ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠭᠦᠢᠯᠭᠡᠭᠡᠨ ᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2018/7/26
︵2009 ᠣᠨ ᠤ 2 ᠳ᠋ᠤᠭᠠᠷ ᠰᠠᠷ᠎ᠠ ᠶᠢᠨ 10 ᠤ ᠡᠳᠦᠷ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 165 ᠳ᠋ᠤᠭᠠᠷ ᠲᠣᠭᠠᠲᠤ ᠪᠠᠷ ᠨᠡᠶᠢᠲᠡᠯᠡᠪᠡ 2018 ᠣᠨ ᠤ 1 ᠳ᠋ᠤᠭᠡᠷ ᠰᠠᠷ᠎ᠠ ᠶᠢᠨ 16 ᠤ ᠡᠳᠦᠷ ᠤᠨ ︽ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠤᠭᠤᠯᠪᠠ︶        ᠨᠢᠭᠡᠳᠦᠭᠡᠷ ᠪᠦᠯᠦᠭ    ᠶᠡᠷᠦᠩᠬᠡᠢ ᠳᠦᠷᠢᠮ        ᠨᠢᠭᠡᠳᠦᠭᠡᠷ ᠵᠦᠢᠯ    ᠠᠮᠤ ᠪᠤᠳᠠᠭ᠎ᠠ ᠶᠢᠨ ᠭᠦᠢᠯᠭᠡᠭᠡᠨ ᠤ ᠡᠮᠬᠢ ᠲᠢᠭᠯᠢᠮ ᠢ ᠵᠢᠷᠤᠮᠵᠢᠭᠤᠯᠵᠤ᠂ ᠠᠮᠤ ᠪᠤᠳᠠᠭ᠎ᠠ ᠦᠢᠯᠡᠳᠪᠦᠷᠢᠯᠡᠭᠴᠢ᠂ ᠡᠵᠡᠩᠨᠡᠭᠴᠢ ᠪᠠ ᠬᠡᠷᠡᠭᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠠᠮᠤ ᠪᠤᠳᠠᠭ᠎ᠠ ᠶᠢᠨ ᠠᠮᠦᠷ ᠲᠥᠪᠰᠢᠨ ᠢ ᠪᠠᠲᠤᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠤ ᠪᠤᠳᠠᠭ᠎ᠠ ᠶᠢᠨ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃        ᠬᠤᠶᠠᠳᠤᠭᠠᠷ ᠵᠦᠢᠯ    ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠦᠮᠦᠷᠭᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠬᠦ᠂ ᠤᠯᠠᠷᠢᠭᠤᠯᠬᠤ᠂ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ︵ᠳᠣᠷᠣᠭᠰᠢ ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠡᠷᠬᠢᠯᠡᠬᠦ ᠳᠤ ᠲᠤᠰ ᠠᠷᠭ᠎ᠠ ᠶᠢ ᠵᠢᠷᠤᠮᠯᠡᠨ ᠰᠠᠬᠢᠬᠤ ᠬᠡᠷᠡᠭᠲᠡᠢ᠃        ᠭᠤᠷᠪᠠᠳᠤᠭᠠᠷ ᠵᠦᠢᠯ    ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠨᠢ ᠰᠠᠶᠢᠨ ᠳᠤᠷ᠎ᠠ ᠶᠢᠨ ᠪᠠᠶᠢᠬᠤ᠂ ᠲᠥᠪ ᠭᠤᠣᠯᠴᠢ᠂ ᠦᠨᠡᠨᠴᠢ ᠢᠲᠡᠭᠡᠮᠵᠢᠲᠠᠢ ᠪᠠᠶᠢᠬᠤ ᠵᠠᠷᠴᠢᠮ ᠢ ᠵᠢᠷᠤᠮᠯᠠᠵᠤ᠂ ᠦᠢᠯᠡᠳᠪᠦᠷᠢᠯᠡᠭᠴᠢᠳ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ᠂ ᠤᠯᠤᠰ ᠤᠨ ᠠᠰᠢᠭ ᠲᠤᠰᠠ ᠪᠠ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠨ ᠬᠦᠨᠦᠭᠡᠵᠦ ᠪᠣᠯᠬᠤ ᠦᠭᠡᠢ᠃        ᠳᠥᠷᠪᠡᠳᠦᠭᠡᠷ ᠵᠦᠢᠯ    ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠤᠨ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠳᠤᠤᠷ᠎ᠠ᠂ ᠠᠮᠤ ᠪᠤᠳᠠᠭ᠎ᠠ ᠶᠢᠨ ᠠᠵᠢᠯ ᠢ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠠᠴᠠ ᠬᠠᠷᠢᠭᠤᠴᠠᠬᠤ ᠳᠦᠷᠢᠮ ᠤᠨ ᠱᠠᠭᠠᠷᠳᠠᠯᠭ᠎ᠠ ᠶᠤᠰᠤᠭᠠᠷ᠂ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠠᠮᠤ ᠪᠤᠳᠠᠭ᠎ᠠ ᠶᠢᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠠᠵᠢᠯ ᠪᠠ ᠣᠷᠣᠨ ᠨᠤᠲᠤᠭ ᠤᠨ ᠨᠦᠬᠡᠴᠡ ᠠᠮᠤ ᠶᠢᠨ ᠬᠠᠮᠢᠶᠠᠷᠤᠯᠲᠠ ᠶᠢ ᠬᠠᠷᠢᠭᠤᠴᠠᠨ᠎ᠠ᠃        ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠠᠮᠤ ᠪᠤᠳᠠᠭ᠎ᠠ ᠶᠢᠨ ᠭᠦᠢᠯᠭᠡᠭᠡᠨ ᠤ ᠵᠠᠰᠠᠭ ᠵᠠᠬᠢᠷᠭᠠᠨ ᠤ ᠬᠠᠮᠢᠶᠠᠷᠤᠯᠲᠠ ᠪᠣᠯᠣᠨ ᠠᠵᠢᠯ ᠲᠦᠷᠦᠯ ᠤᠨ ᠵᠢᠯᠤᠭᠤᠳᠤᠯᠭ᠎ᠠ ᠶᠢ ᠬᠠᠷᠢᠭᠤᠴᠠᠨ᠎ᠠ᠃        ᠡᠳ᠋ ᠤᠨ ᠵᠠᠰᠠᠭ᠂ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ ᠪᠠᠨ ᠠᠮᠤ ᠪᠤᠳᠠᠭ᠎ᠠ ᠶᠢᠨ ᠭᠦᠢᠯᠭᠡᠭᠡᠨ ᠯᠦᠭᠡ ᠬᠤᠯᠪᠣᠭᠳᠠᠬᠤ ᠠᠵᠢᠯ ᠤᠳ ᠢ ᠬᠠᠷᠢᠭᠤᠴᠠᠨ᠎ᠠ᠃        ᠬᠤᠶᠠᠳᠤᠭᠠᠷ ᠪᠦᠯᠦᠭ    ᠠᠮᠤ ᠪᠤᠳᠠᠭ᠎ᠠ ᠶᠢᠨ ᠡᠵᠡᠩᠨᠡᠯᠲᠡ        ᠲᠠᠪᠤᠳᠤᠭᠠᠷ ᠵᠦᠢᠯ    ᠠᠮᠤ ᠪᠤᠳᠠᠭ᠎ᠠ ᠶᠢᠨ ᠡᠵᠡᠩᠨᠡᠭᠴᠢ ᠭᠡᠳᠡᠭ ᠨᠢ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠦᠮᠦᠷᠭᠡᠯᠡᠬᠦ᠂ ᠲᠡᠭᠡᠭᠡᠪᠦᠷᠢᠯᠡᠬᠦ᠂ ᠡᠳ᠋ᠰᠢᠭᠦᠯᠬᠦ᠂ ᠤᠯᠠᠷᠢᠯᠠᠭᠤᠯᠬᠤ᠂ ᠭᠠᠳᠠᠭᠠᠲᠤ ᠠᠴᠠ ᠣᠷᠤᠭᠤᠯᠵᠤ ᠭᠠᠳᠠᠭᠠᠲᠤ ᠳᠤ ᠭᠠᠷᠭᠠᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠶᠢ ᠡᠷᠬᠢᠯᠡᠵᠦ ᠪᠠᠶᠢᠭ᠎ᠠ ᠬᠠᠤᠯᠢ ᠶᠢᠨ ᠡᠷᠬᠡᠲᠡᠨ᠂ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠵᠢᠭᠠᠵᠤ ᠪᠣᠢ᠃        ᠵᠢᠷᠭᠤᠳᠤᠭᠠᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠡᠵᠡᠩᠨᠡᠭᠴᠢ᠂ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢᠶᠠᠨ ᠬᠠᠤᠯᠢ ᠶᠤᠰᠤᠭᠠᠷ ᠣᠯᠤᠭᠰᠠᠨ ᠪᠠᠶᠢᠬᠤ ᠬᠡᠷᠡᠭᠲᠡᠢ᠃        ᠳᠤᠯᠤᠳᠤᠭᠠᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠡᠵᠡᠩᠨᠡᠭᠴᠢ ᠳᠣᠣᠷᠠᠬᠢ ᠨᠦᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄        ︵ᠨᠢᠭᠡ︶ ᠬᠠᠤᠯᠢ ᠶᠢᠨ ᠡᠷᠬᠡᠲᠡᠨ ᠪᠠ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠪᠡᠯᠡ ᠮᠦᠩᠭᠦ ᠨᠢ ᠲᠠᠪᠢᠨ ᠲᠦᠮᠡᠨ ᠲᠦᠭᠦᠷᠢᠭ ᠠᠴᠠ ᠳᠡᠭᠡᠭᠰᠢ ᠪᠠᠶᠢᠵᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠭᠤᠯᠤᠭᠰᠠᠨ ᠪᠡᠯᠡ ᠮᠦᠩᠭᠦ ᠨᠢ ᠭᠤᠷᠪᠠᠨ ᠲᠦᠮᠡᠨ ᠲᠦᠭᠦᠷᠢᠭ ᠠᠴᠠ ᠳᠡᠭᠡᠭᠰᠢ ᠪᠠᠶᠢᠬᠤ ᠬᠡᠷᠡᠭᠲᠡᠢ᠃        ︵ᠬᠤᠶᠠᠷ︶ ᠬᠠᠤᠯᠢ ᠶᠢᠨ ᠡᠷᠬᠡᠲᠡᠨ ᠪᠠ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠤᠷᠢᠨ ᠲᠦᠮᠡᠨ ᠺᠢᠯᠣᠭ᠍ᠷᠠᠮ ᠠᠴᠠ ᠳᠡᠭᠡᠭᠰᠢᠬᠢ ᠪᠠᠭᠲᠠᠭᠠᠮᠵᠢ ᠲᠠᠢ᠂ ᠤᠯᠤᠰ ᠤᠨ ᠠᠮᠤ ᠪᠤᠳᠠᠭ᠎ᠠ ᠬᠠᠳᠠᠭᠠᠯᠠᠬᠤ ᠪᠠᠷᠢᠮᠵᠢᠶ᠎ᠠ ᠪᠣᠯᠣᠨ ᠮᠡᠷᠭᠡᠵᠢᠯ ᠤᠨ ᠵᠢᠷᠤᠮᠵᠢᠯ ᠱᠠᠭᠠᠷᠳᠠᠯᠭ᠎ᠠ ᠳᠤ ᠨᠡᠶᠢᠴᠡᠭᠰᠡᠨ ᠠᠰᠢᠭᠯᠠᠵᠤ ᠪᠣᠯᠬᠤᠶᠢᠴᠠ ᠰᠠᠩ ᠬᠦᠮᠦᠷᠭᠡ ᠲᠠᠢ ᠪᠠᠶᠢᠬᠤ ᠪᠣᠶᠣ ᠳᠦᠷᠢᠶᠡᠰᠦᠯᠡᠵᠦ ᠵᠢᠭᠡᠯᠡᠭᠰᠡᠨ ᠪᠠᠶᠢᠬᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠨᠢ ᠬᠤᠶᠠᠷ ᠲᠦᠮᠡᠨ ᠺᠢᠯᠣᠭ᠍ᠷᠠᠮ ᠠᠴᠠ ᠳᠡᠭᠡᠭᠰᠢᠬᠢ ᠪᠠᠭᠲᠠᠭᠠᠮᠵᠢ ᠲᠠᠢ ᠠᠰᠢᠭᠯᠠᠵᠤ ᠪᠣᠯᠬᠤᠶᠢᠴᠠ ᠰᠠᠩ ᠬᠦᠮᠦᠷᠭᠡ ᠲᠠᠢ ᠪᠠᠶᠢᠬᠤ ᠪᠣᠶᠣ ᠳᠦᠷᠢᠶᠡᠰᠦᠯᠡᠵᠦ ᠵᠢᠭᠡᠯᠡᠭᠰᠡᠨ ᠪᠠᠶᠢᠬᠤ ᠬᠡᠷᠡᠭᠲᠡᠢ᠃        ︵ᠭᠤᠷᠪᠠ︶ ᠲᠠᠯᠪᠢᠭᠤᠷᠲᠤ ᠵᠢᠩᠯᠡᠭᠦᠷ᠂ ᠤᠰᠤᠨ ᠤ ᠬᠡᠮᠵᠢᠭᠦᠷ᠂ ᠲᠡᠩᠨᠡᠭᠦᠷ᠂ ᠡᠵᠡᠯᠡᠭᠦᠨ ᠤ ᠬᠦᠨᠳᠦ ᠶᠢᠨ ᠪᠠᠭᠠᠵᠢ ᠵᠡᠷᠭᠡ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠵᠤ ᠰᠢᠨᠵᠢᠯᠡᠨ ᠰᠢᠯᠭᠠᠬᠤ ᠬᠡᠮᠵᠢᠭᠦᠷᠯᠢᠭ ᠪᠠ ᠬᠡᠮᠵᠢᠯᠲᠡ ᠶᠢᠨ ᠪᠠᠭᠠᠵᠢ ᠬᠡᠷᠡᠭᠰᠡᠯ ᠪᠠᠶᠢᠬᠤ ᠬᠡᠷᠡᠭᠲᠡᠢ᠃        ︵ᠳᠥᠷᠪᠡ︶ ᠲᠤᠰᠬᠠᠢ ᠲᠤᠰᠢᠶᠠᠯᠲᠤ ᠪᠣᠶᠣ ᠲᠤᠰᠢᠶᠠᠯ ᠬᠠᠪᠰᠤᠷᠭᠠᠭᠰᠠᠨ ᠵᠣᠬᠢᠬᠤ ᠬᠢᠷᠢ ᠭᠡᠮ ᠲᠠᠢ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠴᠢ᠂ ᠰᠠᠩ ᠬᠠᠮᠢᠶᠠᠷᠤᠭᠴᠢ ᠪᠠ ᠲᠤᠭ᠎ᠠ ᠪᠦᠷᠢᠳᠭᠡᠭᠴᠢ ᠪᠠᠶᠢᠬᠤ ᠬᠡᠷᠡᠭᠲᠡᠢ᠃        ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ᠃        ᠨᠠᠢᠮᠠᠳᠤᠭᠠᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠭᠤᠶᠤᠴᠢᠯᠠᠭᠰᠠᠨ ᠡᠵᠡᠩᠨᠡᠭᠴᠢ ᠨᠢ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠯ ᠢ ᠭᠦᠢᠴᠡᠳᠭᠡᠬᠦ ᠰᠠᠯᠠᠭ᠎ᠠ ᠮᠦᠴᠢᠷ ᠤᠨ ᠠᠳᠠᠯᠢ ᠱᠠᠲᠤᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄        ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠤᠨ ᠭᠤᠶᠤᠴᠢᠯᠠᠯ ᠤᠨ ᠬᠦᠰᠦᠨᠦᠭᠲᠦ᠃        ︵ᠬᠤᠶᠠᠷ︶ ᠬᠠᠤᠯᠢ ᠪᠠᠷ ᠲᠣᠭᠲᠠᠭᠠᠭᠰᠠᠨ ᠲᠦᠯᠦᠭᠡᠯᠡᠭᠴᠢ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃        ︵ᠭᠤᠷᠪᠠ︶ ᠡᠵᠡᠩᠨᠡᠯᠲᠡ ᠶᠢᠨ ᠦᠨᠡᠮᠯᠡᠯ ᠪᠤᠶᠤ ︽ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠠᠷᠭᠤᠭᠤᠯᠤᠨ ᠵᠥᠪᠰᠢᠶᠡᠷᠡᠬᠦ ᠮᠡᠳᠡᠭᠳᠡᠯ ᠤᠨ ᠪᠢᠴᠢᠭ︾ ᠤᠨ ᠬᠠᠭᠤᠯᠪᠤᠷᠢ᠃        ︵ᠳᠥᠷᠪᠡ︶ ᠬᠦᠷᠦᠩᠭᠡ ᠢᠲᠡᠭᠡᠮᠵᠢ ᠶᠢᠨ ᠭᠡᠷᠡᠴᠢ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠳᠠᠭᠠᠯᠠᠮᠵᠢ ᠶᠢᠨ ᠭᠡᠷᠡᠴᠢ᠃        ︵ᠲᠠᠪᠤ︶ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ ᠶᠢᠨ ᠦᠮᠴᠢᠯᠡᠬᠦ ᠡᠷᠬᠡ ᠶᠢᠨ ᠭᠡᠷᠡᠴᠢ ᠪᠣᠶᠣ ᠳᠦᠷᠢᠶᠡᠰᠦᠯᠡᠬᠦ ᠭᠡᠷ᠎ᠡ᠃        ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠵᠤ ᠬᠡᠮᠵᠢᠨ ᠲᠣᠭᠲᠠᠭᠠᠬᠤ ᠪᠠᠶᠢᠭᠤᠯᠤᠮᠵᠢ ᠠᠴᠠ ᠭᠠᠷᠭᠠᠭᠰᠠᠨ ᠪᠠᠶᠢᠴᠠᠭᠠᠵᠤ ᠰᠢᠨᠵᠢᠯᠡᠨ ᠰᠢᠯᠭᠠᠬᠤ ᠬᠡᠮᠵᠢᠭᠦᠷᠯᠢᠭ ᠪᠠ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠢᠷᠢ ᠲᠡᠩᠴᠡᠭᠰᠡᠨ ᠭᠡᠷᠡᠴᠢ ᠮᠠᠲ᠋ᠧᠷᠢᠶᠠᠯ᠃        ︵ᠳᠤᠯᠤᠭ᠎ᠠ︶ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠴᠢ᠂ ᠰᠠᠩ ᠬᠠᠮᠢᠶᠠᠷᠤᠭᠴᠢ ᠪᠠ ᠲᠤᠭ᠎ᠠ ᠪᠦᠷᠢᠳᠭᠡᠭᠴᠢ ᠶᠢᠨ ᠬᠢᠷᠢ ᠭᠡᠮ ᠤᠨ ᠭᠡᠷᠡᠴᠢ ᠮᠠᠲ᠋ᠧᠷᠢᠶᠠᠯ᠃        ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠮᠠᠲ᠋ᠧᠷᠢᠶᠠᠯ᠃        ᠶᠢᠰᠦᠳᠦᠭᠡᠷ ᠵᠦᠢᠯ    ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠤᠨ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠵᠦ ᠠᠷᠪᠠᠨ ᠲᠠᠪᠤᠨ ᠠᠵᠢᠯᠯᠠᠬᠤ ᠡᠳᠦᠷ ᠤᠨ ᠳᠤᠲᠤᠷ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠬᠡᠷᠡᠭᠲᠡᠢ᠃ ᠨᠦᠬᠦᠴᠡᠯ ᠳᠤ ᠨᠡᠶᠢᠴᠡᠭᠰᠡᠨ ᠳᠤ ᠨᠢ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠣᠯᠭᠤᠵᠣ᠂ ᠨᠡᠶᠢᠲᠡ ᠳᠤ ᠵᠠᠷᠯᠠᠨ᠎ᠠ︔ ᠨᠦᠬᠦᠴᠡᠯ ᠳᠤ ᠨᠡᠶᠢᠴᠡᠭᠰᠡᠨ ᠦᠭᠡᠢ ᠪᠠᠶᠢᠪᠠᠯ᠂ ᠰᠢᠯᠲᠠᠭᠠᠨ ᠢ ᠨᠢ ᠪᠢᠴᠢᠭ ᠢᠶᠠᠷ ᠲᠠᠶᠢᠯᠪᠤᠷᠢᠯᠠᠬᠤ ᠬᠡᠷᠡᠭᠲᠡᠢ᠃        ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠢ ᠬᠢᠨᠠᠨ ᠬᠠᠷᠭᠤᠭᠤᠯᠬᠤ ᠳᠠᠭᠠᠨ ᠭᠤᠶᠤᠴᠢᠯᠠᠭᠴᠢ ᠶᠢᠨ ᠡᠵᠡᠩᠨᠡᠯᠲᠡ ᠶᠢᠨ ᠲᠠᠯᠠᠪᠤᠷ᠂ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ᠂ ᠪᠠᠶᠢᠴᠠᠭᠠᠵᠤ ᠰᠢᠨᠵᠢᠯᠡᠨ ᠰᠢᠯᠭᠠᠬᠤ ᠬᠡᠮᠵᠢᠭᠦᠷᠯᠢᠭ ᠪᠣᠯᠣᠨ ᠬᠡᠮᠵᠢᠯᠲᠡ ᠶᠢᠨ ᠪᠠᠭᠠᠵᠢ ᠬᠡᠷᠡᠭᠰᠡᠯ ᠵᠡᠷᠭᠡ ᠲᠥᠭᠦᠭᠡᠷᠦᠮᠵᠢ ᠶᠢ ᠨᠢ ᠪᠤᠳᠠᠳᠤ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠬᠡᠷᠡᠭᠲᠡᠢ᠃        ᠠᠷᠪᠠᠳᠤᠭᠠᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠷᠪᠡᠨ ᠵᠢᠯ ᠪᠣᠯᠣᠨ᠎ᠠ᠃ ᠬᠦᠴᠦᠨ ᠲᠠᠢ ᠬᠤᠭᠤᠴᠠᠭᠠᠨ ᠳᠤ ᠵᠥᠪᠰᠢᠶᠡᠷᠡᠭᠳᠡᠭᠴᠢ ᠠᠴᠠ ᠵᠥᠪᠰᠢᠶᠡᠷᠡᠯ ᠤᠨ ᠵᠦᠢᠯᠡᠰ ᠢ ᠬᠤᠪᠢᠷᠠᠭᠤᠯᠬᠤ ᠭᠡᠪᠡᠯ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠤ᠂ ᠬᠠᠤᠯᠢ ᠪᠠᠷ ᠲᠣᠭᠲᠠᠭᠰᠠᠨ ᠨᠦᠬᠦᠴᠡᠯ ᠳᠤ ᠨᠡᠶᠢᠴᠡᠭᠰᠡᠨ ᠳᠤ ᠨᠢ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠤᠪᠢᠷᠠᠭᠤᠯᠬᠤ ᠭᠠᠷᠳᠠᠮ ᠢ ᠬᠠᠤᠯᠢ ᠶᠤᠰᠤᠭᠠᠷ ᠭᠦᠢᠴᠡᠳᠭᠡᠵᠦ ᠥᠭᠬᠦ ᠬᠡᠷᠡᠭᠲᠡᠢ᠃        ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠦᠷᠭᠦᠯᠵᠢᠯᠡᠨ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠬᠦ ᠴᠢᠬᠤᠯᠠᠲᠠᠢ ᠪᠠᠶᠢᠪᠠᠯ᠂ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠭᠤᠴᠢᠨ ᠡᠳᠦᠷ ᠤᠨ ᠡᠮᠦᠨ᠎ᠡ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠡᠢ᠃ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠭᠤᠶᠤᠴᠢᠯᠠᠯ ᠢ ᠦᠨᠳᠦᠰᠦᠯᠡᠵᠦ᠂ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠬᠤ ᠠᠴᠠ ᠡᠮᠦᠨ᠎ᠡ ᠦᠷᠭᠦᠯᠵᠢᠯᠡᠭᠦᠯᠬᠦ ᠪᠠᠷ ᠵᠥᠪᠰᠢᠶᠡᠷᠡᠬᠦ ᠡᠰᠡᠬᠦ ᠶᠢᠨ ᠲᠣᠭᠲᠠᠭᠠᠯ ᠭᠠᠷᠭᠠᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠡᠳ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠦᠷᠭᠦᠯᠵᠢᠯᠡᠭᠦᠯᠬᠦ ᠶᠢ ᠵᠥᠪᠰᠢᠶᠡᠷᠡᠭᠰᠡᠨ ᠢᠶᠠᠷ ᠦᠵᠡᠨ᠎ᠡ᠃        ᠠᠮᠤ ᠪᠤᠳᠠᠭ᠎ᠠ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠠᠭᠤᠰᠤᠭᠰᠠᠨ ᠳᠤ ᠭᠤᠶᠤᠴᠢᠯᠠᠯ ᠭᠠᠷᠭᠠᠭᠰᠠᠨ ᠦᠭᠡᠢ ᠪᠣᠯ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠡᠭᠦᠨ ᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃        ᠠᠷᠪᠠᠨ ᠨᠢᠭᠡᠳᠦᠭᠡᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠤᠯᠤᠰ ᠤᠨ ᠲᠣᠭᠲᠠᠭᠠᠭᠰᠠᠨ ᠬᠡᠪ ᠬᠡᠯᠪᠡᠷᠢ ᠪᠠᠷ ᠨᠢᠭᠡᠲᠦᠯᠲᠡᠢ ᠳᠠᠷᠤᠮᠠᠯᠯᠠᠨ ᠵᠣᠬᠢᠶᠠᠬᠤ ᠬᠡᠷᠡᠭᠲᠡᠢ᠃        ᠶᠠᠮᠠᠷᠪᠠ ᠨᠢᠭᠡᠴᠡ ᠪᠠ ᠬᠤᠪᠢ ᠬᠦᠮᠦᠨ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠠᠭᠤᠷᠮᠠᠭ ᠢᠶᠠᠷ ᠵᠣᠬᠢᠶᠠᠬᠤ᠂ ᠪᠠᠯᠠᠯᠤᠨ ᠬᠤᠪᠢᠷᠠᠭᠤᠯᠬᠤ᠂ ᠫᠠᠨᠽᠠᠯᠠᠬᠤ᠂ ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ ᠪᠠ ᠵᠢᠭᠡᠯᠡᠭᠦᠯᠵᠦ ᠪᠣᠯᠬᠤ ᠦᠭᠡᠢ᠃        ᠠᠷᠪᠠᠨ ᠬᠤᠶᠠᠳᠤᠭᠠᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠡᠨ ᠰᠠᠬᠢᠬᠤ ᠬᠡᠷᠡᠭᠲᠡᠢ᠄        ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ ᠲᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠪᠠ ᠡᠵᠡᠩᠨᠡᠯᠲᠡ ᠶᠢᠨ ᠦᠨᠡᠮᠯᠡᠯ ᠢᠶᠠᠨ ᠲᠤᠳᠤᠷᠬᠠᠢ ᠦᠵᠡᠭᠦᠯᠬᠦ ᠬᠡᠷᠡᠭᠲᠡᠢ᠃        ︵ᠬᠤᠶᠠᠷ︶ ᠠᠮᠤ ᠪᠤᠳᠠᠭ᠎ᠠ ᠬᠤᠳᠠᠯᠳᠤᠭᠴᠢ ᠳᠤ ᠮᠡᠳᠡᠭᠳᠡᠬᠦ ᠪᠤᠶᠤ ᠬᠤᠳᠠᠯᠳᠤᠨ ᠠᠪᠬᠤ ᠲᠠᠯᠠᠪᠤᠷ ᠲᠤ ᠬᠤᠳᠠᠯᠳᠤᠨ ᠠᠪᠬᠤ ᠠᠮᠤ ᠪᠤᠳᠠᠭ᠎ᠠ ᠶᠢᠨ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ ᠪᠠ ᠬᠤᠳᠠᠯᠳᠤᠨ ᠠᠪᠬᠤ ᠦᠨ᠎ᠡ ᠬᠠᠩᠰᠢ ᠶᠢ ᠨᠡᠶᠢᠲᠡ ᠳᠤ ᠵᠠᠷᠯᠠᠬᠤ ᠬᠡᠷᠡᠭᠲᠡᠢ᠃        ︵ᠭᠤᠷᠪᠠ︶ ᠤᠯᠤᠰ ᠤᠨ ᠠᠮᠤ ᠪᠤᠳᠠᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠴᠢᠨᠠᠷ ᠢᠶᠠᠷ ᠦᠨ᠎ᠡ ᠬᠠᠩᠰᠢ ᠶᠢ ᠶᠠᠷᠢᠯᠴᠠᠨ᠂ ᠲᠠᠷᠢᠶᠠᠴᠢᠳ ᠪᠠ ᠠᠮᠤ ᠪᠤᠳᠠᠭ᠎ᠠ ᠦᠢᠯᠡᠳᠪᠦᠷᠢᠯᠡᠭᠴᠢᠳ ᠤᠨ ᠠᠰᠢᠭ ᠲᠤᠰᠠ ᠶᠢ ᠬᠤᠬᠢᠷᠠᠭᠤᠯᠤᠨ ᠬᠦᠨᠦᠭᠡᠵᠦ ᠪᠣᠯᠬᠤ ᠦᠭᠡᠢ᠃        ︵ᠳᠥᠷᠪᠡ︶ ᠠᠮᠤ ᠪᠤᠳᠠᠭ᠎ᠠ ᠬᠤᠳᠠᠯᠳᠤᠭᠴᠢ ᠳᠤ ᠠᠮᠤ ᠪᠤᠳᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ ᠪᠠᠨ ᠭᠠᠷᠭᠠᠨ ᠦᠵᠡᠭᠦᠯᠬᠦ ᠳᠡᠭᠡᠨ ᠬᠤᠳᠠᠯᠳᠤᠨ ᠠᠪᠬᠤ ᠠᠮᠤ ᠪᠤᠳᠠᠭ᠎ᠠ ᠶᠢᠨ ᠲᠦᠷᠦᠯ ᠵᠦᠢᠯ ᠵᠡᠷᠭᠡ ᠳᠡᠰ᠂ ᠦᠨ᠎ᠡ ᠬᠠᠩᠰᠢ᠂ ᠲᠤᠭ᠎ᠠ ᠬᠡᠮᠵᠢᠶ᠎ᠡ ᠪᠣᠯᠣᠨ ᠵᠤᠭᠤᠰᠤᠨ ᠤ ᠲᠤᠭ᠎ᠠ ᠶᠢ ᠲᠤᠳᠤᠷᠬᠠᠢ ᠲᠡᠮᠲᠡᠭᠯᠡᠬᠦ ᠬᠡᠷᠡᠭᠲᠡᠢ᠃        ︵ᠲᠠᠪᠤ︶ ᠠᠮᠤ ᠪᠤᠳᠠᠭ᠎ᠠ ᠬᠤᠳᠠᠯᠳᠤᠭᠴᠢ ᠳᠤ ᠠᠮᠤ ᠪᠤᠳᠠᠭ᠎ᠠ ᠬᠤᠳᠠᠯᠳᠤᠭᠰᠠᠨ ᠵᠤᠭᠤᠰ ᠢ ᠴᠠᠭ ᠲᠣᠬᠠᠢ ᠳᠤᠨᠢ ᠥᠭᠴᠦ᠂ ᠦᠷᠢᠲᠦᠵᠦ ᠪᠣᠯᠬᠤ ᠦᠭᠡᠢ᠃        ︵ᠵᠢᠷᠭᠤᠭ᠎ᠠ︶ ᠶᠠᠮᠠᠷᠪᠠ ᠵᠣᠬᠢᠶᠠᠨ ᠪᠠᠶᠢᠭᠤᠯᠤᠯᠲᠠ ᠪᠣᠶᠣ ᠬᠤᠪᠢ ᠬᠦᠮᠦᠨ ᠤ ᠨᠠᠶᠢᠳᠠᠯᠭ᠎ᠠ ᠶᠢ ᠬᠦᠯᠢᠶᠡᠵᠦ ᠠᠯᠢᠪᠠ ᠭᠠᠶᠢᠯᠢ᠂ ᠵᠠᠷᠤᠳᠠᠯ ᠪᠣᠯᠣᠨ ᠪᠤᠰᠤᠳ ᠵᠤᠭᠤᠰᠤᠨ ᠤ ᠵᠦᠢᠯ ᠢ ᠣᠷᠤᠯᠠᠨ ᠰᠠᠭᠤᠳᠬᠠᠬᠤ᠂ ᠣᠷᠤᠯᠠᠨ ᠲᠤᠰᠢᠶᠠᠵᠤ ᠪᠣᠯᠬᠤ ᠦᠭᠡᠢ᠃        ︵ᠳᠣᠯᠤᠭ᠎ᠠ︶ ᠬᠠᠤᠯᠢ ᠪᠠᠷ ᠲᠣᠭᠲᠠᠭᠠᠭᠰᠠᠨ ᠰᠢᠯᠭᠠᠨ ᠪᠠᠶᠢᠴᠠᠭᠠᠵᠤ ᠬᠡᠮᠵᠢᠨ ᠲᠣᠭᠲᠠᠭᠠᠬᠤ ᠪᠠᠶᠢᠭᠤᠯᠤᠮᠵᠢ ᠠᠴᠠ ᠪᠠᠶᠢᠴᠠᠭᠠᠳ ᠬᠢᠷᠢ ᠲᠡᠩᠴᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠬᠡᠷᠡᠭᠲᠡᠢ᠃        ︵ᠨᠠᠢᠮᠠ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠶᠢ ᠬᠦᠯᠢᠶᠡᠵᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠶᠢ ᠬᠤᠳᠠᠯᠳᠤᠨ ᠠᠪᠬᠤ ᠬᠡᠷᠡᠭᠲᠡᠢ        ︵ᠶᠢᠰᠦ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃        ᠠᠷᠪᠠᠨ ᠭᠤᠷᠪᠠᠳᠤᠭᠠᠷ ᠵᠦᠢᠯ    ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠡᠷᠬᠢᠯᠡᠵᠦ ᠪᠠᠶᠢᠭ᠎ᠠ ᠡᠵᠡᠩᠨᠡᠭᠴᠢ ᠬᠤᠰᠢᠭᠤ ᠰᠢᠶᠠᠨ ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ ᠳᠤ᠂ ᠠᠮᠤ ᠪᠤᠳᠠᠭ᠎ᠠ ᠬᠤᠳᠠᠯᠳᠤᠨ ᠠᠪᠬᠤ ᠬᠦᠴᠦᠨ ᠲᠠᠢ ᠵᠥᠪᠰᠢᠶᠡᠷᠡᠯ ᠤᠨ ᠦᠨᠡᠮᠯᠡᠯ ᠤᠨ ᠬᠠᠭᠤᠯᠪᠤᠷᠢ ᠳᠡᠪᠲᠡᠷ ᠪᠠ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠲᠠᠢ ᠪᠠᠶᠢᠬᠤ ᠶᠢᠨ ᠬᠠᠮᠲᠤ᠂ ᠬᠤᠳᠠᠯᠳᠤᠵᠤ ᠠᠪᠤᠭᠰᠠᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠠᠮᠤ ᠪᠤᠳᠠᠭ᠎ᠠ ᠬᠤᠳᠠᠯᠳᠤᠵᠤ ᠠᠪᠤᠭᠰᠠᠨ ᠲᠤᠭ᠎ᠠ ᠬᠡᠮᠵᠢᠶ᠎ᠡ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃        ᠠᠷᠪᠠᠨ ᠳᠦᠷᠪᠡᠳᠦᠭᠡᠷ ᠵᠦᠢᠯ    ᠠᠮᠤ ᠪᠤᠳᠠᠭ᠎ᠠ ᠪᠤᠷᠤᠯᠠᠭᠤᠯᠬᠤ ᠠᠵᠢᠯᠯᠠᠭ᠎ᠠ ᠡᠷᠬᠢᠯᠡᠵᠦ ᠪᠠᠶᠢᠭ᠎ᠠ ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠡᠨ ᠰᠠᠬᠢᠬᠤ ᠬᠡᠷᠡᠭᠲᠡᠢ᠄        ︵ᠨᠢᠭᠡ︶ ᠠᠮᠤ ᠪᠤᠳᠠᠭ᠎ᠠ ᠶᠢᠨ ᠶᠠᠰᠤ ᠴᠢᠨᠠᠷ᠂ ᠡᠷᠡᠭᠦᠯ ᠬᠠᠮᠠᠭᠠᠯᠠᠯ ᠤᠨ ᠲᠣᠬᠠᠢ ᠤᠯᠤᠰ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃        ︵ᠬᠤᠶᠠᠷ︶ ᠬᠡᠮᠵᠢᠶ᠎ᠡ ᠶᠢ ᠨᠢ ᠳᠤᠲᠠᠭᠤᠯᠬᠤ᠂ ᠬᠤᠯᠢᠴᠠ ᠬᠢᠵᠦ ᠬᠠᠭᠤᠷᠮᠠᠭᠯᠠᠬᠤ᠂ ᠮᠠᠭᠤ ᠪᠠᠷ ᠰᠠᠶᠢᠨ ᠢ ᠣᠷᠤᠯᠠᠭᠤᠯᠵᠤ ᠪᠣᠯᠬᠤ ᠦᠭᠡᠢ᠃        ︵ᠭᠤᠷᠪᠠ︶ ᠪᠤᠷᠤᠯᠠᠭᠤᠯᠵᠤ ᠪᠠᠶᠢᠭ᠎ᠠ ᠠᠮᠤ ᠪᠤᠳᠠᠭ᠎ᠠ ᠶᠢ ᠲᠡᠭᠦᠨ ᠢ ᠪᠣᠬᠢᠷᠳᠤᠭᠤᠯᠵᠤ ᠮᠡᠳᠡᠬᠦ ᠪᠤᠳᠠᠰ ᠯᠤᠭ᠎ᠠ ᠢᠯᠭᠠᠵᠤ ᠲᠠᠯᠪᠢᠬᠤ ᠬᠡᠷᠡᠭᠲᠡᠢ᠃        ︵ᠳᠥᠷᠪᠡ︶ ᠬᠤᠷᠠᠮᠳᠤᠭᠤᠯᠤᠨ ᠳᠠᠷᠤᠵᠤ ᠵᠠᠪᠰᠢᠨ ᠰᠠᠷᠢᠭᠠᠯᠠᠬᠤ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ᠂ ᠭᠠᠭᠴᠠ ᠪᠠᠷ ᠡᠵᠡᠮᠰᠢᠬᠦ ᠪᠤᠶᠤ ᠠᠮᠤ ᠪᠤᠳᠠᠭ᠎ᠠ ᠶᠢᠨ ᠦᠨ᠎ᠡ ᠬᠠᠩᠰᠢ ᠶᠢ ᠡᠷᠬᠡᠰᠢᠶᠡᠵᠦ ᠪᠣᠯᠬᠤ ᠦᠭᠡᠢ᠃        ︵ᠲᠠᠪᠤ︶ ᠪᠣᠷᠤᠯᠠᠭᠤᠯᠤᠬᠴᠢᠳ ᠠᠮᠤ ᠪᠤᠳᠠᠭ᠎ᠠ ᠶᠢᠨ ᠬᠤᠷᠣᠬᠠᠶᠢᠲᠤᠬᠤ ᠠᠴᠠ ᠰᠡᠷᠭᠡᠶᠢᠯᠡᠬᠦ᠂ ᠬᠤᠯᠤᠭᠠᠨ᠎ᠠ ᠠᠴᠠ ᠬᠠᠮᠠᠭᠠᠯᠠᠬᠤ᠂ ᠬᠦᠬᠡᠴᠦᠷᠡᠬᠦ ᠠᠴᠠ ᠰᠡᠷᠭᠡᠶᠢᠯᠡᠬᠦ᠂ ᠪᠤᠬᠢᠷᠳᠤᠯ ᠠᠴᠠ ᠰᠡᠷᠭᠡᠶᠢᠯᠡᠬᠦ ᠵᠡᠷᠭᠡ ᠶᠡᠷᠦ ᠶᠢᠨ ᠮᠡᠳᠡᠯᠭᠡ ᠶᠢ ᠰᠠᠶᠢᠨ ᠣᠶᠢᠯᠠᠭᠠᠵᠤ᠂ ᠠᠮᠤ ᠪᠤᠳᠠᠭ᠎ᠠ ᠶᠢᠨ ᠶᠠᠰᠤ ᠴᠢᠨᠠᠷ ᠢ ᠢᠯᠭᠠᠨ ᠲᠠᠨᠢᠵᠤ ᠴᠢᠳᠠᠬᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃        ︵ᠵᠢᠷᠭᠤᠭ᠎ᠠ︶ ᠴᠠᠶᠢᠯᠭᠠᠭᠰᠠᠨ ᠠᠮᠤ ᠪᠣᠷᠤᠯᠠᠭᠤᠯᠤᠭᠴᠢ ᠨᠢ ᠡᠷᠡᠭᠦᠯ ᠮᠡᠨᠳᠦ ᠶᠢᠨ ᠬᠢᠷᠢ ᠲᠡᠩᠴᠡᠭᠰᠡᠨ ᠭᠡᠷᠡᠴᠢ ᠲᠠᠢ ᠪᠠᠶᠢᠬᠤ ᠬᠡᠷᠡᠭᠲᠡᠢ᠃        ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃        ᠠᠷᠪᠠᠨ ᠲᠠᠪᠤᠳᠤᠭᠠᠷ ᠵᠦᠢᠯ    ᠠᠮᠤ ᠪᠤᠳᠠᠭ᠎ᠠ ᠬᠠᠳᠠᠭᠠᠯᠠᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠡᠨ ᠰᠠᠬᠢᠬᠤ ᠬᠡᠷᠡᠭᠲᠡᠢ᠄        ︵ᠨᠢᠭᠡ︶ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ ᠨᠢ ᠤᠯᠤᠰ ᠤᠨ ᠠᠮᠤ ᠪᠤᠳᠠᠭ᠎ᠠ ᠬᠠᠳᠠᠭᠠᠯᠠᠬᠤ ᠶᠠᠰᠤ ᠴᠢᠨᠠᠷ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠃        ︵ᠬᠤᠶᠠᠷ︶ ᠠᠮᠤ ᠪᠤᠳᠠᠭ᠎ᠠ ᠶᠢ ᠲᠡᠭᠦᠨ ᠢ ᠪᠣᠬᠢᠷᠳᠤᠭᠤᠯᠵᠤ ᠮᠡᠳᠡᠬᠦ ᠪᠤᠳᠠᠰ ᠯᠤᠭ᠎ᠠ ᠬᠠᠮᠲᠤ ᠬᠠᠳᠠᠭᠠᠯᠠᠵᠤ ᠪᠣᠯᠬᠤ ᠦᠭᠡᠢ᠃        ︵ᠭᠤᠷᠪᠠ︶ ᠬᠦᠬᠡᠴᠦᠷᠡᠭᠰᠡᠨ ᠪᠠ ᠡᠪᠡᠳᠴᠢᠨ ᠬᠤᠷᠤᠬᠠᠢ ᠶᠢᠨ ᠬᠦᠨᠦᠭᠡᠯ ᠨᠢ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠬᠠᠳᠠᠭᠠᠯᠠᠬᠤ ᠶᠢᠨ ᠬᠠᠮᠲᠤ᠂ ᠤᠯᠤᠰ ᠤᠨ ᠲᠣᠭᠲᠠᠭᠠᠯ ᠶᠤᠰᠤᠭᠠᠷ ᠪᠤᠷᠤᠯᠠᠭᠤᠯᠬᠤ ᠪᠣᠶᠣ ᠤᠰᠠᠳᠬᠠᠬᠤ ᠬᠡᠷᠡᠭᠲᠡᠢ᠃        ︵ᠳᠥᠷᠪᠡ︶ ᠬᠦᠮᠦᠷᠭᠡᠯᠡᠨ ᠬᠠᠳᠠᠭᠠᠯᠠᠬᠤ ᠪᠡᠯᠡᠳᠭᠡᠮᠵᠢ ᠶᠢ ᠠᠷᠢᠭᠤᠳᠬᠠᠬᠤ᠂ ᠠᠮᠤ ᠪᠤᠳᠠᠭ᠎ᠠ ᠶᠢᠨ ᠬᠤᠷᠣᠬᠠᠢ ᠶᠢᠨ ᠬᠦᠨᠦᠭᠡᠯ ᠪᠠ ᠬᠦᠬᠡᠴᠦ ᠶᠢ ᠰᠡᠷᠭᠡᠶᠢᠯᠡᠨ ᠵᠠᠰᠠᠬᠤ᠂ ᠬᠤᠯᠤᠭᠠᠨ᠎ᠠ ᠶᠢ ᠤᠰᠠᠳᠬᠠᠬᠤ ᠵᠡᠷᠭᠡ ᠳᠤ ᠤᠯᠤᠰ ᠤᠨ ᠲᠣᠭᠲᠠᠭᠠᠭᠰᠠᠨ ᠲᠦᠷᠦᠯ ᠵᠦᠢᠯ ᠠᠴᠠ ᠪᠤᠰᠤᠳ ᠬᠢᠮᠢ ᠶᠢᠨ ᠡᠮ ᠨᠠᠶᠢᠷᠠᠯᠭ᠎ᠠ ᠶᠢ ᠬᠡᠷᠡᠭᠯᠡᠬᠦ ᠪᠣᠶᠣ ᠬᠢᠮᠢ ᠶᠢᠨ ᠡᠮ ᠨᠠᠶᠢᠷᠠᠯᠭ᠎ᠠ ᠶᠢ ᠬᠡᠮᠵᠢᠶ᠎ᠠ ᠠᠴᠠ ᠨᠢ ᠬᠡᠲᠦᠷᠡᠭᠦᠯᠦᠨ ᠬᠡᠷᠡᠭᠯᠡᠵᠦ ᠪᠣᠯᠬᠤ ᠦᠭᠡᠢ᠃ ᠡᠮ ᠨᠠᠶᠢᠷᠠᠯᠭ᠎ᠠ ᠶᠢᠨ ᠦᠯᠡᠳᠡᠴᠡ ᠨᠢ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠪᠢᠲᠡᠭᠦᠮᠵᠢᠯᠡᠨ ᠬᠠᠳᠠᠭᠠᠯᠠᠬᠤ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠰᠢᠢᠳᠪᠦᠷᠢᠯᠡᠬᠦ ᠬᠡᠷᠡᠭᠲᠡᠢ᠃        ︵ᠲᠠᠪᠤ︶ ᠤᠯᠤᠰ ᠤᠨ ᠲᠣᠭᠲᠠᠭᠠᠯ ᠶᠤᠰᠤᠭᠠᠷ ᠠᠮᠤ ᠪᠤᠳᠠᠭ᠎ᠠ ᠬᠠᠳᠠᠭᠠᠯᠠᠬᠤ ᠬᠢᠮᠢ ᠶᠢᠨ ᠡᠮ ᠨᠠᠶᠢᠷᠠᠯᠭ᠎ᠠ ᠶᠢ ᠠᠶᠤᠯ ᠦᠭᠡᠢ ᠪᠠᠷ ᠬᠠᠳᠠᠭᠠᠯᠠᠵᠤ ᠬᠠᠮᠢᠶᠠᠷᠬᠤ ᠪᠠ ᠠᠶᠣᠯ ᠦᠭᠡᠢ ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃        ︵ᠵᠢᠷᠭᠤᠭ᠎ᠠ︶ ᠬᠡᠪ ᠤᠨ ᠬᠠᠳᠠᠭᠠᠯᠠᠬᠤ ᠬᠤᠭᠤᠴᠠᠭᠠᠨ ᠳᠤ ᠪᠠᠶᠢᠭ᠎ᠠ ᠠᠮᠤ ᠪᠤᠳᠠᠭ᠎ᠠ ᠶᠢ ᠬᠦᠮᠦᠷᠭᠡ ᠠᠴᠠ ᠭᠠᠷᠭᠠᠬᠤ ᠳᠤ ᠡᠵᠡᠩᠨᠡᠭᠴᠢ ᠠᠴᠠ ᠦᠪᠡᠰᠦᠪᠡᠨ ᠪᠠᠶᠢᠴᠠᠭᠠᠨ ᠰᠢᠯᠭᠠᠬᠤ ᠶᠢᠨ ᠬᠠᠮᠲᠤ᠂ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠭᠠᠷᠭᠠᠵᠤ ᠥᠭᠭᠦᠨ᠎ᠡ︔ ᠬᠡᠪ ᠤᠨ ᠬᠠᠳᠠᠭᠠᠯᠠᠬᠤ ᠬᠤᠭᠤᠴᠠᠭ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠬᠦᠮᠦᠷᠭᠡ ᠠᠴᠠ ᠭᠠᠷᠭᠠᠬᠤ ᠳᠤ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠬᠢᠷᠢ ᠭᠡᠮ ᠲᠠᠢ ᠪᠠᠶᠢᠭᠤᠯᠤᠮᠵᠢ ᠠᠴᠠ ᠶᠠᠰᠤ ᠴᠢᠨᠠᠷ ᠢ ᠰᠢᠯᠭᠠᠨ ᠲᠣᠭᠲᠠᠭᠠᠬᠤ ᠶᠢᠨ ᠬᠠᠮᠲᠤ᠂ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠭᠠᠷᠭᠠᠵᠤ ᠥᠭᠬᠦ ᠬᠡᠷᠡᠭᠲᠡᠢ᠃        ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃        ᠠᠷᠪᠠᠨ ᠵᠢᠷᠭᠤᠳᠤᠭᠠᠷ ᠵᠦᠢᠯ    ᠠᠮᠤ ᠪᠤᠳᠠᠭ᠎ᠠ ᠪᠣᠷᠤᠯᠠᠭᠤᠯᠬᠤ᠂ ᠪᠣᠯᠪᠠᠰᠤᠷᠠᠭᠤᠯᠬᠤ ᠪᠠ ᠤᠯᠠᠷᠢᠭᠤᠯᠬᠤ ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ ᠨᠢ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠶᠢ ᠡᠷᠬᠢᠯᠡᠵᠦ ᠪᠠᠶᠢᠭ᠎ᠠ ᠡᠵᠡᠩᠨᠡᠭᠴᠢ ᠠᠴᠠ ᠠᠮᠤ ᠪᠤᠳᠠᠭ᠎ᠠ ᠬᠤᠳᠠᠯᠳᠤᠨ ᠠᠪᠬᠤ ᠳᠠᠭᠠᠨ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠠᠪᠬᠤ ᠬᠡᠷᠡᠭᠲᠡᠢ᠃        ᠠᠷᠪᠠᠨ ᠳᠤᠯᠤᠳᠤᠭᠠᠷ ᠵᠦᠢᠯ    ᠠᠮᠤ ᠪᠤᠳᠠᠭ᠎ᠠ ᠲᠡᠭᠡᠭᠡᠪᠦᠷᠢᠯᠡᠬᠦ ᠳᠤ ᠤᠯᠤᠰ ᠤᠨ ᠠᠮᠤ ᠪᠤᠳᠠᠭ᠎ᠠ ᠲᠡᠭᠡᠭᠡᠪᠦᠷᠢᠯᠡᠬᠦ ᠮᠡᠷᠭᠡᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠪᠣᠬᠢᠷᠳᠤᠭᠰᠠᠨ ᠲᠡᠭᠡᠭᠡᠪᠦᠷᠢᠯᠡᠬᠦ ᠪᠠᠭᠠᠵᠢ ᠪᠤᠶᠤ ᠪᠣᠭᠤᠳᠠᠯᠯᠠᠬᠤ ᠮᠠᠲ᠋ᠧᠷᠢᠶᠠᠯ ᠢᠶᠠᠷ ᠠᠮᠤ ᠪᠤᠳᠠᠭ᠎ᠠ ᠶᠢ ᠲᠡᠭᠡᠭᠡᠪᠦᠷᠢᠯᠡᠵᠦ ᠪᠣᠯᠬᠤ ᠦᠭᠡᠢ᠃        ᠠᠷᠪᠠᠨ ᠨᠠᠢᠮᠠᠳᠤᠭᠠᠷ ᠵᠦᠢᠯ    ᠠᠮᠤ ᠪᠤᠳᠠᠭ᠎ᠠ ᠪᠣᠯᠪᠠᠰᠤᠷᠠᠭᠤᠯᠬᠤ ᠠᠵᠢᠯᠯᠠᠭ᠎ᠠ ᠶᠢ ᠡᠷᠬᠢᠯᠡᠵᠦ ᠪᠠᠶᠢᠭ᠎ᠠ ᠡᠵᠡᠩᠨᠡᠭᠴᠢ ᠳᠣᠣᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄        ︵ᠨᠢᠭᠡ︶ ᠠᠮᠤ ᠪᠤᠳᠠᠭ᠎ᠠ ᠪᠣᠯᠪᠠᠰᠤᠷᠠᠭᠤᠯᠬᠤ ᠶᠠᠰᠤ ᠴᠢᠨᠠᠷ ᠪᠣᠯᠣᠨ ᠡᠷᠡᠭᠦᠯ ᠬᠠᠮᠠᠭᠠᠯᠠᠯ ᠢ ᠪᠠᠲᠤᠯᠠᠬᠤ ᠳᠤ ᠬᠡᠷᠡᠭᠰᠡᠬᠦ ᠨᠦᠬᠦᠴᠡᠯ ᠢ ᠪᠦᠷᠢᠯᠳᠦᠭᠦᠯᠬᠦ ᠶᠢᠨ ᠬᠠᠮᠲᠤ᠂ ᠵᠣᠬᠢᠬᠤ ᠬᠢᠷᠢ ᠭᠡᠮ ᠲᠠᠢ ᠪᠠᠶᠢᠬᠤ ᠬᠡᠷᠡᠭᠲᠡᠢ᠃        ︵ᠬᠤᠶᠠᠷ︶ ᠠᠮᠤ ᠪᠤᠳᠠᠭ᠎ᠠ ᠪᠣᠯᠪᠠᠰᠤᠷᠠᠭᠤᠯᠬᠤ ᠠᠵᠢᠯᠲᠠᠨ ᠡᠷᠡᠭᠦᠯ ᠮᠡᠨᠳᠦ ᠶᠢᠨ ᠬᠢᠷᠢ ᠲᠡᠩᠴᠡᠭᠰᠡᠨ ᠭᠡᠷᠡᠴᠢ ᠲᠠᠢ ᠪᠠᠶᠢᠬᠤ ᠬᠡᠷᠡᠭᠲᠡᠢ᠃        ︵ᠭᠤᠷᠪᠠ︶ ᠬᠦᠬᠡᠴᠦᠷᠡᠵᠦ ᠴᠢᠨᠠᠷ ᠢᠶᠠᠨ ᠠᠯᠳᠠᠭᠰᠠᠨ ᠴᠠᠶᠢᠯᠭᠠᠭ᠎ᠠ ᠦᠭᠡᠢ ᠠᠮᠤ᠂ ᠬᠤᠯᠢᠰᠢᠨ ᠢᠳᠡᠭᠡᠨ ᠢ ᠬᠡᠷᠡᠭᠯᠡᠵᠦ ᠪᠣᠯᠪᠠᠰᠤᠷᠠᠭᠤᠯᠵᠤ ᠪᠣᠯᠬᠤ ᠦᠭᠡᠢ᠃        ︵ᠳᠥᠷᠪᠡ︶ ᠨᠡᠮᠡᠯᠲᠡ ᠡᠳ᠋ ᠢ ᠲᠣᠭᠲᠠᠭᠠᠯ ᠠᠴᠠ ᠵᠦᠷᠢᠴᠡᠨ ᠬᠡᠷᠡᠭᠯᠡᠵᠦ ᠪᠣᠯᠬᠤ ᠦᠭᠡᠢ᠃        ︵ᠲᠠᠪᠤ︶ ᠶᠠᠰᠤ ᠴᠢᠨᠠᠷ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠭᠤᠳᠠᠯᠯᠠᠬᠤ ᠮᠠᠲ᠋ᠧᠷᠢᠶᠠᠯ ᠢ ᠬᠡᠷᠡᠭᠯᠡᠵᠦ ᠪᠣᠯᠬᠤ ᠦᠭᠡᠢ᠂ ᠪᠤᠭᠤᠳᠠᠯᠯᠠᠬᠤ ᠵᠦᠢᠯ ᠳᠡᠭᠡᠷᠡᠬᠢ ᠲᠡᠮᠲᠡᠭ ᠨᠢ ᠤᠯᠤᠰ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃        ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ᠃        ᠠᠷᠪᠠ ᠶᠢᠰᠦᠳᠦᠭᠡᠷ ᠵᠦᠢᠯ    ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠡᠷᠬᠢᠯᠡᠵᠦ ᠪᠠᠶᠢᠭ᠎ᠠ ᠡᠵᠡᠩᠨᠡᠭᠴᠢ ᠨᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠣᠭᠲᠠᠭᠠᠭᠰᠠᠨ᠂ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ ᠵᠥᠪᠰᠢᠶᠡᠷᠡᠭᠰᠡᠨ ᠠᠮᠤ ᠪᠤᠳᠠᠭ᠎ᠠ ᠶᠢᠨ ᠭᠦᠢᠯᠭᠡᠭᠡᠨ ᠤ ᠲᠤᠭ᠎ᠠ ᠪᠦᠷᠢᠳᠭᠡᠯ ᠤᠨ ᠳᠦᠷᠢᠮ ᠢ ᠬᠡᠷᠡᠭᠵᠢᠭᠦᠯᠵᠦ᠂ ᠠᠮᠤ ᠪᠤᠳᠠᠭ᠎ᠠ ᠶᠢᠨ ᠡᠵᠡᠩᠨᠡᠯᠲᠡ ᠶᠢᠨ ᠡᠬᠡ ᠳᠠᠩᠰᠠ ᠶᠢ ᠪᠠᠶᠢᠭᠤᠯᠬᠤ ᠶᠢᠨ ᠬᠠᠮᠲᠤ᠂ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠠᠳᠠᠭᠠᠯᠠᠬᠤ᠂ ᠪᠣᠯᠪᠠᠰᠤᠷᠠᠭᠤᠯᠬᠤ ᠪᠠ ᠤᠯᠠᠷᠢᠭᠤᠯᠤᠨ ᠬᠡᠷᠡᠭᠯᠡᠬᠦ ᠵᠡᠷᠭᠡ ᠦᠨᠳᠦᠰᠦᠨ ᠲᠤᠭ᠎ᠠ ᠪᠠᠷᠢᠮᠲᠠ ᠪᠠ ᠬᠤᠯᠪᠣᠭᠳᠠᠯ ᠪᠦᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠢ᠃ ᠠᠮᠤ ᠪᠤᠳᠠᠭ᠎ᠠ ᠡᠵᠡᠩᠨᠡᠭᠴᠢ ᠨᠢ ᠠᠮᠤ ᠪᠤᠳᠠᠭ᠎ᠠ ᠶᠢᠨ ᠡᠵᠡᠩᠨᠡᠯᠲᠡ ᠶᠢᠨ ᠡᠬᠡ ᠳᠠᠩᠰᠠ ᠶᠢ ᠦᠯᠡᠳᠡᠭᠡᠬᠦ ᠬᠤᠭᠤᠴᠠᠭ᠎ᠠ ᠶᠢ ᠭᠤᠷᠪᠠᠨ ᠵᠢᠯ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃        ᠠᠮᠤ ᠪᠤᠳᠠᠭ᠎ᠠ ᠡᠵᠡᠩᠨᠡᠭᠴᠢ ᠶᠢᠨ ᠮᠡᠳᠡᠭᠦᠯᠦᠨ ᠬᠦᠷᠭᠡᠭᠰᠡᠨ ᠦᠨᠳᠦᠰᠦᠨ ᠲᠤᠭ᠎ᠠ ᠪᠠᠷᠢᠮᠲᠠ ᠪᠠ ᠬᠤᠯᠪᠤᠭᠳᠠᠯ ᠪᠦᠬᠦᠢ ᠪᠠᠶᠢᠳᠠᠯ ᠨᠢ ᠬᠤᠳᠠᠯᠳᠤᠭᠠᠨ ᠤ ᠨᠢᠭᠤᠴᠠ ᠳᠤ ᠬᠤᠯᠪᠣᠭᠳᠠᠭᠰᠠᠨ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠨᠢᠭᠤᠴᠠ ᠶᠢ ᠬᠠᠮᠠᠭᠠᠯᠠᠬᠤ ᠡᠭᠦᠷᠭᠡ ᠲᠠᠢ᠃        ᠬᠤᠷᠢᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠶᠢᠨ ᠲᠤᠭ᠎ᠠ ᠪᠦᠷᠢᠳᠭᠡᠯ ᠤᠨ ᠳᠦᠷᠢᠮ ᠤᠨ ᠱᠠᠭᠠᠷᠳᠠᠯᠭ᠎ᠠ ᠶᠤᠰᠤᠭᠠᠷ ᠠᠮᠤ ᠪᠤᠳᠠᠭ᠎ᠠ ᠶᠢ ᠪᠦᠷᠢᠳᠭᠡᠨ ᠪᠠᠶᠢᠴᠠᠭᠠᠬᠤ ᠪᠠ ᠬᠤᠷᠢᠶᠠᠩᠭᠤᠶᠢᠯᠠᠬᠤ ᠠᠵᠢᠯ ᠢ ᠬᠢᠵᠦ᠂ ᠪᠦᠷᠢᠳᠭᠡᠵᠦ ᠮᠡᠳᠡᠭᠦᠯᠬᠦ ᠬᠦᠰᠦᠨᠦᠭᠲᠦ ᠪᠣᠯᠭᠠᠬᠤ ᠶᠢᠨ ᠬᠠᠮᠲᠤ᠂ ᠪᠦᠷᠢᠳᠭᠡᠨ ᠮᠡᠳᠡᠭᠦᠯᠬᠦ ᠬᠦᠰᠦᠨᠦᠭᠲᠦ ᠶᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠢ᠃        ᠭᠤᠷᠪᠠᠳᠤᠭᠠᠷ ᠪᠦᠯᠦᠭ    ᠬᠤᠷᠸ᠎ᠠ ᠲᠣᠬᠢᠷᠠᠭᠤᠯᠭ᠎ᠠ ᠡᠵᠡᠮᠰᠢᠯ        ᠬᠤᠷᠢᠨ ᠨᠢᠭᠡᠳᠦᠭᠡᠷ ᠵᠦᠢᠯ    ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠨᠦᠬᠡᠴᠡ ᠠᠮᠤ ᠶᠢ ᠣᠷᠤᠭᠤᠯᠵᠤ ᠭᠠᠷᠭᠠᠬᠤ᠂ ᠨᠠᠶᠢᠳᠠᠵᠤ ᠬᠤᠳᠠᠯᠳᠤᠨ ᠠᠪᠤᠭᠤᠯᠬᠤ᠂ ᠠᠮᠤ ᠪᠤᠳᠠᠭ᠎ᠠ ᠶᠢ ᠭᠠᠳᠠᠭᠠᠲᠤ ᠠᠴᠠ ᠣᠷᠤᠭᠤᠯᠬᠤ ᠪᠠ ᠭᠠᠳᠠᠭᠠᠲᠤ ᠳᠤ ᠭᠠᠷᠭᠠᠬᠤ ᠵᠡᠷᠭᠡ ᠣᠯᠠᠨ ᠵᠦᠢᠯ ᠤᠨ ᠠᠵᠤ ᠠᠬᠤᠢ ᠶᠢᠨ ᠠᠷᠭ᠎ᠠ ᠪᠠᠷᠢᠯ ᠪᠣᠯᠣᠨ ᠦᠨ᠎ᠡ ᠬᠠᠩᠰᠢ ᠳᠤ ᠭᠠᠷ ᠳᠦᠷᠦᠵᠦ ᠲᠣᠬᠢᠷᠠᠭᠤᠯᠬᠤ ᠵᠡᠷᠭᠡ ᠴᠢᠬᠤᠯᠠᠲᠠᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠬᠡᠷᠡᠭᠯᠡᠵᠦ᠂ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ ᠡᠵᠡᠮᠰᠢᠯ ᠢ ᠴᠢᠩᠭᠠᠳᠬᠠᠵᠤ᠂ ᠦᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠶᠡᠷᠦᠩᠬᠡᠢ ᠬᠡᠮᠵᠢᠶ᠎ᠡ ᠶᠢᠨ ᠦᠨᠳᠦᠰᠦᠨ ᠳᠡᠭᠡᠨ ᠲᠡᠩᠴᠡᠭᠦᠷᠢ ᠲᠠᠢ ᠪᠠᠶᠢᠬᠤ ᠪᠠ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠪᠤᠷᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃        ᠬᠤᠷᠢᠨ ᠬᠤᠶᠠᠳᠤᠭᠠᠷ ᠵᠦᠢᠯ    ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠡᠷᠡᠭᠯᠡᠬᠦ ᠠᠮᠤ ᠪᠤᠳᠠᠭ᠎ᠠ ᠶᠢᠨ ᠬᠤᠳᠠᠯᠳᠤᠨ ᠠᠪᠬᠤ ᠪᠠ ᠪᠣᠷᠤᠯᠠᠭᠤᠯᠬᠤ ᠶᠢ ᠵᠠᠷᠴᠢᠮ ᠳᠡᠭᠡᠷ᠎ᠡ ᠪᠠᠨ ᠠᠮᠤ ᠪᠤᠳᠠᠭ᠎ᠠ ᠶᠢᠨ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢᠶᠠᠷ ᠳᠠᠮᠵᠢᠨ ᠢᠯᠡ ᠪᠠᠷ ᠶᠠᠪᠤᠭᠳᠠᠭᠤᠯᠬᠤ ᠬᠡᠷᠡᠭᠲᠡᠢ᠂ ᠮᠦᠨ ᠴᠦ ᠤᠯᠤᠰ ᠤᠨ ᠲᠣᠭᠲᠠᠭᠠᠭᠰᠠᠨ ᠪᠤᠰᠤᠳ ᠠᠷᠭ᠎ᠠ ᠬᠡᠯᠪᠡᠷᠢ ᠪᠠᠷ ᠳᠠᠮᠵᠢᠨ ᠶᠠᠪᠤᠭᠳᠠᠭᠤᠯᠵᠤ ᠪᠣᠯᠣᠨ᠎ᠠ᠃        ᠬᠤᠷᠢᠨ ᠭᠤᠷᠪᠠᠳᠤᠭᠠᠷ ᠵᠦᠢᠯ    ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠠᠮᠤ ᠪᠤᠳᠠᠭ᠎ᠠ ᠶᠢᠨ ᠲᠥᠭᠰᠢᠭᠦᠷᠢ ᠶᠢᠨ ᠰᠠᠭᠤᠷᠢ ᠮᠦᠩᠭᠦ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠶᠢᠨ ᠲᠥᠭᠰᠢᠭᠦᠷᠢ ᠶᠢᠨ ᠰᠠᠭᠤᠷᠢ ᠮᠦᠩᠭᠦ ᠶᠢ ᠭᠤᠣᠯᠳᠠᠭᠤ ᠠᠮᠤ ᠪᠤᠳᠠᠭ᠎ᠠ ᠲᠠᠷᠢᠳᠠᠭ ᠲᠠᠷᠢᠶᠠᠴᠢᠳ ᠲᠤ ᠰᠢᠭᠤᠳ ᠨᠦᠬᠦᠪᠦᠷᠢᠯᠡᠬᠦ᠂ ᠠᠮᠤ ᠪᠤᠳᠠᠭ᠎ᠠ ᠨᠦᠬᠡᠴᠡᠯᠡᠬᠦ ᠶᠢ ᠳᠡᠮᠵᠢᠬᠦ᠂ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠵᠡᠷᠭᠡ ᠳᠤ ᠬᠡᠷᠡᠭᠯᠡᠵᠦ᠂ ᠪᠣᠲᠠᠲᠠᠢ ᠬᠡᠷᠡᠭᠯᠡᠬᠦ ᠠᠷᠭ᠎ᠠ ᠶᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃        ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠠᠮᠤ ᠪᠤᠳᠠᠭ᠎ᠠ ᠶᠢᠨ ᠲᠥᠭᠰᠢᠭᠦᠷᠢ ᠶᠢᠨ ᠰᠠᠭᠤᠷᠢ ᠮᠦᠩᠭᠦ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠲᠤᠰᠬᠠᠢ ᠵᠦᠢᠯ ᠤᠨ ᠮᠦᠩᠭᠦ ᠶᠢ ᠲᠤᠰᠬᠠᠢ ᠵᠦᠢᠯ ᠳᠤᠨᠢ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠢ        ᠬᠤᠷᠢᠨ ᠳᠦᠷᠪᠡᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠮᠤ ᠪᠤᠳᠠᠭ᠎ᠠ᠂ ᠡᠳ᠋ ᠤᠨ ᠵᠠᠰᠠᠭ᠂ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ ᠂ ᠡᠷᠡᠭᠦᠯ ᠬᠠᠮᠠᠭᠠᠯᠠᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ ᠲᠤᠰ ᠭᠠᠵᠠᠷ ᠣᠷᠣᠨ ᠤ ᠪᠤᠳᠠᠳᠤ ᠪᠠᠶᠢᠳᠠᠯ ᠢᠶᠠᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠲᠣᠭᠲᠠᠭᠠᠬᠤ ᠬᠡᠷᠡᠭᠲᠡᠢ᠃        ᠬᠤᠷᠢᠨ ᠲᠠᠪᠤᠳᠤᠭᠠᠷ ᠵᠦᠢᠯ    ᠬᠦᠨᠳᠦ ᠬᠡᠴᠡᠭᠦᠦ ᠪᠠᠶᠢᠭᠠᠯᠢ ᠶᠢᠨ ᠭᠠᠢ ᠭᠠᠮᠰᠢᠭ᠂ ᠬᠢᠵᠢᠭ ᠤᠨ ᠪᠠᠶᠢᠳᠠᠯ ᠪᠣᠶᠣ ᠪᠤᠰᠤᠳ ᠭᠡᠨᠡᠳᠲᠡ ᠶᠢᠨ ᠬᠡᠷᠡᠭ ᠡᠭᠦᠰᠦᠭᠰᠡᠨ ᠠᠴᠠ ᠪᠣᠯᠵᠤ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠡᠷᠦ ᠪᠤᠰᠤ ᠪᠠᠷ ᠬᠡᠯᠪᠡᠯᠵᠡᠬᠦ ᠥᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠡᠬᠢᠯᠡᠭᠦᠯᠬᠦ ᠬᠡᠷᠡᠭᠲᠡᠢ᠃        ᠬᠤᠷᠢᠨ ᠵᠢᠷᠭᠤᠳᠤᠭᠠᠷ ᠵᠦᠢᠯ    ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠡᠬᠢᠯᠡᠭᠦᠯᠦᠭᠰᠡᠨ ᠤ ᠳᠠᠷᠠᠭ᠎ᠠ᠂ ᠠᠮᠤ ᠪᠤᠳᠠᠭ᠎ᠠ ᠡᠵᠡᠩᠨᠡᠭᠴᠢ ᠪᠠᠴᠢᠮ ᠪᠠᠶᠢᠳᠠᠯ ᠢ ᠠᠷᠭᠠᠴᠠᠬᠤ ᠡᠭᠦᠷᠭᠡ ᠶᠢ ᠡᠭᠦᠷᠭᠡᠯᠡᠵᠦ ᠂ ᠨᠢᠭᠡᠲᠦᠯᠲᠡᠢ ᠲᠣᠬᠢᠷᠠᠭᠤᠯᠤᠯᠲᠠ ᠪᠠ ᠵᠣᠬᠢᠴᠠᠭᠤᠯᠤᠯᠲᠠ ᠶᠢ ᠳᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃        ᠬᠤᠷᠢᠨ ᠳᠤᠯᠤᠳᠤᠭᠠᠷ ᠵᠦᠢᠯ    ᠤᠯᠤᠰ ᠠᠴᠠ ᠠᠯᠢ ᠨᠢᠭᠡᠨ ᠲᠦᠷᠦᠯ ᠵᠦᠢᠯ ᠤᠨ ᠠᠮᠤ ᠪᠤᠳᠠᠭ᠎ᠠ ᠶᠢ ᠬᠠᠮᠤᠭ ᠤᠨ ᠳᠣᠣᠷ᠎ᠠ ᠦᠨ᠎ᠡ ᠬᠠᠩᠰᠢ ᠪᠠᠷ ᠬᠤᠳᠠᠯᠳᠤᠨ ᠠᠪᠬᠤ ᠪᠠᠷ ᠲᠣᠭᠲᠠᠭᠠᠭᠰᠠᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠲᠠᠢ ᠡᠵᠡᠩᠨᠡᠭᠴᠢ ᠳᠤ ᠨᠠᠶᠢᠳᠠᠵᠤ ᠵᠣᠬᠢᠶᠠᠨ ᠪᠠᠶᠢᠭᠤᠯᠤᠨ ᠬᠤᠳᠠᠯᠳᠤᠨ ᠠᠪᠴᠤ ᠪᠣᠯᠣᠨ᠎ᠠ᠃        ᠬᠤᠳᠠᠯᠳᠤᠵᠤ ᠠᠪᠤᠭᠰᠠᠨ ᠬᠠᠮᠤᠭ ᠤᠨ ᠳᠣᠣᠷ᠎ᠠ ᠦᠨ᠎ᠡ ᠬᠠᠩᠰᠢ ᠪᠠᠷ ᠢᠶᠠᠨ ᠲᠠᠷᠢᠶᠠᠴᠢᠳ ᠲᠤ ᠬᠤᠳᠠᠯᠳᠤᠵᠤ ᠥᠭᠬᠦ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠠᠮᠤ ᠪᠤᠳᠠᠭ᠎ᠠ ᠶᠢᠨ ᠨᠠᠶᠢᠳᠠᠯᠭ᠎ᠠ ᠶᠢ ᠬᠦᠯᠢᠶᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠷᠢᠶᠠᠵᠤ ᠠᠪᠬᠤ ᠶᠢ ᠲᠡᠪᠴᠢᠵᠦ ᠪᠣᠯᠬᠤ ᠦᠭᠡᠢ᠃        ᠨᠠᠶᠢᠳᠠᠯᠭ᠎ᠠ ᠶᠢ ᠬᠦᠯᠢᠶᠡᠭᠰᠡᠨ ᠠᠮᠤ ᠪᠤᠳᠠᠭ᠎ᠠ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠡᠭᠦᠷᠭᠡ ᠪᠠᠨ ᠭᠦᠢᠴᠡᠳᠭᠡᠬᠦ ᠶᠢᠨ ᠬᠠᠮᠲᠤ᠂ ᠵᠣᠬᠢᠬᠤ ᠡᠷᠬᠡ ᠠᠰᠢᠭ ᠢ ᠣᠯᠵᠤ ᠬᠦᠷᠲᠡᠨ᠎ᠡ᠃        ᠬᠤᠷᠢᠨ ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠲᠠᠷᠢᠶᠠᠯᠠᠩ ᠮᠠᠯ ᠠᠵᠤ ᠠᠬᠤᠢ᠂ ᠲᠤᠭ᠎ᠠ ᠪᠦᠷᠢᠳᠭᠡᠯ᠂ ᠦᠨ᠎ᠡ ᠬᠠᠩᠰᠢ᠂ ᠡᠳ᠋ ᠤᠨ ᠵᠠᠰᠠᠭ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠠᠮᠤ ᠪᠤᠳᠠᠭ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠰᠢᠨᠵᠢᠬᠦ ᠪᠠ ᠰᠡᠷᠡᠮᠵᠢᠯᠡᠭᠦᠯᠬᠦ ᠵᠠᠳᠠᠯᠤᠯᠲᠠ ᠬᠢᠵᠦ᠂ ᠠᠮᠤ ᠪᠤᠳᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠰᠤᠭᠤᠴᠢᠨ ᠪᠠᠶᠢᠴᠠᠭᠠᠬᠤ ᠳᠦᠷᠢᠮ ᠢ ᠪᠠᠶᠢᠭᠤᠯᠵᠤ᠂ ᠠᠮᠤ ᠪᠤᠳᠠᠭ᠎ᠠ ᠶᠢᠨ ᠦᠢᠯᠡᠳᠪᠦᠷᠢᠯᠡᠯ᠂ ᠬᠡᠷᠡᠭᠯᠡᠭᠡ᠂ ᠦᠨ᠎ᠡ ᠬᠠᠩᠰᠢ᠂ ᠶᠠᠰᠤ ᠴᠢᠨᠠᠷ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃        ᠳᠥᠷᠪᠡᠳᠦᠭᠡᠷ ᠪᠦᠯᠦᠭ    ᠬᠢᠨᠠᠯᠲᠠ ᠲᠠᠯᠪᠢᠵᠤ ᠪᠠᠶᠢᠴᠠᠭᠠᠬᠤ        ᠬᠤᠷᠢ ᠶᠢᠰᠦᠳᠦᠭᠡᠷ ᠵᠦᠢᠯ    ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠳᠣᠣᠷᠠᠬᠢ ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠄        ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠪᠠ ᠤᠯᠤᠰ ᠤᠨ ᠠᠮᠤ ᠪᠤᠳᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠃        ︵ᠬᠤᠶᠠᠷ︶ ᠠᠮᠤ ᠪᠤᠳᠠᠭ᠎ᠠ ᠬᠠᠳᠠᠭᠠᠯᠠᠬᠤ᠂ ᠲᠡᠭᠡᠭᠡᠪᠦᠷᠢᠯᠡᠬᠦ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠬᠡᠷᠡᠭᠵᠢᠭᠦᠯᠦᠭᠰᠡᠨ ᠪᠠᠶᠢᠳᠠᠯ᠃        ︵ᠭᠤᠷᠪᠠ︶ ᠠᠮᠤ ᠪᠤᠳᠠᠭ᠎ᠠ ᠶᠢ ᠪᠤᠷᠤᠯᠠᠭᠤᠯᠵᠤ ᠬᠦᠮᠦᠷᠭᠡ ᠠᠴᠠ ᠭᠠᠷᠭᠠᠬᠤ ᠳᠤ ᠶᠠᠰᠤ ᠴᠢᠨᠠᠷ ᠢ ᠪᠠᠶᠢᠴᠠᠭᠠᠨ ᠰᠢᠯᠭᠠᠬᠤ ᠳᠦᠷᠢᠮ ᠢ ᠬᠡᠷᠡᠭᠵᠢᠭᠦᠯᠦᠭᠰᠡᠨ ᠪᠠᠶᠢᠳᠠᠯ᠃        ︵ᠳᠥᠷᠪᠡ︶ ᠠᠮᠤ ᠪᠤᠳᠠᠭ᠎ᠠ ᠶᠢᠨ ᠭᠦᠢᠯᠭᠡᠭᠡᠨ ᠤ ᠲᠤᠭ᠎ᠠ ᠪᠦᠷᠢᠳᠭᠡᠯ ᠤᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ᠃        ︵ᠲᠠᠪᠤ︶ ᠠᠮᠤ ᠪᠤᠳᠠᠭ᠎ᠠ ᠬᠤᠳᠠᠯᠳᠤᠨ ᠠᠪᠬᠤ᠂ ᠪᠣᠯᠪᠠᠰᠤᠷᠠᠭᠤᠯᠬᠤ᠂ ᠤᠯᠠᠷᠢᠭᠤᠯᠬᠤ ᠪᠠ ᠴᠠᠶᠢᠯᠭᠠᠭᠠᠰᠠᠨ ᠠᠮᠤ ᠶᠢ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠠᠮᠤᠭ ᠤᠨ ᠳᠣᠣᠷ᠎ᠠ ᠨᠦᠬᠡᠴᠡ ᠶᠢᠨ ᠬᠡᠮᠵᠢᠶᠡᠨ ᠤ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠃        ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠡᠷᠡᠭᠯᠡᠬᠦ ᠠᠮᠤ ᠪᠤᠳᠠᠭ᠎ᠠ ᠶᠢᠨ ᠬᠤᠳᠠᠯᠳᠤᠵᠤ ᠪᠤᠷᠤᠯᠠᠭᠤᠯᠬᠤ ᠠᠵᠢᠯᠯᠠᠭ᠎ᠠ ᠶᠢᠨ ᠬᠡᠷᠡᠭᠵᠢᠭᠦᠯᠦᠭᠰᠡᠨ ᠪᠠᠶᠢᠳᠠᠯ᠃        ︵ᠳᠤᠯᠤᠭ᠎ᠠ︶ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠪᠯᠡᠯ ᠢ ᠬᠡᠷᠡᠭᠵᠢᠭᠦᠯᠦᠭᠰᠡᠨ ᠪᠠᠶᠢᠳᠠᠯ᠃        ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠬᠢᠨᠠᠨ ᠪᠠᠶᠢᠴᠠᠭᠠᠬᠤ ᠪᠠᠷ ᠲᠣᠭᠲᠠᠭᠠᠭᠰᠠᠨ ᠪᠤᠰᠤᠳ ᠵᠦᠢᠯᠡᠰ᠃        ᠭᠤᠴᠢᠳᠤᠭᠠᠷ ᠵᠦᠢᠯ    ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠪᠠ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠤᠰᠤᠭᠠᠷ᠂ ᠠᠮᠤ ᠪᠤᠳᠠᠭ᠎ᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠬᠢᠨᠠᠨ ᠪᠠᠶᠢᠴᠠᠭᠠᠬᠤ ᠬᠡᠷᠡᠭᠲᠡᠢ᠃        ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠶᠢᠨ ᠬᠤᠯᠪᠣᠭᠳᠠᠯ ᠪᠦᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠣᠯᠢᠯᠴᠠᠵᠦ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃        ᠭᠤᠴᠢᠨ ᠨᠢᠭᠡᠳᠦᠭᠡᠷ ᠵᠦᠢᠯ    ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ︾ ᠢᠶᠠᠨ ᠭᠠᠷᠭᠠᠬᠤ ᠬᠡᠷᠡᠭᠲᠡᠢ᠂ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠬᠤ ᠦᠭᠡᠢ ᠪᠣᠯ᠂ ᠪᠠᠶᠢᠴᠠᠭᠠᠭᠳᠠᠭᠴᠢ ᠠᠴᠠ ᠪᠠᠶᠢᠴᠠᠭᠠᠯᠲᠠ ᠶᠢ ᠲᠡᠪᠴᠢᠬᠦ ᠡᠷᠬᠡ ᠲᠠᠢ᠃        ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠯᠲᠠ ᠲᠠᠯᠪᠢᠵᠤ ᠪᠠᠶᠢᠴᠠᠭᠠᠬᠤ ᠳᠤ᠂ ᠠᠮᠤ ᠪᠤᠳᠠᠭ᠎ᠠ ᠡᠵᠡᠩᠨᠡᠭᠴᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠵᠤ ᠪᠣᠯᠬᠤ ᠦᠭᠡᠢ᠃        ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠬᠦ ᠳᠤ᠂ ᠪᠠᠶᠢᠴᠠᠭᠠᠭᠳᠠᠭᠴᠢ ᠡᠷᠬᠡᠪᠰᠢ ᠬᠠᠮᠵᠢᠯᠴᠠᠬᠤ ᠬᠡᠷᠡᠭᠲᠡᠢ᠃ ᠶᠠᠮᠠᠷᠪᠠ ᠨᠢᠭᠡᠴᠡ ᠪᠣᠯᠣᠨ ᠬᠤᠪᠢ ᠬᠦᠮᠦᠨ ᠠᠮᠤ ᠪᠤᠳᠠᠭ᠎ᠠ ᠶᠢᠨ ᠭᠦᠢᠯᠭᠡᠭᠡᠨ ᠤ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠬᠦ ᠶᠢ ᠲᠡᠪᠴᠢᠵᠦ᠂ ᠰᠠᠭᠠᠲᠠᠭᠠᠬᠤ ᠪᠠ ᠭᠠᠷ ᠳᠦᠷᠦᠵᠦ ᠪᠣᠯᠬᠤ ᠦᠭᠡᠢ᠃        ᠲᠠᠪᠤᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ        ᠭᠤᠴᠢᠨ ᠬᠤᠶᠠᠳᠤᠭᠠᠷ ᠵᠦᠢᠯ    ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠮᠤ ᠪᠤᠳᠠᠭ᠎ᠠ ᠶᠢᠨ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠰᠢᠳᠭᠡᠵᠦ ᠲᠣᠷᠭᠠᠬᠤ ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠬᠤ ᠬᠡᠷᠡᠭᠲᠡᠢ᠃        ᠭᠤᠴᠢᠨ ᠭᠤᠷᠪᠠᠳᠤᠭᠠᠷ ᠵᠦᠢᠯ    ᠲᠤᠰ ᠠᠷᠭ᠎ᠠ ᠶᠢᠨ ᠠᠷᠪᠠᠳᠤᠭᠠᠷ ᠵᠦᠢᠯ ᠤᠨ ᠨᠢᠭᠡᠳᠦᠭᠡᠷ ᠵᠣᠷᠪᠤᠰ ᠤᠨ ᠲᠣᠭᠲᠠᠭᠠᠯ ᠠᠴᠠ ᠵᠦᠷᠢᠴᠡᠵᠦ᠂ ᠬᠦᠴᠦᠨ ᠲᠠᠢ ᠬᠤᠭᠤᠴᠠᠭᠠᠨ ᠲᠤᠳᠤᠷ᠎ᠠ ᠵᠥᠪᠰᠢᠶᠡᠷᠡᠯ ᠤᠨ ᠵᠦᠢᠯᠡᠰ ᠢ ᠬᠤᠪᠢᠷᠠᠭᠤᠯᠤᠬᠰᠠᠨ ᠪᠣᠯᠪᠠᠴᠤ ᠬᠤᠪᠢᠷᠠᠭᠤᠯᠬᠤ ᠭᠠᠷᠳᠠᠮ ᠢ ᠭᠦᠢᠴᠡᠳᠭᠡᠭᠰᠡᠨ ᠦᠭᠡᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ᠂ ᠬᠤᠭᠤᠴᠠᠭ᠎ᠠ ᠬᠡᠲᠦᠷᠡᠭᠡᠳ ᠵᠠᠯᠠᠷᠠᠭᠤᠯᠬᠤ ᠦᠭᠡᠢ ᠪᠣᠯ᠂ ᠮᠢᠩᠭᠠᠨ ᠲᠦᠭᠦᠷᠢᠭ ᠠᠴᠠ ᠳᠡᠭᠡᠭᠰᠢ ᠨᠢᠭᠡ ᠲᠦᠮᠡᠨ ᠲᠦᠭᠦᠷᠢᠭ ᠠᠴᠠ ᠳᠣᠷᠤᠭᠰᠢᠬᠢ ᠵᠣᠭᠤᠰ ᠢᠶᠠᠷ ᠲᠣᠷᠭᠠᠬᠤ ᠬᠡᠷᠡᠭᠲᠡᠢ᠃        ᠭᠤᠴᠢᠨ ᠳᠦᠷᠪᠡᠳᠦᠭᠡᠷ ᠵᠦᠢᠯ    ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ ᠲᠠᠪᠤᠨ ᠮᠢᠩᠭᠠᠨ ᠲᠦᠭᠦᠷᠢᠭ ᠠᠴᠠ ᠳᠡᠭᠡᠭᠰᠢ ᠬᠤᠶᠠᠷ ᠲᠦᠮᠡᠨ ᠲᠦᠭᠦᠷᠢᠭ ᠠᠴᠠ ᠳᠣᠷᠤᠭᠰᠢᠬᠢ ᠵᠣᠭᠤᠰ ᠢᠶᠠᠷ ᠲᠣᠷᠭᠠᠬᠤ ᠬᠡᠷᠡᠭᠲᠡᠢ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄        ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠬᠤ᠂ ᠪᠠᠯᠠᠯᠤᠨ ᠬᠤᠪᠢᠷᠠᠭᠤᠯᠬᠤ᠂ ᠫᠠᠨᠽᠠᠯᠠᠬᠤ᠂ ᠰᠢᠯᠵᠢᠭᠦᠯᠦᠨ ᠣᠯᠭᠤᠬᠤ᠂ ᠳᠦᠷᠢᠶᠡᠰᠦᠯᠡᠭᠦᠯᠬᠦ ᠪᠠ ᠵᠢᠭᠡᠯᠡᠭᠦᠯᠦᠭᠰᠡᠨ᠃        ︵ᠬᠤᠶᠠᠷ︶ ᠠᠮᠤ ᠪᠤᠳᠠᠭ᠎ᠠ ᠶᠢ ᠪᠣᠬᠢᠷᠳᠤᠭᠤᠯᠵᠤ ᠮᠡᠳᠡᠬᠦ ᠪᠤᠳᠠᠰ ᠯᠤᠭ᠎ᠠ ᠬᠠᠮᠲᠤ ᠬᠠᠳᠠᠭᠠᠯᠠᠭᠰᠠᠨ᠃        ︵ᠭᠤᠷᠪᠠ︶ ᠬᠦᠬᠡᠴᠦᠷᠡᠭᠰᠡᠨ ᠪᠠ ᠡᠪᠡᠳᠴᠢᠨ ᠬᠤᠷᠤᠬᠠᠢ ᠶᠢᠨ ᠬᠦᠨᠦᠭᠡᠯ ᠨᠢ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠬᠠᠳᠠᠭᠠᠯᠠᠭᠰᠠᠨ ᠦᠭᠡᠢ᠃        ︵ᠳᠥᠷᠪᠡ︶ ᠤᠯᠤᠰ ᠤᠨ ᠲᠣᠭᠲᠠᠭᠠᠭᠰᠠᠨ ᠲᠦᠷᠦᠯ ᠵᠦᠢᠯ ᠠᠴᠠ ᠪᠤᠰᠤᠳ ᠬᠢᠮᠢ ᠶᠢᠨ ᠡᠮ ᠨᠠᠶᠢᠷᠠᠯᠭ᠎ᠠ ᠶᠢ ᠬᠡᠷᠡᠭᠯᠡᠭᠰᠡᠨ ᠪᠤᠶᠤ ᠬᠢᠮᠢ ᠶᠢᠨ ᠡᠮ ᠨᠠᠶᠢᠷᠠᠯᠭ᠎ᠠ ᠶᠢ ᠬᠡᠮᠵᠢᠶ᠎ᠡ ᠠᠴᠠ ᠨᠢ ᠬᠡᠲᠦᠷᠡᠭᠦᠯᠦᠨ ᠬᠡᠷᠡᠭᠯᠡᠵᠦ ᠰᠠᠩ ᠬᠦᠮᠦᠷᠭᠡ ᠶᠢᠨ ᠪᠡᠯᠡᠳᠭᠡᠮᠵᠢ ᠶᠢ ᠠᠷᠢᠭᠤᠳᠬᠠᠬᠤ᠂ ᠠᠮᠤ ᠪᠤᠳᠠᠭ᠎ᠠ ᠶᠢᠨ ᠬᠤᠷᠤᠬᠠᠢ ᠶᠢᠨ ᠬᠦᠨᠦᠭᠡᠯ ᠪᠠ ᠬᠦᠬᠡᠴᠦ ᠶᠢ ᠰᠡᠷᠭᠡᠶᠢᠯᠡᠬᠦ᠂ ᠬᠤᠯᠤᠭᠠᠨ᠎ᠠ ᠶᠢ ᠤᠰᠠᠳᠬᠠᠭᠰᠠᠨ ᠪᠤᠶᠤ ᠡᠮ ᠨᠠᠶᠢᠷᠠᠯᠭ᠎ᠠ ᠶᠢᠨ ᠦᠯᠡᠳᠡᠴᠡ ᠨᠢ ᠤᠯᠤᠰ ᠤᠨ ᠪᠠᠷᠢᠮᠵᠢᠶ᠎ᠠ ᠠᠴᠠ ᠬᠡᠲᠦᠷᠡᠭᠰᠡᠨ ᠠᠮᠤ ᠪᠤᠳᠠᠭ᠎ᠠ ᠶᠢ ᠠᠰ ᠲᠤᠨᠢ ᠪᠢᠲᠡᠭᠦᠮᠵᠢᠯᠡᠵᠦ ᠬᠠᠳᠠᠭᠠᠯᠠᠭᠰᠠᠨ ᠦᠭᠡᠢ᠃        ᠭᠤᠴᠢᠨ ᠲᠠᠪᠤᠳᠤᠭᠠᠷ ᠵᠦᠢᠯ    ᠲᠤᠰ ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ᠨᠢᠭᠡᠳᠦᠭᠡᠷ ᠵᠣᠷᠪᠤᠰ ᠤᠨ ᠨᠢᠭᠡᠳᠦᠭᠡᠷ ᠲᠦᠷᠦᠯ ᠤᠨ ᠲᠣᠭᠲᠠᠭᠠᠯ ᠠᠴᠠ ᠵᠦᠷᠢᠴᠡᠵᠦ᠂ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ ᠲᠤ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠪᠠ ᠡᠵᠡᠩᠨᠡᠯᠲᠡ ᠶᠢᠨ ᠦᠨᠡᠮᠯᠡᠯ ᠢᠶᠠᠨ ᠢᠯᠡ ᠦᠵᠡᠭᠦᠯᠦᠭᠰᠡᠨ ᠦᠭᠡᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ᠃        ᠭᠤᠴᠢᠨ ᠵᠢᠷᠭᠤᠳᠤᠭᠠᠷ ᠵᠦᠢᠯ    ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠡᠳ ᠵᠠᠯᠠᠷᠠᠭᠤᠯᠤᠭᠰᠠᠨ ᠦᠭᠡᠢ ᠪᠣᠯ᠂ ᠲᠠᠪᠤᠨ ᠵᠠᠭᠤᠨ ᠲᠦᠭᠦᠷᠢᠭ ᠠᠴᠠ ᠳᠡᠭᠡᠭᠰᠢ ᠨᠢᠭᠡ ᠮᠢᠩᠭᠠᠨ ᠲᠦᠭᠦᠷᠢᠭ ᠠᠴᠠ ᠳᠣᠷᠤᠭᠰᠢᠬᠢ ᠵᠤᠭᠤᠰ ᠢᠶᠠᠷ ᠲᠣᠷᠭᠠᠬᠤ ᠬᠡᠷᠡᠭᠲᠡᠢ᠄        ︵ᠨᠢᠭᠡ︶ ᠠᠮᠤ ᠪᠤᠳᠠᠭ᠎ᠠ ᠬᠤᠳᠠᠯᠳᠤᠭᠴᠢ ᠳᠤ ᠠᠮᠤ ᠪᠤᠳᠠᠭ᠎ᠠ ᠬᠤᠳᠠᠯᠳᠤᠨ ᠠᠪᠬᠤ ᠭᠡᠷᠡᠴᠢ ᠪᠠᠷᠢᠮᠲᠠ ᠪᠠᠨ ᠭᠠᠷᠭᠠᠨ ᠦᠵᠡᠭᠦᠯᠦᠭᠰᠡᠨ ᠦᠭᠡᠢ᠃        ︵ᠬᠤᠶᠠᠷ︶ ᠬᠡᠪ ᠤᠨ ᠬᠠᠳᠠᠭᠠᠯᠠᠬᠤ ᠵᠢᠯ ᠬᠤᠭᠤᠴᠠᠭᠠᠨ ᠳᠤᠲᠤᠷ᠎ᠠ ᠬᠦᠮᠦᠷᠭᠡ ᠠᠴᠠ ᠭᠠᠷᠭᠠᠬᠤ ᠠᠮᠤ ᠪᠤᠳᠠᠭ᠎ᠠ ᠶᠢ ᠡᠵᠡᠩᠨᠡᠭᠴᠢ ᠠᠴᠠ ᠶᠠᠰᠤ ᠴᠢᠨᠠᠷ ᠢ ᠨᠢ ᠪᠠᠶᠢᠴᠠᠭᠠᠨ ᠰᠢᠯᠭᠠᠭᠰᠠᠨ ᠦᠭᠡᠢ ᠪᠤᠶᠤ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠭᠠᠷᠭᠠᠵᠤ ᠥᠭᠭᠦᠭᠰᠡᠨ ᠦᠭᠡᠢ᠃        ︵ᠭᠤᠷᠪᠠ︶ ᠠᠮᠤ ᠪᠤᠳᠠᠭ᠎ᠠ ᠪᠤᠷᠤᠯᠠᠭᠤᠯᠬᠤ᠂ ᠪᠣᠯᠪᠠᠰᠤᠷᠠᠭᠤᠯᠬᠤ ᠪᠠ ᠤᠯᠠᠷᠢᠭᠤᠯᠬᠤ ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ ᠨᠢ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠠᠵᠢᠯ ᠢ ᠡᠷᠬᠢᠯᠡᠵᠦ ᠪᠠᠶᠢᠭ᠎ᠠ ᠡᠵᠡᠩᠨᠡᠭᠴᠢ ᠠᠴᠠ ᠠᠮᠤ ᠪᠤᠳᠠᠭ᠎ᠠ ᠬᠤᠳᠠᠯᠳᠤᠨ ᠠᠪᠬᠤ ᠳᠠᠭᠠᠨ᠂ ᠠᠮᠤ ᠪᠤᠳᠠᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠠᠪᠤᠭᠰᠠᠨ ᠦᠭᠡᠢ᠃        ᠭᠤᠴᠢᠨ ᠳᠤᠯᠤᠳᠤᠭᠠᠷ ᠵᠦᠢᠯ    ᠠᠮᠤ ᠪᠤᠳᠠᠭ᠎ᠠ᠂ ᠠᠵᠤ ᠦᠢᠯᠡᠳᠪᠦᠷᠢ ᠬᠤᠳᠠᠯᠳᠤᠭ᠎ᠠ᠂ ᠦᠨ᠎ᠡ ᠬᠠᠩᠰᠢ ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠪᠠ ᠡᠷᠡᠭᠦᠯ ᠬᠠᠮᠠᠭᠠᠯᠠᠯ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠳ ᠨᠢ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠤᠶᠤ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠤᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠬᠦ ᠬᠡᠷᠡᠭᠲᠡᠢ᠄        ︵ᠨᠢᠭᠡ︶ ᠠᠮᠤ ᠪᠤᠳᠠᠭ᠎ᠠ ᠡᠵᠡᠩᠨᠡᠭᠴᠢ ᠶᠢᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠪᠤᠰᠤ ᠪᠠᠷ ᠭᠠᠷ ᠲᠦᠷᠦᠭᠰᠡᠨ᠃        ︵ᠬᠤᠶᠠᠷ︶ ᠠᠮᠤ ᠪᠤᠳᠠᠭ᠎ᠠ ᠬᠤᠳᠠᠯᠳᠤᠨ ᠠᠪᠬᠤ ᠵᠥᠪᠰᠢᠶᠡᠷᠡᠯ ᠤᠨ ᠦᠨᠡᠮᠯᠡᠯ ᠢ ᠬᠠᠤᠯᠢ ᠪᠠᠷ ᠲᠣᠭᠲᠠᠭᠠᠭᠰᠠᠨ ᠨᠦᠬᠦᠴᠡᠯ ᠪᠠ ᠳᠡᠰ ᠳᠠᠷᠠᠭᠠᠯᠠᠯ ᠢᠶᠠᠷ ᠣᠯᠭᠤᠭᠰᠠᠨ ᠦᠭᠡᠢ᠃        ︵ᠭᠤᠷᠪᠠ︶ ᠠᠮᠤ ᠪᠤᠳᠠᠭ᠎ᠠ ᠶᠢᠨ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠳᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ᠃        ︵ᠳᠥᠷᠪᠡ︶ ᠬᠢᠨᠠᠨ ᠬᠠᠮᠢᠶᠠᠷᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠷᠠᠨ ᠣᠰᠤᠯᠳᠠᠭᠰᠠᠨ᠂ ᠭᠤᠶᠠᠴᠢᠯᠠᠨ ᠬᠠᠤᠯᠢ ᠶᠤᠰᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃        ᠭᠤᠴᠢᠨ ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠤᠶᠤ ᠰᠢᠭᠤᠳ ᠬᠠᠷᠢᠭᠤᠴᠠᠯᠭᠠᠲᠠᠨ ᠨᠢ ᠲᠤᠰ ᠠᠷᠭ᠎ᠠ ᠶᠢᠨ ᠲᠣᠭᠲᠠᠭᠠᠯ ᠠᠴᠠ ᠵᠦᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄        ︵ᠨᠢᠭᠡ︶ ᠠᠮᠤ ᠪᠤᠳᠠᠭ᠎ᠠ ᠬᠤᠳᠠᠯᠳᠤᠨ ᠠᠪᠤᠭᠴᠢ ᠶᠢ ᠭᠠᠶᠢᠯᠢ᠂ ᠵᠠᠷᠤᠳᠠᠯ ᠪᠤᠶᠤ ᠪᠤᠰᠤᠳ ᠵᠤᠭᠤᠰᠤᠨ ᠤ ᠵᠦᠢᠯ ᠢ ᠣᠷᠤᠯᠠᠨ ᠰᠠᠭᠤᠳᠬᠠᠬᠤ᠂ ᠣᠷᠤᠯᠠᠨ ᠲᠤᠰᠢᠶᠠᠯᠭᠠᠬᠤ ᠪᠠᠷ ᠠᠯᠪᠠᠳᠠᠭᠰᠠᠨ᠃        ︵ᠬᠤᠶᠠᠷ︶ ᠵᠥᠪᠰᠢᠶᠡᠷᠡᠯ ᠦᠭᠡᠢ ᠪᠠᠷ ᠤᠯᠤᠰ ᠤᠨ ᠠᠮᠤ ᠪᠤᠳᠠᠭ᠎ᠠ ᠶᠢᠨ ᠠᠵᠤ ᠠᠬᠤᠶᠢᠯᠠᠯ ᠤᠨ ᠰᠠᠩ ᠬᠦᠮᠦᠷᠭᠡ ᠶᠢᠨ ᠪᠡᠯᠡᠳᠭᠡᠮᠵᠢ ᠶᠢ ᠳᠤᠷ᠎ᠠ ᠪᠠᠷ ᠢᠶᠠᠨ ᠰᠢᠢᠳᠪᠦᠷᠢᠯᠡᠭᠰᠡᠨ᠃        ︵ᠭᠤᠷᠪᠠ︶ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠣᠭᠲᠠᠭᠠᠯ ᠠᠴᠠ ᠵᠦᠷᠢᠴᠡᠵᠦ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ᠃        ᠵᠢᠷᠭᠤᠳᠤᠭᠠᠷ ᠪᠦᠯᠦᠭ    ᠳᠠᠭᠠᠯᠳᠤᠭᠤᠯᠤᠯ ᠳᠦᠷᠢᠮ        ᠭᠤᠴᠢ ᠶᠢᠰᠦᠳᠦᠭᠡᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠠᠮᠤ ᠪᠤᠳᠠᠭ᠎ᠠ ᠶᠢ ᠤᠯᠠᠷᠢᠭᠤᠯᠬᠤ ᠭᠡᠳᠡᠭ ᠨᠢ ᠠᠮᠤ ᠪᠤᠳᠠᠭ᠎ᠠ ᠪᠠᠷ ᠲᠥᠭᠦᠬᠡᠢ ᠡᠳ᠋ ᠪᠣᠯᠭᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠵᠢᠴᠢ ᠨᠡᠷᠡᠬᠦ ᠂ ᠲᠡᠵᠢᠭᠡᠯ ᠪᠣᠷᠳᠤᠭ᠎ᠠ᠂ ᠲᠡᠵᠢᠭᠡᠨ ᠦᠷᠡᠵᠢᠭᠦᠯᠬᠦ ᠵᠡᠷᠭᠡ ᠳᠤ ᠬᠡᠷᠡᠭᠯᠡᠬᠦ ᠡᠵᠡᠩᠨᠡᠯᠲᠡ ᠶᠢᠨ ᠠᠵᠢᠯᠯᠠᠭ᠎ᠠ ᠶᠢ ᠵᠢᠭᠠᠵᠤ ᠪᠣᠢ᠃        ᠳᠦᠴᠢᠳᠦᠭᠡᠷ ᠵᠦᠢᠯ    ᠰᠢᠷ᠎ᠠ ᠪᠣᠷᠴᠠᠭ᠂ ᠲᠤᠰᠤᠯᠢᠭ ᠡᠳ᠋᠂ ᠢᠳᠡᠭᠡᠨ ᠤ ᠤᠷᠭᠤᠮᠠᠯ ᠤᠨ ᠲᠣᠰᠣ ᠶᠢ ᠡᠳ᠋ᠰᠢᠭᠦᠯᠬᠦ᠂ ᠤᠯᠠᠷᠢᠭᠤᠯᠬᠤ᠂ ᠪᠣᠷᠤᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠭᠠᠳᠠᠭᠠᠲᠤ ᠳᠤ ᠭᠠᠷᠭᠠᠵᠤ ᠭᠠᠳᠠᠭᠠᠲᠤ ᠠᠴᠠ ᠣᠷᠤᠭᠤᠯᠬᠤ ᠵᠡᠷᠭᠡ ᠡᠵᠡᠩᠨᠡᠯᠲᠡ ᠶᠢᠨ ᠠᠵᠢᠯᠯᠠᠭ᠎ᠠ ᠳᠤ ᠲᠤᠰ ᠠᠷᠭ᠎ᠠ ᠶᠢᠨ ᠵᠢᠷᠭᠤᠳᠤᠭᠠᠷ ᠵᠦᠢᠯ ᠠᠴᠠ ᠠᠷᠪᠠᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠠᠴᠠ ᠪᠤᠰᠤᠳ ᠨᠢ ᠪᠦᠷ ᠬᠡᠷᠡᠭᠯᠡᠭᠳᠡᠨ᠎ᠡ᠃        ᠳᠦᠴᠢᠨ ᠨᠢᠭᠡᠳᠦᠭᠡᠷ ᠵᠦᠢᠯ    ᠲᠤᠰ ᠠᠷᠭ᠎ᠠ ᠶᠢ 2009 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号