ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ 2017 ᠤᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠤᠯᠤᠨ 2018 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2018-05-22
       ᠬᠤᠶᠠᠷ᠂ 2018 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠭ᠎ᠠ ᠶᠢᠨ ᠪᠠᠶᠢᠳᠠᠯ        2018 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠢ ᠨᠠᠶᠢᠷᠠᠭᠤᠯᠤᠭᠰᠠᠨ ᠵᠢᠯᠤᠭᠤᠳᠬᠤ ᠦᠵᠡᠯ ᠰᠠᠨᠠᠭ᠎ᠠ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠨ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠢᠯᠡ᠂ ᠲᠤᠳᠤ᠂ ᠳᠦᠷᠢᠮᠵᠢᠭᠦᠨ ᠪᠦᠷᠢᠨ ᠲᠦᠬᠦᠷ ᠲᠦᠰᠦᠪ ᠤᠨ ᠳᠦᠷᠢᠮ ᠢ ᠪᠠᠶᠢᠭᠤᠯᠤᠨ᠎ᠠ︔ ᠡᠯ᠎ᠡ ᠲᠦᠷᠦᠯ ᠤᠨ ᠡᠳ᠋ ᠤᠨ ᠵᠠᠰᠠᠭ ᠤᠨ ᠤᠷᠤᠯᠭ᠎ᠠ ᠶᠢ ᠢᠳᠡᠪᠬᠢᠲᠡᠢ ᠵᠤᠬᠢᠶᠠᠨ ᠪᠠᠶᠢᠭᠤᠯᠵᠤ᠂ ᠪᠡᠯᠡ ᠮᠦᠩᠭᠦ ᠬᠤᠷᠠᠮᠳᠤᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠤᠨᠴᠠᠭᠠᠶᠢᠯᠠᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ︔ ᠡᠳ᠋ ᠤᠨ ᠵᠠᠰᠠᠭ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠ ᠨᠠᠮᠬᠠᠳᠬᠠᠵᠤ᠂ ᠡᠳ᠋ ᠤᠨ ᠵᠠᠰᠠᠭ ᠤᠨ ᠪᠡᠯᠡ ᠮᠦᠩᠭᠦ ᠶᠢᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠦᠬᠦ ᠲᠤᠭᠤᠷᠢᠭ ᠤᠨ ᠠᠵᠤ ᠠᠬᠤᠢ ᠶᠢᠨ ᠲᠤᠭᠲᠠᠭᠤᠨ ᠡᠷᠡᠭᠦᠯ ᠬᠦᠭᠵᠢᠯᠲᠡ ᠪᠤᠯᠤᠨ ᠨᠡᠶᠢᠭᠡᠮ ᠤᠨ ᠡᠶ᠎ᠡ ᠵᠤᠬᠢᠴᠠᠯᠲᠤ ᠲᠤᠭᠲᠠᠭᠤᠨ ᠬᠦᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃        ᠳᠡᠭᠡᠷ᠎ᠡ ᠲᠤᠭᠠᠴᠢᠭᠰᠠᠨ ᠵᠢᠯᠤᠭᠤᠳᠬᠤ ᠦᠵᠡᠯ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ 2018 ᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠲᠦᠰᠦᠯ ᠢ ᠨᠠᠶᠢᠷᠠᠭᠤᠯᠪᠠ᠃        ︵ᠨᠢᠭᠡ︶ 2018 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠲᠤᠬᠢᠷᠠᠭᠤᠯᠭ᠎ᠠ        1. ᠡᠩ ᠤᠨ ᠤᠯᠠᠨ ᠨᠡᠶᠢᠲᠡ ᠶᠢᠨ ᠤᠷᠤᠯᠭ᠎ᠠ ᠶᠢᠨ ᠲᠦᠰᠦᠪ        2018 ᠤᠨ ᠳᠤ ᠬᠤᠲᠠ ᠶᠢᠨ ᠵᠠᠰᠠᠭ ᠤᠨ ᠤᠷᠳᠤᠨ ᠠᠴᠠ ᠳᠤᠷᠤᠭᠰᠢ ᠰᠢᠯᠵᠢᠭᠦᠯᠦᠭᠰᠡᠨ ᠰᠢᠶᠤᠤ ᠰᠢᠨ ᠳ᠋ᠢ ᠶᠢᠨ ᠤᠷᠤᠨ ᠨᠤᠲᠤᠭ ᠤᠨ ᠡᠳ᠋ ᠤᠨ ᠵᠠᠰᠠᠭ ᠤᠨ ᠤᠷᠤᠯᠭ᠎ᠠ 32836 ᠲᠦᠮᠡᠨ ᠲᠦᠭᠦᠷᠢᠭ᠂ 2017 ᠤᠨ ᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢ ᠭᠦᠢᠴᠡᠳᠬᠡᠭᠰᠡᠨ ᠪᠠᠶᠢᠳᠠᠯ ᠲᠠᠢ ᠤᠶᠠᠯᠳᠤᠭᠤᠯᠪᠠᠯ᠂ ᠤᠷᠢᠳᠴᠢᠯᠠᠨ ᠵᠢᠱᠢᠭᠰᠡᠨ ᠢᠶᠠᠷ 2018 ᠤᠨ ᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠤᠷᠤᠯᠭ᠎ᠠ ᠶᠢᠨ ᠲᠦᠰᠦᠪ ᠤᠨ ᠬᠠᠷᠠᠯᠲᠠ ᠪᠤᠯ 264800 ᠲᠦᠮᠡᠨ ᠲᠦᠭᠦᠷᠢᠭ᠂ ᠳᠡᠭᠡᠷ᠎ᠡ ᠵᠢᠯ ᠤᠨ ᠤᠷᠤᠯᠭ᠎ᠠ ᠶᠢᠨ ᠰᠠᠭᠤᠷᠢ ᠲᠤᠭ᠎ᠠ ︵2017 ᠤᠨ ᠤ ᠭᠦᠢᠴᠡᠳᠬᠡᠭᠰᠡᠨ ᠲᠤᠭ᠎ᠠ +2018 ᠤᠨ ᠤ ᠳᠤᠷᠤᠭᠰᠢ ᠰᠢᠯᠵᠢᠭᠦᠯᠦᠭᠰᠡᠨ ᠤᠷᠤᠯᠭ᠎ᠠ︶ ᠲᠠᠢ ᠬᠠᠷᠢᠴᠠᠭᠤᠯᠪᠠᠯ 14717 ᠲᠦᠮᠡᠨ ᠲᠦᠭᠦᠷᠢᠭ ᠨᠡᠮᠡᠭᠳᠡᠵᠦ᠂ 6% ᠤᠷᠴᠢᠮ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠤᠷᠤᠯᠭ᠎ᠠ 236200 ᠲᠦᠮᠡᠨ ᠲᠦᠭᠦᠷᠢᠭ᠂ ᠭᠠᠶᠢᠯᠢ ᠶᠢᠨ ᠪᠤᠰᠤ ᠤᠷᠤᠯᠭ᠎ᠠ 28600 ᠲᠦᠮᠡᠨ ᠲᠦᠭᠦᠷᠢᠭ᠂ ᠭᠠᠶᠢᠯᠢ ᠶᠢᠨ ᠪᠤᠰᠤ ᠤᠷᠤᠯᠭ᠎ᠠ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠳᠤ 10.8% ᠶᠢ ᠡᠵᠡᠯᠡᠨ᠎ᠡ᠃        2. ᠡᠩ ᠤᠨ ᠤᠯᠠᠨ ᠨᠡᠶᠢᠲᠡ ᠶᠢᠨ ᠵᠠᠷᠤᠯᠭ᠎ᠠ ᠶᠢᠨ ᠲᠦᠰᠦᠪ        2018 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠪᠤᠯᠤᠨ ᠤᠳᠤ ᠪᠠᠷ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠮᠵᠢ ᠶᠢᠨ ᠲᠦᠰᠦᠭᠡᠯᠡᠨ ᠪᠤᠳᠤᠯᠲᠠ ᠶᠢ ᠦᠨᠳᠦᠰᠦᠯᠡᠪᠡᠯ᠂ 2018 ᠤᠨ ᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠠᠰᠢᠭᠯᠠᠵᠤ ᠪᠤᠯᠬᠤ ᠪᠡᠯᠡ ᠮᠦᠩᠭᠦ 220000 ᠲᠦᠮᠡᠨ ᠲᠦᠭᠦᠷᠢᠭ᠃ ᠡᠭᠦᠨ ᠳᠤ᠄ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 264800 ᠲᠦᠮᠡᠨ ᠲᠦᠭᠦᠷᠢᠭ᠂ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 92073 ᠲᠦᠮᠡᠨ ᠲᠦᠭᠦᠷᠢᠭ︔ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ 7009 ᠲᠦᠮᠡᠨ ᠲᠦᠭᠦᠷᠢᠭ᠂ ᠲᠤᠬᠢᠷᠠᠭᠤᠯᠤᠭᠰᠠᠨ ᠲᠦᠰᠦᠪ ᠤᠨ ᠲᠤᠭᠲᠠᠭᠤᠨ ᠢ ᠲᠤᠬᠢᠷᠠᠭᠤᠯᠬᠤ ᠪᠡᠯᠡ ᠮᠦᠩᠭᠦ 327 ᠲᠦᠮᠡᠨ ᠲᠦᠭᠦᠷᠢᠭ︔ ᠢᠯᠭᠠᠨ ᠭᠠᠷᠭᠠᠭᠰᠠᠨ ᠳᠡᠭᠡᠭᠰᠢ ᠲᠤᠰᠢᠶᠠᠬᠤ ᠪᠡᠯᠡ ᠮᠦᠩᠭᠦ 144209 ᠲᠦᠮᠡᠨ ᠲᠦᠭᠦᠷᠢᠭ᠂ ᠪᠤᠳᠠᠲᠠᠢ ᠪᠦᠷᠢᠯᠳᠦᠭᠦᠯᠦᠭᠰᠡᠨ ᠠᠰᠢᠭᠯᠠᠵᠤ ᠪᠤᠯᠬᠤ ᠡᠳ᠋ ᠤᠨ ᠬᠦᠴᠦᠨ 220000 ᠲᠦᠮᠡᠨ ᠲᠦᠭᠦᠷᠢᠭ︔ ᠤᠷᠤᠯᠭ᠎ᠠ ᠪᠠᠷ ᠢᠶᠠᠨ ᠵᠠᠷᠤᠯᠭ᠎ᠠ ᠪᠠᠨ ᠲᠤᠭᠲᠠᠭᠠᠨ᠂ ᠤᠷᠤᠯᠭ᠎ᠠ ᠵᠠᠷᠤᠯᠭ᠎ᠠ ᠪᠠᠨ ᠲᠡᠩᠴᠡᠭᠦᠷᠢᠲᠡᠢ ᠪᠠᠶᠢᠯᠭᠠᠬᠤ ᠵᠠᠷᠴᠢᠮ ᠢᠶᠠᠷ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠦᠪ 220000 ᠲᠦᠮᠡᠨ ᠲᠦᠭᠦᠷᠢᠭ ᠲᠤᠬᠢᠷᠠᠭᠤᠯᠪᠠ᠃        ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ ᠭᠤᠤᠯ ᠲᠦᠷᠦᠯ ᠪᠤᠯ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 25675 ᠲᠦᠮᠡᠨ ᠲᠦᠭᠦᠷᠢᠭ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 10807 ᠲᠦᠮᠡᠨ ᠲᠦᠭᠦᠷᠢᠭ︔ ᠰᠤᠷᠭᠠᠨ ᠬᠦᠮᠦᠵᠢᠯ ᠤᠨ ᠵᠠᠷᠤᠯᠭ᠎ᠠ 68275 ᠲᠦᠮᠡᠨ ᠲᠦᠭᠦᠷᠢᠭ︔ ᠰᠢᠨᠵᠢᠯᠡᠭᠡ ᠮᠡᠷᠭᠡᠵᠢᠯ ᠤᠨ ᠵᠠᠷᠤᠯᠭ᠎ᠠ 2986 ᠲᠦᠮᠡᠨ ᠲᠦᠭᠦᠷᠢᠭ᠂ ᠰᠤᠶᠤᠯ ᠲᠠᠮᠢᠷ ᠪᠤᠯᠤᠨ ᠮᠡᠳᠡᠭᠡ ᠵᠠᠭᠤᠴᠢᠯᠠᠭᠤᠷ ᠤᠨ ᠵᠠᠷᠤᠯᠭ᠎ᠠ 1796 ᠲᠦᠮᠡᠨ ᠲᠦᠭᠦᠷᠢᠭ︔ ᠨᠡᠶᠢᠭᠡᠮ ᠤᠨ ᠪᠠᠲᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 45165 ᠲᠦᠮᠡᠨ ᠲᠦᠭᠦᠷᠢᠭ︔ ᠡᠮ ᠡᠮᠨᠡᠯᠭᠡ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ ᠵᠠᠷᠤᠯᠭ᠎ᠠ 9443 ᠲᠦᠮᠡᠨ ᠲᠦᠭᠦᠷᠢᠭ︔ ᠡᠨᠧᠷᠭᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 1270 ᠲᠦᠮᠡᠨ ᠲᠦᠭᠦᠷᠢᠭ︔ ᠬᠤᠲᠠ ᠬᠦᠳᠡᠭᠡ ᠨᠡᠶᠢᠭᠡᠮ ᠲᠤᠭᠤᠷᠢᠭ ᠤᠨ ᠵᠠᠷᠤᠯᠭ᠎ᠠ 34926 ᠲᠦᠮᠡᠨ ᠲᠦᠭᠦᠷᠢᠭ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 4896 ᠲᠦᠮᠡᠨ ᠲᠦᠭᠦᠷᠢᠭ᠂ ᠵᠠᠮ ᠲᠡᠭᠡᠭᠡᠪᠦᠷᠢ ᠶᠢᠨ ᠵᠠᠷᠤᠯᠭ᠎ᠠ 1483 ᠲᠦᠮᠡᠨ ᠲᠦᠭᠦᠷᠢᠭ᠂ ᠡᠬᠢ ᠪᠠᠶᠠᠯᠢᠭ ᠤᠨ ᠬᠠᠶᠢᠨ ᠬᠡᠮᠵᠢᠬᠦ᠂ ᠰᠤᠷᠠᠭ ᠵᠠᠩᠭᠢ ᠶᠢᠨ ᠵᠡᠷᠭᠡ ᠵᠠᠷᠤᠯᠭ᠎ᠠ 322 ᠲᠦᠮᠡᠨ ᠲᠦᠭᠦᠷᠢᠭ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 223 ᠲᠦᠮᠡᠨ ᠲᠦᠭᠦᠷᠢᠭ᠂ ᠮᠦᠩᠭᠦᠨ ᠭᠦᠢᠯᠭᠡᠭᠡᠨ ᠤ ᠵᠠᠷᠤᠯᠭ᠎ᠠ 2000 ᠲᠦᠮᠡᠨ ᠲᠦᠭᠦᠷᠢᠭ᠂ ᠤᠯᠤᠰ ᠤᠨ ᠭᠠᠵᠠᠷ ᠰᠢᠷᠦᠢ᠂ ᠳᠠᠯᠠᠢ ᠲᠠᠩᠭᠢᠰ᠂ ᠠᠭᠤᠷ ᠠᠮᠢᠰᠬᠤᠯ ᠵᠡᠷᠭᠡ ᠶᠢᠨ ᠵᠠᠷᠤᠯᠭ᠎ᠠ 36 ᠲᠦᠮᠡᠨ ᠲᠦᠭᠦᠷᠢᠭ᠂ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 562 ᠲᠦᠮᠡᠨ ᠲᠦᠭᠦᠷᠢᠭ᠂ ᠠᠮᠤ ᠲᠤᠰᠤ ᠡᠳ᠋ ᠪᠠᠷᠠᠭᠠᠨ ᠤ ᠬᠠᠳᠠᠭᠠᠯᠠᠮᠵᠢ ᠶᠢᠨ ᠵᠠᠷᠤᠯᠭ᠎ᠠ 52 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠦᠩᠭᠦ ᠶᠢᠨ ᠵᠠᠷᠤᠯᠭ᠎ᠠ 3579 ᠲᠦᠮᠡᠨ ᠲᠦᠭᠦᠷᠢᠭ᠂ ᠪᠡᠯᠡᠳᠬᠡᠯ ᠪᠡᠯᠡ ᠮᠦᠩᠭᠦ 6500 ᠲᠦᠮᠡᠨ ᠲᠦᠭᠦᠷᠢᠭ᠃        ︵ᠬᠤᠶᠠᠷ︶ 2018 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠲᠤᠬᠢᠷᠠᠭᠤᠯᠭ᠎ᠠ        2018 ᠤᠨ ᠳᠤ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ 312100 ᠲᠦᠮᠡᠨ ᠲᠦᠭᠦᠷᠢᠭ ᠲᠤᠬᠢᠷᠠᠭᠤᠯᠵᠤ᠂ ᠳᠡᠭᠡᠷ᠎ᠡ ᠵᠢᠯ ᠤᠨ ᠭᠦᠢᠴᠡᠳᠬᠡᠭᠰᠡᠨ ᠲᠤᠭ᠎ᠠ ᠠᠴᠠ 247292 ᠲᠦᠮᠡᠨ ᠲᠦᠭᠦᠷᠢᠭ ᠨᠡᠮᠡᠭᠳᠡᠨ᠂ ᠤᠷᠤᠯᠭ᠎ᠠ ᠶᠢᠨ ᠨᠡᠮᠡᠭᠳᠡᠯ ᠤᠨ ᠭᠤᠤᠯ ᠢᠷᠡᠯᠲᠡ ᠪᠤᠯ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠨ ᠪᠠᠶᠢᠭᠤᠯᠬᠤ ᠵᠢᠴᠢ ᠡᠯ᠎ᠡ ᠬᠦᠷᠢᠶᠡᠯᠡᠩ ᠲᠤᠭᠤᠷᠢᠭ ᠤᠨ ᠭᠠᠵᠠᠷ ᠰᠢᠷᠦᠢ ᠶᠢ ᠬᠤᠳᠠᠯᠳᠤᠭᠰᠠᠨ ᠤᠷᠤᠯᠭ᠎ᠠ ᠪᠤᠯᠤᠨ᠎ᠠ︔ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 42 ᠲᠦᠮᠡᠨ ᠲᠦᠭᠦᠷᠢᠭ᠂ ᠳᠡᠭᠡᠷ᠎ᠡ ᠵᠢᠯ ᠤᠨ ᠦᠯᠡᠳᠡᠪᠦᠷᠢ 4052 ᠲᠦᠮᠡᠨ ᠲᠦᠭᠦᠷᠢᠭ︔ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ ᠵᠠᠷᠤᠯᠭ᠎ᠠ ᠶᠢᠨ ᠬᠠᠷᠠᠭᠠᠯᠵᠠᠭᠰᠠᠨ ᠲᠤᠬᠢᠷᠠᠭᠤᠯᠭ᠎ᠠ ᠨᠢ 316199 ᠲᠦᠮᠡᠨ ᠲᠦᠭᠦᠷᠢᠭ᠂ ᠭᠤᠤᠯᠳᠠᠭᠤ ᠡᠯ᠎ᠡ ᠲᠦᠷᠦᠯ ᠤᠨ ᠦᠷᠢ ᠦᠭᠴᠡᠭᠡᠨ ᠤ ᠵᠠᠷᠤᠯᠭ᠎ᠠ᠂ PPP ᠲᠦᠷᠦᠯ ᠵᠦᠢᠯ ᠤᠨ ᠵᠠᠷᠤᠯᠭ᠎ᠠ᠂ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠵᠢᠴᠢ ᠭᠠᠵᠠᠷ ᠰᠢᠷᠦᠢ ᠲᠠᠲᠠᠪᠤᠷᠢᠯᠠᠨ ᠨᠤᠷᠠᠭᠠᠬᠤ ᠵᠠᠰᠠᠨ ᠴᠡᠭᠴᠡᠯᠡᠬᠦ ᠵᠡᠷᠭᠡ ᠰᠦᠢᠳᠬᠡᠯ ᠤᠨ ᠵᠠᠷᠤᠯᠭ᠎ᠠ ᠳᠤ ᠬᠡᠷᠡᠭᠯᠡᠨ᠎ᠡ᠃        ︵ᠭᠤᠷᠪᠠ︶ 2018 ᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠲᠤᠬᠢᠷᠠᠭᠤᠯᠭ᠎ᠠ        2018 ᠤᠨ ᠳᠤ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ 48698 ᠲᠦᠮᠡᠨ ᠲᠦᠭᠦᠷᠢᠭ ᠲᠤᠬᠢᠷᠠᠭᠤᠯᠪᠠ᠃ ᠤᠷᠤᠯᠭ᠎ᠠ ᠶᠢᠨ ᠢᠷᠡᠯᠲᠡ ᠨᠢ ᠭᠤᠤᠯᠳᠠᠭᠤ ᠳᠠᠭᠠᠳᠬᠠᠯ ᠤᠨ ᠰᠦᠢᠳᠬᠡᠯ᠂ ᠡᠳ᠋ ᠤᠨ ᠵᠠᠰᠠᠭ ᠤᠨ ᠨᠦᠬᠦᠪᠦᠷᠢ ᠪᠤᠯᠤᠨ ᠬᠦᠦ ᠮᠦᠩᠭᠦ ᠶᠢᠨ ᠤᠷᠤᠯᠭ᠎ᠠ ᠵᠡᠷᠭᠡ ᠪᠤᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠵᠠᠷᠤᠯᠭ᠎ᠠ 46552 ᠲᠦᠮᠡᠨ ᠲᠦᠭᠦᠷᠢᠭ ᠲᠤᠬᠢᠷᠠᠭᠤᠯᠤᠨ᠂ ᠭᠤᠤᠯᠳᠠᠭᠤ ᠬᠤᠲᠠ ᠬᠦᠳᠡᠭᠡ ᠶᠢᠨ ᠰᠠᠭᠤᠭᠠᠯᠢ ᠠᠷᠠᠳ ᠪᠤᠯᠤᠨ ᠠᠵᠢᠯᠲᠠᠨ ᠤ ᠦᠨᠳᠦᠰᠦᠨ ᠨᠠᠰᠤᠵᠢᠯ ᠤᠨ ᠮᠦᠩᠭᠦ᠂ ᠡᠮ ᠡᠮᠨᠡᠯᠭᠡ ᠶᠢᠨ ᠳᠠᠭᠠᠳᠬᠠᠯ ᠪᠤᠯᠤᠨ ᠦᠷᠡᠵᠢᠯ ᠤᠨ ᠳᠠᠭᠠᠳᠬᠠᠯ ᠵᠡᠷᠭᠡ ᠵᠠᠷᠤᠯᠭ᠎ᠠ ᠳᠤ ᠬᠡᠷᠡᠭᠯᠡᠨ᠎ᠡ᠃        ᠭᠤᠷᠪᠠ᠂ 2018 ᠤᠨ ᠤ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ ᠪᠡᠶᠡᠯᠡᠭᠦᠯᠬᠦ ᠠᠵᠢᠯ ᠤᠨ ᠠᠷᠭ᠎ᠠ        ︵ᠨᠢᠭᠡ︶ ᠡᠳ᠋ ᠮᠦᠩᠭᠦᠨ ᠤ ᠢᠷᠡᠯᠲᠡ ᠶᠢ ᠶᠡᠭᠡ ᠬᠦᠴᠦᠨ ᠢᠶᠠᠷ ᠪᠤᠶᠢᠵᠢᠭᠤᠯᠤᠨ᠂ ᠭᠠᠶᠢᠯᠢ ᠶᠢᠨ ᠲᠠᠲᠠᠪᠤᠷᠢᠯᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠷᠤᠯᠭ᠎ᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ        ᠬᠤᠩ ᠱᠠᠨ ᠲᠤᠭᠤᠷᠢᠭ ᠤᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠤᠷᠤᠨ᠂ ᠬᠤᠩ ᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ᠂ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ᠂ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ᠂ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠤᠳᠤᠯᠲᠠ ᠶᠢᠨ ᠲᠦᠪ᠂ ᠠᠷᠤ ᠭᠠᠵᠠᠷ ᠤᠨ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠵᠢᠴᠢ ᠬᠤᠲᠠ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠨᠢ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠠᠯᠢ ᠤᠯᠠᠨ ᠠᠰᠢᠭᠲᠠᠢ ᠨᠦᠬᠦᠴᠡᠯ ᠢ ᠬᠠᠩᠭᠠᠪᠠ᠂ ᠪᠢᠳᠡ ᠵᠠᠪᠰᠢᠶᠠᠨ ᠲᠤᠬᠢᠶᠠᠯ ᠢ ᠠᠳᠬᠤᠨ᠂ ᠰᠢᠨ᠎ᠡ ᠭᠠᠶᠢᠯᠢ ᠶᠢᠨ ᠨᠡᠮᠡᠭᠳᠡᠯ ᠤᠨ ᠴᠡᠭ ᠢ ᠬᠦᠴᠦᠯᠡᠨ ᠨᠡᠮᠡᠭᠳᠡᠭᠦᠯᠵᠦ᠂ ᠠᠰᠢᠭᠯᠠᠵᠤ ᠪᠤᠯᠬᠤ ᠡᠳ᠋ ᠤᠨ ᠬᠦᠴᠦᠨ ᠢ ᠨᠡᠮᠡᠭᠳᠡᠭᠦᠯᠦᠨ᠎ᠡ᠃ ᠭᠤᠤᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠶᠢᠯᠢ ᠶᠢᠨ ᠲᠠᠲᠠᠪᠤᠷᠢᠯᠠᠯᠲᠠ ᠬᠠᠮᠢᠶᠠᠷᠤᠯᠲᠠ ᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠦ᠂ ᠲᠠᠲᠠᠪᠤᠷᠢᠯᠠᠵᠤ ᠪᠤᠯᠬᠤ ᠶᠢ ᠪᠦᠬᠦᠨ ᠢ ᠲᠠᠲᠠᠪᠤᠷᠢᠯᠠᠨ᠎ᠠ᠃ ᠤᠷᠤᠨ ᠪᠠᠶᠢᠷᠢ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠤᠲᠠ ᠶᠢᠨ ᠲᠦᠯᠦᠪᠵᠢᠭᠦᠯᠭᠡ ᠶᠢᠨ ᠲᠤᠬᠢᠷᠠᠭᠤᠯᠤᠯᠲᠠ᠂ ᠬᠤᠲᠠ ᠲᠤᠭᠤᠷᠢᠭ ᠤᠨ ᠨᠡᠭᠡᠭᠡᠯᠲᠡ ᠦᠭᠡᠷᠡᠴᠢᠯᠡᠯᠲᠡ ᠶᠢᠨ ᠠᠰᠢᠭᠲᠠᠢ ᠲᠤᠬᠢᠶᠠᠯ ᠢ ᠠᠳᠬᠤᠵᠤ᠂ ᠭᠠᠵᠠᠷ ᠰᠢᠷᠦᠢ ᠶᠢ ᠬᠤᠷᠢᠶᠠᠨ ᠬᠠᠳᠠᠭᠠᠯᠠᠬᠤ᠂ ᠰᠤᠯᠠ ᠬᠦᠷᠦᠩᠭᠡ ᠶᠢ ᠠᠮᠢᠳᠤᠯᠢᠭᠵᠢᠭᠤᠯᠬᠤ ᠵᠡᠷᠭᠡ ᠲᠠᠯ᠎ᠠ ᠪᠠᠷ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠦᠷ᠎ᠡ ᠠᠰᠢᠭ ᠢ ᠬᠠᠮᠤᠭ ᠶᠡᠭᠡ ᠪᠠᠷ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠤᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠭᠠᠶᠢᠯᠢ ᠶᠢᠨ ᠪᠤᠰᠤ ᠤᠷᠤᠯᠭ᠎ᠠ ᠶᠢᠨ ᠡᠳ᠋ ᠤᠨ ᠵᠠᠰᠠᠭ ᠤᠨ ᠤᠷᠤᠯᠭ᠎ᠠ ᠳᠠᠬᠢ ᠬᠠᠷᠢᠴᠠᠯ ᠢ ᠳᠤᠷᠤᠭᠰᠢᠯᠠᠭᠤᠯᠵᠤ᠂ ᠤᠷᠤᠯᠭ᠎ᠠ ᠶᠢᠨ ᠴᠢᠨᠰᠠᠭ᠎ᠠ ᠶᠢ ᠳᠡᠭᠡᠭᠰᠢᠯᠡᠭᠦᠯᠦᠨ᠎ᠡ᠃        ︵ᠬᠤᠶᠠᠷ︶ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠳᠤᠪᠤᠶᠢᠯᠭᠠᠵᠤ᠂ ᠠᠵᠤ ᠠᠬᠤᠢ ᠨᠡᠶᠢᠭᠡᠮ ᠤᠨ ᠵᠤᠬᠢᠴᠠᠩᠭᠤᠢ ᠬᠦᠭᠵᠢᠯᠲᠡ ᠶᠢ ᠠᠬᠢᠭᠤᠯᠤᠨ᠎ᠠ        ︽ᠴᠠᠯᠢᠩ ᠢ ᠪᠠᠲᠤᠯᠠᠨ᠂ ᠡᠷᠭᠢᠯᠲᠡ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠱᠠᠭᠠᠷᠳᠠᠯᠭ᠎ᠠ ᠶᠢ ᠪᠠᠲᠤᠯᠠᠬᠤ︾ ᠱᠠᠭᠠᠷᠳᠠᠯᠭ᠎ᠠ ᠶᠤᠰᠤᠭᠠᠷ᠂ ᠡᠳ᠋ ᠤᠨ ᠵᠠᠰᠠᠭ ᠤᠨ ᠦᠨᠳᠦᠰᠦᠨ ᠵᠠᠷᠤᠯᠭ᠎ᠠ ᠪᠠ ᠭᠤᠤᠯᠳᠠᠯᠭ᠎ᠠ ᠲᠠᠢ ᠵᠠᠷᠤᠯᠭ᠎ᠠ ᠶᠢ ᠵᠤᠬᠢᠰᠲᠠᠢ ᠲᠤᠬᠢᠷᠠᠭᠤᠯᠤᠨ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠯ ᠢ ᠠᠯᠭᠤᠷ ᠢᠶᠠᠷ ᠪᠡᠶᠡᠯᠡᠭᠦᠯᠦᠨ᠎ᠠ᠃ ᠰᠤᠷᠭᠠᠨ ᠬᠦᠮᠦᠵᠢᠯ ᠤᠨ ᠦᠢᠯᠡᠰ ᠲᠠᠬᠢ ᠤᠷᠤᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠦ ᠬᠦᠭᠵᠢᠯᠲᠡ ᠶᠢᠨ ᠪᠠᠷᠢᠮᠵᠢᠶ᠎ᠠ ᠳᠤ ᠬᠦᠷᠬᠦ ᠪᠠ ᠰᠢᠨ᠎ᠡ ᠶᠢ ᠡᠭᠦᠳᠬᠦ ᠳᠡᠭᠡᠳᠦ ᠳᠤᠮᠳᠠᠳᠤ ᠶᠢᠨ ᠰᠤᠷᠭᠠᠨ ᠬᠦᠮᠦᠵᠢᠯ ᠤᠨ ᠵᠠᠷᠤᠯᠭ᠎ᠠ ᠶᠢ ᠪᠦᠬᠦ ᠬᠦᠴᠦᠨ ᠢᠶᠠᠷ ᠪᠠᠲᠤᠯᠠᠨ᠎ᠠ᠃ ᠢᠳᠡᠪᠬᠢᠲᠡᠢ ᠪᠠᠷ ᠪᠡᠯᠡ ᠴᠤᠭᠯᠠᠭᠤᠯᠤᠨ᠂ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠵᠢᠴᠢ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠳᠡᠮᠵᠢᠵᠦ᠂ ᠤᠯᠠᠨ ᠲᠦᠮᠡᠨ ᠤ ᠤᠷᠤᠨ ᠰᠠᠭᠤᠴᠠ ᠶᠢᠨ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠠᠵᠢᠯ ᠤᠯᠭᠤᠯᠲᠠ ᠵᠡᠷᠭᠡ ᠲᠠᠯ᠎ᠠ ᠳᠠᠬᠢ ᠪᠡᠯᠡ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠦᠯᠦᠪᠯᠡᠭᠡ ᠶᠢ ᠤᠷᠤᠭᠰᠢᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠪᠤᠯᠤᠨ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠪᠡᠯᠡ ᠮᠦᠩᠭᠦ ᠶᠢᠨ ᠱᠠᠭᠠᠷᠳᠠᠯᠭ᠎ᠠ ᠶᠢ ᠪᠠᠲᠤᠯᠠᠨ᠎ᠠ᠃ ᠡᠯ᠎ᠡ ᠲᠦᠷᠦᠯ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠲᠤ ᠠᠰᠢᠭ ᠬᠦᠷᠲᠡᠭᠡᠬᠦ ᠪᠡᠯᠡ ᠮᠦᠩᠭᠦ ᠶᠢ ᠨᠡᠶᠢᠯᠡᠭᠦᠯᠬᠦ ᠬᠦᠴᠦᠯᠡᠴᠡ ᠪᠠᠨ ᠨᠡᠮᠡᠭᠳᠡᠭᠦᠯᠦᠨ᠂ ᠶᠠᠳᠠᠭᠤ ᠶᠢ ᠳᠡᠳᠬᠦᠬᠦ᠂ ᠨᠡᠭᠡᠭᠡᠯᠲᠡ ᠬᠢᠬᠦ ᠰᠢᠨ᠎ᠡ ᠪᠡᠯᠡ ᠮᠦᠩᠭᠦ ᠶᠢᠨ ᠠᠷᠭ᠎ᠠ ᠵᠠᠮ ᠢ ᠰᠦᠪᠡᠭᠴᠢᠯᠡᠨ ᠨᠡᠭᠡᠭᠡᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠲᠤᠵᠢᠭᠤᠯᠤᠨ᠎ᠠ᠃        ︵ᠭᠤᠷᠪᠠ︶ ᠡᠳ᠋ ᠤᠨ ᠵᠠᠰᠠᠭ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠳᠤ ᠦᠶ᠎ᠡ ᠶᠢᠨ ᠡᠳ᠋ ᠤᠨ ᠵᠠᠰᠠᠭ ᠤᠨ ᠲᠤᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ        ᠨᠢᠭᠡ ᠳᠤ᠂ ᠡᠳ᠋ ᠤᠨ ᠵᠠᠰᠠᠭ ᠤᠨ ᠵᠠᠷᠤᠯᠭ᠎ᠠ ᠶᠢᠨ ᠠᠵᠤ ᠠᠬᠤᠢ ᠶᠢᠨ ᠲᠦᠷᠦᠯ ᠵᠦᠢᠯ ᠢᠶᠠᠷ ᠠᠩᠬᠢᠯᠠᠬᠤ ᠦᠭᠡᠷᠡᠴᠢᠯᠡᠯᠲᠡ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠲᠦᠰᠦᠪ ᠢ ᠲᠠᠰᠤᠷᠠᠯᠲᠠ ᠦᠭᠡᠢ ᠨᠠᠷᠢᠯᠢᠭᠵᠢᠭᠤᠯᠤᠨ ᠨᠠᠶᠢᠷᠠᠭᠤᠯᠵᠤ᠂ ᠡᠳ᠋ ᠤᠨ ᠵᠠᠰᠠᠭ ᠤᠨ ᠰᠤᠷᠠᠭ ᠵᠠᠩᠭᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠲᠦᠰᠦᠪ ᠤᠨ ᠬᠢᠵᠠᠭᠠᠷᠯᠠᠬᠤ ᠬᠦᠴᠦᠨ ᠢ ᠴᠢᠩᠭᠠᠳᠬᠠᠵᠤ᠂ ᠵᠠᠰᠠᠭ ᠤᠨ ᠤᠷᠳᠤᠨ ᠪᠠ ᠰᠠᠯᠠᠭ᠎ᠠ ᠮᠦᠴᠢᠷ ᠤᠨ ᠵᠠᠷᠤᠯᠭ᠎ᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠎ᠡ᠃ ᠬᠤᠶᠠᠷ ᠲᠤ᠂ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠨᠡᠶᠢᠲᠡᠯᠡᠬᠦ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠢᠯᠡ ᠨᠡᠶᠢᠲᠡᠯᠡᠬᠦ ᠠᠭᠤᠯᠭ᠎ᠠ ᠶᠢ ᠳᠦᠷᠢᠮᠵᠢᠭᠦᠯᠵᠦ᠂ ᠡᠳ᠋ ᠤᠨ ᠵᠠᠰᠠᠭ ᠤᠨ ᠲᠦᠰᠦᠪ ᠤᠨ ᠢᠯᠡ ᠲᠤᠳᠤ ᠬᠡᠮᠵᠢᠶ᠎ᠡ ᠶᠢ ᠨᠡᠮᠡᠭᠳᠡᠭᠦᠯᠦᠨ᠎ᠡ᠃ ᠭᠤᠷᠪᠠ ᠳᠤ᠂ ᠤᠷᠤᠨ ᠨᠤᠲᠤᠭ ᠤᠨ ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠵᠠᠰᠠᠭ ᠤᠨ ᠤᠷᠳᠤᠨ ᠤ ᠵᠢᠭᠡᠯᠡᠯᠭᠡ ᠶᠢᠨ ᠠᠯᠬᠤᠮ ᠳᠠᠷᠠᠭ᠎ᠠ ᠪᠠ ᠪᠡᠯᠡ ᠮᠦᠩᠭᠦ ᠶᠢᠨ ᠬᠡᠷᠡᠭᠯᠡᠯᠲᠡ ᠶᠢ ᠴᠢᠩᠭ᠎ᠠ ᠬᠢᠵᠠᠭᠠᠷᠯᠠᠵᠤ᠂ ᠦᠷᠢ ᠦᠭᠴᠡᠭᠡᠨ ᠤ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠵᠢᠴᠢ ᠨᠠᠮᠬᠠᠳᠬᠠᠬᠤ ᠲᠤᠭᠲᠠᠴᠠ ᠶᠢ ᠲᠡᠭᠦᠯᠳᠡᠷᠵᠢᠭᠦᠯᠦᠨ᠂ ᠤᠷᠤᠯᠭ᠎ᠠ ᠶᠢ ᠲᠠᠲᠠᠪᠤᠷᠢᠯᠠᠨ ᠬᠠᠮᠢᠶᠠᠷᠬᠤ ᠬᠦᠴᠦᠯᠡᠴᠡ ᠪᠠᠨ ᠨᠡᠮᠡᠭᠳᠡᠭᠦᠯᠬᠦ᠂ ᠡᠩ ᠤᠨ ᠵᠠᠷᠤᠯᠭ᠎ᠠ ᠶᠢ ᠪᠠᠭᠠᠰᠬᠠᠬᠤ᠂ ᠳᠡᠭᠡᠷ᠎ᠡ ᠱᠠᠲᠤᠨ ᠤ ᠲᠤᠰᠬᠠᠢ ᠲᠦᠷᠦᠯ ᠤᠨ ᠪᠡᠯᠡ ᠮᠦᠩᠭᠦ ᠪᠤᠯᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ᠂ ᠬᠠᠳᠠᠭᠠᠯᠠᠮᠵᠢ  ᠶᠢᠨ ᠬᠦᠷᠦᠩᠭᠡ ᠪᠠ ᠭᠠᠵᠠᠷ ᠰᠢᠷᠦᠢ ᠶᠢ ᠰᠢᠢᠳᠪᠦᠷᠢᠯᠡᠬᠦ ᠬᠦᠴᠦᠯᠡᠴᠡ ᠪᠠᠨ ᠨᠡᠮᠡᠭᠳᠡᠭᠦᠯᠬᠦ᠂ ᠬᠦᠷᠦᠩᠭᠡ ᠠᠭᠤᠰᠬᠠᠬᠤ ᠲᠦᠷᠦᠯ ᠵᠦᠢᠯ ᠤᠨ ᠬᠡᠪᠴᠢᠶ᠎ᠡ ᠶᠢ ᠬᠢᠨᠠᠨ ᠪᠠᠭᠠᠰᠬᠠᠬᠤ᠂ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠶᠢᠨ ᠠᠰᠢᠭ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠠᠷᠭ᠎ᠠ ᠪᠠᠷᠢᠯ ᠢᠶᠠᠷ ᠳᠡᠮᠵᠢᠵᠦ᠂ ᠵᠠᠰᠠᠭ ᠤᠨ ᠤᠷᠳᠤᠨ ᠤ ᠴᠢᠨᠠᠷᠲᠠᠢ ᠵᠢᠭᠡᠯᠡᠯᠭᠡ ᠶᠢ ᠪᠦᠲᠦᠮᠵᠢᠲᠡᠢ ᠪᠠᠭᠠᠰᠬᠠᠨ᠂ ᠰᠢᠰᠲ᠋ᠧᠮ ᠤᠨ ᠴᠢᠨᠠᠷᠲᠠᠢ ᠤᠷᠤᠨ ᠬᠡᠪᠴᠢᠶᠡᠨ ᠤ ᠴᠢᠨᠠᠷᠲᠠᠢ ᠦᠷᠢ ᠦᠭᠴᠡᠭᠡᠨ ᠤ ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃        ︵ᠳᠦᠷᠪᠡ︶ ᠡᠳ᠋ ᠤᠨ ᠵᠠᠰᠠᠭ ᠤᠨ ᠬᠢᠨᠡᠯᠲᠡ ᠶᠢᠨ ᠲᠤᠭᠲᠠᠴᠠ ᠶᠢ ᠴᠢᠩᠭᠠᠳᠬᠠᠨ᠂ ᠡᠯ᠎ᠡ ᠲᠦᠷᠦᠯ ᠤᠨ ᠲᠦᠷᠦᠯ ᠵᠦᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠪᠡᠯᠡ ᠮᠦᠩᠭᠦ ᠶᠢᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ        ᠡᠳ᠋ ᠤᠨ ᠶᠠᠪᠤᠳᠠᠯ ᠤᠨ ᠠᠵᠢᠯ ᠤᠨ ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ᠂ ᠠᠵᠤ ᠠᠬᠤᠢ ᠶᠢᠨ ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠳ᠋ ᠤᠨ ᠶᠠᠪᠤᠳᠠᠯ ᠤᠨ ᠠᠵᠢᠯ ᠤᠨ ᠳᠦᠷᠢᠮᠵᠢᠭᠦᠨ ᠡᠷᠭᠢᠯᠲᠡ ᠶᠢ ᠠᠬᠢᠭᠤᠯᠤᠨ᠎ᠠ᠃ ᠲᠦᠷᠦᠯ ᠵᠦᠢᠯ ᠤᠨ ᠲᠦᠰᠦᠪ ᠪᠠ ᠲᠦᠰᠦᠪ ᠤᠨ ᠭᠦᠢᠴᠡᠳᠬᠡᠯ ᠤᠨ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠪᠠ ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠰᠦᠪ ᠤᠨ ᠬᠠᠮᠢᠶᠠᠷᠤᠯᠲᠠ ᠶᠢᠨ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠠᠯᠢᠪᠠ ᠵᠠᠰᠠᠭ ᠤᠨ ᠤᠷᠳᠤᠨ ᠤ ᠴᠢᠨᠠᠷᠲᠠᠢ ᠪᠡᠯᠡ ᠮᠦᠩᠭᠦ ᠪᠤᠯᠤᠨ ᠡᠳ᠋ ᠤᠨ ᠵᠠᠰᠠᠭ ᠤᠨ ᠠᠵᠢᠯᠯᠠᠭᠠᠨ ᠤ ᠪᠦᠬᠦ ᠶᠠᠪᠤᠴᠠ ᠳᠠᠬᠢ ᠬᠢᠨᠠᠯᠲᠠ ᠶᠢᠨ ᠲᠤᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠯᠤᠰ ᠤᠨ ᠦᠮᠴᠢᠯᠡᠯᠲᠦ ᠬᠦᠷᠦᠩᠭᠡ ᠶᠢᠨ ᠬᠠᠮᠢᠶᠠᠷᠤᠯᠲᠠ ᠶᠢᠨ ᠶᠠᠪᠤᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠤᠯᠤᠰ ᠤᠨ ᠦᠮᠴᠢᠯᠡᠯᠲᠦ ᠬᠦᠷᠦᠩᠭᠡ ᠶᠢ ᠬᠠᠤᠯᠢ ᠳᠦᠷᠢᠮ ᠶᠤᠰᠤᠭᠠᠷ ᠰᠢᠢᠳᠪᠦᠷᠢᠯᠡᠬᠦ ᠶᠢ ᠪᠠᠲᠤᠯᠠᠨ᠎ᠠ᠃ ᠠᠯᠪᠠᠨ ᠶᠠᠪᠤᠳᠠᠯ ᠤᠨ ᠺᠠᠷᠲ ᠤᠨ ᠲᠦᠯᠦᠪᠦᠷᠢᠯᠡᠯᠲᠡ ᠶᠢᠨ ᠬᠡᠪᠴᠢᠶ᠎ᠡ ᠶᠢ ᠦᠷᠭᠦᠯᠵᠢᠯᠡᠨ ᠦᠷᠭᠡᠳᠬᠡᠵᠦ᠂ ᠠᠯᠪᠠᠨ ᠶᠠᠪᠤᠳᠠᠯ ᠤᠨ ᠺᠠᠷᠲ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠯ᠎ᠡ ᠪᠠᠶᠢᠭᠤᠯᠭ᠎ᠠ ᠨᠢᠭᠡᠴᠡ ᠶᠢᠨ ᠬᠤᠷᠠᠯ᠂ ᠪᠤᠯᠪᠠᠰᠤᠷᠠᠯ᠂ ᠠᠵᠢᠯᠯᠠᠭᠠᠨ᠂ ᠬᠤᠳᠠᠯᠳᠤᠨ ᠠᠪᠬᠤ᠂ ᠰᠡᠯᠪᠢᠨ ᠵᠠᠰᠠᠬᠤ ᠵᠡᠷᠭᠡ ᠲᠦᠷ ᠴᠠᠭ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠡᠳ᠋ ᠤᠨ ᠵᠠᠰᠠᠭ ᠤᠨ ᠪᠡᠯᠡ ᠮᠦᠩᠭᠦ ᠶᠢ ᠠᠷᠪᠢᠯᠠᠨ᠎ᠠ᠃        2018 ᠤᠨ ᠪᠤᠯ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠤᠨ ᠪᠠᠶᠢᠵᠤ᠂ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ︾ ᠶᠢ ᠵᠠᠯᠭᠠᠨ ᠲᠤᠭᠤᠰᠢᠯᠠᠭᠤᠯᠬᠤ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ᠂ ᠡᠳ᠋ ᠤᠨ ᠵᠠᠰᠠᠭ ᠤᠨ ᠠᠵᠢᠯ ᠤᠨ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ᠂ ᠪᠢᠳᠡ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠤᠭᠲᠠᠭᠠᠯ ᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠭᠡᠷᠡᠴᠢᠯᠡᠯᠲᠡ ᠶᠢᠨ ᠪᠦᠲᠦᠮᠵᠢᠲᠡᠢ ᠶᠠᠪᠤᠭᠳᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠲᠤᠭᠲᠠᠭᠤᠨ ᠡᠷᠡᠭᠦᠯ ᠬᠦᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠠᠭᠠᠶ᠎ᠠ︕
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号