2018 ᠣᠨ ᠤ 8 ᠳ᠋ᠤᠭᠠᠷ ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠨᠡᠮᠡᠭᠳᠡᠪᠡ
ᠨᠡᠶᠢᠲᠡᠯᠡᠭᠰᠡᠨ ᠴᠠᠭ᠄
2018-09-28
       ᠮᠠᠨᠵᠤᠤᠷ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ᠂ 2018 ᠣᠨ ᠤ 1 — 8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠪᠣᠭᠤᠮᠲᠠ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠣᠯᠤᠨ ︽21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ︾ ︵ᠳᠣᠷᠣᠭᠰᠢ ︽ᠨᠢᠭᠡ ᠪᠦᠰᠡ ᠨᠢᠭᠡ ᠵᠠᠮ︾ ᠭᠡᠵᠦ ᠲᠣᠪᠴᠢᠯᠠᠨ᠎ᠠ︶ ᠳᠠᠭᠠᠤ ᠶᠢᠨ ᠤᠯᠤᠰ ᠯᠤᠭ᠎ᠠ ᠨᠡᠶᠢᠲᠡ 866.4 ᠳ᠋ᠥᠩᠰᠢᠭᠤᠷ ᠲᠥᠭᠦᠷᠢᠭ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠢ ᠦᠷᠳᠡᠭ ᠤᠨ 83.1% ᠶᠢ ᠡᠵᠡᠯᠡᠪᠡ᠃ ᠡᠭᠦᠨ ᠳᠤ 8 ᠳ᠋ᠤᠭᠠᠷ ᠰᠠᠷ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠨᠢ 91.3 ᠳ᠋ᠥᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠵᠡᠢ᠂ ᠡᠭᠦᠨ ᠳᠤ ᠭᠠᠳᠠᠭᠠᠳᠤ ᠭᠠᠷᠭᠠᠯᠲᠠ ᠨᠢ 41.8 ᠳ᠋ᠥᠩᠰᠢᠭᠤᠷ ᠲᠥᠭᠦᠷᠢᠭ᠂ ᠭᠠᠳᠠᠭᠠᠳᠤ ᠣᠷᠤᠭᠤᠯᠤᠯᠲᠠ ᠨᠢ 49.5 ᠳ᠋ᠥᠩᠰᠢᠭᠤᠷ ᠲᠥᠭᠦᠷᠢᠭ ᠪᠣᠯᠵᠠᠢ᠃        ᠳᠤᠮᠳᠠᠳᠤ ᠤᠯᠤᠰ ᠬᠢᠭᠡᠳ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ  ᠯᠤᠭ᠎ᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ ᠶᠢ ᠠᠬᠢᠭᠤᠯᠬᠤ ᠶᠢᠨ ᠲᠤᠰᠠᠳᠠ᠂ ᠮᠠᠨᠵᠤᠤᠷ ᠪᠣᠭᠤᠮᠲᠠ ᠬᠠᠮᠢᠶ᠎ᠠ ᠪᠥᠬᠦᠢ ᠰᠠᠨᠠᠭᠤᠯᠭ᠎ᠠ ᠳᠤᠷᠠᠳᠪᠠ᠄ ᠨᠢᠭᠡ ᠳᠤ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠤᠯᠤᠰ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠬᠥᠭᠵᠢᠯᠲᠡ ᠶᠢ ᠡᠷᠴᠢᠮᠯᠡᠨ ᠠᠬᠢᠭᠤᠯᠤᠨ᠎ᠠ︔ ᠬᠤᠶᠠᠷ ᠲᠤ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢ ᠵᠠᠷᠯᠠᠨ ᠨᠡᠶᠢᠲᠡᠯᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠬᠦ ᠶᠢ ᠲᠥᠯᠬᠢᠨ ᠠᠬᠢᠭᠤᠯᠵᠤ᠂ ᠬᠠᠮᠤᠷᠬᠤ ᠬᠡᠪᠴᠢᠶ᠎ᠡ ᠨᠢ ᠥᠷᠭᠡᠨ᠂ ᠥᠨᠳᠥᠷ ᠪᠦᠲᠦᠮᠵᠢᠲᠡᠶ ᠪᠥᠭᠡᠳ ᠴᠠᠭ ᠲᠤᠬᠠᠶᠢᠴᠢ ᠴᠢᠨᠠᠷᠲᠠᠢ ᠰᠠᠭᠤᠷᠢ ᠬᠡᠯᠪᠡᠷᠢ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠯᠳᠦᠭᠦᠯᠵᠦ᠂ ᠠᠳᠠᠯᠢ ᠪᠤᠰᠤ ᠠᠵᠤ ᠠᠬᠤᠶᠢᠯᠠᠯ ᠤᠨ ᠤᠯᠠᠨ ᠡᠰᠢᠴᠢᠯᠡᠭᠰᠡᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠥᠪᠡᠷᠮᠢᠴᠡ ᠣᠨᠴᠠᠯᠢᠭᠲᠤ ᠵᠢᠯᠣᠭᠤᠳᠬᠤ ᠦᠢᠯᠡᠴᠢᠯᠡᠭᠡᠨ ᠬᠠᠩᠭᠠᠨ᠎ᠠ︔ ᠭᠤᠷᠪᠠ ᠳᠤ ︽ᠳᠤᠮᠳᠠᠳᠤ ᠧᠦ᠋ᠷᠣᠫᠠ ᠶᠢᠨ ᠡᠭᠡᠯᠵᠢᠨ ᠤ ᠭᠠᠯᠲᠤ ᠲᠡᠷᠭᠡ ᠶᠢᠨ ᠨᠡᠪᠲᠡᠷᠡᠯ ᠵᠠᠮ︾ ᠤᠨ ᠰᠢᠯᠢᠳᠡᠭ ᠰᠠᠶᠢᠨ ᠰᠠᠭᠤᠷᠢ ᠬᠢᠭᠡᠳ ︽ᠮᠥᠰᠥᠨ ᠳᠡᠭᠡᠷᠡᠬᠢ ᠲᠣᠷᠭᠠᠨ ᠵᠠᠮ︾ ᠤᠨ ᠪᠥᠲᠥᠭᠡᠨ ᠪᠠᠶᠢᠭᠤᠯᠤᠯᠲᠠ ᠶᠢᠨ ᠳᠠᠪᠠᠭᠤᠯᠢᠭ ᠢ ᠠᠰᠢᠭᠯᠠᠨ᠂ ᠪᠣᠭᠤᠮᠲᠠ ᠶᠢᠨ ᠭᠤᠭᠴᠤᠭ᠎ᠠ ᠶᠢᠨ ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠢᠶᠠᠨ ᠦᠨᠡᠨ ᠬᠦ ᠤᠮᠠᠷᠠᠰᠢ ᠨᠡᠭᠡᠭᠡᠯᠲᠡ ᠶᠢᠨ ︽ᠨᠢᠭᠡ ᠪᠦᠰᠡ ᠨᠢᠭᠡ ᠵᠠᠮ︾ ᠤᠨ ᠴᠢᠬᠤᠯᠠ ᠪᠠᠬᠢᠯᠡᠯᠲᠡ ᠪᠣᠯᠭᠠᠨ᠎ᠠ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号