ᠲᠢᠶᠧ ᠨᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2018-04-18
         ᠡᠨᠡ ᠵᠢᠯ ᠠᠴᠠ ᠨᠠᠰᠢ᠂ ᠲᠢᠶᠧ ᠨᠠᠨ ᠵᠡᠭᠡᠯᠢ ᠭᠤᠳᠤᠮᠵᠢ ᠶᠢᠨ ᠡᠯ᠎ᠡ ᠪᠦᠷᠭᠡᠲᠦ ᠲᠤᠭᠤᠷᠢᠭ ᠢ ᠦᠭᠡᠷᠡᠴᠢᠯᠡᠵᠦ ᠪᠤᠴᠠᠨ ᠨᠡᠭᠦᠬᠦ ᠪᠠᠭ᠎ᠠ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠷᠠᠭᠠᠯᠠᠨ ᠨᠠᠶᠢᠳᠠᠪᠤᠷᠢᠵᠢᠭᠤᠯᠬᠤ ᠶᠢ ᠳᠠᠭᠠᠯᠳᠤᠨ ᠡᠯ᠎ᠡ ᠵᠦᠢᠯ ᠤᠨ ᠰᠠᠭᠤᠷᠢ ᠲᠦᠬᠦᠭᠡᠷᠦᠮᠵᠢ ᠠᠯᠭᠤᠷ ᠲᠡᠭᠦᠯᠳᠡᠷᠵᠢᠵᠦ᠂ ᠬᠤᠩᠱᠠᠨ ᠲᠤᠭᠤᠷᠢᠭ ᠤᠨ ᠲᠢᠶᠧ ᠨᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠵᠢᠯ ᠤᠨ ᠭᠤᠤᠯᠳᠠᠯᠭ᠎ᠠ ᠪᠠᠨ ᠪᠦᠷᠭᠡᠲᠦ ᠲᠤᠭᠤᠷᠢᠭ ᠢ ᠦᠭᠡᠷᠡᠴᠢᠯᠡᠨ ᠵᠠᠰᠠᠬᠤ ᠠᠴᠠ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠲᠡᠶᠢᠰᠢ ᠰᠢᠯᠵᠢᠭᠦᠯᠦᠭᠰᠡᠨ ᠪᠠᠶᠢᠨ᠎ᠠ᠃ ᠲᠢᠶᠧ ᠨᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠨᠢ ᠡᠨᠡᠬᠦ ᠰᠢᠨ᠎ᠡ ᠠᠶᠠᠨ ᠳᠤ ᠬᠠᠷᠢᠶᠠᠲᠦ ᠲᠤᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠶᠢ ᠳᠡᠰ ᠳᠡᠪᠰᠢᠭᠦᠯᠬᠦ ᠰᠢᠨ᠎ᠡ ᠱᠠᠭᠠᠷᠳᠠᠯᠭ᠎ᠠ ᠳᠤ ᠵᠤᠬᠢᠴᠠᠨ ᠰᠢᠨ᠎ᠡ ᠶᠢ ᠡᠭᠦᠳᠴᠦ᠂ ᠬᠠᠷᠢᠶᠠᠲᠦ ᠲᠤᠭᠤᠷᠢᠭ ᠤᠨ ᠰᠠᠭᠤᠭᠠᠯᠢ ᠠᠷᠠᠳ ᠲᠤ ᠨᠡᠩ ᠳᠦᠭᠦᠮ ᠦᠢᠯᠡᠴᠢᠯᠡᠭᠡ ᠬᠠᠩᠭᠠᠬᠤ ᠪᠠᠷ ᠴᠢᠷᠮᠠᠶᠢᠵᠠᠢ᠃        ᠺᠠᠳ᠋ᠷ ᠢ ᠨᠡᠶᠢᠭᠡᠮ ᠲᠤᠭᠤᠷᠢᠭ ᠲᠤ ᠲᠤᠮᠢᠯᠠᠵᠤ᠂ ᠡᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠺᠠᠳ᠋ᠷ ᠢ ᠨᠡᠶᠢᠭᠡᠮ ᠲᠤᠭᠤᠷᠢᠭ ᠲᠤ ᠲᠤᠮᠢᠯᠠᠨ ᠨᠡᠶᠢᠭᠡᠮ ᠲᠤᠭᠤᠷᠢᠭ ᠤᠨ ᠤᠳᠤᠷᠢᠳᠬᠤ ᠪᠠᠭ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠠᠢ᠃ ᠨᠡᠶᠢᠭᠡᠮ ᠲᠤᠭᠤᠷᠢᠭ ᠤᠨ ᠤᠤᠯ ᠤᠨ ᠺᠠᠳ᠋ᠷ ᠲᠤ ᠨᠡᠶᠢᠳᠡᠮ ᠤᠷᠤᠰᠢᠵᠤ ᠪᠠᠶᠢᠭᠰᠠᠨ ᠰᠤᠶᠤᠯ ᠤᠨ ᠬᠢᠷᠢ ᠬᠡᠮᠵᠢᠶ᠎ᠡ ᠳᠤᠤᠷ᠎ᠠ᠂ ᠨᠠᠰᠤ ᠠᠬᠢᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠰᠤ ᠵᠠᠯᠠᠭᠤ ᠬᠦᠴᠦ ᠰᠠᠶᠢᠲᠠᠢ ᠺᠠᠳ᠋ᠷ ᠢ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠪᠤᠶᠤ ᠨᠢᠭᠡᠳᠦᠭᠡᠷ ᠱᠦᠵᠢ ᠪᠠᠷ ᠲᠤᠮᠢᠯᠠᠨ ᠨᠡᠶᠢᠭᠡᠮ ᠲᠤᠭᠤᠷᠢᠭ ᠤᠨ ᠠᠵᠢᠯ ᠤᠨ ᠳᠠᠭᠠᠭᠤᠯᠤᠭᠴᠢ ᠪᠤᠯᠭᠠᠭᠰᠠᠨ ᠪᠠᠶᠢᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠵᠢᠭᠡᠯᠡᠭᠳᠡᠨ ᠠᠵᠢᠯᠯᠠᠵᠤ ᠪᠠᠶᠢᠭᠰᠠᠨ ᠨᠡᠶᠢᠭᠡᠮ ᠲᠤᠭᠤᠷᠢᠭ ᠤᠨ ᠠᠵᠢᠯᠲᠠᠨ ᠢ ᠴᠦᠮ ᠨᠡᠶᠢᠭᠡᠮ ᠲᠤᠭᠤᠷᠢᠭ ᠲᠤᠨᠢ ᠡᠭᠡᠭᠦᠯᠵᠦ᠂ ᠨᠡᠶᠢᠭᠡᠮ ᠲᠤᠭᠤᠷᠢᠭ ᠤᠨ ᠬᠦᠴᠦᠨ ᠢ ᠪᠤᠵᠠᠭᠠᠶᠢᠷᠠᠭᠤᠯᠵᠠᠢ᠃ ᠤᠳᠤᠬᠠᠨ ᠳᠤ᠂ ᠲᠢᠶᠧ ᠨᠠᠨ᠂ ᡂᠢ ᠫᠢᠩ ᠯᠦ᠂ ᠨᠠᠨ ᠱᠠᠨ᠂ ᠸᠧᠨ ᠯᠢᠶᠠᠨ ᠯᠦ ᠵᠡᠷᠭᠡ ᠳᠦᠷᠪᠡᠨ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠱᠦᠵᠢ ᠪᠤᠶᠤ ᠨᠢᠭᠡᠳᠦᠭᠡᠷ ᠱᠦᠵᠢ ᠶᠢ ᠴᠦᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠤᠮᠢᠯᠠᠭᠰᠠᠨ ᠪᠠᠶᠢᠵᠤ᠂ ᠨᠡᠶᠢᠭᠡᠮ ᠲᠤᠭᠤᠷᠢᠭ ᠪᠦᠷᠢ ᠳᠤ ᠬᠠᠮᠤᠭ ᠪᠠᠭ᠎ᠠ ᠳᠠᠭᠠᠨ 7 ᠠᠵᠢᠯᠲᠠᠨ ᠲᠠᠢ ᠪᠠᠶᠢᠬᠤ ᠶᠢ ᠪᠠᠲᠤᠯᠠᠨ᠂ ᠠᠵᠢᠯᠲᠠᠨ ᠤ ᠶᠡᠷᠦᠩᠬᠡᠢ ᠲᠤᠭ᠎ᠠ 34 ᠬᠦᠮᠦᠨ ᠳᠤ ᠬᠦᠷᠴᠦ ᠨᠡᠶᠢᠭᠡᠮ ᠲᠤᠭᠤᠷᠢᠭ ᠤᠨ ᠠᠵᠢᠯ ᠢ ᠦᠷᠨᠢᠭᠦᠯᠬᠦ ᠳᠤ ᠠᠵᠢᠯᠲᠠᠨ ᠤ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃        ᠤᠯᠠᠨ ᠲᠦᠮᠡᠨ ᠳᠤ ᠳᠦᠭᠦᠮ ᠦᠵᠡᠭᠦᠯᠬᠦ ᠶᠢᠨ ᠲᠤᠰᠠᠳᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠠᠰᠠᠭ ᠢᠶᠠᠨ ᠴᠤᠮᠬᠠᠳᠬᠠᠨ ᠡᠷᠬᠡ ᠶᠢ ᠲᠠᠯᠪᠢᠵᠤ᠂ ᠬᠤᠲᠠ ᠲᠤᠭᠤᠷᠢᠭ ᠤᠨ ᠳᠤᠤᠷ᠎ᠠ ᠪᠠᠲᠤᠯᠠᠭ᠎ᠠ ᠶᠢᠨ ᠠᠵᠢᠯ ᠤᠨ ᠡᠳᠦᠷ ᠲᠤᠲᠤᠮ ᠤᠨ ᠬᠠᠮᠢᠶᠠᠷᠤᠯᠲᠠ ᠪᠠ ᠪᠡᠯᠡ ᠮᠦᠩᠭᠦ ᠲᠠᠷᠬᠠᠭᠠᠬᠤ᠂ ᠲᠦᠷ ᠴᠠᠭ ᠤᠨ ᠠᠪᠤᠷᠠᠨ ᠲᠤᠰᠠᠯᠠᠬᠤ ᠭᠠᠷᠳᠠᠮ ᠢ ᠭᠦᠢᠴᠡᠳᠬᠡᠬᠦ᠂ ᠬᠦᠴᠢᠷᠲᠡᠢ ᠡᠷᠦᠬᠡ ᠪᠠ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠶᠢ ᠲᠠᠷᠬᠠᠭᠠᠬᠤ᠂ ᠨᠠᠰᠤᠵᠢᠭᠰᠠᠨ ᠦᠨᠡᠮᠯᠡᠯ ᠤᠨ ᠭᠠᠷᠳᠠᠮ ᠢ ᠭᠦᠢᠴᠡᠳᠬᠡᠬᠦ᠂ ᠨᠠᠰᠤᠵᠢᠯ᠂ ᠡᠮ ᠡᠮᠨᠡᠯᠭᠡᠨ ᠤ ᠳᠠᠭᠠᠳᠬᠠᠯ ᠢ ᠬᠤᠷᠢᠶᠠᠬᠤ᠂ ᠠᠵᠢᠯ ᠠᠯᠳᠠᠭᠰᠠᠳ ᠤᠨ ᠦᠨᠡᠮᠯᠡᠯ ᠤᠨ ᠭᠠᠷᠳᠠᠮ ᠢ ᠭᠦᠢᠴᠡᠳᠬᠡᠬᠦ ᠵᠡᠷᠭᠡ ᠠᠯᠪᠠᠨ ᠤ ᠰᠠᠯᠠᠭ᠎ᠠ ᠮᠦᠴᠢᠷ ᠤᠨ ᠡᠷᠬᠡ ᠬᠠᠷᠢᠭᠤᠴᠠᠯᠭ᠎ᠠ ᠡᠭᠦᠷᠭᠡ ᠴᠢᠳᠠᠪᠬᠢ ᠶᠢ ᠨᠡᠶᠢᠭᠡᠮ ᠲᠤᠭᠤᠷᠢᠭ ᠲᠤ ᠰᠢᠯᠵᠢᠭᠦᠯᠵᠦ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠠᠮᠢᠳᠤᠷᠠᠯ ᠤᠨ ᠬᠠᠮᠢᠶ᠎ᠠ ᠪᠦᠬᠦᠢ ᠤᠴᠢᠷ ᠶᠠᠪᠤᠳᠠᠯ ᠢᠶᠠᠨ ᠨᠡᠶᠢᠭᠡᠮ ᠲᠤᠭᠤᠷᠢᠭ ᠲᠠᠭᠠᠨ ᠰᠢᠢᠳᠪᠦᠷᠢᠯᠡᠵᠦ ᠳᠡᠶᠢᠯᠬᠦ ᠪᠤᠯᠭᠠᠭᠰᠠᠨ ᠪᠠᠶᠢᠨ᠎ᠠ᠃        ᠤᠨᠴᠠᠯᠢᠭᠲᠤ ᠨᠡᠶᠢᠭᠡᠮ ᠲᠤᠭᠤᠷᠢᠭ ᠢ ᠴᠢᠷᠮᠠᠶᠢᠨ ᠪᠦᠲᠦᠭᠡᠨ ᠪᠠᠶᠢᠭᠤᠯᠪᠠ᠃ ᠲᠤᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠬᠤᠪᠢᠰᠬᠠᠯ ᠤᠨ ᠵᠤᠷᠢᠭ ᠰᠠᠨᠠᠭ᠎ᠠ ᠪᠠᠷ ᠵᠢᠯᠤᠭᠤᠳᠤᠨ ᠳᠠᠶᠢᠴᠢᠯᠠᠬᠤ᠂ ᠵᠢᠷᠭᠤᠭ᠎ᠠ ᠶᠢ ᠤᠶᠠᠯᠳᠤᠭᠤᠯᠬᠤ︾ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠰᠢᠨ᠎ᠡ ᠵᠠᠭᠪᠤᠷ ᠨᠢ ︽ᠨᠠᠮ ᠤᠨ ᠡᠭᠦᠷ + ᠨᠡᠶᠢᠭᠡᠮ ᠲᠤᠭᠤᠷᠢᠭ᠂ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠵᠡᠭᠡᠯᠢ ᠭᠤᠳᠤᠮᠵᠢ ᠳᠤ ᠰᠠᠭᠤᠭ᠎ᠠ ᠪᠠᠶᠢᠭᠤᠯᠭ᠎ᠠ ᠨᠢᠭᠡᠴᠡ᠂ ᠠᠵᠢᠯ ᠤᠨ ᠵᠦᠪᠯᠡᠯ᠂ ᠭᠡᠷ ᠠᠬᠤᠢ ᠶᠢᠨ ᠦᠢᠯᠡᠰ︾ ᠤᠨ ᠨᠠᠮ ᠤᠨ ᠪᠠᠶᠢᠭᠤᠯᠤᠯᠲᠠ ᠶᠢᠨ ᠬᠠᠮᠲᠤ ᠶᠢᠨ ᠴᠤᠭᠴᠠ ᠶᠢ ᠪᠠᠶᠢᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠵᠠᠢ᠃ ᠨᠠᠨ ᠱᠠᠨ ᠨᠡᠶᠢᠭᠡᠮ ᠲᠤᠭᠤᠷᠢᠭ ᠤᠨ ︽ᠬᠤᠪᠢᠰᠬᠠᠯ ᠤᠨ ᠵᠤᠷᠢᠭ ᠰᠠᠨᠠᠭ᠎ᠠ ᠪᠠᠷ ᠵᠢᠯᠤᠭᠤᠳᠤᠨ ᠳᠠᠶᠢᠴᠢᠯᠠᠬᠤ + ᠰᠢᠨ᠎ᠡ ᠭᠡᠷ ᠤᠷᠤᠨ ᠤ ᠰᠢᠨ᠎ᠡ ᠦᠢᠯᠡᠴᠢᠯᠡᠭᠡ︾ ᠵᠠᠭᠪᠤᠷ ᠨᠢ ︽ᠤᠶᠤᠨᠴᠢ ᠨᠡᠶᠢᠭᠡᠮ ᠲᠤᠭᠤᠷᠢᠭ︾ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠠᠨ ᠪᠤᠯᠭᠠᠵᠤ᠂ ︽ᠲᠤᠭ᠎ᠠ ᠪᠠᠷᠢᠮᠲᠠ ᠶᠢ ᠴᠤᠭᠯᠠᠭᠤᠯᠤᠨ ᠡᠬᠢ ᠪᠠᠶᠠᠯᠢᠭ ᠢ ᠬᠠᠮᠲᠤᠪᠡᠷ ᠡᠳ᠋ᠯᠡᠬᠦ︾ ᠵᠠᠷᠴᠢᠮ ᠶᠤᠰᠤᠭᠠᠷ ᠨᠡᠶᠢᠭᠡᠮ ᠲᠤᠭᠤᠷᠢᠭ ᠤᠨ ᠲᠤᠲᠤᠭᠠᠳᠤ ᠳᠠᠬᠢ ︽ᠬᠦᠮᠦᠨ ᠠᠮᠠ᠂ ᠬᠡᠷᠡᠭ ᠤᠴᠢᠷ᠂ ᠭᠠᠵᠠᠷ᠂ ᠪᠤᠳᠠᠰ᠂ ᠵᠤᠬᠢᠶᠠᠨ ᠪᠠᠶᠢᠭᠤᠯᠤᠯᠲᠠ︾ ᠵᠡᠷᠭᠡ ᠡᠯ᠎ᠡ ᠲᠦᠷᠦᠯ ᠤᠨ ᠲᠤᠭ᠎ᠠ ᠪᠠᠷᠢᠮᠲᠠ ᠶᠢ ᠤᠶᠢᠯᠠᠭᠠᠨ ᠨᠡᠶᠢᠳᠬᠡᠵᠦ᠂ ᠤᠯᠠᠨ ᠲᠦᠮᠡᠨ ᠳᠤ ᠱᠠᠭᠠᠷᠳᠠᠭᠳᠠᠵᠤ ᠪᠠᠶᠢᠭ᠎ᠠ ᠨᠡᠶᠢᠭᠡᠮ ᠲᠤᠭᠤᠷᠢᠭ ᠤᠨ ᠡᠬᠢ ᠪᠠᠶᠠᠯᠢᠭ ᠤᠨ ᠳᠠᠩᠰᠠ ᠡᠪᠬᠡᠮᠡᠯ ᠢ ᠪᠠᠶᠢᠭᠤᠯᠤᠨ᠂ ᠨᠡᠶᠢᠭᠡᠮ ᠲᠤᠭᠤᠷᠢᠭ ᠤᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠠᠯᠭᠤᠷ ᠢᠶᠠᠷ ᠪᠠᠶᠢᠭᠤᠯᠵᠠᠢ᠃ ᠸᠧᠨ ᠯᠢᠶᠠᠨ ᠯᠦ ᠨᠡᠶᠢᠭᠡᠮ ᠲᠤᠭᠤᠷᠢᠭ ︽ᠬᠤᠪᠢᠰᠬᠠᠯ ᠤᠨ ᠵᠤᠷᠢᠭ ᠰᠠᠨᠠᠭ᠎ᠠ ᠪᠠᠷ ᠵᠢᠯᠤᠭᠤᠳᠤᠨ ᠳᠠᠶᠢᠴᠢᠯᠠᠬᠤ + ᠬᠠᠤᠯᠢ ᠪᠠᠷ ᠵᠠᠰᠠᠬᠤ ᠠᠮᠤᠷ ᠲᠦᠪᠰᠢᠨ︾ ᠵᠠᠭᠪᠤᠷ ᠨᠢ ︽ᠠᠷᠠᠳᠴᠢᠯᠠᠯ ᠢᠶᠠᠷ ᠬᠠᠤᠯᠢ ᠪᠠᠷ ᠵᠠᠰᠠᠬᠤ᠂ ᠡᠷᠬᠡ ᠲᠡᠭᠰᠢ ᠲᠦᠪ ᠭᠤᠤᠯᠴᠢ᠂ ᠨᠦᠬᠦᠷᠰᠡᠭ᠂ ᠠᠮᠢᠵᠢᠷᠠᠯ ᠤᠨ ᠬᠦᠴᠦᠨ  ᠲᠠᠢ᠂ ᠲᠤᠭᠲᠠᠭᠤᠨ ᠡᠮᠬᠢ ᠲᠢᠭᠯᠢᠮ ᠲᠠᠢ᠂ ᠬᠦᠮᠦᠨ ᠪᠠᠶᠢᠭᠠᠯᠢ ᠡᠶ᠎ᠡ ᠵᠤᠬᠢᠴᠠᠯ ᠲᠠᠢ ᠪᠠᠶᠢᠬᠤ︾ ᠶᠡᠷᠦᠩᠬᠡᠢ ᠱᠠᠭᠠᠷᠳᠠᠯᠭ᠎ᠠ ᠶᠤᠰᠤᠭᠠᠷ ᠬᠠᠤᠯᠢ ᠪᠠᠷ ᠵᠠᠰᠠᠬᠤ ᠬᠡᠯᠪᠡᠷᠢ ᠶᠢᠨ ᠨᠡᠶᠢᠭᠡᠮ ᠲᠤᠭᠤᠷᠢᠭ ᠢ ᠴᠢᠷᠮᠠᠶᠢᠨ ᠪᠦᠲᠦᠭᠡᠨ ᠪᠠᠶᠢᠭᠤᠯᠵᠤ ᠪᠤᠢ᠃ ᡂᠢ ᠫᠢᠩ ᠯᠦ ᠨᠡᠶᠢᠭᠡᠮ ᠲᠤᠭᠤᠷᠢᠭ ᠤᠨ ︽ᠨᠠᠮ ᠤᠨ ᠪᠠᠶᠢᠭᠤᠯᠤᠯᠲᠠ ᠪᠠᠷ ᠵᠢᠯᠤᠭᠤᠳᠤᠨ ᠳᠠᠭᠠᠭᠤᠯᠬᠤ + ᠠᠷᠠᠳ ᠲᠤ ᠦᠢᠯᠡᠴᠢᠯᠡᠬᠦ︾ ᠨᠢ ᠦᠢᠯᠡᠴᠢᠯᠡᠭᠡ᠂ ᠬᠠᠯᠠᠮᠵᠢ ᠬᠠᠶᠢᠷ᠎ᠠ᠂ ᠨᠡᠶᠢᠲᠡ ᠶᠢᠨ ᠠᠰᠠᠷᠠᠮᠵᠢ ᠶᠢᠨ ᠲᠤᠶᠠᠭᠠᠯᠠᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠡᠮ ᠡᠮᠨᠡᠯᠭᠡ ᠪᠠ ᠨᠠᠰᠤᠵᠢᠯ ᠢ ᠤᠶᠠᠯᠳᠤᠭᠤᠯᠤᠭᠰᠠᠨ ᠵᠠᠭᠪᠤᠷ ᠢᠶᠠᠷ ᠨᠠᠰᠤᠲᠠᠶᠢᠴᠤᠳ ᠲᠤ ᠦᠢᠯᠡᠴᠢᠯᠡᠬᠦ ᠨᠡᠶᠢᠭᠡᠮ ᠲᠤᠭᠤᠷᠢᠭ ᠢ ᠴᠢᠷᠮᠠᠶᠢᠨ ᠪᠠᠶᠢᠭᠤᠯᠵᠤ ᠬᠠᠷᠢᠶᠠᠲᠤ ᠲᠤᠭᠤᠷᠢᠭ ᠤᠨ ᠨᠠᠰᠤᠲᠠᠶᠢᠴᠤᠳ ᠲᠤ ᠳᠦᠭᠦᠮ ᠦᠢᠯᠡᠴᠢᠯᠡᠭᠡ ᠬᠠᠩᠭᠠᠭᠰᠠᠨ ᠪᠠᠶᠢᠨ᠎ᠠ᠃        ︽ᠲᠤᠤᠷᠵᠢᠯᠲᠠ︾ ᠨᠢ ᠬᠤᠲᠠ ᠲᠤᠭᠤᠷᠢᠭ ᠤᠨ ᠬᠠᠮᠢᠶᠠᠷᠤᠯᠲᠠ ᠶᠢ ᠰᠢᠨ᠎ᠡ ᠱᠠᠲᠤᠨ ᠳᠤ ᠲᠦᠯᠬᠢᠨ ᠤᠷᠤᠭᠤᠯᠪᠠ᠃ ᠬᠠᠷᠢᠶᠠᠲᠤ ᠲᠤᠭᠤᠷᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ ᠬᠤᠲᠠ ᠰᠢᠶᠠᠩ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ︽ᠲᠤᠤᠷᠵᠢᠬᠤ᠂ ᠳᠦᠷᠢᠮᠵᠢᠬᠦ᠂ ᠨᠠᠷᠢᠯᠢᠭᠵᠢᠬᠤ᠂ ᠤᠷᠲᠤᠮᠵᠢ ᠶᠢᠨ ᠴᠢᠨᠠᠷᠲᠠᠢ ᠪᠤᠯᠬᠤ︾ ᠠᠯᠬᠤᠮ ᠢ ᠲᠦᠷᠭᠡᠳᠬᠡᠨ ᠲᠤᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ︽ᠲᠤᠬᠠᠢ ᠶᠢᠨ ᠭᠠᠵᠠᠷ ᠤᠨ ᠤᠨᠴᠠᠯᠢᠭ ᠲᠤᠨᠢ ᠲᠤᠬᠢᠷᠠᠭᠤᠯᠤᠨ ᠡᠬᠡ ᠪᠠᠶᠠᠯᠢᠭ ᠢ ᠨᠡᠶᠢᠳᠬᠡᠵᠦ᠂ ᠠᠵᠢᠯ ᠢᠶᠠᠨ ᠬᠤᠪᠢᠶᠠᠯᠴᠠᠨ ᠬᠠᠮᠵᠢᠯᠴᠠᠬᠤ︾ ᠵᠠᠷᠴᠢᠮ ᠢᠶᠠᠷ ︽ᠲᠤᠤᠷᠵᠢᠭᠰᠠᠨ︾ ᠬᠠᠮᠢᠶᠠᠷᠤᠯᠲᠠ ᠶᠢ ᠬᠡᠷᠡᠭᠵᠢᠭᠦᠯᠵᠡᠢ᠃ ᠨᠡᠶᠢᠭᠡᠮ ᠲᠤᠭᠤᠷᠢᠭ᠂ ᠲᠤᠰᠬᠤᠨ ᠢᠶᠠᠷ ᠨᠢᠭᠡᠴᠢ ᠪᠤᠯᠭᠠᠵᠤ ᠬᠠᠷᠢᠶᠠᠲᠤ ᠲᠤᠭᠤᠷᠢᠭ ᠢ ᠬᠤᠶᠠᠷ ᠶᠡᠭᠡ ᠲᠤᠤᠷᠵᠢᠯ᠂ ᠳᠤᠯᠤᠭᠠᠨ ᠨᠢᠭᠡᠴᠢ ᠶᠢᠨ ᠲᠤᠤᠷᠵᠢᠯ ᠪᠤᠯᠭᠠᠨ ᠬᠤᠪᠢᠶᠠᠵᠤ ᠲᠠᠬᠢᠨ ᠲᠤᠤᠷᠵᠢᠯ ᠤᠨ ᠲᠤᠲᠤᠭᠠᠳᠤ ᠳᠠᠬᠢ ᠠᠵᠢᠯ ᠤᠨ ᠬᠡᠮᠵᠢᠶᠡᠨ ᠤ ᠶᠡᠭᠡ ᠪᠠᠭ᠎ᠠ᠂ ᠤᠷᠤᠨ ᠬᠡᠪᠴᠢᠶ᠎ᠡ ᠶᠢᠨ ᠲᠠᠯᠠᠪᠠᠢ ᠶᠢ ᠦᠨᠳᠦᠰᠦᠯᠡᠨ ᠲᠤᠤᠷᠵᠢᠯ ᠨᠢᠭᠡᠪᠦᠷᠢ ᠳᠤ ᠵᠤᠬᠢᠬᠤ ᠲᠤᠭᠠᠨ ᠤ ᠬᠠᠤᠯᠢ ᠬᠡᠷᠡᠭᠵᠢᠭᠦᠯᠦᠭᠴᠢ ᠪᠠ ᠬᠠᠤᠯᠢ ᠬᠡᠷᠡᠭᠵᠢᠭᠦᠯᠬᠦ ᠲᠦᠬᠦᠭᠡᠷᠦᠮᠵᠢ ᠶᠢ ᠲᠤᠬᠢᠷᠠᠭᠤᠯᠵᠤ᠂ ᠲᠤᠤᠷᠵᠢᠭᠰᠠᠨ ᠬᠤᠲᠠ ᠲᠤᠭᠤᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠨ᠎ᠠ᠃        ᠡᠳᠦᠷ ᠲᠤᠲᠤᠮ ᠤᠨ ᠠᠵᠢᠯ ᠤᠨ ᠳᠤᠮᠳᠠ᠂ ᠲᠤᠤᠷᠵᠢᠭᠰᠠᠨ ᠬᠤᠲᠠ ᠲᠤᠭᠤᠷᠢᠭ ᠤᠨ ᠬᠠᠮᠢᠶᠠᠷᠤᠯᠲᠠ ᠶᠢᠨ ᠳᠤᠭᠤᠶᠢᠯᠠᠩ ᠤᠨ ᠠᠵᠢᠯᠲᠠᠳ ᠴᠠᠭᠳᠠᠨ ᠪᠠᠶᠢᠴᠠᠭᠠᠵᠤ᠂ ᠵᠠᠮ ᠳᠠᠭᠠᠤ ᠡᠵᠡᠩᠨᠡᠯᠲᠡ ᠬᠢᠵᠦ ᠪᠠᠶᠢᠭ᠎ᠠ ᠨᠡᠭᠦᠳᠡᠯ ᠬᠤᠳᠠᠯᠳᠤᠭᠠᠴᠢᠳ ᠤᠨ ᠵᠢᠵᠢᠭᠯᠡᠨ ᠪᠤᠷᠤᠯᠠᠭᠤᠯᠬᠤ ᠵᠢᠴᠢ ᠳᠤᠷ᠎ᠠ ᠪᠠᠷ ᠢᠶᠠᠨ ᠵᠠᠮ ᠤᠨ ᠬᠠᠵᠠᠭᠤ ᠪᠠᠷ ᠶᠠᠭᠤᠮ᠎ᠠ ᠤᠪᠤᠭᠠᠯᠠᠬᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ ᠶᠢᠨ ᠬᠠᠮᠲᠤ ᠨᠡᠶᠢᠭᠡᠮ ᠲᠤᠭᠤᠷᠢᠭ ᠤᠨ ᠲᠤᠲᠤᠷ᠎ᠠ ᠬᠤᠭ ᠨᠤᠪᠰᠢ ᠪᠠᠨ ᠳᠤᠷ᠎ᠠ ᠪᠠᠷ ᠬᠠᠶᠠᠬᠤ᠂ ᠬᠡᠷᠡᠮ ᠬᠠᠨ᠎ᠠ ᠳᠡᠭᠡᠷ᠎ᠡ ᠳᠤᠷ᠎ᠠ ᠪᠠᠷ ᠶᠠᠭᠤᠮ᠎ᠠ ᠨᠠᠭᠠᠬᠤ ᠵᠡᠷᠭᠡ ᠦᠵᠡᠭᠳᠡᠯ ᠳᠤ ᠴᠢᠭᠯᠡᠭᠦᠯᠦᠨ ᠴᠡᠭᠴᠡᠯᠡᠯᠲᠡ ᠬᠢᠵᠡᠢ᠃ 3 ᠰᠠᠷ᠎ᠠ ᠶᠢᠨ ᠡᠬᠢᠨ ᠠᠴᠠ ᠤᠳᠤᠬᠠᠨ ᠪᠤᠯᠲᠠᠯ᠎ᠠ᠂ ᠬᠤᠲᠠ ᠲᠤᠭᠤᠷᠢᠭ ᠤᠨ ᠬᠠᠮᠢᠶᠠᠷᠤᠯᠲᠠ ᠶᠢᠨ ᠳᠤᠭᠤᠶᠢᠯᠠᠩ ᠤᠨ ᠠᠵᠢᠯᠲᠠᠳ ᠦᠪᠡᠷ ᠦᠪᠡᠷ ᠤᠨ ᠬᠤᠪᠢᠳᠠᠭᠰᠠᠨ ᠠᠵᠢᠯ ᠤᠨ ᠪᠠᠶᠢᠷᠢ ᠳᠠᠭᠠᠨ ᠬᠦᠷᠴᠦ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠪᠠᠶᠢᠬᠤ ᠦᠭᠡᠢ 80 ᠭᠠᠷᠤᠢ ᠳᠡᠯᠭᠡᠭᠦᠷ ᠢ ᠬᠠᠤᠯᠢ ᠶᠤᠰᠤᠭᠠᠷ ᠪᠠᠶᠢᠴᠠᠭᠠᠨ ᠵᠤᠭᠰᠤᠭᠠᠵᠤ᠂ ᠨᠡᠭᠦᠳᠡᠯ ᠬᠤᠳᠠᠯᠳᠤᠭᠠᠴᠢᠳ ᠤᠨ ᠵᠢᠵᠢᠭᠯᠡᠨ ᠪᠤᠷᠤᠯᠠᠭᠤᠯᠬᠤ ᠠᠵᠢᠯᠯᠠᠭ᠎ᠠ ᠶᠢ 130 ᠭᠠᠷᠤᠢ ᠤᠳᠠᠭ᠎ᠠ ᠪᠠᠶᠢᠴᠠᠭᠠᠨ ᠵᠤᠭᠰᠤᠭᠠᠵᠤ᠂ 20 ᠭᠠᠷᠤᠢ ᠠᠷᠠᠯᠵᠢᠶᠠᠨ ᠤ ᠡᠷᠦᠬᠡ ᠶᠢᠨ ᠵᠡᠭᠡᠯᠢ ᠳᠡᠭᠡᠷ᠎ᠡ ᠤᠬᠠᠭᠤᠯᠭ᠎ᠠ ᠬᠢᠬᠦ ᠠᠵᠢᠯᠯᠠᠭ᠎ᠠ ᠶᠢ ᠳᠦᠷᠢᠮᠵᠢᠭᠦᠯᠦᠨ᠂ ᠬᠤᠭ ᠨᠤᠪᠰᠢ ᠪᠠᠨ ᠳᠤᠷ᠎ᠠ ᠪᠠᠷ ᠬᠠᠶᠠᠭᠰᠠᠨ 3 ᠬᠡᠰᠡᠭ ᠭᠠᠵᠠᠷ ᠢ ᠴᠡᠭᠴᠡᠯᠡᠵᠦ ᠮᠠᠰᠢ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃                                                                                                                                                                                                                                                                                                                                                                                                                                                                                                                                                                                                                                                                                                                                                                                                                                                                                                                                                                                                                                                                                                                                                                                                                                                                                                                                                                                                                                                                                                                                          
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号