ᠬᠤᠩ ᠮᠢᠶᠤᠤᠽᠢ ᠪᠠᠯᠭᠠᠰᠤ ᠬᠦᠳᠡᠭᠡ ᠲᠤᠰᠬᠤᠨ ᠢᠶᠠᠨ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2018-05-09
       ᠬᠤᠩ ᠱᠠᠨ ᠲᠤᠭᠤᠷᠢᠭ ᠤᠨ ᠬᠤᠩ ᠮᠢᠶᠤᠤᠽᠢ ᠪᠠᠯᠭᠠᠰᠤ ᠬᠦᠳᠡᠭᠡ ᠲᠤᠰᠬᠤᠨ ᠤ ᠰᠤᠶᠤᠯ ᠤᠨ ᠡᠬᠢ ᠪᠠᠶᠠᠯᠢᠭ ᠲᠠᠭᠠᠨ ᠲᠦᠰᠢᠭᠯᠡᠨ᠂ ᠡᠯ᠎ᠡ ᠵᠦᠢᠯ ᠤᠨ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠰᠤᠶᠤᠯ ᠤᠨ ᠠᠮᠢᠳᠤᠷᠠᠯ ᠢ ᠤᠯᠠᠮ ᠢᠶᠠᠷ ᠪᠠᠶᠠᠯᠢᠭᠵᠢᠭᠤᠯᠤᠨ᠂ ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠭᠦᠨᠵᠡᠭᠡᠶᠢᠷᠡᠭᠦᠯᠦᠨ ᠦᠷᠨᠢᠭᠦᠯᠬᠦ ᠳᠤ ᠲᠠᠪᠴᠠᠩ ᠬᠠᠩᠭᠠᠭᠰᠠᠨ ᠪᠠᠶᠢᠨ᠎ᠠ᠃ ᠪᠠᠯᠭᠠᠰᠤᠨ ᠠᠴᠠ ᠲᠤᠰᠬᠤᠨ ᠤ ᠳᠡᠰ ᠤᠨ ᠰᠤᠶᠤᠯ ᠤᠨ ᠠᠵᠢᠯᠯᠠᠭᠠᠨ ᠤ ᠭᠡᠷ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠳᠦᠷᠢᠮᠵᠢᠭᠦᠯᠦᠨ᠂ ᠨᠤᠲᠤᠭ ᠤᠰᠤᠨ ᠤ ᠤᠨᠴᠠᠯᠢᠭ ᠲᠠᠢ᠂ ᠤᠯᠠᠨ ᠲᠦᠮᠡᠨᠴᠢ ᠴᠢᠨᠠᠷ ᠲᠠᠢ ᠰᠤᠶᠤᠯ ᠪᠡᠶ᠎ᠡ ᠲᠠᠮᠢᠷ ᠤᠨ ᠠᠵᠢᠯᠯᠠᠭᠠᠨ ᠨᠤᠭᠤᠳ ᠢ ᠡᠮᠬᠢ ᠵᠢᠷᠦᠮ ᠲᠠᠢ ᠦᠷᠨᠢᠭᠦᠯᠵᠦ᠂ ᠲᠤᠰᠬᠤᠨ ᠤ ᠠᠷᠠᠳ ᠪᠠᠶᠠᠷ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢᠶᠠᠨ ᠮᠠᠭᠲᠠᠨ ᠳᠠᠭᠤᠯᠠᠵᠤ ᠤᠯᠠᠮᠵᠢᠯᠠᠯᠲᠤ ᠰᠤᠶᠤᠯ ᠪᠠ ᠤᠳᠤᠬᠢ ᠰᠤᠶᠤᠯ ᠢ ᠤᠷᠭᠠᠨᠢᠭ ᠢᠶᠠᠷ ᠤᠶᠠᠯᠳᠤᠭᠤᠯᠤᠨ ᠦᠪᠡᠷᠮᠢᠴᠡ ᠰᠤᠶᠤᠯ ᠤᠨ ᠤᠨᠴᠠᠯᠢᠭ ᠲᠠᠢ ᠲᠤᠰᠬᠤᠨ ᠢ ᠪᠦᠲᠦᠭᠡᠨ ᠪᠠᠶᠢᠭᠤᠯᠵᠤ ᠪᠠᠶᠢᠨ᠎ᠠ᠃        ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠪᠤᠳᠠᠰ ᠤᠨ ᠠᠮᠢᠳᠤᠷᠠᠯ ᠤᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠬᠤᠩ ᠮᠢᠶᠤᠤᠽᠢ ᠪᠠᠯᠭᠠᠰᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠲᠠᠸᠠᠷ ᠤᠨ ᠲᠦᠷᠦᠯ ᠵᠦᠢᠯ ᠨᠢ ᠭᠦᠢᠴᠡᠳ᠂ ᠬᠢᠮᠳᠡ ᠮᠦᠷᠲᠡᠭᠡᠨ ᠴᠢᠨᠠᠷ ᠰᠠᠶᠢᠲᠠᠢ ᠪᠠᠶᠢᠵᠤ᠂ ᠲᠤᠰᠬᠤᠨ ᠤ ᠠᠷᠠᠳ ᠲᠤ ᠬᠤᠲᠠ ᠶᠢᠨ ᠠᠷᠠᠳ ᠲᠠᠢ ᠠᠳᠠᠯᠢᠬᠠᠨ ᠬᠤᠳᠠᠯᠳᠤᠭᠠᠨ ᠤ ᠤᠷᠴᠢᠨ ᠲᠤᠭᠤᠷᠢᠨ ᠪᠠ ᠲᠠᠸᠠᠷ ᠤᠨ ᠦᠢᠯᠡᠴᠢᠯᠡᠭᠡ ᠬᠠᠩᠭᠠᠵᠤ ᠪᠠᠶᠢᠨ᠎ᠠ᠃ ᠦᠢᠯᠡᠴᠢᠯᠡᠭᠡᠨ ᠤ ᠲᠦᠪ ᠠᠯᠢ ᠡᠷᠲᠡ ᠠᠴᠠ ᠬᠠᠪᠤᠷ ᠤᠨ ᠲᠠᠷᠢᠶᠠᠯᠠᠭ᠎ᠠ ᠶᠢᠨ ᠡᠳ᠋ ᠪᠠᠷᠠᠭ᠎ᠠ ᠪᠤᠯᠤᠨ ᠦᠢᠯᠡᠳᠪᠦᠷᠢᠯᠡᠯ ᠤᠨ ᠪᠠᠭᠠᠵᠢ ᠪᠠᠨ ᠪᠡᠯᠡᠳᠬᠡᠵᠦ᠂ ᠲᠤᠰᠬᠤᠨ ᠤ ᠠᠷᠠᠳ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠴᠠᠭ ᠲᠠᠭᠠᠨ ᠶᠠᠪᠤᠭᠳᠠᠬᠤ ᠶᠢ ᠪᠠᠲᠤᠯᠠᠬᠤ ᠶᠢᠨ ᠬᠠᠮᠲᠤ ᠦᠢᠯᠡᠴᠢᠯᠡᠭᠡ ᠪᠠᠨ ᠦᠭᠡᠷᠡᠴᠢᠯᠡᠨ ᠰᠢᠯᠢᠳᠡᠭᠵᠢᠭᠦᠯᠵᠦ᠂ ᠬᠦᠳᠡᠭᠡ ᠲᠤᠰᠬᠤᠨ ᠢᠶᠠᠨ ᠮᠠᠨᠳᠤᠭᠤᠯᠤᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠦᠢᠯᠡᠴᠢᠯᠡᠵᠦ ᠪᠠᠶᠢᠨ᠎ᠠ᠃ ᠪᠠᠯᠭᠠᠰᠤᠨ ᠤ ᠦᠨᠳᠦᠰᠦᠨ ᠱᠠᠲᠤᠨ ᠤ ᠬᠠᠩᠭᠠᠨ ᠪᠤᠷᠤᠯᠠᠭᠤᠯᠭ᠎ᠠ ᠶᠢᠨ ᠬᠤᠷᠰᠢᠶ᠎ᠠ ᠶᠢᠨ ᠡᠷᠬᠢᠯᠡᠭᠴᠢ ᠯᠢᠦᠢ ᠭᠦᠸᠧ ᠳ᠋ᠦᠩ ︽ᠪᠢᠳᠡ ᠳᠠᠷᠠᠭᠠᠴᠢ ᠪᠠᠷ ᠤᠶᠢᠷ᠎ᠠ ᠬᠠᠪᠢ ᠶᠢᠨ ᠲᠤᠰᠬᠤᠨ ᠪᠤᠯᠭᠠᠨ ᠳᠤ ᠨᠢᠭᠡ ᠦᠢᠯᠡᠴᠢᠯᠡᠭᠡᠨ ᠤ ᠴᠡᠭ ᠪᠠᠶᠢᠭᠤᠯᠵᠤ᠂ ᠦᠢᠯᠡᠴᠢᠯᠡᠭᠡ ᠪᠠᠨ ᠦᠨᠳᠦᠰᠦᠨ ᠱᠠᠲᠤ ᠬᠦᠷᠲᠡᠯ᠎ᠡ ᠦᠷᠭᠡᠳᠬᠡᠨ᠂ ᠲᠤᠰᠬᠤᠨ ᠤ ᠠᠷᠠᠳ ᠲᠤ ᠨᠡᠩ ᠶᠡᠭᠡ ᠠᠰᠢᠭ ᠬᠦᠷᠲᠡᠭᠡᠬᠦ ᠪᠠᠷ ᠲᠦᠯᠦᠪᠯᠡᠵᠦ᠂ ᠡᠭᠦᠨ ᠤ ᠤᠯᠠᠮ ᠢᠶᠠᠷ ᠬᠦᠳᠡᠭᠡ ᠲᠤᠰᠬᠤᠨ ᠤ ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠶᠢᠨ ᠰᠢᠰᠲ᠋ᠧᠮ ᠪᠠ ᠬᠠᠮᠢᠶᠠᠷᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠦᠯᠬᠢᠨ ᠠᠬᠢᠭᠤᠯᠬᠤ ᠪᠠᠷ ᠪᠠᠶᠢᠨ᠎ᠠ︾ ᠭᠡᠵᠦ ᠰᠤᠷᠪᠤᠯᠵᠢᠯᠠᠭᠴᠢ ᠳᠤ ᠶᠠᠷᠢᠪᠠ᠃        ᠤᠶᠢᠷ᠎ᠠ ᠶᠢᠨ ᠵᠢᠯ ᠳᠤ ᠲᠤᠰ ᠪᠠᠯᠭᠠᠰᠤ ᠲᠠᠷᠢᠶᠠᠯᠠᠩ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠤᠨ᠂ ᠤᠯᠠᠨ ᠬᠡᠯᠪᠡᠷᠢ ᠶᠢᠨ ᠲᠠᠷᠢᠶᠠᠯᠠᠩ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢ ᠬᠦᠭᠵᠢᠭᠦᠯᠵᠦ᠂ ᠲᠠᠷᠢᠶᠠᠯᠠᠩ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠪᠠ ᠦᠷᠢᠰᠦᠯᠳᠦᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃ 2018 ᠤᠨ ᠳᠤ ᠬᠤᠩ ᠮᠢᠶᠤᠤᠽᠢ ᠪᠠᠯᠭᠠᠰᠤ ᠬᠦᠳᠡᠭᠡ ᠲᠤᠰᠬᠤᠨ ᠢᠶᠠᠨ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ᠂ ᠲᠠᠷᠢᠶᠠᠯᠠᠩ ᠠᠵᠤ ᠠᠬᠤᠢ ᠶᠢᠨ ᠤᠨᠴᠠᠯᠢᠭᠲᠤ ᠠᠵᠤ ᠦᠢᠯᠡᠰ ᠤᠨ ᠬᠦᠭᠵᠢᠯᠲᠡ᠂ ᠲᠠᠷᠢᠶᠠᠯᠠᠩ ᠠᠵᠤ ᠠᠬᠤᠢ ᠪᠠ ᠵᠢᠭᠤᠯᠴᠢᠯᠠᠯ᠂ ᠰᠤᠶᠤᠯ ᠤᠨ ᠠᠭᠤᠰᠤᠯᠴᠠᠨ ᠬᠦᠭᠵᠢᠬᠦ ᠶᠢ ᠠᠬᠢᠭᠤᠯᠤᠭᠰᠠᠨ ᠪᠠᠶᠢᠨ᠎ᠠ᠃ ᠬᠦᠳᠡᠭᠡ ᠲᠤᠰᠬᠤᠨ ᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢᠶᠠᠨ ᠲᠤᠭᠲᠠᠭᠤᠨ ᠢᠶᠠᠷ ᠶᠠᠪᠤᠭᠳᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠪᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号