ᠬᠤᠩ ᠱᠠᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠦᠬᠦ ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠬᠡᠯᠪᠡᠷᠢ ᠶᠢ ᠦᠭᠡᠷᠡᠳᠡᠭᠦᠯᠦᠨ ᠳᠡᠰ ᠳᠡᠪᠰᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2018-09-27
       ᠤᠶᠢᠷ᠎ᠠ ᠳᠤ᠂ ᠬᠤᠩ ᠱᠠᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠷᠢᠭᠦᠯᠡᠭᠴᠢ ᠶᠠᠩ ᠰᠢᠶᠠᠨ ᠹᠧᠩ ᠬᠡᠰᠡᠭ ᠠᠷᠠᠳ ᠤᠨ ᠲᠦᠯᠦᠭᠡᠯᠡᠭᠴᠢᠳ ᠢ ᠳᠠᠭᠠᠭᠤᠯᠤᠨ᠂ ᠪᠦᠬᠦ ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠬᠡᠯᠪᠡᠷᠢ ᠶᠢ ᠦᠭᠡᠷᠡᠲᠡᠭᠦᠯᠦᠨ ᠳᠡᠰ ᠳᠡᠪᠰᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃        ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠦᠭᠦᠷᠭᠡᠨ ᠤ ᠤᠮᠠᠷᠠᠳᠠᠬᠢ ᠭᠤᠤᠯᠯᠠᠭᠴᠢ ᠠᠷᠠᠯᠵᠢᠶ᠎ᠠ ᠬᠤᠳᠠᠯᠳᠤᠭᠠᠨ ᠤ ᠲᠤᠭᠤᠷᠢᠭ᠂ ᠰᠢᠨᠬᠤᠸᠠ ᠶᠠᠪᠠᠭᠠᠨ ᠵᠡᠭᠡᠯᠢ᠂ ᠲᠦᠩ ᠰᠢᠩ ᠵᠠᠬ᠎ᠠ ᠳᠡᠯᠭᠡᠭᠦᠷ᠂ ᠰᠢ ᠴᠧᠩ ᠵᠠᠬ᠎ᠠ ᠳᠡᠯᠭᠡᠭᠦᠷ᠂ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠭᠤᠳᠤᠮ᠂ ᠯᠢ ᠹᠧᠩ ᠭᠠᠷ ᠳᠠᠮᠵᠢᠭᠰᠠᠨ ᠮᠠᠰᠢᠨ ᠤ ᠰᠤᠯᠢᠯᠴᠠᠭᠠᠨ ᠤ ᠵᠠᠬ᠎ᠠ ᠵᠡᠷᠭᠡ ᠭᠠᠵᠠᠷ ᠤᠷᠤᠨ ᠳᠤ ᠭᠦᠨᠵᠡᠭᠡᠶᠢᠷᠡᠵᠦ᠂ ᠡᠯ᠎ᠡ ᠭᠠᠵᠠᠷ ᠤᠷᠤᠨ ᠤ ᠬᠦᠭᠵᠢᠯᠲᠡ ᠵᠢᠴᠢ ᠬᠡᠯᠪᠡᠷᠢ ᠶᠢ ᠦᠭᠡᠷᠡᠲᠡᠭᠦᠯᠦᠨ ᠳᠡᠰ ᠳᠡᠪᠰᠢᠭᠦᠯᠦᠭᠰᠡᠨ ᠪᠠᠶᠢᠳᠠᠯ ᠢ ᠨᠠᠷᠢᠨ ᠤᠶᠢᠯᠠᠭᠠᠪᠠ        ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠯᠢ ᠸᠧᠨ ᠽᠧᠩ ᠮᠠᠨ ᠤ ᠲᠤᠭᠤᠷᠢᠭ ᠤᠨ ᠭᠤᠷᠪᠠᠳᠤᠭᠠᠷ ᠠᠵᠤ ᠦᠢᠯᠡᠰ ᠤᠨ ᠬᠡᠯᠪᠡᠷᠢ ᠶᠢ ᠦᠭᠡᠷᠡᠲᠡᠭᠦᠯᠦᠨ ᠳᠡᠰ ᠳᠡᠪᠰᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ 2017 ᠤᠨ ᠳᠤ ᠬᠤᠩ ᠱᠠᠨ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 262.7 ᠳ᠋ᠦᠩᠰᠢᠭᠤᠷ ᠲᠦᠭᠦᠷᠢᠭ᠂ ᠡᠭᠦᠨ ᠳᠤ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 144 ᠳ᠋ᠦᠩᠰᠢᠭᠤᠷ ᠲᠦᠭᠦᠷᠢᠭ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠤ ᠡᠵᠡᠯᠡᠬᠦ ᠬᠠᠷᠢᠴᠠᠯ ᠵᠢᠯ ᠲᠤᠷᠰᠢ ᠬᠠᠭᠠᠰ ᠠᠴᠠ ᠳᠡᠭᠡᠭᠰᠢᠬᠢ ᠶᠢ ᠡᠵᠡᠯᠡᠪᠡ᠃ ᠡᠯ᠎ᠡ ᠲᠦᠷᠦᠯ ᠤᠨ ᠲᠤᠭᠲᠠᠭᠤᠨ ᠵᠠᠬ᠎ᠠ ᠳᠡᠯᠭᠡᠭᠦᠷ ᠤᠨ ᠭᠤᠤᠯ ᠴᠤᠭᠴᠠ 4.3 ᠲᠦᠮᠡᠨ ᠡᠷᠦᠬᠡ ᠤᠷᠴᠢᠮ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠠᠵᠤ ᠦᠢᠯᠡᠰ ᠤᠨ ᠲᠠᠷᠬᠠᠯᠲᠠ ᠠᠴᠠ ᠦᠵᠡᠪᠡᠯ᠂ ᠭᠤᠷᠪᠠᠳᠤᠭᠠᠷ ᠠᠵᠤ ᠦᠢᠯᠡᠰ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠨᠢ 4 ᠲᠦᠮᠡᠨ ᠡᠷᠦᠬᠡ ᠤᠷᠴᠢᠮ᠂ ᠠᠵᠢᠯᠯᠠᠵᠤ ᠪᠠᠶᠢᠭ᠎ᠠ ᠠᠵᠢᠯᠲᠠᠨ 10 ᠲᠦᠮᠡ᠂ ᠡᠵᠡᠯᠡᠬᠦ ᠬᠠᠷᠢᠴᠠᠯ ᠨᠢ ᠲᠤᠰᠪᠤᠷᠢ 93%᠂ 82%᠂ ᠭᠤᠷᠪᠠᠳᠤᠭᠠᠷ ᠠᠵᠤ ᠦᠢᠯᠡᠰ ᠨᠢᠭᠡᠨᠲᠡ ᠦᠢ ᠤᠯᠠᠨ ᠢᠶᠠᠷ ᠢᠶᠠᠨ ᠦᠢᠯᠡᠰ ᠪᠤᠰᠬᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢᠨ ᠴᠢᠬᠤᠯᠠ ᠠᠭᠤᠯᠭ᠎ᠠ ᠪᠤᠯᠤᠭᠰᠠᠨ ᠪᠠᠶᠢᠨ᠎ᠠ᠃ 2017 ᠤᠨ ᠳᠤ ᠪᠦᠬᠦ ᠲᠤᠭᠤᠷᠢᠭ ᠤᠨ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 152.28 ᠳ᠋ᠦᠩᠰᠢᠭᠤᠷ ᠲᠦᠭᠦᠷᠢᠭ ᠬᠦᠷᠴᠦ᠂ 8.5% ᠨᠡᠮᠡᠭᠳᠡᠨ᠂ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠭᠤᠳᠤᠮ᠂ ᠮᠧᠩ ᠳ᠋ᠦᠩ ᠹᠧᠩ ᠴᠤᠸᠠᠩ ᠡᠯᠧᠺᠲᠷᠤᠨ ᠬᠤᠳᠠᠯᠳᠤᠭᠠᠨ ᠤ ᠪᠠᠷᠠᠭᠠᠨ ᠭᠦᠢᠯᠭᠡᠭᠡᠨ ᠤ ᠰᠠᠭᠤᠷᠢᠨ᠂ ᠤᠯᠠᠭᠠᠨᠬᠠᠳᠠ ᠶᠢᠨ ᠲᠦᠷᠭᠡᠨ ᠬᠦᠷᠭᠡᠯᠲᠡ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠪᠠᠷ ᠲᠦᠯᠦᠭᠡᠯᠡᠭᠴᠢ ᠪᠤᠯᠭᠠᠭᠰᠠᠨ ᠨᠢᠭᠡ ᠪᠦᠯᠦᠭ ᠤᠳᠤ ᠦᠶ᠎ᠡ ᠶᠢᠨ ᠪᠠᠷᠠᠭᠠᠨ ᠭᠦᠢᠯᠭᠡᠭᠡᠨ᠂ ᠨᠢᠭᠡᠲᠦᠮᠡᠯ ᠬᠤᠯᠪᠤᠭᠠᠨ ᠤ ᠴᠢᠮᠡᠭᠡ ᠨᠡᠪᠲᠡᠷᠡᠯᠭᠡ᠂ ᠰᠤᠷᠠᠭ ᠵᠠᠩᠭᠢ᠂ ᠭᠡᠷ ᠬᠦᠷᠦᠩᠭᠡ᠂ ᠬᠦᠷᠦᠩᠭᠡ ᠠᠭᠤᠰᠬᠠᠬᠤ ᠳᠦᠷᠢᠶᠡᠰᠦᠯᠡᠭᠦᠯᠬᠦ᠂ ᠮᠦᠩᠭᠦᠨ ᠭᠦᠢᠯᠭᠡᠭᠡᠨ ᠤ ᠳᠠᠭᠠᠳᠬᠠᠯ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠭᠵᠢᠭᠦᠯᠪᠡ᠃ ᠶᠠᠩ ᠰᠢᠶᠠᠨ ᠹᠧᠩ ᠰᠤᠳᠤᠯᠤᠨ ᠪᠠᠶᠢᠴᠠᠭᠠᠬᠤ ᠶᠠᠪᠤᠴᠠ ᠳᠠᠭᠠᠨ᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ︽ᠠᠷᠠᠯᠵᠢᠶ᠎ᠠ ᠬᠤᠳᠠᠯᠳᠤᠭ᠎ᠠ ᠪᠠᠷ ᠲᠤᠭᠤᠷᠢᠭ ᠢᠶᠠᠨ ᠬᠦᠴᠦᠷᠬᠡᠭᠵᠢᠭᠦᠯᠬᠦ︾ ᠵᠠᠷᠴᠢᠮ ᠶᠤᠰᠤᠭᠠᠷ᠂ ᠵᠢᠯᠤᠭᠤᠳᠤᠮᠵᠢ ᠪᠠᠨ ᠴᠢᠩᠭᠠᠳᠬᠠᠨ᠂ ᠤᠶᠢᠯᠠᠭᠠᠭᠳᠠᠬᠤᠨ ᠤ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠤᠳᠤ ᠪᠠᠶᠢᠭ᠎ᠠ ᠡᠬᠢ ᠪᠠᠶᠠᠯᠢᠭ ᠢ ᠨᠡᠶᠢᠳᠬᠡᠨ᠂ ᠡᠯ᠎ᠡ ᠲᠦᠷᠦᠯ ᠤᠨ ᠲᠤᠰᠬᠠᠶᠢᠵᠢᠭᠰᠠᠨ ᠵᠠᠬ᠎ᠠ ᠳᠡᠯᠭᠡᠭᠦᠷ ᠢ ᠦᠷᠭᠦᠯᠵᠢᠯᠡᠨ ᠶᠡᠭᠡ ᠬᠦᠴᠦᠨ ᠢᠶᠠᠷ ᠨᠡᠮᠡᠭᠳᠡᠭᠦᠯᠵᠦ᠂ ᠶᠠᠪᠠᠭᠠᠨ ᠵᠡᠭᠡᠯᠢ ᠪᠤᠯᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠳᠡᠰ ᠳᠡᠪᠰᠢᠵᠦ ᠱᠠᠲᠤ ᠳᠠᠪᠰᠢᠬᠤ ᠠᠯᠬᠤᠴᠠ ᠶᠢ ᠲᠦᠷᠭᠡᠳᠬᠡᠨ᠂ ᠭᠤᠷᠪᠠᠳᠤᠭᠠᠷ ᠠᠵᠤ ᠦᠢᠯᠡᠰ ᠤᠨ ᠨᠡᠩ ᠦᠨᠳᠦᠷ ᠳᠡᠰ ᠳᠠᠪᠬᠤᠷᠭ᠎ᠠ᠂ ᠨᠡᠩ ᠦᠷᠭᠡᠨ ᠬᠦᠷᠢᠶ᠎ᠡ ᠬᠡᠪᠴᠢᠶ᠎ᠡ ᠲᠡᠰᠢ ᠬᠦᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠭᠤᠷᠪᠠᠨ ᠠᠵᠤ ᠦᠢᠯᠡᠰ ᠤᠨ ᠬᠡᠪᠴᠢᠶ᠎ᠡ ᠶᠢ ᠬᠦᠴᠦᠯᠡᠨ ᠦᠷᠭᠡᠳᠬᠡᠵᠦ᠂ ᠭᠤᠷᠪᠠᠨ ᠠᠵᠤ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠂ ᠬᠤᠩ ᠱᠠᠨ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠩ ᠱᠠᠨ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠ ᠡᠾᠦ᠋ᠩ ᠵᠧᠨ᠂ ᠯᠢᠦ ᠳ᠋ᠦᠩ ᠬᠤᠸᠠ ᠪᠠᠷ᠎ᠠ ᠪᠤᠯᠤᠯᠴᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号