| ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠤᠯᠠᠮ ᠨᠢᠭᠡ ᠠᠯᠬᠤᠮ ᠪᠠᠬᠢᠵᠢᠭᠦᠯᠬᠦ ᠶᠢᠨ ᠲᠦᠯᠦᠭᠡ᠂ ᠬᠤᠩ ᠱᠠᠨ ᠲᠤᠭᠤᠷᠢᠭ ᠬᠤᠲᠠ ᠲᠤᠭᠤᠷᠢᠭ ᠤᠨ ᠳᠦᠷᠢ | ᠳᠦᠷᠬᠦ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠤᠯᠤᠨ ᠬᠠᠮᠢᠶᠠᠷᠬᠤ ᠠᠵᠢᠯ ᠢ ᠦᠨᠡᠨᠬᠦ | ᠴᠢᠩᠭᠠᠳᠬᠠᠵᠤ᠂ ᠬᠠᠮᠢᠶᠠᠷᠤᠯᠲᠠ ᠶᠢᠨ ᠬᠡᠯᠪᠡᠷᠢ ᠮᠠᠶ᠋ᠢᠭ ᠢ ᠰᠢᠨᠡᠳᠬᠡᠨ᠂ ᠬᠤᠲᠠ ᠶᠢᠨ ᠳᠦᠷᠢ ᠳᠦᠷᠬᠦ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠵᠢᠷᠤᠮᠵᠢᠭᠰᠠᠨ᠂ ᠨᠠᠷᠢᠯᠢᠭᠵᠢᠭᠰᠠᠨ᠂ ᠴᠢᠨᠠᠷᠵᠢᠭᠰᠠᠨ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠴᠡᠪᠡᠷ᠂ ᠡᠮᠬᠢ ᠲᠢᠭᠯᠢᠮ ᠲᠠᠢ ᠬᠤᠲᠠ ᠶᠢᠨ ᠤᠷᠴᠢᠨ | ᠲᠤᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠵᠤ ᠪᠤᠢ᠃ | ᠬᠤᠩ ᠱᠠᠨ ᠲᠤᠭᠤᠷᠢᠭ ᠳᠡᠭᠡᠷ᠎ᠡ ᠬᠠᠭᠠᠰ ᠵᠢᠯ ᠳᠤ ︽ᠨᠢᠭᠡ ᠪᠦᠯᠦᠭ ᠢ ᠨᠢ ᠨᠤᠷᠠᠭᠠᠵᠤ᠂ ᠨᠢᠭᠡ ᠪᠦᠯᠦᠭ ᠢ | ᠨᠢ ᠵᠢᠷᠤᠮᠵᠢᠭᠤᠯᠵᠤ᠂ ᠨᠢᠭᠡ ᠪᠦᠯᠦᠭ ᠢ ᠨᠢ ᠳᠡᠭᠡᠭᠰᠢᠯᠡᠭᠦᠯᠬᠦ︾ ᠠᠵᠢᠯ ᠤᠨ ᠰᠡᠳᠬᠢᠴᠡ ᠶᠢ ᠦᠨᠳᠦᠰᠦᠯᠡᠨ᠂ ᠨᠢᠭᠡ | ᠳᠡᠯᠭᠡᠭᠦᠷ ᠬᠡᠳᠦᠨ ᠫᠠᠶᠢᠰᠠ ᠲᠠᠢ ᠪᠠᠶᠢᠬᠤ ᠦᠵᠡᠭᠳᠡᠯ ᠢ ᠨᠤᠷᠠᠭᠠᠵᠤ ᠵᠢᠷᠤᠮᠵᠢᠭᠤᠯᠤᠨ᠂ ᠬᠠᠭᠤᠴᠢᠷᠠᠵᠤ ᠡᠪᠳᠡᠷᠡᠭᠰᠡᠨ | ᠵᠡᠷᠭᠡ ᠪᠠᠷᠢᠮᠵᠢᠶ᠎ᠠ ᠳᠤ ᠦᠯᠦ ᠬᠦᠷᠦᠭᠰᠡᠨ 2500 ᠭᠠᠷᠤᠢ ᠬᠡᠰᠡᠭ ᠰᠠᠮᠪᠠᠷ᠎ᠠ ᠢᠯᠡᠷᠬᠡᠶᠢᠯᠡᠯ ᠢ ᠨᠤᠷᠠᠭᠠᠵᠤ᠂ ᠡᠯ᠎ᠡ | ᠲᠦᠷᠦᠯ ᠤᠨ ᠡᠯᠭᠦᠭᠡ ᠵᠢᠷᠤᠭ᠂ ᠬᠤᠳᠠᠯᠳᠤᠭᠠᠨ ᠤ ᠴᠢᠨᠠᠷᠲᠠᠢ ᠲᠤᠭᠯᠠᠯᠲᠠ ᠶᠢᠨ ᠲᠠᠪᠴᠠᠩ᠂ ᠤᠬᠠᠭᠤᠯᠬᠤ ᠰᠠᠮᠪᠠᠷ᠎ᠠ | ᠵᠡᠷᠭᠡ ᠶᠢ ᠨᠤᠷᠠᠭᠠᠬᠤ ᠶᠢᠨ ᠬᠠᠮᠲᠤ ᠡᠭᠦᠨ ᠢᠶᠠᠷ ᠰᠢᠪᠲᠤᠯᠤᠯᠲᠠ ᠶᠢᠨ ᠴᠡᠭ ᠪᠤᠯᠭᠠᠵᠤ᠂ ᠬᠡᠰᠡᠭ ᠲᠠᠯ᠎ᠠ ᠪᠠᠷ ᠪᠦᠬᠦ | ᠲᠠᠯ᠎ᠠ ᠶᠢ ᠳᠠᠶᠢᠴᠢᠯᠠᠬᠤ ᠶᠢ ᠪᠡᠶᠡᠯᠡᠭᠦᠯᠦᠨ᠂ ᠬᠤᠲᠠ ᠶᠢᠨ ᠳᠦᠷᠢ ᠳᠦᠷᠬᠦ ᠶᠢᠨ ᠴᠡᠪᠡᠷ ᠲᠡᠭᠰᠢ ᠪᠤᠯᠤᠨ ᠭᠤᠶᠤ | ᠰᠠᠶᠢᠬᠠᠨ ᠢ ᠪᠦᠲᠦᠮᠵᠢᠲᠡᠢ ᠬᠠᠮᠠᠭᠠᠯᠠᠵᠤ ᠴᠢᠳᠠᠭᠰᠠᠨ ᠪᠠᠶᠢᠨ᠎ᠠ᠃ | ︽ᠪᠦᠬᠦ ᠲᠤᠭᠤᠷᠢᠭ ᠨᠢᠭᠡ ᠴᠤᠭᠴᠠ ᠪᠤᠯᠵᠤ᠂ ᠪᠦᠬᠦᠯᠢ ᠴᠤᠭᠴᠠ ᠪᠠᠷ ᠨᠢ ᠬᠠᠮᠲᠤᠷᠠᠨ ᠬᠦᠳᠡᠯᠦᠯᠴᠡᠬᠦ︾ | ᠠᠵᠢᠯ ᠤᠨ ᠰᠡᠳᠬᠢᠮᠵᠢ ᠶᠤᠰᠤᠭᠠᠷ᠂ ᠬᠤᠩ ᠱᠠᠨ ᠲᠤᠭᠤᠷᠢᠭ ︽ᠲᠤᠲᠤᠭᠠᠳᠤ ᠶᠢ ᠬᠠᠮᠠᠭᠠᠯᠠᠬᠤ ᠬᠠᠤᠯᠢ ᠶᠢᠨ | ᠲᠤᠤᠷ ᠢᠶᠠᠷ ᠬᠢᠨᠡᠨ ᠡᠵᠡᠮᠰᠢᠬᠦ + ᠬᠤᠲᠠ ᠶᠢᠨ ᠬᠠᠮᠢᠶᠠᠷᠤᠯᠲᠠ ᠬᠠᠤᠯᠢ ᠶᠢ ᠴᠢᠩᠭ᠎ᠠ ᠬᠡᠷᠡᠭᠵᠢᠭᠦᠯᠬᠦ︾ ᠶᠢ | ᠬᠤᠯᠪᠤᠭᠠᠯᠠᠨ ᠬᠠᠤᠯᠢ ᠬᠡᠷᠡᠭᠵᠢᠭᠦᠯᠬᠦ ᠰᠢᠨ᠎ᠡ ᠬᠡᠪ ᠵᠠᠭᠪᠤᠷ ᠠᠪᠴᠤ᠂ 20 ᠭᠠᠷᠤᠢ ᠤᠳᠠᠭ᠎ᠠ ᠬᠤᠯᠪᠤᠭᠠᠯᠠᠨ ᠬᠠᠤᠯᠢ | ᠬᠡᠷᠡᠭᠵᠢᠭᠦᠯᠵᠦ᠂ ᠡᠯ᠎ᠡ ᠲᠦᠷᠦᠯ ᠤᠨ ᠰᠡᠷᠭᠡᠶᠢᠯᠡᠨ ᠵᠤᠭᠰᠤᠭᠠᠬᠤ ᠲᠦᠬᠦᠭᠡᠷᠦᠮᠵᠢ ᠶᠢ 6000 ᠭᠠᠷᠤᠢ ᠴᠡᠪᠡᠷᠯᠡᠵᠡᠢ︔ | ᠲᠡᠨᠦᠭᠦᠯ ᠬᠤᠳᠠᠯᠳᠤᠭᠠᠴᠢᠨ ᠲᠠᠷᠬᠠᠢ ᠫᠠᠨᠽᠠᠴᠢᠨ᠂ ᠳᠡᠯᠭᠡᠭᠦᠷ ᠤᠨ ᠭᠠᠳᠠᠨ᠎ᠠ ᠡᠵᠡᠩᠨᠡᠬᠦ ᠶᠢ ᠪᠠᠶᠢᠴᠠᠭᠠᠨ | ᠰᠢᠢᠳᠪᠦᠷᠢᠯᠡᠵᠡᠢ︔ ᠬᠠᠤᠯᠢ ᠪᠤᠰᠤ ᠲᠦᠷ ᠴᠠᠭ ᠤᠨ ᠵᠠᠬ᠎ᠠ ᠳᠡᠯᠭᠡᠭᠦᠷ᠂ ᠬᠠᠶᠠᠭᠳᠠᠮᠠᠯ ᠬᠠᠭᠤᠴᠢᠨ ᠡᠳ᠋ ᠢ ᠬᠤᠷᠢᠶᠠᠨ | ᠠᠪᠬᠤ ᠲᠤᠭᠲᠠᠮᠠᠯ ᠤᠷᠤᠨ ᠴᠡᠭ ᠢ ᠬᠦᠴᠦᠨ ᠦᠭᠡᠢ ᠪᠤᠯᠭᠠᠵᠠᠢ︔ ᠳᠤᠷ᠎ᠠ ᠪᠠᠷ ᠢᠶᠠᠨ ᠮᠠᠯ ᠬᠠᠷᠢᠭᠤᠯᠬᠤ᠂ ᠤᠯᠠᠨ | ᠨᠡᠶᠢᠲᠡ ᠶᠢᠨ ᠵᠠᠳᠠᠭᠠᠢ ᠲᠠᠯᠠᠪᠤᠷ ᠲᠤ ᠠᠮᠢᠳᠠᠨ ᠢ ᠠᠯᠠᠵᠤ ᠪᠤᠯᠪᠠᠰᠤᠷᠠᠭᠤᠯᠬᠤ᠂ ᠰᠦᠨᠢ ᠪᠠᠷ ᠪᠠᠷᠢᠯᠭ᠎ᠠ ᠪᠠᠷᠢᠵᠤ | ᠠᠷᠠᠳ ᠢ ᠦᠢᠮᠡᠭᠦᠯᠬᠦ ᠵᠡᠷᠭᠡ ᠪᠠᠶᠢᠳᠠᠯ ᠢ ᠴᠡᠭᠴᠡᠯᠡᠵᠡᠢ︔ ᠬᠠᠤᠯᠢ ᠪᠤᠰᠤ ᠪᠠᠷ ᠪᠤᠳᠠᠰ ᠤᠨ ᠭᠦᠢᠯᠭᠡᠭᠡᠨ ᠤ ᠪᠠᠷᠠᠭ᠎ᠠ | ᠲᠤᠬᠢᠷᠠᠭᠤᠯᠬᠤ ᠶᠢ ᠴᠡᠭᠴᠡᠯᠡᠵᠡᠢ︔ ᠡᠭᠦᠨ ᠠᠴᠠ ᠪᠤᠰᠤᠳ ᠢᠳᠡᠭᠡᠨ ᠢ ᠭᠠᠳᠠᠨ᠎ᠠ ᠵᠠᠳᠠᠭᠠᠢ ᠰᠢᠷᠠᠬᠤ ᠶᠢ | ᠲᠤᠶᠢᠯᠪᠤᠷᠢᠲᠠᠢ ᠴᠡᠭᠴᠡᠯᠡᠨ ᠵᠠᠰᠠᠭᠰᠠᠨ ᠪᠠᠶᠢᠨ᠎ᠠ᠃ | ᠡᠭᠦᠨ ᠤ ᠬᠠᠮᠲᠤ᠂ ᠬᠤᠩ ᠱᠠᠨ ᠲᠤᠭᠤᠷᠢᠭ ᠵᠡᠭᠡᠯᠢ ᠳᠡᠭᠡᠷ᠎ᠡ᠂ ᠰᠠᠭᠤᠭᠠᠯᠢ ᠲᠤᠭᠤᠷᠢᠭ ᠲᠤ ᠬᠤᠭ | ᠯᠤᠪᠰᠢ ᠶᠢ ᠳᠤᠷ᠎ᠠ ᠪᠠᠷ ᠢᠶᠠᠨ ᠤᠪᠤᠭᠠᠯᠠᠵᠤ ᠲᠠᠯᠪᠢᠬᠤ ᠪᠠᠶᠢᠳᠠᠯ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠭᠠᠩ ᠲᠢᠶᠧ ᠵᠡᠭᠡᠯᠢ ᠶᠢᠨ ᠪᠠᠷᠠᠭᠤᠨ ᠬᠡᠰᠡᠭ ᠵᠠᠮ ᠤᠨ | ᠡᠮᠦᠨ᠎ᠡ ᠲᠠᠯ᠎ᠠ᠂ ᠤᠴᠢ ᠵᠠᠮ ᠤᠨ ᠬᠤᠶᠢᠲᠤ ᠬᠡᠰᠡᠭ᠂ ᠨᠢᠩ ᠯᠠᠨ ᠵᠠᠮ ᠤᠨ ᠳᠤᠮᠳᠠ ᠬᠡᠰᠡᠭ ᠵᠡᠷᠭᠡ ᠭᠠᠵᠠᠷ ᠲᠤ | ᠬᠦᠷᠢᠶᠡᠯᠡᠬᠦ ᠬᠠᠯᠬᠠᠪᠴᠢ ᠪᠠᠷᠢᠭᠰᠠᠨ ᠠᠴᠠ ᠤᠨᠴᠠ ᠶᠡᠭᠡ ᠵᠢᠱᠢᠶ᠎ᠡ ᠦᠵᠡᠭᠦᠯᠬᠦ ᠳᠠᠶᠢᠴᠢᠯᠠᠬᠤ ᠦᠢᠯᠡᠳᠦᠯ ᠦᠵᠡᠭᠦᠯᠵᠦ | ᠴᠢᠳᠠᠭᠰᠠᠨ ᠪᠠᠶᠢᠨ᠎ᠠ᠃ ᠤᠶᠤᠨᠲᠤ ᠬᠤᠲᠠ ᠶᠢᠨ ᠡᠵᠡᠩᠨᠡᠯᠲᠡ ᠶᠢᠨ ᠵᠢᠯᠤᠭᠤᠳᠬᠤ ᠲᠦᠪ ᠲᠤ ᠲᠦᠰᠢᠭᠯᠡᠨ᠂ ᠲᠤᠰ | ᠲᠤᠭᠤᠷᠢᠭ ᠨᠢ ᠬᠤᠲᠠ ᠬᠦᠳᠡᠭᠡ ᠶᠢᠨ ᠴᠠᠭᠳᠠᠨ ᠪᠠᠶᠢᠴᠠᠭᠠᠬᠤ ᠰᠢᠰᠢᠲ᠋ᠧᠮ ᠢᠶᠠᠨ ᠡᠬᠢᠯᠡᠭᠦᠯᠵᠦ᠂ ᠬᠤᠲᠠ ᠶᠢᠨ | ᠬᠠᠮᠢᠶᠠᠷᠤᠯᠲᠠ ᠨᠢ ᠰᠠᠨᠠᠭᠠᠴᠢᠯᠠᠭ᠎ᠠ ᠲᠠᠢ᠂ ᠬᠦᠲᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠂ ᠬᠤᠴᠤᠷᠤᠩᠭᠤᠢ | ᠪᠠᠶᠢᠳᠠᠯ ᠢ ᠬᠤᠪᠢᠷᠠᠭᠤᠯᠤᠭᠰᠠᠨ ᠪᠠᠶᠢᠨ᠎ᠠ᠃ ᠡᠨᠡ ᠵᠢᠯ ᠳᠤ ᠬᠤᠩ ᠱᠠᠨ ᠲᠤᠭᠤᠷᠢᠭ ᠠᠴᠠ ᠬᠦᠯᠢᠶᠡᠨ ᠠᠪᠤᠭᠰᠠᠨ | ᠬᠡᠷᠡᠭ ᠨᠡᠶᠢᠲᠡ 74311 ᠬᠤᠪᠢ᠂ ᠰᠢᠢᠳᠪᠦᠷᠢᠯᠡᠭᠰᠡᠨ ᠬᠡᠷᠡᠭ 74121 ᠬᠤᠪᠢ ᠬᠦᠷᠴᠦ᠂ ᠰᠢᠭᠦᠵᠦ | ᠲᠠᠰᠤᠯᠤᠭᠰᠠᠨ ᠬᠡᠷᠡᠭ ᠤᠨ ᠨᠤᠷᠮ᠎ᠠ 99% ᠳᠤ ᠬᠦᠷᠴᠡᠢ᠃ |