ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠬᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2018-09-30
       9 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠬᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠠᠢ᠃        ᠬᠤᠷᠠᠯ ᠠᠴᠠ ᠭᠤᠷᠪᠠᠨ ᠵᠢᠯ ᠦᠩᠭᠡᠷᠡᠭᠡᠳ ᠶᠡᠷᠦᠩᠬᠡᠢ ᠱᠦᠵᠢ ᠰᠢ ᠶᠢᠨ ᠫᠢᠩ ᠲᠠᠬᠢᠨᠳᠠ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠠ ᠪᠠᠶᠢᠳᠠᠯ ᠲᠤᠤᠷᠠᠬᠢ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠰᠤᠳᠤᠯᠤᠨ ᠪᠠᠶᠢᠷᠢᠯᠠᠭᠤᠯᠤᠬᠰᠠᠨ ᠨᠢ ᠨᠠᠮ ᠤᠨ ᠲᠦᠪ ᠬᠤᠷᠢᠶ᠎ᠠ ᠠᠴᠠ ᠵᠡᠭᠦᠨ ᠬᠤᠶᠢᠳᠦ ᠶᠢᠨ ᠭᠤᠷᠪᠠᠨ ᠮᠤᠵᠢ ᠪᠤᠯᠤᠠ ᠦᠪᠦᠷ ᠮᠤᠩᠭᠤᠯ ᠤᠨ ᠮᠠᠨᠳᠤᠯᠳᠠ ᠬᠦᠭᠵᠢᠯᠳᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠦᠢᠴᠡᠳ ᠬᠠᠷᠠᠭᠤᠯᠵᠤ ᠪᠤᠢ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶ᠎ᠠ ᠨᠢ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠤ᠂ ᠠᠭᠤᠯᠤᠬᠳᠠᠬᠤᠨ ᠪᠠᠶᠠᠯᠢᠭ᠂ ᠦᠵᠡᠯ ᠰᠠᠨᠠᠭ᠎ᠠ ᠬᠦᠨ ᠪᠠᠶᠢᠭ᠎ᠠ ᠶᠤᠮ᠂ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠶᠢᠨ ᠲᠠᠬᠢᠨ ᠲᠠᠶᠢᠴᠢᠯᠠᠯᠳᠠ ᠲᠠᠬᠢᠨ ᠪᠠᠶᠢᠷᠢᠯᠠᠭᠤᠯᠤᠯᠳᠠ ᠪᠤᠯᠬᠤ ᠪᠦᠭᠡᠳ ᠭᠤᠷᠪᠠᠨ ᠮᠤᠵᠢ ᠨᠢᠭᠡ ᠤᠷᠤᠨ ᠤ ᠰᠢᠨ᠎ᠠ ᠪᠠᠶᠢᠳᠠᠯ ᠲᠤᠤᠷ᠎ᠠ ᠡᠷᠡᠮᠠᠬᠡᠶᠢᠯᠡᠨ ᠤᠷᠤᠬᠰᠢᠯᠠᠬᠤ ᠪᠠ ᠮᠠᠨᠳᠤᠨ ᠬᠦᠭᠵᠢᠭᠦ ᠳᠤ ᠨᠢ ᠤᠷᠤᠬᠰᠢᠯᠠᠯᠳᠠ ᠶᠢᠨ ᠴᠢᠭᠯᠡᠯ ᠢ ᠵᠢᠭᠠᠨ ᠦᠭᠴᠤ᠂ ᠬᠦᠴᠦᠷᠭᠡᠭ ᠶᠡᠭᠡ ᠬᠦᠳᠡᠯᠭᠡᠭᠦ ᠬᠦᠴᠦᠨ ᠨᠡᠮᠡᠷᠢᠯᠡᠵᠡᠢ᠃ ᠪᠢᠳᠡ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠷᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠬᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠵᠦᠪ ᠤᠢᠢᠯᠠᠭᠠᠨ ᠡᠵᠡᠮᠰᠢᠵᠤ᠂ ᠦᠨᠡᠨ ᠬᠦ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠦᠵᠡᠯ ᠰᠠᠨᠠᠭ᠎ᠠ ᠲᠠᠢ ᠨᠢᠭᠡᠳᠦᠯᠳᠡᠢ ᠪᠠᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠷᠠᠳᠤᠬᠰᠠᠨ 6 ᠲᠠᠯ᠎ᠠ ᠶᠢᠨ ᠴᠢᠬᠤᠯᠠ ᠱᠠᠭᠠᠷᠳᠠᠯᠭ᠎ᠠ ᠶᠢ ᠬᠦᠴᠦᠯᠡᠨ ᠰᠠᠶᠢᠳᠤᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠨᠡᠩ ᠶᠡᠭᠡ ᠡᠷᠡᠰ ᠵᠤᠷᠢᠭ᠂ ᠨᠡᠩ ᠶᠡᠭᠡ ᠡᠷᠴᠢ ᠬᠦᠴᠦ ᠪᠠᠷ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢ ᠰᠢᠯᠢᠳᠡᠭᠵᠢᠭᠦᠯᠦᠨ᠂ ᠰᠢᠨ᠎ᠠ ᠬᠦᠳᠡᠯᠭᠡᠭᠦ ᠡᠨᠧᠷᠬᠢ ᠶᠢ ᠪᠤᠶᠢᠵᠢᠭᠤᠯᠤᠨ ᠪᠤᠵᠠᠭᠠᠢᠢᠷᠠᠭᠤᠯᠵᠤ᠂ ᠵᠤᠬᠢᠴᠠᠩᠭᠤᠢ ᠬᠦᠭᠵᠢᠭᠦ ᠰᠢᠨ᠎ᠠ ᠪᠠᠶᠢᠷᠢᠰᠢᠯ ᠢ ᠴᠤᠬᠴᠠᠯᠠᠨ᠂ ᠪᠤᠬᠢᠷᠳᠦᠯ ᠦᠭᠡᠢ ᠬᠦᠭᠵᠢᠯᠳᠡ ᠶᠢᠨ ᠲᠠᠪᠠᠭᠤᠯᠢᠭ ᠢᠶᠠᠨ ᠪᠠᠬᠢᠵᠢᠭᠦᠯᠦᠨ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠳᠤ ᠬᠦᠨᠵᠡᠭᠡᠢ ᠠᠭᠤᠰᠤᠯᠴᠠᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠳᠠᠭᠤᠳᠠᠯ ᠢᠶᠠᠨ ᠨᠦᠬᠦᠪᠦᠷᠢᠯᠡᠵᠤ᠂ ᠦᠭᠡᠷᠡᠴᠢᠯᠡᠯᠳᠡ ᠬᠢᠵᠦ ᠰᠢᠨ᠎ᠠ ᠶᠢ ᠡᠭᠦᠳᠭᠦ ᠶᠢ ᠬᠦᠨᠵᠡᠭᠡᠶᠢᠷᠡᠭᠦᠯᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠵᠠᠮ ᠢᠶᠠᠷ ᠴᠢᠷᠮᠠᠶᠢᠨ ᠵᠠᠮᠨᠠᠬᠤ ᠬᠡᠷᠡᠭᠳᠡᠢ᠃ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠨᠡᠶᠢᠳᠡᠪᠦᠷᠢᠵᠢᠭᠤᠯᠵᠤ᠂ ᠶᠡᠭᠡ ᠲᠠᠯ᠎ᠠ ᠶᠢᠨ ᠤᠬᠠᠮᠰᠠᠷ᠂ ᠲᠦᠷᠢ ᠲᠥᠷᠬᠦ ᠶᠢᠨ ᠤᠬᠠᠮᠰᠠᠷ ᠪᠠ ᠠᠵᠠ ᠲᠤᠬᠢᠶᠠᠯ ᠤᠨ ᠤᠬᠠᠮᠰᠠᠷ ᠢᠶᠠᠨ ᠴᠢᠩᠭᠠᠷᠠᠭᠤᠯᠵᠤ᠂ ᠨᠡᠩ ᠢᠳᠡᠪᠬᠢ ᠲᠠᠢ ᠨᠡᠩ ᠰᠠᠨᠠᠭᠠᠴᠢᠯᠠᠭ᠎ᠠ ᠲᠠᠢ ᠪᠠᠷ ᠵᠡᠭᠦᠨ ᠬᠤᠶᠢᠳᠦ ᠤᠷᠤᠨ ᠢ ᠬᠦᠭᠵᠢᠭᠦᠯᠦᠨ ᠮᠠᠨᠳᠤᠭᠤᠯᠬᠤ ᠳᠤ ᠤᠷᠤᠯᠴᠠᠨ ᠦᠢᠯᠡᠴᠢᠯᠡᠵᠤ᠂ ᠪᠦᠬᠦ ᠤᠷᠤᠨ ᠢᠯᠠᠩᠭᠤᠶ᠎ᠠ ᠵᠡᠭᠦᠨ ᠬᠡᠰᠡᠭ ᠤᠨ ᠠᠶᠢᠮᠠᠭ ᠬᠤᠳᠠ ᠶᠢᠨ ᠲᠦᠷᠭᠡᠨ ᠬᠦᠭᠵᠢᠯᠳᠡ ᠶᠢ ᠠᠬᠢᠭᠤᠯᠬᠤ ᠬᠡᠷᠡᠭᠳᠡᠢ ᠬᠡᠪᠠ᠃        ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠤᠯᠤᠰ ᠲᠦᠷᠦ ᠶᠢᠨ ᠲᠤᠪᠴᠢᠶᠠᠨ ᠤ ᠨᠠᠢᠮᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠭᠦ ᠲᠤᠬᠠᠢ ᠴᠢᠬᠤᠯᠠ ᠦᠭᠦᠯᠡᠯᠳᠡ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠮᠠᠯ ᠠᠵᠤ ᠠᠬᠤᠢ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾ ᠤ ᠠᠰᠠᠭᠤᠳᠠᠯ ᠢ ᠰᠠᠶᠢᠳᠤᠷ ᠰᠢᠢᠳᠪᠦᠷᠢᠯᠡᠭᠦ ᠪᠠᠷ ᠡᠯ᠎ᠠ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠤ ᠠᠵᠢᠯ ᠤᠨ ᠭᠤᠤᠯᠳᠠᠯᠭ᠎ᠠ ᠪᠠᠨ ᠭᠤᠤᠯᠳᠠᠯᠭ᠎ᠠ ᠪᠤᠯᠭᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠰᠢᠨ᠎ᠠ ᠴᠠᠭ ᠦᠶ᠎ᠠ ᠶᠢᠨ ︽ᠮᠠᠯ ᠠᠵᠤ ᠠᠬᠤᠢ ᠲᠠᠷᠢᠶᠠᠯᠠᠩ᠂ ᠮᠠᠯᠴᠢᠨ ᠲᠠᠷᠢᠶᠠᠴᠢᠨ᠂ ᠮᠠᠯᠵᠢᠬᠤ ᠲᠠᠷᠢᠶᠠᠯᠠᠬᠤ ᠤᠷᠤᠨ︾ ᠤ ᠠᠵᠢᠯ ᠤᠨ ᠶᠡᠷᠦᠩᠬᠡᠢ ᠭᠠᠷᠳᠠᠴᠠ ᠪᠤᠯᠭᠠᠬᠤ ᠶᠢ ᠪᠠᠷᠢᠮᠳᠠᠯᠠᠨ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ᠂ ᠤᠶᠤᠨ ᠤ ᠪᠤᠯᠪᠠᠰᠤᠨ ᠤ ᠪᠠᠶᠢᠭᠤᠯᠤᠯᠳᠠ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠭᠤᠯᠤᠮᠵᠢ ᠲᠤᠬᠳᠠᠴᠠ ᠶᠢᠨ ᠰᠢᠨ᠎ᠠ ᠶᠢ ᠡᠭᠦᠳᠭᠦ ᠵᠡᠷᠭᠡ ᠡᠯ᠎ᠠ ᠵᠦᠢᠯ ᠤᠨ ᠠᠵᠢᠯ ᠢ ᠬᠦᠨᠵᠡᠭᠡᠶᠢᠷᠡᠭᠦᠯᠦᠨ᠂ ᠬᠤᠳᠠ ᠬᠦᠳᠡᠭᠡ ᠠᠭᠤᠰᠤᠯᠴᠠᠨ ᠬᠦᠭᠵᠢᠭᠦ ᠵᠠᠮ ᠢᠶᠠᠷ ᠵᠠᠮᠨᠠᠬᠤ ᠶᠢ ᠪᠠᠷᠢᠮᠳᠠᠯᠠᠵᠦ᠂ ᠮᠠᠯ ᠠᠵᠤ ᠠᠬᠤᠢ ᠲᠠᠷᠢᠶᠠᠯᠠᠩ ᠤᠨ ᠪᠦᠬᠦ ᠲᠠᠯ᠎ᠠ ᠪᠠᠷ ᠲᠡᠰ ᠲᠡᠪᠰᠢᠭᠦ᠂ ᠮᠠᠯᠵᠢᠬᠤ ᠲᠠᠷᠢᠶᠠᠯᠠᠬᠤ ᠤᠷᠤᠨ ᠤ ᠪᠦᠬᠦ ᠲᠠᠯ᠎ᠠ ᠪᠠᠷ ᠲᠠᠪᠰᠢᠬᠤ᠂ ᠮᠠᠯᠴᠢᠨ ᠲᠠᠷᠢᠶᠠᠴᠢᠨ ᠤ ᠪᠦᠬᠦ ᠲᠠᠯ᠎ᠠ ᠪᠠᠷ ᠬᠦᠭᠵᠢᠭᠦ ᠶᠢ ᠬᠦᠴᠦᠯᠡᠨ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃        ᠬᠤᠷᠠᠯ ᠠᠴᠠ ᠪᠦᠬᠦ ᠤᠯᠤᠰ ᠤᠨ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠮᠠᠨ ᠤ ᠤᠷᠤᠨ ᠤ ᠰᠦ ᠶᠢᠨ ᠦᠢᠯᠡᠰ ᠤᠨ ᠮᠠᠨᠳᠤᠯᠳᠠ ᠬᠦᠭᠵᠢᠯᠳᠡ ᠶᠢ ᠶᠡᠭᠡ ᠪᠠᠷ ᠠᠬᠢᠭᠤᠯᠵᠤ᠂ ᠮᠠᠨ ᠤ ᠤᠯᠤᠰ ᠤᠨ ᠰᠦ ᠶᠢᠨ ᠦᠢᠯᠡᠰ ᠤᠨ ᠦᠷᠢᠰᠦᠯᠳᠦᠭᠦ ᠬᠦᠴᠦᠨ ᠢ ᠲᠡᠭᠡᠭᠰᠢᠯᠡᠭᠦᠯᠭᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠡᠢ ᠭᠡᠵᠦ ᠴᠢᠬᠤᠯᠠᠴᠢᠯᠠᠪᠠ᠃        ᠬᠤᠷᠠᠯ ᠠᠴᠠ ᠠᠹᠷᠢᠺᠠ ᠲᠢᠪ ᠤᠨ ᠭᠠᠭ᠋ᠠᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠦ ᠠᠵᠢᠯ ᠢ ᠰᠤᠳᠤᠯᠤᠨ ᠪᠠᠶᠢᠷᠢᠯᠠᠭᠤᠯᠵᠤ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠷᠢᠶ᠎ᠠ ᠭᠠᠵᠠᠷ ᠤᠨ ᠬᠠᠮᠢᠶᠠᠷᠤᠯᠳᠠ ᠶᠢᠨ ᠬᠠᠷᠢᠭᠤᠴᠠᠯᠭ᠎ᠠ ᠪᠠ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠴᠢᠩᠭ᠎ᠠ ᠨᠡᠶᠢᠳᠡᠪᠦᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠦ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠭᠠᠭ᠋ᠠᠢ ᠶᠢᠨ ᠮᠢᠬ᠎ᠠ ᠶᠢᠨ ᠬᠠᠩᠭᠠᠯᠭ᠎ᠠ ᠶᠢ ᠪᠠᠳᠤᠯᠠᠨ᠂ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠪᠠ ᠢᠳᠡᠭᠡᠨ ᠤ ᠠᠮᠤᠷ ᠲᠦᠪᠰᠢᠨ ᠢ ᠪᠠᠳᠤᠯᠠᠬᠤ ᠬᠡᠷᠡᠭᠳᠡᠢ ᠬᠡᠵᠤ ᠴᠢᠬᠤᠯᠠᠴᠢᠯᠠᠵᠠᠢ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号