︽2018 ᠵᠠᠰᠠᠭ ᠤᠨ ᠤᠷᠳᠤᠨ ᠤ ᠠᠵᠢᠯ ᠤᠨ ᠢᠯᠡᠳᠬᠡᠯ︾  ᠤᠨ ᠨᠡᠷ᠎ᠡ ᠦᠭᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2018/5/15
       ᠬᠤᠶᠠᠷ ᠠᠭᠤᠯᠠ ᠬᠤᠶᠠᠷ ᠴᠡᠴᠡᠷᠯᠢᠭ᠄ ᠬᠤᠩ ᠱᠠᠨ ᠠᠭᠤᠯᠠ᠂ ᠡᠮᠦᠨ᠎ᠡ ᠠᠭᠤᠯᠠ ᠪᠤᠯᠤᠨ ᠴᠢᠶᠤᠤ ᠪᠸᠢ ᠶᠢᠨ ᠨᠠᠷᠠᠰᠤᠨ ᠮᠤᠳᠤᠨ ᠴᠡᠴᠡᠷᠯᠢᠭ᠂ ᠬᠠᠶᠢᠯᠠᠷ ᠨᠠᠷᠠᠰᠤᠨ ᠴᠡᠴᠡᠷᠯᠢᠭ᠃        ᠭᠤᠤᠯ ᠤᠨ ᠳᠠᠷᠤᠭ᠎ᠠ ᠶᠢᠨ ᠳᠦᠷᠢᠮ᠄ ᠡᠯ᠎ᠡ ᠱᠠᠲᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ︽ᠭᠤᠤᠯ ᠤᠨ ᠳᠠᠷᠤᠭ᠎ᠠ︾ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠤᠰᠤᠨ ᠤ ᠪᠤᠵᠠᠷᠳᠤᠯ ᠢ ᠰᠡᠷᠭᠡᠶᠢᠯᠡᠨ ᠵᠠᠰᠠᠬᠤ᠂ ᠤᠰᠤᠨ ᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠤᠰᠤᠨ ᠤ ᠠᠮᠢ ᠠᠬᠤᠢ ᠶᠢ ᠰᠡᠷᠭᠦᠭᠡᠬᠦ ᠪᠠᠷ ᠭᠤᠤᠯ ᠡᠭᠦᠷᠭᠡ ᠪᠤᠯᠭᠠᠭᠰᠠᠨ ᠭᠤᠤᠯ ᠮᠦᠷᠡᠨ ᠢ ᠬᠠᠮᠢᠶᠠᠷᠬᠤ ᠪᠠ ᠬᠠᠮᠠᠭᠠᠯᠠᠬᠤ ᠠᠵᠢᠯ ᠢ ᠬᠠᠷᠢᠭᠤᠴᠠᠨ᠂ ᠵᠤᠬᠢᠶᠠᠨ ᠪᠠᠶᠢᠭᠤᠯᠵᠤ᠂ ᠤᠳᠤᠷᠢᠳᠤᠨ᠎ᠠ᠃        ︽ᠪᠠᠭᠤᠯᠭᠠᠵᠤ᠂ ᠬᠠᠮᠢᠶᠠᠷᠬᠤ᠂ ᠦᠢᠯᠡᠴᠢᠯᠡᠭᠡᠨ︾ ᠤ ᠦᠭᠡᠷᠡᠴᠢᠯᠡᠯᠲᠡ᠄ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ᠂ ᠪᠠᠭᠤᠯᠠᠭᠠᠬᠤ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠬᠦ᠃        ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠨᠡᠶᠢᠲᠡᠯᠡᠬᠦ᠄ ᠪᠠᠶᠢᠴᠠᠭᠠᠭᠳᠠᠬᠤ ᠡᠲᠡᠭᠡᠳ ᠢ ᠲᠠᠰᠢᠷᠠᠮ ᠢᠶᠠᠷ ᠰᠤᠩᠭᠤᠵᠤ᠂ ᠬᠠᠤᠯᠢ ᠬᠡᠷᠡᠭᠵᠢᠭᠦᠯᠬᠦ ᠪᠠᠶᠢᠴᠠᠭᠠᠭᠴᠢ ᠶᠢ ᠲᠠᠰᠢᠷᠠᠮ ᠢᠶᠠᠷ ᠰᠤᠩᠭᠤᠨ ᠲᠤᠮᠢᠯᠠᠵᠤ᠂ ᠰᠤᠩᠭᠤᠨ ᠪᠠᠶᠢᠴᠠᠭᠠᠭᠰᠠᠨ ᠪᠠᠶᠢᠳᠠᠯ ᠪᠤᠯᠤᠨ ᠦᠷ᠎ᠡ ᠳ᠋ᠦᠩ ᠢ ᠢᠯᠡ ᠨᠡᠶᠢᠲᠡᠯᠡᠨ᠎ᠡ᠃        ᠤᠯᠠᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠳᠤ ᠨᠢᠭᠡ ᠳ᠋ᠤᠭᠠᠷ᠄ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ ᠲᠦᠯᠦᠭᠡᠨ ᠤ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠲᠦᠯᠦᠭᠡᠨ ᠤ ᠦᠨᠡᠮᠯᠡᠯ ︽ᠭᠤᠷᠪᠠ ᠶᠢ ᠨᠢᠭᠡᠳᠬᠡᠨ︾ ᠳᠠᠩᠰᠠᠯᠠᠬᠤ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢᠨ ᠦᠨᠡᠮᠯᠡᠯ᠂ ᠪᠦᠷᠢᠳᠬᠡᠯ ᠤᠨ ᠳᠠᠩᠰᠠᠯᠯᠠᠲᠠ ᠶᠢᠨ ᠦᠨᠡᠮᠯᠡᠯ ᠵᠡᠷᠭᠡ ᠬᠠᠮᠢᠶ᠎ᠠ ᠪᠦᠬᠦᠢ ᠤᠯᠠᠨ ᠦᠨᠡᠮᠯᠡᠯ ᠢ ᠤᠯᠠᠮ ᠨᠢᠭᠡ ᠠᠯᠬᠤᠮ ᠨᠢᠭᠡᠳᠬᠡᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠨᠢᠭᠡ ᠡᠵᠡᠩᠨᠡᠯᠲᠡ ᠶᠢᠨ ᠦᠨᠡᠮᠯᠡᠯ᠂ ᠨᠢᠭᠡ ᠨᠡᠶᠢᠭᠡᠮ ᠤᠨ ᠢᠲᠡᠭᠡᠮᠵᠢ ᠶᠢᠨ ᠲᠦᠯᠦᠭᠡᠨ ᠤ ᠳ᠋ᠤᠭᠠᠷ ᠢ ᠬᠢᠨᠠᠨ ᠲᠠᠷᠬᠠᠭᠠᠨ᠎ᠠ᠃        ᠡᠮ ᠤᠨ ᠵᠦᠢᠯ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠳᠦᠷᠢᠮ︾᠄ ᠡᠮ ᠤᠨ ᠵᠦᠢᠯ ᠳᠤ ᠦᠢᠯᠡᠳᠪᠦᠷᠢᠯᠡᠯ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠬᠦᠷᠬᠦ ᠳᠤ ᠨᠢᠭᠡ ᠪᠠᠷᠢᠮᠲᠠ ᠬᠢᠵᠦ᠂ ᠡᠵᠡᠩᠨᠡᠯᠲᠡ ᠶᠢᠨ ᠠᠵᠤ ᠠᠬᠤᠶᠢᠯᠠᠯ ᠠᠴᠠ ᠡᠮᠴᠢᠯᠡᠭᠡᠨ ᠤ ᠪᠠᠶᠢᠭᠤᠯᠤᠮᠵᠢ ᠳᠤ ᠬᠦᠷᠬᠦ ᠳᠤ ᠨᠢᠭᠡ ᠪᠠᠷᠢᠮᠲᠠ ᠬᠢᠨ᠎ᠡ᠃        ᠠᠶᠦᠯᠭᠦᠢ ᠦᠢᠯᠡᠳᠪᠦᠷᠢᠯᠡᠯ ᠤᠨ 1+8 ᠳᠦᠷᠢᠮ ᠤᠨ ᠰᠢᠰᠲ᠋ᠧᠮ᠄ 1 ᠶᠡᠷᠦᠩᠬᠡᠢ ᠴᠤᠭᠴᠠ ᠶᠢᠨ ᠨᠠᠶᠢᠳᠠᠪᠤᠷᠢᠵᠢᠭᠤᠯᠬᠤ ᠲᠦᠰᠦᠯ ᠪᠠ 8 ᠲᠦᠷᠦᠯ ᠤᠨ ᠢᠵᠢ ᠪᠦᠷᠢᠳᠦᠭᠰᠡᠨ ᠳᠦᠷᠢᠮ᠃ ᠶᠡᠷᠦᠩᠬᠡᠢ ᠴᠤᠭᠴᠠ ᠶᠢᠨ ᠨᠠᠶᠢᠳᠠᠪᠤᠷᠢᠵᠢᠭᠤᠯᠬᠤ ᠲᠦᠰᠦᠯ ᠪᠤᠯ᠄ ︽ᠠᠶᠦᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠨᠠᠶᠢᠳᠠᠪᠤᠷᠢᠵᠢᠭᠤᠯᠬᠤ ᠲᠦᠰᠦᠯ︾︔ 8 ᠲᠦᠷᠦᠯ ᠤᠨ ᠢᠵᠢ ᠪᠦᠷᠢᠳᠦᠭᠰᠡᠨ ᠳᠦᠷᠢᠮ ᠨᠢ ᠲᠤᠰᠪᠤᠷᠢ ᠄ ︽ᠠᠶᠦᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ︾᠂ ︽ᠠᠶᠦᠯᠭᠦᠢ ᠦᠢᠯᠡᠳᠪᠦᠷᠢᠯᠡᠯ ᠤᠨ ᠡᠳᠦᠷ ᠤᠨ ᠪᠠᠶᠢᠴᠠᠭᠠᠯᠲᠠ᠂ ᠰᠠᠷ᠎ᠠ ᠶᠢᠨ ᠲᠤᠬᠢᠷᠠᠭᠤᠯᠤᠯᠲᠠ᠂ ᠤᠯᠠᠷᠢᠯ ᠤᠨ ᠵᠠᠳᠠᠯᠤᠯᠲᠠ᠂ ᠤᠨ ᠤ ᠳ᠋ᠦᠩᠨᠡᠯᠲᠡ ᠶᠢᠨ ᠳᠦᠷᠢᠮ︾᠂ ︽ᠠᠶᠦᠯᠭᠦᠢ ᠦᠢᠯᠡᠳᠪᠦᠷᠢᠯᠡᠯ ᠤᠨ ᠢᠯᠡᠴᠢᠯᠡᠨ ᠵᠠᠭᠠᠯᠳᠤᠬᠤ᠂ ᠱᠠᠩᠨᠠᠨ ᠵᠤᠷᠢᠭᠵᠢᠭᠤᠯᠬᠤ ᠠᠷᠭ᠎ᠠ ᠬᠡᠮᠵᠢᠶ᠎ᠡ ︵ᠲᠤᠷᠰᠢᠨ ᠬᠡᠷᠡᠭᠯᠡᠬᠦ︶︾᠂ ︽ᠠᠶᠦᠯᠭᠦᠢ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠲᠦᠰᠦᠯ︾᠂ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠦᠯᠭᠦᠢ ᠦᠢᠯᠡᠳᠪᠦᠷᠢᠯᠡᠯ ᠤᠨ ︿ᠬᠠᠷ᠎ᠠ ᠳᠠᠩᠰᠠ﹀ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾᠂ ︽ᠠᠶᠦᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠤᠷᠢᠨ ᠬᠡᠷᠡᠭᠯᠡᠬᠦ ᠠᠷᠭ᠎ᠠ ᠬᠡᠮᠵᠢᠶ᠎ᠡ︾᠂ ︽ᠠᠶᠦᠯᠭᠦᠢ ᠦᠢᠯᠡᠳᠪᠦᠷᠢᠯᠡᠯ ᠤᠨ ᠴᠢᠮᠡᠭᠡᠯᠡᠭᠴᠢ ᠶᠢᠨ ᠳᠦᠷᠢᠮ︾᠂ ︽ᠠᠶᠦᠯᠭᠦᠢ ᠦᠢᠯᠡᠳᠪᠦᠷᠢᠯᠡᠯ ᠤᠨ ᠢᠯᠡᠴᠢᠯᠡᠬᠦ ᠠᠵᠢᠯ ᠤᠨ ᠳᠦᠷᠢᠮ︾᠃        ᠭᠤᠷᠪᠠ ᠶᠢ ᠠᠳᠠᠯᠢᠳᠬᠠᠨ ᠨᠢᠭᠡ ᠶᠢ ᠴᠡᠭᠴᠡᠯᠡᠬᠦ᠄ ᠪᠤᠳᠠᠲᠠᠢ ᠠᠵᠢᠯ ᠬᠢᠵᠦ᠂ ᠵᠤᠷᠢᠭᠲᠠᠢ ᠡᠭᠦᠷᠭᠡᠯᠡᠨ᠂ ᠵᠤᠷᠢᠭᠤᠯᠬᠤ ᠶᠢ ᠠᠳᠠᠯᠢᠳᠬᠠᠨ᠂ ︽ᠠᠰᠢᠭ ᠯᠨ ᠦᠵᠡᠪᠡᠯ ᠰᠢᠨᠤᠬᠤ︾ ᠬᠡᠯᠪᠡᠷᠢ ᠶᠢᠨ ᠢᠯᠵᠢᠷᠠᠯ ᠢ ᠴᠡᠭᠴᠡᠯᠡᠨ ᠵᠠᠰᠠᠨ᠎ᠠ᠃        ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ᠄ ᠴᠢᠬᠤᠯᠠ ᠶᠡᠭᠡ ᠠᠶᠤᠯ ᠲᠦᠭᠰᠢᠭᠦᠷᠢ ᠶᠢ ᠨᠠᠮᠬᠠᠳᠬᠠᠨ ᠰᠢᠢᠳᠪᠦᠷᠢᠯᠡᠬᠦ᠂ ᠤᠨᠤᠴᠠᠲᠠᠢ ᠪᠠᠷ ᠶᠠᠳᠠᠭᠤ ᠶᠢ ᠳᠡᠳᠬᠦᠬᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠯᠠᠳᠤᠭᠠᠨ᠃        ᠨᠢᠭᠡ ᠲᠤᠭᠤᠷᠢᠭ ᠬᠤᠶᠠᠷ ᠭᠦᠷᠢᠶᠡᠯᠡᠩ᠄ ᠨᠢᠭᠡ ᠲᠤᠭᠤᠷᠢᠭ ᠪᠤᠯ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ ᠬᠦᠷᠢᠶᠡᠯᠡᠩ ᠲᠤᠭᠤᠷᠢᠭ᠂ ︽ᠬᠤᠶᠠᠷ ᠭᠦᠷᠢᠶᠡᠯᠡᠩ︾ ᠪᠤᠯ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠪᠤᠯᠤᠨ ᠬᠤᠩ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ᠃        ᠠᠭᠠᠷ ᠢ ᠴᠡᠪᠡᠷᠰᠢᠭᠦᠯᠬᠦ ᠠᠷᠪᠠᠨ ᠵᠤᠷᠪᠤᠰ᠂ ᠤᠰᠤ ᠶᠢ ᠴᠡᠪᠡᠷᠰᠢᠭᠦᠯᠬᠦ ᠠᠷᠪᠠᠨ ᠵᠤᠷᠪᠤᠰ᠂ ᠭᠦᠷᠦᠰᠦ ᠰᠢᠷᠦᠢ ᠶᠢ ᠬᠠᠮᠠᠭᠠᠯᠠᠬᠤ ᠠᠷᠪᠠᠨ ᠵᠤᠷᠪᠤᠰ᠄ ︽ᠠᠭᠠᠷ ᠢ ᠴᠡᠪᠡᠷᠰᠢᠭᠦᠯᠬᠦ ᠠᠷᠪᠠᠨ ᠵᠤᠷᠪᠤᠰ︾ ᠪᠤᠯ ︽ᠠᠭᠠᠷ ᠮᠠᠨᠳᠡᠯ ᠤᠨ ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠵᠢᠭᠦᠯᠭᠡ︾ ︵ᠲᠦᠷᠦ ᠲᠠᠷᠬᠠᠭᠠᠭᠰᠠᠨ ﹇2013﹈ 37 ᠲᠤᠭᠠᠲᠤ︶ ᠶᠢ ᠵᠢᠭᠠᠵᠤ ᠪᠤᠢ︔ ︽ᠤᠰᠤ ᠶᠢ ᠴᠡᠪᠡᠷᠰᠢᠭᠦᠯᠬᠦ ᠠᠷᠪᠠᠨ ᠵᠤᠷᠪᠤᠰ︾ ᠨᠢ ︽ᠤᠰᠤᠨ ᠤ ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠵᠢᠭᠦᠯᠭᠡ︾ ︵﹇2015﹈ 17 ᠲᠤᠭᠠᠲᠤ ︶ ᠶᠢ ᠵᠢᠭᠠᠵᠤ ᠪᠠᠶᠢᠨ᠎ᠠ︔ ︽ᠭᠦᠷᠦᠰᠦ ᠰᠢᠷᠦᠢ ᠶᠢ ᠬᠠᠮᠠᠭᠠᠯᠠᠬᠤ ᠠᠷᠪᠠᠨ ᠵᠤᠷᠪᠤᠰ︾ ᠪᠤᠯ ︽ᠬᠦᠷᠦᠰᠦ ᠰᠢᠷᠦᠢ  ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠵᠢᠭᠦᠯᠭᠡ︾ ︵ᠲᠦᠷᠦ ᠲᠠᠷᠬᠠᠭᠠᠭᠰᠠᠨ ﹇2016﹈ 31 ᠲᠤᠭᠠᠲᠤ︶ ᠶᠢ ᠵᠢᠭᠠᠵᠤ ᠪᠤᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号