ᠰᠢ ᠴᠧᠩ ᠵᠡᠭᠡᠯᠢ ᠭᠤᠳᠤᠮᠵᠢ ᠭᠠᠯ ᠢ ᠰᠡᠷᠭᠡᠶᠢᠯᠡᠨ ᠤᠨᠲᠠᠷᠠᠭᠠᠬᠤ ᠪᠠᠴᠢᠮ ᠠᠪᠤᠷᠠᠯᠲᠠ ᠶᠢᠨ ᠰᠤᠷᠢᠯᠲᠠ ᠬᠢᠪᠡ
ᠨᠡᠶᠢᠲᠡᠯᠡᠭᠰᠡᠨ ᠴᠠᠭ᠄
2018-08-24
       ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠪᠠ ᠦᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠤᠷᠴᠢᠮᠬᠠᠨ ᠬᠤᠩ ᠱᠠᠨ ᠲᠤᠭᠤᠷᠢᠭ ᠤᠨ ᠰᠢ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ ᠤᠯᠠᠭᠠᠨᠬᠠᠳᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠨᠡᠶᠢᠭᠡᠮᠯᠢᠭ ᠬᠠᠮᠲᠤᠷᠠᠨ ᠭᠠᠯ ᠢ ᠰᠡᠷᠭᠡᠶᠢᠯᠡᠨ ᠤᠨᠲᠠᠷᠠᠭᠠᠬᠤ ᠪᠠᠴᠢᠮ ᠠᠪᠤᠷᠠᠯᠲᠠ ᠶᠢᠨ ᠰᠤᠷᠢᠯᠲᠠ ᠬᠢᠪᠡ᠃        ᠲᠤᠰ ᠤᠳᠠᠭᠠᠨ ᠤ ᠰᠤᠷᠢᠯᠲᠠ ᠨᠢ ᠭᠠᠯ ᠤᠨ ᠠᠶᠤᠯ ᠤᠨ ᠭᠡᠨᠡᠳᠲᠡ ᠪᠠᠷ ᠡᠭᠦᠰᠦᠭᠰᠡᠨ ᠬᠡᠷᠡᠭ ᠢ ᠪᠠᠴᠢᠮ ᠠᠷᠭᠠᠴᠠᠬᠤ ᠪᠠᠷ ᠦᠨᠳᠦᠰᠦᠯᠡᠯ ᠪᠤᠯᠭᠠᠵᠤ᠂ ᠭᠠᠯ ᠤᠨᠲᠠᠷᠠᠭᠠᠬᠤ ᠬᠦᠮᠦᠰ ᠢ ᠵᠤᠬᠢᠶᠠᠨ ᠪᠠᠶᠢᠭᠤᠯᠵᠤ ᠭᠠᠯ ᠤᠨ ᠠᠶᠤᠯ ᠠᠴᠠ ᠵᠠᠶᠢᠯᠠᠬᠤ ᠵᠡᠷᠭᠡ ᠰᠤᠷᠢᠯᠲᠠ ᠬᠢᠪᠡ᠃ ᠠᠵᠢᠯᠯᠠᠭᠠᠨ ᠳᠤ ᠤᠯᠠᠭᠠᠨᠬᠠᠳᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠠᠴᠠ ᠭᠠᠯ ᠤᠨᠲᠠᠷᠠᠭᠠᠬᠤ ᠪᠠᠭᠠᠵᠢ ᠶᠢ ᠵᠦᠪ ᠬᠡᠷᠡᠭᠯᠡᠬᠦ ᠠᠷᠭ᠎ᠠ ᠵᠡᠷᠭᠡ ᠠᠭᠤᠯᠭ᠎ᠠ ᠶᠢ ᠲᠠᠨᠢᠯᠴᠠᠭᠤᠯᠪᠠ᠃        ᠲᠤᠰ ᠤᠳᠠᠭᠠᠨ ᠤ ᠰᠤᠷᠢᠯᠲᠠ ᠪᠠᠷ ᠳᠠᠮᠵᠢᠨ ᠰᠠᠭᠤᠭᠠᠯᠢ ᠠᠷᠠᠳ ᠪᠠ ᠭᠡᠷ ᠠᠬᠤᠢ ᠶᠢᠨ ᠦᠢᠯᠡᠴᠢᠯᠡᠭᠡᠨ ᠤ ᠬᠦᠮᠦᠰ ᠤᠨ ᠭᠡᠨᠡᠳᠲᠡ ᠪᠠᠷ ᠡᠭᠦᠰᠦᠭᠰᠡᠨ ᠭᠠᠯ ᠤᠨ ᠠᠶᠤᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠨᠡᠶᠢᠭᠡᠮ ᠲᠤᠭᠤᠷᠢᠭ ᠤᠨ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠳᠤ ᠬᠠᠮᠠᠭᠠᠯᠠᠯᠲᠠ ᠶᠢᠨ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号