ᠬᠤᠨᠭ᠌ ᠮᠢᠶᠤᠤ ᠽᠢ ᠪᠠᠯᠭᠠᠰᠦ ᠬᠤᠲᠠ ᠶᠢᠨ ᠬᠠᠮᠢᠶᠠᠷᠤᠯᠳᠠ ᠶᠢᠨ ᠡᠩᠨᠡᠬᠡᠨ ᠤ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2018-02-23
         ᠬᠤᠲᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠡᠩᠨᠡᠬᠡᠨ ᠤ ᠵᠢᠷᠤᠮᠵᠢᠠᠠᠰᠡᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠠ᠂ ᠬᠤᠳᠠ ᠶᠢᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠦᠭᠴᠢ ᠶᠢᠨ ᠶᠡᠷᠤᠩᠬᠡᠶᠢᠯᠡᠭᠰᠡᠨ ᠬᠡᠪ ᠴᠢᠨᠠᠷ ᠢ ᠲᠡᠬᠡᠭᠰᠢᠯᠡᠬᠦᠯᠦᠨ᠂ ᠬᠤᠲᠠ ᠶᠢᠨ ᠬᠠᠮᠢᠶᠠᠷᠤᠯᠳᠠ ᠶᠢᠨ ᠭᠤᠤᠯᠳᠠᠯᠭ᠎ᠠ ᠶᠢ ᠲᠤᠷᠤᠭᠰᠢ ᠰᠢᠯᠵᠢᠬᠦᠯᠬᠦ ᠶᠢ ᠶᠡᠭᠡ ᠬᠦᠴᠦᠨ ᠢᠶᠠᠷ ᠠᠬᠢᠭᠤᠯᠬᠤ ᠶᠢᠨ ᠲᠦᠯᠦᠬᠡ ᠬᠤᠨᠭ᠍ᠱᠠᠨ ᠲᠤᠭᠤᠷᠢᠭ ᠤᠨ ᠬᠤᠨᠭ᠌ ᠮᠢᠶᠤᠤ ᠽᠢ ᠪᠠᠯᠭᠠᠰᠦ ᠭᠤᠷᠪᠠᠨ ᠵᠦᠢᠯ ᠤᠨ ᠠᠷᠭ᠎ᠠ ᠬᠡᠮᠵᠢᠶ᠎ᠠ ᠪᠠᠷ ᠬᠤᠳᠠ ᠶᠢᠨ ᠬᠠᠮᠢᠶᠠᠷᠤᠯᠳᠠ ᠶᠢᠨ ᠠᠵᠢᠯ ᠤᠨ ᠰᠢᠨ᠎ᠠ ᠬᠡᠪ ᠪᠠᠶᠢᠳᠠᠯ ᠢ ᠪᠤᠢ ᠪᠤᠯᠭᠠᠪᠠ᠃        ᠬᠤᠲᠠ ᠶᠢᠨ ᠬᠠᠮᠢᠶᠠᠷᠤᠯᠳᠠ ᠶᠢᠨ ᠡᠩᠨᠡᠬᠡᠨ ᠳᠤ ᠰᠢᠨ᠎ᠠ ᠪᠠᠷ ᠤᠷᠤᠭᠰᠡᠨ ᠬᠠᠤᠯᠢ ᠬᠡᠷᠡᠭᠵᠢᠬᠦᠯᠦᠭᠴᠢ ᠳᠤ ᠴᠡᠷᠢᠭ ᠤᠨ ᠪᠤᠯᠪᠠᠰᠤᠷᠠᠯ ᠬᠢᠪᠠ᠃ ᠬᠠᠤᠯᠢ ᠬᠡᠷᠡᠭᠵᠢᠬᠦᠯᠬᠦ ᠡᠩᠨᠡᠬᠡᠨ ᠤ ᠪᠠᠶ᠎ᠠ ᠮᠠᠬᠠᠪᠤᠳ ᠤᠨ ᠬᠦᠴᠢᠷ ᠢ ᠲᠠᠰᠪᠦᠷᠢᠯᠠᠬᠦ ᠴᠢᠳᠠᠪᠦᠷᠢ ᠪᠠ ᠬᠠᠳᠠᠭᠤᠵᠢᠯᠲᠠᠢ ᠵᠤᠷᠢᠭ ᠰᠠᠨᠠᠭ᠎ᠠ ᠶᠢ ᠤᠯᠠᠮ ᠨᠢᠬᠡ ᠠᠯᠬᠤᠮ ᠨᠡᠮᠡᠭᠳᠡᠬᠦᠯᠦᠨ᠂ ᠬᠠᠮᠳᠦ ᠨᠡᠶᠢᠳᠡ ᠶᠢᠨ ᠦᠵᠡᠯ ᠤᠬᠠᠮᠰᠠᠷ ᠢ ᠬᠦᠮᠦᠵᠢᠬᠦᠯᠦᠨ᠂ ᠬᠤᠶᠢᠰᠢᠳᠠ ᠶᠢᠨ ᠦᠨᠳᠦᠷ ᠪᠦᠳᠦᠮᠵᠢᠲᠠᠢ᠂ ᠲᠦᠷᠬᠡᠨ᠂ ᠲᠡᠬᠦᠰ ᠠᠮᠵᠢᠯᠲᠠ ᠲᠠᠢ ᠪᠠᠷ ᠡᠯ᠎ᠠ ᠵᠦᠢᠯ ᠤᠨ ᠬᠠᠤᠯᠢ ᠬᠡᠷᠡᠭᠵᠢᠬᠦᠯᠬᠦ ᠠᠵᠢᠯ ᠪᠠ ᠬᠤᠲᠠ ᠬᠦᠳᠡᠭᠡ ᠶᠢᠨ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ ᠶᠡᠷᠤᠩᠬᠡᠶᠢᠯᠡᠨ ᠵᠠᠰᠠᠬᠤ ᠠᠵᠢᠯ ᠢ ᠪᠡᠶᠡᠯᠡᠬᠦᠯᠬᠦ ᠳᠤ ᠤᠬᠢ ᠰᠠᠶᠢᠨ ᠰᠠᠭᠤᠷᠢ ᠲᠠᠯᠪᠢᠪᠠ᠃        ᠬᠤᠲᠠ ᠶᠢᠨ ᠬᠠᠮᠢᠶᠠᠷᠤᠯᠳᠠ ᠶᠢᠨ ᠠᠩᠬᠢ ᠶᠢᠨ ᠪᠦᠬᠦ ᠬᠡᠰᠢᠬᠦᠳ ᠭᠠᠷᠠᠭ ᠪᠤᠯᠭᠠᠨ ᠬᠤᠷᠠᠯ ᠳᠤ ᠤᠷᠤᠯᠴᠠᠬᠤ ᠠᠵᠢᠯ ᠤᠨ ᠰᠢᠨ᠎ᠠ ᠬᠡᠯᠪᠡᠷᠢ ᠶᠢ ᠪᠦᠷᠢᠯᠳᠦᠬᠦᠯᠪᠠ᠃ ᠡᠯ᠎ᠠ ᠲᠦᠷᠦᠯ ᠤᠨ ᠠᠵᠢᠯ ᠤᠨ ᠵᠢᠷᠤᠮᠵᠢᠭᠤᠯᠤᠯᠳᠠ ᠪᠠ ᠰᠢᠰᠲ᠋ᠧᠮᠵᠢᠭᠦᠯᠦᠯᠲᠡ ᠶᠢᠨ ᠬᠢᠷᠢ ᠲᠦᠪᠰᠢᠨ ᠢ ᠦᠨᠡᠨᠬᠦ ᠠᠬᠢᠭᠤᠯᠤᠨ᠂ ᠠᠵᠢᠯ ᠤᠨ ᠬᠡᠪ ᠰᠤᠷᠳᠠᠯ ᠢᠶᠠᠨ ᠤᠯᠠᠮ ᠨᠢᠬᠡ ᠠᠯᠬᠤᠮ ᠰᠠᠶᠢᠵᠢᠷᠠᠭᠤᠯᠵᠦ᠂ ᠠᠵᠢᠯ ᠤᠨ ᠦᠷ᠎ᠠ ᠪᠦᠳᠦᠮᠵᠢ ᠪᠠᠨ ᠲᠡᠬᠡᠭᠰᠢᠯᠡᠬᠦᠯᠬᠦ ᠶᠢᠨ ᠲᠦᠯᠦᠬᠡ᠂ ᠬᠤᠨᠭ᠌ ᠮᠢᠶᠤᠤ ᠽᠢ ᠪᠠᠯᠭᠠᠰᠦ ᠶᠢᠨ ᠬᠤᠳᠠ ᠶᠢ ᠬᠠᠮᠢᠶᠠᠷᠤᠯᠳᠠ ᠶᠢᠨ ᠠᠩᠬᠢ ᠭᠠᠷᠠᠭ ᠪᠤᠯᠭᠠᠨ ᠨᠢᠬᠡ ᠬᠤᠷᠠᠯ ᠬᠢᠬᠦ ᠲᠦᠷᠢᠮ ᠲᠤᠭᠲᠠᠭᠠᠯ ᠭᠠᠷᠭᠠᠨ᠂ ᠲᠡᠬᠡᠷ᠎ᠠ ᠭᠠᠷᠠᠭ ᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠦᠨ᠂ ᠴᠠᠭ ᠲᠤᠬᠠᠢ ᠳᠤᠨᠢ ᠠᠰᠠᠭᠤᠳᠠᠯ ᠢ ᠢᠯᠡᠷᠡᠬᠦᠯᠦᠨ᠂ ᠠᠰᠠᠭᠤᠳᠠᠯ ᠢ ᠰᠢᠢᠳᠪᠦᠷᠢᠯᠡᠬᠦ ᠶᠢ ᠪᠡᠶᠡᠯᠡᠬᠦᠯᠦᠭᠰᠡᠨ ᠮᠦᠷᠳᠡᠬᠡᠨ ᠲᠤᠰ ᠭᠠᠷᠠᠭ ᠤᠨ ᠠᠵᠢᠯ ᠢᠶᠠᠨ ᠲᠤᠬᠢᠷᠠᠭᠤᠯᠪᠠ᠃ ᠡᠬᠦᠨ ᠢᠶᠠᠷ ᠲᠠᠮᠵᠢᠭᠤᠯᠤᠨ ᠬᠠᠤᠯᠢ ᠬᠡᠷᠡᠭᠵᠢᠬᠦᠯᠦᠭᠴᠢ ᠶᠢᠨ ᠬᠠᠷᠢᠭᠤᠴᠠᠯᠭᠠᠳᠦ ᠰᠡᠳᠬᠢᠯᠬᠡ ᠶᠢ ᠨᠡᠮᠡᠭᠳᠡᠬᠦᠯᠤᠨ᠂ ᠠᠵᠢᠯ ᠤᠨ ᠤᠪᠤᠷ ᠰᠤᠷᠳᠠᠯ ᠢ ᠰᠠᠶᠢᠵᠢᠷᠠᠭᠤᠯᠤᠨ ᠦᠷ᠎ᠠ ᠪᠦᠳᠦᠮᠵᠢ ᠶᠢ ᠲᠡᠬᠡᠭᠰᠢᠯᠡᠬᠦᠯᠪᠠ᠃        ᠪᠦᠬᠦ ᠪᠠᠯᠭᠠᠰᠦ ᠶᠢᠨ ᠬᠡᠪᠴᠢᠶᠠᠨ ᠳᠤ ︽ᠡᠯᠧᠺᠲᠷᠤᠨ ᠬᠠᠮᠢᠶᠠᠷᠤᠯᠳᠠ︾ ᠶᠢ ᠪᠦᠬᠦᠨ ᠢ ᠪᠦᠷᠬᠦᠬᠦᠯᠪᠠ᠃ ᠪᠦᠬᠦ ᠪᠠᠯᠭᠠᠰᠦ ᠪᠠᠨ ᠲᠠᠪᠤᠨ ᠶᠡᠭᠡ ᠡᠯᠧᠺᠲᠷᠤᠨ ᠬᠠᠮᠢᠶᠠᠷᠤᠯᠳᠠ ᠶᠢᠨ ᠬᠡᠰᠡᠭ ᠬᠤᠪᠢᠶᠠᠨ ᠨᠠᠷᠢᠯᠢᠭ ᠬᠠᠮᠢᠶᠠᠷᠪᠠ᠃ ᠤᠳᠤ ᠪᠠᠶᠢᠭ᠎ᠠ ᠬᠠᠤᠯᠢ ᠬᠡᠷᠡᠭᠵᠢᠬᠦᠯᠦᠭᠴᠢ ᠶᠢᠨ ᠡᠬᠢ ᠪᠠᠶᠠᠯᠢᠭ ᠢᠶᠠᠨ ᠨᠢᠬᠡᠳᠬᠡᠨ ︽ᠨᠢᠬᠡ ᠠᠵᠢᠯ ᠤᠨ ᠪᠠᠶᠢᠷᠢ ᠳᠤ ᠤᠯᠠᠨ ᠬᠠᠷᠢᠭᠤᠴᠠᠯᠭ᠎ᠠ ᠲᠠᠢ᠂ ᠤᠯᠠᠨ ᠬᠦᠮᠦᠨ ᠬᠠᠮᠳᠤᠷᠠᠬᠤ᠂ ᠴᠠᠭ ᠲᠤᠬᠠᠢ ᠳᠤᠨᠢ ᠬᠡᠷᠡᠴᠢ ᠠᠪᠬᠤ᠂ ᠬᠠᠤᠯᠢ ᠬᠡᠷᠡᠭᠵᠢᠬᠦᠯᠬᠦ ᠳᠡᠭᠡᠨ ᠡᠷᠡᠰ ᠰᠢᠭᠤᠷᠬᠠᠢ︾ ᠪᠠᠶᠢᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯᠧᠺᠲᠷᠤᠨ ᠬᠤᠲᠠ ᠶᠢᠨ ᠬᠠᠮᠢᠶᠠᠷᠤᠯᠳᠠ ᠶᠢᠨ ᠤᠷᠳᠦ ᠬᠤᠭᠤᠴᠠᠭ᠎ᠠ ᠪᠠᠷ ᠬᠡᠷᠡᠭᠵᠢᠬᠦᠯᠦᠭᠳᠡᠬᠦ ᠶᠢ ᠪᠠᠳᠤᠯᠠᠪᠠ᠃ ᠬᠡᠷᠡᠭ ᠬᠤᠪᠢᠶᠠᠨ ᠬᠠᠮᠢᠶᠠᠷᠬᠤ᠂ ᠬᠠᠷᠢᠭᠤᠴᠠᠯᠭ᠎ᠠ ᠶᠢ ᠪᠤᠲᠠᠲᠠᠢ ᠪᠠᠷ ᠨᠠᠶᠢᠳᠠᠪᠦᠷᠢᠵᠢᠭᠤᠯᠬᠤ ᠬᠡᠯᠪᠡᠷᠢ ᠪᠠᠷ ᠬᠤᠲᠠ ᠶᠢᠨ ᠬᠠᠮᠢᠶᠠᠷᠤᠯᠳᠠ ᠶᠢᠨ ᠰᠢᠨᠵᠢᠯᠡᠬᠦ ᠤᠬᠠᠭᠠᠨᠴᠢᠯᠠᠭᠰᠡᠨ᠂ ᠵᠢᠷᠤᠮᠵᠢᠠᠠᠰᠡᠨ᠂ ᠨᠠᠷᠢᠯᠢᠭᠵᠢᠠᠠᠰᠡᠨ ᠬᠢᠷᠢ ᠲᠦᠪᠰᠢᠨ ᠢ ᠦᠨᠡᠨᠬᠦ ᠲᠡᠬᠡᠭᠰᠢᠯᠡᠬᠦᠯᠵᠦ᠂ ᠠᠷᠢᠭᠤᠨ ᠴᠢᠬᠡᠴᠢ ᠡᠮᠬᠢ ᠵᠢᠷᠤᠮ ᠲᠠᠢ ᠬᠤᠲᠠ ᠶᠢᠨ ᠤᠷᠴᠢᠨ ᠢ ᠪᠤᠢ ᠪᠤᠯᠭᠠᠭᠰᠡᠨ ᠪᠠᠶᠢᠨ᠎ᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号