ᠲᠡᠭᠡᠷ᠎ᠡ ᠬᠠᠭᠠᠰ ᠵᠢᠯ ᠪᠦᠬᠦ ᠣᠷᠣᠨ ᠤ ᠠᠷᠠᠳ ᠤᠨ ᠠᠮᠢᠳᠣᠷᠠᠯ ᠤᠨ ᠵᠠᠷᠣᠯᠭ᠎ᠠ 1454.4 ᠳ᠋ᠦᠩᠰᠢᠭᠤᠷ ᠲᠦᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2018-07-13
       7 ᠰᠠᠷ᠎ᠠ ᠶᠢᠨ 12 ᠤᠨ ᠡᠳᠦᠷ ᠤᠨ ᠦᠳᠡ ᠠᠴᠠ ᠡᠮᠦᠨ᠎ᠡ᠂ ᠰᠤᠷᠪᠤᠯᠵᠢᠯᠠᠬᠴᠢ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠬᠰᠠᠨ ᠢᠶᠠᠷ᠂ ᠦᠨᠦ ᠵᠢᠯ ᠤᠨ ᠲᠡᠭᠡᠷ᠎ᠡ ᠬᠠᠭᠠᠰ ᠵᠢᠯ ᠪᠦᠬᠦ ᠣᠷᠣᠨ ᠤ ᠠᠷᠠᠳ ᠤᠨ ᠠᠮᠢᠳᠣᠷᠠᠯ ᠤᠨ ᠵᠠᠷᠣᠯᠭ᠎ᠠ 1454.4 ᠳ᠋ᠦᠩᠰᠢᠭᠤᠷ ᠲᠦᠭᠦᠷᠢᠭ ᠲᠤ ᠬᠦᠷᠴᠦ᠂ ᠡᠩ ᠤᠨ ᠨᠡᠶᠢᠲᠡ ᠶᠢᠨ ᠲᠦᠰᠦᠪ ᠤᠨ ᠵᠠᠷᠣᠯᠭ᠎ᠠ ᠶᠢᠨ 68.7 % ᠶᠢ ᠡᠵᠡᠯᠡᠪᠡ᠃ ᠡᠨᠡ ᠨᠢ ᠨᠢᠳᠣᠨᠣᠨ ᠤ ᠠᠳᠠᠯᠢ ᠬᠤᠭᠤᠴᠠᠭᠠᠨ ᠤ ᠬᠢ ᠠᠴᠠ 5.4 ᠵᠠᠭᠤᠨ ᠤ ᠬᠤᠪᠢ ᠲᠡᠭᠡᠭᠰᠢᠯᠡᠵᠦ᠂ ᠡᠯ᠎ᠡ ᠵᠦᠢᠯ ᠤᠨ ᠠᠷᠠᠳ ᠤᠨ ᠠᠮᠢᠳᠣᠷᠠᠯ ᠤᠨ ᠦᠢᠯᠡᠰ ᠤᠨ ᠭᠦᠭᠵᠢᠯᠲᠠ ᠶᠢ ᠬᠦᠴᠦᠲᠡᠢ ᠪᠠᠳᠤᠯᠠᠬᠰᠠᠨ ᠪᠠᠶᠢᠨ᠎ᠠ᠃        ᠤᠶᠢᠷ᠎ᠠ ᠶᠢᠨ ᠵᠢᠯ ᠠᠴᠠ ᠨᠠᠭᠠᠰᠢ᠂ ᠠᠷᠠᠳ ᠤᠨ ᠠᠮᠢᠳᠣᠷᠠᠯ ᠢ ᠪᠠᠳᠤᠯᠠᠨ ᠰᠠᠶᠢᠵᠢᠷᠠᠭᠤᠯᠬᠤ ᠪᠣᠯ ᠡᠯ᠎ᠡ ᠱᠠᠲᠣᠨ ᠤ ᠵᠠᠰᠠᠭ ᠤᠨ ᠣᠷᠳᠣᠨ ᠤ ᠵᠠᠶᠢᠯᠠᠭᠤᠯᠵᠣ ᠪᠣᠯᠣᠰᠢ ᠦᠭᠡᠢ ᠡᠬᠦᠷᠬᠡ ᠬᠠᠷᠢᠭᠤᠴᠠᠯᠭ᠎ᠠ ᠮᠦᠨ᠃ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠪᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠶᠢᠨ ᠪᠠᠶᠢᠷᠢᠭᠤᠯᠣᠯᠲᠠ ᠪᠠᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠲᠣ ᠴᠢᠩᠭ᠎ᠠ ᠪᠠᠷᠢᠮᠳᠠᠯᠠᠨ᠂ ᠠᠷᠠᠳ ᠲᠦᠮᠡᠨ ᠤ ᠬᠠᠮᠤᠭ ᠠᠴᠠ ᠰᠠᠨᠠᠭᠠᠰᠢᠷᠠᠵᠣ ᠪᠠᠶᠢᠭ᠎ᠠ᠂ ᠬᠠᠮᠤᠭ ᠤᠨ ᠰᠢᠭᠤᠳ ᠬᠠᠷᠢᠴᠠᠭ᠎ᠠ ᠲᠠᠢ ᠪᠣᠲᠠᠲᠠᠢ ᠣᠷᠣᠰᠢᠵᠣ ᠪᠠᠶᠢᠬᠤ ᠠᠰᠢᠭ ᠲᠣᠰᠠ ᠠᠴᠠ ᠭᠠᠷᠳᠠᠨ᠂ ᠡᠯ᠎ᠡ ᠵᠦᠢᠯ ᠤᠨ ᠠᠷᠠᠳ ᠤᠨ ᠠᠮᠢᠳᠣᠷᠠᠯ ᠤᠨ ᠠᠵᠢᠯ ᠢ ᠦᠷᠬᠦᠯᠵᠢᠯᠡᠨ ᠠᠬᠢᠭᠤᠯᠵᠣ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠲᠣᠬᠠᠢ ᠬᠡᠷᠡᠭᠴᠡᠭᠡ ᠱᠠᠭᠠᠷᠳᠠᠯᠭ᠎ᠠ ᠶᠢ ᠲᠠᠰᠣᠷᠠᠯᠲᠠ ᠦᠭᠡᠢ ᠬᠠᠩᠭᠠᠨ ᠦᠭᠴᠦ ᠪᠤᠢ᠃        ᠬᠠᠮᠢᠶ᠎ᠠ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠬᠰᠠᠨ ᠢᠶᠠᠷ᠂ ᠮᠠᠨ ᠤ ᠤᠷᠤᠨ ᠦᠨᠦ ᠵᠢᠯ ᠠᠴᠠ ᠨᠠᠭᠠᠰᠢ ᠠᠷᠠᠳ ᠤᠨ ᠠᠮᠢᠳᠣᠷᠠᠯ ᠤᠨ ᠲᠠᠯ᠎ᠠ ᠪᠠᠷ ᠲᠣᠯᠣᠭᠠᠨ ᠲᠠᠯ᠎ᠠ ᠶᠢᠨ ᠠᠮᠵᠢᠯᠳᠠ ᠤᠯᠤᠬᠰᠠᠨ ᠪᠠᠶᠢᠨ᠎ᠠ᠄ ᠨᠢᠭᠡ ᠳᠤ ᠂ ᠣᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠣᠯᠬᠤ ᠲᠠᠶᠢᠯᠠᠯᠳᠣᠭᠠᠨ ᠢ ᠪᠦᠬᠦ ᠲᠠᠯ᠎ᠠ ᠪᠠᠷ ᠰᠠᠶᠢᠲᠣᠷ ᠬᠢᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠶᠢᠨ ᠲᠤᠭ᠎ᠠ 37.8 ᠲᠦᠮᠡ ᠪᠣᠯᠣᠨ ᠪᠠᠭᠠᠰᠴᠠᠢ᠃ ᠦᠨᠦ ᠵᠢᠯ ᠦᠪᠡᠷᠳᠡᠭᠡᠨ ᠵᠠᠰᠠᠬᠤ ᠣᠷᠣᠨ 20 ᠲᠦᠮᠡᠨ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠦ᠂ 9 ᠣᠯᠣᠰ ᠤᠨ ᠲᠡᠰ ᠤᠨ ᠶᠠᠳᠠᠭᠤ ᠬᠤᠰᠢᠭᠤ ᠰᠢᠶᠠᠨ ᠪᠠ 13 ᠣᠷᠣᠨ ᠤ ᠲᠡᠰ ᠤᠨ ᠶᠠᠳᠠᠭᠤ ᠬᠤᠰᠢᠭᠤ ᠰᠢᠶᠠᠨ ᠤ ᠶᠠᠳᠠᠭᠤ ᠮᠠᠯᠠᠭᠠᠢ ᠶᠢ ᠠᠪᠴᠣ ᠬᠠᠶᠠᠨ᠎ᠠ᠃ ᠬᠤᠶᠠᠷ ᠲᠤ᠂ ᠠᠵᠢᠯ ᠣᠯᠭᠤᠬᠤ ᠦᠢᠯᠡᠰ ᠪᠦᠲᠦᠭᠡᠬᠦ ᠠᠵᠢᠯ ᠢ ᠬᠦᠴᠦᠲᠡᠢ ᠠᠬᠢᠭᠤᠯᠪᠠ᠃ ᠲᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠬᠤᠲᠠ ᠬᠦᠳᠡᠭᠡ ᠶᠢᠨ ᠠᠵᠢᠯ ᠤᠯᠤᠬᠰᠠᠨ ᠬᠦᠮᠦᠨ ᠤ ᠲᠤᠭ᠎ᠠ ᠰᠢᠨ᠎ᠡ ᠪᠠᠷ 14 ᠲᠦᠮᠡ ᠨᠡᠮᠡᠭᠳᠡᠵᠦ᠂ 211 ᠲᠦᠮᠡᠨ ᠮᠠᠯᠴᠢᠨ ᠲᠠᠷᠢᠶᠠᠴᠢᠨ ᠤ ᠠᠵᠢᠯ ᠣᠯᠭᠤᠯᠲᠠ ᠶᠢ ᠪᠡᠶᠡᠯᠡᠭᠦᠯᠪᠡ᠃ ᠭᠤᠷᠪᠠ ᠳᠤ᠂ ᠨᠡᠶᠢᠭᠡᠮ ᠤᠨ ᠪᠠᠲᠣᠯᠠᠭ᠎ᠠ ᠶᠢᠨ ᠲᠦᠪᠰᠢᠨ ᠢ ᠣᠯᠠᠮ ᠨᠢᠭᠡ ᠠᠯᠬᠤᠮ ᠲᠡᠬᠡᠭᠰᠢᠯᠡᠬᠦᠯᠪᠡ᠃ 6 ᠰᠠᠷ᠎ᠠ ᠶᠢᠨ ᠰᠡᠭᠦᠯᠴᠢ ᠪᠤᠯᠳᠠᠯ᠎ᠠ᠂ ᠪᠦᠬᠦ ᠣᠷᠣᠨ ᠤ ᠬᠤᠲᠠ ᠬᠦᠳᠡᠭᠡ ᠶᠢᠨ ᠠᠵᠢᠯᠲᠠᠨ ᠤ ᠦᠨᠳᠦᠰᠦᠨ ᠨᠠᠰᠤᠳᠠᠶᠢᠴᠤᠳ ᠤᠨ ᠠᠰᠠᠷᠠᠮᠵᠢ ᠶᠢᠨ ᠲᠠᠭᠠᠳᠬᠠᠯ ᠳᠤ 702.9 ᠲᠦᠮᠡᠨ ᠬᠦᠮᠦᠨ ᠤᠷᠤᠵᠦ᠂ ᠬᠤᠲᠠ ᠬᠦᠳᠡᠭᠡ ᠶᠢᠨ ᠦᠨᠳᠦᠰᠦᠨ ᠡᠮᠨᠡᠯᠭᠡ ᠶᠢᠨ ᠲᠠᠭᠠᠳᠬᠠᠯ ᠳᠤ 2150 ᠲᠦᠮᠡᠨ ᠬᠦᠮᠦᠨ᠂ ᠠᠵᠢᠯ ᠠᠯᠳᠠᠭᠰᠠᠳ ᠤᠨ ᠲᠠᠭᠠᠳᠬᠠᠯ ᠳᠤ 249.7 ᠲᠦᠮᠡᠨ ᠬᠦᠮᠦᠨ᠂ ᠠᠵᠢᠯ ᠠᠴᠠ ᠪᠣᠯᠣᠭᠰᠠᠨ ᠰᠢᠷᠬᠠᠳᠤᠯ ᠬᠡᠮᠳᠣᠯ ᠤᠨ ᠲᠠᠭᠠᠳᠬᠠᠯ ᠳᠤ 311 ᠲᠦᠮᠡᠨ ᠬᠦᠮᠦᠨ᠂ ᠬᠦᠩᠬᠡᠵᠢᠯ ᠤᠨ ᠲᠠᠭᠠᠳᠬᠠᠯ ᠳᠤ 306.4 ᠲᠦᠮᠡᠨ ᠬᠦᠮᠦᠨ ᠤᠷᠤᠬᠰᠠᠨ ᠪᠠᠶᠢᠨ᠎ᠠ᠃ ᠲᠦᠷᠪᠡ᠂ ᠠᠷᠠᠳ ᠲᠦᠮᠡᠨ ᠤ ᠰᠠᠨᠠᠭᠠᠨ ᠳᠤ ᠬᠦᠷᠦᠭᠰᠡᠨ ᠰᠣᠷᠭᠠᠨ ᠬᠦᠮᠦᠵᠢᠯ ᠢ ᠴᠢᠷᠮᠠᠶᠢᠨ ᠡᠷᠬᠢᠯᠡᠵᠦ ᠪᠤᠢ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠦᠨᠳᠦᠰᠦᠨ ᠵᠢᠭᠠᠨ ᠰᠣᠷᠭᠠᠯᠲᠠ ᠶᠢᠨ ᠨᠦᠬᠦᠴᠡᠯ ᠢ ᠣᠯᠠᠮ ᠴᠢᠨᠠᠬᠰᠢᠳᠠ ᠰᠠᠶᠢᠵᠢᠷᠠᠭᠤᠯᠤᠨ᠂ ᠲᠡᠭᠡᠷ᠎ᠡ ᠬᠠᠭᠠᠰ ᠵᠢᠯ ᠳᠤ 9 ᠰᠣᠷᠭᠠᠭᠤᠯᠢ ᠶᠢᠨ ᠪᠠᠷᠢᠯᠭ᠎ᠠ ᠶᠢ ᠲᠠᠭᠤᠰᠬᠠᠵᠣ᠂ 13 ᠰᠣᠷᠭᠠᠭᠤᠯᠢ ᠰᠢᠨ᠎ᠡ ᠪᠠᠷ ᠪᠠᠷᠢᠯᠭ᠎ᠠ ᠡᠬᠢᠯᠡᠭᠰᠡᠨ ᠪᠠᠶᠢᠨ᠎ᠠ᠃ ᠲᠠᠪᠤ ᠳᠤ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠴᠢᠳᠠᠪᠣᠷᠢ ᠶᠢ ᠲᠡᠬᠡᠭᠰᠢᠯᠡᠬᠦᠯᠪᠡ᠃ 7.8 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠣ᠂ 18 ᠰᠠᠭᠤᠷᠢ ᠬᠤᠰᠢᠭᠤ ᠰᠢᠶᠠᠨ ᠤ ᠲᠡᠰ ᠤᠨ ᠡᠮᠨᠡᠯᠭᠡ ᠶᠢᠨ ᠬᠤᠷᠢᠶ᠎ᠠ ᠶᠢ ᠲᠡᠮᠵᠢᠪᠡ᠃ ᠪᠦᠬᠦ ᠣᠷᠣᠨ ᠤ ᠭᠤᠷᠪᠠᠳᠣᠭᠠᠷ ᠲᠡᠰ ᠤᠨ ᠡᠮᠨᠡᠯᠭᠡ ᠶᠢᠨ ᠬᠤᠷᠢᠶ᠎ᠠ ᠶᠢ ᠪᠦᠬᠦᠨ ᠢ ᠡᠮᠨᠡᠯᠭᠡ ᠶᠢᠨ ᠬᠤᠯᠪᠤᠭᠠᠨ ᠤ ᠪᠠᠶᠢᠭᠤᠯᠤᠯᠳᠠ ᠳᠤ ᠤᠷᠤᠭᠤᠯᠪᠠ᠃ ᠵᠢᠷᠭᠤᠭ᠎ᠠ ᠳᠤ᠂ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠣᠷᠠᠯ ᠢ ᠲᠠᠰᠣᠷᠠᠯᠲᠠ ᠦᠭᠡᠢ ᠪᠠᠶᠠᠯᠢᠬᠵᠢᠭᠤᠯᠪᠠ᠃ ᠦᠪᠡᠷᠳᠡᠭᠡᠨ ᠵᠠᠰᠠᠬᠤ ᠣᠷᠣᠨ ᠠᠴᠠ ᠣᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢᠨ ᠲᠣᠮᠲᠠ ᠣᠷᠲᠣ ᠬᠤᠭᠤᠴᠠᠭᠠᠨ ᠤ ᠲᠦᠯᠦᠪᠵᠢᠭᠦᠯᠭᠡ ᠶᠢ ᠲᠣᠭᠲᠠᠭᠠᠨ᠂ ᠣᠯᠠᠭᠠᠨᠮᠦ᠋ᠴᠢᠷ ᠤᠨ ᠦᠢᠯᠡᠰ ᠤᠨ ᠦᠷᠨᠢᠨ ᠬᠦᠭᠵᠢᠬᠦ ᠶᠢ ᠬᠦᠴᠦᠳᠠᠢ ᠲᠡᠮᠵᠢᠪᠡ ᠃ ᠰᠣᠶᠣᠯ ᠢᠶᠠᠷ ᠠᠷᠠᠳ ᠲᠦᠮᠡᠨ ᠳᠤ ᠠᠰᠢᠭ ᠬᠥᠷᠳᠡᠬᠡᠬᠦ ᠠᠵᠢᠯᠯᠠᠭ᠎ᠠ ᠶᠢ ᠢᠳᠡᠪᠬᠢᠲᠡᠢ ᠵᠤᠬᠢᠶᠠᠨ ᠪᠠᠶᠢᠭᠤᠯᠵᠦ᠂ ᠲᠡᠭᠡᠷ᠎ᠡ ᠬᠠᠭᠠᠰ ᠵᠢᠯ ᠳᠤ ᠨᠡᠶᠢᠲᠡ 4000 ᠭᠠᠷᠣᠢ ᠲᠠᠯᠠᠪᠠᠢ ᠲᠣᠭᠯᠠᠯᠲᠠ ᠶᠢ ᠭᠠᠷᠭᠠᠬᠰᠠᠨ ᠪᠠᠶᠢᠨ᠎ᠠ᠃ ᠲᠣᠯᠤᠭ᠎ᠠ ᠳᠤ᠂ ᠠᠷᠠᠳ ᠲᠦᠮᠡᠨ ᠳᠤ ᠡᠶ᠎ᠡ ᠨᠠᠶᠢᠷᠠᠮᠳᠠᠭᠤ ᠠᠮᠣᠷ ᠲᠦᠪᠰᠢᠨ ᠣᠷᠴᠢᠨ ᠲᠣᠭᠤᠷᠢᠨ ᠢ ᠪᠦᠲᠦᠭᠡᠵᠦ ᠥᠭᠪᠡ᠃ ᠢᠳᠡᠭᠡᠨ ᠤ ᠵᠦᠢᠯ ᠡᠮ ᠤᠨ ᠵᠦᠢᠯ ᠪᠠ ᠠᠶᠣᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠣᠯᠲᠠ ᠶᠢ ᠴᠢᠩᠭᠠᠳᠬᠠᠵᠦ᠂ ᠪᠠᠰᠠ ᠵᠠᠬᠢᠳᠠᠯ ᠰᠣᠷᠪᠣᠯᠵᠢᠯᠠᠭ᠎ᠠ ᠶᠢᠨ ᠠᠵᠢᠯ᠂ ᠬᠠᠷ᠎ᠠ ᠪᠦᠯᠦᠭᠲᠡᠨ ᠬᠠᠷᠬᠢᠰ ᠬᠦᠴᠦᠨ ᠳᠤ ᠴᠢᠩᠭ᠎ᠠ ᠴᠣᠬᠢᠯᠲᠠ ᠥᠭᠬᠦ᠂ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠬᠡ ᠠᠵᠢᠯ ᠤᠳ ᠢ ᠯᠠᠪᠳᠠᠭᠤᠨ ᠪᠠᠲᠣᠲᠠᠢ ᠬᠢᠵᠦ ᠠᠷᠠᠳ ᠲᠦᠮᠡᠨ ᠳᠤ ᠡᠶ᠎ᠡ ᠨᠠᠶᠢᠷᠠᠮᠳᠠᠭᠤ ᠠᠮᠣᠷ ᠲᠦᠪᠰᠢᠨ ᠣᠷᠴᠢᠨ ᠲᠣᠭᠤᠷᠢᠨ ᠢ ᠪᠥᠲᠥᠬᠡᠨ ᠥᠭᠴᠡᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号