ᠨᠠᠨ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2018-09-03
       ᠪᠠᠶᠢᠭᠠᠯᠢᠯᠢᠭ ᠦᠢᠯᠡᠳᠪᠦᠷᠢᠯᠡᠯ ᠠᠮᠢᠳᠤᠷᠠᠯ ᠤᠨ ᠬᠡᠯᠪᠡᠷᠢ ᠶᠢ ᠤᠷᠢᠶᠠᠯᠠᠨ᠂ ᠰᠠᠭᠤᠭᠠᠯᠢ ᠠᠷᠠᠳ ᠤᠨ ᠠᠮᠢ ᠠᠬᠤᠢ ᠶᠢᠨ ᠪᠤᠯᠪᠠᠰᠤᠨ ᠤ ᠦᠵᠡᠯ ᠤᠬᠠᠮᠰᠠᠷ ᠢ ᠪᠤᠢ ᠪᠤᠯᠭᠠᠬᠤ ᠶᠢᠨ ᠲᠦᠯᠦᠭᠡ᠂ ᠤᠶᠢᠷ᠎ᠠ ᠳᠤ ᠬᠤᠩ ᠱᠠᠨ ᠲᠤᠭᠤᠷᠢᠭ ᠤᠨ ᠨᠠᠨ ᠰᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠯᠠᠨ ᠠᠷᠭ᠎ᠠ ᠬᠡᠯᠪᠡᠷᠢ ᠪᠠᠷ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭᠠᠨ ᠦᠷᠨᠢᠭᠦᠯᠵᠦ᠂ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃        ᠡᠯ᠎ᠡ ᠨᠡᠶᠢᠭᠡᠮ ᠲᠤᠭᠤᠷᠢᠭ ᠲᠤ ᠯᠠᠪᠯᠠᠨ ᠠᠰᠠᠭᠤᠬᠤ ᠭᠠᠵᠠᠷ᠂ ᠯᠠᠪᠯᠠᠨ ᠠᠰᠠᠭᠤᠬᠤ ᠤᠲᠠᠰᠤ᠂ ᠤᠯᠠᠨ ᠲᠦᠮᠡᠨ ᠤ ᠴᠠᠬᠢᠮ ᠮᠡᠳᠡᠭᠡ ᠪᠠ ᠸᠢᠴᠠᠲ ᠵᠡᠷᠭᠡ ᠲᠠᠪᠴᠠᠩ ᠪᠠᠶᠢᠭᠤᠯᠵᠤ᠂ ᠰᠠᠭᠤᠭᠠᠯᠢ ᠠᠷᠠᠳ ᠲᠤ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠮᠡᠳᠡᠯᠭᠡ ᠮᠡᠳᠡᠴᠡ ᠶᠢ ᠳᠠᠮᠵᠢᠭᠤᠯᠤᠨ᠂ ᠲᠡᠳᠡᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠡᠢ᠃        ᠬᠠᠷᠢᠶᠠᠲᠤ ᠲᠤᠭᠤᠷᠢᠭ ᠤᠨ ᠭᠤᠤᠯ ᠪᠤᠯᠬᠤ ᠵᠠᠮ ᠵᠡᠭᠡᠯᠢ ᠳᠤ ᠡᠯᠭᠦᠭᠡ ᠪᠢᠴᠢᠭᠡᠰᠦ ᠨᠠᠭᠠᠬᠤ᠂ ᠡᠯᠧᠺᠲᠷᠤᠨ ᠳᠡᠯᠭᠡᠴᠡ ᠶᠢ ᠠᠰᠢᠭᠯᠠᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠲᠠᠨᠢᠯᠲᠠ᠂ ᠰᠢᠨ᠎ᠡ ᠦᠵᠡᠯ ᠤᠬᠠᠮᠰᠠᠷ᠂ ᠰᠢᠨ᠎ᠡ ᠪᠠᠶᠢᠯᠳᠤᠬᠤ ᠪᠤᠳᠤᠯᠭ᠎ᠠ ᠶᠢ ᠤᠬᠠᠭᠤᠯᠵᠠᠢ᠃        ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ︽ᠰᠠᠭᠤᠭᠠᠯᠢ ᠲᠤᠭᠤᠷᠢᠭ ᠤᠨ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠠᠷᠢᠭᠤᠨ ᠴᠡᠪᠡᠷ ᠨᠡᠶᠢᠭᠡᠮ ᠲᠤᠭᠤᠷᠢᠭ ᠢ ᠬᠠᠮᠲᠤᠪᠡᠷ ᠪᠠᠶᠢᠭᠤᠯᠤᠶ᠎ᠠ︾ ᠭᠡᠬᠦ ᠭᠤᠤᠯ ᠰᠡᠳᠦᠪᠲᠦ ᠶᠠᠷᠢᠯᠴᠠᠬᠤ ᠬᠤᠷᠠᠯ ᠬᠢᠵᠦ᠂ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠤᠭᠤᠷᠢᠭ ᠤᠨ 500 ᠭᠠᠷᠤᠢ ᠰᠠᠭᠤᠭᠠᠯᠢ ᠠᠷᠠᠳ ᠬᠤᠷᠠᠯ ᠳᠤ ᠤᠷᠤᠯᠴᠠᠨ᠂ ᠡᠬᠢ ᠪᠠᠶᠠᠯᠢᠭ ᠤᠨ ᠤᠷᠴᠢᠨ ᠲᠤᠭᠤᠷᠢᠨ ᠤ ᠲᠤᠬᠠᠢ ᠤᠯᠤᠰ ᠤᠨ ᠪᠠᠶᠢᠳᠠᠯ᠂ ᠬᠠᠤᠯᠢ ᠴᠠᠭᠠᠵᠠ ᠬᠠᠤᠯᠢ ᠳᠦᠷᠢᠮ᠂ ᠰᠢᠨᠵᠢᠯᠡᠬᠦ ᠤᠬᠠᠭᠠᠨᠴᠢ ᠮᠡᠳᠡᠯᠭᠡ ᠵᠡᠷᠭᠡ ᠤᠯᠠᠨ ᠲᠠᠯ᠎ᠠ᠂ ᠤᠯᠠᠨ ᠳᠠᠪᠬᠤᠷᠭ᠎ᠠ᠂ ᠤᠯᠠᠨ ᠵᠤᠭᠰᠤᠴᠠ ᠠᠴᠠ ᠪᠤᠯᠪᠠᠰᠤᠷᠠᠯ ᠬᠦᠷᠲᠡᠭᠡᠵᠦ᠂ ᠡᠭᠦᠨ ᠤ ᠬᠠᠮᠲᠤ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠨᠠᠷᠢᠯᠢᠭ ᠵᠦᠢᠯᠡᠰ ᠢ ᠠᠩᠬᠠᠷᠬᠤ ᠲᠠᠯ᠎ᠠ ᠪᠠᠷ ᠶᠠᠷᠢᠯᠴᠠᠨ ᠰᠤᠳᠤᠯᠵᠤ᠂ ᠤᠯᠠᠨ ᠲᠠᠯ᠎ᠠ ᠶᠢᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃        ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ 2000 ᠭᠠᠷᠤᠢ ᠬᠤᠪᠢ ᠤᠷᠢᠶᠠᠯᠠᠭ᠎ᠠ ᠶᠢᠨ ᠪᠢᠴᠢᠭ ᠢ ᠳᠠᠷᠤᠮᠠᠯᠯᠠᠨ ᠲᠠᠷᠬᠠᠭᠠᠵᠤ᠂ ᠰᠠᠭᠤᠭᠠᠯᠢ ᠠᠷᠠᠳ ᠢ ᠡᠨᠧᠷᠭᠢ ᠠᠷᠪᠢᠯᠠᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠤᠷᠤᠯᠴᠠᠭᠴᠢ ᠪᠤᠯᠬᠤ ᠶᠢ ᠤᠷᠢᠶᠠᠯᠠᠵᠠᠢ᠃ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠨᠡᠶᠢᠭᠡᠮ ᠲᠤᠭᠤᠷᠢᠭ ᠤᠨ ᠠᠵᠢᠯᠲᠠᠨ ᠪᠠ ᠰᠠᠭᠤᠭᠠᠯᠢ ᠠᠷᠠᠳ ᠢ ᠤᠬᠠᠮᠰᠠᠷ ᠠᠴᠠ ᠪᠠᠨ ᠤᠰᠤ᠂ ᠴᠠᠬᠢᠯᠭᠠᠨ᠂ ᠠᠮᠤ᠂ ᠴᠠᠭᠠᠰᠤ ᠵᠡᠷᠭᠡ ᠶᠢ ᠠᠷᠪᠢᠯᠠᠨ ᠭᠠᠮᠨᠠᠵᠤ᠂ ᠰᠠᠶᠢᠨ ᠰᠠᠶᠢᠬᠠᠨ ᠰᠢᠨ᠎ᠡ ᠰᠤᠷᠲᠠᠯ ᠢ ᠪᠤᠢ ᠪᠤᠯᠭᠠᠨ᠂ ᠡᠬᠢ ᠪᠠᠶᠠᠯᠢᠭ ᠢ ᠠᠷᠪᠢᠯᠠᠬᠤ ᠪᠤᠯᠤᠨ ᠤᠷᠴᠢᠨ ᠲᠤᠭᠤᠷᠢᠨ ᠢ ᠬᠠᠮᠠᠭᠠᠯᠠᠬᠤ ᠨᠢ ᠬᠦᠮᠦᠨ ᠪᠦᠬᠦᠨ ᠤ ᠡᠭᠦᠷᠭᠡ ᠬᠠᠷᠢᠭᠤᠴᠠᠯᠭ᠎ᠠ ᠪᠤᠯᠤᠨ᠎ᠠ ᠭᠡᠬᠦ ᠲᠠᠨᠢᠯᠲᠠ ᠶᠢ ᠳᠡᠭᠡᠭᠰᠢᠯᠡᠭᠦᠯᠵᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号