ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ 2017 ᠤᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠤᠯᠤᠨ 2018 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2018-02-12
                 — — 2018 ᠤᠨ ᠤ 1 ᠰᠠᠷ᠎ᠠ ᠶᠢᠨ 17 ᠤ ᠡᠳᠦᠷ                  ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ                  ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ                  ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ                  ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ                  ᠡᠳ᠋ ᠤᠨ ᠵᠠᠰᠠᠭ ᠤᠨ ᠲᠤᠪᠴᠢᠶᠠᠨ ᠤ                  ᠲᠤᠪᠴᠢᠶᠠᠨ ᠳᠠᠷᠤᠭ᠎ᠠ    ᠵᠢᠶᠠ ᡁᠢ ᠡᠾᠦ᠋ᠩᠲᠦᠯᠦᠭᠡᠯᠡᠭᠴᠢᠳ ᠡ᠄        ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠤᠳᠤ ᠬᠤᠩ ᠱᠠᠨ ᠲᠤᠭᠤᠷᠢᠭ ᠤᠨ 2017 ᠤᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠤᠯᠤᠨ 2018 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠭᠦᠯᠦᠯᠲᠡ ᠶᠢ ᠲᠤᠰ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠬᠠᠷᠢᠭᠤ ᠮᠡᠳᠡᠭᠦᠯᠦᠶ᠎ᠡ᠂ ᠬᠢᠨᠠᠨ ᠵᠦᠪᠯᠡᠬᠦ ᠶᠢᠨ ᠬᠠᠮᠲᠤ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠳᠤᠷᠠᠳᠬᠤ ᠪᠤᠯᠪᠠᠤ᠃        ᠨᠢᠭᠡ᠂ 2017 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ        2017 ᠤᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠪᠤᠯᠤᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠳᠤᠤᠷ᠎ᠠ᠂ ᠡᠯ᠎ᠡ ᠰᠠᠯᠠᠭ᠎ᠠ ᠮᠦᠴᠢᠷ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠦᠷᠢᠲᠦ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠨ ᠵᠦᠪᠰᠢᠶᠡᠷᠡᠭᠰᠡᠨ ᠡᠳ᠋ ᠤᠨ ᠵᠠᠰᠠᠭ ᠤᠨ ᠲᠦᠰᠦᠪ ᠢ ᠴᠢᠩᠭ᠎ᠠ ᠨᠢᠮᠪᠠᠢ ᠭᠦᠢᠴᠡᠳᠬᠡᠵᠦ᠂ ᠪᠦᠬᠦ ᠵᠢᠯ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃        ︵ᠨᠢᠭᠡ︶ ᠡᠩ ᠤᠨ ᠤᠯᠠᠨ ᠨᠡᠶᠢᠲᠡ ᠶᠢᠨ ᠲᠦᠰᠦᠪ ᠢ ᠭᠦᠢᠴᠡᠳᠬᠡᠭᠰᠡᠨ ᠪᠠᠶᠢᠳᠠᠯ        2017 ᠤᠨ ᠳᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 217247 ᠲᠦᠮᠡᠨ ᠲᠦᠭᠦᠷᠢᠭ ᠢ ᠪᠡᠶᠡᠯᠡᠭᠦᠯᠵᠦ᠂ ᠡᠭᠦᠨ ᠳᠤ᠂ ᠭᠠᠶᠢᠯᠢ ᠲᠠᠲᠠᠪᠤᠷᠢ ᠶᠢᠨ ᠤᠷᠤᠯᠭ᠎ᠠ 188103 ᠲᠦᠮᠡᠨ ᠲᠦᠭᠦᠷᠢᠭ ᠢ ᠪᠡᠶᠡᠯᠡᠭᠦᠯᠦᠨ᠂ ᠠᠳᠠᠯᠢ ᠬᠤᠭᠤᠴᠠᠭᠠᠨ ᠠᠴᠠ 28317 ᠲᠦᠮᠡᠨ ᠲᠦᠭᠦᠷᠢᠭ ᠤᠨ ᠤᠷᠤᠯᠭ᠎ᠠ ᠨᠡᠮᠡᠭᠳᠡᠵᠦ᠂ 17.7% ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ 29144 ᠲᠦᠮᠡᠨ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 34819 ᠲᠦᠮᠡᠨ ᠲᠦᠭᠦᠷᠢᠭ ᠤᠨ ᠤᠷᠤᠯᠭ᠎ᠠ ᠬᠠᠰᠤᠭᠳᠠᠨ᠂ 54.4% ᠪᠠᠭᠠᠰᠴᠤ᠂ ᠭᠠᠶᠢᠯᠢ ᠶᠢᠨ ᠪᠤᠰᠤ ᠤᠷᠤᠯᠭ᠎ᠠ ᠨᠢ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ 13.4% ᠶᠢ ᠡᠵᠡᠯᠡᠪᠡ᠃ ᠭᠠᠶᠢᠯᠢ ᠶᠢᠨ ᠪᠤᠰᠤ ᠤᠷᠤᠯᠭ᠎ᠠ ᠪᠠᠭᠠᠰᠤᠭᠰᠠᠨ ᠰᠢᠯᠲᠠᠭᠠᠨ ᠨᠢ᠄ ᠳᠡᠭᠡᠷ᠎ᠡ ᠵᠢᠯ ᠤᠨ ᠭᠠᠶᠢᠯᠢ ᠶᠢᠨ ᠪᠤᠰᠤ ᠤᠷᠤᠯᠭ᠎ᠠ ᠳᠤ ᠨᠢᠭᠡᠨ ᠤᠳᠠᠭᠠᠨ ᠤ ᠴᠢᠨᠠᠷᠲᠠᠢ ᠤᠷᠤᠯᠭ᠎ᠠ 38717 ᠲᠦᠮᠡᠨ ᠲᠦᠭᠦᠷᠢᠭ ᠢ ᠪᠠᠭᠲᠠᠭᠠᠨ᠎ᠠ᠂ ᠨᠢᠭᠡ ᠤᠳᠠᠭᠠᠨ ᠤ ᠴᠢᠨᠠᠷᠲᠠᠢ ᠤᠷᠤᠯᠭ᠎ᠠ ᠶᠢ ᠬᠠᠰᠤᠭᠰᠠᠨ ᠤ ᠳᠠᠷᠠᠭ᠎ᠠ᠂ 2017 ᠤᠨ ᠤ ᠭᠠᠶᠢᠯᠢ ᠶᠢᠨ ᠪᠤᠰᠤ ᠤᠷᠤᠯᠭ᠎ᠠ ᠳᠡᠭᠡᠷ᠎ᠡ ᠵᠢᠯ ᠤᠨ ᠬᠢ ᠲᠠᠢ ᠦᠨᠳᠦᠰᠦᠨ ᠳᠡᠭᠡᠨ ᠲᠡᠩᠴᠡᠭᠦᠷᠢᠲᠡᠢ᠃        2017 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 323821 ᠲᠦᠮᠡᠨ ᠲᠦᠭᠦᠷᠢᠭ ᠢ ᠪᠡᠶᠡᠯᠡᠭᠦᠯᠦᠨ᠂ ᠳᠡᠭᠡᠷ᠎ᠡ ᠵᠢᠯ ᠤᠨ ᠵᠠᠷᠤᠯᠭ᠎ᠠ ᠶᠢᠨ ᠲᠤᠭ᠎ᠠ ᠠᠴᠠ 268666 ᠲᠦᠮᠡᠨ ᠲᠦᠭᠦᠷᠢᠭ ᠠᠴᠠ 55155 ᠲᠦᠮᠡᠨ ᠲᠦᠭᠦᠷᠢᠭ ᠨᠡᠮᠡᠭᠳᠡᠵᠦ᠂ 20.5% ᠨᠡᠮᠡᠭᠳᠡᠪᠡ᠃        ᠭᠤᠤᠯ ᠵᠠᠷᠤᠯᠭ᠎ᠠ ᠶᠢᠨ ᠲᠦᠷᠦᠯ ᠢ ᠭᠦᠢᠴᠡᠳᠬᠡᠭᠰᠡᠨ ᠪᠠᠶᠢᠳᠠᠯ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 25850 ᠲᠦᠮᠡᠨ ᠲᠦᠭᠦᠷᠢᠭ᠂ ᠳᠡᠭᠡᠷ᠎ᠡ ᠵᠢᠯ ᠠᠴᠠ 1775 ᠲᠦᠮᠡᠨ ᠲᠦᠭᠦᠷᠢᠭ ᠨᠡᠮᠡᠭᠳᠡᠨ᠂ 7.4% ᠨᠡᠮᠡᠭᠳᠡᠪᠡ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 15327 ᠲᠦᠮᠡᠨ ᠲᠦᠭᠦᠷᠢᠭ᠂ ᠳᠡᠭᠡᠷ᠎ᠡ ᠵᠢᠯ ᠠᠴᠠ 1885 ᠲᠦᠮᠡᠨ ᠲᠦᠭᠦᠷᠢᠭ ᠪᠠᠭᠠᠰᠴᠤ᠂ 11% ᠪᠠᠭᠠᠰᠪᠠ︔ ᠰᠤᠷᠭᠠᠨ ᠬᠦᠮᠦᠵᠢᠯ ᠤᠨ ᠵᠠᠷᠤᠯᠭ᠎ᠠ 73040 ᠲᠦᠮᠡᠨ ᠲᠦᠭᠦᠷᠢᠭ᠂ ᠳᠡᠭᠡᠷ᠎ᠡ ᠵᠢᠯ ᠠᠴᠠ 1523 ᠲᠦᠮᠡᠨ ᠲᠦᠭᠦᠷᠢᠭ ᠨᠡᠮᠡᠭᠳᠡᠨ᠂ 2.1% ᠨᠡᠮᠡᠭᠳᠡᠪᠡ︔ ᠰᠢᠨᠵᠢᠯᠡᠭᠡ ᠮᠡᠷᠭᠡᠵᠢᠯ ᠤᠨ ᠵᠠᠷᠤᠯᠭ᠎ᠠ 3156 ᠲᠦᠮᠡᠨ ᠲᠦᠭᠦᠷᠢᠭ᠂ ᠳᠡᠭᠡᠷ᠎ᠡ ᠵᠢᠯ ᠠᠴᠠ 894 ᠲᠦᠮᠡᠨ ᠲᠦᠭᠦᠷᠢᠭ ᠪᠠᠭᠠᠰᠴᠤ᠂ 22.1% ᠪᠠᠭᠠᠰᠪᠠ︔ ᠰᠤᠶᠤᠯ ᠲᠠᠮᠢᠷ ᠤᠨ ᠵᠠᠷᠤᠯᠭ᠎ᠠ 2711 ᠲᠦᠮᠡᠨ ᠲᠦᠭᠦᠷᠢᠭ᠂ ᠳᠡᠭᠡᠷ᠎ᠡ ᠵᠢᠯ ᠠᠴᠠ 893 ᠲᠦᠮᠡᠨ ᠲᠦᠭᠦᠷᠢᠭ ᠨᠡᠮᠡᠭᠳᠡᠨ᠂ 49.1% ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠣᠯᠤᠨ ᠠᠵᠢᠯ ᠤᠯᠭᠤᠯᠲᠠ ᠶᠢᠨ ᠵᠠᠷᠤᠯᠭ᠎ᠠ 64167 ᠲᠦᠮᠡᠨ ᠲᠦᠭᠦᠷᠢᠭ᠂ ᠳᠡᠭᠡᠷ᠎ᠡ ᠵᠢᠯ ᠠᠴᠠ 22481 ᠲᠦᠮᠡᠨ ᠲᠦᠭᠦᠷᠢᠭ ᠨᠡᠮᠡᠭᠳᠡᠨ᠂ 53.9% ᠨᠡᠮᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 20384 ᠲᠦᠮᠡᠨ ᠲᠦᠭᠦᠷᠢᠭ᠂ ᠳᠡᠭᠡᠷ᠎ᠡ ᠵᠢᠯ ᠠᠴᠠ 3759 ᠲᠦᠮᠡᠨ ᠲᠦᠭᠦᠷᠢᠭ ᠨᠡᠮᠡᠭᠳᠡᠨ᠂ 22.6% ᠨᠡᠮᠡᠭᠳᠡᠪᠡ︔ ᠡᠨᠧᠷᠭᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 10283 ᠲᠦᠮᠡᠨ ᠲᠦᠭᠦᠷᠢᠭ᠂ ᠳᠡᠭᠡᠷ᠎ᠡ ᠵᠢᠯ ᠠᠴᠠ 4538 ᠲᠦᠮᠡᠨ ᠲᠦᠭᠦᠷᠢᠭ ᠨᠡᠮᠡᠭᠳᠡᠨ᠂ 79% ᠨᠡᠮᠡᠭᠳᠡᠪᠡ︔ ᠬᠤᠲᠠ ᠬᠦᠳᠡᠭᠡ ᠨᠡᠶᠢᠭᠡᠮ ᠲᠤᠭᠤᠷᠢᠭ ᠤᠨ ᠵᠠᠷᠤᠯᠭ᠎ᠠ 30523 ᠲᠦᠮᠡᠨ ᠲᠦᠭᠦᠷᠢᠭ᠂ ᠳᠡᠭᠡᠷ᠎ᠡ ᠵᠢᠯ ᠠᠴᠠ 7446 ᠲᠦᠮᠡᠨ ᠲᠦᠭᠦᠷᠢᠭ ᠨᠡᠮᠡᠭᠳᠡᠨ᠂ 32.3% ᠨᠡᠮᠡᠭᠳᠡᠪᠡ︔ ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠶᠢᠨ ᠠᠵᠢᠯ ᠤᠨ ᠵᠠᠷᠤᠯᠭ᠎ᠠ 24257 ᠲᠦᠮᠡᠨ ᠲᠦᠭᠦᠷᠢᠭ᠂ ᠳᠡᠭᠡᠷ᠎ᠡ ᠵᠢᠯ ᠠᠴᠠ 9638 ᠲᠦᠮᠡᠨ ᠲᠦᠭᠦᠷᠢᠭ ᠨᠡᠮᠡᠭᠳᠡᠵᠦ᠂ 65.9% ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 3226 ᠲᠦᠮᠡᠨ ᠲᠦᠭᠦᠷᠢᠭ᠂ ᠳᠡᠭᠡᠷ᠎ᠡ ᠵᠢᠯ ᠠᠴᠠ 936 ᠲᠦᠮᠡᠨ ᠲᠦᠭᠦᠷᠢᠭ ᠨᠡᠮᠡᠭᠳᠡᠵᠦ᠂ 40.9% ᠨᠡᠮᠡᠭᠳᠡᠪᠡ︔ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 38007 ᠲᠦᠮᠡᠨ ᠲᠦᠭᠦᠷᠢᠭ᠂ ᠳᠡᠭᠡᠷ᠎ᠡ ᠵᠢᠯ ᠠᠴᠠ 1171 ᠲᠦᠮᠡᠨ ᠲᠦᠭᠦᠷᠢᠭ ᠨᠡᠮᠡᠭᠳᠡᠨ᠂ 3.2% ᠨᠡᠮᠡᠭᠳᠡᠪᠡ᠃        2017 ᠤᠨ ᠳᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 217247 ᠲᠦᠮᠡᠨ ᠲᠦᠭᠦᠷᠢᠭ᠂ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 223110 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠳᠠᠮᠵᠢᠭᠤᠯᠤᠨ ᠵᠢᠭᠡᠯᠡᠭᠦᠯᠦᠭᠰᠡᠨ ᠤᠷᠤᠯᠭ᠎ᠠ 29778 ᠲᠦᠮᠡᠨ ᠲᠦᠭᠦᠷᠢᠭ᠂ ᠳᠡᠭᠡᠷ᠎ᠡ ᠵᠢᠯ ᠤᠨ ᠦᠯᠡᠳᠡᠪᠦᠷᠢ 4664 ᠲᠦᠮᠡᠨ ᠲᠦᠭᠦᠷᠢᠭ᠂ ᠰᠢᠯᠵᠢᠭᠦᠯᠦᠨ ᠤᠷᠤᠭᠤᠯᠤᠭᠰᠠᠨ ᠪᠡᠯᠡ ᠮᠦᠩᠭᠦ 5101 ᠲᠦᠮᠡᠨ ᠲᠦᠭᠦᠷᠢᠭ︔ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 323821 ᠲᠦᠮᠡᠨ ᠲᠦᠭᠦᠷᠢᠭ᠂ ᠳᠡᠭᠡᠷ᠎ᠡ ᠱᠠᠲᠤᠨ ᠳᠤ ᠳᠡᠭᠡᠭᠰᠢ ᠲᠤᠰᠢᠶᠠᠭᠰᠠᠨ ᠵᠠᠷᠤᠯᠭ᠎ᠠ 131003 ᠲᠦᠮᠡᠨ ᠲᠦᠭᠦᠷᠢᠭ᠂ ᠤᠷᠤᠨ ᠨᠤᠲᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠡᠬᠡ ᠮᠦᠩᠭᠦ ᠶᠢ ᠪᠤᠴᠠᠭᠠᠭᠰᠠᠨ ᠵᠠᠷᠤᠯᠭ᠎ᠠ 17740 ᠲᠦᠮᠡᠨ ᠲᠦᠭᠦᠷᠢᠭ︔ ᠤᠷᠤᠯᠭ᠎ᠠ ᠵᠠᠷᠤᠯᠭ᠎ᠠ ᠶᠢ ᠲᠤᠯᠭᠠᠨ ᠪᠤᠳᠤᠭᠰᠠᠨ ᠤ ᠳᠠᠷᠠᠭ᠎ᠠ᠂ ᠵᠢᠯ ᠤᠨ ᠡᠴᠦᠰ ᠤᠨ ᠦᠯᠡᠳᠡᠪᠦᠷᠢ 7336 ᠲᠦᠮᠡᠨ ᠲᠦᠭᠦᠷᠢᠭ᠂ ᠡᠭᠦᠨ ᠳᠤ᠂ ᠳᠠᠷᠠᠭ᠎ᠠ ᠵᠢᠯ ᠤᠨ ᠵᠠᠷᠤᠯᠭ᠎ᠠ ᠳᠤ 7009 ᠲᠦᠮᠡᠨ ᠲᠦᠭᠦᠷᠢᠭ ᠰᠢᠯᠵᠢᠭᠦᠯᠦᠨ ᠤᠷᠤᠭᠤᠯᠵᠤ᠂ ᠲᠦᠰᠦᠪ ᠤᠨ ᠲᠤᠭᠲᠠᠭᠤᠨ ᠢ ᠪᠠᠲᠤᠯᠠᠬᠤ ᠰᠠᠭᠤᠷᠢ ᠮᠦᠩᠭᠦ ᠳᠤ ᠰᠢᠯᠵᠢᠭᠦᠯᠦᠨ ᠤᠷᠤᠭᠤᠯᠤᠭᠰᠠᠨ ᠴᠡᠪᠡᠷ ᠦᠯᠡᠳᠡᠪᠦᠷᠢ 327 ᠲᠦᠮᠡᠨ ᠲᠦᠭᠦᠷᠢᠭ᠃        ︵ᠬᠤᠶᠠᠷ︶ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ ᠭᠦᠢᠴᠡᠳᠬᠡᠭᠳᠡᠭᠰᠡᠨ ᠪᠠᠶᠢᠳᠠᠯ        2017 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ 64808 ᠲᠦᠮᠡᠨ ᠲᠦᠭᠦᠷᠢᠭ ᠢ ᠪᠡᠶᠡᠯᠡᠭᠦᠯᠦᠨ᠂ ᠳᠡᠭᠡᠷ᠎ᠡ ᠵᠢᠯ ᠠᠴᠠ 45271 ᠲᠦᠮᠡᠨ ᠲᠦᠭᠦᠷᠢᠭ ᠨᠡᠮᠡᠭᠳᠡᠵᠦ᠂ 231.7% ᠨᠡᠮᠡᠭᠳᠡᠪᠡ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠠᠷᠤᠯᠭ᠎ᠠ 108963 ᠲᠦᠮᠡᠨ ᠲᠦᠭᠦᠷᠢᠭ᠂ ᠳᠡᠭᠡᠷ᠎ᠡ ᠵᠢᠯ ᠠᠴᠠ 52076 ᠲᠦᠮᠡᠨ ᠲᠦᠭᠦᠷᠢᠭ ᠨᠡᠮᠡᠭᠳᠡᠨ᠂ 91.5% ᠨᠡᠮᠡᠭᠳᠡᠪᠡ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ ᠨᠡᠮᠡᠭᠳᠡᠭᠰᠡᠨ ᠭᠤᠤᠯ ᠰᠢᠯᠲᠠᠭᠠᠨ ᠨᠢ ᠭᠠᠵᠠᠷ ᠰᠢᠷᠤᠢ ᠬᠤᠳᠠᠯᠳᠤᠭᠰᠠᠨ ᠤᠷᠤᠯᠭ᠎ᠠ ᠶᠡᠭᠡ ᠬᠡᠮᠵᠢᠶ᠎ᠡ ᠪᠠᠷ ᠨᠡᠮᠡᠭᠳᠡᠭᠰᠡᠨ ᠤ ᠬᠠᠮᠲᠤ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠠᠷᠤᠯᠭ᠎ᠠ  ᠬᠠᠷᠢᠴᠠᠩᠭᠤᠢ ᠨᠡᠮᠡᠭᠳᠡᠭᠰᠡᠨ ᠳᠤ ᠨᠦᠯᠦᠭᠡᠯᠡᠭᠳᠡᠪᠡ᠃        2017 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ 64808 ᠲᠦᠮᠡᠨ ᠲᠦᠭᠦᠷᠢᠭ᠂ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 15109 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠳᠠᠮᠵᠢᠭᠤᠯᠤᠨ ᠵᠢᠭᠡᠯᠡᠭᠦᠯᠦᠭᠰᠡᠨ ᠤᠷᠤᠯᠭ᠎ᠠ 163400 ᠲᠦᠮᠡᠨ ᠲᠦᠭᠦᠷᠢᠭ᠂ ᠳᠡᠭᠡᠷ᠎ᠡ ᠵᠢᠯ ᠤᠨ ᠦᠯᠡᠳᠡᠪᠦᠷᠢ 13378 ᠲᠦᠮᠡᠨ ᠲᠦᠭᠦᠷᠢᠭ︔ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠠᠷᠤᠯᠭ᠎ᠠ 108963 ᠲᠦᠮᠡᠨ ᠲᠦᠭᠦᠷᠢᠭ᠂ ᠳᠡᠭᠡᠷ᠎ᠡ ᠱᠠᠲᠤᠨ ᠳᠤ ᠳᠡᠭᠡᠭᠰᠢ ᠲᠤᠰᠢᠶᠠᠭᠰᠠᠨ ᠵᠠᠷᠤᠯᠭ᠎ᠠ 275 ᠲᠦᠮᠡᠨ ᠲᠦᠭᠦᠷᠢᠭ᠂ ᠰᠢᠨ᠎ᠡ ᠠᠯᠪᠠᠨ ᠵᠢᠭᠡᠯᠡᠯᠭᠡ ᠶᠢᠨ ᠲᠡᠮᠳᠡᠭᠲᠦ ᠪᠠᠷ ᠬᠠᠭᠤᠴᠢᠨ ᠦᠷᠢ ᠶᠢᠨ ᠡᠬᠡ ᠮᠦᠩᠭᠦ ᠶᠢ ᠪᠤᠴᠠᠭᠠᠭᠰᠠᠨ ᠵᠠᠷᠤᠯᠭ᠎ᠠ 143400 ᠲᠦᠮᠡᠨ ᠲᠦᠭᠦᠷᠢᠭ︔ ᠤᠷᠤᠯᠭ᠎ᠠ ᠵᠠᠷᠤᠯᠭ᠎ᠠ ᠶᠢ ᠲᠤᠯᠭᠠᠨ ᠪᠤᠳᠤᠭᠰᠠᠨ ᠤ ᠳᠠᠷᠠᠭ᠎ᠠ᠂ ᠵᠢᠯ ᠤᠨ ᠡᠴᠦᠰ ᠤᠨ ᠦᠯᠡᠳᠡᠪᠦᠷᠢ 4057 ᠲᠦᠮᠡᠨ ᠲᠦᠭᠦᠷᠢᠭ᠃        ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠤᠨ ᠭᠦᠢᠴᠡᠳᠬᠡᠭᠳᠡᠭᠰᠡᠨ ᠪᠠᠶᠢᠳᠠᠯ        2017 ᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ 29957 ᠲᠦᠮᠡᠨ ᠲᠦᠭᠦᠷᠢᠭ ᠢ ᠪᠡᠶᠡᠯᠡᠭᠦᠯᠦᠨ᠂ ᠳᠡᠭᠡᠷ᠎ᠡ ᠵᠢᠯ ᠠᠴᠠ 3768 ᠲᠦᠮᠡᠨ ᠲᠦᠭᠦᠷᠢᠭ ᠨᠡᠮᠡᠭᠳᠡᠵᠦ᠂ 14.4% ᠨᠡᠮᠡᠭᠳᠡᠪᠡ ︔ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠵᠠᠷᠤᠯᠭ᠎ᠠ 26080 ᠲᠦᠮᠡᠨ ᠲᠦᠭᠦᠷᠢᠭ ᠢ ᠪᠡᠶᠡᠯᠡᠭᠦᠯᠦᠨ᠂ ᠳᠡᠭᠡᠷ᠎ᠡ ᠵᠢᠯ ᠠᠴᠠ 3185 ᠲᠦᠮᠡᠨ ᠲᠦᠭᠦᠷᠢᠭ ᠨᠡᠮᠡᠭᠳᠡᠵᠦ᠂ 13.9% ᠨᠡᠮᠡᠭᠳᠡᠪᠡ᠃        ︵ᠳᠦᠷᠪᠡ︶ 2017 ᠤᠨ ᠤ ᠡᠳ᠋ ᠤᠨ ᠵᠠᠰᠠᠭ ᠤᠨ ᠭᠤᠤᠯ ᠠᠵᠢᠯ ᠢ ᠪᠡᠶᠡᠯᠡᠭᠦᠯᠦᠭᠰᠡᠨ ᠪᠠᠶᠢᠳᠠᠯ        ᠪᠦᠬᠦ ᠵᠢᠯ ᠤᠨ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠲᠦᠯᠦᠭᠡ ᠂ ᠪᠢᠳᠡ ᠲᠤᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠬᠢᠪᠡ᠃        1. ᠢᠳᠡᠪᠬᠢᠲᠡᠢ ᠪᠠᠷ ᠪᠡᠯᠡ ᠮᠦᠩᠭᠦ ᠴᠤᠭᠯᠠᠭᠤᠯᠤᠨ᠂ ᠡᠳ᠋ ᠤᠨ ᠵᠠᠰᠠᠭ ᠤᠨ ᠤᠷᠤᠯᠭ᠎ᠠ ᠶᠢ ᠪᠦᠬᠦ ᠬᠦᠴᠦᠨ ᠢᠶᠠᠷ ᠵᠤᠬᠢᠶᠠᠨ ᠪᠠᠶᠢᠭᠤᠯᠪᠠ᠃ ᠨᠢᠭᠡ ᠳᠤ᠂ ᠡᠳ᠋ ᠤᠨ ᠵᠠᠰᠠᠭ᠂ ᠭᠠᠶᠢᠯᠢ ᠶᠢᠨ ᠰᠠᠯᠠᠭ᠎ᠠ ᠮᠦᠴᠢᠷ ᠨᠢᠭᠲᠠ ᠬᠠᠮᠵᠢᠯᠴᠠᠨ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠲᠡᠲᠠᠪᠦᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠶᠢ ᠬᠠᠤᠯᠢ ᠶᠤᠰᠤᠭᠠᠷ ᠴᠢᠩᠭ᠎ᠠ ᠵᠠᠰᠠᠵᠤ᠂ ᠨᠤᠷᠮ᠎ᠠ ᠶᠤᠰᠤᠭᠠᠷ ᠲᠠᠲᠠᠪᠤᠷᠢᠯᠠᠨ᠂ ᠲᠠᠲᠠᠪᠤᠷᠢᠯᠠᠬᠤ ᠶᠤᠰᠤᠲᠠᠢ ᠭᠠᠶᠢᠯᠢ ᠶᠢ ᠪᠦᠬᠦᠨ ᠢ ᠬᠤᠷᠢᠶᠠᠬᠤ ᠶᠢ ᠪᠠᠲᠤᠯᠠᠪᠠ᠃ ᠬᠤᠶᠠᠷ ᠲᠤ᠂ ᠭᠠᠶᠢᠯᠢ ᠶᠢᠨ ᠪᠤᠰᠤ ᠤᠷᠤᠯᠭ᠎ᠠ ᠪᠤᠯᠤᠨ ᠭᠠᠵᠠᠷ ᠰᠢᠷᠤᠢ ᠬᠤᠳᠠᠯᠳᠤᠭᠰᠠᠨ ᠤᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠯᠲᠡ ᠪᠤᠯᠤᠨ ᠠᠵᠤ ᠦᠢᠯᠡᠰ ᠤᠨ ᠲᠠᠪᠴᠠᠩ ᠤᠨ ᠪᠠᠶᠢᠭᠤᠯᠤᠯᠲᠠ ᠶᠢᠨ ᠲᠤᠭᠤᠷᠢᠨ ᠳᠤ᠂ ᠫᠠᠶᠢᠰᠠ ᠡᠯᠭᠦᠨ ᠬᠤᠳᠠᠯᠳᠤᠬᠤ ᠨᠦᠬᠦᠴᠡᠯ ᠳᠤ ᠨᠡᠶᠢᠴᠡᠭᠰᠡᠨ ᠭᠠᠵᠠᠷ ᠰᠢᠷᠤᠢ ᠪᠤᠯᠤᠨ ᠰᠢᠢᠳᠪᠦᠷᠢᠯᠡᠬᠦ ᠨᠦᠬᠦᠴᠡᠯ ᠳᠤ ᠨᠡᠶᠢᠴᠡᠭᠰᠡᠨ ᠬᠤᠪᠢᠰᠬᠤ ᠬᠦᠷᠦᠩᠭᠡ ᠶᠢ ᠪᠡᠯᠡᠨ ᠮᠦᠩᠭᠦ ᠪᠤᠯᠭᠠᠨ᠂ ᠮᠠᠨ ᠤ ᠲᠤᠭᠤᠷᠢᠭ ᠤᠨ ᠠᠰᠢᠭᠯᠠᠵᠤ ᠪᠤᠯᠬᠤ ᠡᠳ᠋ ᠤᠨ ᠬᠦᠴᠦᠨ ᠢ ᠨᠡᠮᠡᠭᠳᠡᠭᠦᠯᠪᠡ᠃ ᠭᠤᠷᠪᠠ ᠳᠤ᠂ ᠤᠷᠤᠯᠭ᠎ᠠ ᠶᠢ ᠵᠤᠬᠢᠶᠠᠨ ᠪᠠᠶᠢᠭᠤᠯᠬᠤ ᠶᠢᠨ ᠬᠠᠮᠲᠤ᠂ ᠡᠳ᠋ ᠤᠨ ᠵᠠᠰᠠᠭ ᠤᠨ ᠤᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠶᠢ ᠴᠢᠬᠤᠯᠠᠴᠢᠯᠠᠵᠤ᠂ 2017 ᠤᠨ ᠤ ᠭᠠᠶᠢᠯᠢ ᠶᠢᠨ ᠪᠤᠰᠤ ᠤᠷᠤᠯᠭ᠎ᠠ ᠨᠢ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠳᠤ ᠡᠵᠡᠯᠡᠬᠦ ᠬᠠᠷᠢᠴᠠᠯ 13.4% ᠪᠤᠯᠤᠨ᠂ ᠡᠳ᠋ ᠤᠨ ᠵᠠᠰᠠᠭ ᠤᠨ ᠤᠷᠤᠯᠭ᠎ᠠ ᠶᠢᠨ ᠴᠢᠨᠠᠷ ᠴᠢᠨᠰᠠᠭ᠎ᠠ ᠢᠯᠡᠷᠬᠡᠢ ᠳᠡᠭᠡᠭᠰᠢᠯᠡᠪᠡ᠃ ᠳᠦᠷᠪᠡ ᠳᠤ᠂ ᠳᠡᠭᠡᠷ᠎ᠡ ᠱᠠᠲᠤᠨ ᠤ ᠨᠦᠬᠦᠪᠦᠷᠢ ᠮᠦᠩᠭᠦ ᠪᠤᠯᠤᠨ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠠᠷ ᠢᠳᠡᠪᠬᠢᠲᠡᠢ ᠴᠢᠷᠮᠠᠶᠢᠵᠤ᠂ ᠪᠦᠬᠦ ᠵᠢᠯ ᠳᠤ ᠨᠡᠶᠢᠲᠡ ᠳᠡᠭᠡᠷ᠎ᠡ ᠱᠠᠲᠤᠨ ᠤ ᠡᠯ᠎ᠡ ᠲᠦᠷᠦᠯ ᠤᠨ ᠡᠳ᠋ ᠤᠨ ᠵᠠᠰᠠᠭ ᠤᠨ ᠨᠦᠬᠦᠪᠦᠷᠢ 17 ᠳ᠋ᠦᠩᠰᠢᠭᠤᠷ ᠲᠦᠭᠦᠷᠢᠭ ᠤᠯᠵᠤ᠂ 3.7 ᠳ᠋ᠦᠩᠰᠢᠭᠤᠷ ᠲᠦᠭᠦᠷᠢᠭ ᠤᠨ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠰᠢᠨ᠎ᠡ ᠪᠠᠷ ᠨᠡᠮᠡᠭᠳᠡᠭᠦᠯᠦᠨ᠂ ᠮᠠᠨ ᠤ ᠲᠤᠭᠤᠷᠢᠭ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠶᠢ ᠲᠤᠶᠢᠯ ᠤᠨ ᠶᠡᠬᠡᠪᠡᠷ ᠨᠠᠮᠬᠠᠳᠬᠠᠪᠠ᠃        2. ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠳᠡᠭᠡᠭᠰᠢᠯᠡᠪᠡ᠃ ᠨᠢᠭᠡ ᠳᠤ᠂ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠡᠭᠦᠷᠢᠳᠡ ᠲᠡᠷᠢᠭᠦᠨ ᠪᠠᠶᠢᠷᠢᠨ ᠳᠤ ᠲᠠᠯᠪᠢᠪᠠ᠃ ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠬᠦ ᠶᠢ ᠳᠡᠮᠵᠢᠵᠦ᠂ ᠡᠳ᠋ ᠤᠨ ᠵᠠᠰᠠᠭ ᠠᠴᠠ ᠰᠤᠷᠭᠠᠨ ᠬᠦᠮᠦᠵᠢᠯ ᠤᠨ ᠦᠢᠯᠡᠰ ᠲᠠᠬᠢ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠪᠤᠯᠪᠠᠰᠤᠷᠠᠯ᠂ ᠠᠵᠢᠯ ᠤᠯᠭᠤᠬᠤ ᠨᠦᠬᠦᠪᠦᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠨᠡᠭᠡᠭᠡᠬᠦ ᠵᠡᠷᠭᠡ ᠲᠦᠷᠦᠯ ᠵᠦᠢᠯ ᠤᠨ ᠤᠷᠤᠭᠤᠯᠤᠯᠲᠠ ᠪᠠᠨ ᠨᠡᠮᠡᠭᠳᠡᠭᠦᠯᠪᠡ︔ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠪᠠᠶᠢᠭᠤᠯᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠮᠠᠨ ᠤ ᠲᠤᠭᠤᠷᠢᠭ ᠤᠨ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠯᠲᠡ ᠶᠢᠨ ᠢᠨᠵᠧᠨᠧᠷᠢᠩ ᠢ ᠢᠯᠭᠤᠮ ᠨᠠᠶᠢᠳᠠᠪᠤᠷᠢᠵᠢᠭᠤᠯᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ ᠦᠨᠡᠨᠬᠦ ᠰᠠᠶᠢᠵᠢᠷᠠᠭᠤᠯᠪᠠ᠃ ᠬᠤᠶᠠᠷ ᠲᠤ᠂ ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠦᠨ ᠬᠦᠭᠵᠢᠭᠦᠯᠬᠦ ᠪᠤᠯᠤᠨ ᠲᠠᠷᠢᠶᠠᠯᠠᠩ ᠤᠨ ᠤᠳᠤᠬᠢᠴᠢᠯᠠᠯᠲᠠ ᠶᠢ ᠴᠢᠷᠮᠠᠶᠢᠨ ᠠᠬᠢᠭᠤᠯᠪᠠ᠃ ᠨᠢᠭᠡ ᠬᠡᠷᠡᠭ ᠢ ᠨᠢᠭᠡ ᠵᠦᠪᠯᠡᠬᠦ ᠡᠳ᠋ ᠤᠨ ᠵᠠᠰᠠᠭ ᠤᠨ ᠱᠠᠩᠨᠠᠯ ᠨᠦᠬᠦᠪᠦᠷᠢ᠂ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠪᠤᠯᠤᠨ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠦᠭᠵᠢᠯᠲᠡ ᠶᠢᠨ ᠪᠡᠯᠡ ᠮᠦᠩᠭᠦ ᠶᠢ ᠨᠡᠶᠢᠯᠡᠭᠦᠯᠵᠦ᠂ ᠡᠯ᠎ᠡ ᠲᠦᠷᠦᠯ ᠤᠨ ᠬᠦᠳᠡᠭᠡ ᠲᠤᠰᠬᠤᠨ ᠤ ᠠᠵᠢᠯ ᠦᠢᠯᠡᠰ ᠤᠨ ᠬᠦᠭᠵᠢᠯᠲᠡ ᠳᠤ ᠠᠰᠢᠭᠯᠠᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠪᠠ︔ ᠲᠠᠷᠢᠶᠠᠯᠠᠩ ᠳᠤ ᠠᠰᠢᠭ ᠬᠦᠷᠲᠡᠭᠡᠬᠦ ︽ᠨᠢᠭᠡ ᠺᠠᠷᠲ︾ ᠲᠠᠷᠬᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠦᠬᠦ ᠲᠤᠭᠤᠷᠢᠭ ᠤᠨ ︽ᠨᠢᠭᠡ ᠺᠠᠷᠲ︾ ᠢᠶᠠᠷ ᠲᠠᠷᠬᠠᠭᠠᠭᠰᠠᠨ ᠪᠡᠯᠡ ᠮᠦᠩᠭᠦ 1.1 ᠳ᠋ᠦᠩᠰᠢᠭᠤᠷ ᠪᠠᠶᠢᠵᠤ᠂ ᠨᠦᠬᠦᠪᠦᠷᠢ ᠮᠦᠩᠭᠦ ᠨᠢ 14 ᠶᠡᠭᠡ ᠲᠦᠷᠦᠯ᠂ 36 ᠪᠠᠭ᠎ᠠ ᠵᠦᠢᠯ ᠢ ᠪᠠᠭᠲᠠᠭᠠᠵᠤ᠂ 20.6 ᠲᠦᠮᠡᠨ ᠬᠦᠮᠦᠨ ᠤᠳᠠᠭ᠎ᠠ ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃        3. ᠡᠳ᠋ ᠤᠨ ᠵᠠᠰᠠᠭ ᠤᠨ ᠦᠭᠡᠷᠡᠴᠢᠡᠯᠯᠲᠡ ᠶᠢ ᠭᠦᠨᠵᠡᠭᠡᠶᠢᠷᠡᠭᠦᠯᠵᠦ᠂ ᠤᠷᠤᠨ ᠨᠤᠲᠤᠭ ᠤᠨ ᠠᠵᠤ ᠠᠬᠤᠢ ᠶᠢᠨ ᠡᠷᠡᠭᠦᠯ ᠬᠦᠭᠵᠢᠯᠲᠡ ᠶᠢ ᠠᠬᠢᠭᠤᠯᠪᠠ᠃ ᠨᠢᠭᠡ ᠳᠤ᠂ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠲᠦᠯᠦᠪᠦᠷᠢᠯᠡᠬᠦ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ᠂ ᠡᠳ᠋ ᠤᠨ ᠵᠠᠰᠠᠭ ᠤᠨ ᠪᠡᠯᠡ ᠮᠦᠩᠭᠦ ᠶᠢ ᠪᠠᠭᠤᠯᠭᠠᠬᠤ ᠳᠡᠰ ᠳᠠᠷᠠᠭ᠎ᠠ ᠶᠢ ᠳᠦᠷᠢᠮᠵᠢᠭᠦᠯᠦᠨ᠂ ᠪᠡᠯᠡ ᠮᠦᠩᠭᠦ ᠶᠢᠨ ᠲᠦᠯᠦᠪᠦᠷᠢᠯᠡᠬᠦ ᠦᠷ᠎ᠡ ᠠᠰᠢᠭ ᠢ ᠳᠡᠭᠡᠭᠰᠢᠯᠡᠭᠦᠯᠪᠡ᠃ ᠬᠤᠶᠠᠷ ᠲᠤ᠂ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠨᠡᠶᠢᠲᠡᠯᠡᠬᠦ ᠠᠵᠢᠯ ᠢ ᠶᠡᠭᠡ ᠬᠦᠴᠦᠨ ᠢᠶᠠᠷ ᠠᠬᠢᠭᠤᠯᠤᠨ᠂ ᠵᠠᠰᠠᠭ ᠤᠨ ᠤᠷᠳᠤᠨ ᠵᠢᠴᠢ ᠬᠠᠷᠢᠶ᠎ᠠ 73 ᠨᠢᠭᠡᠳᠦᠭᠡᠷ ᠳᠡᠰ ᠤᠨ ᠲᠦᠰᠦᠪ ᠤᠨ ᠪᠠᠶᠢᠭᠤᠯᠭ᠎ᠠ ᠪᠦᠭᠦᠨ ᠢᠶᠠᠷ ᠢᠶᠠᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ ᠪᠤᠯᠤᠨ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠰᠦᠯᠵᠢᠶᠡᠨ ᠳᠡᠭᠡᠷ᠎ᠡ ᠴᠠᠭ ᠲᠤᠬᠠᠢ ᠳᠤᠨᠢ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ᠂ ︽ᠭᠤᠷᠪᠠᠨ ᠠᠯᠪᠠᠨ ᠤ ᠵᠠᠷᠤᠳᠠᠯ︾ ᠤᠨ ᠲᠦᠰᠦᠪ ᠪᠠ ᠲᠦᠰᠦᠪ ᠤᠨ ᠭᠦᠢᠴᠡᠳᠬᠡᠯ ᠤᠨ ᠰᠤᠷᠠᠭ ᠵᠠᠩᠭᠢ ᠶᠢ ᠢᠯᠡ ᠨᠡᠶᠢᠲᠡᠯᠡᠪᠡ᠃ ᠭᠤᠷᠪᠠ ᠳᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠬᠢᠨᠠᠨ ᠬᠠᠮᠢᠶᠠᠷᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠤᠯᠤᠰ ᠤᠨ ᠦᠮᠴᠢᠯᠡᠯᠲᠦ ᠬᠦᠷᠦᠩᠭᠡ ᠶᠢᠨ ᠬᠠᠮᠢᠶᠠᠷᠤᠯᠲᠠ ᠶᠢᠨ ᠳᠡᠰ ᠳᠠᠷᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠬᠦᠷᠦᠩᠭᠡ ᠶᠢᠨ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠪᠡ᠃ ᠡᠭᠦᠨ ᠤ ᠬᠠᠮᠲᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠪᠠᠶᠢᠭᠤᠯᠵᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠬᠠᠮᠢᠶᠠᠷᠤᠯᠲᠠ ᠶᠢᠨ ᠬᠡᠯᠪᠡᠷᠢ ᠪᠤᠯᠤᠨ ᠡᠵᠡᠩᠨᠡᠯᠲᠡ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠦᠮᠴᠢᠯᠡᠯᠲᠦ ᠬᠦᠷᠦᠩᠭᠡ ᠶᠢᠨ ᠦᠷᠲᠡᠭ ᠢ ᠪᠠᠲᠤᠯᠠᠬᠤ ᠪᠠ ᠦᠷᠲᠡᠭ ᠢ ᠨᠡᠮᠡᠭᠳᠡᠭᠦᠯᠬᠦ ᠶᠢ ᠪᠡᠶᠡᠯᠡᠭᠦᠯᠪᠡ᠃ ᠳᠦᠷᠪᠡ ᠳᠤ᠂ PPP ᠲᠦᠷᠦᠯ ᠵᠦᠢᠯ ᠢ ᠯᠠᠪᠳᠠᠭᠤᠨ ᠠᠬᠢᠭᠤᠯᠵᠤ᠂ ᠬᠡᠷᠡᠭᠯᠡᠭᠴᠢᠳ ᠰᠦᠢᠳᠬᠡᠯ ᠲᠤᠰᠢᠶᠠᠬᠤ ᠤᠶᠤᠨᠴᠢ ᠲᠡᠷᠭᠡ ᠵᠤᠭᠰᠤᠭᠠᠬᠤ ᠰᠢᠰᠲ᠋ᠧᠮ ᠢ ᠤᠷᠤᠭᠤᠯᠵᠤ᠂ PPP ᠲᠦᠷᠦᠯ ᠵᠦᠢᠯ ᠮᠠᠨ ᠤ ᠲᠤᠭᠤᠷᠢᠭ ᠲᠤ ᠪᠤᠳᠠᠲᠠᠢ ᠨᠠᠶᠢᠳᠠᠪᠤᠷᠢᠵᠢᠪᠠ᠃ ᠲᠠᠪᠤ ᠳᠤ᠂ ︽ᠬᠤᠩ ᠱᠠᠨ ᠲᠤᠭᠤᠷᠢᠭ ᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ︾ ᠶᠢ ᠪᠠᠶᠢᠭᠤᠯᠵᠤ᠂ ᠬᠤᠩ ᠱᠠᠨ ᠲᠤᠭᠤᠷᠢᠭ ᠤᠨ ᠠᠵᠤ ᠠᠬᠤᠢ ᠶᠢᠨ ᠬᠦᠭᠵᠢᠯᠲᠡ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠵᠦ᠂ ᠪᠦᠬᠦ ᠲᠤᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠬᠤ ᠪᠤᠯᠤᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢ ᠠᠬᠢᠭᠤᠯᠪᠠ᠃ ᠵᠢᠷᠭᠤᠭ᠎ᠠ ᠳᠤ᠂ ᠤᠮᠠᠷᠠᠲᠤ ᠤᠷᠤᠨ ᠤ ᠦᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠰᠠᠭᠤᠷᠢᠨ ᠪᠤᠯᠤᠨ ᠠᠷᠤ ᠭᠠᠵᠠᠷ ᠤᠨ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠶᠢ ᠴᠤᠭᠴᠠᠯᠠᠵᠤ᠂ ᠠᠭᠤᠷᠬᠠᠢ ᠶᠢᠨ ᠪᠦᠲᠦᠭᠡᠭᠳᠡᠭᠦᠨ ᠤ ᠰᠤᠯᠢᠯᠴᠠᠭ᠎ᠠ᠂ ᠠᠭᠤᠷᠬᠠᠢ ᠶᠢᠨ ᠨᠡᠭᠡᠭᠡᠯᠲᠡ ᠶᠢᠨ ᠮᠡᠷᠭᠡᠵᠢᠯ ᠤᠨ ᠦᠢᠯᠡᠴᠢᠯᠡᠭᠡ ᠪᠤᠯᠤᠨ ᠠᠵᠤ ᠠᠬᠤᠶᠢᠯᠠᠯ ᠢᠶᠠᠷ ᠮᠦᠩᠭᠦᠨ ᠭᠦᠢᠯᠭᠡᠭᠡ ᠶᠢ ᠲᠤᠯᠭᠠᠭᠠᠤᠷᠢᠯᠠᠭᠤᠯᠬᠤ ᠦᠢᠯᠡᠴᠢᠯᠡᠭᠡᠨ ᠳᠤ ᠦᠢᠯᠡᠴᠢᠯᠡᠭᠡᠨ ᠤ ᠲᠠᠪᠴᠠᠩ ᠴᠤᠭᠴᠠᠯᠠᠪᠠ᠃        2017 ᠤᠨ ᠳᠤ᠂ ᠪᠦᠬᠦ ᠲᠤᠭᠤᠷᠢᠭ ᠢᠶᠠᠷ ᠢᠶᠠᠨ ᠬᠠᠮᠲᠤᠷᠠᠨ ᠴᠢᠷᠮᠠᠶᠢᠵᠤ᠂ ᠡᠳ᠋ ᠤᠨ ᠵᠠᠰᠠᠭ ᠤᠨ ᠶᠡᠷᠦᠩᠬᠡᠢ ᠴᠤᠭᠴᠠ ᠶᠢᠨ ᠡᠷᠭᠢᠯᠲᠡ ᠨᠡᠯᠢᠶᠡᠳ ᠰᠠᠶᠢᠨ᠂ ᠭᠡᠪᠡᠴᠦ ᠪᠠᠰᠠ  ᠨᠢᠭᠡ ᠪᠦᠯᠦᠭ ᠬᠦᠴᠢᠷᠳᠡᠯ ᠪᠤᠯᠤᠨ ᠠᠰᠠᠭᠤᠳᠠᠯ ᠤᠷᠤᠰᠢᠵᠤ ᠪᠠᠶᠢᠨ᠎ᠠ᠃ ᠨᠢᠭᠡ ᠳᠤ᠂ ᠡᠯ᠎ᠡ ᠲᠦᠷᠦᠯ ᠤᠨ ᠡᠳ᠋ ᠤᠨ ᠵᠠᠰᠠᠭ ᠤᠨ ᠲᠤᠭᠲᠠᠮᠠᠯ ᠵᠠᠷᠤᠯᠭ᠎ᠠ ᠶᠢᠨ ᠱᠠᠭᠠᠷᠳᠠᠯᠭ᠎ᠠ ᠶᠢᠨ ᠨᠡᠮᠡᠭᠳᠡᠯ ᠨᠡᠯᠢᠶᠡᠳ ᠲᠦᠷᠭᠡᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ ᠢᠷᠡᠬᠦᠶ᠎ᠡ ᠳᠤᠪᠤᠶᠢᠮ᠎ᠠ ᠪᠤᠯᠪᠠ︔ ᠬᠤᠶᠠᠷ ᠲᠤ᠂ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠭᠦᠢᠯᠭᠡᠭᠡᠨ ᠤ ᠪᠡᠯᠡ ᠮᠦᠩᠭᠦ ᠠᠴᠠ ᠪᠦᠷᠢᠯᠳᠦᠭᠰᠡᠨ ᠵᠠᠰᠠᠭ ᠤᠨ ᠤᠷᠳᠤᠨ ᠤ ᠦᠷᠢ ᠦᠭᠴᠡᠭᠡᠨ ᠤ ᠳᠠᠷᠤᠯᠲᠠ ᠨᠡᠯᠢᠶᠡᠳ ᠬᠦᠨᠳᠦ᠂ ᠦᠷᠢ ᠦᠭᠴᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠ ᠨᠠᠮᠬᠠᠳᠬᠠᠬᠤ ᠡᠭᠦᠷᠭᠡ ᠬᠦᠨᠳᠦ︔ ᠭᠤᠷᠪᠠ ᠳᠤ᠂ ᠳᠡᠭᠡᠷ᠎ᠡ ᠱᠠᠲᠤᠨ ᠠᠴᠠ ᠲᠦᠷᠦᠯ ᠵᠦᠢᠯ ᠤᠨ ᠪᠡᠯᠡ ᠮᠦᠩᠭᠦ ᠶᠢ ᠤᠯᠬᠤ ᠠᠵᠢᠯ ᠤᠨ ᠬᠦᠴᠦᠯᠡᠴᠡ ᠶᠢ ᠨᠡᠮᠡᠭᠳᠡᠭᠦᠯᠭᠦ ᠴᠢᠬᠤᠯᠠᠲᠠᠢ ᠪᠠᠶᠢᠵᠦ᠂ ᠢᠯᠠᠩᠭᠤᠶ᠎ᠠ ᠡᠯ᠎ᠡ ᠲᠠᠯ᠎ᠠ ᠶᠢᠨ ᠬᠦᠴᠦᠨ ᠴᠢᠳᠠᠯ ᠪᠤᠯᠤᠨ ᠡᠬᠢ ᠪᠠᠶᠠᠯᠢᠭ ᠢ ᠨᠡᠶᠢᠯᠡᠭᠦᠯᠬᠦ᠂ ᠲᠤᠮᠤ ᠲᠦᠷᠦᠯ ᠵᠦᠢᠯ  ᠢ ᠤᠯᠬᠤ ᠲᠠᠯ᠎ᠠ ᠪᠠᠷ ᠨᠡᠩ  ᠴᠢᠩᠭᠠᠳᠬᠠᠬᠤ ᠴᠢᠬᠤᠯᠠᠲᠠᠢ᠃ ᠳᠦᠷᠪᠡ ᠳᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠭᠦᠯᠬᠦ ᠲᠠᠯ᠎ᠠ ᠪᠠᠷ᠂ ᠡᠳ᠋ ᠤᠨ ᠵᠠᠰᠠᠭ ᠤᠨ ᠬᠠᠮᠢᠶᠠᠷᠤᠯᠲᠠ ᠳᠤ ᠬᠠᠷᠠᠬᠠᠨ ᠨᠢᠭᠡ ᠪᠦᠯᠦᠭ ᠵᠦᠷᠢᠶ᠎ᠡ ᠤᠷᠤᠰᠢᠵᠤ ᠪᠠᠶᠢᠨ᠎ᠠ᠂ ᠡᠳ᠋ ᠤᠨ ᠵᠠᠰᠠᠭ ᠤᠨ ᠦᠭᠡᠷᠡᠴᠢᠯᠡᠯᠲᠡ ᠶᠢᠨ ᠬᠦᠴᠦᠯᠡᠴᠡ ᠶᠢ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠬᠤᠶᠢᠰᠢᠲᠠ ᠶᠢᠨ ᠠᠵᠢᠯ ᠳᠤᠮᠳᠠ ᠪᠠᠨ ᠨᠠᠷᠢᠨ ᠬᠢᠨᠠᠮᠠᠭᠠᠢ ᠪᠠᠷ ᠰᠢᠢᠳᠪᠦᠷᠢᠯᠡᠬᠦ ᠬᠡᠷᠡᠭᠲᠡᠢ᠃         ᠦᠷᠭᠦᠯᠵᠢᠯᠡᠯ ᠪᠤᠢ
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号