ᠨᠠᠨ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2018-07-25
       ᠬᠤᠩ ᠱᠠᠨ ᠲᠤᠭᠤᠷᠢᠭ ᠤᠨ ᠨᠠᠨ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠩᠭᠤᠵᠢᠯᠲᠠ᠂ ᠳᠦᠷᠢᠮᠵᠢᠯᠲᠡ ᠶᠢ ᠴᠢᠩᠭᠠᠳᠬᠠᠨ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠳᠠᠭᠠᠤ ᠦᠢᠯᠡᠳᠪᠦᠷᠢᠯᠡᠯ ᠡᠵᠡᠩᠨᠡᠯᠲᠡ ᠶᠢᠨ ᠬᠤᠳᠠᠯᠳᠤᠭᠠᠨ ᠤ ᠡᠷᠦᠬᠡ ᠶᠢ ᠬᠠᠨᠤᠮᠵᠢᠲᠠᠢ ᠪᠤᠯᠭᠠᠭᠰᠠᠨ ︽ᠬᠤᠤᠰ ᠬᠠᠨᠤᠮᠵᠢᠲᠠᠢ︾ ᠠᠵᠢᠯ ᠤᠨ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃        ᠬᠠᠷᠢᠶᠠᠲᠤ ᠲᠤᠭᠤᠷᠢᠭ ᠤᠨ ᠭᠤᠤᠯ ᠵᠡᠭᠡᠯᠢ ᠭᠤᠳᠤᠮᠵᠢ ᠶᠢᠨ ᠳᠦᠷᠢ ᠳᠦᠷᠬᠦ᠂ ᠤᠷᠴᠢᠨ ᠲᠤᠭᠤᠷᠢᠨ ᠤ ᠡᠮᠬᠢ ᠲᠢᠭᠯᠢᠮ ᠤᠨ ᠬᠠᠮᠢᠶᠠᠷᠤᠯᠲᠠ ᠶᠢ ᠴᠢᠩᠭᠠᠳᠬᠠᠨ᠂ ᠵᠠᠮ ᠤᠨ ᠬᠤᠶᠠᠷ ᠲᠠᠯ᠎ᠠ ᠪᠠᠷ ᠳᠡᠯᠭᠡᠨ ᠬᠤᠳᠠᠯᠳᠤᠭ᠎ᠠ ᠮᠠᠶᠢᠮᠠᠢ ᠬᠢᠬᠦ᠂ ᠬᠤᠭ ᠤᠪᠤᠭᠠᠯᠠᠬᠤ ᠵᠡᠷᠭᠡ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠵᠠᠢ᠃ ᠬᠠᠷᠢᠶᠠᠲᠤ ᠲᠤᠭᠤᠷᠢᠭ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠪᠦᠲᠦᠮᠵᠢᠲᠡᠢ ᠵᠢᠷᠤᠮᠵᠢᠭᠤᠯᠵᠤ᠂ ᠰᠢᠨ ᠬᠤᠸᠠ ᠪᠠᠭ᠎ᠠ ᠲᠤᠭᠤᠷᠢᠭ ᠤᠨ ᠰᠠᠭᠤᠭᠠᠯᠢ ᠠᠷᠠᠳ ᠤᠨ ᠦᠪᠡᠷᠲᠡᠭᠡᠨ ᠵᠤᠬᠢᠶᠠᠨ ᠪᠠᠶᠢᠭᠤᠯᠤᠭᠰᠠᠨ ᠵᠠᠬ᠎ᠠ ᠳᠡᠯᠭᠡᠭᠦᠷ ᠢ ᠨᠢᠭᠡᠲᠦᠯᠲᠡᠢ ᠵᠢᠷᠤᠮᠵᠢᠭᠤᠯᠤᠭᠰᠠᠨ ᠪᠠᠶᠢᠨ᠎ᠠ᠃ ᠵᠠᠬ᠎ᠠ ᠳᠡᠯᠭᠡᠭᠦᠷ ᠤᠨ ᠬᠤᠳᠠᠯᠳᠤᠭᠠᠨ ᠤ ᠡᠷᠦᠬᠡ ᠶᠢᠨ ᠵᠦᠪᠳᠡᠯᠴᠡᠬᠦ ᠬᠤᠷᠠᠯ ᠢ ᠵᠤᠬᠢᠶᠠᠨ ᠪᠠᠶᠢᠭᠤᠯᠵᠤ᠂ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠪᠠᠶᠢᠭᠤᠯᠬᠤ ᠶᠢ ᠵᠢᠯᠤᠭᠤᠳᠤᠨ᠂ 7 ᠬᠤᠳᠠᠯᠳᠤᠭᠠᠨ ᠤ ᠡᠷᠦᠬᠡ ᠪᠠᠷ ᠵᠠᠬ᠎ᠠ ᠳᠡᠯᠭᠡᠭᠦᠷ ᠤᠨ ᠬᠠᠮᠢᠶᠠᠷᠤᠭᠴᠢ ᠪᠤᠯᠭᠠᠵᠤ᠂ ᠵᠠᠬ᠎ᠠ ᠳᠡᠯᠭᠡᠭᠦᠷ ᠢ ᠤᠬᠠᠮᠰᠠᠷ ᠠᠴᠠ ᠪᠠᠨ ᠬᠠᠮᠢᠶᠠᠷᠴᠤ᠂ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠡᠢ᠃ ᠬᠠᠷᠢᠶᠠᠲᠤ ᠲᠤᠭᠤᠷᠢᠭ ᠲᠤ ᠳᠤᠷ᠎ᠠ ᠪᠠᠷ ᠢᠶᠠᠨ ᠵᠢᠵᠢᠭ ᠪᠠᠶᠢᠰᠢᠩ ᠪᠠᠶᠢᠭᠤᠯᠬᠤ᠂ ᠫᠧᠩ ᠰᠠᠷᠠᠪᠴᠢ᠂ ᠨᠠᠷᠠᠨ ᠰᠠᠷᠠᠪᠴᠢ ᠪᠠᠶᠢᠭᠤᠯᠬᠤ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠨ ᠵᠤᠭᠰᠤᠭᠠᠵᠤ᠂ ᠨᠡᠶᠢᠲᠡ 128 ᠬᠡᠰᠡᠭ ᠬᠠᠤᠯᠢ ᠪᠤᠰᠤ ᠪᠠᠷ ᠪᠠᠶᠢᠭᠤᠯᠤᠭᠰᠠᠨ ᠪᠠᠷᠢᠯᠭ᠎ᠠ ᠶᠢ ᠨᠤᠷᠠᠭᠠᠵᠠᠢ᠃ ᠡᠭᠦᠨ ᠠᠴᠠ ᠭᠠᠳᠠᠨ᠎ᠠ ᠪᠠᠰᠠ ᠳᠤᠷ᠎ᠠ ᠪᠠᠷ ᠢᠶᠠᠨ ᠨᠠᠭᠠᠵᠤ᠂ ᠵᠢᠷᠤᠭ ᠵᠢᠷᠤᠨ᠂ ᠪᠤᠳᠤᠭ ᠤᠷᠤᠭᠤᠯᠤᠭᠰᠠᠨ ᠬᠡᠰᠡᠭ ᠢ ᠪᠦᠲᠦᠮᠵᠢᠲᠡᠢ ᠠᠷᠢᠯᠭᠠᠨ ᠴᠡᠪᠡᠷᠯᠡᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠭᠰᠡᠨ ᠪᠠᠶᠢᠨ᠎ᠠ᠃        ᠤᠳᠤᠬᠠᠨ ᠳᠤ ᠭᠤᠤᠯ ᠵᠡᠭᠡᠯᠢ ᠶᠢᠨ ᠤᠷᠴᠢᠨ ᠲᠤᠭᠤᠷᠢᠨ ᠤ ᠡᠮᠬᠢ ᠲᠢᠭᠯᠢᠮ ᠮᠡᠳᠡᠭᠳᠡᠮ᠎ᠡ ᠰᠠᠶᠢᠵᠢᠷᠠᠵᠤ᠂ ᠠᠳᠠᠯ ᠦᠢᠯᠡᠰ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢᠨ ᠬᠢᠨᠠᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠳᠠᠯ ᠦᠢᠯᠡᠰ ᠤᠨ ᠬᠠᠮᠢᠶᠠᠷᠤᠯᠲᠠ ᠪᠠᠶᠢᠬᠤ ᠦᠭᠡᠢ ᠪᠠᠭ᠎ᠠ ᠲᠤᠭᠤᠷᠢᠭ ᠲᠤ ᠦᠢᠯᠡᠴᠢᠯᠡᠭᠡᠨ ᠤ ᠲᠤᠷᠰᠢᠯᠭ᠎ᠠ ᠲᠠᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠢ ᠳᠠᠶᠢᠴᠢᠯᠠᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠩᠭᠢ ᠶᠢ ᠪᠠᠶᠢᠭᠤᠯᠵᠤ ᠪᠠᠭ᠎ᠠ ᠲᠤᠭᠤᠷᠢᠭ ᠤᠨ ᠬᠤᠭ ᠯᠤᠪᠰᠢ ᠶᠢ ᠴᠡᠪᠡᠷᠯᠡᠬᠦ ᠪᠠ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠬᠠᠷᠢᠭᠤᠴᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号