ᠭᠤᠷᠪᠠᠨ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠵᠤ ᠬᠥᠬᠡᠬᠤᠲᠠ ᠶᠢᠨ ᠵᠤᠬᠢᠶᠠᠮᠡᠯ ᠤᠶᠤᠨᠳᠤ ᠠᠵᠤ ᠦᠢᠯᠡᠰ ᠤᠨ ᠬᠦᠭᠵᠢᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2018-09-28
       9 ᠳ᠋ᠦ᠋ᠭᠡᠷ ᠰᠠᠷ᠎ᠡ ᠶᠢᠨ 27 ᠤ ᠡᠳᠦᠷ᠂ ᠬᠦᠭᠡᠬᠤᠳᠠ ᠶᠢᠨ ᠵᠠᠰᠠᠭ ᠤᠨ ᠤᠷᠳᠤᠨ᠂ ᠦᠪᠦᠷ ᠮᠤᠩᠭᠤᠯ ᠤᠨ ᠬᠤᠷᠢᠨᠭᠡᠷ ᠰᠢᠨ᠎ᠡ ᠲᠤᠭᠤᠷᠢᠭ ᠪᠤᠯᠤᠨ ᠪᠡᠭᠡᠵᠢᠩ ᠤᠨ ᠺᠤᠸᠠᠩ ᠱᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ ᠺᠤᠮᠫᠠᠨᠢ ᠭᠤᠷᠪᠡᠨ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠥᠪᠳᠡᠯᠴᠡᠭᠡᠷ ᠲᠤ ᠠᠮᠵᠢᠯᠲᠠᠳᠠᠢ ᠪᠠᠷ ᠭᠠᠷ ᠤᠨ ᠦᠰᠦᠭ ᠵᠢᠷᠤᠪᠠ᠃       ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠬᠦᠭᠡᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠦᠨ ᠭᠤᠸᠠᠩ ᠵᠦᠩ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠵᠠᠢ᠃        ᠭᠤᠷᠪᠡᠨ ᠲᠠᠯ᠎ᠡ ᠪᠠᠷ ᠢᠶᠠᠨ ᠵᠤᠬᠢᠶᠠᠮᠡᠯ ᠤᠶᠤᠨᠳᠤ ᠺᠣᠮᠫᠢᠦ᠋ᠲ᠋ᠧᠷ ᠤᠨ ᠲᠠᠪᠴᠠᠩ ᠢ ᠪᠡᠯᠡ ᠤᠷᠤᠭᠤᠯᠤᠨ ᠪᠦᠳᠦᠭᠡᠨ ᠪᠠᠶᠢᠭᠤᠯᠬᠤ ᠲᠤᠭᠤᠷᠢᠨ ᠳᠤ᠂ ᠤᠯᠤᠰ ᠤᠨ ᠲᠤᠳᠤᠭᠠᠳᠤ ᠶᠢᠨ ᠬᠡᠪ ᠲᠠᠭᠤᠷᠢᠶᠠᠯ ᠤᠨ ᠬᠡᠯᠪᠡᠷᠢ ᠶᠢᠨ ︽AI+IoT︾ ᠤᠶᠤᠨᠴᠢ ᠬᠤᠳᠠ ᠶᠢᠨ ᠦᠯᠢᠭᠡᠷ ᠵᠢᠱᠢᠶ᠎ᠡ ᠶᠢ ᠴᠢᠷᠮᠠᠶᠢᠨ ᠪᠠᠶᠢᠭᠤᠯᠵᠤ᠂ ᠬᠤᠯᠪᠤᠬᠳᠠᠯ ᠪᠦᠬᠦᠢ ᠤᠶᠤᠨᠳᠤ ᠠᠵᠤ ᠦᠢᠯᠡᠰ ᠤᠨ ᠬᠦᠭᠵᠢᠯᠳᠠ ᠶᠢ ᠲᠠᠶᠢᠴᠢᠯᠠᠬᠤ ᠵᠢᠴᠢ ᠵᠤᠬᠢᠶᠠᠮᠡᠯ ᠤᠶᠤᠨᠳᠤ ᠲᠡᠭᠡᠳᠤ ᠰᠤᠷᠭᠠᠭᠤᠯᠢ ᠪᠠ ᠠᠰᠫᠢᠷᠠᠨᠲ ᠤᠨ ᠦᠢᠯᠡᠳᠦᠯᠭᠡ ᠬᠢᠬᠦ ᠰᠠᠭᠤᠷᠢᠨ ᠢ ᠬᠠᠮᠳᠤ ᠪᠠᠷ ᠪᠦᠳᠦᠭᠡᠨ ᠪᠠᠶᠢᠭᠤᠯᠵᠤ᠂ ᠵᠤᠬᠢᠶᠠᠮᠡᠯ ᠤᠶᠤᠨᠳᠤ᠂ ᠲᠤᠮᠤ ᠳ᠋ᠠᠶᠢᠲ᠋ᠠ ᠵᠡᠷᠭᠡ ᠲᠤᠰᠬᠠᠢ ᠮᠡᠷᠭᠡᠵᠢᠯ ᠤᠨ ᠮᠠᠶ᠋ᠢᠭ ᠤᠨ ᠴᠢᠳᠠᠪᠤᠷᠢᠳᠠᠨ ᠢ ᠲᠦᠷᠭᠡᠳᠭᠡᠨ ᠭᠦᠮᠦᠵᠢᠭᠦᠯᠭᠦ ᠲᠠᠯ᠎ᠡ ᠪᠠᠷ ᠪᠦᠬᠦ ᠲᠠᠯ᠎ᠡ ᠶᠢᠨ ᠬᠠᠮᠳᠤᠷᠠᠯᠴᠠᠭ᠎ᠠ ᠶᠢ ᠥᠷᠨᠢᠭᠦᠯᠬᠦ ᠪᠤᠯᠤᠨ᠎ᠡ᠃        ᠲᠤᠰ ᠤᠳᠠᠭ᠎ᠠ ᠶᠢᠨ ᠭᠤᠷᠪᠡᠨ ᠲᠠᠯ᠎ᠡ ᠪᠠᠷ ᠢᠶᠠᠨ ᠬᠠᠮᠳᠤᠷᠠᠯᠴᠠᠭᠠᠨ ᠤ ᠵᠥᠪᠳᠡᠯᠴᠡᠭᠡᠷ ᠲᠤ ᠭᠠᠷ ᠤᠨ ᠦᠰᠦᠭ ᠵᠢᠷᠤᠬᠰᠡᠨ ᠶᠠᠪᠤᠳᠠᠯ ᠨᠢ ᠬᠦᠭᠡᠬᠤᠳᠠ᠂ ᠦᠪᠦᠷ ᠮᠤᠩᠭᠤᠯ ᠤᠨ ᠬᠤᠷᠢᠨᠭᠡᠷ ᠰᠢᠨ᠎ᠡ ᠲᠤᠭᠤᠷᠢᠭ ᠤᠨ ᠵᠤᠬᠢᠶᠠᠮᠡᠯ ᠤᠶᠤᠨᠳᠤ ᠮᠠᠰᠢᠨ ᠬᠠᠷᠠᠭᠠᠨ ᠰᠠᠷᠡᠯ ᠤᠨ ᠡᠬᠦᠳᠦᠯᠳᠤ ᠠᠵᠤ ᠠᠬᠤᠶᠢᠯᠡᠯ — ᠺᠤᠸᠠᠩ ᠱᠢ ᠰᠢᠨᠵᠢᠯᠡᠬᠦ ᠤᠬᠠᠭᠠᠨ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠬᠥᠭᠵᠢᠭᠦᠯᠦᠯᠲᠡ ᠨᠢ ᠦᠨᠡᠨ ᠪᠤᠳᠠᠳᠠᠢ ᠱᠠᠳᠤᠨ ᠳᠤ ᠤᠷᠤᠬᠰᠡᠨ ᠢ ᠬᠠᠷᠠᠭᠤᠯᠵᠤ ᠪᠠᠶᠢᠨ᠎ᠡ᠃ ᠡᠨᠡ ᠨᠢ ᠬᠦᠭᠡᠬᠤᠳᠠ᠂ ᠬᠤᠷᠢᠨᠭᠡᠷ ᠰᠢᠨ᠎ᠡ ᠲᠤᠭᠤᠷᠢᠭ ᠤᠨ ᠵᠤᠬᠢᠶᠠᠮᠡᠯ ᠤᠶᠤᠨᠳᠤ ᠠᠵᠤ ᠦᠢᠯᠡᠰ ᠵᠢᠴᠢ ᠪᠤᠰᠤᠳ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠬᠰᠡᠨ ᠠᠵᠤ ᠦᠢᠯᠡᠰ ᠤᠨ ᠲᠦᠷᠭᠡᠨ ᠬᠦᠭᠵᠢᠯᠳᠠ ᠶᠢ ᠠᠬᠢᠭᠤᠯᠵᠤ᠂ ᠪᠦᠬᠦ ᠤᠯᠤᠰ ᠤᠨ ᠴᠢᠨᠠᠷᠳᠠᠢ ᠡᠬᠦᠯᠡᠨ ᠪᠤᠳᠤᠯᠳᠠ ᠶᠢᠨ ᠲᠤᠭ᠎ᠠ ᠪᠠᠷᠢᠮᠳᠠ ᠶᠢᠨ ᠲᠦᠪ ᠪᠠ ᠤᠯᠤᠰ ᠤᠨ ᠲᠠᠰ ᠤᠨ ᠡᠬᠦᠯᠡᠨ ᠪᠤᠳᠤᠯᠳᠠ ᠶᠢᠨ ᠠᠵᠤ ᠦᠢᠯᠡᠰ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤ ᠬᠦᠴᠦᠳᠠᠢ ᠲᠤᠯᠭᠠᠭᠤᠷᠢᠯᠡᠯ ᠬᠠᠨᠭ᠍ᠭᠠᠬᠤ ᠪᠤᠯᠤᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号