᠨ ᠪᠠᠲᠤᠲᠠᠢ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠡ ᠶᠢ  ᠳᠡᠭᠡᠭᠰᠢᠯᠡᠭᠦᠯᠵᠦ᠂ ᠬᠦᠭᠵᠢᠯᠲᠡ ᠶᠢᠨ ᠬᠦᠳᠡᠯᠭᠡᠭᠦᠷ ᠢ ᠬᠤᠪᠢᠷᠠᠭᠤᠯᠤᠨ᠂ ᠬᠤᠲᠠ ᠨᠡᠩ ᠰᠠᠭᠤᠷᠢᠰᠢᠬᠤ ᠳᠤ ᠲᠤᠬᠢᠯᠢᠭ ᠪᠤᠯᠤᠨ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠰᠠᠶᠢᠨ ᠪᠠᠶᠢᠳᠠᠯ ᠢᠯᠡᠷᠡᠪᠡ᠃ ᠤᠷᠢᠳᠴᠢᠯᠠᠨ ᠵᠢᠱᠢᠭᠰᠡᠨ ᠢᠶᠠᠷ ᠪᠦᠬᠦ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 350 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠨᠡᠮᠡᠭᠳᠡᠪᠡ︔ 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 202 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 15% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 155 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 33500 ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ︔ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 17900 ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 21.7 ᠳ᠋ᠦᠩᠰᠢᠭᠤᠷ ᠲᠦᠭᠦᠷᠢᠭ ᠢ ᠪᠤᠳᠠᠲᠠᠢ ᠪᠡᠶᠡᠯᠡᠭᠦᠯᠪᠡ᠃        ︵ᠨᠢᠭᠡ︶ ᠲᠠᠷᠢᠶᠠᠯᠠᠩ ᠤᠨ ᠬᠦᠭᠵᠢᠯᠲᠡ ᠶᠢᠨ ᠪᠦᠲᠦᠮᠵᠢ ᠢᠯᠡᠷᠬᠡᠢ᠃ ᠲᠠᠷᠢᠮᠠᠯ ᠤᠨ ᠵᠦᠢᠯ ᠤᠨ ᠶᠡᠷᠦᠩᠬᠡᠢ ᠲᠠᠯᠠᠪᠠᠢ 21.17 ᠲᠦᠮᠡᠨ ᠮᠦ ᠬᠦᠷᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠯᠠᠪᠳᠠᠭᠤᠨ ᠬᠦᠭᠵᠢᠵᠦ᠂ ᠪᠦᠬᠦ ᠵᠢᠯ ᠳᠤ 10 ᠲᠦᠮᠡᠨ ᠲᠤᠯᠤᠭᠠᠢ ᠭᠡᠷ ᠤᠨ ᠲᠠᠵᠢᠭᠡᠪᠦᠷᠢ ᠶᠢ ᠪᠤᠷᠤᠯᠠᠭᠤᠯᠪᠠ᠃ ᠲᠠᠷᠢᠶᠠᠯᠠᠩ ᠤᠨ ᠮᠧᠬᠠᠨᠢᠭ ᠤᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ 15 ᠲᠦᠮᠡᠨ ᠮᠦ ᠭᠠᠵᠠᠷ ᠲᠤ ᠮᠠᠰᠢᠨ ᠮᠧᠬᠠᠨᠢᠭ ᠢᠶᠠᠷ ᠲᠠᠷᠢᠪᠠ᠃ ᠡᠷᠭᠢᠯᠳᠦᠭᠦᠯᠦᠨ ᠠᠰᠢᠭᠯᠠᠭᠰᠠᠨ ᠭᠠᠵᠠᠷ ᠤᠨ ᠲᠠᠯᠠᠪᠠᠢ 1.4 ᠲᠦᠮᠡᠨ ᠮᠦ ᠰᠢᠨ᠎ᠡ ᠪᠠᠷ ᠨᠡᠮᠡᠭᠳᠡᠵᠦ᠂ ᠨᠡᠶᠢᠲᠡ 10.56 ᠲᠦᠮᠡᠨ ᠮᠦ ᠬᠦᠷᠴᠦ᠂ ᠡᠷᠭᠢᠯᠳᠦᠭᠦᠯᠦᠨ ᠠᠰᠢᠭᠯᠠᠭᠰᠠᠨ ᠨᠤᠷᠮ᠎ᠠ 55% ᠬᠦᠷᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠠᠵᠤ ᠠᠬᠤᠶᠢᠯᠠᠯ ᠤᠨ ᠡᠵᠡᠩᠨᠡᠯᠲᠡ ᠨᠡᠯᠢᠶᠡᠳ ᠰᠠᠶᠢᠨ᠂ ᠳᠠᠭᠠᠭᠤᠯᠤᠭᠴᠢ ᠦᠢᠯᠡᠳᠦᠯ ᠤᠨ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ 100 ᠡᠷᠦᠬᠡ ᠪᠤᠯᠪᠠ᠃ ᠬᠦᠳᠡᠭᠡ ᠲᠤᠰᠬᠤᠨ ᠤ ᠠᠵᠤ ᠠᠬᠤᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠲᠠ 30 ᠡᠷᠦᠬᠡ ᠰᠢᠨ᠎ᠡ ᠪᠠᠷ ᠨᠡᠮᠡᠭᠳᠡᠨ᠂ ᠶᠡᠷᠦᠩᠬᠡᠢ ᠲᠤᠭ᠎ᠠ ᠨᠢ 176 ᠡᠷᠦᠬᠡ ᠬᠦᠷᠪᠡ᠃ ᠦᠪᠡᠷᠲᠡᠭᠡᠨ ᠵᠠᠰᠠᠬᠤ ᠤᠷᠤᠨ ᠤ ᠰᠡᠯᠡᠭᠦᠴᠡᠯ ᠲᠠᠷᠢᠶᠠᠯᠠᠩ ᠪᠤᠯᠤᠨ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠤᠷᠤᠨ ᠪᠤᠯᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠲᠤᠷᠰᠢᠯᠲᠠ ᠶᠢᠨ ᠬᠤᠰᠢᠭᠤ ᠰᠢᠶᠠᠨ ᠲᠤᠭᠤᠷᠢᠭ ᠤᠨ ᠡᠩᠨᠡᠭᠡᠨ ᠳᠤ ᠠᠮᠵᠢᠯᠲᠠ ᠲᠠᠢ ᠪᠠᠷ ᠤᠷᠤᠪᠠ᠃        ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠤ ᠳᠤᠮᠳᠠ ᠠᠬᠢᠯᠲᠠ ᠲᠠᠢ᠃ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠬᠦᠭᠵᠢᠪᠡ᠃ ᠶᠤᠸᠠᠨ ᠯᠢᠶᠠᠨ ᠪᠤᠯᠤᠳ ᠲᠡᠮᠦᠷ ︽ᠳᠤᠮᠳᠠᠳᠤ ᠤᠯᠤᠰ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ 500 ᠬᠦᠴᠦᠷᠬᠡᠭ︾ ᠤᠨ ᠡᠩᠨᠡᠭᠡᠨ ᠳᠤ ᠵᠢᠭᠰᠠᠵᠤ᠂ ᠳ᠋ᠦᠩ ᠷᠦᠩ ᠪᠦᠯᠦᠭᠯᠡᠯ ᠤᠯᠠᠨ ᠤᠯᠤᠰ ᠤᠨ ᠨᠤᠤᠰᠤᠨ ᠦᠢᠯᠡᠰ ᠤᠨ ᠨᠡᠶᠢᠭᠡᠮᠯᠢᠭ ᠲᠤ ᠤᠷᠤᠪᠠ᠃ ᠵᠢᠯ ᠤᠨ ᠡᠬᠢᠨ ᠳᠤ ᠲᠤᠭᠲᠠᠭᠠᠭᠰᠠᠨ 47 ᠶᠡᠷᠦᠩᠬᠡᠢ ᠪᠡᠯᠡ ᠤᠷᠤᠭᠤᠯᠤᠯᠲᠠ ᠨᠢ 3000 ᠲᠦᠮᠡᠨ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠪᠦᠬᠦᠨ ᠢᠶᠠᠷ ᠢᠶᠠᠨ ᠠᠵᠢᠯ ᠡᠬᠢᠯᠡᠨ ᠪᠦᠲᠦᠭᠡᠨ ᠪᠠᠶᠢᠭᠤᠯᠵᠤ᠂ ᠬᠤᠩ ᠱᠠᠨ ᠲᠤᠭᠤᠷᠢᠭ ᠤᠨ ᠵᠦᠸᠧ ᠪᠠᠩ ᠬᠠᠩ ᠰᠢᠶᠤᠤ ᠪᠤᠬᠢᠷᠳᠤᠯ ᠦᠭᠡᠢ ᠪᠠᠷᠢᠯᠭ᠎ᠠ ᠶᠢᠨ ᠦᠢᠯᠡᠰ ᠤᠨ ᠬᠢᠵᠠᠭᠠᠷᠲᠤ ᠺᠤᠮᠫᠠᠨᠢ ᠶᠢᠨ ᠪᠤᠯᠤᠳ ᠪᠦᠲᠦᠴᠡ ᠶᠢᠨ ᠦᠢᠯᠡᠳᠪᠦᠷᠢᠯᠡᠯ ᠤᠨ ᠱᠤᠭᠤᠮ ᠤᠨ ᠪᠠᠶᠢᠭᠤᠯᠤᠯᠲᠠ᠂ ᠤᠯᠠᠭᠠᠨᠬᠠᠳᠠ ᠬᠤᠲᠠ ᠶᠢᠨ ᠬᠤᠩ ᠱᠠᠨ ᠵᠢᠶᠦ᠋ᠨ ᠢᠳᠡᠭᠡᠨ ᠤ ᠬᠢᠵᠠᠭᠠᠷᠲᠤ ᠺᠤᠮᠫᠠᠨᠢ ᠶᠢᠨ ᠤᠯᠠᠭᠠᠨ ᠢᠳᠡᠭᠡᠨ ᠪᠤᠯᠪᠠᠰᠤᠷᠠᠭᠤᠯᠬᠤ ᠵᠡᠷᠭᠡ 3 ᠲᠦᠷᠦᠯ ᠵᠦᠢᠯ ᠨᠢᠭᠡᠨᠲᠡ ᠠᠵᠢᠯ ᠳᠠᠭᠤᠰᠤᠨ ᠠᠰᠢᠭᠯᠠᠯᠲᠠ ᠳᠤ ᠤᠷᠤᠪᠠ᠃ 151 ᠡᠷᠦᠬᠡ ᠠᠵᠤ ᠠᠬᠤᠶᠢᠯᠠᠯ ᠬᠤᠩ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠰᠠᠭᠤᠷᠢᠰᠢᠵᠤ᠂ ᠡᠭᠦᠨ ᠳᠤ 54 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠠᠶᠢᠨ᠎ᠠ︔ ᠬᠤᠩ ᠱᠠᠨ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠭᠰᠡᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠪᠣᠯᠵᠤ᠂ 55 ᠡᠷᠦᠬᠡ ᠠᠵᠤ ᠠᠬᠤᠶᠢᠯᠠᠯ ᠤᠷᠤᠵᠤ ᠰᠠᠭᠤᠷᠢᠰᠢᠨ᠂ 33 ᠡᠷᠦᠬᠡ ᠠᠵᠤ ᠠᠬᠤᠶᠢᠯᠠᠯ ᠠᠰᠢᠭᠯᠠᠯᠲᠠ ᠳᠤ ᠤᠷᠤᠵᠤ᠂ 8 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠤᠢ᠃        ︵ᠭᠤᠷᠪᠠ︶ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠪᠡ᠃ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠬᠦ ᠪᠠᠷ ᠭᠠᠷᠳᠠᠴᠠ ᠪᠤᠯᠭᠠᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠦᠭᠵᠢᠭᠦᠯᠪᠡ᠃ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠲᠠᠬᠢᠨᠲᠠ ᠤᠯᠤᠰ ᠤᠨ ᠳᠡᠰ ᠤᠨ ᠰᠢᠯᠢᠳᠡᠭ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠤᠨᠴᠠᠭᠠᠢ ᠢᠷᠠᠭᠤ ᠠᠯᠳᠠᠷ ᠢ ᠬᠦᠷᠲᠡᠵᠦ᠂ ᠡᠯ᠎ᠡ ᠲᠦᠷᠦᠯ ᠤᠨ ᠪᠡᠯᠡ ᠤᠷᠤᠭᠤᠯᠤᠯᠲᠠ 14.6 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠰᠤᠯᠢᠯᠴᠠᠭᠠᠨ ᠤ ᠲᠤᠭ᠎ᠠ 470 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠭᠠᠶᠢᠯᠢ ᠲᠠᠲᠠᠪᠤᠷᠢ 10 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ ᠤᠯᠠᠭᠠᠨᠬᠠᠳᠠ ᠶᠢᠨ ᠡᠸ᠋ᠨ ᡁᠢ ᠡᠭᠦᠯᠡᠨ ᠬᠠᠳᠠᠭᠠᠯᠠᠯᠲᠠ ᠶᠢᠨ ᠲᠦᠷᠦᠯ ᠵᠦᠢᠯ ᠤᠨ ᠡᠭᠦᠯᠡᠨ ᠬᠦᠮᠦᠷᠭᠡ᠂ ᠤᠯᠠᠭᠠᠨᠬᠠᠳᠠ ᠶᠢᠨ ᠺᠠᠢ ᠹᠦ᠋ ᠳ᠋ᠠ ᠭᠠᠷ ᠳᠠᠮᠵᠢᠭᠰᠠᠨ ᠮᠠᠰᠢᠨ ᠢ ᠭᠡᠷᠡᠴᠢᠯᠡᠬᠦ ᠰᠤᠯᠢᠯᠴᠠᠭᠠᠨ ᠤ ᠦᠵᠡᠭᠦᠯᠦᠯᠭᠡ ᠶᠢᠨ ᠲᠢᠩᠬᠢᠮ᠂ ᠤᠯᠠᠭᠠᠨᠬᠠᠳᠠ ᠶᠢᠨ ᠲᠡᠮᠦᠷ ᠵᠠᠮ ᠤᠨ ᠪᠠᠷᠠᠭᠠᠨ ᠭᠦᠢᠯᠭᠡᠭᠡᠨ ᠤ ᠰᠠᠭᠤᠷᠢᠨ᠂ ᠤᠯᠠᠭᠠᠨᠬᠠᠳᠠ ᠶᠢᠨ ᠤᠮᠠᠷᠠᠲᠤ ᠤᠷᠤᠨ ᠤ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠦᠪ ᠵᠡᠷᠭᠡ ᠲᠦᠷᠦᠯ ᠵᠦᠢᠯ ᠳᠠᠷᠠᠭ᠎ᠠ ᠳᠠᠷᠠᠭ᠎ᠠ ᠪᠠᠷ ᠠᠵᠢᠯ ᠳᠠᠭᠤᠰᠪᠠ᠃ ᠤᠯᠠᠭᠠᠨᠬᠠᠳᠠ ᠶᠢᠨ ᠲᠦᠷᠭᠡᠨ  ᠭᠦᠷᠭᠡᠯᠲᠡ ᠶᠢᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠪᠤᠯᠤᠳ ᠮᠠᠲ᠋ᠧᠷᠢᠶᠠᠯ ᠤᠨ ᠬᠤᠲᠠ ᠪᠤᠯᠤᠨ ᠤᠯᠠᠭᠠᠨᠬᠠᠳᠠ ᠶᠢᠨ ᠴᠢᠯᠠᠭᠤᠨ ᠮᠠᠲ᠋ᠧᠷᠢᠶᠠᠯ ᠤᠨ ᠬᠤᠲᠠ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢᠨ ᠠᠬᠢᠴᠠ ᠢᠯᠭᠤᠮ ᠤᠷᠤᠭᠰᠢᠲᠠᠢ︔ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠲᠤ 11 ᠠᠷᠠᠯᠵᠢᠶᠠᠴᠢᠨ ᠡᠷᠦᠬᠡ ᠰᠠᠭᠤᠷᠢᠰᠢᠨ᠂ 15 ᠡᠷᠦᠬᠡ ᠭᠠᠶᠢᠯᠢ ᠪᠠᠲᠤᠯᠠᠬᠤ ᠰᠢᠭᠤᠳ ᠡᠵᠡᠩᠨᠡᠯᠲᠡ ᠶᠢᠨ ᠳᠡᠯᠭᠡᠭᠦᠷ ᠢ ᠳᠡᠯᠭᠡᠷᠡᠭᠦᠯᠦᠨ ᠲᠦᠭᠡᠮᠡᠯᠵᠢᠭᠦᠯᠵᠦ᠂ ᠰᠤᠯᠢᠯᠴᠠᠭᠠᠨ ᠤ ᠲᠤᠭ᠎ᠠ 1.5 ᠳ᠋ᠦᠩᠰᠢᠭᠤᠷ ᠲᠦᠭᠦᠷᠢᠭ ᠬᠦᠷᠴᠦ ᠂ ᠳᠤᠮᠳᠠᠳᠤ ᠡᠸᠦ᠋ᠷᠦᠫᠡ ︵ᠤᠯᠠᠭᠠᠨᠬᠠᠳᠠ ᠮᠠᠨᠵᠤᠤᠷ ᠡᠸᠦ᠋ᠷᠦᠫᠡ︶ ᠶᠢᠨ ᠤᠯᠠᠨ ᠤᠯᠤᠰ ᠤᠨ ᠴᠢᠩᠭᠡᠯᠢᠭ ᠡᠭᠡᠯᠵᠢ ᠶᠢᠨ ᠭᠠᠯᠲᠤ ᠪᠠᠶᠢᠩᠭᠤᠵᠢᠭᠰᠠᠨ ᠡᠵᠡᠩᠨᠡᠯᠲᠡ ᠬᠢᠪᠡ᠃ ᠤᠯᠠᠨ ᠤᠯᠤᠰ ᠤᠨ ᠲᠦᠷᠭᠡᠨ ᠭᠦᠷᠭᠡᠯᠲᠡ ᠶᠢᠨ ᠬᠢᠨᠡᠨ ᠬᠠᠮᠢᠶᠠᠷᠤᠯᠲᠠ ᠶᠢᠨ ᠲᠦᠪ ᠤᠨ ᠪᠠᠶᠢᠭᠤᠯᠤᠯᠲᠠ ᠳᠠᠭᠤᠰᠴᠤ᠂ ᠡᠵᠡᠩᠨᠡᠬᠦ ᠪᠠᠷ ᠪᠡᠯᠡᠳᠬᠡᠪᠡ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠦᠷᠦᠯ ᠵᠦᠢᠯ ᠰᠢᠨ᠎ᠡ ᠠᠬᠢᠯᠲᠠ ᠲᠠᠢ ᠪᠠᠶᠢᠵᠤ᠂ ᠬᠢᠯᠢ ᠠᠯᠤᠰᠯᠠᠭᠰᠠᠨ ᠠᠷᠠᠯᠵᠢᠶ᠎ᠠ ᠡᠯᠧᠺᠲᠷᠤᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠶᠠᠭ ᠪᠠᠶᠢᠭᠤᠯᠵᠤ ᠪᠠᠶᠢᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠢ ᠳᠡᠰ ᠳᠡᠪᠰᠢᠭᠦᠯᠬᠦ ᠠᠵᠢᠯ ᠢ ᠡᠮᠬᠢ ᠴᠡᠭᠴᠡᠲᠡᠢ ᠠᠬᠢᠭᠤᠯᠵᠤ᠂ ︽ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠢ ᠡᠷᠡᠮᠡᠯᠵᠡᠨ ᠪᠠᠶᠢᠭᠤᠯᠤᠭᠰᠠᠨ ᠮᠡᠳᠡᠭᠦᠯᠦᠯᠲᠡ︾ ᠪᠤᠯᠤᠨ ︽ᠤᠯᠠᠭᠠᠨᠬᠠᠳᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠲᠦᠷᠦᠯ ᠵᠦᠢᠯ ᠤᠨ ᠪᠤᠯᠤᠮᠵᠢᠲᠦ ᠴᠢᠨᠠᠷ ᠢ ᠰᠤᠳᠤᠯᠬᠤ ᠮᠡᠳᠡᠭᠦᠯᠦᠯᠲᠡ︾ ᠶᠢ ᠨᠢᠭᠡᠨᠲᠡ ᠪᠦᠷᠢᠳᠦᠭᠦᠯᠪᠡ︔ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠤᠳᠤᠯᠲᠠ ᠪᠤᠯᠤᠨ ᠶᠡᠭᠡ ᠳ᠋ᠠᠶᠢᠲ᠋ᠠ ᠶᠢᠨ ᠬᠦᠷᠢᠶᠡᠯᠡᠩ ᠲᠤᠭᠤᠷᠢᠭ ᠲᠤ 86 ᠡᠷᠦᠬᠡ ᠡᠯ᠎ᠡ ᠲᠦᠷᠦᠯ ᠤᠨ ᠠᠵᠤ ᠠᠬᠤᠶᠢᠯᠠᠯ ᠰᠠᠭᠤᠷᠢᠰᠢᠨ᠂ ᠰᠤᠯᠢᠯᠴᠠᠭᠠᠨ ᠤ ᠲᠤᠭ᠎ᠠ ᠪᠠᠷᠤᠭ 18 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠭᠠᠶᠢᠯᠢ ᠲᠠᠲᠠᠪᠤᠷᠢ 3000 ᠲᠦᠮᠡᠨ ᠲᠦᠭᠦᠷᠢᠭ᠂ 3000 ᠬᠦᠮᠦᠨ ᠳᠤ ᠠᠵᠢᠯ ᠤᠯᠭᠤᠪᠠ᠃ ︽ᠬᠤᠶᠠᠷ ᠰᠦᠯᠵᠢᠶ᠎ᠡ᠂ ᠬᠤᠶᠠᠷ ᠲᠦᠪ᠂ ᠭᠤᠷᠪᠠᠨ ᠶᠡᠭᠡ ᠰᠢᠰᠲ᠋ᠧᠮ᠂ N ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠬᠡᠷᠡᠭᠯᠡᠯᠲᠡ︾ ᠶᠢᠨ ᠶᠡᠷᠦᠩᠬᠡᠢ ᠪᠤᠷᠤ ᠲᠦᠯᠦᠪ  ᠶᠤᠰᠤᠭᠠᠷ᠂ ᠬᠤᠲᠠ ᠶᠢᠨ ᠰᠠᠭᠤᠷᠢ ᠭᠡᠷᠡᠯ ᠰᠢᠷᠬᠡᠭ ᠤᠨ ᠰᠦᠯᠵᠢᠶ᠎ᠡ᠂ ᠳ᠋ᠠᠶᠢᠲ᠋ᠠ ᠶᠢᠨ ᠲᠦᠪ ᠤᠨ ᠮᠠᠰᠢᠨ ᠤ ᠭᠡᠷ ᠤᠨ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠶᠢ ᠪᠠᠭᠲᠠᠭᠠᠭᠰᠠᠨ 18 ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠦ᠂ ᠤᠳᠤᠬᠠᠨ ᠳᠤ 9 ᠲᠦᠷᠦᠯ ᠵᠦᠢᠯ ᠠᠵᠢᠯ ᠳᠠᠭᠤᠰᠤᠨ ᠠᠰᠢᠭᠯᠠᠯᠲᠠ ᠳᠤ ᠤᠷᠤᠵᠤ ᠂ 5 ᠲᠦᠷᠦᠯ ᠵᠦᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ 4 ᠲᠦᠷᠦᠯ ᠵᠦᠢᠯ ᠢ ᠶᠠᠭ ᠪᠦᠲᠦᠭᠡᠨ ᠪᠠᠶᠢᠭᠤᠯᠵᠤ ᠪᠠᠶᠢᠨ᠎ᠠ︔ ᠭᠤᠤᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠲᠦᠷᠦᠯ ᠵᠦᠢᠯ ᠢ ᠲᠤᠰᠬᠠᠢ ᠠᠬᠢᠭᠤᠯᠬᠤ ᠬᠦᠴᠦᠯᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠸᠠᠨ ᠶᠤᠸᠠᠢ ᠬᠤᠲᠠ ᠶᠢᠨ ᠠᠭᠤᠳᠠᠮ ᠲᠠᠯᠠᠪᠠᠢ ᠪᠤᠯᠤᠨ ᠤᠯᠠᠭᠠᠨᠬᠠᠳᠠ ᠶᠢᠨ ᠠᠮᠤ ᠶᠢᠨ ᠪᠦᠲᠦᠭᠡᠭᠳᠡᠭᠦᠨ ᠤ ᠬᠦᠮᠦᠷᠭᠡ ᠨᠢᠭᠡᠨᠲᠡ ᠡᠵᠡᠩᠨᠡᠯᠲᠡ ᠶᠢᠨ ᠨᠦᠬᠦᠴᠡᠯ ᠢ ᠪᠦᠷᠢᠯᠳᠦᠭᠦᠯᠵᠦ᠂ ᠯᠦᠩ ᠲᠧᠩ ᠤᠯᠠᠨ ᠤᠯᠤᠰ᠂ ᠤᠯᠠᠭᠠᠨᠬᠠᠳᠠ ᠶᠢᠨ ᠦᠩᠭᠡᠲᠦ ᠲᠡᠮᠦᠷᠯᠢᠭ ᠤᠨ ᠠᠵᠤ ᠦᠢᠯᠡᠰ ᠤᠨ ᠶᠡᠷᠦᠩᠬᠡᠶᠢᠯᠡᠭᠰᠡᠨ ᠴᠤᠭᠴᠠ᠂ ᠠᠢ ᠮᠸᠢ ᠤᠯᠠᠨ ᠤᠯᠤᠰ᠂ ᠭᠦᠸᠧ ᠷᠦᠢ ᠶᠢᠨ ᠳ᠋ᠢᠩ᠂ ᠬᠦᠭᠦᠷᠭᠡᠨ ᠤᠮᠠᠷᠠᠲᠠᠬᠢ ᠵᠦᠩ ᠯᠢᠶᠠᠨ ᠠᠭᠤᠳᠠᠮ ᠲᠠᠯᠠᠪᠠᠢ᠂ ᠸᠧᠢ ᠳ᠋ᠦᠸᠧ ᠯᠢ ᠮᠦᠸᠧ ᠡᠯ ᠬᠤᠲᠠ ᠵᠡᠷᠭᠡ 6 ᠲᠦᠷᠦᠯ ᠵᠦᠢᠯ ᠶᠠᠭ ᠰᠠᠶᠢᠬᠠᠨ ᠡᠮᠬᠢ ᠴᠡᠭᠴᠡᠲᠡᠢ ᠶᠠᠪᠤᠭᠳᠠᠵᠤ ᠪᠠᠶᠢᠨ᠎ᠠ᠂ ᠬᠠᠢ ᠳ᠋ᠠ ᠠᠭᠤᠳᠠᠮ ᠲᠠᠯᠠᠪᠠᠢ ᠶᠠᠭ ᠡᠯ᠎ᠡ ᠲᠦᠷᠦᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢᠶᠠᠨ ᠢᠳᠡᠪᠬᠢᠲᠡᠢ ᠭᠦᠢᠴᠡᠳᠬᠡᠵᠦ ᠪᠠᠶᠢᠨ᠎ᠠ᠃            ᠦᠷᠭᠦᠯᠵᠢᠯᠡᠯ ᠪᠤᠢ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号