︵ᠳᠦᠷᠪᠡ︶ ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠬᠦ ᠠᠯᠬᠤᠴᠠ ᠶᠢ ᠯᠠᠪᠳᠠᠭᠤᠨ | ᠠᠬᠢᠭᠤᠯᠪᠠ᠃ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢᠨ ᠲᠠᠯ᠎ᠠ ᠪᠠᠷ᠂ | ᠲᠢᠶᠧ ᠨᠠᠨ ᠤ ᠳᠦᠭᠦᠮ ᠪᠦᠲᠦᠴᠡᠲᠦ ᠤᠷᠤᠨ ᠰᠠᠭᠤᠴᠠ ᠶᠢᠨ ᠬᠤᠷᠢᠶᠠᠨ ᠲᠠᠲᠠᠪᠤᠷᠢᠯᠠᠯᠲᠠ ᠦᠨᠳᠦᠰᠦᠨ ᠳᠡᠭᠡᠨ | ᠳᠠᠭᠤᠰᠴᠤ᠂ ᠰᠡᠬᠦᠯ ᠬᠤᠷᠢᠶᠠᠬᠤ ᠠᠵᠢᠯ ᠶᠠᠭ ᠶᠠᠪᠤᠭᠳᠠᠵᠤ ᠪᠠᠶᠢᠨ᠎ᠠ᠃ ᠰᠢ ᠴᠧᠩ᠂ ᠰᠢ ᠨᠠᠨ ᠳ᠋ᠢ᠂ ᠴᠢᠶᠤᠤ ᠪᠸᠢ | ᠪᠦᠯᠦᠭᠲᠦ ᠴᠤᠭᠴᠠ ᠶᠢᠨ ᠭᠤᠷᠪᠠᠳᠤᠭᠠᠷ ᠬᠤᠭᠤᠴᠠᠭ᠎ᠠ ︵ᠬᠠᠳᠠᠨᠬᠤᠰᠢᠭᠤ ᠶᠢᠨ ᠬᠡᠰᠡᠭ︶᠂ ᠳ᠋ᠦᠩ ᠴᠧᠩ ᠤᠨ | ᠨᠢᠭᠡᠳᠦᠭᠡᠷ ᠬᠤᠭᠤᠴᠠᠭ᠎ᠠ ᠳᠦᠷᠪᠡᠨ ᠶᠡᠭᠡ ᠬᠡᠰᠡᠭ ᠤᠷᠤᠨ ᠤ ᠬᠤᠷᠢᠶᠠᠨ ᠲᠠᠲᠠᠪᠤᠷᠢᠯᠠᠬᠤ ᠠᠵᠢᠯ ᠢ ᠪᠦᠬᠦ ᠲᠠᠯ᠎ᠠ ᠪᠠᠷ | ᠡᠬᠢᠯᠡᠭᠦᠯᠪᠡ᠃ ᠪᠤᠰᠤᠳ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠤᠷᠢᠶᠠᠨ | ᠲᠠᠲᠠᠪᠤᠷᠢᠯᠠᠬᠤ ᠠᠵᠢᠯ ᠢᠵᠢᠯ ᠠᠯᠬᠤᠮ ᠢᠶᠠᠷ ᠶᠠᠪᠤᠭᠳᠠᠪᠠ︔ ᠵᠠᠮ ᠱᠤᠭᠤᠮ᠂ ᠵᠠᠮ ᠲᠡᠭᠡᠭᠡᠪᠦᠷᠢ ᠶᠢᠨ ᠲᠠᠯ᠎ᠠ ᠪᠠᠷ᠂ | ᠲᠢᠶᠧ ᠨᠠᠨ ᠶᠡᠭᠡ ᠵᠡᠭᠡᠯᠢ᠂ ᠸᠧᠨ ᠯᠢᠶᠡᠨ ᠶᠡᠭᠡ ᠵᠡᠭᠡᠯᠢ᠂ ᠬᠤᠲᠠ ᠶᠢᠨ ᠡᠮᠦᠨᠡᠬᠢ ᠪᠤᠰᠤᠭ᠎ᠠ ᠰᠤᠯᠪᠢᠴᠠᠲᠦ ᠬᠦᠭᠦᠷᠭᠡ᠂ | ᠤᠴᠢ ᠵᠠᠮ ᠤᠨ ᠶᠡᠭᠡ ᠬᠦᠭᠦᠷᠭᠡ᠂ ᠬᠤᠩ ᠰᠢᠩ ᠵᠠᠮ ᠤᠨ ᠬᠦᠭᠦᠷᠭᠡᠨ ᠤ ᠡᠮᠦᠨᠡᠬᠢ ᠬᠦᠭᠦᠷᠭᠡ ᠤᠷᠢᠳ ᠬᠤᠵᠢᠳ | ᠠᠵᠢᠯ ᠳᠠᠭᠤᠰᠤᠨ ᠲᠡᠷᠭᠡ ᠨᠡᠪᠲᠡᠷᠡᠪᠡ᠃ 32 ᠵᠤᠷᠪᠤᠰ ᠵᠡᠭᠡᠯᠢ ᠭᠤᠳᠤᠮ ᠢ ᠦᠭᠡᠷᠡᠴᠢᠯᠡᠨ ᠪᠠᠶᠢᠭᠤᠯᠵᠤ᠂ 5000 | ᠤᠶᠤᠨᠴᠢ ᠲᠡᠷᠭᠡᠨ ᠵᠤᠭᠰᠤᠭᠠᠯ ᠢ ᠰᠢᠨ᠎ᠡ ᠪᠠᠷ ᠪᠠᠶᠢᠭᠤᠯᠪᠠ︔ ᠬᠤᠲᠠ ᠶᠢᠨ ᠤᠶᠢᠵᠢᠭᠤᠯᠤᠯᠲᠠ ᠶᠢᠨ ᠲᠠᠯ᠎ᠠ ᠪᠠᠷ᠂ ︽ | ᠬᠤᠶᠠᠷ ᠠᠭᠤᠯᠠ ᠬᠤᠶᠠᠷ ᠴᠡᠴᠡᠷᠯᠢᠭ︾ ᠤᠨ ᠪᠠᠶᠢᠭᠤᠯᠤᠯᠲᠠ ᠶᠢ ᠦᠷᠨᠢᠭᠦᠯᠦᠨ᠂ 3 ᠵᠡᠭᠡᠯᠢ ᠳᠤᠮᠳᠠᠬᠢ ᠴᠡᠴᠡᠷᠯᠢᠭ᠂ | 4 ᠰᠡᠭᠦᠳᠡᠷ ᠭᠠᠵᠠᠷ ᠤᠨ ᠲᠡᠷᠭᠡ ᠵᠤᠭᠰᠤᠭᠠᠬᠤ ᠲᠠᠯᠠᠪᠤᠷ ᠢ ᠰᠢᠨ᠎ᠡ ᠪᠠᠷ ᠪᠠᠶᠢᠭᠤᠯᠵᠤ᠂ 54 ᠵᠤᠷᠪᠤᠰ ᠵᠡᠭᠡᠯᠢ | ᠵᠠᠮ ᠤᠨ ᠬᠠᠵᠠᠭᠤ ᠪᠠᠷ ᠨᠦᠬᠦᠵᠦ ᠤᠶᠢᠵᠢᠭᠤᠯᠤᠨ᠂ 20 ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠵᠤ | ᠤᠶᠢᠵᠢᠭᠤᠯᠤᠨ᠂ 12 ᠵᠤᠷᠪᠤᠰ ᠵᠠᠮ ᠤᠨ ᠬᠠᠵᠠᠭᠤ ᠶᠢᠨ ᠵᠦᠯᠭᠡ ᠶᠢ ᠰᠢᠨ᠎ᠡ ᠪᠠᠷ ᠪᠠ ᠵᠠᠰᠠᠨ ᠤᠶᠢᠵᠢᠭᠤᠯᠵᠤ᠂ | 3760 ᠮᠦ ᠤᠶᠢᠵᠢᠭᠤᠯᠤᠯᠲᠠ ᠶᠢᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠭᠰᠡᠨ ᠪᠠ ᠦᠭᠡᠷᠡᠴᠢᠯᠡᠨ ᠪᠠᠶᠢᠭᠤᠯᠵᠤ᠂ | ᠤᠯᠤᠰ ᠤᠨ ᠳᠡᠰ ᠤᠨ ᠴᠡᠴᠡᠷᠯᠢᠭᠵᠢᠭᠰᠡᠨ ᠬᠤᠲᠠ ᠶᠢᠨ ᠬᠢᠨᠠᠨ ᠰᠢᠯᠭᠠᠯᠲᠠ ᠶᠢ ᠠᠮᠵᠢᠯᠲᠠ ᠲᠠᠢ ᠦᠩᠭᠡᠷᠡᠭᠡᠪᠡ᠃ | ︵ᠲᠠᠪᠤ︶ ᠠᠷᠠᠳ ᠤᠨ ᠠᠮᠢᠳᠤᠷᠠᠯ ᠤᠨ ᠪᠤᠶᠠᠨ ᠭᠡᠰᠢᠭ ᠦᠷᠭᠦᠯᠵᠢᠯᠡᠨ ᠨᠡᠮᠡᠭᠳᠡᠪᠡ᠃ ᠤᠨᠤᠴᠠᠲᠠᠢ ᠪᠠᠷ | ᠶᠠᠳᠠᠭᠤ ᠶᠢ ᠳᠡᠳᠬᠦᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠂ ᠶᠠᠳᠠᠭᠤ ᠪᠠᠷ ᠳᠡᠳᠬᠦᠭᠳᠡᠬᠦ ᠡᠲᠡᠭᠡᠳ ᠢ | ᠤᠨᠤᠪᠴᠢᠲᠠᠢ ᠢᠯᠭᠠᠨ ᠲᠤᠭᠲᠠᠭᠠᠬᠤ ᠪᠠ ᠬᠦᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠤᠨᠳᠤᠤ ᠭᠠᠵᠠᠷ | ᠨᠡᠭᠦᠯᠭᠡᠨ ᠶᠠᠳᠠᠭᠤ ᠶᠢ ᠳᠡᠳᠬᠦᠬᠦ ᠢᠨᠵᠧᠨᠧᠷᠢᠩ ᠪᠦᠬᠦ ᠲᠠᠯ᠎ᠠ ᠪᠠᠷ ᠠᠵᠢᠯ ᠳᠠᠭᠤᠰᠤᠨ᠂ ᠰᠤᠷᠭᠠᠨ ᠬᠦᠮᠦᠵᠢᠯ ᠢᠶᠠᠷ | ᠶᠠᠳᠠᠭᠤ ᠶᠢ ᠳᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ᠂ ᠨᠡᠶᠢᠭᠡᠮ ᠤᠨ ᠪᠠᠲᠤᠯᠠᠭ᠎ᠠ ᠪᠠᠷ ᠳᠤᠤᠷ᠎ᠠ | ᠵᠠᠬ᠎ᠠ ᠶᠢ ᠪᠠᠲᠤᠯᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ︔ ᠨᠡᠶᠢᠭᠡᠮ ᠤᠨ ᠪᠠᠲᠤᠯᠠᠭ᠎ᠠ ᠶᠢ ᠲᠠᠰᠤᠷᠠᠯᠲᠠ ᠦᠭᠡᠢ | ᠨᠡᠮᠡᠭᠳᠡᠭᠦᠯᠦᠨ᠂ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠤᠭᠰᠠᠳ 9150 ᠬᠦᠮᠦᠨ ᠪᠠᠶᠢᠵᠤ᠂ | ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠭᠰᠠᠳ 1.5 ᠲᠦᠮᠡᠨ ᠬᠦᠮᠦᠨ | ᠤᠳᠠᠭ᠎ᠠ ᠬᠦᠷᠪᠡ᠃ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠶᠢᠨ | ᠲᠤᠲᠤᠷ᠎ᠠ ᠬᠢᠵᠠᠭᠠᠷᠯᠠᠪᠠ᠃ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠳ ᠤᠨ ᠶᠡᠷᠦᠩᠬᠡᠢ | ᠲᠤᠭ᠎ᠠ 37.4 ᠲᠦᠮᠡᠨ ᠬᠦᠮᠦᠨ ᠤᠳᠠᠭ᠎ᠠ ᠬᠦᠷᠪᠡ᠃ ᠬᠤᠲᠠ ᠬᠦᠳᠡᠭᠡ ᠶᠢᠨ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ | ᠰᠠᠷ᠎ᠠ ᠪᠦᠷᠢ 585 ᠲᠦᠭᠦᠷᠢᠭ ᠪᠠ 350 ᠲᠦᠭᠦᠷᠢᠭ ᠪᠤᠯᠤᠨ ᠨᠡᠮᠡᠭᠳᠡᠪᠡ᠃ ᠠᠵᠤ ᠠᠬᠤᠶᠢᠯᠠᠯ ᠤᠨ | ᠠᠵᠢᠯᠲᠠᠳ ᠤᠨ ᠨᠠᠰᠤᠵᠢᠯ ᠤᠨ ᠳᠠᠭᠠᠳᠬᠠᠯ ᠪᠤᠯᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠬᠦᠷᠲᠡᠭᠡᠮᠵᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠮᠦᠩᠭᠦ ᠰᠠᠷ᠎ᠠ ᠪᠦᠷᠢ 139 ᠲᠦᠭᠦᠷᠢᠭ ᠨᠡᠮᠡᠭᠳᠡᠨ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠮᠦᠩᠭᠦ ᠶᠢᠨ ᠬᠠᠮᠤᠭ ᠳᠤᠤᠷ᠎ᠠ ᠲᠠᠷᠬᠠᠭᠠᠬᠤ ᠪᠠᠷᠢᠮᠵᠢᠶ᠎ᠠ ᠶᠢ | ᠬᠦᠮᠦᠨ ᠪᠦᠷᠢ ᠰᠠᠷ᠎ᠠ ᠪᠦᠷᠢ ᠶᠢᠨ 110 ᠲᠦᠭᠦᠷᠢᠭ ᠪᠤᠯᠭᠠᠨ ᠳᠡᠭᠡᠭᠰᠢᠯᠡᠭᠦᠯᠪᠡ᠃ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠯᠠᠪᠳᠠᠭᠤᠨ | ᠠᠬᠢᠭᠤᠯᠪᠠ᠃ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠢᠳᠡᠪᠬᠢᠲᠡᠢ | ᠲᠦᠭᠡᠮᠡᠯᠵᠢᠭᠦᠯᠦᠨ᠂ ᠨᠢᠭᠡ ᠺᠠᠷᠲ ᠢᠶᠠᠷ ᠳ᠋ᠦᠩᠨᠡᠨ ᠪᠤᠳᠤᠬᠤ ᠰᠦᠯᠵᠢᠶ᠎ᠡ ᠶᠢ ᠪᠠᠶᠢᠭᠤᠯᠵᠤ᠂ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ︔ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠱᠠᠲᠤ ᠬᠤᠪᠢᠶᠠᠨ ᠡᠮᠴᠢᠯᠡᠬᠦ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠤᠳᠤᠬᠠᠨ ᠪᠤᠯᠲᠠᠯ᠎ᠠ 1095 ᠬᠦᠮᠦᠨ ᠢ ᠳᠡᠭᠡᠭᠰᠢ ᠰᠢᠯᠵᠢᠭᠦᠯᠦᠨ ᠡᠮᠴᠢᠯᠡᠵᠦ᠂ | 102 ᠬᠦᠮᠦᠨ ᠢ ᠳᠤᠷᠤᠭᠰᠢ ᠰᠢᠯᠵᠢᠭᠦᠯᠦᠨ ᠡᠮᠴᠢᠯᠡᠪᠡ᠃ ᠬᠤᠶᠠᠳᠤᠭᠠᠷ ᠬᠢᠲᠠᠳ ᠮᠤᠩᠭᠤᠯ ᠡᠮᠨᠡᠯᠭᠡ ᠶᠢᠨ | ᠬᠤᠷᠢᠶᠠᠨ ᠤ ᠲᠦᠷᠦᠯ ᠵᠦᠢᠯ ᠶᠠᠭ ᠪᠠᠷᠢᠯᠭ᠎ᠠ ᠡᠬᠢᠯᠡᠬᠦ ᠭᠠᠷᠳᠠᠮ ᠢᠶᠠᠨ ᠭᠦᠢᠴᠡᠳᠬᠡᠵᠦ ᠪᠠᠶᠢᠨ᠎ᠠ᠂ ᠬᠤᠩ ᠱᠠᠨ | ᠲᠤᠭᠤᠷᠢᠭ ᠤᠨ ᠡᠬᠡ ᠨᠢᠯᠬᠠᠰ ᠤᠨ ᠡᠷᠡᠭᠦᠯᠵᠢᠯ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠦᠪ ᠤᠨ | ᠦᠭᠡᠷᠡᠴᠢᠯᠡᠨ ᠪᠠᠶᠢᠭᠤᠯᠤᠯᠲᠠ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ ᠶᠠᠭ ᠭᠡᠷ ᠲᠤᠲᠤᠷᠠᠬᠢ ᠶᠢ ᠵᠠᠰᠠᠵᠤ | ᠴᠢᠮᠡᠵᠦ ᠪᠠᠶᠢᠨ᠎ᠠ︔ ᠰᠤᠶᠤᠯ ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠡᠮᠬᠢ ᠲᠢᠭᠯᠢᠮ ᠲᠠᠢ | ᠦᠷᠨᠢᠭᠦᠯᠦᠨ᠂ ᠡᠯ ᠳ᠋ᠤᠤ ᠵᠢᠩᠽᠢ ᠶᠢᠨ ᠪᠠᠭᠤᠷᠢ ᠶᠢᠨ ᠦᠵᠡᠭᠦᠯᠭᠡ ᠶᠢᠨ ᠤᠷᠳᠤᠨ ᠪᠠ ᠬᠤᠩ ᠱᠠᠨ ᠲᠤᠭᠤᠷᠢᠭ ᠤᠨ | ᠰᠤᠶᠤᠯ ᠤᠨ ᠠᠵᠢᠯᠯᠠᠭᠠᠨ ᠤ ᠲᠦᠪ ᠡᠷᠦᠬᠡ ᠪᠠᠨ ᠰᠡᠬᠦᠵᠦ ᠠᠰᠢᠭᠯᠠᠯᠲᠠ ᠳᠤ ᠤᠷᠤᠵᠦ᠂ ᠬᠤᠩ ᠱᠠᠨ ᠰᠤᠶᠤᠯ | ᠦᠵᠡᠭᠦᠯᠭᠡ ᠶᠢᠨ ᠲᠦᠪ ᠤᠨ ᠭᠤᠤᠯ ᠴᠤᠭᠴᠠ ᠨᠢ ᠠᠵᠢᠯ ᠳᠠᠭᠤᠰᠴᠤ᠂ ᠨᠡᠶᠢᠭᠡᠮ ᠲᠤᠭᠤᠷᠢᠭ ᠤᠨ ᠲᠠᠮᠢᠷ ᠤᠨ | ᠲᠦᠬᠦᠭᠡᠷᠦᠮᠵᠢ ᠲᠠᠰᠤᠷᠠᠯᠲᠠ ᠦᠭᠡᠢ ᠪᠦᠷᠢᠨᠰᠢᠪᠡ︔ ᠰᠤᠷᠭᠠᠨ ᠬᠦᠮᠦᠵᠢᠯ ᠤᠨ ᠪᠡᠯᠡ ᠤᠷᠤᠭᠤᠯᠤᠯᠲᠠ ᠶᠢ | ᠦᠷᠭᠦᠯᠵᠢᠯᠡᠨ ᠨᠡᠮᠡᠭᠳᠡᠭᠦᠯᠵᠦ᠂ ᠬᠦᠳᠡᠭᠡ ᠲᠤᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠦᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠪᠦᠬᠦ ᠲᠠᠯ᠎ᠠ ᠪᠠᠷ ᠠᠵᠢᠯ ᠳᠠᠭᠤᠰᠪᠠ᠃ 6 ᠰᠠᠭᠤᠷᠢ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠵᠠᠰᠠᠵᠤ᠂ ᠳᠦᠷᠪᠡᠳᠦᠭᠡᠷ ᠪᠠᠭ᠎ᠠ | ᠰᠤᠷᠭᠠᠭᠤᠯᠢ ᠠᠰᠢᠭᠯᠠᠯᠲᠠ ᠳᠤ ᠤᠷᠤᠨ᠂ ᠠᠷᠪᠠᠨ ᠨᠠᠢᠮᠠᠳᠤᠭᠠᠷ ᠪᠠᠭ᠎ᠠ ᠰᠤᠷᠭᠠᠭᠤᠯᠢ ᠶᠢᠨ ᠭᠤᠤᠯ ᠴᠤᠭᠴᠠ ᠠᠵᠢᠯ | ᠳᠠᠭᠤᠰᠴᠤ᠂ ᠪᠤᠰᠤᠳ ᠰᠤᠷᠭᠠᠨ ᠬᠦᠮᠦᠵᠢᠯ ᠤᠨ ᠲᠦᠷᠦᠯ ᠵᠦᠢᠯ ᠡᠮᠬᠢ ᠴᠡᠭᠴᠡᠲᠡᠢ ᠠᠬᠢᠭᠤᠯᠤᠭᠳᠠᠵᠤ ᠪᠤᠢ᠃ | ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠬᠡᠪ ᠵᠠᠭᠪᠤᠷ ᠢ ᠬᠡᠷᠡᠭᠵᠢᠭᠦᠯᠦᠨ᠂ ᠤᠳᠤᠬᠠᠨ ᠪᠤᠯᠲᠠᠯ᠎ᠠ ᠨᠢᠭᠡᠨᠲᠡ 6 | ᠰᠤᠷᠭᠠᠨ ᠬᠦᠮᠦᠵᠢᠯ ᠤᠨ ᠪᠦᠯᠦᠭᠯᠡᠯ ᠢ ᠵᠤᠬᠢᠶᠠᠨ ᠪᠠᠶᠢᠭᠤᠯᠪᠠ᠃ ᠤᠳᠤ ᠲᠤᠷᠰᠢᠯᠲᠠ ᠶᠢᠨ ᠪᠠᠭ᠎ᠠ ᠰᠤᠷᠭᠠᠭᠤᠯᠢ᠂ | ᠨᠢᠭᠡᠳᠦᠭᠡᠷ ᠪᠠᠭ᠎ᠠ ᠰᠤᠷᠭᠠᠭᠤᠯᠢ᠂ ᠠᠷᠪᠠᠨ ᠳᠤᠯᠤᠳᠤᠭᠠᠷ ᠪᠠᠭ᠎ᠠ ᠰᠤᠷᠭᠠᠭᠤᠯᠢ᠂ ᠵᠤᠤ ᠤᠳᠠ ᠪᠠᠭ᠎ᠠ | ᠰᠤᠷᠭᠠᠭᠤᠯᠢ ᠶᠢᠨ ᠰᠤᠷᠭᠠᠨ ᠬᠦᠮᠦᠵᠢᠯ ᠤᠨ ᠪᠦᠯᠦᠭᠯᠡᠯ ᠶᠠᠭ ᠰᠠᠶᠢᠬᠠᠨ ᠬᠡᠪ ᠤᠨ ᠶᠤᠰᠤᠭᠠᠷ ᠠᠵᠢᠯᠯᠠᠵᠦ ᠪᠤᠢ︔ | ᠠᠶᠦᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠤᠭᠲᠠᠭᠤᠨ᠂ ᠠᠶᠦᠯᠭᠦᠢ ᠦᠢᠯᠡᠳᠪᠦᠷᠢᠯᠡᠯ ᠤᠨ ︽ᠨᠠᠮ | ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢᠨ ᠳᠤ ᠬᠤᠤᠰ ᠬᠠᠷᠢᠭᠤᠴᠠᠯᠭ᠎ᠠ ᠲᠠᠢ︾ ᠪᠠᠶᠢᠬᠤ ᠪᠠ ᠠᠵᠤ | ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ | ᠠᠶᠦᠯᠭᠦᠢ ᠦᠢᠯᠡᠳᠪᠦᠷᠢᠯᠡᠯ ᠤᠨ 1+8 ᠳᠦᠷᠢᠮ ᠤᠨ ᠰᠢᠰᠲ᠋ᠧᠮ ᠢ ᠪᠠᠶᠢᠭᠤᠯᠵᠤ᠂ ᠠᠶᠦᠯᠭᠦᠢ ᠦᠢᠯᠡᠳᠪᠦᠷᠢᠯᠡᠯ ᠤᠨ | ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠤᠨ ᠪᠤᠯᠤᠨ ᠠᠷᠪᠠᠨ ᠶᠡᠭᠡ ᠭᠤᠤᠯᠳᠠᠯᠭ᠎ᠠ ᠲᠠᠢ ᠠᠵᠤ ᠦᠢᠯᠡᠰ ᠤᠨ | ᠲᠤᠰᠬᠠᠢ ᠴᠡᠭᠴᠡᠯᠡᠯᠲᠡ ᠶᠢᠨ ᠠᠵᠢᠯᠯᠠᠭᠠᠨ ᠢ ᠪᠠᠲᠤᠲᠠᠢ ᠦᠷᠨᠢᠭᠦᠯᠵᠦ᠂ ᠠᠶᠦᠯᠭᠦᠢ ᠦᠢᠯᠡᠳᠪᠦᠷᠢᠯᠡᠯ ᠤᠨ ᠠᠳᠡᠯ | ᠪᠤᠯᠤᠨ ᠠᠳᠡᠭᠰᠡᠨ ᠬᠦᠮᠦᠨ ᠤ ᠲᠤᠭ᠎ᠠ ᠶᠢ ᠲᠤᠰᠪᠤᠷᠢ 40% ᠪᠠ 75% ᠪᠠᠷ ᠳᠤᠷᠤᠭᠰᠢᠯᠠᠭᠤᠯᠪᠠ᠃ | ︵ᠵᠢᠷᠭᠤᠭ᠎ᠠ︶ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠠᠮ ᠤᠨ ᠤᠯᠤᠰ ᠲᠦᠷᠦ ᠶᠢᠨ | ᠰᠠᠬᠢᠯᠭ᠎ᠠ ᠪᠠᠲᠤ ᠪᠠ ᠤᠯᠤᠰ ᠲᠦᠷᠦ ᠶᠢᠨ ᠳᠦᠷᠢᠮ ᠢ ᠴᠢᠩᠭ᠎ᠠ ᠰᠠᠬᠢᠵᠤ᠂ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠪ ᠪᠠ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠵᠤ ᠲᠤᠰᠬᠠᠭᠰᠠᠨ ᠰᠠᠨᠠᠯ ᠢ ᠨᠠᠷᠢᠨ | ᠬᠢᠨᠠᠮᠠᠭᠠᠢ ᠴᠡᠭᠴᠡᠯᠡᠨ ᠦᠭᠡᠷᠡᠴᠢᠯᠡᠵᠦ ᠨᠠᠶᠢᠳᠠᠪᠤᠷᠢᠵᠢᠭᠤᠯᠤᠨ᠂ ︽ᠬᠤᠶᠠᠷ ᠢ ᠰᠤᠷᠤᠯᠴᠠᠨ᠂ ᠬᠢᠷᠢ ᠲᠡᠩᠴᠡᠭᠰᠡᠨ | ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ | ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠶᠢ ᠢᠮᠠᠭᠲᠠ ᠨᠠᠶᠢᠳᠠᠪᠤᠷᠢᠵᠢᠭᠤᠯᠤᠨ᠂ ᠰᠤᠷᠲᠠᠯ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ | ᠤᠬᠠᠮᠰᠠᠷ ᠠᠴᠠ ᠪᠠᠨ ᠠᠵᠢᠯ ᠤᠨ ᠮᠡᠳᠡᠭᠦᠯᠦᠯᠲᠡ ᠬᠢᠵᠦ᠂ ᠤᠯᠤᠰ ᠲᠦᠷᠦ ᠶᠢᠨ ᠵᠦᠪᠯᠡᠯᠭᠡᠨ ᠳᠤ ᠪᠠᠶᠢᠳᠠᠯ ᠢᠶᠠᠨ | ᠮᠡᠳᠡᠭᠳᠡᠪᠡ᠃ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠂ ᠬᠢᠨᠠᠨ ᠪᠤᠳᠤᠯᠲᠠ ᠶᠢᠨ ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ | ᠴᠢᠭᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ︽ᠭᠤᠷᠪᠠ ᠶᠢ ᠠᠳᠠᠯᠢᠳᠬᠠᠨ᠂ | ᠨᠢᠭᠡ ᠶᠢ ᠴᠡᠭᠴᠡᠯᠡᠬᠦ︾ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠠᠷᠢᠭᠤᠨ ᠴᠢᠭᠡᠴᠢ ᠠᠵᠢᠯᠴᠢ ᠪᠤᠷᠤᠭᠵᠢᠭᠤᠨ | ᠦᠨᠡᠨ ᠢ ᠡᠷᠬᠢᠮᠯᠡᠬᠦ ᠦᠨᠳᠦᠷ ᠪᠦᠳᠦᠮᠵᠢᠲᠦ ᠵᠠᠰᠠᠭ ᠤᠨ ᠤᠷᠳᠤᠨ ᠤ ᠳᠦᠷᠢ ᠳᠦᠷᠬᠦ ᠶᠢ ᠪᠤᠢ ᠪᠤᠯᠭᠠᠪᠠ᠃ | ᠬᠤᠶᠠᠷ᠂ 2018 ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠵᠢᠱᠢᠭᠰᠡᠨ ᠬᠠᠷᠠᠯᠲᠠ ᠪᠤᠯᠤᠨ | ᠭᠤᠤᠯ ᠡᠭᠦᠷᠭᠡ | 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠤᠨ᠂ ᠦᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ | ᠤᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠡᠭᠡ ᠢᠯᠠᠯᠲᠠ ᠶᠢ ᠤᠯᠬᠤ᠂ ︽ᠠᠷᠪᠠᠨ | ᠭᠤᠷᠪᠠᠳᠤᠭᠠᠷ ᠲᠠᠪᠤᠨ ᠵᠢᠯ ︾ ᠤᠨ ᠲᠦᠯᠦᠪᠵᠢᠭᠦᠯᠭᠡ ᠶᠢ ᠵᠠᠯᠭᠠᠨ ᠤᠯᠠᠮᠵᠢᠯᠠᠬᠤ ᠵᠠᠩᠭᠢᠯᠠᠭ᠎ᠠ ᠶᠢᠨ ᠨᠢᠭᠡ ᠵᠢᠯ | ᠪᠤᠯᠤᠨ᠎ᠠ᠃ ᠪᠦᠬᠦ ᠲᠤᠭᠤᠷᠢᠭ ᠢᠶᠠᠷ ᠢᠶᠠᠨ ᠡᠷᠬᠡᠪᠰᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠰᠢᠨ᠎ᠡ ᠶᠢ ᠡᠭᠦᠳᠬᠦ᠂ ᠵᠤᠬᠢᠴᠡᠩᠭᠤᠢ᠂ ᠪᠤᠬᠢᠷᠳᠦᠯ ᠦᠭᠡᠢ᠂ ᠨᠡᠭᠡᠭᠡᠯᠲᠡᠲᠦ᠂ ᠬᠠᠮᠲᠤᠪᠡᠷ ᠡᠳ᠋ᠯᠡᠬᠦ | ᠬᠦᠭᠵᠢᠯᠲᠡ ᠶᠢᠨ ᠤᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠦᠨᠳᠦᠰᠦᠨ ᠰᠡᠳᠬᠢᠮᠵᠢ ᠶᠢ ᠪᠠᠷᠢᠮᠲᠠᠯᠠᠨ᠂ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠬᠤ | ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ | ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠤᠭᠤᠮ | ᠪᠤᠯᠭᠠᠨ᠂ ᠲᠤᠭᠲᠠᠭᠤᠨ ᠨᠡᠮᠡᠭᠳᠡᠭᠦᠯᠵᠦ᠂ ᠦᠭᠡᠷᠡᠴᠢᠯᠡᠯᠲᠡ ᠶᠢ ᠠᠬᠢᠭᠤᠯᠤᠨ᠂ ᠪᠦᠲᠦᠴᠡ ᠶᠢ ᠲᠤᠬᠢᠷᠠᠭᠤᠯᠵᠤ᠂ | ᠠᠷᠠᠳ ᠲᠤ ᠠᠰᠢᠭ ᠬᠦᠷᠲᠡᠭᠡᠨ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠭᠦᠨᠵᠡᠭᠡᠶᠢᠷᠡᠭᠦᠯᠦᠨ | ᠠᠬᠢᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢ ᠦᠷᠭᠦᠯᠵᠢᠯᠡᠨ ᠡᠷᠡᠭᠦᠯ ᠢᠶᠠᠷ | ᠲᠦᠷᠭᠡᠪᠴᠢᠯᠡᠨ ᠬᠦᠭᠵᠢᠭᠦᠯᠦᠨ᠎ᠡ᠃ | ᠪᠤᠳᠠᠲᠠᠢ ᠲᠠᠢ ᠤᠶᠠᠯᠳᠤᠭᠤᠯᠤᠨ᠂ ᠮᠠᠨ ᠤ ᠲᠤᠭᠤᠷᠢᠭ ᠤᠨ 2018 ᠤᠨ ᠤ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ | — — ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ 7.5% ᠤᠷᠴᠢᠮ︔ | — — ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠶᠢᠨ ᠨᠡᠮᠡᠭᠳᠡᠯ 6% ᠤᠷᠴᠢᠮ︔ | — — 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ | ᠪᠡᠯᠡ ᠤᠷᠤᠭᠤᠯᠤᠯᠲᠠ ᠶᠢᠨ ᠨᠡᠮᠡᠭᠳᠡᠯ 9% ᠤᠷᠴᠢᠮ︔ | — — ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭᠠᠨ ᠤ | ᠨᠡᠮᠡᠭᠳᠡᠯ 8.5% ᠤᠷᠴᠢᠮ︔ | — — ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ | ᠡᠵᠡᠮᠳᠡᠵᠦ ᠪᠤᠯᠬᠤᠶᠢᠴᠠ ᠤᠷᠤᠯᠭ᠎ᠠ ᠪᠤᠯᠤᠨ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢᠨ ᠨᠡᠮᠡᠭᠳᠡᠯ ᠴᠦᠮ 8% ᠤᠷᠴᠢᠮ︔ | — — ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠤᠯᠤᠭᠰᠠᠳ 9000 ᠬᠦᠮᠦᠨ ᠠᠴᠠ | ᠳᠡᠭᠡᠭᠰᠢ ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠶᠢᠨ | ᠲᠤᠲᠤᠷ᠎ᠠ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂ ᠳᠤᠤᠷᠠᠬᠢ ᠠᠵᠢᠯ ᠤᠳ ᠢ | ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄ | ︵ᠨᠢᠭᠡ︶ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ ᠶᠡᠷᠦᠩᠬᠡᠶᠢᠯᠡᠭᠰᠡᠨ | ᠪᠤᠳᠠᠲᠤ ᠬᠦᠴᠦᠨ ᠢ ᠴᠢᠩᠭᠠᠷᠠᠭᠤᠯᠤᠨ᠎ᠠ | ᠲᠠᠷᠢᠶᠠᠯᠠᠩ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ᠎ᠡ᠃ | ᠬᠦᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠬᠤᠩ ᠱᠠᠨ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠪᠠᠷ ᠲᠠᠪᠴᠠᠩ ᠪᠤᠯᠭᠠᠵᠤ᠂ ᠲᠠᠷᠢᠶᠠᠯᠠᠩ ᠭᠦᠳᠡᠭᠡ | ᠲᠤᠰᠬᠤᠨ ᠤ ᠤᠳᠤᠬᠢᠴᠢᠯᠠᠯᠲᠠ ᠶᠢ ᠲᠦᠷᠭᠡᠪᠴᠢᠯᠡᠨ ᠠᠬᠢᠭᠤᠯᠤᠨ᠎ᠠ᠃ ᠤᠨᠴᠠᠯᠢᠭᠲᠤ ᠲᠠᠷᠢᠶᠠᠯᠠᠩ᠂ ᠤᠷᠤᠨ | ᠨᠤᠲᠤᠭ ᠤᠨ ᠵᠠᠩ ᠵᠠᠩᠰᠢᠯ᠂ ᠲᠡᠦᠬᠡ ᠶᠢᠨ ᠦᠯᠡᠳᠡᠭᠳᠡᠯ ᠵᠡᠷᠭᠡ ᠡᠬᠢ ᠪᠠᠶᠠᠯᠢᠭ ᠲᠤ ᠲᠦᠰᠢᠭᠯᠡᠨ᠂ ᠲᠠᠷᠢᠶᠠᠯᠠᠩ | ᠪᠤᠯᠤᠨ ᠵᠢᠭᠤᠯᠴᠢᠯᠠᠯ᠂ ᠡᠷᠡᠭᠦᠯᠵᠢᠯ ᠨᠠᠰᠤᠵᠢᠯ ᠤᠨ ᠠᠰᠠᠷᠠᠮᠵᠢ᠂ ᠰᠤᠶᠤᠯ᠂ ᠲᠠᠮᠢᠷ ᠵᠡᠷᠭᠡ ᠠᠵᠤ ᠦᠢᠯᠡᠰ ᠲᠠᠢ | ᠭᠦᠨᠵᠡᠭᠡᠢ ᠠᠭᠤᠰᠤᠯᠴᠠᠨ ᠬᠦᠭᠵᠢᠭᠦᠯᠬᠦ ᠶᠢ ᠠᠬᠢᠭᠤᠯᠤᠨ᠎ᠠ᠃ ︽ᠨᠢᠭᠡ ᠬᠤᠩᠭᠢᠯ ᠭᠤᠷᠪᠠᠨ ᠲᠤᠭᠤᠷᠢᠭ ᠤᠯᠠᠨ | ᠬᠦᠷᠢᠶᠡᠯᠡᠩ ᠨᠢᠭᠡ ᠰᠠᠭᠤᠷᠢᠨ᠂ ᠬᠤᠶᠠᠷ ᠲᠤᠭᠤᠷᠢᠯ ᠬᠤᠶᠠᠷ ᠪᠦᠰᠡ ᠭᠤᠷᠪᠠᠨ ᠲᠦᠪ ᠤᠯᠠᠨ ᠦᠵᠡᠮᠵᠢ ᠶᠢᠨ ᠴᠡᠭ︾ | ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠤᠷᠤᠨ ᠵᠠᠢ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ | ᠪᠦᠲᠦᠭᠡᠯᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠤᠷᠤᠨ᠂ ᠰᠤᠶᠤᠯ ᠵᠢᠭᠤᠯᠴᠢᠯᠠᠯ ᠦᠵᠡᠮᠵᠢ ᠰᠤᠨᠢᠷᠬᠠᠬᠤ ᠤᠷᠤᠨ | ᠰᠡᠯᠡᠭᠦᠴᠡᠬᠦ ᠤᠷᠤᠨ᠂ ᠬᠦᠳᠡᠭᠡ ᠲᠤᠰᠬᠤᠨ ᠤ ᠵᠠᠩ ᠵᠠᠩᠰᠢᠯ ᠤᠨ ᠦᠢᠯᠠᠭᠠᠯᠲᠠ ᠶᠢᠨ ᠤᠷᠤᠨ ᠢ ᠪᠠᠶᠢᠭᠤᠯᠵᠤ᠂ ᠳᠡᠰ | ᠳᠠᠪᠬᠤᠷᠭ᠎ᠠ ᠨᠢ ᠪᠤᠰᠤᠭ᠎ᠠ ᠴᠤᠭᠴᠠᠲᠤ᠂ ᠠᠵᠤ ᠦᠢᠯᠡᠰ ᠤᠨ ᠲᠦᠯᠦᠪ ᠤᠯᠠᠨ ᠡᠰᠢᠴᠢᠯᠡᠭᠰᠡᠨ ᠬᠦᠳᠡᠭᠡ ᠲᠤᠰᠬᠤᠨ ᠤ | ᠶᠡᠷᠦᠩᠬᠡᠶᠢᠯᠡᠭᠰᠡᠨ ᠴᠤᠭᠴᠠ ᠶᠢᠨ ᠠᠵᠤ ᠦᠢᠯᠡᠰ ᠤᠨ ᠲᠤᠯᠭᠠᠭᠤᠷᠢ ᠰᠢᠰᠲ᠋ᠧᠮ ᠢ ᠴᠤᠭᠴᠠᠯᠠᠨ᠂ ᠲᠠᠷᠢᠶᠠᠯᠠᠩ ᠤᠨ | ᠭᠠᠷᠤᠯᠲᠠ ᠶᠢᠨ ᠨᠡᠮᠡᠭᠳᠡᠯ᠂ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ᠂ ᠬᠦᠳᠡᠭᠡ ᠲᠤᠰᠬᠤᠨ ᠤ ᠬᠦᠭᠵᠢᠯᠲᠡ ᠳᠤ | ᠰᠢᠨ᠎ᠡ ᠬᠦᠳᠡᠯᠭᠡᠭᠴᠢ ᠬᠦᠴᠦᠨ ᠢ ᠬᠠᠩᠭᠠᠬᠤ ᠶᠢ ᠠᠬᠢᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠠᠬᠢᠴᠠ ᠶᠢ ᠲᠦᠷᠭᠡᠳᠬᠡᠨ᠎ᠡ᠃ ᠬᠤᠲᠠ | ᠲᠤᠭᠤᠷᠢᠭ ᠤᠨ ᠶᠡᠷᠦᠩᠬᠡᠢ ᠲᠦᠯᠦᠪᠵᠢᠭᠦᠯᠭᠡ ᠪᠤᠯᠤᠨ ᠠᠵᠤ ᠦᠢᠯᠡᠰ ᠤᠨ ᠪᠠᠶᠢᠷᠢᠯᠠᠭᠤᠯᠤᠯᠲᠠ ᠶᠢ ᠶᠡᠷᠦᠩᠬᠡᠶᠢᠯᠡᠨ᠂ | ᠡᠯ᠎ᠡ ᠬᠦᠷᠢᠶᠡᠯᠡᠩ ᠲᠤᠭᠤᠷᠢᠭ ᠤᠨ ᠵᠠᠰᠠᠨ ᠲᠡᠭᠦᠯᠳᠡᠷᠵᠢᠭᠦᠯᠦᠭᠰᠡᠨ ᠬᠦᠭᠵᠢᠯᠲᠡ ᠶᠢᠨ ᠲᠦᠯᠦᠪᠵᠢᠭᠦᠯᠭᠡ ᠶᠢ | ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠠᠵᠤ ᠦᠢᠯᠡᠰ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ | ᠴᠢᠳᠠᠮᠵᠢ ᠶᠢ ᠲᠤᠬᠢᠷᠠᠭᠤᠯᠵᠤ᠂ ᠬᠦᠷᠢᠶᠡᠯᠡᠩ ᠲᠤᠭᠤᠷᠢᠭ ᠤᠨ ᠠᠴᠢᠶᠠᠯᠠᠬᠤ ᠴᠢᠳᠠᠪᠤᠷᠢ᠂ ᠦᠷᠢᠰᠦᠯᠳᠦᠬᠦ ᠴᠢᠳᠠᠪᠤᠷᠢ | ᠪᠤᠯᠤᠨ ᠨᠦᠭᠡᠴᠡ ᠬᠦᠭᠵᠢᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠦᠷᠢᠶᠡᠯᠡᠩ | ᠲᠤᠭᠤᠷᠢᠭ ᠤᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠲᠤᠭᠤᠷᠢᠭ ᠤᠨ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠲᠤᠬᠢᠷᠠᠭᠤᠯᠵᠤ᠂ ᠤᠳᠤᠬᠢᠴᠢᠯᠠᠭᠰᠠᠨ ᠠᠵᠤ | ᠦᠢᠯᠡᠰ ᠤᠨ ᠬᠦᠷᠢᠶᠡᠯᠡᠩ ᠲᠤᠭᠤᠷᠢᠭ ᠢ ᠪᠠᠶᠢᠭᠤᠯᠤᠨ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠤᠭᠤᠷᠢᠭ ᠪᠤᠯᠤᠨ ᠳᠡᠰ ᠳᠡᠪᠰᠢᠬᠦ ᠶᠢ ᠪᠠᠲᠤᠯᠠᠨ᠎ᠠ᠃ ᠶᠤᠸᠠᠨ ᠯᠢᠶᠠᠨ ᠪᠤᠯᠤᠳ | ᠲᠡᠮᠦᠷ ᠤᠨ ᠦᠢᠯᠡᠳᠪᠦᠷᠢ ᠶᠢᠨ ᠦᠨᠳᠦᠷ ᠳᠤᠯᠠᠭᠠᠨ ᠤ ᠵᠤᠤᠬ᠎ᠠ ᠶᠢ ᠰᠢᠨ᠎ᠡ ᠪᠠᠷ ᠪᠠᠶᠢᠭᠤᠯᠤᠨ᠂ ᠡᠷᠭᠢᠭᠦᠯ ᠵᠤᠤᠬ᠎ᠠ | ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠮᠡᠷᠭᠡᠵᠢᠯ ᠤᠨ ᠰᠢᠨᠡᠴᠢᠯᠡᠯᠲᠡ ᠶᠢ ᠠᠬᠢᠭᠤᠯᠤᠨ᠂ | ᠬᠤᠴᠤᠷᠤᠩᠭᠤᠢ ᠦᠢᠯᠡᠳᠪᠦᠷᠢᠯᠡᠯ ᠤᠨ ᠴᠢᠳᠠᠮᠵᠢ ᠶᠢ ᠲᠦᠷᠭᠡᠪᠴᠢᠯᠡᠨ ᠤᠰᠠᠳᠬᠠᠨ᠎ᠠ᠃ ᠲᠦᠸᠧ ᠵᠢᠶᠠ ᠡᠯᠧᠺᠲᠷᠤᠨ | ᠰᠤᠷᠠᠭ ᠵᠠᠩᠭᠢ ᠶᠢᠨ ᠠᠵᠤ ᠦᠢᠯᠡᠰ ᠤᠨ ᠬᠦᠷᠢᠶᠡᠯᠡᠩ ᠪᠤᠯᠤᠨ ᠲᠠᠢ ᠯᠢᠩ ᠬᠠᠢ ᠴᠤᠸᠠᠩ ᠠᠮᠢᠳᠤ ᠪᠤᠳᠠᠰ ᠤᠨ | ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠤᠨ᠂ ᠡᠯᠧᠺᠲᠷᠤᠨ | ᠰᠤᠷᠠᠭ ᠵᠠᠩᠭᠢ᠂ ᠤᠶᠤᠨᠴᠢ ᠦᠵᠦᠭᠦᠷ ᠦᠢᠯᠡᠳᠬᠦ ᠪᠠ ᠠᠮᠢᠳᠤ ᠪᠤᠳᠠᠰ ᠤᠨ ᠡᠮᠴᠢᠯᠡᠭᠡ ︵ᠡᠮ ᠡᠮᠨᠡᠯᠭᠡ︶ ᠵᠡᠷᠭᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠳᠡᠭᠡᠳᠦ ᠰᠢᠨ᠎ᠡ ᠲᠤᠭᠤᠷᠢᠭ | ᠲᠡᠰᠢ ᠤᠯᠠᠮ ᠨᠢᠭᠡ ᠠᠯᠬᠤᠮ ᠲᠦᠪᠯᠡᠷᠡᠭᠦᠯᠬᠦ ᠶᠢ ᠪᠡᠶᠡᠯᠡᠭᠦᠯᠦᠨ᠎ᠡ᠃ ᠦᠩᠭᠡᠲᠦ ᠲᠡᠮᠦᠷᠯᠢᠭ ᠤᠨ ᠰᠤᠳᠤᠯᠭᠠᠨ ᠤ | ᠬᠦᠷᠢᠶᠡᠯᠡᠩ᠂ ᠵᠦᠩ ᠰᠧᠨ ᠤᠶᠤᠨᠴᠢ ᠴᠢᠳᠠᠮᠵᠢ᠂ ᠳ᠋ᠦᠩ ᠰᠧᠨ ᠲᠦᠬᠦᠭᠡᠷᠦᠮᠵᠢ ᠪᠤᠯᠤᠨ ᠡᠮ ᠦᠢᠯᠡᠳᠬᠦ ᠠᠵᠤ | ᠠᠬᠤᠶᠢᠯᠠᠯ ᠤᠨ ᠮᠡᠷᠭᠡᠵᠢᠯ ᠤᠨ ᠲᠦᠪ ᠲᠤ ᠲᠦᠰᠢᠭᠯᠡᠨ᠂ ᠳᠠᠪᠠᠭᠤᠯᠢᠭ ᠪᠦᠲᠦᠭᠡᠭᠳᠡᠭᠦᠨ ᠢ ᠳᠠᠭᠤᠷᠢᠶᠠᠨ ᠦᠢᠯᠡᠳᠬᠦ᠂ | ᠤᠨᠴᠠᠯᠢᠭᠲᠤ ᠪᠦᠲᠦᠭᠡᠭᠳᠡᠭᠦᠨ ᠢ ᠰᠢᠨ᠎ᠡ ᠶᠢ ᠡᠭᠦᠳᠬᠦ ᠪᠤᠯᠤᠨ ᠳᠡᠭᠡᠳᠦ ᠳᠡᠰ ᠤᠨ᠂ ᠨᠠᠷᠢᠯᠢᠭ᠂ ᠤᠷᠤᠶᠢᠯᠠᠭᠰᠠᠨ | ᠪᠦᠲᠦᠭᠡᠭᠳᠡᠭᠦᠨ ᠢ ᠰᠤᠳᠤᠯᠤᠨ ᠦᠢᠯᠡᠳᠬᠦ ᠶᠢ ᠦᠷᠨᠢᠭᠦᠯᠦᠨ᠂ ᠤᠯᠠᠨ ᠳᠡᠰ ᠳᠠᠪᠬᠤᠷᠭ᠎ᠠ᠂ ᠤᠯᠠᠨ ᠡᠰᠢᠴᠢᠯᠡᠭᠰᠡᠨ | ᠰᠢᠨ᠎ᠡ ᠶᠢ ᠡᠭᠦᠳᠬᠦ ᠬᠡᠪ ᠵᠠᠭᠪᠤᠷ ᠢ ᠪᠦᠷᠢᠯᠳᠦᠭᠦᠯᠵᠦ᠂ ᠳᠡᠭᠡᠳᠦ ᠰᠢᠨ᠎ᠡ ᠲᠤᠭᠤᠷᠢᠭ ᠤᠨ ᠠᠵᠤ ᠦᠢᠯᠡᠰ ᠤᠨ | ᠪᠤᠯᠪᠠᠰᠤᠷᠠᠭᠤᠯᠬᠤ ᠲᠤᠯᠤᠭᠠᠶᠢᠯᠠᠭᠴᠢ ᠠᠴᠠ ᠠᠵᠤ ᠦᠢᠯᠡᠰ ᠤᠨ ᠰᠢᠨ᠎ᠡ ᠶᠢ ᠡᠭᠦᠳᠬᠦ ᠲᠤᠯᠤᠭᠠᠶᠢᠯᠠᠭᠴᠢ ᠪᠤᠯᠬᠤ ᠶᠢ | ᠪᠡᠶᠡᠯᠡᠭᠦᠯᠦᠨ᠎ᠡ︔ ᠬᠤᠩ ᠱᠠᠨ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ | ᠲᠦᠬᠦᠭᠡᠷᠦᠮᠵᠢ ᠶᠢᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠤᠨ᠂ ᠠᠵᠤ ᠦᠢᠯᠡᠰ ᠤᠨ ᠲᠠᠪᠴᠠᠩ ᠤᠨ | ᠠᠴᠢᠶᠠᠯᠠᠬᠤ ᠬᠦᠴᠦᠨ ᠢ ᠴᠢᠩᠭᠠᠷᠠᠭᠤᠯᠤᠨ᠎ᠠ᠃ ᠬᠦᠷᠢᠶᠡᠯᠡᠩ ᠲᠤᠭᠤᠷᠢᠭ ᠤᠨ PPP ᠲᠦᠷᠦᠯ ᠵᠦᠢᠯ ᠢ ᠪᠦᠬᠦ | ᠲᠠᠯ᠎ᠠ ᠪᠠᠷ ᠠᠬᠢᠭᠤᠯᠤᠨ᠂ ᠭᠤᠷᠪᠠᠨ ᠬᠤᠭᠤᠴᠠᠭᠠᠨ ᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠤᠯᠤᠰ ᠤᠨ ᠳᠡᠰ ᠤᠨ ᠲᠤᠯᠤᠭᠠᠶᠢᠯᠠᠭᠴᠢ ᠠᠵᠤ ᠠᠬᠤᠶᠢᠯᠠᠯ᠂ ᠳᠤᠮᠳᠠᠳᠤ ᠤᠯᠤᠰ ᠤᠨ ᠨᠡᠷᠡᠲᠦ | ᠲᠠᠸᠠᠷ ᠤᠨ ᠲᠡᠮᠳᠡᠭᠲᠦ᠂ ᠳᠤᠮᠳᠠᠳᠤ ᠶᠢᠨ ᠤᠯᠠᠮᠵᠢᠯᠠᠯᠲᠤ ᠨᠡᠷᠡᠲᠦ ᠲᠡᠮᠳᠡᠭᠲᠦ᠂ ᠵᠠᠬ᠎ᠠ ᠳᠤ ᠭᠠᠷᠤᠭᠰᠠᠨ ᠢᠳᠡᠭᠡᠨ ᠤ | ᠺᠤᠮᠫᠠᠨᠢ ᠵᠡᠷᠭᠡ ᠳᠡᠭᠡᠳᠦ ᠮᠡᠷᠭᠡᠵᠢᠯ᠂ ᠳᠡᠭᠡᠳᠦ ᠳᠠᠭᠠᠯᠲᠠ ᠦᠷᠲᠡᠭ ᠪᠦᠬᠦᠢ ᠨᠡᠷᠡᠲᠦ ᠲᠡᠮᠳᠡᠭᠲᠦ ᠠᠵᠤ ᠠᠬᠤᠶᠢᠯᠠᠯ ᠢ | ᠢᠳᠡᠪᠬᠢᠲᠡᠢ ᠲᠠᠲᠠᠨ ᠤᠷᠤᠭᠤᠯᠵᠤ᠂ ᠨᠦᠯᠦᠭᠡᠯᠡᠨ ᠳᠠᠶᠢᠴᠢᠯᠠᠬᠤ ᠦᠷ᠎ᠡ ᠠᠰᠢᠭ ᠢ ᠪᠦᠷᠢᠯᠳᠦᠭᠦᠯᠦᠨ᠎ᠡ᠃ ᠠᠵᠤ | ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠢᠳᠡᠪᠬᠢᠲᠡᠢ ᠪᠤᠶᠢᠵᠢᠭᠤᠯᠬᠤ ᠪᠠ ᠳᠡᠮᠵᠢᠵᠦ᠂ | ᠳ᠋ᠦ᠋ ᠢ ᠵᠢᠶᠠ᠂ ᠭᠤᠸ᠎ᠠ ᠽᠢ ᠵᠠᠩ᠂ ᠳ᠋ᠠ ᠵᠦᠩ ᠲᠡᠵᠢᠭᠡᠯ ᠪᠤᠷᠳᠤᠭ᠎ᠠ᠂ ᠲᠦᠩ ᠮᠢᠩ ᠴᠢᠶᠠᠨ ᠡᠾᠧ ᠵᠡᠷᠭᠡ ᠠᠵᠤ | ᠠᠬᠤᠶᠢᠯᠠᠯ ᠤᠨ ᠬᠡᠪᠴᠢᠶᠡᠵᠢᠭᠰᠡᠨ ᠡᠵᠡᠩᠨᠡᠯᠲᠡ ᠬᠢᠬᠦ ᠶᠢ ᠬᠦᠲᠦᠯᠦᠨ ᠵᠢᠯᠤᠭᠤᠳᠴᠤ᠂ ᠭᠤᠤᠯ ᠦᠢᠯᠡᠰ ᠨᠢ | ᠳᠤᠪᠤᠶᠢᠭᠰᠠᠨ᠂ ᠦᠪᠡᠷᠲᠡᠭᠡᠨ ᠡᠭᠦᠳᠦᠭᠰᠡᠨ ᠨᠡᠷᠡᠲᠦ ᠲᠠᠸᠠᠷ ᠲᠠᠢ᠂ ᠤᠷᠤᠨ ᠬᠡᠪᠴᠢᠶᠡᠨ ᠤ ᠦᠷᠢᠰᠦᠯᠳᠦᠬᠦ ᠬᠦᠴᠦᠨ | ᠴᠢᠩᠭ᠎ᠠ ᠲᠤᠮᠤ ᠬᠡᠯᠪᠡᠷᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠪᠤᠯᠭᠠᠨ ᠴᠤᠭᠴᠠᠯᠠᠨ᠎ᠠ᠃ ᠡᠭᠦᠨ ᠤ ᠬᠠᠮᠲᠤ᠂ | ᠦᠪᠡᠷᠲᠡᠭᠡᠨ ᠵᠠᠰᠠᠬᠤ ᠤᠷᠤᠨ ᠤ ᠳᠡᠰ ᠤᠨ ᠬᠦᠷᠢᠶᠡᠯᠡᠩ ᠲᠤᠭᠤᠷᠢᠭ ᠪᠤᠯᠤᠨ ᠳᠡᠰ ᠳᠡᠪᠰᠢᠬᠦ ᠠᠵᠢᠯ ᠢ ᠡᠬᠢᠯᠡᠭᠦᠯᠦᠨ᠎ᠡ | ᠃ | ᠦᠢᠯᠡᠴᠢᠯᠡᠭᠡᠨ ᠤ ᠦᠢᠯᠡᠰ ᠤᠨ ᠴᠢᠨᠡᠷ ᠴᠢᠨᠰᠠᠭ᠎ᠠ ᠶᠢ ᠰᠠᠶᠢᠵᠢᠷᠠᠭᠤᠯᠤᠨ ᠦᠷ᠎ᠡ ᠠᠰᠢᠭ ᠢ ᠲᠦᠷᠭᠡᠪᠴᠢᠯᠡᠨ | ᠨᠡᠮᠡᠭᠳᠡᠭᠦᠯᠦᠨ᠎ᠡ᠃ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠢ ᠪᠠᠲᠤᠲᠠᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠬᠦᠭᠵᠢᠭᠦᠯᠬᠦ ᠶᠢ ᠠᠬᠢᠭᠤᠯᠤᠨ᠎ᠠ᠃ ᠯᠦᠩ ᠲᠧᠩ ᠤᠯᠠᠨ ᠤᠯᠤᠰ ᠤᠨ ᠠᠷᠠᠯᠵᠢᠶᠠᠨ ᠤ ᠠᠭᠤᠳᠠᠮ | ᠲᠠᠯᠠᠪᠠᠢ ᠡᠬᠢᠯᠡᠨ ᠡᠵᠡᠩᠨᠡᠬᠦ ᠶᠢ ᠬᠦᠴᠦᠯᠡᠨ ᠠᠬᠢᠭᠤᠯᠵᠤ᠂ ᠸᠧᠢ ᠳ᠋ᠦᠸᠧ ᠯᠢ ᠮᠦᠸᠧ ᠡᠯ ᠬᠤᠲᠠ᠂ ᠬᠦᠭᠦᠷᠭᠡᠨ ᠤ | ᠤᠮᠠᠷᠠᠲᠠᠬᠢ ᠵᠦᠩ ᠯᠢᠶᠠᠨ᠂ ᠬᠠᠢ ᠳ᠋ᠠ ᠠᠭᠤᠳᠠᠮ ᠲᠠᠯᠠᠪᠠᠢ᠂ ᠠᠢ ᠮᠸᠢ ᠤᠯᠠᠨ ᠤᠯᠤᠰ ᠵᠡᠷᠭᠡ ᠲᠦᠷᠦᠯ ᠵᠦᠢᠯ ᠤᠨ | ᠪᠠᠷᠢᠯᠭ᠎ᠠ ᠶᠢᠨ ᠠᠬᠢᠴᠠ ᠶᠢ ᠲᠦᠷᠭᠡᠳᠬᠡᠨ᠎ᠡ᠃ ᠲᠢᠶᠠᠨ ᠹᠧᠩ ᠬᠤᠳᠠᠯᠳᠤᠭᠠᠨ ᠤ ᠬᠤᠲᠠ ᠶᠢᠨ ᠬᠤᠶᠠᠳᠤᠭᠠᠷ | ᠬᠤᠭᠤᠴᠠᠭ᠎ᠠ᠂ ᠱᠢ ᠱᠠᠩ ᠲᠢᠶᠠᠨ ᠵᠢᠶᠧ ᠵᠡᠷᠭᠡ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠳ᠋ᠠ ᠹᠦ᠋᠂ | ᠴᠢᠶᠠᠨ ᠰᠢ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠲᠠᠢ ᠢᠳᠡᠪᠬᠢᠲᠡᠢ ᠬᠠᠮᠵᠢᠯᠴᠠᠨ ︽ᠬᠤᠲᠠ ᠠᠴᠠ ᠤᠬᠤᠷᠢᠭᠤᠯᠤᠨ | ᠬᠦᠷᠢᠶᠡᠯᠡᠩ ᠳᠤ ᠤᠷᠤᠭᠤᠯᠬᠤ︾ ᠡᠮᠦᠨ᠎ᠡ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ︔ ᠪᠠᠷᠠᠭᠠᠨ ᠭᠦᠢᠯᠭᠡᠭᠡᠨ ᠤ | ᠬᠦᠷᠢᠶᠡᠯᠡᠩ ᠲᠤᠭᠤᠷᠢᠭ ᠢ ᠳᠡᠰ ᠳᠡᠪᠰᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠂ ᠪᠦᠬᠦ ᠠᠵᠤ ᠦᠢᠯᠡᠰ ᠤᠨ | ᠬᠡᠯᠬᠢᠶᠡᠰᠦ ᠶᠢᠨ ᠮᠠᠰᠢᠨ ᠤ ᠬᠤᠳᠠᠯᠳᠤᠭ᠎ᠠ᠂ ᠪᠠᠷᠢᠯᠭ᠎ᠠ ᠶᠢᠨ ᠮᠠᠲ᠋ᠧᠷᠢᠶᠠᠯ᠂ ᠰᠤᠶᠤᠯ ᠤᠨ ᠶᠡᠷᠦᠩᠬᠡᠶᠢᠯᠡᠯ ᠵᠡᠷᠭᠡ | ᠲᠤᠰᠬᠠᠶᠢᠵᠢᠭᠰᠡᠨ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠤᠨ᠎ᠠ᠃ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ | ᠦᠢᠯᠡᠰ ᠢ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠂ ᠤᠯᠤᠰ ᠤᠨ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠲᠠᠪᠴᠠᠩ ᠤᠨ ᠳᠠᠪᠠᠭᠤᠯᠢᠭ ᠢ | ᠪᠠᠳᠠᠷᠠᠭᠤᠯᠵᠤ᠂ ᠤᠳᠤ ᠦᠶ᠎ᠡ ᠶᠢᠨ ᠪᠠᠷᠠᠭᠠᠨ ᠭᠦᠢᠯᠭᠡᠭᠡᠨ ᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠨ᠂ | ᠡᠷᠭᠢᠯᠲᠡ ᠶᠢᠨ ᠦᠷ᠎ᠡ ᠠᠰᠢᠭ ᠢ ᠨᠡᠮᠡᠭᠳᠡᠭᠦᠯᠵᠦ᠂ ᠤᠷᠤᠨ ᠬᠡᠪᠴᠢᠶᠡᠨ ᠤ ᠴᠢᠨᠠᠷᠲᠠᠢ ᠪᠠᠷᠠᠭᠠᠨ ᠭᠦᠢᠯᠭᠡᠭᠡᠨ ᠤ | ᠴᠡᠭ ᠤᠨ ᠪᠠᠶᠢᠷᠢ ᠰᠠᠭᠤᠷᠢ ᠶᠢ ᠪᠠᠲᠤᠵᠢᠭᠤᠯᠤᠨ᠂ ᠦᠪᠦᠷ ᠮᠤᠩᠭᠤᠯ ᠤᠨ ᠵᠡᠭᠦᠨ ᠬᠡᠰᠡᠭ ᠡᠾᠧᠪᠸᠢ ᠶᠢᠨ ᠬᠤᠶᠢᠲᠤ | ᠬᠡᠰᠡᠭ ᠯᠢᠶᠤᠤᠨᠢᠩ ᠤᠨ ᠪᠠᠷᠠᠭᠤᠨ ᠬᠡᠰᠡᠭ ᠤᠨ ᠪᠠᠷᠠᠭᠠᠨ ᠭᠦᠢᠯᠭᠡᠭᠡᠨ ᠤ ᠡᠷᠭᠢᠯᠲᠡ ᠶᠢᠨ ᠰᠠᠭᠤᠷᠢᠨ ᠢ ᠪᠦᠬᠦ | ᠬᠦᠴᠦᠨ ᠢᠶᠠᠷ ᠪᠠᠶᠢᠭᠤᠯᠵᠤ᠂ ᠵᠢᠦ ᠲᠦᠩ ᠪᠠᠷᠠᠭᠠᠨ ᠭᠦᠢᠯᠭᠡᠭᠡᠨ᠂ ᠲᠢᠶᠧ ᠹᠠ ᠠᠷᠠᠯᠵᠢᠶ᠎ᠠ ᠬᠤᠳᠠᠯᠳᠤᠭ᠎ᠠ᠂ ᠵᠦᠩ | ᠬᠤᠤ ᠪᠠᠷᠠᠭᠠᠨ ᠭᠦᠢᠯᠭᠡᠭᠡᠨ᠂ ᠡᠸ᠋ᠨ ᡁᠢ ᠪᠠᠷᠠᠭᠠᠨ ᠭᠦᠢᠯᠭᠡᠭᠡᠨ᠂ ᠪᠸᠢ ᠹᠠᠩ ᠰᠢᠶᠠᠨ ᠳ᠋ᠠᠢ ᠪᠠᠷᠠᠭᠠᠨ ᠭᠦᠢᠯᠭᠡᠭᠡᠨ | ᠵᠡᠷᠭᠡ ᠭᠤᠤᠯᠳᠠᠯᠭ᠎ᠠ ᠲᠠᠢ ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠤᠨ ᠬᠤᠭᠤᠷᠤᠨᠳᠤᠬᠢ ᠠᠵᠢᠯ ᠤᠨ | ᠬᠠᠮᠵᠢᠯᠴᠠᠭ᠎ᠠ ᠶᠢ ᠭᠤᠤᠯᠳᠠᠯᠭ᠎ᠠ ᠲᠠᠢ ᠠᠬᠢᠭᠤᠯᠤᠨ᠎ᠠ᠃ ᠬᠦᠷᠢᠶᠡᠯᠩ ᠲᠤᠭᠤᠷᠢᠭ ᠤᠨ ᠬᠤᠳᠠᠯᠳᠤᠭᠠᠨ ᠤ ᠠᠭᠤᠳᠠᠮ | ᠲᠠᠯᠠᠪᠠᠢ᠂ ᠡᠯ᠎ᠡ ᠨᠡᠷᠡᠲᠦ ᠲᠡᠷᠭᠡᠨ ᠤ ᠦᠵᠡᠭᠦᠯᠭᠡ ᠶᠢᠨ ᠲᠢᠩᠬᠢᠮ᠂ ᠠᠷᠠᠯᠵᠢᠶ᠎ᠠ ᠬᠤᠳᠠᠯᠳᠤᠭᠠᠨ ᠤ ᠬᠤᠲᠠ᠂ ᠡᠭᠦᠯᠡᠨ | ᠪᠤᠳᠤᠯᠲᠠ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ᠂ ᠭᠠᠶᠢᠯᠢ ᠪᠠᠲᠤᠯᠠᠬᠤ ᠲᠠᠸᠠᠷ ᠤᠨ ᠦᠵᠡᠭᠦᠯᠭᠡ ᠶᠢᠨ | ᠲᠦᠪ ᠵᠡᠷᠭᠡ ᠲᠠᠯᠠᠪᠤᠷ ᠲᠤ ᠲᠦᠰᠢᠭᠯᠡᠨ᠂ ᠬᠦᠷᠢᠶᠡᠯᠡᠩ ᠲᠤᠭᠤᠷᠢᠭ ᠤᠨ ᠬᠤᠷᠠᠯ ᠦᠵᠡᠭᠦᠯᠭᠡ ᠶᠢᠨ ᠠᠵᠤ ᠠᠬᠤᠢ ᠶᠢᠨ | ᠰᠠᠭᠤᠷᠢ ᠲᠠᠪᠴᠠᠩ ᠢ ᠪᠠᠶᠢᠭᠤᠯᠵᠤ᠂ ᠦᠪᠡᠷᠮᠢᠴᠡ ᠤᠨᠴᠠᠯᠢᠭ ᠲᠠᠢ ᠬᠦᠷᠢᠶᠡᠯᠡᠩ ᠲᠤᠭᠤᠷᠢᠭ ᠤᠨ ᠬᠤᠷᠠᠯ | ᠦᠵᠡᠭᠦᠯᠭᠡ ᠶᠢᠨ ᠦᠢᠯᠡᠰ ᠢ ᠪᠦᠷᠢᠯᠳᠦᠭᠦᠯᠦᠨ᠎ᠡ︔ ᠭᠠᠶᠢᠯᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠤᠨ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠰᠠᠶᠢᠲᠤᠷ ᠬᠢᠵᠦ᠂ ᠤᠯᠠᠭᠠᠨᠬᠠᠳᠠ ᠬᠤᠲᠠ ᠶᠢᠨ ᠨᠤᠤᠰᠤᠨ ᠤ | ᠠᠵᠤ ᠦᠢᠯᠡᠰ ᠤᠨ ᠳᠡᠰ ᠳᠡᠪᠰᠢᠬᠦ ᠲᠠᠢ ᠵᠤᠯᠭᠠᠭᠤᠯᠤᠨ᠂ ᠦᠢᠯᠡᠴᠢᠯᠡᠭᠡᠨ ᠤ ᠦᠢᠯᠡᠰ ᠬᠢᠯᠢ ᠶᠢᠨ ᠭᠠᠳᠠᠨᠠᠬᠢ ᠵᠠᠬ᠎ᠠ | ᠳᠡᠯᠭᠡᠭᠦᠷ ᠢ ᠨᠡᠭᠡᠭᠡᠵᠦ᠂ ︽ᠠᠽᠢᠶ᠎ᠠ ᠲᠢᠪ ᠤᠨ ᠨᠤᠤᠰᠤᠨ ᠤ ᠦᠢᠯᠡᠰ ᠤᠨ ᠬᠤᠪᠢᠶᠠᠷᠢ ᠪᠤᠷᠤᠯᠠᠭᠤᠯᠭ᠎ᠠ ᠶᠢᠨ ᠲᠦᠪ︾ | ᠢ ᠪᠠᠶᠢᠭᠤᠯᠤᠨ᠎ᠠ᠃ ᠳᠤᠮᠳᠠᠳᠤ ᠡᠸᠦ᠋ᠷᠦᠫᠡ ︵ᠤᠯᠠᠭᠠᠨᠬᠠᠳᠠ ᠮᠠᠨᠵᠤᠤᠷ ᠡᠸᠦ᠋ᠷᠦᠫᠡ︶ ᠶᠢᠨ ᠤᠯᠠᠨ ᠤᠯᠤᠰ ᠤᠨ | ᠴᠢᠩᠭᠡᠯᠢᠭ ᠡᠭᠡᠯᠵᠢ ᠶᠢᠨ ᠭᠠᠯᠲᠤ ᠶᠢ ᠪᠠᠶᠢᠩᠭᠤᠵᠢᠭᠤᠯᠤᠨ ᠦᠨᠳᠦᠷ ᠦᠷ᠎ᠡ ᠠᠰᠢᠭ ᠲᠠᠢ ᠡᠵᠡᠩᠨᠡᠬᠦ ᠶᠢ ᠪᠦᠬᠦ | ᠬᠦᠴᠦᠨ ᠢᠶᠠᠷ ᠪᠠᠲᠤᠯᠠᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠢ ᠳᠡᠰ ᠳᠡᠪᠰᠢᠭᠦᠯᠬᠦ ᠠᠵᠢᠯ ᠢ | ᠪᠠᠲᠤᠲᠠᠢ ᠠᠬᠢᠭᠤᠯᠤᠨ᠎ᠠ︔ ᠡᠭᠦᠯᠡᠨ ᠪᠤᠳᠤᠯᠲᠠ ᠶᠢᠨ ᠲᠦᠪ ᠪᠤᠯᠤᠨ ᠶᠡᠭᠡ ᠳ᠋ᠠᠶᠢᠲ᠋ᠠ ᠶᠢᠨ ᠬᠦᠷᠢᠶᠡᠯᠡᠩ ᠲᠤᠭᠤᠷᠢᠭ | ᠵᠢᠴᠢ ᠤᠶᠤᠨᠴᠢ ᠬᠤᠲᠠ ᠶᠢᠨ ᠡᠯ᠎ᠡ ᠬᠡᠷᠡᠭᠯᠡᠯᠲᠡ ᠶᠢᠨ ᠲᠦᠷᠦᠯ ᠵᠦᠢᠯ ᠤᠨ ᠪᠠᠶᠢᠭᠤᠯᠤᠯᠲᠠ ᠶᠢᠨ ᠰᠠᠭᠤᠷᠢ ᠳᠤ | ᠲᠦᠰᠢᠭᠯᠡᠨ᠂ ᠬᠤᠩ ᠱᠠᠨ ᠲᠤᠭᠤᠷᠢᠭ ᠤᠨ ᠶᠡᠭᠡ ᠳ᠋ᠠᠶᠢᠲ᠋ᠠ ᠪᠤᠯᠤᠨ ᠤᠶᠤᠨᠴᠢ ᠬᠤᠲᠠ ᠶᠢᠨ ᠪᠠᠶᠢᠭᠤᠯᠤᠯᠲᠠ ᠶᠢᠨ | ᠰᠢᠨ᠎ᠡ ᠬᠡᠪ ᠵᠠᠭᠪᠤᠷ ᠢ ᠰᠦᠪᠡᠭᠴᠢᠯᠡᠵᠦ᠂ ᠶᠡᠭᠡ ᠳ᠋ᠠᠶᠢᠲ᠋ᠠ ᠶᠢᠨ ᠲᠦᠪ ᠤᠨ ᠦᠢᠯᠡᠴᠢᠯᠡᠭᠡᠨ ᠤ ᠠᠴᠢᠶᠠᠯᠠᠬᠤ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠨ᠂ ᠨᠢᠭᠡᠳᠦᠭᠡᠷ ᠬᠤᠭᠤᠴᠠᠭᠠᠨ ᠤ ᠪᠤᠳᠤᠬᠤ᠂ ᠬᠠᠳᠠᠭᠠᠯᠠᠬᠤ ᠵᠡᠷᠭᠡ | ᠬᠠᠲᠠᠭᠤ ᠲᠤᠨᠤᠭ ᠰᠠᠭᠤᠷᠢ ᠲᠦᠬᠦᠭᠡᠷᠦᠮᠵᠢ ᠪᠤᠯᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ᠂ | ᠠᠵᠢᠯᠯᠠᠭᠤᠯᠬᠤ ᠬᠠᠮᠠᠭᠠᠯᠠᠬᠤ ᠪᠠ ᠱᠤᠭᠤᠮ ᠳᠡᠭᠡᠷᠡᠬᠢ ᠰᠤᠯᠢᠯᠴᠠᠭ᠎ᠠ ᠵᠡᠷᠭᠡ ᠵᠦᠭᠡᠯᠡᠨ ᠲᠤᠨᠤᠭ ᠤᠨ ᠲᠠᠪᠴᠠᠩ ᠤᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠬᠤᠶᠠᠳᠤᠭᠠᠷ ᠬᠤᠭᠤᠴᠠᠭᠠᠨ ᠤ ᠶᠡᠭᠡ ᠳ᠋ᠠᠶᠢᠲ᠋ᠠ ᠶᠢᠨ | ᠲᠦᠪ ᠤᠨ ᠪᠠᠶᠢᠭᠤᠯᠤᠯᠲᠠ ᠶᠢ ᠴᠠᠭ ᠲᠠᠭᠠᠨ ᠡᠬᠢᠯᠡᠭᠦᠯᠵᠦ᠂ ᠶᠡᠭᠡ ᠳ᠋ᠠᠶᠢᠲ᠋ᠠ ᠶᠢᠨ ᠠᠵᠤ ᠦᠢᠯᠡᠰ ᠤᠨ ᠬᠦᠭᠵᠢᠯᠲᠡ | ᠪᠤᠯᠤᠨ ᠤᠶᠤᠨᠴᠢ ᠬᠤᠲᠠ ᠶᠢᠨ ᠪᠠᠶᠢᠭᠤᠯᠤᠯᠲᠠ ᠳᠤ ᠲᠤᠯᠭᠠᠭᠤᠷᠢ ᠬᠠᠩᠭᠠᠨ᠎ᠠ᠃ ᠢᠨᠲ᠋ᠧᠷ ᠰᠦᠯᠵᠢᠶ᠎ᠡ + | ᠠᠵᠢᠯᠯᠠᠭᠠᠨ ᠤ ᠲᠦᠯᠦᠪᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠮᠠᠨ ᠤ ᠬᠤᠲᠠ ᠶᠢᠨ | ᠳᠠᠪᠠᠭᠤᠯᠢᠭ ᠤᠨᠴᠠᠯᠢᠭᠲᠤ ᠠᠵᠤ ᠦᠢᠯᠡᠰ᠂ ᠠᠵᠢᠯ ᠲᠦᠷᠦᠯ ᠵᠢᠴᠢ ᠲᠤᠰᠬᠠᠶᠢᠵᠢᠭᠰᠡᠨ ᠵᠠᠬ᠎ᠠ ᠳᠡᠯᠭᠡᠭᠦᠷ ᠲᠤ ᠡᠯ᠎ᠡ | ᠲᠦᠷᠦᠯ ᠤᠨ ᠶᠡᠭᠡ ᠳ᠋ᠠᠶᠢᠲ᠋ᠠ ᠵᠢᠴᠢ ᠢᠨᠲ᠋ᠧᠷ ᠰᠦᠯᠵᠢᠶ᠎ᠡ + ᠦᠢᠯᠡᠴᠢᠯᠡᠭᠡ ᠬᠠᠩᠭᠠᠨ᠎ᠠ︔ ᠵᠢᠭᠤᠯᠴᠢᠯᠠᠯ ᠤᠨ | ᠦᠢᠯᠡᠰ ᠤᠨ ᠪᠦᠬᠦ ᠤᠷᠤᠨ ᠬᠡᠪᠴᠢᠶᠡᠨ ᠳᠤ ᠠᠭᠤᠰᠤᠯᠴᠠᠨ ᠬᠦᠭᠵᠢᠬᠦ ᠶᠢ ᠠᠬᠢᠭᠤᠯᠤᠨ᠂ ᠮᠠᠨ ᠤ ᠲᠤᠭᠤᠷᠢᠭ ᠤᠨ | ᠵᠠᠮ ᠬᠠᠷᠢᠯᠴᠠᠭᠠᠨ ᠤ ᠤᠷᠤᠨ ᠪᠠᠶᠢᠷᠢ᠂ ᠰᠤᠶᠤᠯ ᠤᠨ ᠠᠭᠤᠯᠤᠭᠳᠠᠴᠠ ᠵᠡᠷᠭᠡ ᠤᠨᠴᠠᠯᠢᠭ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠬᠤᠩ ᠱᠠᠨ ᠰᠤᠶᠤᠯ ᠵᠢᠭᠤᠯᠴᠢᠯᠠᠯ ᠤᠨ ᠨᠡᠷᠡᠲᠦ ᠲᠠᠸᠠᠷ ᠪᠠ ᠵᠤᠭᠠᠴᠠᠭᠰᠠᠳ ᠢ | ᠲᠦᠪᠯᠡᠷᠡᠭᠦᠯᠦᠨ ᠲᠠᠷᠬᠠᠭᠠᠬᠤ ᠲᠦᠪ ᠢ ᠴᠤᠭᠴᠠᠯᠠᠨ᠂ ᠰᠤᠶᠤᠯ ᠵᠢᠭᠤᠯᠴᠢᠯᠠᠯ᠂ ᠲᠠᠷᠢᠶᠠᠯᠠᠩ ᠵᠢᠭᠤᠯᠴᠢᠯᠠᠯ᠂ | ᠡᠷᠡᠭᠦᠯᠵᠢᠯ ᠵᠢᠭᠤᠯᠴᠢᠯᠠᠯ᠂ ᠠᠵᠤ ᠦᠢᠯᠡᠳᠪᠦᠷᠢ ᠵᠢᠭᠤᠯᠴᠢᠯᠠᠯ ᠠᠭᠤᠰᠤᠯᠴᠠᠨ ᠬᠦᠭᠵᠢᠬᠦ ᠶᠢ ᠠᠬᠢᠭᠤᠯᠤᠨ᠎ᠠ︔ | ᠮᠦᠩᠭᠦᠨ ᠭᠦᠢᠯᠭᠡᠭᠡᠨ ᠤ ᠠᠷᠠᠯᠵᠢᠶ᠎ᠠ ᠬᠤᠳᠠᠯᠳᠤᠭᠠᠨ ᠤ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠦᠭᠵᠢᠯᠲᠡ ᠶᠢ | ᠠᠬᠢᠭᠤᠯᠤᠨ᠂ ᠤᠯᠠᠭᠠᠨᠬᠠᠳᠠ ᠶᠢᠨ ᠦᠩᠭᠡᠲᠦ ᠲᠡᠮᠦᠷᠯᠢᠭ ᠤᠨ ᠠᠵᠤ ᠦᠢᠯᠡᠰ ᠤᠨ ᠶᠡᠷᠦᠩᠬᠡᠶᠢᠯᠡᠭᠰᠡᠨ ᠴᠤᠭᠴᠠ ᠪᠠᠷ | ᠠᠴᠢᠶᠠᠯᠠᠬᠤ ᠲᠠᠪᠴᠠᠩ ᠪᠤᠯᠭᠠᠨ᠂ ᠰᠢᠨ ᠳ᠋ᠢ ᠪᠦᠯᠦᠭᠯᠡᠯ ᠤᠨ ︽ᠠᠷᠤ ᠭᠠᠵᠠᠷ ᠤᠨ ᠮᠦᠩᠭᠦᠨ ᠭᠦᠢᠯᠭᠡᠭᠡᠨ ᠤ ᠵᠢᠵᠢᠭ | ᠪᠠᠯᠭᠠᠰᠤ︾ ᠶᠢ ᠲᠦᠷᠭᠡᠪᠴᠢᠯᠡᠨ ᠪᠠᠶᠢᠭᠤᠯᠵᠤ᠂ ᠡᠯ᠎ᠡ ᠲᠦᠷᠦᠯ ᠤᠨ ᠮᠦᠩᠭᠦᠨ ᠭᠦᠢᠯᠭᠡᠭᠡᠨ ᠤ ᠡᠬᠢ ᠪᠠᠶᠠᠯᠢᠭ ᠤᠨ | ᠲᠦᠪᠯᠡᠷᠡᠨ ᠬᠤᠷᠠᠬᠤ ᠲᠠᠲᠠᠬᠤ ᠬᠦᠴᠦᠨ ᠢ ᠴᠢᠩᠭᠠᠷᠠᠭᠤᠯᠤᠨ᠂ ᠰᠢᠨ ᠳ᠋ᠢ ᠪᠦᠯᠦᠭᠲᠦ ᠴᠤᠭᠴᠠ ᠶᠢᠨ ᠮᠦᠩᠭᠦᠨ | ᠭᠦᠢᠯᠭᠡᠭᠡᠨ ᠤ ᠶᠡᠷᠦᠩᠭᠡᠢ ᠬᠡᠯᠲᠡᠰ ᠤᠨ ᠠᠵᠤ ᠠᠬᠤᠢ ᠶᠢ ᠴᠤᠭᠴᠠᠯᠠᠨ᠎ᠠ᠃ | ︵ᠬᠤᠶᠠᠷ︶ ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ ᠬᠦᠴᠦᠯᠡᠴᠡ ᠪᠠᠨ ᠨᠡᠮᠡᠭᠳᠡᠭᠦᠯᠦᠨ᠂ | ᠬᠦᠭᠵᠢᠯᠲᠡ ᠶᠢᠨ ᠬᠦᠳᠡᠯᠭᠡᠭᠴᠢ ᠬᠦᠴᠦᠨ ᠢ ᠲᠦᠪᠯᠡᠷᠡᠭᠦᠯᠦᠨ᠎ᠡ᠃ | ︽ᠦᠭᠡᠷᠡᠴᠢᠯᠡᠯᠲᠡ︾ ᠶᠢᠨ ᠳᠠᠶᠢᠯᠠᠯᠳᠤᠭᠠᠨ ᠳᠤ ᠭᠠᠪᠰᠢᠭᠠᠶᠢᠯᠠᠨ᠂ ᠤᠯᠠᠮ ᠨᠢᠭᠡ ᠠᠯᠬᠤᠮ | ᠬᠦᠯᠢᠶᠡᠰᠦᠯᠡᠯ ᠠᠴᠠ ᠮᠤᠯᠲᠤᠷᠠᠵᠤ᠂ ᠠᠮᠢᠵᠢᠷᠠᠯ ᠤᠨ ᠬᠦᠴᠦᠨ ᠢ ᠢᠳᠡᠪᠬᠢᠵᠢᠭᠦᠯᠦᠨ᠂ ᠳᠠᠪᠠᠭᠤᠯᠢᠭ ᠢ ᠡᠭᠦᠳᠦᠨ | ᠪᠦᠲᠦᠭᠡᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠲᠤᠭᠤᠷᠢᠨ ᠳᠤ᠂ | ᠰᠢᠨᠵᠢᠯᠡᠭᠡ ᠮᠡᠷᠭᠡᠵᠢᠯ᠂ ᠴᠢᠳᠠᠪᠤᠷᠢᠲᠠᠨ᠂ ᠬᠦᠷᠦᠩᠭᠡ ᠵᠡᠷᠭᠡ ᠳᠡᠭᠡᠳᠦ ᠦᠵᠦᠭᠦᠷ ᠤᠨ ᠡᠯᠧᠮᠧᠨ᠋ᠲ ᠢᠶᠠᠷ | ᠲᠤᠯᠭᠠᠭᠤᠷᠢᠯᠠᠬᠤ ᠴᠡᠭ ᠪᠤᠯᠭᠠᠨ᠂ ᠰᠢᠨ᠎ᠡ ᠶᠢ ᠡᠭᠦᠳᠬᠦ ᠦᠢᠯᠡᠰ ᠪᠤᠰᠬᠠᠬᠤ᠂ ᠠᠵᠤ ᠦᠢᠯᠡᠰ ᠠᠵᠤ ᠠᠬᠤᠶᠢᠯᠠᠯ ᠤᠨ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠳᠡᠮᠵᠢᠵᠦ᠂ ᠠᠵᠤ ᠠᠬᠤᠶᠢᠯᠠᠯ ᠢ ᠤᠶᠤᠨᠴᠢ | ᠦᠢᠯᠡᠳᠬᠡᠯ ᠤᠨ ᠬᠡᠯᠪᠡᠷᠢ ᠲᠡᠰᠢ ᠬᠤᠪᠢᠷᠠᠭᠤᠯᠵᠤ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠴᠢᠳᠠᠪᠤᠷᠢ ᠶᠢ | ᠲᠦᠷᠭᠡᠪᠴᠢᠯᠡᠨ ᠳᠡᠭᠡᠭᠰᠢᠯᠡᠭᠦᠯᠬᠦ ᠶᠢ ᠵᠤᠷᠢᠭᠵᠢᠭᠤᠯᠤᠨ᠂ ᠭᠤᠤᠯᠯᠠᠭᠴᠢ ᠠᠵᠤ ᠠᠬᠤᠶᠢᠯᠠᠯ ᠤᠨ ᠭᠤᠤᠯ ᠠᠵᠤ | ᠦᠢᠯᠡᠰ ᠢᠶᠠᠨ ᠰᠠᠶᠢᠲᠤᠷ ᠬᠢᠬᠦ ᠶᠢ ᠬᠦᠲᠦᠯᠦᠨ ᠵᠢᠯᠤᠭᠤᠳᠴᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠨᠡᠷᠡᠲᠦ | ᠲᠠᠸᠠᠷ ᠢ ᠠᠯᠳᠠᠷᠰᠢᠭᠤᠯᠤᠨ᠎ᠠ᠃ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠶᠢ ᠤᠯᠠᠮ ᠨᠢᠭᠡ ᠠᠯᠬᠤᠮ | ᠴᠢᠬᠤᠯᠠᠴᠢᠯᠠᠨ᠂ ᠨᠡᠭᠡᠭᠡᠯᠲᠡᠲᠦ ᠬᠠᠮᠵᠢᠯᠴᠠᠭᠠᠨ ᠤ ᠪᠦᠲᠦᠴᠡ ᠪᠦᠬᠦᠢ ᠠᠵᠤ ᠦᠢᠯᠡᠰ ᠤᠨ ᠬᠦᠷᠢᠶᠡᠯᠡᠩ ᠲᠤᠭᠤᠷᠢᠭ ᠢ | ᠴᠤᠭᠴᠠᠯᠠᠵᠤ᠂ ᠰᠤᠳᠤᠯᠤᠨ ᠨᠡᠭᠡᠭᠡᠬᠦ ᠨᠡᠪᠴᠢᠭᠦᠯᠦᠨ ᠳᠡᠯᠭᠡᠷᠡᠭᠦᠯᠬᠦ ᠤᠶᠠᠯᠳᠤᠨ ᠨᠡᠪᠲᠡᠷᠡᠯᠴᠡᠬᠦ᠂ ᠮᠡᠷᠭᠡᠵᠢᠯ ᠢ | ᠰᠢᠯᠵᠢᠭᠦᠯᠬᠦ᠂ ᠦᠷ᠎ᠡ ᠪᠦᠲᠦᠮᠵᠢ ᠶᠢ ᠬᠤᠪᠢᠷᠠᠭᠤᠯᠬᠤ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ᠂ ᠪᠡᠯᠡ | ᠤᠷᠤᠭᠤᠯᠵᠤ ᠬᠦᠷᠦᠩᠭᠡ ᠠᠭᠤᠰᠬᠠᠬᠤ ᠦᠢᠯᠡᠴᠢᠯᠡᠭᠡ᠂ ᠲᠦᠷᠦᠯ ᠵᠦᠢᠯ ᠢ ᠲᠠᠲᠠᠨ ᠤᠷᠤᠭᠤᠯᠬᠤ ᠵᠡᠷᠭᠡ ᠴᠢᠳᠠᠮᠵᠢ | ᠪᠦᠬᠦᠢ ︽ᠬᠦᠷᠦᠩᠭᠡ + ᠰᠢᠨ᠎ᠡ ᠶᠢ ᠡᠭᠦᠳᠬᠦ︾ ᠬᠠᠮᠵᠢᠯᠴᠠᠭᠠᠨ ᠤ ᠬᠡᠯᠬᠢᠶ᠎ᠡ ᠶᠢ ᠴᠤᠭᠴᠠᠯᠠᠨ᠎ᠠ᠃ ᠠᠵᠤ | ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ ᠶᠢ ᠵᠤᠷᠢᠭᠵᠢᠭᠤᠯᠤᠨ᠂ ᠬᠢᠮᠢ ᠶᠢᠨ ᠡᠮ ᠤᠨ | ᠰᠢᠨ᠎ᠡ ᠶᠢ ᠡᠭᠦᠳᠬᠦ ᠬᠤᠯᠪᠤᠭ᠎ᠠ ᠶᠢ ᠵᠤᠬᠢᠶᠠᠨ ᠪᠠᠶᠢᠭᠤᠯᠵᠤ᠂ ᠠᠮᠢᠳᠤ ᠪᠤᠳᠠᠰ ᠤᠨ ᠡᠮ ᠤᠨ ᠠᠺᠠᠳᠧᠮᠢᠴᠢ ᠶᠢᠨ | ᠠᠵᠢᠯ ᠤᠨ ᠦᠷᠲᠡᠭᠡ ᠪᠤᠯᠤᠨ ᠸᠠᠨ ᠽᠧ ᠡᠮ ᠤᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠦᠪ ᠢ | ᠪᠠᠶᠢᠭᠤᠯᠤᠨ᠂ ᠤᠶᠤᠨᠴᠢ ᠬᠤᠲᠠ ᠪᠤᠯᠤᠨ ᠲᠦᠸᠧ ᠵᠢᠶᠠ ᠭᠡᠷᠡᠯ ᠴᠠᠬᠢᠯᠭᠠᠨ ᠬᠠᠮᠵᠢᠯᠴᠠᠭᠰᠠᠨ ᠰᠢᠨ᠎ᠡ ᠶᠢ ᠡᠭᠦᠳᠬᠦ | ᠰᠤᠳᠤᠯᠭᠠᠨ ᠤ ᠲᠦᠪ ᠢ ᠪᠠᠶᠢᠭᠤᠯᠵᠤ᠂ ᠺᠠᠩ ᠪᠦᠸᠧ ᠡᠮ ᠤᠨ ᠦᠢᠯᠡᠰ ᠪᠤᠯᠤᠨ ᠯᠠᠩ ᠺᠦᠨ ᠰᠢᠨᠵᠢᠯᠡᠭᠡ | ᠮᠡᠷᠭᠡᠵᠢᠯ ᠤᠨ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠤᠯᠤᠨ ᠳᠡᠰ ᠳᠡᠪᠰᠢᠬᠦ ᠶᠢ | ᠠᠬᠢᠭᠤᠯᠤᠨ᠂ 10 ᠠᠴᠠ ᠳᠡᠭᠡᠭᠰᠢ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠰᠢᠨᠵᠢᠯᠡᠭᠡ ᠮᠡᠷᠭᠡᠵᠢᠯ ᠤᠨ | ᠲᠤᠰᠬᠠᠢ ᠲᠦᠷᠦᠯ ᠢ ᠡᠷᠡᠮᠡᠯᠵᠡᠵᠦ᠂ ᠲᠤᠰᠬᠠᠢ ᠠᠰᠢᠭ ᠡᠷᠡᠮᠡᠯᠵᠡᠭᠰᠡᠨ ᠬᠡᠮᠵᠢᠶ᠎ᠡ ᠪᠤᠯᠤᠨ ᠲᠤᠰᠬᠠᠢ ᠠᠰᠢᠭ ᠤᠨ ᠡᠷᠬᠡ | ᠬᠦᠷᠲᠡᠭᠰᠡᠨ ᠬᠡᠮᠵᠢᠶ᠎ᠡ ᠶᠢ 10% ᠪᠠᠷ ᠨᠡᠮᠡᠭᠳᠡᠭᠦᠯᠦᠨ᠂ ᠤᠯᠤᠰ ᠤᠨ ᠨᠦᠭᠡᠴᠡ ᠬᠦᠭᠵᠢᠯᠲᠡ ᠶᠢᠨ ᠲᠤᠷᠰᠢᠯᠲᠠ ᠶᠢᠨ | ᠤᠷᠤᠨ ᠤ ᠰᠢᠯᠭᠠᠨ ᠪᠠᠶᠢᠴᠠᠭᠠᠯᠲᠠ ᠶᠢ ᠦᠩᠭᠡᠷᠡᠭᠡᠬᠦ ᠶᠢ ᠪᠠᠲᠤᠯᠠᠨ᠎ᠠ᠃ ᠤᠯᠤᠰ ᠤᠨ ᠦᠮᠴᠢᠯᠡᠯᠲᠦ ᠬᠦᠷᠦᠩᠭᠡ ᠶᠢᠨ | ᠡᠵᠡᠩᠨᠡᠯᠲᠡ ᠶᠢᠨ ᠺᠤᠮᠫᠠᠨᠢ ᠶᠢᠨ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠶᠢ | ᠠᠬᠢᠭᠤᠯᠤᠨ᠂ ᠬᠤᠯᠢᠮᠠᠭ ᠦᠮᠴᠢᠯᠡᠯᠲᠦ ᠠᠵᠤ ᠠᠬᠤᠢ ᠶᠢ ᠬᠦᠭᠵᠢᠭᠦᠯᠵᠦ᠂ ᠭᠤᠤᠯ ᠦᠢᠯᠡᠰ ᠢ ᠳᠤᠪᠤᠶᠢᠯᠭᠠᠨ᠂ | ᠭᠤᠤᠯ ᠦᠢᠯᠡᠰ ᠢ ᠰᠠᠶᠢᠲᠤᠷ ᠬᠢᠨ᠎ᠡ᠃ ᠠᠵᠤ ᠠᠬᠤᠶᠢᠯᠠᠯ ᠢ ᠳᠡᠮᠵᠢᠵᠦ ᠬᠤᠭᠤᠴᠠᠭᠠᠲᠤ ᠪᠠᠷᠠᠭ᠎ᠠ᠂ ᠲᠡᠮᠳᠡᠭᠲᠦ᠂ | ᠵᠢᠭᠡᠯᠡᠯᠭᠡ ᠶᠢᠨ ᠲᠡᠮᠳᠡᠭᠲᠦ ᠵᠡᠷᠭᠡ ᠰᠤᠯᠢᠯᠴᠠᠭᠠᠨ ᠤ ᠲᠠᠪᠴᠠᠩ ᠢ ᠠᠰᠢᠭᠯᠠᠨ ᠨᠡᠩ ᠶᠡᠭᠡ ᠬᠦᠷᠢᠶ᠎ᠡ ᠬᠡᠪᠴᠢᠶᠡᠨ ᠳᠤ | ᠡᠬᠢ ᠪᠠᠶᠠᠯᠢᠭ ᠢ ᠨᠡᠶᠢᠯᠡᠭᠦᠯᠵᠦ᠂ ᠬᠠᠢ ᠳ᠋ᠠ ᠴᠠᠬᠢᠯᠭᠠᠨ ᠬᠡᠷᠡᠭᠰᠡᠯ᠂ ᠲᠦᠩ ᠮᠢᠩ ᠴᠢᠶᠠᠨ ᠡᠾᠧ ᠵᠡᠷᠭᠡ 7 ᠡᠷᠦᠬᠡ | ᠠᠵᠤ ᠠᠬᠤᠶᠢᠯᠠᠯ ᠤᠨ ᠵᠠᠬ᠎ᠠ ᠳᠤ ᠭᠠᠷᠴᠤ ᠬᠦᠷᠦᠩᠭᠡ ᠠᠭᠤᠰᠬᠠᠬᠤ ᠶᠢ ᠠᠬᠢᠭᠤᠯᠤᠨ᠎ᠠ᠃ | ︵ᠭᠤᠷᠪᠠ︶ ᠲᠦᠷᠦᠯ ᠵᠦᠢᠯ ᠤᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠤᠨ᠂ | ᠬᠦᠭᠵᠢᠯᠲᠡ ᠶᠢᠨ ᠨᠦᠭᠡᠴᠡ ᠬᠦᠴᠦᠨ ᠢ ᠴᠢᠩᠭᠠᠷᠠᠭᠤᠯᠤᠨ᠎ᠠ | ᠲᠦᠷᠦᠯ ᠵᠦᠢᠯ ᠤᠨ ᠪᠠᠶᠢᠭᠤᠯᠤᠯᠲᠠ ᠭᠡᠮᠡᠬᠦ ᠡᠨᠡᠬᠦ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠴᠢᠬᠤᠯᠠ | ᠬᠦᠳᠡᠯᠭᠡᠭᠦᠷ ᠢ ᠴᠢᠩᠭ᠎ᠠ ᠠᠳᠬᠤᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠰᠠᠶᠢᠨ ᠬᠦᠭᠵᠢᠯᠲᠡ | ᠶᠢᠨ ᠬᠠᠨᠳᠦᠰᠢ ᠶᠢ ᠪᠠᠳᠤᠯᠠᠬᠤ ᠳᠤ ᠪᠠᠲᠤ ᠪᠠᠬᠢ ᠰᠠᠭᠤᠷᠢ ᠲᠠᠯᠪᠢᠨ᠎ᠠ᠃ ᠭᠤᠤᠯᠳᠠᠯᠭ᠎ᠠ ᠲᠠᠢ ᠲᠦᠷᠦᠯ ᠵᠦᠢᠯ ᠤᠨ | ᠪᠠᠶᠢᠭᠤᠯᠤᠯᠲᠠ ᠶᠢᠨ ᠭᠤᠤᠯᠳᠠᠯᠭ᠎ᠠ ᠶᠢ ᠳᠤᠪᠤᠶᠢᠯᠭᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠲᠦᠷᠦᠯ ᠤᠨ ︽ᠬᠦᠯᠢᠶᠡᠰᠦ︾ ᠬᠢᠵᠠᠭᠠᠷᠯᠠᠯ ᠢ ᠬᠦᠴᠦᠯᠡᠨ ᠨᠠᠮᠬᠠᠳᠬᠠᠨ | ᠰᠢᠢᠳᠪᠦᠷᠢᠯᠡᠵᠦ᠂ 199 ᠶᠡᠷᠦᠩᠬᠡᠢ ᠪᠡᠯᠡ ᠤᠷᠤᠭᠤᠯᠤᠯᠲᠠ ᠨᠢ 500 ᠲᠦᠮᠡᠨ ᠲᠦᠭᠦᠷᠢᠭ ᠠᠴᠠ ᠳᠡᠭᠡᠭᠰᠢᠬᠢ | ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠪᠴᠢᠯᠡᠨ ᠠᠬᠢᠭᠤᠯᠬᠤ ᠶᠢ ᠪᠦᠬᠦ ᠬᠦᠴᠦᠨ ᠢᠶᠠᠷ ᠪᠠᠲᠤᠯᠠᠨ᠂ ᠪᠦᠬᠦ | ᠵᠢᠯ ᠳᠤ 198.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠬᠤ ᠪᠠᠷ ᠲᠡᠮᠡᠴᠡᠨ᠎ᠡ᠃ ᠠᠷᠠᠯᠵᠢᠶᠠᠴᠢᠨ ᠤᠷᠢᠵᠤ | ᠪᠡᠯᠡ ᠲᠠᠲᠠᠬᠤ ᠡᠪᠦᠯ ᠤᠨ ᠤᠯᠠᠷᠢᠯ ᠤᠨ ᠪᠤᠭᠤᠮᠲᠠ ᠰᠢᠪᠳᠦᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠠᠷᠠᠯᠵᠢᠶᠠᠴᠢᠨ ᠢᠶᠠᠷ ᠠᠷᠠᠯᠵᠢᠶᠠᠴᠢᠨ ᠢ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠢ ᠤᠷᠢᠬᠤ᠂ | ᠭᠤᠤᠯᠳᠠᠯᠭ᠎ᠠ ᠲᠠᠢ ᠤᠷᠤᠨ ᠬᠡᠪᠴᠢᠶᠡᠨ ᠳᠤ ᠠᠷᠠᠯᠵᠢᠶᠠᠴᠢᠨ ᠤᠷᠢᠬᠤ ᠵᠡᠷᠭᠡ ᠪᠦᠲᠦᠮᠵᠢᠲᠡᠢ ᠠᠷᠠᠯᠵᠢᠶᠠᠴᠢᠨ ᠤᠷᠢᠬᠤ | ᠠᠷᠭ᠎ᠠ ᠠᠪᠴᠠᠯ ᠢ ᠠᠪᠴᠤ᠂ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠠᠲᠠᠨ | ᠤᠷᠤᠭᠤᠯᠵᠤ ᠨᠠᠶᠢᠳᠠᠪᠤᠷᠢᠵᠢᠭᠤᠯᠤᠨ ᠦᠨᠡᠨᠬᠦ ᠠᠰᠢᠭ ᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠦᠪᠯᠡᠬᠦ᠂ | ᠠᠷᠠᠯᠵᠢᠶᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠶᠢ ᠪᠠᠭᠠᠰᠬᠠᠨ | ᠰᠦᠢᠳᠬᠡᠯ ᠢ ᠴᠡᠭᠴᠡᠯᠡᠬᠦ ᠬᠦᠴᠦᠯᠡᠴᠡ ᠪᠠᠨ ᠨᠡᠮᠡᠭᠳᠡᠭᠦᠯᠵᠦ᠂ ᠰᠠᠶᠢᠨ ᠰᠠᠶᠢᠬᠠᠨ ᠠᠷᠠᠯᠵᠢᠶ᠎ᠠ ᠡᠷᠬᠢᠯᠡᠬᠦ ᠤᠷᠴᠢᠨ | ᠲᠤᠭᠤᠷᠢᠨ ᠢ ᠪᠠᠶᠢᠭᠤᠯᠤᠨ᠎ᠠ᠃ ᠡᠭᠦᠨ ᠤ ᠬᠠᠮᠲᠤ᠂ ᠪᠦᠬᠦ ᠲᠤᠭᠤᠷᠢᠭ ᠤᠨ ᠡᠯ᠎ᠡ ᠪᠠᠶᠢᠭᠤᠯᠭ᠎ᠠ ᠳᠡᠭᠡᠷ᠎ᠡ ᠱᠠᠲᠤᠨ ᠤ | ᠪᠡᠯᠡ ᠮᠦᠩᠭᠦ ᠶᠢ ᠲᠡᠮᠡᠴᠡᠨ ᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠰᠢᠨ᠎ᠡ ᠪᠠᠷ ᠬᠦᠭᠵᠢᠭᠰᠡᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ | ᠲᠤᠷᠰᠢᠯᠲᠠ ᠶᠢᠨ ᠴᠡᠭ᠂ ᠡᠷᠬᠢᠯᠳᠦᠭᠦᠯᠦᠨ ᠠᠰᠢᠭᠯᠠᠬᠤ ᠦᠭᠡᠷᠡᠴᠢᠯᠡᠯᠲᠡ᠂ ᠨᠡᠶᠢᠭᠡᠮ ᠤᠨ ᠠᠵᠢᠯ ᠦᠢᠯᠡᠰ᠂ ᠳᠦᠭᠦᠮ | ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠵᠡᠷᠭᠡ ᠬᠦᠷᠢᠶ᠎ᠡ ᠬᠡᠪᠴᠢᠶᠡᠨ ᠤ ᠭᠤᠤᠯ | ᠲᠤᠭᠤᠷᠢᠨ ᠳᠤ᠂ ᠲᠦᠷᠦᠯ ᠵᠦᠢᠯ ᠰᠡᠳᠦᠬᠦ᠂ ᠡᠷᠡᠮᠡᠯᠵᠡᠬᠦ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ ᠲᠦᠷᠦᠯ | ᠵᠦᠢᠯ ᠢ ᠢᠯᠭᠤᠮ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ᠃ | ︵ᠳᠦᠷᠪᠡ︶ ᠬᠤᠲᠠ ᠬᠦᠳᠡᠭᠡ ᠶᠢᠨ ᠬᠦᠭᠵᠢᠯᠲᠡ ᠶᠢ ᠨᠢᠭᠡᠲᠦᠯᠲᠡᠢ ᠲᠦᠯᠦᠪᠵᠢᠭᠦᠯᠵᠦ᠂ ᠦᠵᠡᠰᠬᠦᠯᠡᠩᠲᠦ | ᠬᠤᠩ ᠱᠠᠨ ᠢ ᠪᠠᠶᠢᠭᠤᠯᠤᠨ᠎ᠠ | ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠯᠬᠤᠴᠠ ᠪᠠᠨ ᠲᠦᠷᠭᠡᠳᠬᠡᠨ᠂ | ᠰᠢ ᠴᠧᠩ᠂ ᠰᠢ ᠨᠠᠨ ᠳ᠋ᠢ᠂ ᠴᠢᠶᠤᠤ ᠪᠸᠢ ᠪᠦᠯᠦᠭᠲᠦ ᠴᠤᠭᠴᠠ ᠶᠢᠨ ᠭᠤᠷᠪᠠᠳᠤᠭᠠᠷ ᠬᠤᠭᠤᠴᠠᠭ᠎ᠠ ︵ | ᠬᠠᠳᠠᠨᠬᠤᠰᠢᠭᠤ ᠬᠡᠰᠡᠭ ᠤᠷᠤᠨ︶᠂ ᠳ᠋ᠦᠩ ᠴᠧᠩ ᠨᠢᠭᠡᠳᠦᠭᠡᠷ ᠬᠤᠭᠤᠴᠠᠭ᠎ᠠ ᠳᠦᠷᠪᠡᠨ ᠶᠡᠭᠡ ᠬᠡᠰᠡᠭ ᠤᠷᠤᠨ ᠤ | ᠳᠦᠭᠦᠮ ᠪᠦᠲᠦᠴᠡᠲᠦ ᠤᠷᠤᠨ ᠰᠠᠭᠤᠴᠠ ᠶᠢ ᠬᠤᠷᠢᠶᠠᠨ ᠲᠠᠲᠠᠪᠤᠷᠢᠯᠠᠬᠤ ᠠᠵᠢᠯ ᠢ ᠰᠠᠶᠢᠲᠤᠷ ᠬᠢᠵᠦ᠂ ᠴᠢᠶᠤᠤ ᠪᠸᠢ | ᠪᠦᠯᠦᠭᠲᠦ ᠴᠤᠭᠴᠠ ᠶᠢᠨ ᠬᠤᠶᠠᠳᠤᠭᠠᠷ ᠬᠤᠭᠤᠴᠠᠭ᠎ᠠ ︵ᠯᠢᠦ ᠳ᠋ᠠ ᠹᠧᠨ ᠬᠡᠰᠡᠭ︶ ᠪᠤᠯᠤᠨ ᠳᠤᠮᠳᠠ ᠲᠤᠭᠤᠷᠢᠯ ᠵᠠᠮ | ᠵᠢᠴᠢ ᠲᠡᠭᠦᠨ ᠤ ᠲᠠᠷᠬᠠᠢ ᠪᠤᠲᠠᠷᠬᠠᠢ ᠳᠦᠭᠦᠮ ᠪᠦᠲᠦᠴᠡᠲᠦ ᠤᠷᠤᠨ ᠰᠠᠭᠤᠴᠠ ᠶᠢ ᠬᠤᠷᠢᠶᠠᠨ ᠲᠠᠲᠠᠪᠤᠷᠢᠯᠠᠬᠤ | ᠠᠵᠢᠯ ᠢ ᠴᠠᠭ ᠲᠠᠭᠠᠨ ᠡᠬᠢᠯᠡᠭᠦᠯᠦᠨ᠂ ᠭᠤᠤᠯᠳᠠᠯᠭ᠎ᠠ ᠲᠠᠢ ᠬᠤᠲᠠ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢᠨ ᠲᠦᠷᠦᠯ ᠵᠦᠢᠯ ᠢ ᠴᠢᠳᠠᠬᠤ ᠶᠢᠨ ᠲᠤᠲᠤᠷ᠎ᠠ ᠡᠷᠲᠡᠬᠡᠨ ᠠᠵᠢᠯ ᠡᠬᠢᠯᠡᠭᠦᠯᠬᠦ ᠶᠢ ᠤᠷᠢᠳᠴᠢᠯᠠᠨ | ᠪᠠᠲᠤᠯᠠᠨ᠎ᠠ︔ ᠬᠤᠲᠠ ᠶᠢᠨ ᠵᠠᠮ ᠬᠠᠷᠢᠯᠴᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠵᠢᠯ ᠤᠨ ᠲᠤᠲᠤᠷ᠎ᠠ ᠲᠢᠶᠧ ᠨᠠᠨ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠰᠠᠯᠪᠤᠷᠢ ᠱᠤᠭᠤᠮ ᠤᠨ | ᠲᠤᠤᠷᠵᠢᠯ ᠤᠨ ᠪᠠᠶᠢᠭᠤᠯᠤᠯᠲᠠ ᠶᠢ ᠪᠡᠶᠡᠯᠡᠭᠦᠯᠵᠦ᠂ ᠰᠦᠩ ᠵᠸᠦ ᠡᠮᠦᠨ᠎ᠡ ᠵᠠᠮ ᠤᠨ ᠭᠠᠵᠠᠷ ᠳᠤᠤᠷᠠᠬᠢ ᠲᠡᠮᠦᠷ | ᠵᠠᠮ ᠤᠨ ᠨᠦᠬᠡᠨ ᠵᠠᠮ ᠲᠡᠷᠭᠡ ᠨᠡᠪᠲᠡᠷᠡᠬᠦ ᠨᠦᠬᠦᠴᠡᠯ ᠢ ᠪᠦᠷᠢᠯᠳᠦᠭᠦᠯᠦᠨ᠂ ᠨᠢᠩ ᠯᠠᠨ ᠬᠤᠶᠢᠲᠤ ᠵᠠᠮ ᠤᠨ ᠬᠤᠶᠢᠰᠢ | ᠨᠡᠪᠲᠡᠷᠡᠬᠦ ᠪᠤᠯᠤᠨ ᠰᠦᠩ ᠵᠸᠦ ᠵᠠᠮ ᠤᠨ ᠡᠮᠦᠨᠡᠰᠢ ᠨᠡᠪᠲᠡᠷᠡᠬᠦ ᠢᠨᠵᠧᠨᠧᠷᠢᠩ᠂ ᠲᠢᠶᠧ ᠨᠠᠨ ᠭᠤᠷᠪᠠᠳᠤᠭᠠᠷ᠂ | ᠳᠦᠷᠪᠡᠳᠦᠭᠡᠷ ᠬᠤᠭᠤᠴᠠᠭᠠᠨ ᠤ ᠰᠠᠯᠪᠤᠷᠢ ᠱᠤᠭᠤᠮ ᠤᠨ ᠲᠤᠤᠷᠵᠢᠯ ᠤᠨ ᠢᠨᠵᠧᠨᠧᠷᠢᠩ ᠢ ᠡᠬᠢᠯᠡᠨ ᠬᠡᠷᠡᠭᠵᠢᠭᠦᠯᠦᠨ᠎ᠡ᠃ | ᠳ᠋ᠠᠪᠠᠨ ᠵᠠᠮ ᠤᠨ ᠡᠮᠦᠨᠡᠰᠢ ᠨᠡᠪᠲᠡᠷᠡᠬᠦ ᠢᠨᠵᠧᠨᠧᠷᠢᠩ ᠪᠤᠯᠤᠨ 306 ᠤᠯᠤᠰ ᠤᠨ ᠵᠠᠮ ᠢ ᠦᠷᠭᠡᠳᠬᠡᠨ | ᠦᠭᠡᠷᠡᠴᠢᠯᠡᠬᠦ ᠶᠢ ᠬᠡᠷᠡᠭᠵᠢᠭᠦᠯᠦᠨ᠂ ᠬᠤᠩ ᠶᠤᠸᠠᠨ ᠶᠡᠭᠡ ᠵᠠᠮ ᠤᠨ ᠬᠤᠩ ᠱᠠᠨ ᠲᠤᠭᠤᠷᠢᠭ ᠤᠨ ᠬᠡᠰᠡᠭ ᠤᠨ ᠵᠠᠰᠠᠮᠠᠯ | ᠵᠠᠮ ᠤᠨ ᠢᠨᠵᠧᠨᠧᠷᠢᠩ ᠤᠨ ᠪᠦᠬᠦ ᠪᠠᠷᠢᠯᠭ᠎ᠠ ᠶᠢᠨ ᠡᠭᠦᠷᠭᠡ ᠶᠢ ᠪᠡᠶᠡᠯᠡᠭᠦᠯᠵᠦ᠂ ᠠᠵᠢᠯ ᠳᠠᠭᠤᠰᠬᠠᠨ ᠬᠢᠨᠠᠨ ᠰᠢᠯᠭᠠᠯᠲᠠ | ᠦᠩᠭᠡᠷᠡᠭᠡᠬᠦ ᠨᠦᠬᠦᠴᠡᠯ ᠢ ᠪᠦᠷᠢᠯᠳᠦᠭᠦᠯᠦᠨ᠎ᠡ︔ 37 ᠲᠦᠮᠡᠨ ᠲᠡᠭᠰᠢ ᠳᠦᠷᠪᠡᠯᠵᠢᠨ ᠮᠧᠲᠷ ᠬᠠᠭᠤᠴᠢᠨ ᠰᠠᠭᠤᠭᠠᠯᠢ | ᠲᠤᠭᠤᠷᠢᠭ ᠢ ᠦᠭᠡᠷᠡᠴᠢᠯᠡᠨ ᠰᠢᠨᠡᠳᠭᠡᠨ᠎ᠡ᠃ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢᠨ ᠤᠷᠤᠵᠤ ᠰᠠᠭᠤᠬᠤ | ᠪᠠ ᠪᠤᠴᠠᠭᠠᠬᠤ ᠬᠠᠮᠢᠶᠠᠷᠤᠯᠲᠠ ᠶᠢ ᠴᠢᠩᠭᠠᠳᠬᠠᠨ᠂ ᠨᠦᠬᠦᠴᠡᠯ ᠳᠤ ᠨᠡᠶᠢᠴᠡᠭᠰᠡᠨ ᠳᠤᠤᠷ᠎ᠠ ᠤᠷᠤᠯᠭᠠᠲᠤ ᠭᠡᠷ ᠪᠦᠯᠢ | ᠶᠢ ᠴᠢᠳᠠᠬᠤ ᠶᠢᠨ ᠬᠢᠷᠢ ᠪᠠᠷ ᠪᠠᠲᠤᠯᠠᠨ᠎ᠠ︔ ︽ᠠᠭᠠᠷ ᠢ ᠴᠡᠪᠡᠷᠰᠢᠭᠦᠯᠬᠦ ᠠᠷᠪᠠᠨ ᠵᠤᠷᠪᠤᠰ︾᠂ ︽ᠤᠰᠤ ᠶᠢ | ᠴᠡᠪᠡᠷᠰᠢᠭᠦᠯᠬᠦ ᠠᠷᠪᠠᠨ ᠵᠤᠷᠪᠤᠰ︾᠂ ︽ᠬᠦᠷᠦᠰᠦ ᠰᠢᠷᠦᠢ ᠶᠢ ᠬᠠᠮᠠᠭᠠᠯᠠᠬᠤ ᠠᠷᠪᠠᠨ ᠵᠤᠷᠪᠤᠰ︾ ᠢ ᠪᠦᠬᠦ ᠲᠠᠯ᠎ᠠ ᠪᠠᠷ | ᠬᠡᠷᠡᠭᠵᠢᠭᠦᠯᠦᠨ᠂ ᠭᠤᠤᠯ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠢ | ᠬᠠᠮᠠᠭᠠᠯᠠᠬᠤ ᠵᠤᠤᠬ᠎ᠠ ᠶᠢᠨ ᠦᠭᠡᠷᠡᠴᠢᠯᠡᠯᠲᠡ ᠪᠠ ᠨᠡᠭᠦᠷᠡᠰᠦᠨ ᠵᠤᠤᠬ᠎ᠠ ᠶᠢ ᠤᠰᠠᠳᠬᠠᠬᠤ ᠶᠢ ᠲᠦᠷᠭᠡᠪᠴᠢᠯᠡᠨ | ᠠᠬᠢᠭᠤᠯᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠡᠯᠲᠡ ᠶᠢ ᠡᠷᠡᠰ | ᠲᠡᠮᠡᠴᠡᠨ᠎ᠡ᠃ | ︵ᠲᠠᠪᠤ︶ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠠᠷᠠᠳ ᠤᠨ ᠠᠮᠢᠳᠤᠷᠠᠯ ᠢ | ᠬᠦᠴᠦᠯᠡᠨ ᠰᠠᠶᠢᠵᠢᠷᠠᠭᠤᠯᠤᠨ᠎ᠠ | ᠤᠨᠤᠴᠠᠲᠠᠢ ᠪᠠᠷ ᠶᠠᠳᠠᠭᠤ ᠶᠢ ᠳᠡᠳᠬᠦᠬᠦ ᠠᠵᠢᠯ ᠢ ᠦᠷᠭᠦᠯᠵᠢᠯᠡᠨ ᠦᠷᠨᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠡᠯᠲᠡ ᠶᠢ ᠪᠦᠬᠦ ᠲᠠᠯ᠎ᠠ ᠪᠠᠷ ᠲᠡᠮᠡᠴᠡᠨ᠂ ᠶᠠᠳᠠᠭᠤ | ᠬᠦᠴᠢᠷᠳᠡᠯᠲᠡᠢ ᠬᠦᠮᠦᠨ ᠪᠦᠷᠢ ᠶᠢᠨ ᠠᠮᠢᠳᠤᠷᠡᠯ ᠳᠤ ᠪᠠᠲᠤᠯᠠᠭ᠎ᠠ ᠬᠠᠩᠭᠠᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠠᠮᠤᠷ ᠲᠦᠪᠰᠢᠨ ᠤ ᠲᠤᠤᠷ ᠢ ᠪᠠᠲᠤ ᠰᠦᠯᠵᠢᠨ᠎ᠡ︔ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠲᠡᠩᠴᠡᠭᠦᠷᠢᠲᠦ ᠬᠦᠭᠵᠢᠯᠲᠡ ᠶᠢᠨ ᠪᠠᠷᠢᠮᠵᠢᠶ᠎ᠠ ᠳᠤ ᠬᠦᠷᠬᠦ ᠬᠢᠨᠠᠨ ᠰᠢᠯᠭᠠᠯᠲᠠ ᠪᠠᠷ ᠬᠠᠷᠠᠯᠲᠠ ᠪᠤᠯᠭᠠᠨ᠂ ᠭᠤᠤᠯ | ᠬᠤᠲᠠ ᠲᠤᠭᠤᠷᠢᠭ ᠤᠨ ᠰᠤᠷᠭᠠᠭᠤᠯᠢ ᠶᠢᠨ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠠᠯᠪᠠᠨ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠪᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠪᠴᠢᠯᠡᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠴᠡᠴᠡᠷᠯᠢᠭ ᠤᠨ | ᠬᠡᠪᠴᠢᠶ᠎ᠡ ᠶᠢ ᠦᠷᠭᠡᠳᠬᠡᠨ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠲᠦᠷᠦ ᠶᠢᠨ ᠪᠤᠳᠤᠯᠭ᠎ᠠ ᠶᠢ | ᠲᠤᠭᠲᠠᠭᠠᠵᠤ᠂ ᠬᠤᠲᠠ ᠬᠦᠳᠡᠭᠡ ᠶᠢᠨ ᠰᠤᠷᠬᠤ ᠨᠠᠰᠤᠨ ᠤ ᠬᠡᠦᠬᠡᠳ ᠤᠨ ᠴᠡᠴᠡᠷᠯᠢᠭ ᠲᠤ ᠤᠷᠤᠬᠤ ᠬᠡᠷᠡᠭᠴᠡᠭᠡ ᠶᠢ | ᠬᠠᠩᠭᠠᠨ᠂ ᠤᠯᠠᠭᠠᠨᠬᠠᠳᠠ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠴᠢᠶᠤᠤ ᠪᠸᠢ ᠬᠤᠪᠢᠶᠠᠷᠢ ᠰᠤᠷᠭᠠᠭᠤᠯᠢ᠂ | ᠤᠯᠠᠭᠠᠨᠬᠠᠳᠠ ᠲᠠᠪᠤᠳᠤᠭᠠᠷ ᠳᠤᠮᠳᠠᠳᠤ᠂ ᠠᠷᠪᠠᠳᠤᠭᠠᠷ ᠪᠠᠭ᠎ᠠ᠂ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ | ᠵᠡᠷᠭᠡ 25 ᠰᠠᠭᠤᠷᠢ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠤᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠠᠬᠢᠭᠤᠯᠵᠤ᠂ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠪᠦᠷᠬᠦᠴᠡ ᠶᠢᠨ ᠲᠠᠯᠠᠪᠠᠢ ᠶᠢ | ᠦᠷᠭᠡᠳᠬᠡᠨ᠎ᠡ᠃ ᠰᠢᠨ᠎ᠡ ᠳᠡᠭᠡᠳᠦ ᠰᠢᠯᠭᠠᠯᠲᠠ ᠶᠢᠨ ᠬᠡᠯᠪᠡᠷᠢ ᠶᠢ ᠦᠪᠡᠷᠲᠡᠭᠡᠨ ᠵᠠᠰᠠᠬᠤ ᠤᠷᠤᠨ ᠲᠠᠢ ᠢᠵᠢᠯ | ᠠᠯᠬᠤᠮ ᠢᠶᠠᠷ ᠡᠬᠢᠯᠡᠭᠦᠯᠦᠨ᠎ᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠦᠢᠯᠡᠰ ᠢ ᠲᠦᠷᠭᠡᠪᠴᠢᠯᠡᠨ | ᠬᠦᠭᠵᠢᠭᠦᠯᠦᠨ᠎ᠡ᠃ ᠬᠤᠶᠠᠳᠤᠭᠠᠷ ᠡᠮᠨᠡᠯᠭᠡ ᠶᠢᠨ ᠬᠤᠷᠢᠶᠠᠨ ᠤ ᠴᠢᠶᠤᠤ ᠪᠸᠢ ᠬᠤᠪᠢᠶᠠᠷᠢ ᠡᠮᠨᠡᠯᠭᠡ᠂ ᠡᠬᠡ ᠨᠢᠯᠬᠠᠰ ᠤᠨ | ᠡᠷᠡᠭᠦᠯᠵᠢᠯ ᠤᠨ ᠬᠤᠷᠢᠶ᠎ᠠ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠠᠬᠢᠭᠤᠯᠤᠨ᠂ ᠬᠤᠩ ᠱᠠᠨ ᠡᠮᠴᠢᠯᠡᠭᠡᠨ ᠤ ᠪᠦᠯᠦᠭᠯᠡᠯ ᠢ ᠪᠠᠶᠢᠭᠤᠯᠵᠤ᠂ ᠦᠨᠳᠦᠰᠦᠨ ᠱᠠᠲᠤᠨ ᠳᠤ | ᠠᠩᠬ᠎ᠠ ᠤᠨᠤᠰᠢᠯᠠᠨ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠵᠦ᠂ ᠲᠦᠷᠭᠡᠨ ᠤᠳᠠᠭᠠᠨ ᠢ ᠰᠠᠯᠭᠠᠨ ᠡᠮᠨᠡᠵᠦ᠂ | ᠳᠡᠭᠡᠷ᠎ᠡ ᠳᠤᠤᠷ᠎ᠠ ᠱᠠᠲᠤ ᠬᠠᠷᠢᠯᠴᠠᠨ ᠬᠤᠯᠪᠤᠭᠠᠯᠠᠭᠰᠠᠨ ᠡᠮᠴᠢᠯᠡᠭᠡᠨ ᠤ ᠪᠦᠲᠦᠴᠡ ᠶᠢ ᠲᠡᠭᠦᠯᠳᠡᠷᠵᠢᠭᠦᠯᠦᠨ᠂ ᠡᠮ | ᠡᠮᠨᠡᠯᠭᠡ ᠶᠢᠨ ᠦᠢᠯᠡᠴᠢᠯᠡᠭᠡᠨ ᠤ ᠪᠦᠬᠦᠯᠢ ᠴᠤᠭᠴᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠨᠳᠦᠰᠦᠨ ᠡᠮ ᠤᠨ ᠵᠦᠢᠯᠡᠰ ᠤᠨ | ᠳᠦᠷᠢᠮ ᠢ ᠪᠠᠲᠤᠵᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠡᠩᠴᠡᠭᠦᠷᠢᠰᠢᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ | ᠦᠷᠡᠵᠢᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ︔ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠶᠢ ᠠᠬᠢᠭᠤᠯᠤᠨ᠂ | ︽ᠡᠷᠡᠭᠦᠯ ᠮᠡᠨᠳᠦ ᠶᠢᠨ ᠬᠠᠮᠢᠶᠠᠷᠤᠯᠲᠠ ᠪᠠᠷ ᠰᠠᠭᠤᠷᠢ ᠪᠤᠯᠭᠠᠨ᠂ ᠨᠠᠰᠤᠵᠢᠯ ᠢ ᠠᠰᠠᠷᠠᠬᠤ ᠦᠢᠯᠡᠴᠢᠯᠡᠭᠡ ᠪᠠᠷ | ᠭᠤᠤᠯᠯᠠᠭᠴᠢ ᠪᠤᠯᠭᠠᠵᠤ᠂ ᠡᠮ ᠡᠮᠨᠡᠯᠭᠡ ᠶᠢᠨ ᠦᠢᠯᠡᠴᠢᠯᠡᠭᠡ ᠪᠠᠷ ᠲᠤᠯᠭᠠᠭᠤᠷᠢ ᠪᠤᠯᠭᠠᠭᠰᠠᠨ︾ ᠪᠦᠬᠦ ᠠᠮᠢ ᠨᠠᠰᠤᠨ ᠤ | ᠦᠶᠡᠯᠡᠯ ᠤᠨ ᠨᠠᠰᠤᠵᠢᠯ ᠤᠨ ᠦᠢᠯᠡᠴᠢᠯᠡᠭᠡ ᠶᠢᠨ ᠬᠡᠯᠬᠢᠶ᠎ᠡ ᠶᠢ ᠴᠤᠭᠴᠠᠯᠠᠬᠤ ᠶᠢ ᠳᠡᠮᠵᠢᠵᠦ᠂ ᠨᠢᠭᠡ ᠪᠦᠯᠦᠭ | ᠨᠠᠰᠤᠵᠢᠯ ᠤᠨ ᠠᠰᠠᠷᠠᠮᠵᠢ ᠪᠠᠷ ᠭᠤᠤᠯ ᠰᠡᠳᠦᠪ ᠪᠤᠯᠭᠠᠭᠰᠠᠨ᠂ ᠰᠤᠪᠢᠯᠠᠬᠤ᠂ ᠪᠡᠶ᠎ᠡ ᠴᠢᠬᠢᠷᠠᠭᠵᠢᠭᠤᠯᠬᠤ᠂ ᠡᠮ | ᠡᠮᠨᠡᠯᠭᠡ᠂ ᠰᠤᠷᠭᠠᠨ ᠬᠦᠮᠦᠵᠢᠯ᠂ ᠰᠤᠶᠤᠯ ᠴᠡᠩᠭᠡᠯ᠂ ᠢᠨᠲ᠋ᠧᠷ ᠰᠦᠯᠵᠢᠶ᠎ᠡ ᠵᠡᠷᠭᠡ ᠶᠢ ᠳᠠᠭᠠᠯᠳᠤᠭᠤᠯᠤᠭᠰᠠᠨ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ︽ᠨᠠᠰᠤᠵᠢᠯ ᠤᠨ ᠠᠰᠠᠷᠠᠮᠵᠢ +︾ ᠶᠡᠷᠦᠩᠬᠡᠶᠢᠯᠡᠭᠰᠡᠨ ᠰᠢᠨ᠎ᠡ | ᠦᠢᠯᠡᠰ ᠤᠨ ᠲᠦᠯᠦᠪ ᠢ ᠪᠠᠶᠢᠭᠤᠯᠤᠨ ᠬᠦᠭᠵᠢᠭᠦᠯᠦᠨ᠎ᠡ︔ ᠰᠤᠶᠤᠯ ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠬᠢᠨ᠎ᠡ᠃ ᠪᠦᠬᠦ ᠠᠷᠠᠳ ᠢᠶᠠᠷ ᠢᠶᠠᠨ ᠴᠢᠬᠢᠷᠠᠭᠵᠢᠬᠤ ᠪᠠ | ᠤᠯᠠᠨ ᠨᠡᠶᠢᠲᠡ ᠶᠢᠨ ᠰᠤᠶᠤᠯ ᠤᠨ ᠠᠵᠢᠯᠯᠠᠭᠠᠨ ᠢ ᠭᠦᠨᠵᠡᠭᠡᠶᠢᠷᠡᠭᠦᠯᠦᠨ ᠦᠷᠨᠢᠭᠦᠯᠵᠦ᠂ ᠡᠯ ᠳ᠋ᠤᠤ ᠵᠢᠩᠽᠢ ᠬᠠᠭᠤᠴᠢ | ᠪᠠᠭᠤᠷᠢ ᠶᠢᠨ ᠴᠡᠴᠡᠷᠯᠢᠭ ᠤᠨ ᠪᠠᠶᠢᠭᠤᠯᠤᠯᠲᠠ ᠶᠢ ᠡᠬᠢᠯᠡᠭᠦᠯᠦᠨ᠂ ᠬᠤᠩ ᠱᠠᠨ ᠰᠤᠶᠤᠯ ᠤᠨ ᠦᠵᠡᠭᠦᠯᠭᠡ ᠶᠢᠨ | ᠲᠦᠪ ᠢ ᠲᠦᠷᠭᠡᠪᠴᠢᠯᠡᠨ ᠪᠠᠶᠢᠭᠤᠯᠤᠨ᠎ᠠ︔ ᠬᠤᠶᠠᠷ ᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ | ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ | ᠨᠡᠭᠡᠭᠡᠯᠲᠡ ᠶᠢ ᠤᠨᠤᠴᠠᠲᠠᠢ ᠦᠷᠨᠢᠭᠦᠯᠦᠨ᠂ ᠤᠶᠤᠲᠠᠨ᠂ ᠬᠦᠯᠦᠰᠦᠨ ᠲᠠᠷᠢᠶᠠᠴᠢᠨ ᠵᠡᠷᠭᠡ ᠪᠦᠯᠦᠭᠲᠦ ᠴᠤᠭᠴᠠ ᠶᠢ | ᠬᠠᠪᠰᠤᠷᠤᠨ ᠠᠵᠢᠯ ᠤᠯᠭᠤᠬᠤ ᠦᠢᠯᠡᠰ ᠪᠤᠰᠬᠠᠬᠤ ᠶᠢ ᠪᠡᠶᠡᠯᠡᠭᠦᠯᠵᠦ᠂ ᠵᠢᠯ ᠤᠨ ᠲᠤᠲᠤᠷ᠎ᠠ ᠰᠢᠨ᠎ᠡ ᠪᠠᠷ ᠨᠡᠮᠡᠭᠳᠡᠭᠰᠡᠨ | ᠬᠤᠲᠠ ᠪᠠᠯᠭᠠᠰᠤᠨ ᠤ ᠠᠵᠢᠯ ᠤᠯᠤᠭᠰᠠᠳ ᠢ 9000 ᠬᠦᠮᠦᠨ ᠠᠴᠠ ᠳᠡᠭᠡᠭᠰᠢ ᠪᠤᠯᠭᠠᠨ᠎ᠠ︔ ᠪᠦᠬᠦ | ᠠᠷᠠᠳ ᠢᠶᠠᠷ ᠢᠶᠠᠨ ᠳᠠᠭᠠᠳᠬᠠᠯ ᠳᠤ ᠤᠷᠤᠬᠤ ᠲᠦᠯᠦᠪᠯᠡᠭᠡ ᠶᠢ ᠬᠡᠷᠡᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠳᠠᠭᠠᠳᠬᠠᠯ ᠳᠤ ᠤᠷᠤᠵᠤ ᠰᠦᠢᠳᠬᠡᠯ ᠲᠤᠰᠢᠶᠠᠬᠤ ᠪᠠ ᠰᠢᠯᠵᠢᠭᠦᠯᠵᠦ᠂ ᠵᠠᠯᠭᠠᠵᠤ ᠲᠤᠰᠢᠶᠠᠬᠤ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠪᠠᠲᠤᠯᠠᠭ᠎ᠠ ᠤᠯᠭᠤᠮᠵᠢ ᠶᠢᠨ ᠲᠦᠪᠰᠢᠨ ᠢ ᠯᠠᠪᠳᠠᠭᠤᠨ | ᠨᠡᠮᠡᠭᠳᠡᠭᠦᠯᠦᠨ᠎ᠡ᠃ ᠪᠦᠬᠦ ᠵᠢᠯ ᠳᠤ ︽ᠲᠠᠪᠤᠨ ᠳᠠᠭᠠᠳᠬᠠᠯ︾ ᠳᠤ ᠤᠷᠤᠯᠴᠠᠭᠰᠠᠳ ᠤᠨ ᠴᠡᠪᠡᠷ ᠨᠡᠮᠡᠭᠳᠡᠯ ᠢ 2000 | ᠬᠦᠮᠦᠨ ᠠᠴᠠ ᠳᠡᠭᠡᠭᠰᠢ ᠪᠤᠯᠭᠠᠨ᠎ᠠ︔ ᠠᠶᠦᠯᠭᠦᠢ ᠦᠢᠯᠡᠳᠪᠦᠷᠢᠯᠡᠯ ᠤᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ | ᠬᠦᠭᠵᠢᠭᠦᠯᠦᠯᠲᠡ ᠶᠢᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠶᠦᠯᠭᠦᠢ ᠦᠢᠯᠡᠳᠪᠦᠷᠢᠯᠡᠯ ᠤᠨ ︽ | 1+8︾ ᠳᠦᠷᠢᠮ ᠤᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠠᠶᠦᠯᠭᠦᠢ ᠦᠢᠯᠡᠳᠪᠦᠷᠢᠯᠡᠯ ᠤᠨ | ᠤᠷᠲᠤᠮᠵᠢ ᠶᠢᠨ ᠬᠢᠨᠠᠨ ᠬᠠᠮᠢᠶᠠᠷᠤᠯᠲᠠ ᠶᠢᠨ ᠲᠤᠭᠲᠠᠴᠠ ᠪᠠ ᠤᠷᠤᠭᠤᠯᠤᠯᠲᠠ ᠪᠠᠲᠤᠯᠠᠭ᠎ᠠ ᠶᠢᠨ ᠲᠤᠭᠲᠠᠴᠠ ᠶᠢ | ᠦᠷᠭᠦᠯᠵᠢᠯᠡᠨ ᠲᠡᠭᠦᠯᠳᠡᠷᠵᠢᠭᠦᠯᠵᠦ᠂ ᠠᠶᠦᠯᠭᠦᠢ ᠦᠢᠯᠡᠳᠪᠦᠷᠢᠯᠡᠯ ᠤᠨ ᠰᠤᠷᠠᠭ ᠵᠠᠩᠭᠢᠴᠢᠯᠠᠬᠤ᠂ ᠪᠠᠷᠢᠮᠵᠢᠶᠠᠵᠢᠬᠤ᠂ | ᠨᠡᠶᠢᠭᠡᠮᠴᠢᠯᠡᠬᠦ ᠦᠢᠯᠡᠴᠢᠯᠡᠭᠡᠨ ᠤ ︽ᠭᠤᠷᠪᠠᠴᠢᠯᠠᠭᠰᠡᠨ︾ ᠪᠠᠶᠢᠭᠤᠯᠤᠯᠲᠠ ᠶᠢ ᠲᠦᠷᠭᠡᠳᠬᠡᠵᠦ᠂ ᠮᠠᠨ ᠤ | ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠪᠦᠬᠦᠯᠢ ᠴᠤᠭᠴᠠ ᠶᠢᠨ ᠠᠵᠢᠯ ᠤᠨ ᠴᠢᠳᠠᠪᠤᠷᠢ ᠪᠠ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠮᠠᠨ ᠤ ᠲᠤᠭᠤᠷᠢᠭ ᠤᠨ ᠪᠤᠳᠠᠲᠠᠢ ᠲᠠᠢ ᠪᠠᠨ ᠤᠶᠠᠯᠳᠤᠭᠤᠯᠤᠨ᠂ ᠢᠲᠡᠭᠡᠯ ᠢ | ᠡᠷᠬᠢᠮᠯᠡᠬᠦ ᠬᠤᠯᠪᠤᠭᠠᠲᠦ ᠵᠤᠷᠢᠭᠵᠢᠭᠤᠯᠤᠯ ᠪᠠ ᠢᠲᠡᠭᠡᠯ ᠠᠯᠳᠠᠯᠲᠠ ᠶᠢᠨ ᠬᠤᠯᠪᠤᠭᠠᠲᠤ ᠵᠠᠯᠬᠠᠭᠠᠯ ᠵᠢᠴᠢ ︽ᠤᠯᠠᠭᠠᠨ | ᠬᠠᠷ᠎ᠠ︾ ᠨᠡᠷᠡᠰ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠡᠶᠢᠭᠡᠮ ᠤᠨ ᠪᠤᠯᠪᠠᠰᠤᠨ ᠦᠨᠡᠨᠴᠢ | ᠢᠲᠡᠭᠡᠮᠵᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠦᠯᠦᠭᠡᠯᠡᠭᠴᠢᠳ ᠡ᠂ 2018 ᠤᠨ ᠤ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠠᠵᠢᠯ ᠢ | ᠰᠠᠶᠢᠲᠤᠷ ᠬᠢᠬᠦ ᠳᠤ ᠡᠭᠦᠷᠭᠡ ᠬᠦᠨᠳᠦ᠂ ᠬᠠᠷᠢᠭᠤᠴᠠᠯᠭ᠎ᠠ ᠶᠡᠭᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮᠲᠦ ᠦᠵᠡᠯ ᠰᠠᠨᠠᠭᠠᠨ ᠤ ᠵᠢᠯᠤᠭᠤᠳᠤᠯᠭ᠎ᠠ ᠳᠤᠤᠷ᠎ᠠ᠂ | ᠲᠤᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠤᠯᠤᠰ ᠲᠦᠷᠦ ᠶᠢᠨ | ᠵᠦᠪᠯᠡᠯᠭᠡᠨ ᠤ ᠳᠤᠷᠠᠳᠤᠯᠭ᠎ᠠ ᠶᠢ ᠬᠢᠴᠢᠶᠡᠩᠭᠦᠢ ᠪᠠᠷ ᠰᠤᠨᠤᠰᠴᠤ᠂ ᠰᠡᠳᠬᠢᠯ ᠨᠢᠭᠡᠲᠦᠨ ᠬᠦᠴᠦᠨ ᠢᠶᠠᠨ ᠬᠠᠮᠲᠤᠳᠬᠠᠵᠤ | ᠂ ᠦᠭᠡᠷᠡᠴᠢᠯᠡᠯᠲᠡ ᠶᠢ ᠠᠬᠢᠭᠤᠯᠤᠨ ᠰᠢᠨ᠎ᠡ ᠶᠢ ᠡᠭᠦᠳᠴᠦ᠂ ᠬᠦᠴᠦᠯᠡᠨ ᠲᠡᠮᠡᠴᠡᠵᠦ ᠬᠦᠴᠢᠷ ᠪᠡᠷᠬᠡ ᠶᠢ ᠢᠯᠠᠨ | ᠳᠠᠪᠠᠵᠤ᠂ ᠬᠤᠩ ᠱᠠᠨ ᠲᠤᠭᠤᠷᠢᠭ ᠤᠨ ᠠᠵᠤ ᠠᠬᠤᠢ ᠨᠡᠶᠢᠭᠡᠮ ᠤᠨ ᠨᠡᠩ ᠦᠨᠳᠦᠷ ᠴᠢᠨᠰᠠᠭ᠎ᠠ ᠪᠦᠬᠦᠢ | ᠬᠦᠭᠵᠢᠯᠲᠡ ᠶᠢ ᠪᠡᠶᠡᠯᠡᠭᠦᠯᠦᠶ᠎ᠡ᠃ |