ᠬᠤᠩ ᠮᠢᠶᠤᠤᠽᠢ ᠪᠠᠯᠭᠠᠰᠤ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2018-04-25
       ᠡᠨᠡ ᠵᠢᠯ ᠤᠨ ᠲᠤᠰᠬᠤᠨ ᠤ ︽ᠬᠤᠶᠠᠷ ᠵᠦᠪᠯᠡᠯ︾ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ ᠬᠤᠩᠱᠠᠨ ᠲᠤᠭᠤᠷᠢᠭ ᠤᠨ ᠬᠤᠩ ᠮᠢᠶᠤᠤᠽᠢ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠰᠤᠯᠢᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ ᠤᠷᠢᠳᠠᠪᠡᠷ ᠲᠦᠯᠦᠪᠯᠡᠵᠦ᠂ ᠡᠷᠲᠡᠬᠡᠨ ᠲᠤᠬᠢᠷᠠᠭᠤᠯᠤᠨ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠪᠠᠷ ᠰᠠᠶᠢᠲᠤᠷ ᠬᠢᠵᠦ᠂ ᠲᠤᠰᠬᠤᠨ ᠤ ᠳᠡᠰ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠰᠠᠶᠢᠲᠤᠷ ᠡᠵᠡᠮᠰᠢᠭᠰᠡᠨ ᠪᠠᠶᠢᠨ᠎ᠠ᠃        ᠤᠳᠤ ᠲᠤᠰᠢᠶᠠᠯ ᠡᠭᠦᠷᠭᠡᠯᠡᠵᠦ ᠪᠠᠶᠢᠭ᠎ᠠ ᠲᠤᠰᠬᠤᠨ ᠤ ︽ᠬᠤᠶᠠᠷ ᠵᠦᠪᠯᠡᠯ︾ ᠤᠨ ᠠᠵᠢᠯ ᠤᠨ ᠪᠠᠶᠢᠳᠠᠯ ᠪᠠ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠤᠶᠢᠯᠠᠭᠠᠵᠤ᠂ ᠬᠤᠭᠤᠴᠠᠭ᠎ᠠ ᠰᠤᠯᠢᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠨᠠᠶᠢᠳᠠᠪᠤᠷᠢᠲᠠᠢ ᠦᠨᠳᠦᠰᠦ ᠪᠠᠷᠢᠮᠲᠠ ᠬᠠᠩᠭᠠᠬᠤ ᠶᠢᠨ ᠲᠦᠯᠦᠭᠡ᠂ ᠪᠠᠯᠭᠠᠰᠤᠨ ᠤ ᠨᠠᠮ ᠤᠨ ᠬᠤᠷᠢᠶ᠎ᠠ ᠬᠤᠭᠤᠴᠠᠭ᠎ᠠ ᠰᠤᠯᠢᠬᠤ ᠠᠵᠢᠯ ᠢ ᠪᠠᠶᠢᠴᠠᠭᠠᠨ ᠰᠤᠳᠤᠯᠬᠤ ᠳᠤᠭᠤᠶᠢᠯᠠᠩ ᠢ ᠪᠠᠶᠢᠭᠤᠯᠵᠤ᠂ 5 ᠵᠠᠰᠠᠭ ᠵᠠᠬᠢᠷᠭᠠᠨ ᠤ ᠲᠤᠰᠬᠤᠨ ᠳᠤ ᠭᠦᠨᠵᠡᠭᠡᠶᠢᠷᠡᠨ ᠮᠦᠷᠳᠡᠨ ᠪᠠᠶᠢᠴᠠᠭᠠᠬᠤ ᠠᠵᠢᠯ ᠢ ᠦᠷᠨᠢᠭᠦᠯᠦᠨ᠂ ᠲᠤᠰᠬᠤᠨ ᠤ ᠠᠷᠠᠳ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠳᠤ ᠬᠠᠨᠳᠤᠬᠤ ᠤᠪᠤᠷ ᠪᠠᠶᠢᠳᠠᠯ ᠵᠢᠴᠢ ᠲᠤᠰᠬᠤᠨ ᠤ ᠺᠠᠳ᠋ᠷ ᠤᠨ ᠰᠡᠳᠬᠢᠴᠡ ᠶᠢᠨ ᠪᠠᠶᠢᠳᠠᠯ ᠢ ᠵᠦᠪ ᠤᠨᠤᠪᠴᠢᠲᠠᠢ ᠡᠵᠡᠮᠰᠢᠵᠦ᠂ ᠲᠤᠰᠬᠤᠨ ᠤ ︽ᠬᠤᠶᠠᠷ ᠵᠦᠪᠯᠡᠯ︾ ᠤᠨ ᠰᠤᠩᠭᠤᠭᠤᠯᠢ ᠶᠢᠨ ᠠᠵᠢᠯ ᠤᠨ ᠲᠤᠭᠲᠠᠭᠤᠨ ᠪᠠ ᠤᠷᠤᠭᠰᠢᠲᠠᠢ ᠶᠠᠪᠤᠭᠳᠠᠬᠤ ᠳᠤ ᠪᠠᠲᠤ ᠰᠠᠭᠤᠷᠢ ᠲᠠᠯᠪᠢᠵᠤ ᠦᠭᠪᠡ᠃ ᠡᠭᠦᠨ ᠤ ᠬᠠᠮᠲᠤ ᠬᠦᠴᠢᠷᠲᠡᠢ ᠲᠤᠰᠬᠤᠨ᠂ ᠭᠤᠤᠯᠳᠠᠯᠭ᠎ᠠ ᠲᠠᠢ ᠲᠤᠰᠬᠤᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠤᠯᠠᠨ ᠲᠤᠰᠬᠤᠨ ᠪᠠ ᠨᠠᠮ ᠤᠨ ᠵᠤᠬᠢᠶᠠᠨ ᠪᠠᠶᠢᠭᠤᠯᠤᠯᠲᠠ ᠰᠤᠯᠠ ᠵᠠᠳᠠᠭᠠᠢ ᠲᠤᠰᠬᠤᠨ ᠳᠤ ᠵᠠᠳᠠᠯᠤᠯᠲᠠ ᠬᠢᠵᠦ ᠰᠤᠳᠤᠯᠵᠤ᠂ ᠠᠰᠠᠭᠤᠳᠠᠯ ᠤᠨ ᠤᠭ ᠦᠨᠳᠦᠰᠦ ᠶᠢ ᠨᠢ ᠡᠷᠢᠨ ᠭᠠᠷᠭᠠᠵᠤ ᠲᠤᠬᠢᠷᠠᠭᠤᠯᠤᠯᠲᠠ ᠬᠢᠵᠦ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃        ᠡᠭᠦᠨ ᠤ ᠰᠠᠭᠤᠷᠢᠨ ᠳᠡᠭᠡᠷ᠎ᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠶᠢᠨ ᠤᠨᠴᠠᠯᠢᠭᠲᠤ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠠᠨᠢᠰᠤ ᠪᠤᠯᠭᠠᠨ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭᠠᠨ ᠢ ᠦᠷᠨᠢᠭᠦᠯᠵᠦ᠂ ᠤᠯᠠᠨ ᠲᠦᠮᠡᠨ ᠳᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠰᠠᠬᠢᠯᠭ᠎ᠠ ᠪᠠᠲᠤ᠂ ᠲᠦᠷᠦ ᠶᠢᠨ ᠪᠤᠳᠤᠯᠭ᠎ᠠ ᠪᠠ ᠠᠷᠠᠳᠴᠢᠯᠠᠯ ᠤᠨ ᠡᠷᠬᠡ ᠪᠠᠨ ᠵᠦᠪ ᠤᠨᠤᠪᠴᠢᠲᠠᠢ ᠪᠠᠷ ᠬᠡᠷᠡᠭᠯᠡᠬᠦ ᠶᠢ ᠤᠶᠢᠯᠠᠭᠠᠭᠤᠯᠤᠨ᠂ ᠢᠲᠡᠭᠡᠯ ᠬᠦᠨᠳᠦ ᠲᠠᠢ᠂ ᠴᠢᠳᠠᠪᠤᠷᠢ ᠪᠤᠯᠪᠠᠰᠤᠷᠠᠯ ᠲᠠᠢ᠂ ᠤᠯᠠᠨ ᠲᠦᠮᠡᠨ ᠢ ᠳᠠᠭᠠᠭᠤᠯᠤᠨ ᠪᠠᠶᠠᠵᠢᠨ ᠴᠢᠨᠡᠭᠡᠯᠢᠭᠵᠢᠭᠦᠯᠵᠦ ᠳᠡᠶᠢᠯᠬᠦ ᠬᠦᠮᠦᠰ ᠢ ︽ᠬᠤᠶᠠᠷ ᠵᠦᠪᠯᠡᠯ︾ ᠳᠤ ᠰᠤᠩᠭᠤᠬᠤ ᠶᠢ ᠤᠬᠠᠭᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号