ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ ᠠᠬᠢᠭᠤᠯᠬᠤ ᠶᠢᠨ ᠭᠡᠷᠡᠭᠵᠢᠬᠦᠯᠬᠦ ᠳᠥᠰᠥᠯ ᠢ ᠲᠠᠷᠣᠮᠠᠯᠯᠠᠨ ᠶᠠᠪᠤᠭᠤᠯᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2018-05-02
                 ᠥᠪᠥᠷ ᠵᠠᠰᠠᠭ ᠠᠯᠪᠠᠨ ᠥᠰᠥᠭ ︹2017︺ 196 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠦᠪᠡᠷᠳᠡᠭᠡᠨ ᠵᠠᠰᠠᠬᠤ ᠣᠷᠣᠨ ᠤ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠣᠪᠴᠢᠶ᠎ᠠ ᠶᠢᠨ ᠲᠣᠠᠠᠳᠠᠭᠠᠠᠠᠰᠠᠨ ︽ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ ᠠᠬᠢᠭᠤᠯᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠡᠷᠡᠭᠵᠢᠬᠦᠯᠬᠦ ᠳᠥᠰᠥᠯ︾ ᠢ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠥᠭᠡᠳ᠂ ᠡᠳᠦᠬᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠬᠢᠨᠠᠮᠠᠭᠠᠢ ᠵᠤᠬᠢᠶᠡᠨ ᠪᠠᠶᠢᠭᠤᠯᠥᠨ ᠬᠡᠷᠡᠭᠵᠢᠬᠦᠯᠳᠦᠬᠡᠢ᠃        ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ        ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ        ᠠᠬᠢᠭᠤᠯᠬᠤ ᠲᠣᠬᠠᠢ ᠦᠪᠤᠷ ᠮᠣᠩᠭᠤᠯ ᠤᠨ        ᠦᠪᠡᠷᠳᠡᠭᠡᠨ ᠵᠠᠰᠠᠬᠤ ᠣᠷᠣᠨ ᠤ ᠭᠡᠷᠡᠭᠵᠢᠬᠦᠯᠬᠦ ᠳᠥᠰᠥᠯ                  ︵ᠦᠪᠡᠷᠳᠡᠭᠡᠨ ᠵᠠᠰᠠᠬᠤ ᠣᠷᠣᠨ ᠤ ᠶᠠᠰᠣ ᠴᠢᠨᠡᠷ ᠲᠤ                  ᠮᠡᠷᠭᠡᠵᠢᠯ ᠤᠨ ᠬᠢᠨᠡᠯᠳᠡ ᠳᠡᠯᠪᠢᠬᠤ ᠲᠣᠪᠴᠢᠶ᠎ᠠ                  2017 ᠣᠨ ᠤ 12 ᠳ᠋ᠣᠭᠠᠷ ᠰᠡᠷ᠎ᠠ︶        ︽︿ᠠᠮᠢ ᠠᠬᠤᠢ ᠶᠢᠨ ᠪᠤᠯᠪᠠᠰᠣᠨ ᠤ ᠪᠠᠶᠢᠭᠤᠯᠥᠯ ᠤᠨ ᠦᠭᠡᠷᠡᠴᠢᠯᠡᠯᠳᠡ ᠶᠢᠨ ᠶᠡᠷᠦᠩᠭᠡᠢ ᠳᠥᠰᠥᠯ﹀ ᠢ ᠲᠠᠷᠣᠮᠠᠯᠯᠠᠨ ᠶᠠᠪᠤᠭᠤᠯᠬᠤ ᠲᠣᠬᠠᠢ ᠲᠣᠮᠳᠠᠳᠣ ᠣᠯᠥᠰ ᠤᠨ ᠡᠪ ᠬᠠᠮᠳᠣ ᠨᠠᠮ ᠤᠨ ᠲᠥᠪ ᠬᠤᠷᠢᠶ᠎ᠠ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠮᠡᠳᠡᠭᠳᠡᠯ︾ ︵ᠲᠥᠪ ᠲᠠᠷᠬᠠᠭᠠᠠᠠᠰᠠᠨ ︹2015︺ 25 ᠳ᠋ᠣᠭᠠᠷ ᠲᠣᠭᠠᠳᠣ︶᠂ ︽ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ ᠪᠠᠶᠢᠭᠤᠯᠬᠤ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠰᠠᠨᠠᠯ︾ ︵ᠳᠥᠷᠥ ᠠᠯᠪᠠᠨ ᠲᠠᠷᠬᠠᠭᠠᠠᠠᠰᠠᠨ ︹2016︺ 86 ᠳ᠋ᠣᠭᠠᠷ ᠲᠣᠭᠠᠳᠣ᠂ ᠲᠣᠷᠣᠠᠠᠰᠢ ︽ᠰᠠᠨᠠᠯ︾ ᠭᠡᠵᠦ ᠲᠤᠪᠴᠢᠯᠠᠨ᠎ᠠ︶ ᠤᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠪᠣᠬᠢᠷᠳᠦᠯ ᠦᠭᠡᠢ ᠬᠦᠭᠵᠢᠯᠳᠡ ᠶᠢ ᠪᠦᠬᠦ ᠳᠡᠯ᠎ᠠ ᠪᠠᠷ ᠠᠬᠢᠭᠤᠯᠥᠨ᠂ ᠦᠪᠡᠷᠳᠡᠭᠡᠨ ᠵᠠᠰᠠᠬᠤ ᠣᠷᠣᠨ ᠤ ᠪᠣᠬᠢᠷᠳᠦᠯ ᠦᠭᠡᠢ ᠪᠦᠳᠦᠭᠡᠭᠳᠡᠬᠦᠨ ᠤ ᠬᠠᠩᠭᠠᠯᠭ᠎ᠠ ᠶᠢᠨ ᠶᠠᠰᠣ ᠴᠢᠨᠡᠷ ᠪᠠ ᠦᠷ᠎ᠠ ᠪᠦᠳᠦᠮᠵᠢ ᠶᠢ ᠳᠡᠭᠡᠭᠰᠢᠯᠡᠬᠦᠯᠵᠦ᠂ ᠬᠠᠩᠭᠠᠯᠭ᠎ᠠ ᠶᠢᠨ ᠳᠡᠯ᠎ᠠ ᠳᠠᠬᠢ ᠪᠦᠳᠦᠴᠠ ᠶᠢᠨ ᠴᠢᠨᠡᠷᠳᠡᠢ ᠦᠭᠡᠷᠡᠴᠢᠯᠡᠯᠳᠡ ᠶᠢ ᠬᠦᠨᠵᠡᠭᠡᠶᠢᠷᠡᠬᠦᠯᠥᠨ᠂ ᠠᠵᠦ ᠠᠬᠤᠢ ᠶᠢᠨ ᠪᠣᠬᠢᠷᠳᠦᠯ ᠦᠭᠡᠢ᠂ ᠳᠣᠣᠷ᠎ᠠ ᠨᠡᠬᠦᠷᠡᠰᠣᠳᠦ᠋ᠷᠦᠭᠴᠢᠲᠦ᠂ ᠡᠷᠬᠢᠯᠳᠡᠳᠦ ᠬᠦᠭᠵᠢᠯᠳᠡ ᠶᠢ ᠠᠬᠢᠭᠤᠯᠵᠦ᠂ ᠪᠣᠬᠢᠷᠳᠦᠯ ᠦᠭᠡᠢ ᠭᠡᠷᠡᠭᠯᠡᠬᠡᠨ ᠂ ᠡᠷᠡᠬᠦᠯ ᠡᠩᠬᠡ ᠭᠡᠷᠡᠭᠯᠡᠬᠡᠨ ᠤ ᠳᠡᠯᠳᠡ ᠬᠦᠴᠣᠨ ᠢ ᠢᠯᠡᠷᠡᠭᠦᠯᠬᠦ ᠶᠢᠨ ᠲᠣᠰᠡᠳᠡ᠂ ᠲᠣᠰ ᠳᠥᠰᠥᠯ ᠢ ᠣᠨᠴᠣᠭᠤᠶᠢᠯᠠᠨ ᠲᠣᠠᠠᠳᠠᠭᠠᠪᠠ᠃        ᠨᠢᠭᠡ᠂ ᠶᠡᠷᠦᠩᠭᠡᠢ ᠱᠠᠭᠠᠷᠳᠡᠯᠭ᠎ᠠ        ︵ᠨᠢᠭᠡ︶ ᠵᠢᠯᠥᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠣᠳᠣᠭᠡᠷ ᠶᠡᠭᠡ ᠬᠤᠷᠡᠯ ᠤᠨ ᠵᠣᠷᠢᠭ ᠰᠠᠨᠠᠭ᠎ᠠ ᠪᠤᠯᠥᠨ ᠰᠢ ᠶᠢᠨ ᠫᠢᠡᠭ ᠤᠨ ᠰᠢᠨ᠎ᠡ ᠴᠠᠭ ᠦᠶ᠎ᠠ ᠶᠢᠨ ᠲᠣᠮᠳᠠᠳᠣ ᠣᠯᠥᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠥᠭᠤᠳᠣᠯᠭ᠎ᠠ ᠪᠤᠯᠭᠠᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠤᠭᠤᠷᠢᠨ ᠢ ᠬᠠᠮᠠᠭᠠᠯᠠᠬᠤ ᠲᠦᠷᠦ ᠶᠢᠨ ᠦᠨᠳᠦᠰᠦᠨ ᠪᠣᠳᠤᠯᠭ᠎ᠠ ᠶᠢ ᠪᠠᠷᠢᠮᠲᠠᠯᠠᠵᠤ᠂ ᠰᠢᠨ᠎ᠡ ᠶᠢ ᠡᠬᠦᠳᠬᠦ᠂ ᠵᠣᠬᠢᠴᠠᠩᠭᠤᠢ᠂ ᠪᠣᠬᠢᠷᠳᠦᠯ ᠦᠭᠡᠢ᠂ ᠨᠡᠭᠡᠭᠡᠯᠳᠡᠳᠦ᠂ ᠬᠠᠮᠳᠣᠪᠡᠷ ᠬᠦᠷᠲᠡᠬᠦ ᠬᠦᠭᠵᠢᠯᠳᠡ ᠶᠢᠨ ᠣᠨᠣᠯᠵᠢᠬᠤᠨ ᠢ ᠪᠠᠳᠥ ᠪᠠᠬᠢ ᠪᠤᠢ ᠪᠤᠯᠭᠠᠬᠤ ᠶᠢᠨ ᠬᠠᠮᠳᠣ ᠪᠦᠬᠦ ᠳᠡᠯ᠎ᠠ ᠪᠠᠷ ᠲᠣᠣᠱᠯᠠᠭᠤᠯᠥᠨ᠂ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠳᠥᠯᠥᠭᠡᠯᠡᠭᠴᠢᠳ ᠤᠨ ᠬᠤᠷᠡᠯ ᠤᠨ ᠵᠣᠷᠢᠭ ᠰᠠᠨᠠᠭ᠎ᠠ ᠲᠠᠢ ᠨᠢᠠᠠᠳᠡ ᠣᠶᠠᠯᠳᠣᠭᠤᠯᠵᠦ᠂ ᠭᠤᠷᠪᠡᠡ ᠬᠤᠷᠢᠭ᠎ᠠ ᠱᠣᠭᠤᠮ ᠢ ᠰᠠᠬᠢᠵᠦ᠂ ᠰᠢᠨ᠎ᠡ ᠭᠡᠯᠪᠡᠷᠢ ᠶᠢᠨ ᠠᠵᠦ ᠦᠢᠯᠡᠳᠪᠦᠷᠢᠵᠢᠯᠳᠡ᠂ ᠮᠡᠳᠡᠭᠡ ᠵᠠᠩᠬᠢᠵᠢᠯᠳᠡ᠂ ᠬᠤᠳᠡ ᠪᠠᠯᠭᠠᠰᠣᠵᠢᠯᠳᠡ᠂ ᠳᠡᠷᠢᠶᠡᠯᠡᠩ ᠮᠠᠯ ᠠᠵᠦ ᠠᠬᠤᠢ ᠶᠢᠨ ᠣᠳᠣᠬᠢᠴᠢᠯᠠᠯᠳᠡ ᠪᠤᠯᠥᠨ ᠪᠣᠬᠢᠷᠳᠦᠯ ᠦᠭᠡᠶᠢᠵᠢᠯᠳᠡ ᠶᠢ ᠬᠦᠨᠵᠡᠭᠡᠢ ᠠᠭᠤᠰᠣᠯᠴᠠᠭᠤᠯᠬᠤ᠂ ᠬᠦᠡ ᠲᠠᠪᠬᠤᠷᠭ᠎ᠠ ᠪᠠᠷ ᠬᠠᠷᠢᠯᠴᠠᠨ ᠬᠦᠳᠡᠯᠥᠯᠴᠡᠬᠦ ᠶᠢ ᠠᠬᠢᠭᠤᠯᠵᠦ᠂ ᠪᠡᠷᠢᠮᠵᠢᠶ᠎ᠠ ᠬᠢᠭᠡᠳ ᠭᠡᠷᠡᠴᠢᠯᠡᠯ ᠤᠨ ᠪᠠᠶᠢᠯᠳᠣᠬᠤ ᠪᠤᠳᠣᠯᠭ᠎ᠠ ᠶᠢᠨ ᠴᠢᠨᠠᠷ᠂ ᠰᠠᠭᠤᠷᠢ ᠴᠢᠨᠡᠷ᠂ ᠬᠦᠳᠦᠯᠥᠨ ᠳᠠᠭᠠᠭᠤᠯᠬᠤ ᠴᠢᠨᠡᠷ ᠤᠨ ᠦᠢᠯᠡᠳᠣᠯ ᠢ ᠬᠦᠢᠴᠡᠳ ᠪᠠᠳᠡᠷᠡᠭᠤᠯᠥᠨ᠂ ᠪᠣᠬᠢᠷᠳᠦᠯ ᠦᠭᠡᠢ ᠳᠣᠣᠷ᠎ᠠ ᠨᠡᠬᠦᠷᠡᠰᠣᠳᠦ᠋ᠷᠦᠭᠴᠢᠲᠦ ᠡᠷᠬᠢᠯᠳᠡᠳᠦ ᠬᠦᠭᠵᠢᠯᠳᠡ ᠶᠢ ᠠᠬᠢᠭᠤᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠪᠦᠳᠦᠮᠵᠢᠳᠡᠢ ᠬᠠᠩᠭᠠᠯᠭ᠎ᠠ ᠶᠢ ᠨᠡᠮᠡᠭᠳᠡᠬᠦᠯᠥᠨ᠂ ᠭᠡᠷᠡᠭᠯᠡᠬᠡᠨ ᠤ ᠭᠡᠷᠡᠭᠴᠡᠭᠡ ᠱᠠᠭᠠᠷᠳᠡᠯᠭ᠎ᠠ ᠶᠢᠨ ᠳᠡᠰ ᠳᠡᠪᠰᠢᠬᠦ ᠪᠠ ᠪᠣᠬᠢᠷᠳᠦᠯ ᠦᠭᠡᠢ ᠭᠡᠷᠡᠭᠯᠡᠬᠡᠨ ᠤ ᠵᠬᠠᠪᠤᠷ ᠢ ᠬᠦᠳᠦᠯᠥᠨ ᠵᠢᠯᠥᠭᠤᠳᠣᠨ᠎ᠠ᠃        ︵ᠬᠤᠶᠡᠷ︶ ᠦᠨᠳᠣᠰᠣᠡ ᠵᠠᠷᠴᠢᠮ᠃ ᠵᠠᠬ᠎ᠠ ᠳᠡᠯᠭᠡᠬᠦᠷ ᠤᠨ ᠣᠳᠣᠷᠢᠳᠣᠮᠵᠢ ᠶᠢ ᠪᠡᠷᠢᠮᠳᠡᠯᠡᠵᠦ᠂ ᠵᠠᠰᠠᠭ ᠤᠨ ᠣᠷᠳᠣᠨ ᠤ ᠬᠦᠳᠦᠯᠥᠨ ᠵᠢᠯᠥᠭᠤᠳᠬᠤ ᠶᠢ ᠴᠢᠩᠭᠠᠳᠬᠠᠨ᠎ᠠ᠃ ᠡᠬᠢ ᠪᠠᠶᠠᠯᠢᠭ ᠢ ᠲᠣᠬᠢᠷᠡᠭᠤᠯᠬᠤ ᠲᠤᠮᠳᠡᠬᠢ ᠵᠠᠬ᠎ᠠ ᠳᠡᠯᠭᠡᠬᠦᠷ ᠤᠨ ᠰᠢᠢᠳᠪᠦᠷᠢᠯᠡᠬᠦ ᠴᠢᠨᠡᠷᠳᠡᠢ ᠦᠢᠯᠡᠳᠣᠯ ᠢ ᠦᠨᠡᠨᠬᠦ ᠪᠠᠳᠡᠷᠡᠭᠤᠯᠬᠤ ᠪᠠ ᠵᠠᠰᠠᠭ ᠤᠨ ᠣᠷᠳᠣᠨ ᠤ ᠦᠢᠯᠡᠳᠣᠯ ᠢ ᠨᠡᠩ ᠰᠠᠶᠢᠨ ᠪᠠᠳᠡᠷᠡᠭᠤᠯᠬᠤ ᠶᠢ ᠣᠷᠭᠠᠨᠢᠭ ᠢᠶᠠᠷ ᠣᠶᠠᠯᠳᠣᠭᠤᠯᠵᠦ᠂ ᠠᠵᠦ ᠠᠬᠤᠶᠢᠯᠠᠯ ᠤᠨ ᠭᠤᠤᠯ ᠴᠣᠠᠠᠴᠠ ᠶᠢᠨ ᠪᠠᠶᠢᠷᠢ ᠰᠠᠭᠤᠷᠢ ᠶᠢ ᠪᠠᠳᠥ ᠪᠠᠬᠢ ᠪᠣᠢ ᠪᠤᠯᠭᠠᠵᠦ᠂ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠪᠣᠬᠢᠷᠳᠦᠯ ᠦᠭᠡᠢ ᠬᠦᠭᠵᠢᠯᠳᠡ ᠶᠢᠨ ᠦᠵᠡᠯ ᠣᠬᠠᠮᠰᠡᠷ ᠪᠠ ᠪᠣᠬᠢᠷᠳᠦᠯ ᠦᠭᠡᠢ ᠪᠦᠳᠦᠭᠡᠭᠳᠡᠬᠦᠨ ᠢ ᠪᠤᠶᠢᠵᠢᠭᠤᠯᠬᠤ᠂ ᠡᠵᠡᠩᠨᠡᠬᠦ᠂ ᠬᠠᠮᠢᠶᠡᠷᠬᠤ᠂ ᠡᠵᠡᠩᠨᠡᠨ ᠪᠤᠷᠣᠯᠠᠭᠤᠯᠬᠤ ᠴᠢᠳᠡᠪᠦᠷᠢ ᠶᠢ ᠨᠡᠮᠡᠭᠳᠡᠬᠦᠯᠵᠦ᠂ ᠪᠣᠬᠢᠷᠳᠦᠯ ᠦᠭᠡᠢ ᠳᠣᠣᠷ᠎ᠠ ᠨᠡᠬᠦᠷᠡᠰᠣᠳᠦ᠋ᠷᠦᠭᠴᠢᠲᠦ ᠡᠷᠬᠢᠯᠳᠡᠳᠦ ᠬᠦᠭᠵᠢᠯᠳᠡ ᠶᠢ ᠠᠬᠢᠭᠤᠯᠥᠨ᠂ ᠪᠣᠬᠢᠷᠳᠦᠯ ᠦᠭᠡᠢ ᠪᠦᠳᠦᠭᠡᠭᠳᠡᠬᠦᠨ ᠤ ᠪᠦᠳᠦᠮᠵᠢᠳᠡᠢ ᠬᠠᠩᠭᠠᠯᠭ᠎ᠠ ᠶᠢᠨ ᠶᠠᠰᠣ ᠴᠢᠨᠡᠷ ᠪᠠ ᠦᠷ᠎ᠠ ᠪᠦᠳᠦᠮᠵᠢ ᠶᠢ ᠳᠡᠭᠡᠭᠰᠢᠯᠡᠬᠦᠯᠥᠨ᠎ᠠ᠃ ᠵᠠᠰᠠᠭ ᠤᠨ ᠣᠷᠳᠣᠨ ᠤ ᠬᠦᠳᠦᠯᠥᠨ ᠵᠢᠯᠥᠭᠤᠳᠬᠤ᠂ ᠳᠥᠷᠥ ᠶᠢᠨ ᠪᠤᠳᠣᠯᠭ᠎ᠠ ᠪᠠᠷ ᠠᠬᠢᠭᠤᠯᠬᠤ ᠪᠠ ᠰᠠᠯᠠᠭ᠎ᠠ ᠮᠦᠴᠢᠷ ᠤᠳ ᠬᠢᠨᠡᠨ ᠬᠠᠮᠢᠶᠡᠷᠬᠤ ᠶᠢ ᠴᠢᠩᠭᠠᠳᠬᠠᠵᠦ᠂ ᠪᠣᠬᠢᠷᠳᠦᠯ ᠦᠭᠡᠢ ᠪᠦᠳᠦᠭᠡᠭᠳᠡᠬᠦᠨ ᠢ ᠪᠤᠶᠢᠵᠢᠭᠤᠯᠬᠤ ᠪᠠ ᠬᠠᠮᠠᠭᠠᠯᠠᠬᠤ ᠡᠷᠴᠢᠮ ᠢ ᠴᠢᠩᠭᠠᠷᠡᠭᠤᠯᠥᠨ᠎ᠠ᠃        ᠰᠢᠨ᠎ᠡ ᠶᠢ ᠡᠬᠦᠳᠬᠦ ᠶᠢ ᠵᠠᠯᠭᠠᠮᠵᠢᠯᠠᠬᠤ ᠶᠢ ᠪᠠᠷᠢᠮᠳᠡᠯᠡᠵᠦ᠂ ᠲᠣᠠᠠᠳᠠᠭᠤᠨ ᠢᠶᠠᠷ ᠰᠢᠯᠵᠢᠬᠦ ᠶᠢ ᠪᠠᠶᠠᠯᠠᠬᠦᠯᠥᠨ᠎ᠠ ᠃ ᠦᠪᠡᠷᠳᠡᠭᠡᠨ ᠵᠠᠰᠠᠬᠤ ᠣᠷᠣᠨ ᠤ ᠪᠣᠬᠢᠷᠳᠦᠯ ᠦᠭᠡᠢ ᠪᠦᠳᠦᠭᠡᠭᠳᠡᠬᠦᠨ ᠤ ᠠᠵᠦ ᠦᠢᠯᠡᠰ ᠤᠨ ᠬᠦᠭᠵᠢᠯᠳᠡ ᠶᠢᠨ ᠣᠳᠣᠬᠢ ᠪᠠᠶᠢᠳᠡᠯ ᠪᠠ ᠣᠨᠴᠠᠯᠢᠭ ᠢ ᠦᠠᠳᠣᠰᠣᠯᠡᠨ᠂ ᠭᠤᠤᠯᠳᠡᠯᠭ᠎ᠠ ᠲᠠᠢ ᠪᠠᠷ ᠠᠬᠢᠭᠤᠯᠬᠤ ᠠᠵᠢᠯ ᠳᠥᠷᠦᠯ᠂ ᠠᠵᠦ ᠠᠬᠤᠶᠢᠯᠠᠯ ᠪᠠ ᠪᠦᠳᠦᠭᠡᠭᠳᠡᠬᠦᠨ ᠢ ᠲᠣᠠᠠᠳᠠᠭᠠᠵᠦ᠂ ᠵᠠᠬ᠎ᠠ ᠳᠡᠯᠭᠡᠬᠦᠷ ᠤᠨ ᠰᠢᠯᠵᠢᠯᠳᠡ ᠶᠢᠨ ᠬᠤᠭᠤᠴᠠᠭ᠎ᠠ ᠶᠢ ᠵᠦᠢ ᠵᠣᠬᠢᠰᠳᠡᠢ ᠲᠣᠠᠠᠳᠠᠭᠠᠨ᠂ ᠠᠯᠬᠤᠮ ᠬᠤᠪᠢᠶᠡᠨ ᠭᠡᠷᠡᠭᠵᠢᠬᠦᠯᠵᠦ᠂ ᠡᠮᠬᠢ ᠵᠢᠷᠣᠮ ᠲᠠᠢ ᠪᠠᠷ ᠠᠬᠢᠭᠤᠯᠥᠨ᠎ᠠ᠃ ᠵᠠᠰᠠᠭ ᠤᠨ ᠣᠷᠳᠣᠨ ᠬᠦᠳᠦᠯᠥᠨ ᠵᠢᠯᠥᠭᠤᠳᠬᠤ ᠪᠠ ᠵᠠᠬ᠎ᠠ ᠳᠡᠯᠭᠡᠬᠦᠷ ᠤᠨ ᠰᠢᠯᠢᠨ ᠰᠣᠩᠭᠤᠬᠤ ᠪᠠᠷ ᠳᠡᠮᠵᠢᠭᠤᠯᠥᠨ᠂ ᠳᠤᠬᠢᠷᠠᠬᠤ ᠦᠭᠡᠢ ᠳᠥᠷᠥ ᠶᠢᠨ ᠪᠤᠳᠣᠯᠭ᠎ᠠ ᠶᠢ ᠠᠯᠬᠤᠮ ᠠᠯᠬᠤᠮ ᠢᠶᠠᠷ ᠬᠦᠴᠣᠨ ᠦᠭᠡᠢ ᠪᠤᠯᠭᠠᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠢ ᠡᠮᠬᠢᠯᠡᠨ ᠨᠡᠶᠢᠯᠡᠬᠦᠯᠬᠦ ᠬᠠᠷᠡᠯᠳᠡ ᠶᠢ ᠪᠠᠶᠠᠯᠠᠬᠦᠯᠥᠨ᠎ᠠ᠃        ᠬᠠᠮᠳᠣᠪᠡᠷ ᠪᠠᠶᠢᠭᠤᠯᠥᠨ ᠬᠠᠮᠳᠣᠪᠡᠷ ᠬᠦᠷᠲᠡᠬᠦ ᠶᠢ ᠪᠡᠷᠢᠮᠳᠡᠯᠡᠵᠦ᠂ ᠨᠡᠶᠢᠭᠡᠮ ᠤᠨ ᠬᠠᠮᠳᠣᠪᠡᠷ ᠵᠠᠰᠠᠬᠤ ᠶᠢ ᠠᠬᠢᠭᠤᠯᠥᠨ᠎ᠠ᠃ ᠡᠯ᠎ᠠ ᠠᠵᠢᠯ ᠳᠥᠷᠦᠯ ᠤᠨ ᠭᠤᠤᠯᠴᠢᠯᠡᠨ ᠬᠠᠮᠢᠶᠡᠷᠴᠥ ᠪᠦᠬᠦᠢ ᠰᠠᠯᠠᠭ᠎ᠠ ᠮᠦᠴᠢᠷ ᠤᠨ ᠡᠬᠦᠷᠭᠡ ᠴᠢᠳᠡᠪᠦᠷᠢ ᠶᠢᠨ ᠦᠢᠯᠡᠳᠣᠯ ᠢ ᠪᠠᠳᠡᠷᠡᠭᠤᠯᠵᠦ᠂ ᠵᠠᠰᠠᠭ ᠤᠨ ᠣᠷᠳᠣᠨ᠂ ᠠᠵᠦ ᠠᠬᠤᠶᠢᠯᠠᠯ᠂ ᠳᠡᠭᠡᠳᠦ ᠰᠣᠷᠭᠠᠭᠤᠯᠢ᠂ ᠰᠢᠨᠵᠢᠯᠡᠬᠦ ᠣᠬᠠᠭᠠᠨ ᠤ ᠰᠣᠳᠣᠯᠭᠠᠨ ᠤ ᠪᠠᠶᠢᠭᠤᠯᠥᠯ᠂ ᠭᠡᠷᠡᠭᠯᠡᠭᠡᠡ ᠵᠡᠷᠭᠡ ᠡᠯ᠎ᠡ ᠬᠠᠮᠢᠶ᠎ᠠ ᠪᠦᠬᠦᠢ ᠳᠡᠯ᠎ᠠ ᠶᠢᠨ ᠬᠢᠨ ᠦᠷᠬᠡᠨ ᠢᠶᠠᠷ ᠣᠷᠣᠯᠴᠠᠬᠤ ᠶᠢ ᠠᠬᠢᠭᠤᠯᠵᠦ᠂ ᠠᠵᠢᠯ ᠬᠤᠪᠢᠶᠡᠷᠢᠯᠡᠨ ᠬᠠᠮᠵᠢᠯᠴᠠᠵᠦ᠂ ᠣᠯᠡᠨ ᠡᠰᠢᠵᠢᠬᠦᠯᠥᠨ ᠬᠠᠮᠳᠣᠪᠡᠷ ᠵᠠᠰᠠᠵᠦ᠂ ᠠᠵᠢᠯ ᠳᠥᠷᠦᠯ ᠤᠨ ᠮᠡᠳᠡᠭᠡ ᠵᠠᠩᠬᠢ ᠴᠣᠠᠠᠯᠠᠭᠤᠯᠬᠤ᠂ ᠮᠡᠳᠡᠭᠡ ᠵᠠᠩᠬᠢ ᠶᠢ ᠢᠯᠡ ᠨᠡᠶᠢᠳᠡᠯᠡᠬᠦ᠂ ᠨᠡᠶᠢᠭᠡᠮ ᠤᠨ ᠬᠢᠨᠡᠯᠳᠡ ᠳᠡᠯᠪᠢᠬᠤ ᠵᠡᠷᠭᠡ ᠲᠣᠠᠠᠳᠡᠴᠠ ᠶᠢ ᠪᠠᠶᠢᠭᠤᠯᠥᠨ ᠪᠦᠷᠢᠨᠰᠢᠬᠦᠯᠵᠦ᠂ ᠬᠠᠮᠢᠶ᠎ᠠ ᠪᠦᠬᠦᠢ ᠬᠠᠦᠯᠢ ᠴᠠᠭᠠᠵᠠ ᠬᠠᠦᠯᠢ ᠲᠣᠠᠠᠳᠠᠭᠠᠯ ᠪᠤᠯᠥᠨ ᠲᠦᠬᠦᠷ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠂ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠢ ᠨᠡᠶᠢᠭᠡᠮ ᠲᠠᠶᠠᠭᠠᠷ ᠲᠤ ᠭᠡᠷᠡᠭᠯᠡᠬᠦ ᠪᠠ ᠮᠡᠳᠡᠭᠡ ᠵᠠᠩᠬᠢ ᠴᠣᠠᠠᠯᠠᠭᠤᠯᠬᠤ ᠶᠢ ᠠᠬᠢᠭᠤᠯᠥᠨ᠎ᠠ᠃        ︵ᠭᠤᠷᠪᠡ︶ ᠠᠵᠢᠯ ᠤᠨ ᠬᠠᠷᠡᠯᠳᠡ᠃ 2020 ᠣᠨ ᠪᠣᠯᠳᠡᠯ᠎ᠠ᠂ ᠣᠯᠥᠰ ᠤᠨ ᠨᠡᠶᠢᠳᠡᠯᠡᠭᠰᠡᠨ ᠪᠣᠬᠢᠷᠳᠦᠯ ᠦᠭᠡᠢ ᠪᠦᠳᠦᠭᠡᠭᠳᠡᠬᠦᠨ ᠢ ᠦᠨᠡᠯᠡᠬᠦ ᠪᠡᠷᠢᠮᠵᠢᠶ᠎ᠠ ᠶᠢᠨ ᠨᠠᠷᠢᠨ ᠬᠠᠭᠤᠳᠠᠰᠣ ᠪᠠ ᠭᠡᠷᠡᠴᠢᠯᠡᠯ ᠤᠨ ᠭᠠᠷᠴᠠᠭ ᠶᠣᠰᠣᠭᠠᠷ᠂ ᠮᠠᠨ ᠤ ᠣᠷᠣᠨ ᠤ ᠳᠡᠪᠡᠭᠤᠯᠢᠭ ᠣᠨᠴᠠᠯᠢᠠᠠᠳᠦ ᠠᠵᠦ ᠦᠢᠯᠡᠰ ᠤᠨ ᠲᠣᠭᠤᠷᠢᠨ ᠳᠤ ᠠᠵᠦ ᠠᠬᠤᠶᠢᠯᠠᠯ ᠢ ᠬᠦᠳᠦᠯᠥᠨ ᠵᠢᠯᠥᠭᠤᠳᠤᠨ ᠵᠤᠷᠢᠬᠵᠢᠭᠤᠯᠵᠤ ᠪᠠᠶᠢᠭᠠᠳ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ ᠶᠢ ᠬᠡᠷᠡᠭᠵᠢᠬᠦᠯᠵᠦ᠂ ᠣᠨᠴᠠᠯᠢᠠᠠᠳᠦ ᠳᠡᠪᠡᠭᠤᠯᠢᠭ ᠪᠦᠳᠦᠭᠡᠭᠳᠡᠬᠦᠨ ᠢ ᠠᠬᠢᠭᠤᠯᠤᠨ ᠪᠣᠬᠢᠷᠳᠦᠯ ᠦᠭᠡᠢ ᠪᠦᠳᠦᠭᠡᠭᠳᠡᠬᠦᠨ ᠤ ᠭᠡᠷᠡᠴᠢᠯᠡᠯ ᠢ ᠦᠷᠨᠢᠭᠦᠯᠵᠦ᠂ ︽ᠲᠣᠮᠳᠠᠳᠣ ᠣᠯᠥᠰ ᠤᠨ ᠪᠣᠬᠢᠷᠳᠦᠯ ᠦᠭᠡᠢ ᠪᠦᠳᠦᠭᠡᠭᠳᠡᠬᠦᠨ︾ ᠤ ᠢᠯᠭᠠᠬᠤ ᠳᠡᠮᠳᠡᠭ ᠢ ᠵᠢᠷᠣᠮᠵᠢᠭᠤᠯᠥᠨ ᠬᠡᠷᠡᠭᠯᠡᠨ᠎ᠡ᠃ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠢ ᠨᠡᠶᠢᠭᠡᠮ ᠲᠠᠶᠠᠭᠠᠷ ᠲᠤ ᠨᠡᠶᠢᠳᠡᠮ ᠭᠡᠷᠡᠭᠯᠡᠬᠦ ᠪᠠ ᠮᠡᠳᠡᠭᠡ ᠵᠠᠩᠬᠢ ᠴᠣᠠᠠᠯᠠᠭᠤᠯᠥᠨ᠎ᠠ︔ ᠦᠪᠡᠷᠳᠡᠭᠡᠨ ᠵᠠᠰᠠᠬᠤ ᠣᠷᠣᠨ ᠤ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠡᠵᠡᠯᠡᠬᠦ ᠨᠤᠷᠮ᠎ᠠ ᠶᠢ ᠯᠠᠪᠳᠠᠭᠤᠨ ᠢᠶᠠᠷ ᠳᠡᠭᠡᠭᠰᠢᠯᠡᠬᠦᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠪᠦᠳᠦᠮᠵᠢᠳᠡᠢ ᠬᠠᠩᠭᠠᠯᠭ᠎ᠠ ᠶᠢᠨ ᠴᠢᠳᠡᠪᠦᠷᠢ ᠪᠠᠷ ᠵᠠᠬ᠎ᠠ ᠳᠡᠯᠭᠡᠬᠦᠷ ᠤᠨ ᠭᠡᠷᠡᠭᠴᠡᠭᠡ ᠱᠠᠭᠠᠷᠳᠡᠯᠭ᠎ᠠ ᠶᠢ ᠬᠦᠢᠴᠡᠳ ᠬᠠᠩᠭᠠᠨ᠎ᠠ᠃        ᠬᠤᠶᠠᠷ᠂ ᠭᠤᠤᠯᠳᠡᠯᠭ᠎ᠠ ᠲᠠᠢ ᠡᠬᠦᠷᠭᠡ        ︵ᠨᠢᠭᠡ︶ ᠦᠪᠤᠷ ᠮᠣᠩᠭᠤᠯ ᠤᠨ ᠪᠣᠬᠢᠷᠳᠦᠯ ᠦᠭᠡᠢ ᠪᠦᠳᠦᠭᠡᠭᠳᠡᠬᠦᠨ ᠤ ᠬᠦᠭᠵᠢᠯᠳᠡ ᠶᠢᠨ ᠳᠥᠯᠥᠪᠵᠢᠬᠦᠯᠬᠡ ᠶᠢ ᠰᠢᠨᠵᠢᠯᠡᠬᠦ ᠣᠬᠠᠭᠠᠨᠴᠢ ᠪᠠᠷ ᠲᠣᠠᠠᠳᠠᠭᠠᠨ᠎ᠠ᠃ ︽ᠲᠠᠪᠤ ᠶᠢ ᠨᠢᠭᠡ ᠴᠣᠠᠠᠴᠠᠵᠢᠭᠤᠯᠬᠤ︾ ᠶᠡᠷᠦᠩᠭᠡᠢ ᠪᠠᠶᠢᠷᠢᠰᠢᠭᠤᠯᠥᠯᠳᠡ ᠶᠢ ᠨᠢᠭᠡᠳᠦᠯᠳᠡᠢ ᠳᠥᠯᠥᠪᠯᠡᠨ ᠠᠬᠢᠭᠤᠯᠬᠤ ᠪᠠ ︽ᠳᠥᠷᠪᠡᠡ ᠪᠦᠬᠦ ᠳᠡᠯ᠎ᠠ︾ ᠶᠢᠨ ᠪᠠᠶᠢᠯᠳᠣᠬᠤ ᠪᠤᠳᠣᠯᠭ᠎ᠠ ᠶᠢᠨ ᠪᠠᠶᠢᠷᠢᠰᠢᠭᠤᠯᠥᠯᠳᠡ ᠶᠢ ᠵᠤᠬᠢᠴᠠᠩᠭᠤᠢ ᠪᠠᠷ ᠠᠬᠢᠭᠤᠯᠬᠤ ᠱᠠᠭᠠᠷᠳᠡᠯᠭ᠎ᠠ ᠶᠣᠰᠣᠭᠠᠷ᠂ ᠬᠠᠩᠭᠠᠯᠭ᠎ᠠ ᠶᠢᠨ ᠳᠡᠯ᠎ᠠ ᠳᠠᠬᠢ ᠪᠦᠳᠦᠴᠠ ᠶᠢᠨ ᠴᠢᠨᠡᠷᠳᠡᠢ ᠦᠭᠡᠷᠡᠴᠢᠯᠡᠯᠳᠡ ᠶᠢ ᠡᠷᠡᠰ ᠠᠬᠢᠭᠤᠯᠵᠦ᠂ ︽ᠳᠦᠷᠪᠡ ᠶᠢ ᠬᠦᠴᠦᠯᠡᠬᠦ︾ ᠶᠢᠨ ᠭᠤᠤᠯᠳᠡᠯᠭ᠎ᠠ ᠲᠠᠢ ᠡᠬᠦᠷᠭᠡ ᠶᠢᠨ ᠲᠣᠭᠤᠷᠢᠨ ᠳᠤ ᠦᠨᠡᠨ ᠪᠠᠶᠢᠳᠡᠯ ᠢ ᠪᠦᠬᠦ ᠳᠡᠯ᠎ᠠ ᠪᠠᠷ ᠣᠶᠢᠯᠠᠭᠠᠬᠰᠠᠨ᠂ ᠪᠠᠶᠢᠴᠠᠭᠠᠨ ᠰᠣᠳᠣᠯᠵᠦ ᠵᠠᠳᠡᠯᠥᠯᠳᠡ ᠬᠢᠭᠰᠡᠨ ᠰᠠᠭᠤᠷᠢᠨ ᠳᠡᠭᠡᠷ᠎ᠠ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠥᠯ ᠤᠨ ᠦᠭᠡᠷᠡᠴᠢᠯᠡᠯᠳᠡ ᠶᠢᠨ ᠠᠵᠢᠯ ᠤᠨ ᠱᠠᠭᠠᠷᠳᠡᠯᠭ᠎ᠠ ᠶᠣᠰᠣᠭᠠᠷ᠂ ᠴᠢᠨᠡᠷ ᠰᠠᠶᠢᠳᠡᠢ ᠪᠣᠬᠢᠷᠳᠦᠯ ᠦᠭᠡᠢ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠨᠡᠷᠡᠳᠣ ᠳᠥᠷᠦᠯ ᠳᠡᠮᠳᠡᠭᠳᠦ ᠶᠢ ᠭᠤᠤᠯᠳᠡᠯᠭ᠎ᠠ ᠲᠠᠢ ᠪᠤᠢ ᠪᠤᠯᠭᠠᠵᠦ᠂ ᠡᠨᠧᠷᠬᠢ᠂ ᠬᠢᠮᠢ ᠶᠢᠨ ᠠᠵᠦ ᠦᠢᠯᠡᠳᠪᠦᠷᠢ᠂ ᠲᠤᠨᠤᠭ ᠳᠥᠬᠦᠭᠡᠷᠦᠮᠵᠢ ᠦᠯᠡᠳᠬᠦ ᠪᠣᠬᠢᠷᠳᠦᠯ ᠦᠭᠡᠢ ᠪᠦᠬᠡᠮᠨᠡᠷᠡᠯ ᠠᠵᠦ ᠦᠢᠯᠡᠰ ᠢ ᠪᠤᠶᠢᠵᠢᠭᠤᠯᠵᠦ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠡᠯ᠂ ᠲᠣᠮᠥ ᠳ᠋ᠠᠶᠢᠲ᠋ᠠ ᠶᠢᠨ ᠡᠬᠦᠯᠡᠨ ᠪᠤᠳᠣᠯᠳᠡ᠂ ᠮᠣᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠣᠬᠤ ᠪᠤᠳᠣᠯᠭ᠎ᠠ ᠶᠢᠨ ᠴᠢᠨᠠᠷᠳᠡᠢ ᠰᠢᠨ᠎ᠡ ᠪᠠᠷ ᠪᠤᠢ ᠪᠤᠯᠥᠠᠠᠰᠠᠨ ᠠᠵᠦ ᠦᠢᠯᠡᠰ ᠤᠨ ᠪᠣᠬᠢᠷᠳᠦᠯ ᠦᠬᠡᠶᠢᠵᠢᠬᠦᠯᠥᠭᠰᠡᠨ᠂ ᠣᠶᠣᠨᠴᠢᠯᠠᠭᠰᠠᠨ ᠬᠦᠭᠵᠢᠯᠳᠡ ᠶᠢᠨ ᠴᠢᠭᠯᠡᠯ ᠢ ᠵᠥᠪ ᠢᠶᠠᠷ ᠦᠨᠡᠯᠡᠵᠦ᠂ ᠦᠨᠳᠣᠷ ᠪᠡᠷᠢᠮᠵᠢᠶ᠎ᠠ ᠪᠠᠷ ᠦᠷᠬᠦᠯᠵᠢᠯᠡᠨ ᠬᠦᠭᠵᠢᠬᠦ ᠶᠢ ᠪᠠᠶᠠᠯᠠᠬᠦᠯᠥᠨ᠎ᠠ᠃        ︵ᠬᠤᠶᠡᠷ︶ ᠪᠣᠬᠢᠷᠳᠦᠯ ᠦᠭᠡᠢ ᠪᠦᠳᠦᠭᠡᠭᠳᠡᠬᠦᠨ ᠤ ᠪᠠᠶᠢᠴᠠᠭᠠᠨ ᠰᠢᠨᠵᠢᠬᠦ ᠭᠡᠷᠡᠴᠢᠯᠡᠯ ᠤᠨ ᠰᠢᠰᠲ᠋ᠧᠮᠵᠢ ᠶᠢ ᠲᠡᠬᠦᠯᠳᠡᠷᠵᠢᠬᠦᠯᠦᠨ ᠠᠬᠢᠭᠤᠯᠥᠨ᠎ᠠ᠃ ᠭᠡᠷᠡᠴᠢᠯᠡᠯ ᠤᠨ ᠪᠠᠶᠢᠴᠠᠭᠠᠨ ᠰᠢᠨᠵᠢᠬᠦ ᠪᠠᠶᠢᠭᠤᠯᠥᠮᠵᠢ ᠶᠢᠨ ᠴᠢᠳᠡᠪᠦᠷᠢ ᠶᠢᠨ ᠪᠠᠶᠢᠭᠤᠯᠥᠯᠳᠡ ᠶᠢ ᠴᠢᠩᠭᠠᠳᠬᠠᠵᠦ᠂ ᠣᠯᠥᠰ ᠤᠨ ᠲᠣᠳᠣᠭᠠᠳᠣ ᠭᠠᠳᠠᠭᠠᠳᠣ ᠶᠢᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠭᠡᠷᠡᠴᠢᠯᠡᠯ ᠤᠨ ᠪᠠᠶᠢᠭᠤᠯᠥᠮᠵᠢ ᠶᠢ ᠢᠳᠡᠪᠬᠢᠳᠡᠢ ᠪᠠᠷ ᠣᠷᠣᠭᠤᠯᠥᠨ ᠠᠪᠴᠢᠷᠡᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠭᠡᠷᠡᠴᠢᠯᠡᠯ ᠤᠨ ᠪᠠᠶᠢᠭᠤᠯᠥᠮᠵᠢ ᠶᠢᠨ ᠴᠢᠳᠡᠪᠦᠷᠢ ᠪᠠ ᠬᠢᠷᠢ ᠴᠢᠳᠠᠮᠵᠢ ᠶᠢᠨ ᠬᠠᠮᠢᠶᠡᠷᠦᠯᠳᠡ ᠶᠢ ᠰᠢᠨᠵᠢᠯᠡᠬᠦ ᠣᠬᠠᠭᠠᠨᠴᠢ ᠪᠠᠷ ᠦᠨᠡᠯᠡᠵᠦ᠂ ᠨᠢᠭᠡ ᠪᠦᠯᠥᠭ ᠪᠣᠬᠢᠷᠳᠦᠯ ᠦᠭᠡᠢ ᠪᠦᠳᠦᠭᠡᠭᠳᠡᠬᠦᠡ ᠤ ᠪᠡᠷᠢᠮᠵᠢᠶ᠎ᠠ᠂ ᠭᠡᠷᠡᠴᠢᠯᠡᠯ᠂ ᠪᠠᠶᠢᠴᠠᠭᠠᠨ ᠰᠢᠯᠭᠠᠬᠤ ᠲᠣᠰᠬᠠᠢ ᠦᠢᠯᠡᠴᠢᠯᠡᠭᠡᠨ ᠤ ᠪᠠᠶᠢᠭᠤᠯᠥᠮᠵᠢ ᠶᠢ ᠪᠤᠶᠢᠵᠢᠭᠤᠯᠥᠨ᠎ᠠ᠃ ᠣᠯᠥᠰ ᠤᠨ ᠨᠢᠭᠡᠳᠦᠯᠳᠡᠢ ᠭᠡᠷᠡᠴᠢᠯᠡᠯ ᠤᠨ ᠭᠡᠷᠡᠭᠵᠢᠬᠦᠯᠬᠦ ᠳᠥᠷᠢᠮ᠂ ᠭᠡᠷᠡᠴᠢᠯᠡᠯ ᠤᠨ ᠢᠯᠭᠠᠬᠤ ᠳᠡᠮᠳᠡᠭ ᠵᠢᠴᠢ ᠭᠡᠷᠡᠴᠢᠯᠡᠯ ᠤᠨ ᠢᠯᠭᠠᠬᠤ ᠳᠡᠮᠳᠡᠭ ᠢ ᠭᠡᠷᠡᠭᠯᠡᠵᠦ ᠬᠠᠮᠢᠶᠡᠷᠬᠤ ᠠᠷᠭ᠎ᠠ ᠶᠢ ᠴᠢᠩᠭ᠎ᠠ ᠨᠠᠶᠢᠳᠡᠪᠦᠷᠢᠵᠢᠭᠤᠯᠥᠨ᠎ᠠ᠃ ᠦᠪᠡᠷᠳᠡᠭᠡᠨ ᠵᠠᠰᠠᠬᠤ ᠣᠷᠣᠨ ᠤ ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠮᠡᠳᠡᠭᠡ ᠵᠠᠩᠬᠢ ᠶᠢᠨ ᠳᠡᠪᠴᠡᠩ ᠢ ᠪᠠᠶᠢᠭᠤᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠬᠠᠦᠯᠢ ᠲᠣᠠᠠᠳᠠᠭᠠᠯ᠂ ᠪᠡᠷᠢᠮᠵᠢᠶ᠎ᠠ ᠶᠢᠨ ᠨᠠᠷᠢᠨ ᠬᠠᠭᠤᠳᠠᠰᠣ᠂ ᠳᠥᠷᠢᠮ ᠤᠨ ᠳᠡᠰ ᠳᠡᠷᠡᠭᠠᠯᠠᠯ᠂ ᠪᠦᠳᠦᠭᠡᠭᠳᠡᠬᠦᠨ ᠤ ᠭᠠᠷᠴᠠᠭ᠂ ᠭᠡᠷᠡᠭᠵᠢᠬᠦᠯᠬᠦ ᠪᠠᠶᠢᠭᠤᠯᠥᠮᠵᠢ᠂ ᠭᠡᠷᠡᠴᠢᠯᠡᠯ ᠤᠨ ᠦᠷ᠎ᠠ ᠳ᠋ᠦᠩ ᠵᠢᠴᠢ ᠮᠡᠳᠡᠭᠡ ᠵᠠᠩᠬᠢ ᠴᠣᠠᠠᠯᠠᠭᠤᠯᠥᠠᠠᠰᠠᠨ ᠪᠠᠶᠢᠳᠡᠯ ᠵᠡᠷᠭᠡ ᠮᠡᠳᠡᠭᠡ ᠵᠠᠩᠬᠢ ᠶᠢ ᠢᠯᠡ ᠪᠠᠷ ᠨᠡᠶᠢᠳᠡᠯᠡᠨ᠎ᠠ᠃ ᠪᠣᠬᠢᠷᠳᠦᠯ ᠦᠭᠡᠢ ᠪᠦᠳᠦᠭᠡᠭᠳᠡᠬᠦᠨ ᠤ ᠢᠯᠭᠠᠬᠤ ᠳᠡᠮᠳᠡᠭ᠂ ᠪᠡᠷᠢᠮᠵᠢᠶ᠎ᠠ ᠶᠢᠨ ᠨᠠᠷᠢᠨ ᠬᠠᠭᠤᠳᠠᠰᠣ ᠪᠠ ᠭᠡᠷᠡᠴᠢᠯᠡᠯ ᠤᠨ ᠭᠠᠷᠴᠠᠭ ᠢ ᠭᠡᠷᠡᠭᠵᠢᠬᠦᠯᠥᠭᠰᠡᠨ ᠤ ᠳᠡᠷᠠᠭ᠎ᠠ᠂ ᠪᠡᠷᠢᠮᠵᠢᠶ᠎ᠠ ᠶᠢᠨ ᠨᠠᠷᠢᠨ ᠬᠠᠭᠤᠳᠠᠰᠣ ᠶᠢᠨ ᠳᠣᠳᠣᠷᠡᠬᠢ ᠪᠡᠷᠢᠮᠵᠢᠶ᠎ᠠ ᠶᠢ ᠦᠨᠳᠣᠰᠣᠯᠡᠨ᠂ ᠠᠵᠦ ᠠᠬᠤᠶᠢᠯᠠᠯ ᠢ ᠵᠤᠬᠢᠶᠡᠨ ᠪᠠᠶᠢᠭᠤᠯᠥᠨ ᠪᠣᠬᠢᠷᠳᠦᠯ ᠦᠭᠡᠢ ᠪᠦᠳᠦᠭᠡᠭᠳᠡᠬᠦᠨ ᠤ ᠭᠡᠷᠡᠴᠢᠯᠡᠯ ᠢ ᠦᠷᠨᠢᠬᠦᠯᠦᠨ᠎ᠠ᠃        ︵ᠭᠤᠷᠪᠡ︶ ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠪᠡᠷᠢᠮᠵᠢᠶ᠎ᠠ ᠶᠢ ᠪᠠᠶᠢᠭᠤᠯᠥᠨ ᠳᠡᠬᠦᠯᠳᠡᠷᠵᠢᠬᠦᠯᠬᠦ ᠶᠢ ᠠᠬᠢᠭᠤᠯᠥᠨ᠎ᠠ᠃ ᠣᠯᠥᠰ ᠤᠨ ᠨᠠᠶᠢᠳᠡᠯᠡᠭᠰᠡᠨ ᠪᠣᠬᠢᠷᠳᠦᠯ ᠦᠭᠡᠢ ᠪᠦᠳᠦᠭᠡᠭᠳᠡᠬᠦᠨ ᠤ ᠦᠨᠡᠯᠡᠬᠦ ᠪᠡᠷᠢᠮᠵᠢᠶ᠎ᠠ ᠶᠢᠨ ᠨᠠᠷᠢᠨ ᠬᠠᠭᠤᠳᠠᠰᠣ ᠪᠠ ᠭᠡᠷᠡᠴᠢᠯᠠᠯ ᠤᠨ ᠭᠠᠷᠴᠠᠭ ᠶᠣᠰᠣᠭᠠᠷ᠂ ᠦᠪᠡᠷᠳᠡᠭᠡᠨ ᠵᠠᠰᠠᠬᠤ ᠣᠷᠣᠨ ᠤ ᠠᠵᠦ ᠦᠢᠯᠡᠰ ᠤᠨ ᠪᠦᠳᠦᠴᠠ ᠶᠢᠨ ᠣᠨᠴᠠᠯᠢᠭ ᠲᠠᠢ ᠣᠶᠠᠯᠳᠣᠭᠤᠯᠥᠨ᠂ ᠪᠣᠬᠢᠷᠳᠦᠯ ᠦᠭᠡᠢ ᠪᠦᠳᠦᠭᠡᠭᠳᠡᠬᠦᠨ ᠤ ᠦᠨᠡᠯᠡᠬᠦ ᠪᠠ ᠲᠣᠯᠭᠠᠭᠤᠷᠢᠯᠠᠬᠤ ᠪᠡᠷᠢᠮᠵᠢᠶ᠎ᠠ ᠶᠢ ᠣᠬᠠᠭᠤᠯᠥᠨ ᠲᠣᠣᠱᠯᠠᠭᠤᠯᠥᠨ ᠭᠡᠷᠡᠭᠵᠢᠬᠦᠯᠬᠦ ᠶᠢ ᠴᠢᠩᠭᠠᠳᠬᠠᠵᠦ᠂ ᠦᠪᠡᠷᠳᠡᠭᠡᠨ ᠵᠠᠰᠠᠬᠤ ᠣᠷᠣᠨ ᠤ ᠠᠵᠦ ᠠᠬᠤᠶᠢᠯᠠᠯ ᠤᠨ ᠪᠣᠬᠢᠷᠳᠦᠯ ᠦᠭᠡᠢ ᠪᠦᠳᠦᠭᠡᠭᠳᠡᠬᠦᠨ ᠤ ᠪᠠᠷᠢᠮᠵᠢᠶ᠎ᠠ ᠶᠢ ᠭᠡᠷᠡᠭᠵᠢᠬᠦᠯᠬᠦ ᠶᠢ ᠬᠦᠳᠦᠯᠥᠨ ᠵᠢᠯᠥᠭᠤᠳᠬᠤ ᠪᠠ ᠵᠣᠷᠢᠠᠠᠵᠢᠭᠤᠯᠵᠦ ᠪᠠᠶᠢᠭᠠᠳ᠂ ᠨᠡᠶᠢᠭᠡᠮ ᠲᠠᠶᠠᠭᠠᠷ ᠤᠨ ᠪᠣᠬᠢᠷᠳᠦᠯ ᠦᠭᠡᠢ ᠶᠢᠨ ᠪᠠᠷᠢᠮᠵᠢᠶᠡᠵᠢᠭᠤᠯᠬᠤ ᠦᠵᠡᠯ ᠣᠬᠠᠮᠰᠡᠷ ᠢ ᠬᠦᠴᠣᠯᠡᠨ ᠳᠡᠭᠡᠭᠰᠢᠯᠡᠬᠦᠯᠥᠨ᠎ᠠ᠃ ᠬᠠᠮᠢᠶ᠎ᠠ ᠪᠦᠬᠦᠢ ᠪᠦᠳᠦᠭᠡᠭᠳᠡᠬᠦᠨ ᠤ ᠪᠠᠷᠢᠮᠵᠢᠶ᠎ᠠ ᠶᠢ ᠢᠯᠭᠠᠷᠡᠭᠤᠯᠬᠤ᠂ ᠦᠨᠡᠯᠡᠬᠦ᠂ ᠵᠠᠰᠠᠪᠦᠷᠢ ᠣᠷᠣᠭᠤᠯᠬᠤ ᠶᠢ ᠶᠠᠪᠤᠠᠠᠳᠠᠭᠤᠯᠵᠦ᠂ ᠦᠪᠤᠷ ᠮᠣᠩᠭᠤᠯ ᠤᠨ ᠪᠣᠬᠢᠷᠳᠦᠯ ᠦᠭᠡᠢ ᠪᠦᠳᠦᠭᠡᠭᠳᠡᠬᠦᠨ ᠢ ᠣᠯᠥᠰ ᠤᠨ ᠪᠣᠬᠢᠷᠳᠦᠯ ᠦᠭᠡᠢ ᠪᠦᠳᠦᠭᠡᠭᠳᠡᠬᠦᠨ ᠤ ᠭᠠᠷᠴᠠᠭ ᠲᠤ ᠣᠷᠣᠭᠤᠯᠬᠤ ᠶᠢ ᠠᠬᠢᠭᠤᠯᠥᠨ᠎ᠠ᠃ ᠬᠠᠮᠢᠶ᠎ᠠ ᠪᠦᠬᠦᠢ ᠳᠡᠯ᠎ᠠ ᠶᠢᠨ ᠬᠢᠨ ᠤ ᠡᠬᠢ ᠪᠠᠶᠠᠯᠢᠭ ᠣᠯᠬᠤ᠂ ᠦᠢᠯᠡᠳᠪᠦᠷᠢᠯᠡᠬᠦ᠂ ᠪᠤᠷᠥᠯᠠᠭᠤᠯᠬᠤ᠂ ᠭᠡᠷᠡᠭᠯᠡᠬᠦ᠂ ᠰᠢᠢᠳᠪᠦᠷᠢᠯᠡᠬᠦ ᠵᠡᠷᠭᠡ ᠪᠦᠳᠦᠭᠡᠭᠳᠡᠬᠦᠨ ᠤ ᠠᠮᠢ ᠨᠠᠰᠣᠨ ᠤ ᠦᠶᠡᠯᠡᠯ ᠤᠨ ᠬᠤᠭᠤᠴᠠᠭ᠎ᠠ ᠶᠢᠨ ᠡᠯ᠎ᠠ ᠱᠠᠳᠣ ᠦᠶ᠎ᠠ ᠳᠤ ᠡᠬᠢ ᠪᠠᠶᠠᠯᠢᠭ᠂ ᠡᠨᠧᠷᠬᠢ᠂ ᠣᠷᠴᠢᠨ ᠲᠣᠭᠤᠷᠢᠨ᠂ ᠶᠠᠰᠣ ᠴᠢᠨᠡᠷ ᠵᠡᠷᠭᠡ ᠰᠢᠨᠵᠢ ᠴᠢᠨᠡᠷ ᠢ ᠡᠵᠡᠮᠰᠢᠬᠦ ᠶᠢ ᠴᠢᠬᠤᠯᠠᠴᠢᠯᠠᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ ᠶᠢ ᠪᠦᠳᠦᠮᠵᠢᠳᠡᠢ ᠪᠠᠷ ᠭᠡᠷᠡᠭᠯᠡᠨ᠂ ᠪᠣᠬᠢᠷᠳᠦᠯ ᠦᠭᠡᠢ ᠦᠢᠯᠡᠳᠪᠦᠷᠢᠯᠡᠨ᠂ ᠪᠣᠬᠢᠷᠳᠦᠯ ᠦᠭᠡᠢ ᠭᠡᠷᠡᠭᠯᠡᠬᠡᠨ ᠢ ᠳᠠᠰᠣᠷᠡᠯᠳᠡ ᠦᠭᠡᠢ ᠬᠦᠳᠦᠯᠥᠨ ᠵᠢᠯᠥᠭᠤᠳᠴᠥ᠂ ᠮᠠᠨ ᠤ ᠣᠷᠣᠨ ᠤ ᠠᠵᠦ ᠦᠢᠯᠡᠰ ᠤᠨ ᠬᠦᠭᠵᠢᠡ ᠪᠤᠵᠠᠭᠠᠶᠢᠷᠡᠬᠤ ᠶᠢ ᠠᠬᠢᠭᠤᠯᠥᠨ᠎ᠠ᠃        ︵ᠳᠥᠷᠪᠡ︶ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠢ ᠪᠤᠶᠢᠵᠢᠭᠤᠯᠬᠤ ᠠᠵᠢᠯ ᠢ ᠴᠢᠩᠭᠠᠳᠬᠠᠵᠦ᠂ ᠪᠦᠳᠦᠮᠵᠢᠳᠡᠢ ᠬᠠᠩᠭᠠᠯᠭ᠎ᠠ ᠶᠢ ᠨᠡᠮᠡᠭᠳᠡᠬᠦᠯᠥᠨ᠎ᠡ᠃ ᠣᠯᠥᠰ ᠤᠨ ᠪᠣᠬᠢᠷᠳᠦᠯ ᠦᠭᠡᠢ ᠪᠦᠳᠦᠭᠡᠭᠳᠡᠬᠦᠨ ᠤ ᠰᠣᠳᠣᠯᠥᠡ ᠨᠡᠭᠡᠭᠡᠨ ᠬᠦᠭᠵᠢᠬᠦᠯᠵᠦ ᠦᠢᠯᠡᠳᠪᠦᠷᠢᠯᠡᠬᠦ᠂ ᠳᠡᠭᠡᠭᠡᠪᠦᠷᠢᠯᠡᠵᠦ ᠲᠣᠬᠢᠷᠡᠭᠤᠯᠥᠨ ᠬᠦᠷᠭᠡᠬᠦ᠂ ᠭᠡᠷᠡᠭᠯᠡᠬᠡᠨ ᠬᠢᠵᠦ ᠬᠤᠳᠠᠯᠳᠣᠨ ᠠᠪᠬᠤ ᠵᠡᠷᠭᠡ ᠳᠡᠯ᠎ᠠ ᠶᠢᠨ ᠡᠳ᠋ ᠤᠨ ᠵᠠᠰᠠᠭ ᠭᠠᠶᠢᠯᠢ ᠮᠦᠡᠭᠬᠦᠨ ᠬᠦᠢᠯᠬᠡᠬᠡᠡ ᠤ ᠳᠡᠮᠵᠢᠯᠬᠡ ᠶᠢᠨ ᠳᠥᠷᠥ ᠶᠢᠨ ᠪᠤᠳᠣᠯᠭ᠎ᠠ ᠶᠢ ᠲᠦᠬᠦᠷᠵᠢᠭᠦᠯᠦᠨ ᠲᠣᠠᠠᠳᠠᠭᠠᠬᠤ ᠶᠢᠨ ᠬᠠᠮᠳᠣ ᠨᠡᠶᠢᠳᠡᠪᠦᠷᠢᠵᠢᠭᠤᠯᠵᠦ᠂ ᠲᠥᠪ ᠭᠤᠣᠯᠴᠢ ᠪᠠᠷ ᠦᠷᠢᠰᠦᠯᠳᠦᠬᠦ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠣᠷᠴᠢᠨ ᠲᠤᠭᠤᠷᠢᠨ ᠢ ᠪᠤᠢ ᠪᠤᠯᠭᠠᠵᠦ᠂ ᠳᠥᠷᠢᠮ ᠤᠨ ᠴᠢᠨᠡᠷᠳᠡᠢ ᠠᠷᠡᠯᠵᠢᠶ᠎ᠠ ᠶᠢᠨ ᠦᠪᠡᠷ ᠤᠨ ᠦᠷᠲᠡᠭ ᠢ ᠣᠯᠡᠮ ᠨᠢᠭᠡ ᠠᠯᠬᠤᠮ ᠪᠠᠭᠤᠷᠡᠭᠤᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠦᠢᠯᠡᠳᠪᠦᠷᠢᠯᠡᠯ ᠤᠨ ᠠᠵᠦ ᠠᠬᠤᠶᠢᠯᠠᠯ ᠤᠨ ᠲᠠᠷᠣᠭᠠᠰᠣ ᠶᠢ ᠦᠨᠡᠨᠬᠦ ᠬᠦᠩᠭᠡᠷᠡᠬᠦᠯᠬᠦ ᠲᠦᠬᠦᠷ ᠳᠥᠷᠥ ᠶᠢᠨ ᠪᠤᠳᠣᠯᠭ᠎ᠠ ᠶᠢ ᠨᠡᠶᠢᠳᠡᠯᠡᠨ᠎ᠠ᠃ ᠵᠠᠬ᠎ᠠ ᠳᠡᠯᠭᠡᠬᠦᠷ ᠲᠤ ᠭᠠᠷᠤᠠᠠᠰᠠᠨ ᠺᠣᠮᠫᠠᠨᠢ᠂ ᠳᠡᠷᠢᠶᠡᠯᠡᠩ ᠮᠠᠯ ᠠᠵᠦ ᠠᠬᠤᠢ ᠶᠢᠨ ᠠᠵᠦ ᠦᠢᠯᠡᠰᠵᠢᠯᠳᠡ ᠶᠢᠨ ᠬᠦᠳᠥᠴᠢ ᠠᠵᠦ ᠠᠬᠤᠶᠢᠯᠠᠯ ᠪᠤᠯᠥᠨ ᠲᠣᠮᠥ ᠲᠤᠮᠳᠡ ᠭᠡᠯᠪᠡᠷᠢ ᠶᠢᠨ ᠢᠳᠡᠭᠡᠨ ᠤ ᠵᠦᠢᠯ ᠢ ᠪᠤᠯᠪᠠᠰᠤᠷᠠᠭᠤᠯᠬᠤ᠂ ᠠᠷᠡᠯᠵᠢᠶ᠎ᠠ ᠬᠤᠳᠠᠯᠳᠤᠭ᠎ᠠ ᠶᠢᠨ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠪᠣᠬᠢᠷᠳᠦᠯ ᠦᠭᠡᠢ ᠪᠦᠳᠦᠭᠡᠭᠳᠡᠬᠦᠨ ᠢ ᠨᠡᠭᠡᠭᠡᠨ ᠬᠦᠭᠵᠢᠬᠦᠯᠬᠦ ᠪᠠ ᠡᠵᠡᠩᠨᠡᠬᠦ ᠳᠤ ᠣᠷᠣᠯᠴᠠᠭᠤᠯᠵᠦ᠂ ᠬᠦᠳᠥᠴᠢ ᠠᠵᠦ ᠠᠬᠤᠶᠢᠯᠠᠯ ᠤᠨ ᠵᠢᠱᠢᠶ᠎ᠡ ᠦᠵᠡᠬᠦᠯᠥᠨ ᠬᠦᠳᠦᠯᠥᠨ ᠳᠠᠭᠠᠭᠤᠯᠬᠤ ᠦᠢᠯᠡᠳᠣᠯ ᠢ ᠪᠠᠳᠡᠷᠡᠭᠤᠯᠥᠨ᠂ ᠦᠪᠡᠷᠳᠡᠬᠡᠨ ᠵᠠᠰᠠᠬᠤ ᠣᠷᠣᠨ ᠤ ᠳᠡᠪᠡᠭᠤᠯᠢᠭ ᠠᠵᠦ ᠠᠬᠤᠶᠢᠯᠠᠯ ᠤᠨ ᠪᠣᠬᠢᠷᠳᠦᠯ ᠦᠭᠡᠢ ᠪᠦᠳᠦᠭᠡᠭᠳᠡᠬᠦᠨ ᠤ ᠪᠠᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠢ ᠢᠳᠡᠪᠬᠢᠳᠡᠢ ᠪᠠᠷ ᠭᠡᠷᠡᠭᠯᠡᠬᠦ ᠪᠠ ᠮᠡᠳᠡᠭᠡ ᠵᠠᠩᠬᠢ ᠴᠣᠠᠠᠯᠠᠭᠤᠯᠬᠤ ᠶᠢ ᠬᠦᠳᠦᠯᠥᠨ ᠵᠢᠯᠥᠭᠤᠳᠴᠥ ᠪᠠᠶᠢᠭᠠᠳ᠂ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠬᠤᠪᠢ ᠶᠢᠨ ᠲᠤᠭ᠎ᠠ᠂ ᠶᠠᠰᠣ ᠴᠢᠨᠡᠷ ᠪᠠ ᠦᠷ᠎ᠠ ᠠᠰᠢᠭ ᠢ ᠳᠠᠰᠣᠷᠡᠯᠳᠡ ᠦᠭᠡᠢ ᠳᠡᠭᠡᠭᠰᠢᠯᠡᠬᠦᠯᠥᠨ᠎ᠠ᠃        ︵ᠲᠠᠪᠤ︶ ᠪᠣᠬᠢᠷᠳᠦᠯ ᠦᠭᠡᠢ ᠪᠦᠳᠦᠭᠡᠭᠳᠡᠬᠦᠨ ᠤ ᠨᠡᠷᠡᠳᠣ ᠳᠥᠷᠦᠯ ᠳᠡᠮᠳᠡᠭᠳᠦ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ᠪᠣᠬᠢᠷᠳᠦᠯ ᠦᠭᠡᠢ ᠨᠡᠷᠡᠳᠣ ᠪᠦᠳᠦᠭᠡᠭᠳᠡᠬᠦᠨ ᠤ ᠬᠦᠭᠵᠢᠯᠳᠡ ᠶᠢᠨ ᠪᠠᠶᠢᠯᠳᠣᠬᠤ ᠪᠤᠳᠣᠯᠭ᠎ᠠ ᠶᠢ ᠶᠡᠭᠡᠪᠡᠷ ᠭᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ ᠴᠠᠭᠠᠨ ᠢᠳᠡᠭᠡᠨ ᠮᠢᠬ᠎ᠠ᠂ ᠢᠮᠠᠭᠠᠨ ᠨᠤᠯᠤᠤᠷ ᠤᠨ ᠦᠢᠯᠡᠳᠬᠦᠨ᠂ ᠮᠣᠩᠭᠤᠯ ᠡᠮ ᠡᠮᠨᠡᠯᠬᠡ ᠵᠡᠷᠭᠡ ᠳᠡᠪᠡᠭᠤᠯᠢᠭ ᠣᠨᠴᠠᠯᠢᠠᠠᠳᠦ ᠠᠵᠦ ᠦᠢᠯᠡᠰ ᠢ ᠲᠦᠢᠯ ᠤᠨ ᠣᠨᠣᠪᠴᠢᠳᠡᠢ ᠪᠠᠷ ᠬᠦᠭᠵᠢᠬᠦᠯᠬᠦ ᠶᠢᠨ ᠲᠣᠭᠤᠷᠢᠨ ᠳᠤ ᠪᠣᠬᠢᠷᠳᠦᠯ ᠦᠭᠡᠢ ᠪᠦᠳᠦᠭᠡᠭᠳᠡᠬᠦᠨ ᠤ ᠨᠡᠷᠡᠳᠣ ᠳᠥᠷᠦᠯ ᠳᠡᠮᠳᠡᠭᠳᠦ ᠶᠢ ᠪᠤᠶᠢᠵᠢᠭᠤᠯᠬᠤ ᠪᠠ ᠠᠵᠦ ᠦᠢᠯᠡᠰ ᠤᠨ ᠪᠦᠬᠡᠮᠨᠡᠷᠡᠯ ᠨᠡᠷᠡᠳᠣ ᠳᠥᠷᠦᠯ ᠳᠡᠮᠳᠡᠭᠳᠦ ᠶᠢᠨ ᠲᠣᠷᠰᠢᠯᠳᠡ ᠶᠢᠨ ᠴᠡᠭ ᠢ ᠦᠷᠨᠢᠬᠦᠯᠵᠦ᠂ ᠬᠠᠮᠢᠶ᠎ᠠ ᠪᠦᠬᠦᠢ ᠠᠵᠢᠯ ᠳᠥᠷᠦᠯ ᠤᠨ ᠨᠡᠶᠢᠭᠡᠮᠯᠢᠭ ᠤᠨ ᠦᠢᠯᠡᠳᠣᠯ ᠢ ᠪᠠᠳᠡᠷᠡᠭᠤᠯᠥᠨ᠂ ᠪᠣᠬᠢᠷᠳᠦᠯ ᠦᠭᠡᠢ ᠪᠦᠳᠦᠭᠡᠭᠳᠡᠬᠦᠨ ᠤ ᠶᠡᠷᠢᠶᠡᠨ ᠤ ᠳᠡᠪᠴᠡᠩ ᠢ ᠡᠷᠬᠢᠯᠡᠵᠦ᠂ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠠᠵᠦ ᠠᠬᠤᠶᠢᠯᠠᠯ ᠤᠨ ᠪᠡᠷᠢᠮᠵᠢᠶ᠎ᠠ ᠶᠢᠨ ᠳᠠᠭᠠᠭᠤᠯᠥᠠᠠᠴᠢ ᠶᠢᠨ ᠳᠥᠷᠢᠮ ᠵᠡᠷᠭᠡ ᠶᠢ ᠭᠡᠷᠡᠭᠵᠢᠬᠦᠯᠥᠨ᠎ᠡ᠃ ᠪᠣᠬᠢᠷᠳᠦᠯ ᠦᠭᠡᠢ ᠨᠡᠷᠡᠳᠣ ᠳᠥᠷᠦᠯ ᠳᠡᠮᠳᠡᠭᠳᠦ ᠶᠢᠨ ᠣᠬᠠᠭᠤᠯᠬᠤ ᠡᠷᠴᠢᠮ ᠢ ᠴᠢᠩᠭᠠᠷᠡᠭᠤᠯᠥᠨ᠂ ᠢᠨᠲ᠋ᠧᠷ ᠰᠦᠯᠵᠢᠶ᠎ᠠ᠂ ᠪᠤᠳᠡᠰᠯᠢᠬ ᠰᠦᠯᠵᠢᠶ᠎ᠠ᠂ ᠲᠤᠮᠥ ᠳ᠋ᠠᠶᠢᠲ᠋ᠠ᠂ ᠡᠬᠦᠯᠡᠨ ᠪᠤᠳᠣᠯᠳᠡ ᠬᠢᠭᠡᠳ ᠣᠶᠣᠨᠴᠢ ᠭᠠᠷ ᠣᠳᠠᠰᠣ ᠵᠡᠷᠭᠡ ᠰᠢᠨ᠎ᠡ ᠭᠡᠯᠪᠡᠷᠢ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠦᠷ᠎ᠠ ᠪᠦᠳᠦᠭᠡᠯ ᠢ ᠬᠦᠢᠴᠡᠳ ᠠᠰᠢᠠᠠᠯᠠᠵᠦ᠂ ᠲᠣᠰ ᠭᠠᠵᠡᠷ ᠣᠷᠣᠨ ᠤ ᠪᠣᠬᠢᠷᠳᠦᠯ ᠦᠭᠡᠢ ᠦᠢᠯᠡᠳᠣᠭ᠍ᠰᠡᠡ ᠨᠡᠷᠡᠳᠣ ᠳᠥᠷᠦᠯ ᠳᠡᠮᠳᠡᠭᠳᠦ ᠶᠢᠨ ᠠᠯᠳᠡᠷᠰᠢᠯ ᠢ ᠳᠥᠪᠯᠡᠷᠡᠬᠦᠯᠥᠨ ᠣᠬᠠᠭᠤᠯᠥᠨ ᠦᠷᠭᠡᠳᠭᠡᠵᠦ᠂ ᠦᠪᠤᠷ ᠮᠣᠩᠭᠤᠯ ᠤᠨ ᠪᠣᠬᠢᠷᠳᠦᠯ ᠦᠭᠡᠢ ᠪᠦᠳᠦᠭᠡᠭᠳᠡᠬᠦᠨ ᠤ ᠨᠦᠯᠥᠭᠡᠯᠡᠬᠦ ᠦᠢᠯᠡᠳᠣᠯ ᠪᠠ ᠨᠡᠷ᠎ᠡ ᠠᠯᠳᠡᠷ ᠢ ᠳᠠᠰᠣᠷᠡᠯᠳᠡ ᠦᠭᠡᠢ ᠳᠡᠭᠡᠭᠰᠢᠯᠡᠬᠦᠯᠥᠨ᠎ᠠ᠃ ᠪᠣᠬᠢᠷᠳᠦᠯ ᠦᠭᠡᠢ ᠪᠦᠳᠦᠭᠡᠭᠳᠡᠬᠦᠨ ᠤ ᠰᠢᠰᠲ᠋ᠧᠮᠵᠢ ᠶᠢᠨ ᠬᠤᠯᠪᠤᠠᠠᠳᠡᠯ ᠪᠦᠬᠦᠢ ᠠᠭᠤᠯᠭ᠎ᠠ ᠶᠢ ᠣᠨ ᠤ ᠶᠠᠰᠣ ᠴᠢᠨᠡᠷ ᠤᠨ ᠰᠢᠯᠭᠠᠨ ᠬᠢᠨᠠᠬᠤ᠂ ᠪᠡᠷᠢᠮᠵᠢᠶᠠᠵᠢᠭᠤᠯᠥᠨ ᠰᠢᠯᠭᠠᠨ ᠬᠢᠨᠠᠬᠤ᠂ ᠳᠡᠷᠢᠬᠦᠯᠡᠭᠴᠢ ᠶᠢᠨ ᠶᠠᠰᠣ ᠴᠢᠨᠡᠷ ᠤᠨ ᠱᠠᠩᠨᠠᠯ᠂ ᠦᠪᠤᠷ ᠮᠣᠩᠭᠤᠯ ᠤᠨ ᠨᠡᠷᠡᠳᠣ ᠪᠦᠳᠦᠭᠡᠭᠳᠡᠬᠦᠨ ᠤ ᠰᠢᠯᠭᠠᠷᠠᠭᠤᠯᠥᠯᠳᠡ ᠶᠢᠨ ᠭᠤᠤᠯ ᠬᠦᠢᠴᠡᠳᠭᠡᠯ ᠲᠤᠭ᠎ᠠ ᠪᠤᠯᠭᠠᠵᠦ᠂ ᠪᠣᠬᠢᠷᠳᠦᠯ ᠦᠭᠡᠢ ᠪᠦᠳᠦᠭᠡᠭᠳᠡᠬᠦᠨ ᠢ ᠰᠣᠳᠣᠯᠥᠨ ᠨᠡᠭᠡᠭᠡᠬᠦ ᠪᠠ ᠭᠡᠷᠡᠭᠯᠡᠬᠦ ᠶᠢ ᠦᠪᠤᠷ ᠮᠣᠩᠭᠤᠯ ᠤᠨ ᠨᠡᠷᠡᠳᠣ ᠪᠦᠳᠦᠭᠡᠭᠳᠡᠬᠦᠨ ᠤ ᠰᠢᠯᠭᠠᠷᠠᠭᠤᠯᠥᠯᠳᠡ ᠶᠢᠨ ᠴᠢᠬᠤᠯᠡ ᠠᠭᠤᠯᠭ᠎ᠠ ᠪᠤᠯᠭᠠᠵᠦ᠂ ᠪᠤᠯᠵᠤᠯᠳᠦ ᠲᠤᠭ᠎ᠠ ᠶᠢᠨ ᠬᠤᠪᠢ ᠶᠢᠨ ᠵᠢᠩ ᠢ ᠨᠡᠮᠡᠭᠳᠡᠬᠦᠯᠥᠨ᠎ᠡ᠃        ᠭᠤᠷᠪᠡ᠂ ᠠᠬᠢᠴᠠ ᠪᠠ ᠲᠣᠬᠢᠷᠡᠭᠤᠯᠥᠯᠳᠡ        ︵ᠨᠢᠭᠡ︶ ᠦᠨᠡᠨ ᠪᠠᠶᠢᠳᠡᠯ ᠢ ᠲᠣᠳᠣᠷᠬᠠᠢ ᠣᠶᠢᠯᠠᠭᠠᠵᠦ᠂ ᠨᠢᠭᠡᠳᠦᠯᠳᠡᠢ ᠳᠥᠯᠥᠪᠯᠡᠨ ᠵᠣᠬᠢᠴᠠᠭᠤᠯᠬᠤ ᠲᠣᠠᠠᠳᠡᠴᠠ ᠶᠢ ᠪᠠᠶᠢᠭᠤᠯᠥᠨ᠂ ᠦᠪᠤᠷ ᠮᠣᠩᠭᠤᠯ ᠤᠨ ᠪᠣᠬᠢᠷᠳᠦᠯ ᠦᠭᠡᠢ ᠪᠦᠳᠦᠭᠡᠭᠳᠡᠬᠦᠨ ᠤ ᠬᠦᠭᠵᠢᠯᠳᠡ ᠶᠢᠨ ᠳᠥᠯᠥᠪᠵᠢᠬᠦᠯᠬᠡ ᠶᠢ ᠲᠣᠳᠣᠷᠬᠠᠶᠢᠯᠠᠨ᠎ᠠ ︵2018 ᠣᠨ ᠤ 6 ᠳ᠋ᠣᠭᠠᠷ ᠰᠡᠷ᠎ᠠ ᠠᠴᠠ ᠡᠮᠣᠨ᠎ᠠ︶᠃ ᠦᠪᠡᠷᠳᠡᠭᠡᠨ ᠵᠠᠰᠠᠬᠤ ᠣᠷᠣᠨ ᠤ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠰᠢᠨᠵᠢᠯᠡᠬᠦ ᠣᠬᠠᠭᠠᠨ ᠮᠡᠷᠭᠡᠵᠢᠯ ᠤᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠪᠣᠬᠢᠷᠳᠦᠯ ᠦᠭᠡᠢ ᠪᠦᠳᠦᠭᠡᠭᠳᠡᠬᠦᠨ ᠤ ᠨᠢᠭᠡᠳᠦᠯᠳᠡᠢ ᠭᠡᠷᠡᠴᠢᠯᠡᠯ ᠤᠨ ᠠᠵᠢᠯ ᠤᠨ ᠵᠤᠬᠢᠴᠠᠭᠤᠯᠵᠦ ᠬᠠᠮᠳᠣᠷᠡᠨ ᠬᠦᠳᠡᠯᠥᠯᠴᠡᠬᠦ ᠲᠣᠠᠠᠳᠡᠴᠠ ᠶᠢ ᠪᠠᠶᠢᠭᠤᠯᠥᠨ᠎ᠠ᠃ ᠦᠪᠡᠷᠳᠡᠭᠡᠨ ᠵᠠᠰᠠᠬᠤ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠣᠳᠣᠬᠢ ᠪᠠᠶᠢᠳᠡᠯ ᠪᠠ ᠭᠠᠵᠡᠷ ᠣᠷᠣᠨ ᠤ ᠣᠨᠴᠠᠯᠢᠭ ᠢ ᠦᠨᠳᠣᠰᠣᠯᠡᠨ᠂ ᠣᠳᠣ ᠶᠢᠨ ᠪᠠᠶᠢᠭ᠎ᠠ ᠣᠷᠴᠢᠨ ᠲᠣᠭᠤᠷᠢᠨ ᠤ ᠬᠠᠮᠠᠭᠠᠯᠠᠯᠳᠡ᠂ ᠡᠨᠧᠷᠬᠢ ᠠᠷᠪᠢᠯᠠᠬᠤ᠂ ᠣᠰᠥ ᠠᠷᠪᠢᠯᠠᠬᠤ᠂ ᠡᠷᠬᠢᠯᠳᠡᠳᠦ᠂ ᠳᠤᠤᠷ᠎ᠠ ᠨᠡᠬᠦᠷᠡᠰᠦᠳᠦ᠋ᠷᠦᠭᠴᠢᠳᠤ᠂ ᠲᠠᠬᠢᠨ ᠦᠢᠯᠡᠳᠪᠦᠷᠢᠯᠡᠬᠦ᠂ ᠣᠷᠭᠠᠨᠢᠭ ᠵᠡᠷᠭᠡ ᠬᠠᠮᠢᠶ᠎ᠠ ᠪᠦᠬᠦᠢ ᠨᠡᠶᠢᠭᠡᠮᠯᠢᠭ᠂ ᠠᠵᠦ ᠠᠬᠤᠶᠢᠯᠠᠯ ᠳᠤ ᠲᠣᠬᠠᠢ ᠶᠢᠨ ᠭᠠᠵᠡᠷ ᠲᠤᠨᠢ ᠪᠠᠶᠢᠴᠠᠭᠠᠨ ᠰᠣᠳᠣᠯᠥᠯᠳᠡ ᠬᠢᠵᠦ᠂ ᠣᠳᠣ ᠶᠢᠨ ᠪᠠᠶᠢᠭ᠎ᠠ ᠭᠡᠷᠡᠴᠢᠯᠡᠯ ᠤᠨ ᠪᠦᠳᠦᠭᠡᠭᠳᠡᠬᠦᠨ ᠤ ᠬᠦᠭᠵᠢᠯᠳᠡ ᠲᠣᠮᠳᠡ ᠣᠷᠣᠰᠢᠵᠦ ᠪᠦᠬᠦᠢ ᠭᠤᠤᠯ ᠵᠦᠷᠢᠴᠡᠯ ᠪᠠ ᠠᠵᠦ ᠠᠬᠤᠶᠢᠯᠠᠯ ᠤᠨ ᠳᠥᠷᠢᠮ ᠤᠨ ᠴᠢᠨᠡᠷᠳᠡᠢ ᠠᠷᠡᠯᠵᠢᠶ᠎ᠠ ᠶᠢᠨ ᠦᠪᠡᠷ ᠤᠨ ᠦᠷᠲᠡᠭ ᠤᠨ ᠨᠦᠯᠥᠬᠡᠯᠡᠯ ᠢ ᠲᠣᠠᠠᠳᠠᠭᠠᠵᠦ᠂ ᠣᠳᠣ ᠶᠢᠨ ᠪᠠᠶᠢᠭ᠎ᠠ ᠭᠡᠷᠡᠴᠢᠯᠡᠯ ᠤᠨ ᠪᠦᠳᠦᠭᠡᠭᠳᠡᠬᠦᠨ ᠢ ᠪᠣᠬᠢᠷᠳᠦᠯ ᠦᠭᠡᠢ ᠪᠦᠳᠦᠭᠡᠭᠳᠡᠬᠦᠨ ᠤ ᠠᠵᠢᠯ ᠤᠨ ᠦᠭᠡᠷᠡᠴᠢᠯᠡᠯᠳᠡ ᠶᠢᠨ ᠠᠭᠤᠯᠭ᠎ᠠ ᠳᠤ ᠡᠮᠬᠢᠯᠡᠨ ᠨᠡᠶᠢᠯᠡᠬᠦᠯᠵᠦ᠂ ᠦᠪᠡᠷᠳᠡᠭᠡᠨ ᠵᠠᠰᠠᠬᠤ ᠣᠷᠣᠨ ᠤ ᠪᠣᠬᠢᠷᠳᠦᠯ ᠦᠭᠡᠢ ᠠᠵᠦ ᠦᠢᠯᠡᠰ ᠤᠨ ᠬᠦᠭᠵᠢᠯᠳᠡ ᠶᠢᠨ ᠣᠳᠣᠬᠢ ᠪᠠᠶᠢᠳᠡᠯ ᠤᠨ ᠬᠦᠭᠵᠢᠯᠳᠡ ᠶᠢᠨ ᠳᠥᠯᠥᠪᠵᠢᠬᠦᠯᠬᠡ ᠪᠠ ᠣᠨ ᠤ ᠡᠬᠦᠷᠭᠡ ᠶᠢᠨ ᠳᠥᠯᠥᠪᠯᠡᠭᠡ ᠶᠢ ᠰᠣᠳᠣᠯᠥᠨ ᠨᠣᠣᠷᠬᠠᠯᠠᠨ᠎ᠠ᠃        ︵ᠬᠤᠶᠡᠷ︶ ᠳᠡᠷᠢᠶᠡᠯᠡᠩ᠂ ᠲᠣᠨᠤᠭ ᠳᠥᠬᠦᠭᠡᠷᠦᠮᠵᠢ ᠦᠢᠯᠡᠳᠬᠦ ᠬᠦᠷᠢᠶ᠎ᠠ ᠴᠡᠷᠠᠭ᠎ᠠ ᠳᠤ ᠣᠷᠢᠳᠡᠪᠡᠷ ᠭᠡᠷᠡᠭᠵᠢᠬᠦᠯᠥᠨ ᠣᠷᠢᠳᠡᠪᠡᠷ ᠲᠣᠷᠰᠢᠵᠦ᠂ ᠪᠤᠬᠢᠷᠳᠦᠯ ᠦᠭᠡᠢ ᠶᠢᠨ ᠪᠡᠷᠢᠮᠵᠢᠶ᠎ᠠ ᠶᠢ ᠤᠬᠠᠭᠤᠯᠤᠨ ᠭᠡᠷᠡᠭᠵᠢᠬᠦᠯᠵᠦ᠂ ᠪᠣᠬᠢᠷᠳᠥᠯ ᠦᠭᠡᠢ ᠪᠦᠳᠦᠭᠡᠭᠳᠡᠬᠦᠨ ᠤ ᠪᠠᠶᠢᠴᠠᠭᠠᠨ ᠰᠢᠯᠭᠠᠬᠤ ᠪᠠᠶᠢᠭᠤᠯᠥᠮᠵᠢ ᠶᠢ ᠣᠷᠣᠭᠤᠯᠥᠨ ᠠᠪᠴᠢᠷᠡᠬᠤ ᠪᠠ ᠪᠤᠶᠢᠵᠢᠭᠤᠯᠵᠦ ᠪᠠᠶᠢᠭᠠᠳ᠂ ᠨᠢᠭᠡ ᠪᠦᠯᠥᠭ ᠪᠣᠬᠢᠷᠳᠥᠯ ᠦᠭᠡᠢ ᠪᠦᠳᠦᠭᠡᠭᠳᠡᠬᠦᠨ ᠢ ᠳᠡᠨᠢᠯᠴᠠᠭᠤᠯᠥᠨ᠎ᠠ ︵2018 ᠣᠨ ᠤ 6 ᠳ᠋ᠣᠭᠠᠷ ᠰᠡᠷ᠎ᠠ ᠠᠴᠠ 2019 ᠣᠨ ᠤ 6 ᠳ᠋ᠣᠭᠠᠷ ᠰᠡᠷ᠎ᠠ ᠶᠢᠨ ᠰᠡᠬᠦᠯᠴᠢ ᠪᠤᠯᠳᠡᠯ᠎ᠠ︶᠃ ᠣᠯᠥᠰ ᠤᠨ ᠨᠢᠭᠡᠳᠦᠯᠳᠡᠢ ᠭᠡᠷᠡᠴᠢᠯᠡᠯ ᠤᠨ ᠭᠡᠷᠡᠭᠵᠢᠬᠦᠯᠬᠦ ᠳᠥᠷᠢᠮ ᠪᠠ ᠭᠡᠷᠡᠴᠢᠯᠡᠯ ᠤᠨ ᠢᠯᠭᠠᠬᠤ ᠳᠡᠮᠳᠡᠭ ᠤᠨ ᠭᠡᠷᠡᠭᠯᠡᠵᠦ ᠬᠠᠮᠢᠶᠡᠷᠬᠤ ᠠᠷᠭ᠎ᠠ ᠶᠢᠨ ᠱᠠᠭᠠᠷᠳᠡᠯᠭ᠎ᠠ ᠶᠣᠰᠣᠭᠠᠷ᠂ ᠦᠪᠡᠷᠳᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠳᠡ ᠶᠢᠨ ᠠᠵᠢᠯ ᠳᠥᠷᠦᠯ᠂ ᠦᠢᠯᠡᠳᠬᠦ ᠦᠢᠯᠡᠰ ᠤᠨ ᠭᠤᠤᠯᠳᠡᠯᠭ᠎ᠠ ᠲᠠᠢ ᠬᠦᠷᠢᠶ᠎ᠡ ᠴᠡᠷᠠᠭ᠎ᠠ ᠳᠤ ᠲᠣᠷᠰᠢᠯᠳᠡ ᠦᠷᠨᠢᠬᠦᠯᠵᠦ ᠪᠣᠬᠢᠷᠳᠥᠯ ᠦᠭᠡᠢ ᠪᠦᠳᠦᠭᠡᠭᠳᠡᠬᠦᠨ ᠤ ᠭᠡᠷᠡᠴᠢᠯᠡᠯ ᠤᠨ ᠳᠥᠷᠢᠮ ᠢ ᠭᠡᠷᠡᠭᠵᠢᠬᠦᠯᠥᠨ᠎ᠡ᠃ ᠳᠡᠷᠢᠶᠡᠯᠡᠩ᠂ ᠲᠣᠨᠤᠭ ᠳᠥᠬᠦᠭᠡᠷᠦᠮᠵᠢ ᠦᠢᠯᠡᠳᠬᠦ ᠦᠢᠯᠡᠰ ᠤᠨ ᠳᠡᠷᠢᠬᠦᠨ ᠤ ᠮᠡᠷᠭᠡᠵᠢᠯ ᠤᠨ ᠬᠦᠷᠢᠶ᠎ᠠ ᠴᠡᠷᠠᠭ᠎ᠠ ᠳᠤ ᠨᠢᠭᠡ ᠪᠦᠯᠥᠭ ᠪᠡᠶ᠎ᠡ ᠪᠠᠨ ᠳᠠᠭᠠᠭᠠᠠᠠᠰᠠᠨ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ ᠡᠷᠬᠡ ᠲᠠᠢ᠂ ᠣᠯᠥᠰ ᠤᠨ ᠲᠤᠳᠣᠭᠠᠳᠣ ᠳᠤ ᠳᠦᠷᠦᠬᠦᠯᠡᠵᠦ ᠪᠦᠬᠦᠢ ᠪᠣᠬᠢᠷᠳᠦᠯ ᠦᠭᠡᠢ ᠪᠦᠯᠬᠦᠮ ᠨᠡᠶᠢᠲᠡ ᠶᠢᠨ ᠪᠡᠷᠢᠮᠵᠢᠶ᠎ᠠ ᠶᠢ ᠪᠤᠶᠢᠵᠢᠭᠤᠯᠥᠨ᠎ᠠ ︔ ᠪᠣᠬᠢᠷᠳᠥᠯ ᠦᠭᠡᠢ ᠪᠦᠳᠦᠭᠡᠭᠳᠡᠬᠦᠨ ᠤ ᠲᠣᠷᠰᠢᠯᠳᠡ ᠶᠢᠨ ᠴᠡᠭ ᠢ ᠣᠬᠠᠭᠤᠯᠥᠨ ᠳᠡᠯᠭᠡᠷᠡᠬᠦᠯᠬᠦ ᠪᠠᠷ ᠳᠡᠮᠵᠢᠭᠤᠯᠥᠨ᠂ ᠪᠣᠬᠢᠷᠳᠥᠯ ᠦᠭᠡᠢ ᠪᠦᠳᠦᠭᠡᠭᠳᠡᠬᠦᠨ ᠤ ᠰᠢᠰᠲ᠋ᠧᠮᠵᠢ ᠶᠢᠨ ᠪᠠᠶᠢᠭᠤᠯᠥᠯᠳᠡ ᠶᠢ ᠠᠬᠢᠭᠤᠯᠵᠦ᠂ ᠦᠪᠤᠷ ᠮᠣᠩᠭᠤᠯ ᠤᠨ ᠠᠵᠦ ᠦᠢᠯᠡᠰ ᠤᠨ ᠣᠯᠥᠰ ᠤᠨ ᠲᠣᠳᠣᠭᠠᠳᠣ ᠪᠠ ᠣᠯᠡᠨ ᠣᠯᠥᠰ ᠤᠨ ᠨᠦᠯᠥᠭᠡᠯᠡᠬᠦ ᠬᠦᠴᠣᠨ ᠢ ᠳᠡᠭᠡᠭᠰᠢᠯᠡᠬᠦᠯᠬᠦ ᠶᠢᠨ ᠬᠠᠮᠳᠣ᠂ ᠪᠦᠬᠦ ᠣᠯᠥᠰ ᠲᠤ ᠪᠣᠬᠢᠷᠳᠥᠯ ᠦᠭᠡᠢ ᠪᠦᠳᠦᠭᠡᠭᠳᠡᠬᠦᠨ ᠤ ᠭᠡᠷᠡᠴᠢᠯᠡᠯ ᠤᠨ ᠳᠥᠷᠢᠮ ᠢ ᠰᠦᠪᠡᠭᠴᠢᠯᠡᠨ ᠪᠠᠶᠢᠭᠤᠯᠬᠤ ᠳᠤ ᠦᠢᠯᠡᠳᠣᠯᠭᠡ ᠶᠢᠨ ᠳᠡᠮᠵᠢᠯᠬᠡ ᠬᠠᠩᠭᠠᠨ᠎ᠠ᠃        ︵ᠭᠤᠷᠪᠡ︶ ᠪᠣᠬᠢᠷᠳᠥᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ ᠪᠦᠬᠦ ᠳᠡᠯ᠎ᠠ ᠪᠠᠷ ᠭᠡᠷᠡᠭᠵᠢᠬᠦᠯᠵᠦ᠂ ᠪᠣᠬᠢᠷᠳᠥᠯ ᠦᠭᠡᠢ ᠪᠦᠳᠦᠭᠡᠭᠳᠡᠬᠦᠨ ᠤ ᠬᠠᠩᠭᠠᠯᠠᠭ᠎ᠠ ᠶᠢᠨ ᠴᠢᠳᠡᠪᠦᠷᠢ ᠶᠢ ᠪᠦᠳᠦᠮᠵᠢᠳᠡᠢ ᠪᠠᠷ ᠳᠡᠭᠡᠭᠰᠢᠯᠡᠬᠦᠯᠥᠨ᠎ᠠ ︵2019 ᠣᠨ ᠤ 7 ᠳ᠋ᠣᠭᠠᠷ ᠰᠡᠷ᠎ᠠ ᠠᠴᠠ 2020 ᠣᠨ ᠤ ᠡᠬᠢ ᠪᠤᠯᠳᠡᠯ᠎ᠠ︶᠃ ︽ᠠᠵᠦ ᠠᠬᠤᠶᠢᠯᠠᠯ ᠢᠶᠠᠷ ᠭᠤᠤᠯ ᠴᠣᠠᠠᠴᠠ ᠪᠤᠯᠭᠠᠬᠤ᠂ ᠵᠠᠬ᠎ᠠ ᠳᠡᠯᠭᠡᠬᠦᠷ ᠢᠶᠠᠷ ᠭᠤᠤᠯᠯᠠᠭᠤᠯᠬᠤ᠂ ᠵᠠᠰᠠᠭ ᠤᠨ ᠣᠷᠳᠣᠨ ᠬᠢᠨᠡᠨ ᠬᠠᠮᠢᠶᠡᠷᠬᠤ︾ ᠱᠠᠭᠠᠷᠳᠡᠯᠭ᠎ᠠ ᠶᠣᠰᠣᠭᠠᠷ᠂ ᠠᠵᠦ ᠠᠬᠤᠢ᠂ ᠵᠠᠰᠠᠭ ᠵᠠᠬᠢᠷᠭᠠᠨ ᠵᠡᠷᠭᠡ ᠶᠢᠨ ᠠᠷᠭ᠎ᠠ ᠪᠠᠷᠢᠯ ᠢ ᠶᠡᠷᠦᠩᠬᠡᠶᠢᠯᠡᠨ ᠭᠡᠷᠡᠭᠯᠡᠵᠤ᠂ ᠦᠪᠡᠷᠳᠡᠭᠡᠨ ᠵᠠᠰᠠᠬᠤ ᠣᠷᠣᠨ ᠤ ᠣᠳᠣ ᠶᠢᠨ ᠪᠠᠶᠢᠭ᠎ᠠ ᠣᠷᠴᠢᠨ ᠲᠤᠭᠤᠷᠢᠨ ᠤ ᠬᠠᠮᠠᠭᠠᠯᠠᠯᠳᠡ᠂ ᠡᠨᠧᠷᠬᠢ ᠠᠷᠪᠢᠯᠠᠬᠤ᠂ ᠣᠰᠥ ᠠᠷᠪᠢᠯᠠᠬᠤ᠂ ᠡᠷᠬᠢᠯᠳᠡᠳᠦ᠂ ᠳᠤᠤᠷ᠎ᠠ ᠨᠡᠬᠦᠷᠡᠰᠦᠳᠦ᠋ᠷᠦᠭᠴᠢᠲᠦ᠂ ᠳᠠᠬᠢᠨ ᠦᠢᠯᠡᠳᠪᠦᠷᠢᠯᠡᠬᠦ᠂ ᠣᠷᠭᠠᠨᠢᠭ ᠵᠡᠷᠭᠡ ᠪᠦᠳᠦᠭᠡᠭᠳᠡᠬᠦᠨ ᠢ ᠪᠦᠷ ᠪᠣᠬᠢᠷᠳᠦᠯ ᠦᠭᠡᠢ ᠪᠦᠳᠦᠭᠡᠭᠳᠡᠬᠦᠨ ᠪᠤᠯᠭᠠᠨ ᠡᠮᠬᠢᠯᠡᠨ ᠨᠡᠶᠢᠯᠡᠬᠦᠯᠵᠦ᠂ ᠪᠣᠬᠢᠷᠳᠥᠯ ᠦᠭᠡᠢ ᠪᠦᠳᠦᠭᠡᠭᠳᠡᠬᠦᠨ ᠤ ᠦᠨᠡᠯᠡᠬᠦ ᠬᠦᠷᠢᠶ᠎ᠠ ᠭᠡᠪᠴᠢᠶ᠎ᠠ ᠶᠢ ᠠᠮᠢ ᠠᠬᠤᠢ ᠶᠢᠨ ᠣᠷᠴᠢᠨ ᠲᠣᠭᠤᠷᠢᠨ ᠤ ᠨᠦᠯᠥᠭᠡᠯᠡᠯ ᠢᠶᠠᠷ ᠶᠡᠭᠡ᠂ ᠭᠡᠷᠡᠭᠯᠡᠭᠡᠨ ᠤ ᠬᠦᠷᠢᠶ᠎ᠡ ᠴᠡᠷᠠᠭ᠎ᠠ ᠶᠢᠨ ᠠᠩᠬᠠᠷᠣᠮᠵᠢ ᠪᠠᠷ ᠦᠨᠳᠣᠷ᠂ ᠠᠷᠡᠯᠵᠢᠶ᠎ᠠ ᠶᠢᠨ ᠲᠤᠭ᠎ᠠ ᠭᠡᠮᠵᠢᠶ᠎ᠠ ᠪᠠᠷ ᠠᠷᠪᠢᠨ ᠭᠤᠤᠯᠳᠡᠯᠭ᠎ᠠ ᠲᠠᠢ ᠪᠦᠳᠦᠭᠡᠭᠳᠡᠬᠦᠨ ᠤ ᠬᠦᠷᠢᠶ᠎ᠡ ᠴᠡᠷᠠᠭ᠎ᠠ ᠵᠢᠴᠢ ᠳᠥᠷᠥᠯ ᠢᠯᠭᠠᠯ ᠢ ᠦᠨᠳᠣᠰᠣᠡ ᠳᠡᠭᠡᠨ ᠬᠠᠮᠣᠷᠴᠥ᠂ ᠦᠪᠡᠷᠳᠡᠭᠡᠨ ᠵᠠᠰᠠᠬᠤ ᠣᠷᠣᠨ ᠤ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠮᠡᠳᠡᠷᠡᠬᠦ ᠭᠡᠮᠵᠢᠶ᠎ᠠ ᠪᠠ ᠨᠦᠯᠥᠭᠡᠯᠡᠬᠦ ᠬᠦᠴᠣᠨ ᠢ ᠳᠠᠰᠣᠷᠡᠯᠳᠡ ᠦᠭᠡᠢ ᠦᠷᠭᠡᠳᠭᠡᠨ᠂ ᠪᠣᠬᠢᠷᠳᠦᠯ ᠦᠭᠡᠢ ᠪᠦᠳᠦᠭᠡᠭᠳᠡᠬᠦᠨ ᠤ ᠵᠠᠬ᠎ᠠ ᠳᠡᠯᠭᠡᠬᠦᠷ ᠤᠨ ᠬᠤᠪᠢ ᠶᠢᠨ ᠲᠤᠭ᠎ᠠ ᠪᠠ ᠪᠦᠳᠦᠭᠡᠭᠳᠡᠬᠦᠨ ᠤ ᠶᠠᠰᠣ ᠴᠢᠨᠡᠷ ᠢ ᠶᠡᠭᠡ ᠭᠡᠮᠵᠢᠶ᠎ᠠ ᠪᠠᠷ ᠳᠡᠭᠡᠭᠰᠢᠯᠡᠬᠦᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠬᠠᠩᠭᠠᠯᠭ᠎ᠠ ᠪᠠ ᠭᠡᠷᠡᠭᠴᠡᠭᠡ ᠱᠠᠭᠠᠷᠳᠡᠯᠭ᠎ᠠ ᠶᠢᠨ ᠳᠡᠩᠴᠡᠬᠦᠷᠢ ᠪᠠᠨ ᠠᠯᠳ᠋ᠬᠠᠰᠠᠨ ᠵᠦᠷᠢᠴᠡᠯ ᠢ ᠪᠦᠳᠦᠮᠵᠢᠳᠡᠢ ᠪᠠᠷ ᠰᠢᠢᠳᠪᠦᠷᠢᠯᠡᠨ᠎ᠠ᠃ 2020 ᠣᠨ ᠤ ᠡᠬᠢ ᠪᠤᠯᠳᠡᠯ᠎ᠠ᠂ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ᠂ ᠢᠯᠭᠠᠬᠤ ᠳᠡᠮᠳᠡᠭ ᠤᠨ ᠰᠢᠰᠲ᠋ᠧᠮᠵᠢ ᠶᠢ ᠪᠦᠳᠦᠮᠵᠢᠳᠡᠢ ᠪᠠᠷ ᠭᠡᠷᠡᠭᠵᠢᠬᠦᠯᠥᠨ᠂ ᠪᠦᠷᠢᠨ ᠳᠡᠬᠦᠯᠳᠡᠷ ᠣᠷᠣᠨ ᠨᠣᠳᠤᠭ ᠤᠨ ᠴᠢᠨᠡᠷᠳᠡᠢ ᠲᠦᠬᠦᠷ ᠳᠥᠷᠥ ᠶᠢᠨ ᠪᠤᠳᠣᠯᠭ᠎ᠠ ᠶᠢ ᠪᠠᠶᠢᠭᠤᠯᠵᠦ᠂ ᠣᠯᠥᠰ ᠤᠨ ᠨᠢᠭᠡᠳᠣᠭᠡᠷ ᠳᠥᠷᠦᠯ ᠤᠨ ᠪᠦᠳᠦᠭᠡᠭᠳᠡᠬᠦᠡ᠂ ᠨᠢᠭᠡ ᠪᠡᠷᠢᠮᠵᠢᠶ᠎ᠠ᠂ ᠨᠢᠭᠡ ᠨᠠᠷᠢᠨ ᠬᠠᠭᠤᠳᠠᠰᠣ᠂ ᠨᠢᠭᠡ ᠣᠲᠠᠭ᠎ᠠ ᠶᠢᠨ ᠭᠡᠷᠡᠴᠢᠯᠡᠯ᠂ ᠨᠢᠭᠡ ᠢᠯᠭᠠᠬᠤ ᠳᠡᠮᠳᠡᠭ ᠤᠨ ᠰᠢᠰᠲ᠋ᠧᠮᠵᠢ ᠶᠢ ᠡᠮᠬᠢᠯᠡᠨ ᠨᠡᠶᠢᠯᠡᠬᠦᠯᠬᠦ ᠡᠬᠦᠷᠭᠡ ᠶᠢᠨ ᠬᠠᠷᠡᠯᠳᠡ ᠶᠢ ᠣᠷᠣᠠᠠᠰᠢᠳᠡᠢ ᠪᠠᠶᠠᠯᠠᠬᠦᠯᠥᠨ᠎ᠠ᠃        ᠳᠥᠷᠪᠡ᠂ ᠪᠠᠳᠣᠯᠠᠭ᠎ᠠ ᠶᠢᠨ ᠠᠷᠭ᠎ᠠ ᠭᠡᠮᠵᠢᠶ᠎ᠠ        ︵ᠨᠢᠭᠡ︶ ᠰᠠᠯᠠᠭ᠎ᠠ ᠮᠦᠴᠢᠷ ᠤᠨ ᠬᠠᠮᠳᠣᠷᠡᠨ ᠬᠦᠳᠡᠯᠥᠯᠴᠡᠨ ᠬᠠᠮᠵᠢᠯᠴᠠᠬᠤ ᠶᠢ ᠴᠢᠩᠭᠠᠳᠬᠠᠵᠦ᠂ ᠳᠢᠩᠬᠢᠮ ᠤᠨ ᠬᠤᠭᠤᠷᠣᠨᠳᠦᠬᠢ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ ᠬᠢᠭᠡᠳ ᠢᠯᠭᠠᠬᠤ ᠳᠡᠮᠳᠡᠭ ᠤᠨ ᠵᠤᠬᠢᠴᠠᠭᠤᠯᠬᠤ ᠲᠣᠠᠠᠳᠡᠴᠠ ᠶᠢ ᠪᠠᠶᠢᠭᠤᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠭᠡᠷᠡᠴᠢᠯᠡᠯ ᠬᠢᠭᠡᠳ ᠢᠯᠭᠠᠬᠤ ᠳᠡᠮᠳᠡᠭ ᠤᠨ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠨᠢᠭᠡᠳᠦᠯᠳᠡᠢ ᠳᠥᠯᠥᠪᠯᠡᠨ ᠵᠣᠬᠢᠴᠠᠭᠤᠯᠵᠦ ᠨᠡᠶᠢᠳᠡᠪᠦᠷᠢᠵᠢᠭᠤᠯᠥᠨ᠎ᠠ᠃        ︵ᠬᠤᠶᠡᠷ︶ ᠪᠣᠬᠢᠷᠳᠦᠯ ᠦᠭᠡᠢ ᠪᠦᠳᠦᠭᠡᠭᠳᠡᠬᠦᠨ ᠤ ᠰᠢᠰᠲ᠋ᠧᠮᠵᠢ ᠶᠢᠨ ᠲᠦᠬᠦᠷ ᠳᠥᠷᠥ ᠶᠢᠨ ᠪᠤᠳᠣᠯᠭ᠎ᠠ ᠶᠢ ᠪᠦᠷᠢᠨᠰᠢᠬᠦᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠴᠢᠬᠤᠯᠡ ᠪᠡᠷᠢᠮᠵᠢᠶ᠎ᠠ ᠶᠢ ᠰᠣᠳᠣᠯᠥᠨ ᠲᠣᠠᠠᠳᠠᠭᠠᠬᠤ ᠶᠢ ᠴᠢᠩᠭᠠᠳᠬᠠᠨ᠂ ᠪᠣᠬᠢᠷᠳᠦᠯ ᠦᠭᠡᠢ ᠪᠦᠳᠦᠭᠡᠭᠳᠡᠬᠦᠨ ᠤ ᠪᠡᠷᠢᠮᠵᠢᠶ᠎ᠠ ᠶᠢ ᠳᠡᠯᠭᠡᠷᠡᠬᠦᠯᠬᠦ ᠪᠠ ᠭᠡᠷᠡᠴᠢᠯᠡᠯ ᠤᠨ ᠮᠡᠳᠡᠭᠡ ᠵᠠᠩᠬᠢ ᠴᠣᠠᠠᠯᠠᠭᠤᠯᠬᠤ ᠲᠣᠠᠠᠳᠡᠴᠠ ᠶᠢ ᠪᠠᠶᠢᠭᠤᠯᠵᠦ᠂ ᠪᠣᠬᠢᠷᠳᠦᠯ ᠦᠭᠡᠢ ᠪᠦᠳᠦᠭᠡᠭᠳᠡᠬᠦᠨ ᠤ ᠬᠦᠭᠵᠢᠯᠳᠡ ᠶᠢᠨ ᠣᠷᠴᠢᠨ ᠲᠤᠭᠤᠷᠢᠨ ᠢ ᠪᠤᠢ ᠪᠤᠯᠭᠠᠵᠦ᠂ ᠳᠥᠷᠢᠮ ᠤᠨ ᠴᠢᠨᠡᠷᠳᠡᠢ ᠠᠷᠡᠯᠵᠢᠶ᠎ᠠ ᠶᠢᠨ ᠦᠪᠡᠷ ᠤᠨ ᠦᠷᠲᠡᠭ ᠢ ᠪᠠᠭᠤᠷᠡᠭᠤᠯᠥᠨ᠂ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠤᠳ ᠪᠤᠳᠡᠳᠡᠢ ᠲᠠᠢ ᠪᠠᠨ ᠣᠶᠠᠯᠳᠣᠭᠤᠯᠥᠨ ᠪᠣᠬᠢᠷᠳᠥᠯ ᠦᠭᠡᠢ ᠪᠦᠳᠦᠭᠡᠭᠳᠡᠬᠦᠨ ᠤ ᠪᠡᠷᠢᠮᠵᠢᠶ᠎ᠠ ᠶᠢ ᠭᠡᠷᠡᠭᠵᠢᠬᠦᠯᠬᠦ ᠭᠡᠷᠡᠴᠢᠯᠡᠯ ᠤᠨ ᠦᠷ᠎ᠡ ᠳ᠋ᠦᠢᠩ ᠤᠨ ᠬᠡᠷᠡᠭᠯᠡᠯᠲᠡ ᠬᠢᠭᠡᠳ ᠦᠷ᠎ᠡ ᠪᠦᠲᠦᠮᠵᠢ ᠶᠢᠨ ᠦᠨᠡᠯᠡᠯᠲᠡ᠂ ᠪᠣᠬᠢᠷᠳᠦᠯ ᠦᠭᠡᠢ ᠪᠦᠳᠦᠭᠡᠭᠳᠡᠬᠦᠡ ᠤ ᠬᠦᠭᠵᠢᠯᠲᠡ ᠶᠢ ᠠᠬᠢᠭᠤᠯᠵᠦ᠂ ᠵᠠᠰᠠᠭ ᠤᠨ ᠣᠷᠳᠣᠨ ᠤ ᠪᠣᠬᠢᠷᠳᠥᠯ ᠦᠭᠡᠢ ᠪᠦᠳᠦᠭᠡᠭᠳᠡᠬᠦᠨ ᠢ ᠬᠤᠳᠠᠯᠳᠣᠨ ᠠᠪᠬᠤ ᠵᠡᠷᠭᠡ ᠳᠥᠷᠢᠮ ᠢ ᠭᠡᠷᠡᠭᠵᠢᠬᠦᠯᠥᠨ᠎ᠡ᠃        ︵ᠭᠤᠷᠪᠡ︶ ᠪᠣᠬᠢᠷᠳᠥᠯ ᠦᠭᠡᠢ ᠪᠦᠳᠦᠭᠡᠭᠳᠡᠬᠦᠨ ᠢ ᠣᠬᠠᠭᠤᠯᠥᠨ ᠳᠡᠯᠭᠡᠷᠡᠬᠦᠯᠬᠦ ᠶᠢ ᠴᠢᠩᠭᠠᠳᠬᠠᠵᠦ᠂ ᠭᠡᠷᠡᠭᠯᠡᠭᠴᠢᠳ ᠤᠨ ᠪᠣᠬᠢᠷᠳᠦᠯ ᠦᠭᠡᠢ ᠦᠵᠡᠯ ᠣᠬᠠᠮᠰᠡᠷ ᠢ ᠳᠡᠭᠡᠭᠰᠢᠯᠡᠬᠦᠯᠵᠦ᠂ ᠪᠣᠬᠢᠷᠳᠥᠯ ᠦᠭᠡᠢ ᠬᠦᠭᠵᠢᠬᠦᠯᠬᠦ ᠣᠨᠣᠯᠵᠢᠬᠤᠨ ᠢ ᠣᠯᠠᠮᠵᠢᠯᠠᠨ ᠳᠡᠯᠭᠡᠷᠡᠭᠦᠯᠵᠦ᠂ ᠪᠣᠬᠢᠷᠳᠦᠯ ᠦᠭᠡᠢ ᠠᠮᠢᠳᠣᠷᠡᠯ ᠤᠨ ᠠᠷᠭ᠎ᠠ ᠮᠠᠶ᠋ᠢᠭ ᠢ ᠬᠦᠳᠦᠯᠥᠨ ᠵᠢᠯᠥᠭᠤᠳᠴᠥ᠂ ᠪᠣᠬᠢᠷᠳᠦᠯ ᠦᠭᠡᠢ ᠪᠦᠳᠦᠭᠡᠭᠳᠡᠬᠦᠡ ᠤ ᠵᠠᠬ᠎ᠠ ᠳᠡᠯᠭᠡᠬᠦᠷ ᠤᠨ ᠡᠵᠡᠯᠡᠬᠦᠨ ᠢ ᠦᠷᠭᠡᠳᠭᠡᠨ᠎ᠠ᠃ ᠦᠪᠡᠷᠳᠡᠭᠡᠨ ᠵᠠᠰᠠᠬᠤ ᠣᠷᠣᠨ ᠤ ᠪᠣᠬᠢᠷᠳᠥᠯ ᠦᠭᠡᠢ ᠪᠦᠳᠦᠭᠡᠭᠳᠡᠬᠦᠨ ᠤ ᠮᠡᠳᠡᠭᠡ ᠵᠠᠩᠬᠢ ᠶᠢᠨ ᠳᠡᠪᠴᠠᠩ ᠢ ᠠᠰᠢᠠᠠᠯᠠᠨ ᠂ ᠨᠡᠶᠢᠭᠡᠮ ᠲᠠᠶᠠᠭᠠᠷ ᠲᠤ ᠪᠣᠬᠢᠷᠳᠥᠯ ᠦᠭᠡᠢ ᠪᠦᠳᠦᠭᠡᠭᠳᠡᠬᠦᠨ ᠤ ᠪᠡᠷᠢᠮᠵᠢᠶ᠎ᠠ᠂ ᠪᠣᠬᠢᠷᠳᠥᠯ ᠦᠭᠡᠢ ᠪᠦᠳᠦᠭᠡᠭᠳᠡᠬᠦᠨ ᠤ ᠢᠯᠭᠠᠬᠤ ᠳᠡᠮᠳᠡᠭ ᠪᠠ ᠭᠡᠷᠡᠴᠢᠯᠡᠯ ᠤᠨ ᠦᠨᠡᠮᠯᠡᠯ ᠣᠯᠥᠠᠠᠰᠠᠨ ᠠᠵᠦ ᠠᠬᠤᠶᠢᠯᠠᠯ᠂ ᠪᠣᠬᠢᠷᠳᠥᠯ ᠦᠭᠡᠢ ᠪᠦᠳᠦᠭᠡᠭᠳᠡᠬᠦᠨ ᠤ ᠭᠠᠷᠴᠠᠭ ᠵᠡᠷᠭᠡ ᠮᠡᠳᠡᠭᠡ ᠵᠠᠩᠬᠢ ᠶᠢ ᠨᠡᠶᠢᠳᠡᠯᠡᠵᠦ᠂ ᠣᠯᠡᠨ ᠨᠡᠶᠢᠲᠡ ᠶᠢᠨ ᠪᠠᠶᠢᠳᠡᠯ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠡᠯᠳᠡ ᠳᠡᠯᠪᠢᠬᠤ ᠡᠷᠬᠡ ᠶᠢ ᠬᠠᠮᠠᠭᠠᠯᠠᠨ᠎ᠠ᠃        ︵ᠲᠣᠰ ᠪᠢᠴᠢᠭ ᠮᠠᠲ᠋ᠧᠷᠢᠶᠡᠯ ᠢ ᠢᠯᠡ ᠨᠡᠶᠢᠳᠡᠯᠡᠨ᠎ᠠ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号