ᠮᠠᠨ ᠤ ᠬᠤᠲᠠ ᠭᠤᠣᠯ ᠬᠤᠲᠠ ᠲᠣᠭᠤᠷᠢᠭ ᠲᠤ ᠨᠣᠬᠠᠢ ᠲᠡᠵᠢᠭᠡᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ ᠨᠡᠶᠢᠲᠡᠯᠡᠪᠡ
ᠨᠡᠶᠢᠲᠡᠯᠡᠭᠰᠡᠨ ᠴᠠᠭ᠄
2018-09-30
       9 ᠰᠠᠷ᠎ᠠ ᠶᠢᠨ 27 ᠤ ᠡᠳᠦᠷ᠂ ᠨᠣᠬᠠᠢ ᠲᠡᠵᠢᠭᠡᠬᠦ ᠬᠠᠮᠢᠶᠠᠷᠤᠯᠲᠠ ᠶᠢ ᠴᠢᠩᠭᠠᠳᠬᠠᠨ᠂ ᠨᠣᠬᠠᠢ ᠲᠡᠵᠢᠭᠡᠬᠦ ᠠᠵᠢᠯᠯᠠᠭ᠎ᠠ ᠶᠢ ᠵᠢᠷᠤᠮᠵᠢᠭᠤᠯᠵᠤ᠂ ᠠᠷᠠᠳ ᠢᠷᠭᠡᠳ ᠤᠨ ᠡᠷᠡᠭᠦᠯ ᠮᠡᠨᠳᠦ ᠪᠠ ᠪᠡᠶ᠎ᠡ ᠮᠠᠬᠠᠪᠤᠳ ᠤᠨ ᠠᠮᠤᠷ ᠲᠦᠪᠰᠢᠨ ᠢ ᠪᠠᠲᠤᠯᠠᠨ᠂ ᠪᠣᠯᠪᠠᠰᠤᠨ ᠡᠶ᠎ᠡ ᠵᠣᠬᠢᠴᠠᠯᠳᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ᠲᠤ ᠨᠣᠬᠠᠢ ᠲᠡᠵᠢᠭᠡᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ ᠨᠡᠶᠢᠲᠡᠯᠡᠪᠡ᠃ ᠵᠠᠷᠯᠠᠯ ᠤᠨ ᠠᠭᠤᠯᠭ᠎ᠠ ᠳᠣᠣᠷᠠᠬᠢ ᠮᠡᠲᠦ᠄        ᠨᠢᠭᠡ᠂ ᠬᠤᠪᠢ ᠬᠥᠮᠥᠨ ᠪᠠ ᠪᠠᠶᠢᠭᠤᠯᠤᠯᠭ᠎ᠠ ᠨᠢᠭᠡᠴᠡ ᠨᠣᠬᠠᠢ ᠲᠡᠵᠢᠭᠡᠬᠦ ᠳᠡᠭᠡᠨ ᠡᠷᠬᠡᠪᠰᠢ ︽ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ᠲᠤ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠷᠭ᠎ᠠ︾ ᠶᠢ ᠵᠢᠷᠤᠮᠯᠠᠨ ᠰᠠᠬᠢᠵᠤ᠂ ᠬᠠᠤᠯᠢ ᠶᠣᠰᠣᠭᠠᠷ᠂ ᠪᠣᠯᠪᠠᠰᠤᠨ ᠢᠶᠠᠷ᠂ ᠰᠢᠨᠵᠢᠯᠡᠬᠦ ᠤᠬᠠᠭᠠᠨᠴᠢ ᠪᠠᠷ ᠨᠣᠬᠠᠢ ᠲᠡᠵᠢᠭᠡᠬᠦ ᠬᠡᠷᠡᠭᠲᠡᠢ᠃        ᠬᠤᠶᠠᠷ᠂ ᠶᠠᠮᠠᠷᠪᠠ ᠬᠤᠪᠢ ᠬᠥᠮᠥᠨ ᠪᠠ ᠪᠠᠶᠢᠭᠤᠯᠤᠯᠭ᠎ᠠ ᠨᠢᠭᠡᠴᠡ ᠶᠢᠨ ᠬᠢᠨ ᠨᠣᠬᠠᠢ ᠲᠡᠵᠢᠭᠡᠬᠦ ᠳᠡᠭᠡᠨ ᠡᠷᠬᠡᠪᠰᠢ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ ᠰᠠᠬᠢᠵᠤ᠂ ᠪᠤᠰᠤᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠣᠯᠬᠤ ᠦᠭᠡᠢ᠂ ᠣᠯᠠᠨ ᠨᠡᠶᠢᠲᠡ ᠶᠢᠨ ᠠᠰᠢᠭ ᠲᠤᠰᠠ ᠪᠠ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠠᠢ ᠬᠠᠯᠳᠠᠵᠤ ᠪᠣᠯᠬᠤ ᠦᠭᠡᠢ᠃        ᠭᠤᠷᠪᠠ᠂ ᠲᠤᠰ ᠬᠤᠲᠠ ᠶᠢᠨ ᠭᠤᠣᠯ ᠬᠤᠲᠠ ᠲᠣᠭᠤᠷᠢᠭ ᠲᠤ ᠪᠠᠶᠢᠭᠤᠯᠤᠯᠭ᠎ᠠ ᠨᠢᠭᠡᠴᠡ ᠪᠠ ᠬᠤᠪᠢ ᠬᠥᠮᠥᠨ ᠨᠣᠬᠠᠢ ᠲᠡᠵᠢᠭᠡᠬᠦ ᠳᠡᠭᠡᠨ ᠡᠷᠬᠡᠪᠰᠢ ᠬᠠᠷᠢᠶ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠲᠣᠭᠲᠠᠭᠠᠭᠰᠠᠨ ᠭᠠᠵᠠᠷ ᠨᠣᠬᠠᠢ ᠪᠠᠨ ᠳᠠᠭᠠᠭᠤᠯᠤᠨ ᠬᠦᠷᠴᠦ ᠨᠣᠬᠠᠢ ᠲᠡᠵᠢᠭᠡᠬᠦ ᠪᠠᠷ ᠨᠡᠷ᠎ᠡ ᠪᠠᠨ ᠳᠠᠩᠰᠠᠯᠠᠭᠤᠯᠵᠤ᠂ ︽ᠨᠣᠬᠠᠢ ᠲᠡᠵᠢᠭᠡᠬᠦ ᠪᠠᠷ ᠳᠠᠩᠰᠠᠯᠠᠭᠰᠠᠨ ᠭᠡᠷᠡᠴᠢ︾ ᠪᠠ ᠨᠣᠬᠠᠢ ᠶᠢᠨ ᠲᠡᠮᠳᠡᠭ ᠢᠶᠠᠨ ᠠᠪᠬᠤ ᠬᠡᠷᠡᠭᠲᠡᠢ᠃ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠯᠪᠠᠨ ᠭᠡᠷ ᠠᠴᠠ ︽ᠨᠣᠬᠠᠢ ᠲᠡᠵᠢᠭᠡᠬᠦ ᠪᠠᠷ ᠳᠠᠩᠰᠠᠯᠠᠭᠰᠠᠨ ᠭᠡᠷᠡᠴᠢ︾ ᠶᠢ ᠵᠢᠯ ᠪᠣᠯᠭᠠᠨ ᠣᠨ ᠤ ᠪᠠᠶᠢᠴᠠᠭᠠᠯᠲᠠ ᠬᠢᠨ᠎ᠡ᠃        ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠭᠠᠭᠰᠠᠨ ᠢᠶᠠᠷ᠂ ᠬᠤᠲᠠ ᠶᠢᠨ ᠠᠷᠠᠳ ᠤᠨ ᠨᠣᠬᠠᠢ ᠲᠡᠵᠢᠭᠡᠬᠦ ᠶᠢ ᠵᠢᠷᠤᠮᠵᠢᠭᠤᠯᠬᠤ ᠨᠢ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ᠃ ︽ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ᠲᠤ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠷᠭ᠎ᠠ︾ ᠳᠤ ᠨᠣᠬᠠᠢ ᠲᠡᠵᠢᠭᠡᠬᠦ ᠭᠤᠣᠯᠳᠠᠯᠭ᠎ᠠ ᠲᠠᠢ ᠬᠠᠮᠢᠶᠠᠷᠤᠯᠲᠠ ᠶᠢᠨ ᠣᠷᠣᠨ ᠤ ᠬᠦᠷᠢᠶ᠎ᠡ ᠬᠡᠪᠴᠢᠶ᠎ᠡ᠂ ᠬᠤᠲᠠ ᠶᠢᠨ ᠠᠷᠠᠳ ᠤᠨ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ᠂ ᠨᠣᠬᠠᠢ ᠲᠡᠵᠢᠭᠡᠬᠦ ᠪᠠᠷ ᠳᠠᠩᠰᠠᠯᠠᠬᠤ᠂ ᠨᠣᠬᠠᠢ ᠲᠡᠵᠢᠭᠡᠬᠦ ᠠᠵᠢᠯᠯᠠᠭ᠎ᠠ ᠶᠢ ᠵᠢᠷᠤᠮᠵᠢᠭᠤᠯᠬᠤ᠂ ᠨᠣᠬᠠᠢ ᠶᠢ ᠬᠤᠷᠢᠶᠠᠮᠵᠢᠯᠠᠬᠤ ᠪᠠ ᠡᠷᠭᠦᠵᠦ ᠲᠡᠵᠢᠭᠡᠬᠦ ᠨᠣᠬᠠᠢ ᠶᠢ ᠡᠵᠡᠩᠨᠡᠬᠦ᠂ ᠪᠦᠳᠦᠭᠦᠨ ᠨᠣᠬᠠᠢ ᠶᠢᠨ ᠪᠠᠷᠢᠮᠵᠢᠶ᠎ᠠ ᠪᠠ ᠲᠣᠭᠰᠢᠨ ᠨᠣᠬᠠᠢ ᠶᠢᠨ ᠨᠡᠷᠡᠰ ᠵᠡᠷᠭᠡ ᠲᠠᠯ᠎ᠠ ᠪᠠᠷ ᠬᠠᠤᠯᠢ ᠶᠣᠰᠣᠭᠠᠷ ᠨᠣᠬᠠᠢ ᠲᠡᠵᠢᠭᠡᠬᠦ᠂ ᠪᠣᠯᠪᠠᠰᠤᠨ ᠢᠶᠠᠷ ᠨᠣᠬᠠᠢ ᠲᠡᠵᠢᠭᠡᠬᠦ ᠳᠤ ᠬᠠᠮᠢᠶ᠎ᠠ ᠪᠦᠬᠦᠢ ᠬᠠᠤᠯᠢ ᠲᠣᠭᠲᠠᠭᠠᠯ ᠭᠠᠷᠭᠠᠵᠠᠢ᠃ ︽ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ᠲᠤ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠷᠭ᠎ᠠ︾ ᠶᠢ 10 ᠰᠠᠷ᠎ᠠ ᠶᠢᠨ 18 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃        ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠨᠣᠬᠠᠢ ᠲᠡᠵᠢᠭᠡᠬᠦ ᠭᠤᠣᠯᠳᠠᠯᠭ᠎ᠠ ᠲᠠᠢ ᠬᠠᠮᠢᠶᠠᠷᠤᠯᠲᠠ ᠶᠢᠨ ᠣᠷᠣᠨ ᠤ ᠬᠦᠷᠢᠶ᠎ᠡ ᠬᠡᠪᠴᠢᠶ᠎ᠡ᠂ ᠭᠤᠣᠯ ᠬᠤᠲᠠ ᠲᠣᠭᠤᠷᠢᠭ ᠲᠤ ᠲᠡᠵᠢᠭᠡᠵᠦ ᠪᠣᠯᠬᠤ ᠨᠣᠬᠠᠢ ᠶᠢᠨ ᠲᠥᠷᠥᠯ᠂ ᠨᠣᠬᠠᠢ ᠲᠡᠵᠢᠭᠡᠬᠦ ᠭᠠᠷ ᠭᠦᠢᠴᠡᠳᠬᠡᠯ ᠬᠢᠬᠦ ᠳᠤ ᠰᠦᠢᠳᠬᠡᠯ ᠬᠤᠷᠢᠶᠠᠬᠤ ᠡᠰᠡᠬᠦ᠂ ᠨᠣᠬᠠᠢ ᠲᠣᠭᠤᠷᠢᠭᠤᠯᠬᠤ ᠳᠠᠭᠠᠨ ᠨᠣᠬᠠᠢ ᠬᠥᠲᠥᠯᠬᠦ ᠤᠭᠤᠰᠤᠷ ᠦᠭᠡᠢ ᠪᠤᠶᠤ ᠨᠣᠬᠠᠢ ᠪᠠᠨ ᠬᠠᠮᠢᠶ᠎ᠠ ᠨᠠᠮᠢᠶ᠎ᠠ ᠦᠭᠡᠢ ᠰᠢᠭᠡᠯᠭᠡᠵᠦ ᠪᠠᠭᠠᠯᠭᠠᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号