ᠤᠯᠠᠭᠠᠨᠬᠠᠳᠠ ᠬᠤᠲᠠ ᠶᠢᠨ ᠵᠠᠰᠠᠭ ᠤᠨ ᠤᠷᠳᠣᠨ ᠤ ᠠᠵᠢᠯ ᠤᠨ ᠢᠯᠡᠳᠬᠡᠯ  ︵ᠬᠤᠶᠠᠷ︶
ᠨᠡᠶᠢᠲᠡᠯᠡᠭᠰᠡᠨ ᠴᠠᠭ᠄
2019/1/18
       ᠬᠤᠶᠠᠷ᠂ 2019 ᠤᠨ ᠤ ᠠᠵᠢᠯ ᠤᠨ ᠭᠤᠣᠯᠳᠠᠯᠭ᠎ᠠ        2019 ᠤᠨ ᠪᠣᠯ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠣᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠢᠯᠠᠯᠲᠠ ᠶᠢ ᠤᠯᠬᠤ᠂ ᠨᠢᠭᠡᠳᠦᠭᠡᠷ ᠵᠠᠭᠤᠨ ᠵᠢᠯ ᠤᠨ ᠬᠠᠷᠠᠯᠲᠠ ᠪᠠᠨ ᠪᠡᠶᠡᠯᠡᠭᠦᠯᠬᠦ ᠵᠠᠩᠬᠢᠯᠠᠭ᠎ᠠ ᠶᠢᠨ ᠨᠢᠭᠡ ᠵᠢᠯ ᠪᠣᠯᠣᠨ᠎ᠠ᠂ ᠡᠨᠡ ᠵᠢᠯ ᠤᠨ ᠠᠵᠢᠯ ᠢᠶᠠᠨ ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ᠂ ᠭᠦᠨ ᠭᠦᠨᠵᠡᠭᠡᠢ ᠨᠦᠯᠥᠭᠡ ᠲᠠᠢ ᠶᠤᠮ᠃        2019 ᠤᠨ ᠤ ᠵᠠᠰᠠᠭ ᠤᠨ ᠤᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠪᠥᠷ ᠮᠣᠩᠭᠤᠯ ᠤᠨ ᠠᠵᠢᠯ ᠤᠨ ᠲᠤᠬᠠᠢ ︽ᠳᠦᠷᠪᠡ ᠶᠢ ᠬᠦᠴᠦᠯᠡᠨ ᠠᠳᠬᠤᠵᠤ᠂ ᠭᠤᠷᠪᠠ ᠶᠢ ᠯᠠᠪᠳᠠᠭᠤᠨ ᠠᠳᠬᠤᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠲᠦᠪ ᠤᠨ ᠠᠵᠤ ᠠᠬᠤᠢ ᠶᠢᠨ ᠬᠤᠷᠠᠯᠳᠤᠭᠠᠨ ᠪᠣᠯᠣᠨ ᠦᠪᠡᠷᠲᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠵᠢᠴᠢ ᠪᠦᠬᠦ ᠤᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠳᠤᠭᠳᠠᠭᠤᠨ ᠢᠶᠠᠷ ᠤᠷᠤᠭᠰᠢᠯᠠᠬᠤ ᠶᠡᠷᠦᠩᠬᠡᠢ ᠦᠨᠳᠤᠰᠤᠨ ᠬᠦᠭ ᠠᠶᠢᠵᠠᠮ ᠢ ᠪᠠᠷᠢᠮᠲᠠᠯᠠᠵᠤ᠂ ᠴᠢᠨᠠᠷ ᠰᠠᠶᠢᠲᠠᠢ ᠬᠦᠭᠵᠢᠯᠳᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠳᠠᠯᠠᠵᠤ᠂ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠳᠡᠭᠡᠳᠦ ᠬᠢᠷᠢ ᠲᠦᠪᠰᠢᠨ ᠢᠶᠠᠷ ᠴᠢᠯᠦᠭᠡᠲᠡᠢ ᠪᠣᠯᠭᠠᠬᠤ ᠶᠢ ᠦᠷᠭᠡᠳᠬᠡᠵᠦ᠂ ᠤᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠦᠲᠦᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠳᠤᠷ ᠬᠢᠵᠦ᠂ ᠪᠢᠴᠢᠯ ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠦᠴᠦᠯᠡᠨ ᠬᠦᠭᠵᠢᠭᠡᠵᠦ᠂ ︽ᠲᠣᠭᠲᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ︾ ᠠᠵᠢᠯ ᠢ ᠨᠢᠭᠡᠳᠦᠯᠲᠠᠢ ᠲᠦᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠲᠣᠮᠣ ᠬᠤᠲᠠ᠂ ᠬᠦᠮᠥᠨ ᠰᠣᠶᠣᠯ ᠤᠨ ᠲᠣᠮᠣ ᠬᠤᠲᠠ᠂ ᠪᠣᠬᠢᠷᠳᠤᠯ ᠦᠭᠡᠢ ᠲᠣᠮᠣ ᠬᠤᠲᠠ᠂ ᠨᠡᠭᠡᠭᠡᠯᠲᠡ ᠲᠠᠢ ᠲᠣᠮᠣ ᠬᠤᠲᠠ᠂ ᠡᠶ᠎ᠡ ᠵᠣᠬᠢᠴᠠᠯᠲᠠᠢ ᠲᠣᠮᠣ ᠬᠤᠲᠠ ᠶᠢ ᠪᠦᠲᠦᠭᠡᠨ ᠪᠠᠶᠢᠭᠤᠯᠬᠤ ᠲᠠᠯ᠎ᠠ ᠪᠠᠷ ᠯᠠᠪᠳᠠᠭᠤᠨ ᠪᠠᠳᠤᠳᠠᠢ ᠡᠬᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠰᠢᠢᠳᠪᠦᠷᠢᠯᠡᠬᠦ ᠴᠢᠨᠠᠷᠲᠠᠢ ᠰᠠᠭᠤᠷᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠪᠣᠯᠣᠨ᠎ᠠ᠃        ᠡᠨᠡ ᠵᠢᠯ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠤᠷᠢᠳᠴᠢᠯᠠᠭᠰᠠᠨ ᠬᠠᠷᠠᠯᠲᠠ ᠪᠣᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠤᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠦᠰᠥᠪ ᠤᠨ ᠤᠷᠣᠯᠭ᠎ᠠ ᠶᠢ 6% ᠤᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠦᠷᠥᠩᠭᠡ ᠶᠢᠨ ᠪᠡᠯᠡ ᠤᠷᠤᠭᠤᠯᠤᠯᠲᠠ ᠶᠢ 11% ᠤᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠲᠠᠧᠠᠷ ᠤᠨ ᠰᠤᠯᠠ ᠬᠤᠳᠠᠯᠳᠤᠭᠰᠠᠨ ᠶᠡᠷᠦᠩᠬᠡᠢ ᠲᠤᠭ᠎ᠠ ᠶᠢ 7.5% ᠤᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠥᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠤᠷᠣᠯᠭ᠎ᠠ ᠶᠢ ᠲᠤᠰᠪᠦᠷᠢ 7.5% ᠪᠠ 9% ᠤᠷᠴᠢᠮ ᠨᠡᠮᠡᠭᠳᠡᠭᠦᠯᠵᠦ᠂ ᠤᠯᠤᠰ ᠪᠠ ᠦᠪᠡᠷᠲᠡᠭᠡᠨ ᠵᠠᠰᠠᠬᠤ ᠤᠷᠣᠨ ᠠᠴᠠ ᠪᠠᠭᠤᠯᠭᠠᠭᠰᠠᠨ ᠪᠤᠰᠤᠳ ᠬᠢᠵᠠᠭᠠᠷᠯᠠᠬᠤ ᠴᠢᠨᠠᠷᠲᠠᠢ ᠵᠢᠭᠠᠯᠳᠠ ᠲᠤᠭ᠎ᠠ ᠶᠢ ᠪᠡᠶᠡᠯᠡᠭᠦᠯᠦᠨ᠎ᠠ᠃        ᠡᠳᠡᠭᠡᠷ ᠬᠠᠷᠠᠯᠲᠠ ᠶᠢ ᠲᠣᠭᠲᠠᠭᠠᠭᠰᠠᠨ ᠨᠢ᠂ ᠭᠤᠣᠯᠳᠠᠭᠤ ᠤᠯᠠᠭᠠᠨᠬᠠᠳᠠ ᠬᠤᠲᠠ ᠨᠢ ︽ᠦᠪᠡᠷᠲᠡᠭᠡᠨ ᠵᠠᠰᠠᠬᠤ ᠤᠷᠣᠨ ᠤ ᠲᠣᠮᠣ ᠬᠤᠲᠠ︾ ᠪᠠ ︽ᠦᠪᠥᠷ ᠮᠣᠩᠭᠤᠯ ᠤᠨ ᠵᠡᠭᠦᠨ ᠬᠡᠰᠡᠭ ᠤᠨ ᠳᠠᠭᠠᠭᠤᠯᠤᠭᠴᠢ︾ ᠪᠣᠯᠬᠤ ᠬᠦᠭᠵᠢᠯᠲᠡ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠴᠢᠨᠠᠷ ᠰᠠᠶᠢᠲᠠᠢ ᠬᠦᠭᠵᠢᠯᠳᠠ ᠪᠠ ᠲᠣᠭᠲᠠᠭᠤᠨ ᠮᠦᠷᠲᠡᠭᠡᠨ ᠳᠠᠪᠰᠢᠯᠲᠠ ᠲᠠᠢ ᠪᠠᠶᠢᠬᠤ ᠶᠢ ᠪᠠᠷᠢᠮᠲᠠᠯᠠᠬᠤ ᠱᠠᠭᠠᠷᠳᠠᠯᠭ᠎ᠠ ᠶᠢ ᠢᠯᠡᠷᠡᠭᠦᠯᠵᠦ᠂ ᠪᠠᠰᠠ ᠪᠦᠬᠦ ᠬᠤᠲᠠ ᠶᠢᠨ ᠬᠦᠭᠵᠢᠯᠲᠡ ᠶᠢᠨ ᠪᠣᠳᠠᠳᠠᠢ ᠪᠠᠶᠢᠳᠠᠯ ᠪᠠ ᠳᠠᠪᠠᠯᠳᠠ ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢ ᠪᠣᠳᠤᠯᠬᠢᠯᠠᠵᠤ᠂ ᠪᠣᠰᠤᠳᠴᠢ ᠱᠠᠭᠠᠷᠳᠠᠯᠭ᠎ᠠ ᠪᠠ ᠪᠣᠳᠠᠲᠤ ᠪᠣᠯᠤᠮᠵᠢ ᠶᠢ ᠵᠡᠷᠭᠡ ᠳᠤᠨᠢ ᠪᠣᠳᠤᠯᠬᠢᠯᠠᠵᠤ᠂ ︽ᠦᠰᠦᠷᠴᠦ ᠪᠠᠶᠢᠭᠠᠳ ᠲᠣᠭᠤᠷ ᠲᠡᠭᠦᠬᠦ︾ ᠦᠷ᠎ᠠ ᠪᠦᠲᠦᠮᠵᠢ ᠤᠯᠬᠤ ᠪᠠᠷ ᠴᠢᠷᠮᠠᠶᠢᠬᠤ ᠪᠣᠯᠣᠨ᠎ᠠ᠃        ᠳᠡᠭᠡᠷᠡᠬᠢ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂  ᠡᠨᠡ ᠵᠢᠯ ᠭᠤᠣᠯᠳᠠᠭᠤ ᠨᠠᠢᠮᠠᠨ ᠲᠠᠯ᠎ᠠ ᠶᠢᠨ ᠠᠵᠢᠯ ᠢ ᠰᠠᠶᠢᠲᠤᠷ ᠬᠢᠨ᠎ᠠ᠄        ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠯᠠᠪᠳᠠᠭᠤᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠠᠭᠤᠷᠢ ᠶᠢ ᠪᠠᠲᠤ ᠲᠠᠯᠪᠢᠨ᠎ᠠ        ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠵᠤ ᠱᠠᠲᠤᠴᠢ ᠴᠢᠨᠠᠷᠲᠠᠢ ᠦᠷ᠎ᠠ ᠪᠦᠲᠦᠮᠵᠢ ᠤᠯᠤᠨ᠎ᠠ᠃ ᠲᠦᠪ ᠬᠤᠷᠢᠶᠠᠨ ᠤ ︽ᠡᠷᠡᠰ ᠲᠠᠰᠤᠷᠬᠠᠢ᠂ ᠡᠵᠡᠮᠳᠡᠯ ᠲᠠᠢ᠂ ᠡᠮᠬᠢ ᠲᠢᠭᠯᠢᠮ ᠲᠠᠢ᠂ ᠵᠤᠬᠢᠬᠤ ᠬᠡᠮᠵᠢᠶ᠎ᠠ ᠲᠠᠢ ᠪᠠᠶᠢᠬᠤ︾ ᠱᠠᠭᠠᠷᠳᠠᠯᠭ᠎ᠠ ᠶᠢ ᠴᠢᠩᠭ᠎ᠠ ᠨᠡᠶᠢᠳᠠᠪᠤᠷᠢᠵᠢᠭᠤᠯᠵᠤ᠂ ᠵᠠᠰᠠᠭ ᠤᠨ ᠤᠷᠳᠣᠨ ᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠮᠠᠭᠠᠳᠯᠠᠬᠤ᠂ ᠰᠡᠷᠡᠮᠵᠢᠯᠡᠬᠦ ᠪᠠ ᠬᠢᠨᠠᠨ  ᠬᠠᠮᠢᠶᠠᠷᠬᠤ ᠶᠢ ᠴᠢᠩᠭᠠᠳᠬᠠᠵᠤ᠂ ᠤᠯᠤᠰ ᠤᠨ ᠦᠮᠴᠢᠯᠡᠯᠲᠦ ᠪᠡᠯᠡ ᠤᠷᠤᠭᠤᠯᠬᠤ ᠬᠤᠷᠠᠮᠳᠤᠭᠤᠯᠬᠤ ᠲᠠᠪᠴᠠᠩ ᠢ ᠵᠢᠷᠤᠮᠵᠢᠭᠤᠯᠵᠤ᠂ ᠲᠦᠯᠥᠪᠯᠡᠭᠰᠡᠨ ᠠᠬᠢᠴᠠ ᠶᠣᠰᠤᠭᠠᠷ ᠵᠠᠰᠠᠭ ᠤᠨ ᠤᠷᠳᠣᠨ ᠤ ᠦᠷᠢ ᠦᠭᠴᠡᠭᠡ ᠶᠢ ᠨᠠᠮᠳᠠᠭᠠᠬᠤ ᠡᠭᠦᠷᠭᠡ ᠶᠢ ᠪᠡᠶᠡᠯᠡᠭᠦᠯᠵᠦ᠂ ᠵᠠᠰᠠᠭ ᠤᠨ ᠤᠷᠳᠣᠨ ᠤ ᠳᠠᠯᠳᠠ ᠴᠢᠨᠠᠷᠲᠠᠢ ᠦᠷᠢ ᠦᠭᠴᠡᠭᠡ ᠰᠢᠨ᠎ᠠ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠬᠡᠮᠵᠢᠶ᠎ᠠ ᠪᠠᠷ ᠳᠠᠮᠵᠢᠨ ᠭᠠᠵᠠᠷ ᠰᠢᠷᠣᠢ᠂ ᠪᠡᠯᠡ ᠬᠦᠷᠥᠩᠭᠡ᠂ ᠰᠲ᠋ᠣᠺ ᠤᠨ ᠡᠷᠬᠡ ᠵᠡᠷᠭᠡ ᠡᠬᠢ ᠪᠠᠶᠠᠯᠢᠭ ᠢ ᠵᠣᠬᠢᠰᠲᠠᠢ ᠨᠡᠭᠡᠭᠡᠨ ᠠᠰᠢᠭᠯᠠᠵᠤ᠂ ᠤᠯᠤᠰ ᠠᠴᠠ ︽ᠤᠷᠣᠨ ᠨᠤᠲᠤᠭ ᠤᠨ ᠵᠠᠰᠠᠭ ᠤᠨ ᠤᠷᠳᠣᠨ ᠤ ᠲᠤᠰᠬᠠᠢ ᠲᠦᠷᠦᠯ ᠤᠨ ᠵᠣᠭᠤᠰᠤᠨ ᠲᠡᠮᠳᠡᠭᠲᠦ ᠶᠢᠨ ᠬᠡᠪᠴᠢᠶ᠎ᠠ ᠶᠢ ᠨᠡᠯᠢᠶᠡᠳ ᠶᠡᠭᠡ ᠬᠡᠮᠵᠢᠶ᠎ᠠ ᠪᠠᠷ ᠨᠡᠮᠡᠭᠳᠡᠭᠦᠯᠬᠦ︾ ᠠᠰᠢᠭᠲᠠᠢ ᠲᠣᠬᠢᠶᠠᠯ ᠢ ᠡᠵᠡᠮᠳᠡᠨ᠂ ᠵᠠᠰᠠᠭ ᠤᠨ ᠤᠷᠳᠣᠨ ᠤ ᠦᠯᠡᠳᠡᠭᠳᠡᠯ ᠦᠷᠢ ᠦᠭᠴᠡᠭᠡ ᠶᠢ ᠰᠣᠯᠢᠬᠤ ᠪᠠ ᠨᠠᠮᠳᠠᠭᠠᠬᠤ ᠠᠬᠢᠴᠠ ᠶᠢ ᠲᠦᠷᠭᠡᠳᠬᠡᠵᠦ᠂ ᠵᠢᠯ ᠤᠨ ᠳᠣᠲᠣᠷ᠎ᠠ ᠵᠠᠰᠠᠭ ᠤᠨ ᠤᠷᠳᠣᠨ ᠤ ᠦᠷᠢ ᠦᠭᠴᠡᠭᠡ ᠶᠢ 110 ᠳ᠋ᠦᠩᠰᠢᠭᠤᠷ ᠲᠦᠭᠦᠷᠢᠭ ᠠᠴᠠ ᠳᠡᠭᠡᠭᠰᠢ ᠨᠠᠮᠳᠠᠭᠠᠨ ᠂ ︽ᠠᠷᠪᠠ ᠶᠢ ᠪᠦᠷᠬᠦᠭᠦᠯᠬᠦ︾ ᠶᠢ ᠦᠷᠬᠦᠯᠵᠢᠯᠡᠭᠦᠯᠬᠦ ᠢᠨᠵᠧᠨᠧᠷᠢᠩ ᠤᠨ ᠦᠷᠢᠳᠦᠭᠰᠡᠨ ᠪᠠᠷᠢᠯᠭ᠎ᠠ ᠶᠢᠨ ᠵᠣᠭᠤᠰ ᠢ ᠪᠦᠬᠦᠨ ᠢ ᠳᠡᠭ ᠪᠤᠯᠭᠠᠨ᠎ᠠ᠃ ︽ᠲᠦᠭᠰᠢᠭᠦᠷᠢ ᠶᠢ ᠰᠢᠢᠳᠪᠦᠷᠢᠯᠡᠬᠦ ᠲᠦᠭᠰᠢᠭᠦᠷᠢ︾ ᠶᠢ ᠠᠩᠬᠠᠷᠤᠨ ᠰᠡᠷᠡᠮᠵᠢᠯᠡᠨ᠎ᠠ᠃ ᠤᠷᠣᠨ ᠨᠤᠳᠤᠭ ᠤᠨ ᠮᠦᠩᠭᠦᠨ ᠭᠦᠢᠯᠭᠡᠭᠡᠨ ᠤ ᠬᠢᠨᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠦᠩᠭᠦᠨ ᠭᠦᠢᠯᠭᠡᠭᠡᠨ ᠤ ᠭᠤᠣᠯᠳᠠᠯᠭᠠᠲᠠᠢ ᠬᠦᠷᠢᠶ᠎ᠠ ᠬᠡᠪᠴᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠰᠢᠢᠳᠪᠦᠷᠢᠯᠡᠬᠦ ᠶᠢ ᠰᠠᠶᠢᠲᠤᠷ ᠬᠢᠵᠦ᠂ ᠬᠠᠤᠯᠢ ᠲᠣᠭᠲᠠᠭᠠᠯ ᠢ ᠵᠦᠷᠢᠴᠡᠭᠰᠡᠨ ᠮᠦᠩᠭᠦᠨ ᠭᠦᠢᠯᠭᠡᠭᠡᠨ ᠤ ᠠᠵᠢᠯᠯᠠᠭᠠᠨ ᠪᠠ ᠵᠣᠷᠢᠭᠤᠳᠠ ᠦᠷᠢ ᠠᠴᠠ ᠪᠠᠨ ᠵᠠᠶᠢᠯᠠᠵᠤ ᠲᠠᠶᠠᠭᠳᠠᠬᠤ ᠦᠢᠯᠡ ᠠᠵᠢᠯᠯᠠᠭ᠎ᠠ ᠳᠤ ᠪᠦᠲᠦᠮᠵᠢᠲᠡᠢ ᠴᠣᠬᠢᠯᠲᠠ ᠦᠭᠴᠦ᠂ ᠤᠷᠣᠨ ᠬᠡᠴᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠦᠩᠭᠦᠨ ᠭᠦᠢᠯᠭᠡᠭᠡᠨ ᠤ ᠲᠦᠭᠰᠢᠭᠦᠷᠢ ᠡᠬᠦᠰᠬᠦ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠰᠠᠬᠢᠨ᠎ᠠ᠃ ᠭᠡᠷ ᠭᠠᠵᠠᠷ ᠬᠦᠷᠥᠩᠭᠡ ᠶᠢᠨ ᠵᠠᠬ᠎ᠠ ᠳᠡᠯᠭᠡᠭᠦᠷ ᠢ ᠳᠤᠬᠢᠷᠠᠭᠤᠯᠤᠨ ᠡᠵᠡᠮᠳᠡᠬᠦ ᠲᠦᠷᠥ ᠶᠢᠨ ᠪᠣᠳᠣᠯᠭ᠎ᠠ ᠶᠢᠨ ᠦᠷᠭᠦᠯᠵᠢᠯᠡᠩᠭᠦᠢ ᠴᠢᠨᠠᠷ᠂ ᠲᠣᠭᠲᠠᠭᠤᠨ ᠴᠢᠨᠠᠷ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠠᠨᠳᠤᠰᠢ ᠶᠢ ᠵᠦᠢ ᠵᠤᠬᠢᠰᠳᠠᠢ ᠵᠢᠯᠣᠭᠤᠳᠴᠦ᠂ ᠭᠡᠷ ᠭᠠᠵᠠᠷ ᠬᠦᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠦᠭᠵᠢᠬᠦ ᠶᠢ ᠦᠷᠭᠦᠯᠵᠢᠯᠡᠨ ᠠᠬᠢᠭᠤᠯᠤᠨ᠎ᠠ᠃        ᠨᠠᠷᠢᠯᠢᠭ ᠤᠨᠣᠴᠢᠲᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠨᠢ ᠰᠢᠢᠳᠪᠦᠷᠢᠲᠦ ᠴᠢᠨᠠᠷᠲᠠᠢ ᠠᠬᠢᠯᠲᠠ ᠲᠠᠢ ᠪᠤᠯᠬᠤ ᠶᠢ ᠠᠬᠢᠭᠤᠯᠤᠨ᠎ᠠ᠃ ᠠᠵᠤ ᠦᠢᠯᠡᠰ ᠤᠨ ᠲᠦᠷᠥᠯ ᠵᠦᠢᠯ ᠢ ᠲᠦᠯᠥᠪᠯᠡᠨ ᠠᠬᠢᠭᠤᠯᠬᠤ ᠬᠦᠴᠦᠯᠡᠴᠡ ᠪᠠᠨ ᠴᠢᠩᠳᠠᠯᠠᠵᠤ᠂ ︽ᠪᠡᠯᠡ ᠮᠦᠩᠭᠦ ᠪᠠᠶᠢᠭᠠᠳ ᠲᠦᠷᠥᠯ ᠵᠦᠢᠯ ᠦᠭᠡᠢ︾ ᠬᠦᠴᠢᠷ ᠠᠰᠠᠭᠤᠳᠠᠯ ᠢ ᠦᠨᠡᠨᠬᠦ ᠲᠠᠶᠢᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠪᠦᠬᠦ ᠪᠦᠷᠬᠦᠯᠲᠡ ᠶᠢ ᠪᠡᠶᠡᠯᠡᠭᠦᠯᠦᠨ᠎ᠠ᠃ ᠨᠡᠭᠦᠯᠭᠡᠨ ᠰᠢᠯᠵᠢᠭᠦᠯᠵᠦ ᠶᠠᠳᠠᠭᠤ ᠶᠢ ᠲᠡᠳᠬᠦᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠭᠦᠭᠰᠡᠨ ᠬᠦᠮᠥᠨ ᠠᠮᠠ ᠶᠢᠨ ᠠᠵᠤ ᠦᠢᠯᠡᠰ ᠤᠨ ᠲᠤᠯᠭᠠᠭᠤᠷᠢ ᠪᠠ ᠠᠵᠢᠯ ᠤᠯᠭᠤᠬᠤ ᠳᠡᠮᠵᠢᠯᠭᠡ ᠪᠠᠨ ᠴᠢᠩᠳᠠᠯᠠᠵᠤ ᠂ ᠶᠠᠳᠠᠭᠤ ᠬᠦᠴᠢᠷᠲᠡᠢ ᠤᠯᠠᠨ ᠲᠦᠮᠡᠨ ᠤ ᠨᠡᠭᠦᠵᠦ ᠳᠡᠶᠢᠯᠬᠦ᠂ ᠲᠣᠭᠲᠠᠭᠤᠨ ᠰᠠᠭᠤᠷᠢᠰᠢᠬᠤ᠂ ᠪᠠᠶᠠᠵᠢᠨ ᠴᠢᠨᠡᠭᠡᠯᠢᠭᠵᠢᠬᠦ ᠶᠢ ᠦᠨᠡᠨᠬᠦ ᠪᠠᠲᠤᠯᠠᠨ᠎ᠠ᠃ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ 22 ᠵᠤᠷᠪᠤᠰ ᠵᠢᠯᠣᠭᠤᠳᠬᠤ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠪᠠ ᠦᠪᠡᠷᠲᠡᠭᠡᠨ ᠵᠠᠰᠠᠬᠤ ᠤᠷᠣᠨ ᠤ ᠡᠷᠡᠭᠦᠯ ᠮᠡᠨᠳᠤ ᠪᠠᠷ ᠶᠠᠳᠠᠭᠤ ᠶᠢ ᠲᠡᠳᠬᠦᠬᠦ ᠡᠯ᠎ᠠ ᠵᠦᠢᠯ ᠤᠨ ᠱᠠᠭᠠᠷᠳᠠᠯᠭ᠎ᠠ ᠶᠢ ᠪᠡᠶᠡᠯᠡᠬᠦᠯᠬᠦ ᠶᠢ ᠦᠨᠡᠨᠬᠦ ᠪᠠᠳᠤᠯᠠᠨ᠎ᠠ᠃ ᠶᠠᠳᠠᠭᠤ ᠶᠢ ᠲᠡᠳᠬᠦᠬᠦ ᠪᠡᠯᠡ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠲᠦᠷᠥᠯ ᠵᠦᠢᠯ ᠤᠨ ᠨᠠᠶᠢᠳᠠᠪᠤᠷᠢᠵᠢᠯᠲᠠ ᠶᠢᠨ ᠡᠮᠬᠢ ᠳᠠᠷᠠᠭᠠᠯᠠᠯ ᠳᠤ ᠰᠢᠨ᠎ᠠ ᠶᠢ ᠡᠭᠦᠳᠦᠨ᠂ ᠪᠡᠯᠡ ᠮᠦᠩᠭᠦᠨ ᠤ ᠭᠡᠷᠡᠭᠯᠡᠯᠲᠡ ᠶᠢᠨ ᠦᠷ᠎ᠠ ᠠᠰᠢᠭ ᠢ ᠳᠡᠭᠡᠭᠰᠢᠯᠡᠭᠦᠯᠦᠨ᠎ᠠ᠃ ᠲᠦᠪ ᠬᠤᠷᠢᠶ᠎ᠠ ᠪᠠ ᠲᠦᠷᠥ ᠶᠢᠨ ᠪᠠᠶᠢᠭᠤᠯᠭ᠎ᠠ ᠶᠢᠨ ᠴᠢᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠭᠡᠵᠢᠩ ᠦᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠦᠷᠥᠯ ᠵᠦᠢᠯ ᠢ ᠲᠦᠷᠭᠡᠨ ᠬᠡᠷᠡᠭᠵᠢᠭᠦᠯᠵᠦ᠂ ᠶᠠᠳᠠᠭᠤ ᠶᠢ ᠳᠠᠶᠢᠴᠢᠯᠠᠨ ᠶᠠᠳᠠᠭᠤ ᠶᠢ ᠴᠦᠬᠡᠳᠭᠡᠬᠦ ᠦᠷ᠎ᠠ ᠠᠰᠢᠭ ᠢ ᠦᠨᠡᠨᠬᠦ ᠪᠠᠳᠠᠷᠠᠭᠤᠯᠤᠨ᠎ᠠ᠃ ᠪᠠᠭᠠᠷᠢᠨ ᠵᠡᠭᠦᠨ ᠬᠤᠰᠢᠭᠤ ᠪᠠ ᠪᠦᠬᠦ ᠬᠤᠲᠠ ᠶᠢᠨ ᠪᠤᠰᠤᠳ ᠤᠨᠴᠠ ᠬᠦᠴᠢᠷᠲᠡᠢ ᠰᠤᠮᠤ ᠰᠢᠶᠠᠩ ᠪᠠᠯᠭᠠᠰᠤ ᠳᠠᠬᠢ ᠳᠡᠮᠵᠢᠬᠦ ᠬᠦᠴᠦᠯᠡᠴᠡ ᠪᠠᠨ ᠨᠡᠮᠡᠭᠳᠡᠭᠦᠯᠵᠦ᠂ ᠡᠳᠡᠭᠡᠷ ᠭᠠᠵᠠᠷ ᠤᠷᠣᠨ ᠤ ᠬᠤᠭᠤᠴᠠᠭ᠎ᠠ ᠶᠣᠰᠣᠭᠠᠷ ᠶᠠᠳᠠᠭᠤ ᠶᠢᠨ ᠡᠩᠨᠡᠭᠡᠨ ᠠᠴᠠ ᠠᠩᠭᠢᠵᠢᠷᠠᠨ ᠭᠠᠷᠬᠤ ᠶᠢ ᠦᠨᠡᠨᠬᠦ ᠪᠠᠲᠤᠯᠠᠨ᠎ᠠ᠃ ᠬᠦᠳᠡᠯᠦᠩᠭᠦᠢ ᠬᠢᠨᠠᠨ ᠬᠡᠮᠵᠢᠬᠦ ᠰᠡᠷᠡᠮᠵᠢ ᠶᠢᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤᠷᠠᠬᠤ ᠳᠤ ᠠᠮᠠᠷᠬᠠᠨ ᠬᠦᠮᠥᠨ ᠠᠮᠠ ᠳᠤ ᠬᠠᠨᠳᠤᠯᠭᠠᠳᠤ ᠴᠢᠨᠠᠷᠲᠠᠢ ᠳᠡᠮᠵᠢᠯᠭᠡ ᠦᠵᠡᠭᠦᠯᠵᠦ᠂ ᠰᠢᠨ᠎ᠠ ᠨᠡᠮᠡᠭᠳᠡᠭᠰᠡᠨ ᠶᠠᠳᠠᠭᠤ ᠬᠦᠴᠢᠷᠲᠡᠢ ᠬᠦᠮᠥᠨ ᠠᠮᠠ ᠶᠢ ᠴᠠᠭ ᠲᠤᠬᠠᠢ ᠳᠤᠨᠢ ᠳᠡᠮᠵᠢᠬᠦ ᠬᠡᠪᠴᠢᠶᠡᠨ ᠳᠤ ᠤᠷᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠠ ᠪᠦᠲᠦᠮᠵᠢ ᠶᠢ ᠪᠠᠬᠢᠵᠢᠭᠦᠯᠦᠨ᠎ᠠ᠃ ᠶᠠᠳᠠᠭᠤ ᠶᠢ ᠲᠡᠳᠬᠦᠬᠦ ᠬᠦᠷᠢᠶ᠎ᠠ ᠬᠡᠪᠴᠢᠶᠡᠨ ᠤ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠦᠪ ᠤᠨ ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠲᠤᠰᠬᠠᠢ ᠲᠦᠷᠥᠯ ᠤᠨ ᠲᠣᠭᠤᠷᠢᠨ ᠪᠠᠶᠢᠴᠠᠭᠠᠵᠤ ᠲᠤᠰᠬᠠᠭᠰᠠᠨ ᠠᠰᠠᠭᠤᠳᠠᠯ ᠢ ᠵᠠᠯᠠᠷᠠᠭᠤᠯᠬᠤ ᠠᠵᠢᠯ ᠢ ᠰᠠᠶᠢᠲᠤᠷ ᠬᠢᠨ᠎ᠠ᠃ ᠪᠦᠬᠦ ᠵᠢᠯ ᠳᠤ 100 ᠳ᠋ᠦᠩᠰᠢᠭᠤᠷ  ᠲᠦᠭᠦᠷᠢᠭ ᠠᠴᠠ ᠳᠡᠭᠡᠭᠰᠢ ᠪᠡᠯᠡ ᠮᠦᠩᠭᠦ ᠤᠷᠤᠭᠤᠯᠤᠨ᠂ ᠦᠯᠡᠳᠡᠭᠰᠡᠨ 5.3 ᠲᠦᠮᠡᠨ ᠶᠠᠳᠠᠭᠤ ᠬᠦᠴᠢᠷᠲᠠᠢ ᠬᠦᠮᠥᠨ ᠠᠮᠠ ᠶᠢ ᠪᠦᠬᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨᠬᠦ ᠪᠠᠲᠤᠯᠠᠵᠤ᠂ ᠪᠦᠬᠦ᠋ᠢᠯᠡ ᠶᠠᠳᠠᠭᠤ ᠬᠦᠴᠢᠷᠲᠡᠢ ᠬᠤᠰᠢᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠤᠨ᠎ᠠ᠃        ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠵᠠᠩᠭᠢᠯᠠᠭ᠎ᠠ ᠶᠢᠨ ᠴᠢᠨᠠᠷᠲᠠᠢ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠲᠦᠪ ᠦᠪᠡᠷᠲᠡᠭᠡᠨ ᠵᠠᠰᠠᠬᠤ ᠤᠷᠣᠨ ᠤ ᠤᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠬᠤ ᠪᠠ ᠡᠯ᠎ᠠ ᠵᠦᠢᠯ ᠤᠨ ᠪᠠᠶᠢᠴᠠᠭᠠᠯᠲᠠ ᠠᠴᠠ ᠲᠤᠰᠬᠠᠭᠰᠠᠨ ᠠᠰᠠᠭᠤᠳᠠᠯ ᠢ ᠵᠠᠯᠠᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠠᠭᠠᠷ ᠮᠠᠨᠳᠠᠯ᠂ ᠤᠰᠤ᠂ ᠬᠦᠷᠦᠰᠦᠨ ᠤ ᠪᠣᠬᠢᠷᠳᠤᠯ ᠢ ᠰᠡᠷᠭᠡᠶᠢᠯᠡᠨ ᠵᠠᠰᠠᠬᠤ 12 ᠲᠣᠮᠣ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠣᠬᠢᠷᠳᠤᠯ ᠤᠨ ᠳᠠᠯᠳᠠ ᠭᠡᠮ ᠢ ᠡᠬᠢ ᠰᠤᠷᠪᠤᠯᠵᠢ ᠠᠴᠠ ᠨᠢ ᠦᠭᠡᠶᠢᠰᠭᠡᠨ᠎ᠠ᠃ ᠨᠡᠭᠦᠷᠡᠰᠦᠨ ᠤᠲᠤᠭ᠎ᠠ ᠶᠢᠨ ᠬᠡᠯᠪᠡᠷᠢ ᠶᠢᠨ ᠠᠭᠠᠷ ᠮᠠᠨᠳᠠᠯ ᠤᠨ ᠪᠣᠬᠢᠷᠳᠤᠯ ᠢ ᠵᠠᠰᠠᠬᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠨ ᠭᠠᠳᠠᠭᠰᠢᠯᠠᠭᠤᠯᠬᠤ᠂ ᠬᠤᠭ ᠲᠣᠭᠤᠰᠣᠨ ᠤ ᠪᠣᠬᠢᠷᠳᠤᠯ ᠢ ᠬᠢᠵᠠᠭᠠᠷᠯᠠᠬᠤ ᠵᠡᠷᠭᠡ ᠢᠨᠵᠧᠨᠧᠷᠢᠩ ᠢ ᠲᠦᠷᠭᠡᠳᠬᠡᠵᠦ᠂ ᠠᠭᠠᠷ ᠤᠨ ᠶᠠᠰᠤ  ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠬᠤᠲᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠪᠠᠶᠢᠬᠤ ᠨᠣᠷᠮ᠎ᠠ 88% ᠠᠴᠠ ᠳᠡᠭᠡᠭᠰᠢ ᠪᠠᠶᠢᠬᠤ ᠶᠢ ᠦᠨᠡᠨᠬᠦ ᠪᠠᠲᠤᠯᠠᠨ᠎ᠠ᠃ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠦᠷᠢᠯᠡᠬᠦ᠂ ᠳᠤᠮᠳᠠ ᠤᠰᠤ ᠶᠢ ᠡᠭᠡᠭᠦᠯᠦᠨ ᠬᠡᠷᠡᠭᠯᠡᠬᠦ᠂ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠬᠤ ᠶᠢ ᠦᠷᠭᠦᠯᠵᠢᠯᠡᠨ ᠠᠬᠢᠭᠤᠯᠵᠤ᠂ ᠭᠠᠵᠠᠷ ᠤᠨ ᠭᠠᠳᠠᠷᠭᠤ ᠶᠢᠨ ᠤᠰᠤᠨ ᠤ ᠳᠣᠣᠷᠠᠳᠤ V ᠲᠦᠷᠥᠯ ᠤᠨ ᠤᠭᠲᠣᠯᠣᠭᠠᠰᠤ ᠳᠠᠪᠬᠤᠷᠭ᠎ᠠ ᠶᠢ ᠪᠦᠬᠦ ᠲᠠᠯ᠎ᠠ ᠪᠠᠷ ᠦᠭᠡᠶᠢᠰᠭᠢᠵᠦ᠂ ᠤᠯᠤᠰ ᠠᠴᠠ ᠰᠢᠯᠭᠠᠨ ᠮᠠᠭᠠᠳᠯᠠᠬᠤ ᠤᠭᠲᠣᠯᠣᠭᠠᠰᠤ ᠳᠠᠪᠬᠤᠷᠭ᠎ᠠ ᠶᠢᠨ ᠤᠰᠤᠨ ᠤ ᠰᠢᠯᠢᠳᠡᠭ ᠴᠢᠨᠠᠷ ᠤᠨ ᠬᠠᠷᠢᠴᠠᠯ ᠢ 66.7% ᠳᠤ ᠬᠦᠷᠭᠡᠬᠦ ᠪᠠᠷ ᠴᠢᠷᠮᠠᠶᠢᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠭᠡᠷᠡᠴᠢᠯᠡᠬᠦ ᠠᠵᠢᠯ ᠢ ᠲᠤᠤᠱᠲᠠᠢ ᠪᠡᠶᠡᠯᠡᠭᠦᠯᠦᠨ᠎ᠠ᠃ ᠬᠦᠷᠦᠰᠦ ᠰᠢᠷᠣᠢ ᠶᠢᠨ ᠪᠣᠬᠢᠷᠳᠤᠯ ᠢ ᠵᠠᠰᠠᠬᠤ ᠵᠢᠴᠢ ᠳᠠᠯᠳᠠ ᠲᠦᠭᠰᠢᠭᠦᠷᠢ ᠶᠢᠨ ᠦᠨᠡᠯᠡᠯᠲᠡ ᠶᠢ ᠨᠡᠮᠡᠭᠳᠡᠭᠦᠯᠵᠦ᠂ ᠦᠩᠭᠡᠲᠦ ᠲᠡᠮᠦᠷᠯᠢᠭ ᠮᠠᠯᠲᠠᠵᠤ ᠰᠤᠩᠭᠤᠬᠤ ᠠᠵᠤ ᠠᠬᠤᠢᠢᠯᠠᠯ ᠤᠨ ᠠᠭᠤᠷᠬᠠᠢ ᠶᠢᠨ ᠬᠠᠶᠠᠭᠳᠠᠮᠠᠯ ᠤᠨ ᠬᠦᠮᠥᠷᠭᠡ ᠪᠣᠯᠣᠨ ᠬᠦᠳᠡᠷ ᠬᠠᠶᠢᠯᠤᠭᠤᠯᠬᠤ ᠠᠵᠤ ᠠᠬᠤᠢᠢᠯᠠᠯ ᠤᠨ ᠠᠶᠤᠯᠲᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠤᠨ ᠭᠠᠳᠠᠷᠭᠤ ᠰᠤᠷᠪᠤᠯᠵᠢ ᠶᠢᠨ ᠪᠣᠬᠢᠷᠳᠤᠯ ᠢ ᠬᠢᠵᠠᠭᠠᠷᠯᠠᠵᠤ᠂ ᠬᠦᠷᠦᠰᠦ ᠰᠢᠷᠣᠢ ᠶᠢᠨ ᠤᠷᠴᠢᠨ ᠲᠣᠭᠤᠷᠢᠨ ᠤ ᠶᠠᠰᠤ ᠴᠢᠨᠠᠷ ᠤᠨ ᠶᠡᠷᠦᠩᠬᠡᠢ ᠲᠣᠭᠲᠠᠭᠤᠨ ᠢ ᠪᠠᠷᠢᠮᠲᠠᠯᠠᠨ᠎ᠠ᠃        ︵ᠬᠤᠶᠠᠷ︶ ᠤᠳᠣ ᠦᠶ᠎ᠠ ᠶᠢᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢᠨ ᠰᠠᠭᠤᠷᠢ ᠶᠢ ᠪᠠᠲᠤ ᠲᠠᠯᠪᠢᠨ᠎ᠠ        ᠲᠠᠷᠢᠶᠠᠯᠠᠩ ᠮᠠᠯ ᠠᠵᠤ ᠠᠬᠤᠢ ᠶᠢᠨ ᠤᠳᠣᠬᠢᠴᠢᠯᠠᠯᠲᠠ ᠶᠢᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠠ᠃ ᠲᠠᠷᠢᠵᠤ ᠲᠡᠵᠢᠭᠡᠬᠦ ᠪᠦᠲᠦᠴᠡ ᠶᠢ ᠦᠷᠭᠦᠯᠵᠢᠯᠡᠨ ᠲᠣᠬᠢᠷᠠᠭᠤᠯᠵᠤ᠂ ᠡᠷᠳᠡᠨᠢ ᠰᠢᠰᠢ ᠲᠠᠷᠢᠬᠤ ᠲᠠᠯᠠᠪᠠᠢ ᠶᠢ 30 ᠲᠦᠮᠡᠨ ᠮᠦ ᠲᠣᠬᠢᠷᠠᠭᠤᠯᠤᠨ ᠬᠠᠰᠤᠵᠤ᠂ ᠲᠦᠬᠦᠭᠡᠷᠦᠮᠵᠢᠲᠦ ᠲᠠᠷᠢᠶᠠᠯᠠᠩ 20 ᠲᠦᠮᠡᠨ ᠮᠦ ᠰᠢᠨ᠎ᠠ ᠪᠠᠷ ᠪᠠᠶᠢᠭᠤᠯᠵᠤ᠂ ᠰᠢᠯᠢᠳᠡᠭ ᠴᠢᠨᠠᠷ ᠲᠠᠢ ᠬᠦᠷᠡᠩ ᠴᠠᠷᠭᠠᠰᠤ 20 ᠲᠦᠮᠡᠨ ᠮᠦ ᠰᠢᠨ᠎ᠠ ᠪᠠᠷ ᠨᠡᠮᠡᠭᠳᠡᠭᠦᠯᠦᠨ᠎ᠠ ︔ ᠠᠯᠠᠰᠢᠨ ᠦᠬᠡᠷ ᠤᠨ ᠠᠵᠤ ᠦᠢᠯᠡᠰ ᠢ ᠲᠣᠪᠤᠶᠢᠮ᠎ᠠ ᠬᠦᠭᠵᠢᠭᠦᠯᠵᠦ᠂ 200 ᠲᠦᠮᠡᠡ ᠳᠤᠯᠤᠭᠠᠢ ᠳᠤ ᠬᠦᠷᠭᠡᠬᠦ ᠪᠠᠷ ᠴᠢᠷᠮᠠᠶᠢᠨ᠎ᠠ᠃ ᠲᠣᠯᠣᠭᠠᠢᠢᠯᠠᠭᠴᠢ ᠠᠵᠤ ᠠᠬᠤᠢᠢᠯᠠᠯ ᠢ ᠪᠣᠵᠠᠭᠠᠢᠢᠷᠠᠭᠤᠯᠤᠨ ᠬᠦᠴᠦᠷᠭᠡᠭᠵᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠳᠠᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ᠱᠠᠲᠤ ᠠᠴᠠ ᠳᠡᠭᠡᠭᠰᠢᠬᠢ ᠠᠵᠤ ᠦᠢᠯᠡᠰᠵᠢᠭᠦᠯᠦᠭᠰᠡᠨ ᠲᠣᠯᠤᠭᠠᠢᠢᠯᠠᠭᠴᠢ ᠠᠵᠤ ᠠᠬᠤᠢᠢᠯᠠᠯ ᠢ 300 ᠪᠣᠯᠭᠠᠵᠤ᠂ ᠬᠤᠷᠰᠢᠶᠠᠵᠢᠯ ᠵᠣᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ ᠨᠣᠷᠮ᠎ᠠ ᠶᠢ 57% ᠳᠤ ᠬᠦᠷᠭᠡᠨ᠎ᠠ᠃ ᠲᠠᠷᠢᠶᠠᠯᠠᠩ ᠮᠠᠯ ᠠᠵᠤ ᠠᠬᠤᠢ ᠬᠢᠭᠡᠳ ᠬᠤᠶᠠᠷ ᠭᠤᠷᠪᠠᠳᠤᠭᠠᠷ ᠠᠵᠤ ᠦᠢᠯᠡᠰ ᠤᠨ ᠤᠶᠠᠯᠳᠤᠨ ᠬᠦᠭᠵᠢᠬᠦ ᠶᠢ ᠠᠬᠢᠭᠤᠯᠵᠤ᠂ ᠨᠢᠭᠡ ᠪᠦᠯᠦᠭ ᠴᠢᠳᠠᠮᠵᠢ ᠪᠠᠶᠠᠯᠢᠭ᠂ ᠳᠠᠶᠢᠴᠢᠯᠠᠬᠤ ᠬᠦᠴᠦᠨ ᠴᠢᠩᠭ᠎ᠠ ᠬᠦᠳᠡᠭᠡ ᠶᠢᠨ ᠬᠠᠮ ᠴᠣᠭᠴᠠ ᠶᠢ ᠪᠦᠲᠦᠭᠡᠨ ᠪᠠᠶᠢᠭᠤᠯᠤᠨ᠎ᠠ᠃ ᠤᠷᠣᠨ ᠬᠡᠴᠡ ᠶᠢᠨ ᠴᠢᠨᠠᠷᠲᠠᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢᠨ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠴᠦ᠂ ᠪᠦᠬᠦ ᠬᠤᠲᠠ ᠳᠤ ᠰᠢᠨ᠎ᠠ ᠪᠠᠷ ᠨᠡᠮᠡᠭᠳᠡᠭᠰᠡᠨ ︽ᠭᠤᠷᠪᠠᠨ ᠪᠦᠲᠦᠭᠡᠭᠳᠡᠭᠦᠨ ᠨᠢᠭᠡ ᠲᠡᠮᠳᠡᠭ︾ ᠢᠶᠠᠷ ᠨᠣᠲᠠᠯᠠᠭᠳᠠᠭᠰᠠᠨ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠠ ᠶᠢ 50 ᠪᠣᠯᠭᠠᠨ᠎ᠠ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠲᠣᠪᠤᠶᠢᠮ᠎ᠠ ᠰᠠᠶᠢᠨ ᠠᠳᠬᠤᠵᠤ᠂ ᠮᠠᠯ ᠠᠵᠤ ᠠᠬᠤᠢ ᠶᠢᠨ ᠠᠶᠤᠯᠭᠦᠢ ᠬᠦᠭᠵᠢᠯᠲᠡ ᠶᠢ ᠦᠨᠡᠨᠬᠦ ᠪᠠᠲᠤᠯᠠᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠯᠳᠡ ᠪᠠ ᠦᠷ᠎ᠠ ᠪᠦᠲᠦᠮᠵᠢ ᠶᠢ ᠤᠯᠠᠷᠢᠭᠤᠯᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃        ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠮᠵᠢᠶ᠎ᠠ ᠪᠠᠨ ᠨᠡᠮᠡᠭᠳᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠯᠬᠤᠴᠠ ᠶᠢ ᠦᠨᠡᠨᠬᠦ ᠲᠦᠷᠭᠡᠳᠬᠡᠨ᠎ᠠ᠃ ︽ᠠᠵᠤ ᠦᠢᠯᠡᠳᠪᠦᠷᠢ ᠶᠢᠨ ᠠᠵᠤ ᠠᠬᠤᠶ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ︾ ᠢ ᠡᠬᠢᠯᠡᠭᠦᠯᠵᠦ᠂ ᠨᠢᠭᠡ ᠪᠦᠯᠦᠭ ᠤᠳᠣ ᠶᠢᠨ ᠪᠠᠶᠢᠬᠤ ᠠᠵᠤ ᠦᠢᠯᠡᠳᠪᠦᠷᠢ ᠶᠢᠨ ᠲᠦᠷᠥᠯ ᠵᠦᠢᠯ ᠢ ᠲᠦᠪᠯᠡᠷᠡᠭᠦᠯᠦᠨ ᠠᠮᠢᠳᠤᠯᠢᠬᠵᠢᠭᠤᠯᠵᠤ᠂ ᠨᠢᠭᠡ ᠪᠦᠯᠦᠭ ᠠᠵᠤ ᠦᠢᠯᠡᠳᠪᠦᠷᠢ ᠶᠢᠨ ᠴᠢᠬᠤᠯᠠ ᠶᠡᠭᠡ ᠳᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠂ ᠨᠢᠭᠡ ᠪᠦᠯᠦᠭ ᠰᠢᠨ᠎ᠠ ᠳᠦᠷᠤᠯ ᠵᠦᠢᠯ ᠢ ᠡᠬᠢᠯᠡᠭᠦᠯᠵᠦ᠂ 3 — 5 ᠵᠢᠯ ᠤᠨ ᠴᠢᠷᠮᠠᠶᠢᠯᠭ᠎ᠠ ᠪᠠᠷ ᠳᠡᠮᠵᠢᠨ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ 1000 ᠳ᠋ᠦᠩᠰᠢᠭᠤᠷ ᠲᠦᠭᠦᠷᠢᠭ ᠤᠷᠴᠢᠮ ᠰᠢᠨ᠎ᠠ ᠪᠠᠷ ᠨᠡᠮᠡᠭᠳᠡᠭᠦᠯᠵᠦ᠂ ᠤᠯᠠᠭᠠᠨᠬᠠᠳᠠ ᠶᠢᠨ ᠠᠵᠤ ᠦᠢᠯᠡᠳᠪᠦᠷᠢ ᠶᠢ ᠳᠠᠬᠢᠨ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠬᠡᠵᠦ᠂ ᠶᠦᠨ ᠲᠦᠩ 40 ᠲᠦᠮᠡᠨ ᠲᠣᠨ ᠵᠡᠰ ᠬᠠᠶᠢᠯᠤᠭᠤᠯᠬᠤ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠤᠷᠣᠭᠤᠯᠬᠤ᠂ ᠶᠢᠨ ᠵᠢᠶᠠᠨ ᠤ 40 ᠲᠦᠮᠡᠨ ᠲᠣᠨ ᠵᠡᠰ ᠬᠠᠶᠢᠯᠤᠭᠤᠯᠬᠤ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠵᠡᠰ ᠢᠶᠠᠷ ᠰᠠᠭᠤᠷᠢᠯᠠᠭᠤᠯᠤᠭᠰᠠᠨ ᠨᠠᠷᠢᠯᠢᠭ ᠭᠦᠨ ᠪᠣᠯᠪᠠᠰᠤᠷᠠᠭᠤᠯᠬᠤ ᠪᠠ ᠬᠦᠬᠦᠷ ᠬᠦᠴᠢᠯ ᠤᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠨᠢ ᠨᠡᠯᠢᠶᠡᠳ ᠶᠡᠭᠡ ᠰᠢᠪᠲᠤᠯᠤᠯᠲᠠ ᠭᠠᠷᠭᠠᠬᠤ ᠶᠢ ᠬᠦᠴᠦᠯᠡᠨ ᠠᠬᠢᠭᠤᠯᠤᠨ᠎ᠠ᠃ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠠ ᠶᠢ ᠠᠬᠢᠭᠤᠯᠵᠤ ᠲᠦᠷᠥ ᠶᠢᠨ ᠪᠣᠳᠣᠯᠭ᠎ᠠ ᠲᠣᠭᠲᠠᠭᠠᠵᠤ᠂ ᠠᠭᠤᠷᠬᠠᠢ ᠶᠢᠨ ᠠᠵᠤ ᠦᠢᠯᠡᠰ ᠤᠨ ᠡᠮᠬᠢ ᠲᠢᠭᠯᠢᠮ ᠢ ᠴᠡᠭᠴᠡᠯᠡᠵᠦ᠂ ᠠᠭᠤᠷᠬᠠᠢ ᠶᠢᠨ ᠡᠬᠢ ᠪᠠᠶᠠᠯᠢᠭ ᠢ ᠨᠢᠳᠬᠡᠨ᠂ ᠠᠭᠤᠷᠬᠠᠢ ᠶᠢᠨ ᠪᠣᠬᠢᠷᠳᠤᠯ ᠦᠭᠡᠢ ᠦᠭᠡᠷᠡᠴᠢᠯᠡᠯᠳᠠ ᠶᠢ ᠴᠢᠩᠭᠠᠳᠬᠠᠵᠤ ᠂ ᠠᠭᠤᠷᠬᠠᠢ ᠶᠢᠨ ᠠᠵᠤ ᠦᠢᠯᠡᠰ ᠤᠨ ᠠᠵᠤ ᠠᠬᠤᠢ ᠶᠢᠨ ᠪᠣᠵᠠᠭᠠᠢᠢᠷᠠᠨ ᠬᠦᠴᠦᠷᠬᠡᠭᠵᠢᠬᠦ ᠶᠢ ᠦᠨᠡᠨᠬᠦ ᠠᠬᠢᠭᠤᠯᠤᠨ᠎ᠠ᠃ ᠳ᠋ᠠ ᠲᠠᠩ ᠨᠡᠭᠦᠷᠡᠰᠦᠨ ᠰᠢᠲᠠᠮᠠᠬᠠᠢ ᠬᠡᠢ ᠶᠢᠨ ᠢᠨᠵᠧᠨᠧᠷᠢᠩ ᠤᠨ 80 ᠲᠦᠮᠡᠨ ᠲᠤᠨ ᠤ ᠮᠧᠲ᠋ᠢᠯ ᠠᠯᠺᠣᠣᠯ ᠤᠨ ᠲᠣᠬᠢᠷᠠᠭᠤᠯᠤᠯᠳᠠ ᠶᠢᠨ ᠲᠦᠷᠦᠯ ᠵᠦᠢᠯ᠂ ᡁᠢ ᠷᠦᠢ ᠤᠰᠤ ᠲᠠᠲᠠᠨ ᠡᠨᠧᠷᠭᠢ ᠨᠦᠭᠡᠴᠢᠯᠡᠬᠦ ᠴᠠᠬᠢᠯᠭᠠᠨ ᠦᠷᠲᠡᠭᠡᠨ ᠤ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠡᠨᠧᠷᠭᠢ ᠶᠢᠨ ᠠᠵᠤ ᠦᠢᠯᠡᠳᠪᠦᠷᠢ ᠶᠢᠨ ᠲᠠᠬᠢᠨ ᠳᠠᠪᠰᠢᠬᠤ ᠶᠢ ᠠᠬᠢᠭᠤᠯᠤᠨ᠎ᠠ᠃ ᠰᠢᠨ᠎ᠠ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠶᠢ ᠲᠦᠷᠭᠡᠳᠬᠡᠵᠦ᠂ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠠ ᠲᠣᠭᠲᠠᠭᠠᠵᠤ᠂ ᠲᠤᠰᠬᠠᠢ ᠬᠦᠷᠢᠶᠡᠯᠡᠩ ᠲᠣᠭᠤᠷᠢᠭ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ᠂ ᠤᠨᠳᠣᠣ ᠭᠠᠵᠠᠷ ᠨᠡᠪᠴᠢᠭᠦᠯᠦᠨ ᠤᠯᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ᠂ ᠤᠳᠣ ᠦᠶ᠎ᠠ ᠶᠢᠨ ᠡᠮ ᠡᠮᠨᠡᠯᠭᠡ᠂ ᠡᠯᠧᠺᠲᠷᠣᠨ ᠴᠢᠮᠡᠭᠡ ᠵᠠᠩᠭᠢ᠂ ᠰᠢᠨ᠎ᠠ ᠮᠠᠶ᠋ᠢᠭ ᠤᠨ ᠮᠠᠲ᠋ᠧᠷᠢᠶᠠᠯ ᠵᠡᠷᠭᠡ ᠠᠵᠤ ᠦᠢᠯᠡᠰ ᠤᠨ ᠬᠡᠪᠴᠢᠶ᠎ᠠ ᠪᠠᠨ ᠦᠷᠭᠡᠳᠬᠡᠨ᠂ ᠪᠦᠯᠦᠭᠴᠢᠯᠡᠨ ᠬᠦᠭᠵᠢᠬᠦ ᠶᠢ ᠠᠬᠢᠭᠤᠯᠤᠨ᠎ᠠ᠃ ᠰᠦᠯᠵᠢᠶ᠎ᠠ᠂ ᠬᠦᠮᠥᠨ ᠤ ᠤᠶᠤᠨ ᠴᠢᠳᠠᠪᠤᠷᠢ ᠬᠢᠭᠡᠳ ᠪᠣᠳᠠᠲᠤ ᠠᠵᠤ ᠠᠬᠤᠢ ᠶᠢ ᠭᠦᠨᠵᠡᠭᠡᠢ ᠤᠶᠠᠯᠳᠤᠭᠤᠯᠤᠨ᠂ ᠤᠯᠠᠮᠵᠢᠯᠠᠯᠲᠤ ᠠᠵᠤ ᠠᠬᠤᠢᠢᠯᠠᠯ ᠤᠨ ᠲᠣᠭᠠᠴᠢᠯᠠᠬᠤ ᠦᠭᠡᠷᠡᠴᠢᠯᠡᠯᠲᠡ ᠶᠢ ᠲᠦᠷᠭᠡᠳᠬᠡᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠤᠯᠠᠮ ᠲᠡᠭᠦᠯᠳᠡᠷᠵᠢᠭᠦᠯᠦᠨ᠂ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ ︽ᠤᠷᠣᠨ ᠠᠯᠤᠰᠯᠠᠭᠰᠠᠨ ᠠᠵᠤ ᠠᠬᠤᠢ︾ ᠶᠢᠨ ᠲᠦᠷᠥ ᠶᠢᠨ ᠪᠣᠳᠣᠯᠭ᠎ᠠ ᠶᠢᠨ ᠨᠦᠯᠥᠭᠡᠯᠡᠯ ᠢ ᠦᠷᠭᠡᠳᠬᠡᠵᠦ᠂ ᠠᠵᠤ ᠦᠢᠯᠡᠳᠪᠦᠷᠢ ᠶᠢᠨ ᠲᠦᠷᠥᠯ ᠵᠦᠢᠯ ᠢ ᠳᠡᠭᠡᠳᠦ ᠰᠢᠨ᠎ᠠ ᠮᠡᠷᠭᠡᠵᠢᠯ ᠤᠨ ᠲᠣᠭᠤᠷᠢᠭ ᠪᠠ ᠬᠤᠰᠢᠭᠤ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠳᠦᠪᠯᠡᠷᠡᠬᠦᠯᠬᠦ ᠶᠢ ᠵᠢᠯᠤᠭᠤᠳᠤᠨ᠎ᠠ᠃ ᠳᠡᠳ᠋ ᠭᠠᠷᠠᠮ ᠬᠠᠪᠢᠳᠠᠭᠰᠠᠨ ᠠᠵᠤ ᠦᠢᠯᠡᠰ ᠤᠨ ᠤᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠢᠰᠦᠯᠳᠦᠭᠰᠡᠨ ᠬᠦᠩᠭᠡᠨ ᠴᠠᠭᠠᠨ᠂ ᠯᠢᠲ᠋ᠢ ᠴᠠᠬᠢᠯᠭᠠᠨ ᠵᠠᠢ ᠶᠢᠨ ᠠᠷᠭ᠎ᠠ ᠲᠦᠢᠯ ᠤᠨ ᠮᠠᠲ᠋ᠧᠷᠢᠶᠠᠯ᠂ ᠴᠠᠬᠢᠭᠤᠷ ᠮᠠᠩᠭᠠᠨ ᠤ ᠬᠠᠶᠢᠯᠤᠰᠢ᠂ ᠲᠢᠲ᠋ᠠᠨ ᠤ ᠬᠢᠮᠢ ᠶᠢᠨ ᠦᠢᠯᠡᠳᠪᠦᠷᠢ ᠵᠡᠷᠭᠡ ᠨᠢᠭᠡ ᠪᠦᠯᠦᠭ ᠲᠣᠮᠣ ᠶᠡᠭᠡ ᠲᠦᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠠ ᠨᠡᠮᠡᠭᠳᠡᠯ ᠤᠨ ᠲᠦᠢᠯ ᠢ ᠲᠦᠷᠭᠡᠨ ᠪᠤᠶᠢᠵᠢᠭᠤᠯᠤᠨ᠎ᠠ᠃        ᠦᠢᠯᠡᠴᠢᠯᠡᠭᠡᠨ ᠤ ᠦᠢᠯᠡᠰ ᠤᠨ ᠳᠡᠰ ᠳᠠᠪᠬᠤᠷᠭ᠎ᠠ ᠳᠡᠪᠰᠢᠬᠤ ᠠᠬᠢᠴᠠ ᠶᠢ ᠦᠨᠡᠨᠬᠦ ᠠᠬᠢᠭᠤᠯᠤᠨ᠎ᠠ᠃ ᠵᠢᠭᠤᠯᠴᠢᠯᠠᠯ ᠤᠨ ᠲᠠᠯ᠎ᠠ ᠪᠠᠷ᠂ ︽ᠵᠢᠷᠭᠤᠭᠠᠨ ᠵᠢᠭᠤᠯᠴᠢᠯᠠᠯ ᠤᠨ ᠨᠡᠷᠡᠲᠦ ᠦᠵᠡᠮᠵᠢ︾ ᠲᠠᠢ ᠤᠶᠠᠯᠳᠤᠭᠤᠯᠤᠨ ᠲᠦᠷᠥᠯ ᠵᠦᠢᠯ ᠢ ᠭᠦᠨᠴᠡ ᠲᠠᠢ ᠳᠦᠯᠦᠪᠵᠢᠬᠦᠯᠵᠤ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠳᠡᠭᠡᠷ᠎ᠠ ᠰᠢᠨ᠎ᠠ ᠶᠢ ᠡᠭᠦᠳᠴᠦ᠂ ᠵᠢᠭᠤᠯᠴᠢᠯᠠᠯ ᠤᠨ ᠡᠬᠢ ᠪᠠᠶᠠᠯᠢᠭ ᠢ ᠨᠢᠳᠬᠡᠬᠦ᠂ ᠨᠡᠶᠢᠯᠡᠭᠦᠯᠬᠦ ᠪᠠ ᠲᠠᠬᠢᠨ ᠵᠣᠬᠢᠶᠠᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠪᠠ ᠲᠦᠬᠦᠷ ᠦᠢᠯᠡᠴᠢᠯᠡᠭᠡᠨ ᠤ ᠰᠢᠰᠲ᠋ᠧᠮ ᠢ ᠴᠢᠨᠠᠭᠰᠢᠲᠠ ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠵᠢᠭᠤᠯᠴᠢᠯᠠᠯ ᠤᠨ ᠡᠬᠢ ᠪᠠᠶᠠᠯᠢᠭ ᠢ ᠵᠢᠭᠤᠯᠴᠢᠯᠠᠯ ᠤᠨ ᠦᠢᠯᠡᠳᠬᠡᠭᠦᠨ ᠪᠣᠯᠭᠠᠬᠤ ᠶᠢ ᠠᠬᠢᠭᠤᠯᠵᠤ᠂ ᠲᠦᠬᠦᠷᠵᠢᠭᠦᠯᠡᠨ ᠲᠡᠭᠦᠯᠳᠡᠷᠵᠢᠭᠦᠯᠬᠦ ᠪᠠᠷ ᠵᠢᠭᠤᠯᠴᠢᠯᠠᠯ ᠤᠨ ᠦᠢᠯᠡᠳᠬᠡᠭᠦᠨ ᠢ ᠵᠢᠭᠤᠯᠴᠢᠯᠠᠯ ᠤᠨ ᠠᠵᠦ ᠦᠢᠯᠡᠰ ᠲᠠᠢ ᠬᠡᠯᠬᠢᠶᠡᠵᠢᠬᠦᠯᠬᠦ ᠶᠢ ᠠᠬᠢᠭᠤᠯᠤᠨ᠎ᠠ᠂ ᠬᠠᠰ ᠯᠤᠤ ᠡᠯᠡᠰᠦᠨ ᠨᠠᠭᠤᠷ ᠢ ᠤᠯᠤᠰ ᠤᠨ 5A ᠳᠡᠰ ᠤᠨ ᠦᠵᠡᠮᠵᠢ ᠶᠢᠨ ᠤᠷᠣᠨ ᠪᠣᠯᠭᠠᠬᠤ ᠶᠢ ᠠᠬᠢᠭᠤᠯᠤᠨ᠎ᠠ᠃ ᠭᠠᠳᠠᠷ ᠤᠷᠣᠨ ᠤ ᠲᠣᠷᠰᠢᠯᠭ᠎ᠠ ᠶᠢ ᠲᠣᠯᠢᠳᠠᠨ᠂ ᠪᠦᠬᠦ ᠬᠤᠲᠠ ᠶᠢᠨ ᠵᠢᠭᠤᠯᠴᠢᠯᠠᠯ ᠤᠨ ᠬᠦᠭᠵᠢᠯᠲᠡ ᠶᠢᠨ ᠶᠡᠭᠡ ᠬᠤᠷᠠᠯ ᠡᠷᠬᠢᠯᠡᠵᠦ᠂ ᠬᠤᠷᠡᠯ ᠢᠶᠠᠷ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠬᠤᠷᠠᠯ ᠢᠶᠠᠷ ᠨᠡᠭᠡᠭᠡᠯᠲᠡ ᠶᠢ ᠠᠬᠢᠭᠤᠯᠵᠤ᠂ ᠪᠦᠬᠦ ᠬᠤᠲᠠ ᠶᠢᠨ ᠵᠢᠭᠤᠯᠴᠢᠯᠠᠯ ᠤᠨ ᠬᠦᠭᠵᠢᠯᠲᠡ ᠶᠢᠨ ᠰᠢᠨ᠎ᠠ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠠ᠃ ᠪᠦᠬᠦ ᠵᠢᠯ ᠳᠤ ᠵᠤᠭᠠᠴᠠᠭᠰᠠᠳ ᠢ 2100 ᠬᠦᠮᠥᠨ ᠤᠳᠠᠭ᠎ᠠ ᠠᠴᠠ ᠳᠡᠭᠡᠭᠰᠢ ᠬᠦᠯᠢᠶᠡᠨ ᠠᠪᠴᠤ᠂ ᠵᠢᠭᠤᠯᠴᠢᠯᠠᠯ ᠤᠨ ᠤᠷᠣᠯᠭ᠎ᠠ ᠶᠢ 350 ᠳ᠋ᠦᠩᠰᠢᠭᠤᠷ ᠲᠦᠭᠦᠷᠢᠭ ᠠᠴᠠ ᠳᠡᠭᠡᠭᠰᠢ ᠳᠤ ᠬᠦᠷᠭᠡᠨ᠎ᠠ᠃ ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠲᠠᠯ᠎ᠠ ᠪᠠᠷ᠂ ᠮᠠᠨ ᠤ ᠬᠤᠲᠠ ᠨᠢ ︽ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠬᠦᠢᠰᠦ ᠪᠠᠶᠢᠷᠢᠯᠠᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠲᠦᠯᠥᠪᠵᠢᠭᠦᠯᠭᠡ︾ ᠳᠤ ᠤᠷᠣᠭᠰᠠᠨ ᠠᠰᠢᠭᠲᠠᠢ ᠲᠣᠬᠢᠶᠠᠯ ᠢ ᠠᠮᠵᠢᠨ᠂ ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠤᠣᠯ ᠬᠦᠢᠰᠦ ᠠᠴᠢᠶᠠᠯᠠᠪᠤᠷᠢ ᠬᠤᠲᠠ ᠶᠢ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠠ᠃ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠭᠵᠢᠯᠲᠡ ᠶᠢᠨ ᠦᠭᠦᠯᠡᠯ ᠤᠨ ᠲᠠᠪᠴᠠᠩ ᠵᠢᠴᠢ ᠠᠷᠠᠯᠵᠢᠶᠠᠴᠢᠨ ᠤᠷᠢᠬᠤ ᠶᠡᠭᠡ ᠬᠤᠷᠠᠯ ᠢ ᠡᠷᠬᠢᠯᠡᠵᠦ᠂ ᠤᠳᠣ ᠦᠶ᠎ᠠ ᠶᠢᠨ ᠪᠠᠷᠠᠭ᠎ᠠ ᠶᠢᠨ ᠭᠦᠢᠯᠭᠡᠭᠡᠨ ᠤ ᠬᠦᠭᠵᠢᠯᠲᠡ ᠶᠢ ᠲᠦᠷᠭᠡᠳᠬᠡᠬᠦ ᠳᠤ ᠬᠡᠷᠡᠭᠵᠢᠭᠦᠯᠬᠦ ᠰᠠᠨᠠᠯ ᠵᠢᠴᠢ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢ ᠲᠣᠭᠲᠠᠭᠠᠵᠤ᠂ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠷᠠᠭ᠎ᠠ ᠶᠢᠨ ᠭᠦᠢᠯᠭᠡᠭᠡᠨ ᠤ ᠤᠭ ᠦᠷᠲᠡᠭ ᠢ ᠪᠠᠭᠤᠷᠠᠭᠤᠯᠵᠤ᠂ ᠪᠠᠷᠠᠭ᠎ᠠ ᠶᠢᠨ ᠭᠦᠢᠯᠭᠡᠭᠡᠨ ᠤ ᠦᠷ᠎ᠠ ᠠᠰᠢᠭ ᠢ ᠳᠡᠭᠡᠭᠰᠢᠯᠡᠭᠦᠯᠵᠦ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠦᠢᠯᠡᠴᠢᠯᠡᠭᠡᠨ ᠤ ᠴᠢᠳᠠᠪᠤᠷᠢ ᠪᠠ ᠲᠤᠰ ᠪᠡᠶ᠎ᠠ ᠶᠢᠨ ᠦᠷᠢᠰᠦᠯᠳᠦᠬᠦ ᠬᠦᠴᠦᠨ ᠢ ᠪᠦᠬᠦᠯᠢ ᠴᠤᠭᠴᠠ ᠪᠠᠷ ᠨᠢ ᠨᠡᠮᠡᠭᠳᠡᠭᠦᠯᠵᠦ᠂ ᠬᠦᠷᠰᠢ ᠵᠡᠷᠭᠡᠯᠡᠳᠡᠭᠡ ᠭᠠᠵᠠᠷ ᠤᠷᠣᠨ ᠳᠠᠬᠢ ᠨᠦᠯᠥᠭᠡᠯᠡᠯ ᠪᠠ ᠳᠠᠶᠢᠴᠢᠯᠠᠯ ᠢ ᠤᠯᠠᠮ ᠴᠢᠨᠠᠭᠰᠢᠲᠠ ᠴᠢᠩᠭᠠᠳᠬᠠᠨ᠎ᠠ︔ ᠤᠯᠠᠭᠠᠨᠬᠠᠳᠠ ᠶᠢᠨ ᠤᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠭᠠᠷᠠᠮ ᠢ ᠡᠬᠢᠯᠡᠨ ᠪᠦᠲᠦᠭᠡᠨ ᠪᠠᠶᠢᠭᠤᠯᠵᠤ᠂ ᠤᠯᠠᠭᠠᠨᠬᠠᠳᠠ ᠮᠠᠨᠵᠤᠤᠷ ᠡᠧᠦ᠋ᠷᠤᠫᠠ ᠶᠢᠨ ᠤᠯᠠᠨ ᠤᠯᠤᠰ ᠤᠨ ᠡᠭᠡᠯᠵᠢ ᠶᠢᠨ ᠭᠠᠯᠲᠤ ᠲᠡᠷᠭᠡ ᠶᠢ ᠬᠡᠪ ᠤᠨ ᠪᠣᠯᠭᠠᠬᠤ ᠶᠢ ᠠᠬᠢᠭᠤᠯᠤᠨ ᠂ ᠲᠡᠮᠦᠷ ᠵᠠᠮ ᠤᠨ ᠪᠣᠭᠤᠮᠲᠠ ᠶᠢ ᠴᠢᠯᠦᠭᠡᠲᠡᠢ ᠪᠣᠯᠭᠠᠬᠤ ᠶᠢ ᠠᠯᠢ ᠲᠦᠷᠭᠡᠨ ᠪᠡᠶᠡᠯᠡᠭᠦᠯᠵᠦ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠣᠨ ᠨᠢ ᠤᠯᠤᠰ ᠤᠨ ᠵᠦᠪᠰᠢᠶᠡᠷᠡᠯ ᠢ ᠤᠯᠬᠤ ᠪᠠᠷ ᠴᠢᠷᠮᠠᠶᠢᠨ᠎ᠠ︔ ᠸᠧᠺᠲ᠋ᠣᠷᠢᠶ᠎ᠠ ᠮᠦᠸᠧ ᠡᠯ ᠲᠠᠯᠠᠪᠤᠷ᠂ ᠬᠦᠭᠦᠷᠭᠡᠨ ᠠᠷᠤ ᠳᠠᠬᠢ ᠰᠢᠨ᠎ᠠ ᠵᠦᠩ ᠯᠢᠶᠠᠨ ᠵᠡᠷᠭᠡ ᠴᠢᠬᠤᠯᠠ ᠶᠡᠭᠡ ᠬᠤᠳᠠᠯᠳᠤᠭᠠᠨ ᠤ ᠲᠦᠷᠥᠯ ᠵᠦᠢᠯ ᠡᠵᠡᠩᠨᠡᠯᠲᠡ ᠡᠬᠢᠯᠡᠬᠦ ᠶᠢ ᠠᠬᠢᠭᠤᠯᠵᠤ᠂ ᠳ᠋ᠠ ᠹᠦ᠋ ᠵᠠᠬ᠎ᠠ ᠳᠡᠯᠭᠡᠭᠦᠷ᠂ ᠴᠢᠶᠠᠨ ᠰᠢ ᠵᠠᠬ᠎ᠠ ᠳᠡᠯᠭᠡᠭᠦᠷ ᠬᠤᠲᠠ ᠠᠴᠠ ᠭᠠᠷᠴᠤ ᠬᠦᠷᠢᠶᠡᠯᠡᠩ ᠲᠣᠭᠤᠷᠢᠭ ᠲᠤ ᠤᠷᠣᠬᠤ ᠶᠢ ᠪᠡᠶᠡᠯᠡᠭᠦᠯᠵᠦ᠂ ᠤᠯᠠᠭᠠᠨᠬᠠᠳᠠ ᠶᠢᠨ ᠬᠤᠷᠳᠤᠨ ᠲᠡᠮᠦᠷ ᠵᠠᠮ ᠤᠨ ᠦᠷᠲᠡᠭᠡᠨ ᠤ ᠬᠠᠪᠢ ᠶᠢᠨ ᠰᠣᠳᠣᠨ ᠬᠤᠳᠠᠯᠳᠤᠭᠠᠨ ᠤ ᠲᠣᠭᠤᠷᠢᠭ᠂ ᠬᠦᠭᠦᠷᠭᠡᠨ ᠠᠷᠤ ᠳᠠᠬᠢ ᠰᠢᠨ᠎ᠠ ᠬᠤᠲᠠ ᠶᠢᠨ ᠬᠤᠳᠠᠯᠳᠤᠭᠠᠨ ᠤ ᠬᠠᠮ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠪᠥᠷ ᠮᠣᠩᠭᠤᠯ ᠤᠨ ᠵᠡᠭᠦᠨ ᠬᠡᠰᠡᠭ ᠤᠨ ᠡᠮ ᠡᠮᠨᠡᠯᠭᠡ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠬᠦᠭᠵᠢᠭᠦᠯᠦᠨ ᠪᠣᠵᠠᠭᠠᠢᠢᠷᠠᠭᠤᠯᠤᠨ᠎ᠠ︔ ᠦᠨᠳᠦᠰᠦᠨ ᠱᠠᠲᠤᠨ ᠤ ᠬᠠᠩᠭᠠᠨ ᠪᠣᠷᠤᠯᠠᠭᠤᠯᠭ᠎ᠠ ᠶᠢᠨ ᠬᠤᠷᠰᠢᠶ᠎ᠠ ᠶᠢ ᠦᠭᠡᠷᠡᠴᠢᠯᠡᠨ ᠳᠡᠰ ᠳᠡᠪᠰᠢᠭᠦᠯᠬᠦ ᠢᠨᠵᠧᠨᠧᠷᠢᠩ ᠢ ᠬᠦᠴᠦᠯᠡᠨ ᠬᠡᠷᠡᠭᠵᠢᠬᠦᠯᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠰᠦᠯᠵᠢᠶᠠᠨ ᠤ ᠭᠠᠳᠠᠨ᠎ᠠ ᠳᠤᠳᠤᠨ᠎ᠠ ᠤᠶᠠᠯᠳᠤᠨ ᠬᠦᠭᠵᠢᠬᠦ ᠶᠢ ᠠᠬᠢᠭᠤᠯᠤᠨ᠂ ᠤᠯᠤᠰ ᠤᠨ ᠳᠡᠰ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠡᠷᠦᠩᠬᠡᠶᠢᠯᠡᠭᠰᠡᠨ ᠲᠣᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠠ᠃ ᠠᠮᠤ ᠪᠤᠳᠠᠭ᠎ᠠ ᠶᠢᠨ ᠠᠮᠤᠷ ᠲᠦᠪᠰᠢᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠮᠦᠩᠭᠦᠨ ᠭᠦᠢᠯᠭᠡᠭᠡᠨ ᠤ ᠲᠠᠯ᠎ᠠ ᠪᠠᠷ᠂ ᠮᠦᠩᠭᠦᠨ ᠭᠦᠢᠯᠭᠡᠭᠡᠨ ᠤ ᠤᠷᠴᠢᠨ ᠲᠣᠭᠤᠷᠢᠨ ᠢ ᠤᠯᠠᠮ ᠴᠢᠨᠠᠭᠰᠢᠲᠠ ᠰᠢᠯᠢᠳᠡᠭᠵᠢᠭᠦᠯᠵᠦ᠂ ᠮᠦᠩᠭᠦᠨ ᠭᠦᠢᠯᠭᠡᠭᠡᠨ ᠤ ᠬᠡᠪ ᠪᠠᠶᠢᠳᠠᠯ ᠢ ᠪᠠᠶᠠᠯᠢᠬᠵᠢᠭᠤᠯᠵᠤ ᠂ ᠦᠢᠯᠡᠴᠢᠯᠡᠭᠡᠨ ᠤ ᠰᠢᠨ᠎ᠠ ᠬᠡᠯᠪᠡᠷᠢ ᠮᠠᠶ᠋ᠢᠭ ᠢ ᠡᠭᠦᠳᠴᠦ᠂ ᠦᠢᠯᠡᠴᠢᠯᠡᠭᠡᠨ ᠤ ᠪᠣᠳᠠᠲᠤ ᠠᠵᠤ ᠠᠬᠤᠢ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠠ᠂ ᠤᠮᠠᠷᠠᠲᠤ ᠶᠢᠨ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠡᠩ ᠤᠯᠠᠨ ᠮᠦᠩᠭᠦᠨ ᠭᠦᠢᠯᠭᠡᠭᠡᠨ᠂ ᠮᠦᠩᠭᠦᠨ ᠭᠦᠢᠯᠭᠡᠭᠡᠨ ᠲᠠᠢ ᠠᠳᠠᠯᠢ ᠲᠦᠷᠥᠯ ᠤᠨ ᠪᠠᠶᠢᠭᠤᠯᠤᠮᠵᠢ ᠶᠢ ᠢᠷᠡᠵᠤ ᠰᠠᠭᠤᠷᠢᠰᠢᠭᠤᠯᠵᠤ᠂ ᠡᠨᠡ ᠬᠡᠰᠡᠭ ᠭᠠᠵᠠᠷ ᠲᠠᠬᠢ ᠮᠦᠩᠭᠦᠨ ᠭᠦᠢᠯᠭᠡᠭᠡᠨ ᠤ ᠬᠦᠭᠵᠢᠯᠲᠡ ᠶᠢᠨ ︽ᠲᠣᠷᠰᠢᠯᠲᠠ ᠶᠢᠨ ᠲᠠᠷᠢᠶ᠎ᠠ︾ ᠶᠢ ᠰᠠᠶᠢᠲᠤᠷ ᠲᠠᠷᠢᠨ᠎ᠠ︔ ︽ᠠᠵᠤ ᠠᠬᠤᠢᠢᠯᠠᠯ ᠤᠨ ᠫᠠᠶᠢᠰᠠ ᠡᠯᠭᠦᠨ ᠰᠲ᠋ᠣᠺ ᠤᠨ ᠵᠠᠬ᠎ᠠ ᠳᠤ ᠭᠠᠷᠬᠤ ᠳᠦᠷᠪᠡᠨ ᠵᠢᠯ ᠤᠨ ᠠᠵᠢᠯᠯᠠᠭᠠᠨ ᠤ ᠲᠦᠯᠥᠪᠯᠡᠭᠡ︾ ᠶᠢ ᠦᠷᠬᠦᠯᠵᠢᠯᠡᠨ ᠠᠬᠢᠭᠤᠯᠵᠤ᠂ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠬᠤᠪᠢ ᠤᠷᠤᠭᠰᠠᠨ ᠳᠦᠷᠢᠮᠲᠦ ᠪᠣᠯᠭᠠᠨ ᠦᠭᠡᠷᠡᠴᠢᠯᠡᠬᠦ ᠲᠦᠪᠯᠡᠷᠡᠭᠰᠡᠨ ᠠᠵᠢᠯᠯᠠᠭᠠᠨ ᠢ ᠭᠤᠣᠯᠳᠠᠯᠭᠠᠲᠠᠢ ᠨᠠᠶᠢᠳᠠᠪᠤᠷᠢᠵᠢᠭᠤᠯᠤᠨ᠎ᠠ᠃ ᠰᠤᠷᠭᠠᠨ ᠬᠦᠮᠥᠵᠢᠯ᠂ ᠬᠡᠦᠬᠡᠳ ᠠᠰᠠᠷᠠᠬᠤ᠂ ᠨᠠᠰᠤᠵᠢᠯ᠂ ᠡᠮ ᠡᠮᠨᠡᠯᠭᠡ ᠂ ᠰᠣᠶᠣᠯ ᠵᠡᠷᠭᠡ ᠰᠢᠨ᠎ᠠ ᠬᠡᠯᠪᠡᠷᠢ ᠶᠢᠨ ᠦᠢᠯᠡᠴᠢᠯᠡᠭᠡᠨ ᠢ ᠢᠳᠡᠪᠬᠢᠲᠠᠢ ᠪᠤᠶᠢᠵᠢᠭᠤᠯᠵᠤ᠂ ᠨᠡᠩ ᠤᠯᠠᠨ ᠬᠡᠷᠡᠭᠯᠡᠭᠡᠨ ᠤ ᠠᠷᠭ᠎ᠠ ᠵᠠᠮ ᠢ ᠦᠷᠭᠡᠳᠬᠡᠵᠦ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠠ ᠠᠵᠤ ᠠᠬᠤᠢ ᠶᠢᠨ ᠨᠡᠮᠡᠭᠳᠡᠯ ᠢ ᠠᠬᠢᠭᠤᠯᠤᠨ᠎ᠠ᠃        ︵ᠭᠤᠷᠪᠠ︶ ᠬᠦᠳᠡᠭᠡ ᠲᠣᠰᠬᠤᠨ ᠢ  ᠰᠡᠷᠭᠦᠭᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠭᠤᠷᠪᠠᠨ ᠲᠠᠷᠢᠶᠠᠯᠠᠩ ᠭᠤᠷᠪᠠᠨ ᠮᠠᠯᠵᠢᠯ︾ ᠤᠨ ᠠᠵᠢᠯ ᠤᠨ ᠰᠢᠨ᠎ᠠ ᠪᠠᠶᠢᠳᠠᠯ ᠢ ᠡᠭᠦᠳᠦᠨ᠎ᠠ        ᠲᠦᠯᠥᠪᠵᠢᠭᠦᠯᠦᠨ ᠳᠠᠭᠠᠭᠤᠯᠬᠤ ᠶᠢ ᠪᠠᠷᠢᠮᠲᠠᠯᠠᠵᠤ᠂ ᠴᠢᠷᠮᠠᠶᠢᠬᠤ ᠴᠢᠭᠯᠡᠯ ᠢᠶᠠᠨ ᠲᠣᠳᠤᠷᠬᠠᠢᠢᠯᠠᠨ᠎ᠠ᠃ ︽ᠤᠯᠠᠭᠠᠨᠬᠠᠳᠠ ᠬᠤᠲᠠ ᠶᠢᠨ ᠬᠦᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠳᠤᠬᠠᠢ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠰᠠᠨᠠᠯ︾ ᠪᠣᠯᠣᠨ ︽ᠪᠦᠬᠦ ᠬᠤᠲᠠ ᠶᠢᠨ ᠬᠦᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠦᠯᠥᠪᠵᠢᠭᠦᠯᠭᠡ ︵2018 — 2022︶︾ ᠪᠠᠷ ᠳᠠᠭᠠᠭᠤᠯᠭ᠎ᠠ ᠪᠣᠯᠭᠠᠵᠤ᠂ ︽ᠠᠵᠤ ᠦᠢᠯᠡᠰ ᠨᠢ ᠬᠦᠭᠵᠢᠩᠭᠦᠢ᠂ ᠠᠮᠢ ᠠᠬᠤᠢ ᠨᠢ ᠲᠣᠬᠢᠯᠢᠭ᠂ ᠰᠤᠷᠲᠠᠯ ᠲᠠᠳᠬᠠᠯ ᠨᠢ ᠪᠣᠯᠪᠠᠰᠤᠨ᠂ ᠵᠠᠰᠠᠨ ᠴᠡᠭᠴᠡᠯᠡᠯᠲᠡ ᠨᠢ ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ︾ 20 ᠦᠰᠦᠭ ᠤᠨ ᠴᠢᠭᠯᠡᠯᠲᠡ ᠲᠠᠢ ᠨᠢᠭᠲᠠ ᠤᠶᠠᠯᠳᠤᠨ᠂ ᠡᠯ᠎ᠠ ᠭᠠᠵᠠᠷ ᠢ ᠵᠢᠯᠣᠭᠤᠳᠣᠨ ᠤᠷᠣᠨ ᠭᠠᠵᠠᠷ ᠲᠠᠭᠠᠨ ᠲᠣᠬᠢᠷᠠᠭᠤᠯᠤᠨ ᠪᠣᠳᠠᠲᠠᠢ ᠲᠦᠯᠥᠪᠯᠡᠭᠡ ᠲᠣᠭᠲᠠᠭᠠᠨ᠎ᠠ᠃ ᠭᠠᠵᠠᠷ ᠤᠷᠣᠨ ᠬᠤᠪᠢᠶᠠᠨ᠂ ᠰᠠᠯᠠᠭ᠎ᠠ ᠮᠦᠴᠢᠷ ᠬᠤᠪᠢᠶᠠᠵᠤ ᠠᠵᠢᠯ ᠤᠨ ᠭᠤᠣᠯᠳᠠᠯᠭ᠎ᠠ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠦᠷᠢᠶ᠎ᠠ ᠬᠡᠪᠴᠢᠶ᠎ᠠ ᠬᠤᠪᠢᠶᠠᠨ ᠲᠤᠰᠬᠠᠢ ᠵᠦᠢᠯ ᠤᠨ ᠬᠡᠷᠡᠭᠵᠢᠭᠦᠯᠬᠦ ᠲᠦᠰᠥᠯ ᠲᠣᠭᠲᠠᠭᠠᠵᠤ᠂ ᠵᠢᠯ ᠤᠨ ᠴᠢᠬᠤᠯᠠ ᠶᠡᠭᠡ ᠲᠦᠯᠥᠪᠯᠡᠭᠡ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠦᠷᠥᠯ ᠵᠦᠢᠯ ᠤᠨ ᠴᠠᠭ ᠬᠤᠭᠤᠴᠠᠭᠠᠨ ᠤ ᠬᠦᠰᠦᠨᠦᠭ᠂ ᠵᠠᠮ ᠱᠤᠭᠤᠮ ᠤᠨ ᠵᠢᠷᠤᠭ ᠢ ᠲᠣᠳᠤᠷᠬᠠᠢᠢᠯᠠᠵᠤ᠂ ᠡᠯ᠎ᠠ ᠵᠦᠢᠯ ᠤᠨ ᠠᠵᠢᠯ ᠤᠨ ᠬᠠᠷᠠᠯᠲᠠ ᠲᠠᠢ᠂ ᠡᠮᠬᠢ ᠳᠠᠷᠠᠭᠠᠯᠠᠯ ᠲᠠᠢ ᠪᠠᠶᠢᠬᠤ ᠶᠢ ᠪᠠᠲᠤᠯᠠᠨ᠎ᠠ᠃        ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠵᠠᠩᠬᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠎ᠠ᠃ ᠤᠨᠴᠠᠯᠢᠭ ᠢ ᠲᠣᠪᠤᠶᠢᠯᠭᠠᠨ᠂ ᠲᠦᠪᠯᠡᠷᠡᠭᠦᠯᠦᠨ ᠪᠠᠶᠢᠷᠢᠰᠢᠭᠤᠯᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠶᠢᠵᠢᠭᠤᠯᠵᠤ᠂ ᠬᠦᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠪᠠᠳᠤᠲᠠᠢ ᠲᠠᠯᠪᠢᠨ᠎ᠠ᠃ ︽ᠬᠦᠳᠡᠭᠡ ᠶᠢᠨ ᠵᠠᠮ ᠤᠨ ᠳᠦᠷᠪᠡᠨ ᠰᠠᠶᠢᠲᠤᠷ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ ︽ᠰᠦᠯᠵᠢᠶ᠎ᠠ ᠬᠦᠳᠡᠭᠡ ᠨᠡᠪᠲᠡᠷᠡᠬᠦ︾ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠠᠬᠢᠯᠭᠠᠨ ᠴᠢᠮᠡᠭᠡ ᠶᠢᠨ ᠨᠡᠶᠢᠳᠡᠮ ᠦᠢᠯᠡᠴᠢᠯᠡᠭᠡᠨ ᠤ 4G ᠶᠢᠨ ᠰᠠᠭᠤᠷᠢ ᠦᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠭ ᠢ ᠭᠦᠨᠵᠡᠭᠡᠢ ᠠᠬᠢᠭᠤᠯᠵᠤ᠂ ᠬᠦᠳᠡᠭᠡ ᠲᠣᠰᠬᠤᠨ ᠮᠠᠯᠵᠢᠬᠤ ᠤᠷᠣᠨ ᠤ ᠦᠨᠳᠦᠰᠦᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠵᠣᠷᠯᠣᠩ ᠢ ᠦᠭᠡᠷᠡᠴᠢᠯᠡᠨ ᠪᠠᠶᠢᠭᠤᠯᠬᠤ ᠵᠡᠷᠭᠡ ᠢᠨᠵᠧᠨᠧᠷᠢᠩ ᠢ ᠭᠤᠣᠯᠳᠠᠯᠭᠠᠲᠠᠢ ᠠᠬᠢᠭᠤᠯᠵᠤ᠂ ᠬᠦᠳᠡᠭᠡ ᠲᠣᠰᠬᠤᠨ ᠮᠠᠯᠵᠢᠬᠤ ᠤᠷᠣᠨ ᠤ ᠤᠷᠣᠰᠢᠨ ᠰᠠᠭᠤᠷᠢᠰᠢᠬᠤ ᠤᠷᠴᠢᠨ ᠲᠣᠭᠤᠷᠢᠨ ᠤ ᠶᠡᠷᠥᠩᠬᠡᠶᠢᠯᠡᠭᠰᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠨᠤᠲᠤᠭ ᠤᠨ ᠮᠡᠷᠭᠡᠳ ᠤᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠦᠳᠡᠭᠡ ᠲᠣᠰᠬᠤᠨ ᠮᠠᠯᠵᠢᠬᠤ ᠤᠷᠣᠨ ᠤ ᠨᠡᠶᠢᠭᠡᠮ ᠤᠨ ᠠᠮᠤᠷ ᠲᠦᠪᠰᠢᠨ ᠤ ᠶᠡᠷᠥᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ᠂ ᠦᠪᠡᠷᠲᠡᠭᠡᠨ ᠵᠠᠰᠠᠬᠤ ᠶᠢ ᠤᠶᠠᠯᠳᠤᠭᠤᠯᠤᠭᠰᠠᠨ ᠵᠠᠰᠠᠨ ᠰᠠᠶᠢᠵᠢᠷᠠᠭᠤᠯᠬᠤ ᠰᠢᠰᠲ᠋ᠧᠮ ᠢ ᠴᠢᠨᠠᠭᠰᠢᠲᠠ ᠲᠡᠭᠦᠯᠳᠡᠷᠵᠢᠭᠦᠯᠦᠨ᠂ ︽ᠨᠢᠭᠡ ᠲᠣᠰᠬᠤᠨ ᠨᠢᠭᠡ ᠴᠠᠭᠳᠠᠭᠠᠨ ᠶᠠᠪᠤᠳᠠᠯ ᠤᠨ ᠲᠤᠰᠠᠯᠠᠭᠴᠢ︾ ᠪᠠᠶᠢᠬᠤ ᠬᠡᠯᠪᠡᠷᠢ ᠶᠢ ᠳᠡᠯᠭᠡᠷᠡᠭᠦᠯᠵᠦ᠂ ᠬᠦᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠰᠢᠨ᠎ᠠ ᠡᠭᠦᠳᠦᠯᠲᠡ ᠶᠢ ᠴᠢᠩᠭᠠᠳᠬᠠᠨ᠎ᠠ᠃        ᠵᠢᠱᠢᠶ᠎ᠠ ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠵᠤ᠂ ᠬᠠᠶᠢᠨ ᠰᠦᠪᠡᠭᠴᠢᠯᠡᠵᠦ ᠰᠢᠨ᠎ᠠ ᠶᠢ ᠡᠭᠦᠳᠬᠦ ᠶᠢ ᠴᠢᠩᠭᠠᠳᠬᠠᠨ᠎ᠠ᠃ ᠲᠦᠷᠥᠯ ᠵᠦᠢᠯ ᠤᠨ ᠪᠠᠯᠠ ᠮᠦᠩᠭᠦ ᠶᠢ ᠦᠷᠭᠦᠯᠵᠢᠯᠡᠨ ᠡᠮᠬᠢᠯᠡᠨ ᠨᠡᠶᠢᠯᠡᠭᠦᠯᠵᠦ ᠲᠦᠪᠯᠡᠷᠡᠭᠦᠯᠦᠨ ᠪᠡᠯᠡ ᠤᠷᠣᠭᠤᠯᠵᠤ᠂ 7 ᠬᠤᠰᠢᠭᠤ ᠰᠢᠶᠠᠨ ᠲᠣᠭᠤᠷᠢᠭ ᠤᠨ ᠲᠤᠷᠰᠢᠯᠲᠠ ᠶᠢᠨ ᠵᠢᠱᠢᠶ᠎ᠠ ᠦᠵᠡᠭᠦᠯᠬᠦ ᠪᠦᠰᠡ ᠪᠠᠶᠢᠭᠤᠯᠬᠤ ᠶᠢ ᠲᠡᠮᠵᠢᠵᠦ᠂ ᠪᠤᠰᠤᠳ ᠬᠤᠰᠢᠭᠤ ᠰᠢᠶᠠᠨ ᠤ ᠲᠤᠷᠰᠢᠯᠲᠠ ᠶᠢᠨ ᠵᠢᠱᠢᠶ᠎ᠠ ᠦᠵᠡᠭᠦᠯᠬᠦ ᠴᠡᠭ ᠪᠠᠶᠢᠭᠤᠯᠬᠤ ᠶᠢ ᠳᠡᠮᠵᠢᠵᠦ᠂ ᠠᠯᠬᠤᠮ ᠠᠯᠬᠤᠮ ᠢᠶᠠᠷ ᠦᠷᠭᠡᠳᠬᠡᠵᠦ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠦᠷ᠎ᠠ ᠠᠰᠢᠭ ᠢ ᠳᠡᠭᠡᠭᠰᠢᠯᠡᠭᠦᠯᠦᠨ᠎ᠠ᠃ ᠵᠢᠯ ᠤᠨ ᠳᠣᠲᠣᠷ᠎ᠠ 78.3 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠨᠢᠳᠬᠡᠨ ᠤᠷᠤᠭᠤᠯᠬᠤ ᠪᠠᠷ ᠲᠦᠯᠥᠪᠯᠡᠵᠦ᠂ 194 ᠭᠤᠣᠯᠳᠠᠯᠭᠠᠲᠠᠢ ᠲᠦᠷᠥᠯ ᠵᠦᠢᠯ ᠢ ᠬᠡᠷᠡᠭᠵᠢᠭᠦᠯᠦᠨ᠂ ᠠᠳᠠᠯᠢ ᠪᠤᠰᠤ ᠭᠠᠵᠠᠷ ᠤᠷᠣᠨ᠂ ᠠᠳᠠᠯᠢ ᠪᠤᠰᠤ ᠤᠷᠣᠨ ᠬᠡᠴᠡ ᠶᠢᠨ ᠬᠦᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠬᠡᠪ ᠵᠠᠭᠪᠤᠷ ᠠᠷᠭ᠎ᠠ ᠵᠠᠮ ᠢ ᠰᠦᠪᠡᠭᠴᠢᠯᠡᠨ ᠬᠤᠷᠠᠮᠳᠤᠭᠤᠯᠤᠨ᠎ᠠ᠃        ︵ᠳᠦᠷᠪᠡ︶ ᠬᠤᠳᠠ ᠶᠢᠨ ᠪᠦᠳᠦᠭᠡᠠ ᠪᠠᠶᠢᠭᠤᠯᠤᠯᠲᠠ ᠪᠠ ᠬᠠᠮᠢᠶᠠᠷᠤᠯᠲᠠ ᠶᠢ ᠶᠡᠬᠡᠪᠡᠷ ᠴᠢᠩᠭᠠᠳᠬᠠᠵᠤ᠂ ᠬᠤᠲᠠ ᠪᠠᠯᠭᠠᠰᠤᠨ ᠤ ᠰᠠᠭᠤᠷᠢᠰᠢᠬᠤ ᠳᠤ ᠲᠤᠬᠢᠷᠠᠬᠤ ᠲᠦᠪᠰᠢᠨ ᠢ ᠳᠡᠭᠡᠭᠰᠢᠯᠡᠭᠦᠯᠦᠨ᠎ᠠ        ᠭᠤᠣᠯ ᠬᠤᠲᠠ ᠲᠣᠭᠤᠷᠢᠭ ᠤᠨ ᠳᠠᠭᠠᠭᠠᠴᠠ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠠ᠃ ᠰᠠᠭᠤᠷᠢ ᠲᠣᠨᠤᠭ ᠲᠦᠬᠦᠭᠡᠷᠦᠮᠵᠢ ᠶᠢᠨ ᠪᠠᠭᠤᠷᠠᠢ ᠲᠠᠯ᠎ᠠ ᠶᠢ ᠨᠦᠬᠦᠪᠦᠷᠢᠯᠡᠬᠦ ᠬᠦᠴᠦᠯᠡᠴᠡ ᠪᠠᠨ ᠴᠢᠩᠳᠠᠯᠠᠵᠤ᠂ ᠳᠤᠮᠳᠠ ᠲᠣᠭᠤᠷᠢᠮ ᠵᠠᠮ ᠤᠨ ᠬᠤᠷᠳᠤᠴᠠ ᠶᠢ ᠳᠡᠭᠡᠭᠰᠢᠯᠡᠭᠦᠯᠬᠦ ᠶᠢ ᠲᠦᠷᠭᠡᠳᠬᠡᠵᠦ᠂ ᠳᠠᠷᠳᠠᠩ ᠶᠡᠭᠡ ᠵᠠᠮ ᠢ ᠪᠦᠬᠦᠨ ᠢ ᠦᠭᠡᠷᠡᠴᠢᠯᠡᠬᠦ ᠵᠢᠴᠢ ᠳ᠋ᠠᠪᠠᠨ ᠵᠠᠮ ᠤᠨ ᠡᠮᠦᠨᠡᠰᠢ ᠨᠡᠪᠲᠡᠷᠡᠬᠦ ᠪᠠᠷᠢᠯᠭ᠎ᠠ ᠶᠢ ᠳᠠᠭᠤᠰᠬᠠᠵᠤ᠂ ᠨᠢᠩ ᠯᠠᠨ ᠵᠠᠮ᠂ ᠰᠦᠩ ᠵᠧᠦ ᠵᠠᠮ ᠵᠡᠷᠭᠡ ᠭᠤᠣᠯ ᠱᠤᠭᠤᠮ ᠵᠠᠮ ᠢ ᠨᠡᠪᠲᠡᠷᠡᠭᠦᠯᠦᠨ᠂ ᠬᠤᠲᠠ ᠲᠣᠭᠤᠷᠢᠭ ᠤᠨ ᠵᠠᠮ ᠬᠠᠷᠢᠯᠴᠠᠭᠠᠨ ᠤ ᠨᠦᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠲᠣᠭᠤᠷᠢᠮ ᠤᠰᠤᠨ ᠰᠢᠰᠲ᠋ᠧᠮ ᠢ ᠵᠠᠰᠠᠬᠤ᠂ ᠰᠠᠨ ᠼᠦᠸᠧ ᠳ᠋ᠢᠶᠠᠨ ᠤᠰᠤᠨ ᠴᠦᠭᠦᠷᠦᠮ ᠠᠴᠠ ᠭᠤᠣᠯ ᠬᠤᠲᠠ ᠲᠣᠭᠤᠷᠢᠭ ᠲᠤ ᠤᠰᠤ ᠲᠠᠲᠠᠨ ᠬᠠᠩᠭᠠᠬᠤ ᠢᠨᠵᠧᠨᠧᠷᠢᠩ ᠢ ᠪᠡᠶᠡᠯᠡᠭᠦᠯᠵᠦ᠂ ᠢᠩᠭᠡ ᠶᠢᠨ ᠭᠤᠣᠯ ᠤᠨ ᠰᠢᠨ᠎ᠠ ᠤᠰᠤᠨ ᠰᠤᠷᠪᠤᠯᠵᠢ ᠶᠢᠨ ᠭᠠᠵᠠᠷ ᠤᠨ ᠢᠨᠵᠧᠨᠧᠷᠢᠩ ᠢ ᠡᠬᠢᠯᠡᠨ ᠪᠠᠶᠢᠭᠤᠯᠵᠤ᠂ ᠡᠭᠡᠭᠦᠯᠦᠨ ᠬᠡᠷᠡᠭᠯᠡᠬᠦ ᠤᠰᠤᠨ ᠬᠤᠭᠤᠯᠠᠢ ᠲᠣᠣᠷᠵᠢᠯ 96 ᠺᠢᠯᠤᠮᠧᠲᠷ ᠰᠢᠨ᠎ᠠ ᠪᠠᠶᠢᠭᠤᠯᠤᠨ᠎ᠠ᠃ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠴᠢᠩᠭᠠᠳᠬᠠᠵᠤ᠂ ︽ᠬᠤᠶᠠᠷ ᠠᠭᠤᠯᠠ ᠬᠤᠶᠠᠷ ᠴᠡᠴᠡᠷᠯᠢᠭ︾ ᠤᠨ ᠦᠵᠡᠮᠵᠢ ᠶᠢᠨ ᠤᠷᠣᠨ ᠤ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠠᠶᠡᠯᠡᠭᠦᠯᠵᠦ᠂ ᠪᠠᠷᠠᠭᠤᠨ ᠠᠭᠤᠯᠠᠨ ᠤ ᠠᠮᠢ ᠠᠬᠤᠢ ᠶᠢᠨ ᠴᠡᠴᠡᠷᠯᠢᠭ ᠢ ᠲᠦᠯᠥᠪᠯᠡᠨ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠵᠤ᠂ ᠬᠤᠲᠠ ᠪᠠᠯᠭᠠᠰᠤᠨ ᠤ ᠬᠡᠪ ᠴᠢᠨᠠᠷ ᠢ ᠳᠡᠭᠡᠭᠰᠢᠯᠡᠭᠦᠯᠦᠨ᠎ᠠ᠃ ᠭᠤᠣᠯ ᠬᠤᠲᠠ ᠲᠣᠭᠤᠷᠢᠭ ᠤᠨ ᠢᠯᠴᠢ ᠶᠢᠨ ᠢᠷᠡᠯᠲᠡ ᠶᠢ ᠰᠢᠨ᠎ᠠ ᠪᠠᠷ ᠨᠡᠮᠡᠭᠳᠡᠭᠦᠯᠬᠦ ᠶᠢ ᠨᠤᠲᠠᠯᠠᠬᠤ ᠠᠵᠢᠯ ᠢ ᠡᠬᠢᠯᠡᠨ᠎ᠠ᠃ ᠬᠠᠭᠤᠴᠢᠨ ᠬᠤᠲᠠ ᠲᠣᠭᠤᠷᠢᠭ ᠤᠨ ᠦᠭᠡᠷᠡᠴᠢᠯᠡᠯᠲᠡ ᠶᠢ ᠲᠦᠯᠥᠪᠯᠡᠭᠡ ᠲᠠᠢ᠂ ᠠᠯᠬᠤᠮ ᠳᠠᠷᠠᠭ᠎ᠠ ᠲᠠᠢ ᠠᠬᠢᠭᠤᠯᠵᠤ᠂ ᠬᠤᠭᠤᠯᠠᠢ ᠲᠣᠣᠷᠵᠢᠯ ᠢ ᠰᠢᠨᠡᠴᠢᠯᠡᠬᠦ᠂ ᠵᠠᠮ ᠬᠠᠷᠢᠯᠴᠠᠭᠠᠨ ᠤ ᠲᠦᠭᠵᠢᠷᠡᠯ᠂ ᠤᠷᠣᠨ ᠵᠠᠢ ᠶᠢ ᠨᠣᠭᠤᠭᠠᠷᠠᠭᠤᠯᠬᠤ᠂ ᠳᠦᠷᠢ ᠳᠦᠷᠰᠦ ᠶᠢ ᠵᠠᠰᠠᠬᠤ᠂ ᠬᠡᠪ ᠪᠠᠶᠢᠳᠠᠯ ᠢ ᠳᠡᠭᠡᠭᠰᠢᠯᠡᠭᠦᠯᠬᠦ ᠵᠡᠷᠭᠡ ᠭᠤᠣᠯᠳᠠᠯᠭᠠᠲᠠᠢ ᠬᠦᠷᠢᠶ᠎ᠠ ᠶᠢᠨ ᠲᠤᠭᠤᠷᠢᠨ ᠳᠤ ᠨᠢᠭᠡ ᠪᠦᠯᠦᠭ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠰᠢᠨ᠎ᠠ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠳᠡᠭᠡᠷ᠎ᠠ ᠬᠠᠭᠠᠰ ᠵᠢᠯ ᠳᠤ ᠳᠦᠭᠦᠮ ᠪᠦᠲᠦᠴᠡᠲᠦ ᠤᠷᠣᠨ ᠰᠠᠭᠤᠴᠠ ᠶᠢ ᠦᠭᠡᠷᠡᠴᠢᠯᠡᠬᠦ ᠪᠦᠬᠦ᠋ᠢᠯᠡ ᠰᠡᠭᠦᠯ ᠬᠤᠷᠢᠶᠠᠬᠤ ᠠᠵᠢᠯ ᠢ ᠪᠡᠶᠡᠯᠡᠭᠦᠯᠵᠦ᠂ ᠬᠤᠲᠠ ᠪᠠᠯᠭᠠᠰᠤᠨ ᠤ ᠤᠷᠤᠰᠢᠨ ᠠᠮᠢᠳᠤᠷᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠠ᠃ ᠭᠦᠨᠵᠡᠭᠡᠶ ᠠᠭᠤᠳᠠᠯᠵᠤ ᠪᠣᠯᠪᠠᠰᠤᠷᠠᠭᠤᠯᠤᠭᠰᠠᠨ ᠰᠠᠭᠤᠷᠢᠨ ᠳᠡᠭᠡᠷ᠎ᠠ᠂ ᠬᠤᠳᠠ ᠶᠢᠨ ᠦᠵᠡᠮᠵᠢ ᠶᠢᠨ ᠢᠨᠵᠧᠨᠧᠷᠢᠩ ᠳᠤ ᠨᠠᠷᠢᠨ ᠨᠢᠮᠪᠠᠶ ᠨᠤᠲᠠᠯᠠᠯᠲᠠ ᠬᠢᠵᠦ᠂ ᠦᠪᠡᠷᠮᠢᠴᠡ ᠤᠨᠴᠠᠯᠢᠬᠳᠤ ᠰᠣᠶᠣᠯ ᠤᠨ ᠡᠯᠧᠮᠧᠨ᠋ᠲ ᠢ ᠵᠣᠬᠢᠰᠲᠠᠶ ᠪᠦᠭᠡᠳ ᠡᠮᠬᠢ ᠵᠢᠷᠤᠮ ᠲᠠᠢ ᠪᠠᠷ ᠤᠷᠣᠭᠤᠯᠵᠤ᠂ ᠬᠤᠳᠠ ᠶᠢᠨ ᠬᠡᠪ ᠨᠠᠮᠪᠠ ᠶᠢ ᠢᠯᠡᠷᠡᠭᠦᠯᠵᠦ ᠂ ᠬᠤᠳᠠ ᠶᠢᠨ ᠲᠠᠨᠢᠭᠳᠠᠯ ᠤᠨ ᠬᠡᠮᠵᠢᠶ᠎ᠠ ᠶᠢ ᠴᠢᠩᠭᠠᠳᠬᠠᠨ᠎ᠠ᠃        ᠵᠢᠵᠢᠭ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠠ᠃ ᠴᠢᠳᠠᠯ ᠤᠨ ᠬᠢᠷᠢ ᠪᠠᠷ ᠢᠶᠠᠨ ᠬᠢᠵᠦ᠂ ᠪᠦᠬᠦ ᠬᠦᠴᠦᠨ ᠢᠶᠠᠷ ᠢᠶᠠᠨ ᠴᠢᠷᠮᠠᠢᠬᠤ ᠶᠢ ᠪᠠᠷᠢᠮᠲᠠᠯᠠᠵᠤ᠂ ᠦᠨᠳᠦᠷ ᠪᠠᠷᠢᠮᠵᠢᠶ᠎ᠠ ᠪᠠᠷ ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠪᠠᠯᠭᠠᠰᠤ ᠶᠢ ᠪᠦᠲᠦᠭᠡᠨ ᠪᠠᠶᠢᠭᠤᠯᠵᠤ᠂ ᠭᠠᠳᠠᠷ ᠲᠤᠲᠤᠷ ᠢ ᠬᠠᠮᠲᠤ ᠳᠤᠨᠢ ᠠᠳᠬᠤᠵᠤ᠂ ᠰᠠᠭᠤᠷᠢ ᠲᠦᠬᠦᠭᠡᠷᠦᠮᠵᠢ ᠶᠢᠨ ᠲᠡᠭᠦᠯᠳᠡᠷᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠬᠦᠯᠵᠦ᠂ ᠠᠵᠤ ᠦᠢᠯᠡᠰ ᠪᠠ ᠬᠤᠳᠠ ᠶᠢᠨ ᠠᠭᠤᠰᠤᠯᠴᠠᠬᠤ ᠶᠢ ᠠᠬᠢᠭᠤᠯᠵᠤ᠂ ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠪᠠᠯᠭᠠᠰᠤ ᠶᠢᠨ ᠨᠦᠯᠥᠭᠡᠯᠡᠨ ᠳᠠᠭᠠᠭᠤᠯᠬᠤ ᠬᠦᠴᠦᠨ ᠢ ᠳᠡᠭᠡᠭᠰᠢᠯᠡᠭᠦᠯᠦᠨ᠎ᠠ᠃ ᠪᠤᠰᠤᠳ ᠭᠤᠣᠯᠳᠠᠯᠭᠠᠲᠤ ᠵᠢᠵᠢᠭ ᠬᠤᠲᠠ ᠪᠠᠯᠭᠠᠰᠤ ᠨᠢ ︽ᠳᠠᠭᠠᠷᠠᠭᠰᠠᠨ ᠬᠦᠮᠦᠨ ᠳᠤ ᠳᠠᠬᠤ ᠬᠦᠷᠭᠡᠬᠦ︾ ᠶᠢ ᠲᠤᠪᠦ᠋ᠯᠭᠠᠵᠤ᠂ ᠤᠰᠤ ᠬᠠᠩᠭᠠᠬᠤ᠂ ᠤᠰᠤ ᠭᠠᠳᠠᠭᠰᠢᠯᠠᠭᠤᠯᠬᠤ᠂ ᠢᠯᠴᠢ ᠬᠦᠷᠭᠡᠬᠦ᠂ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠬᠤᠳᠠ ᠶᠢᠨ ᠶᠠᠪᠤᠳᠠᠯ ᠤᠨ ᠰᠠᠭᠤᠷᠢ ᠶᠢᠨ ᠲᠤᠪᠤᠶᠢᠮ᠎ᠠ ᠳᠤᠲᠠᠭᠤᠳᠠᠯ ᠢ ᠲᠦᠷᠭᠡᠨ ᠨᠦᠬᠦᠪᠥᠷᠢᠯᠡᠵᠦ᠂ ᠳᠠᠭᠠᠭᠠᠬᠤ ᠴᠢᠳᠠᠪᠤᠷᠢ ᠪᠣᠯᠤᠨ ᠲᠦᠪᠯᠡᠷᠡᠭᠦᠯᠬᠦ ᠴᠢᠳᠠᠮᠵᠢ ᠶᠢ ᠪᠦᠲᠦᠮᠵᠢᠲᠠᠢ ᠳᠡᠭᠡᠭᠰᠢᠯᠡᠭᠦᠯᠦᠨ᠎ᠠ᠃        ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠦᠴᠦᠲᠡᠢ ᠳᠡᠭᠡᠭᠰᠢᠯᠡᠭᠦᠯᠦᠨ᠎ᠠ᠃ ᠬᠤᠲᠠ ᠪᠠᠯᠭᠠᠰᠤᠨ ᠤ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠪᠠᠯᠭᠠᠰᠤᠨ ᠤ ᠶᠡᠷᠥᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠬᠠᠮᠢᠶᠠᠷᠤᠯᠲᠠ ᠦᠢᠯᠡᠴᠢᠯᠡᠭᠡᠨ ᠤ ᠪᠠᠷᠢᠮᠵᠢᠶᠠᠵᠢᠯ ᠢ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠠ ᠪᠦᠲᠦᠮᠵᠢ ᠪᠠᠨ ᠪᠠᠬᠢᠵᠢᠭᠦᠯᠵᠦ᠂ ᠰᠢᠨ᠎ᠠ ᠴᠠᠭ ᠦᠶ᠎ᠠ ᠶᠢᠨ ᠡᠬᠡ ᠤᠷᠣᠨᠴᠢ ᠡᠷᠡᠭᠦᠯ ᠬᠠᠮᠠᠭᠠᠯᠠᠯ ᠤᠨ ᠠᠵᠢᠯᠯᠠᠭᠠᠨ ᠢ ᠭᠦᠨᠵᠡᠭᠡᠢ ᠦᠷᠨᠢᠭᠦᠯᠵᠦ᠂ ᠬᠤᠲᠠ ᠶᠢᠨ ᠳᠦᠷᠰᠦ ᠪᠠᠶᠢᠳᠠᠯ ᠤᠷᠴᠢᠨ ᠲᠣᠭᠤᠷᠢᠨ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠬᠤᠲᠠ ᠪᠠᠯᠭᠠᠰᠤᠨ ᠤ ᠴᠢᠮᠡᠭᠡ ᠵᠠᠩᠬᠢᠴᠢᠯᠠᠭᠰᠠᠨ ᠬᠠᠮᠢᠶᠠᠷᠤᠯᠲᠠ ᠶᠢᠨ ᠠᠯᠬᠤᠴᠠ ᠶᠢ ᠲᠦᠷᠭᠡᠳᠬᠡᠵᠦ᠂ ᠤᠶᠣᠨᠴᠢᠯᠠᠭᠰᠠᠨ᠂ ᠨᠠᠷᠢᠯᠢᠬᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠵᠠᠬ᠎ᠠ ᠳᠡᠯᠭᠡᠭᠦᠷᠴᠢᠯᠡᠬᠦ ᠬᠡᠯᠪᠡᠷᠢ ᠪᠠᠷ ᠳᠠᠮᠵᠢᠨ ᠤᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡ ᠴᠣᠭᠴᠠᠵᠢᠭᠤᠯᠬᠤ᠂ ᠬᠤᠲᠠ ᠶᠢᠨ ᠶᠠᠪᠤᠳᠠᠯ ᠤᠨ ᠲᠣᠨᠤᠭ ᠲᠦᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ ᠴᠡᠴᠡᠷᠯᠢᠭᠵᠢᠭᠦᠯᠦᠨ ᠨᠣᠭᠤᠭᠠᠷᠠᠭᠤᠯᠬᠤ ᠶᠢ ᠬᠠᠮᠢᠶᠠᠷᠴᠤ ᠬᠠᠮᠠᠭᠠᠯᠠᠬᠤ ᠶᠢ ᠠᠬᠢᠭᠤᠯᠵᠤ᠂ ᠡᠨᠡ ᠵᠢᠯ ᠳᠤ ᠮᠠᠰᠢᠨᠴᠢᠯᠠᠭᠰᠠᠨ ᠴᠡᠪᠡᠷᠯᠡᠭᠡ ᠶᠢᠨ ᠨᠣᠷᠮ᠎ᠠ ᠶᠢ 70% ᠳᠤ ᠬᠦᠷᠭᠡᠨ᠎ᠠ᠃ ᠵᠣᠷᠯᠣᠩ ᠢ ᠦᠭᠡᠷᠡᠴᠢᠯᠡᠨ ᠪᠠᠶᠢᠭᠤᠯᠬᠤ ᠶᠢ ᠡᠮᠬᠢ ᠵᠢᠷᠤᠮ ᠲᠠᠢ ᠶᠠᠪᠤᠭᠳᠠᠭᠤᠯᠵᠤ᠂  ᠡᠨᠡ ᠵᠢᠯ ᠳᠤ ᠬᠤᠲᠠ ᠪᠠᠯᠭᠠᠰᠤᠨ ᠳᠤ 202 ᠨᠡᠶᠢᠲᠡ ᠶᠢᠨ ᠵᠣᠷᠯᠣᠩ ᠰᠢᠨ᠎ᠠ ᠪᠠᠶᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ᠂ ᠤᠯᠤᠰ ᠤᠨ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠤᠰᠢᠭᠤ ᠰᠢᠶᠠᠨ ᠤ ᠵᠠᠰᠠᠭ ᠤᠨ ᠤᠷᠳᠣᠨ ᠤ ᠰᠠᠭᠤᠭ᠎ᠠ ᠪᠠᠯᠭᠠᠰᠤ ᠶᠢᠨ ᠬᠠᠮ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃        ︵ᠲᠠᠪᠤ︶ ᠰᠠᠭᠤᠷᠢ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠳᠠᠯᠳᠠ ᠬᠦᠴᠦᠨ ᠢ ᠴᠢᠩᠭᠠᠳᠬᠠᠨ᠎ᠠ        ᠵᠠᠮ ᠬᠠᠷᠢᠯᠴᠠᠭᠠᠨ ᠤ ᠪᠡᠶᠡᠲᠦ ᠲᠣᠣᠷᠵᠢᠯ ᠢ ᠲᠦᠷᠭᠡᠨ ᠲᠡᠭᠦᠯᠳᠡᠷᠵᠢᠭᠦᠯᠦᠨ᠎ᠠ᠃ ᠲᠡᠮᠦᠷ ᠵᠠᠮ ᠤᠨ ᠭᠤᠣᠯᠳᠠᠯᠭᠠᠲᠠᠢ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠲᠦᠷᠭᠡᠨ ᠲᠡᠮᠦᠷ ᠵᠠᠮ ᠢ ᠬᠤᠯᠪᠣᠨ ᠲᠣᠬᠢᠷᠠᠭᠤᠯᠵᠤ ᠬᠤᠯᠪᠣᠨ ᠲᠣᠷᠰᠢᠬᠤ ᠱᠠᠲᠤᠨ ᠳᠤ ᠤᠷᠤᠭᠤᠯᠬᠤ ᠪᠠᠷ ᠴᠢᠷᠮᠠᠶᠢᠵᠤ᠂ ᠵᠢᠢ ᠲᠦᠩ ᠲᠡᠮᠦᠷ ᠵᠠᠮ᠂ ᠶᠧ ᡂᠢ ᠲᠡᠮᠦᠷ ᠵᠠᠮ ᠤᠨ ᠴᠢᠳᠠᠪᠤᠷᠢ ᠪᠠᠨ ᠨᠡᠮᠡᠭᠳᠡᠭᠦᠯᠦᠨ ᠦᠭᠡᠷᠡᠴᠢᠯᠡᠬᠦ ᠪᠠ ᠵᠢᠩ ᠲᠦᠩ ᠲᠡᠮᠦᠷ ᠵᠠᠮ ᠤᠨ ᠴᠠᠬᠢᠯᠭᠠᠨᠴᠢᠯᠠᠬᠤ ᠦᠭᠡᠷᠡᠴᠢᠯᠡᠯᠲᠡ ᠶᠢᠨ ᠢᠨᠵᠧᠨᠧᠷᠢᠩ ᠢ ᠠᠵᠢᠯ ᠳᠠᠭᠤᠰᠬᠠᠬᠤ ᠪᠠᠷ ᠴᠢᠷᠮᠠᠶᠢᠵᠤ᠂ ᠵᠢᠢ ᠲᠦᠩ ᠲᠡᠮᠦᠷ ᠵᠠᠮ ᠤᠨ ᠴᠠᠬᠢᠯᠭᠠᠨᠴᠢᠯᠠᠬᠤ ᠦᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠳ᠋ᠠᠪᠠᠨ ᠲᠡᠮᠦᠷ ᠵᠠᠮ ᠤᠨ ᠭᠤᠣᠯ ᠬᠦᠢᠰᠦ ᠶᠢᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ᠂ ᠵᠠᠰᠠᠮᠠᠯ ᠵᠠᠮ ᠤᠨ ᠭᠤᠣᠯᠳᠠᠯᠭ᠎ᠠ ᠲᠠᠢ ᠲᠦᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 306 ᠤᠯᠤᠰ ᠤᠨ ᠵᠠᠮ ᠤᠨ ᠱᠢ ᠵᠢᠶᠠ ᠮᠠᠨᠵᠤ ᠦᠨᠳᠦᠰᠦᠲᠡᠨ ᠤ ᠰᠢᠶᠠᠩ ᠠᠴᠠ ᠨᠢᠦ ᠵᠢᠶᠠ ᠶᠢᠩᠽᠢ ᠬᠦᠷᠬᠦ ᠨᠢᠭᠡᠳᠤᠬᠡᠷ ᠳᠠᠰ ᠤᠨ ᠵᠠᠰᠠᠮᠠᠯ ᠵᠠᠮ᠂ 305 ᠤᠯᠤᠰ ᠤᠨ ᠵᠠᠮ ᠤᠨ ᠮᠠᠶᠢᠬᠠᠨ ᠠᠴᠠ ᠢᠲᠤᠭᠤᠨ ᠭᠤᠤ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ᠂ 210 ᠮᠤᠵᠢ ᠶᠢᠨ ᠵᠠᠮ ᠤᠨ ᠭᠤᠷᠣᠬᠠᠨ ᠠᠴᠠ ᠶᠠᠩ ᠴᠠᠩ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠪᠠᠶᠢᠭᠤᠯᠵᠤ ᠳᠠᠭᠤᠰᠤᠨ ᠲᠡᠷᠭᠡ ᠨᠡᠪᠲᠡᠷᠡᠬᠦ ᠶᠢ ᠠᠬᠢᠭᠤᠯᠤᠨ᠎ᠠ᠂  ᠳ᠋ᠠᠨᠳᠦ᠋ᠩ ᠠᠴᠠ ᠰᠢᠯᠢ ᠶᠢᠨ ᠬᠤᠲᠠ ᠬᠦᠷᠬᠦ ᠬᠤᠷᠳᠤᠨ ᠵᠠᠮ ᠤᠨ ᠪᠢᠷᠠᠭᠤ ᠠᠴᠠ ᠤᠯᠠᠭᠠᠨᠪᠤᠲᠤᠩ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 508 ᠤᠯᠤᠰ ᠤᠨ ᠵᠠᠮ ᠤᠨ ᠰᠢᠶᠤᠤ ᠴᠧᠩᠽᠢ ᠠᠴᠠ ᠫᠢᠩ ᠴᠢᠤᠧᠠᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ 305 ᠤᠯᠤᠰ ᠤᠨ ᠵᠠᠮ ᠤᠨ ᠯᠢᠨᠳᠦ᠋ᠩ ᠠᠴᠠ ᠰᠢᠶᠠ ᠡᠾᠦᠸᠧ ᠹᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ᠂ 210 ᠮᠤᠵᠢ ᠶᠢᠨ ᠵᠠᠮ ᠤᠨ ᠪᠠᠯᠴᠢᠷᠤᠳ ᠠᠴᠠ ᠭᠤᠷᠣᠬᠠᠨ ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠠᠵᠢᠯ ᠡᠬᠢᠯᠡᠨ ᠪᠦᠲᠦᠭᠡᠨ ᠪᠠᠶᠢᠭᠤᠯᠵᠤ᠂ ᠪᠣᠷᠣᠬᠤᠲᠠ ᠠᠴᠠ ᠴᠢᠪᠠᠭ᠎ᠠ ᠬᠦᠷᠬᠦ ᠳᠡᠭᠡᠳᠦ ᠳᠡᠰ ᠤᠨ ᠵᠠᠰᠠᠮᠠᠯ ᠵᠠᠮ ᠤᠨ ᠠᠵᠢᠯ ᠡᠬᠢᠯᠡᠬᠦ ᠨᠦᠬᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ᠃ ᠠᠭᠠᠷ ᠤᠨ ᠲᠣᠣᠷᠵᠢᠯ ᠤᠨ ᠰᠢᠰᠲ᠋ᠧᠮ ᠢ ᠢᠳᠡᠪᠬᠢᠲᠠᠢ ᠪᠠᠶᠢᠭᠤᠯᠵᠤ᠂ ᠬᠠᠰ ᠯᠤᠤ ᠨᠢᠰᠬᠡᠯ ᠤᠨ ᠪᠠᠭᠤᠳᠠᠯ ᠢ ᠦᠭᠡᠷᠡᠴᠢᠯᠡᠨ ᠦᠷᠭᠡᠳᠬᠡᠬᠦ ᠢᠨᠵᠧᠨᠧᠷᠢᠩ ᠢ ᠡᠬᠢᠯᠡᠵᠦ᠂ ᠯᠢᠨᠰᠢ ᠶᠢᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠨᠢ ᠲᠦᠷᠥᠯ ᠵᠦᠢᠯ ᠢᠶᠠᠷ ᠵᠦᠪᠰᠢᠶᠡᠷᠡᠭᠳᠡᠬᠦ ᠶᠢ ᠴᠢᠷᠮᠠᠶᠢᠵᠤ ᠪᠡᠶᠡᠯᠡᠭᠦᠯᠦᠨ᠂ ᠬᠡᠰᠢᠭᠲᠡᠨ ᠬᠤᠰᠢᠭᠤᠨ ᠤ ᠤᠯᠠᠭᠠᠨᠪᠤᠲᠤᠩ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠡᠬᠢᠯᠡᠵᠦ ᠪᠦᠲᠦᠭᠡᠨ ᠪᠠᠶᠢᠭᠤᠯᠬᠤ᠂ ᠠᠷᠤ ᠬᠤᠷᠴᠢᠨ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠵᠢᠩᠬᠢᠨᠢ ᠪᠠᠷ ᠨᠡᠪᠲᠡᠷᠡᠬᠦ ᠶᠢ ᠠᠬᠢᠭᠤᠯᠵᠤ᠂ ᠰᠦᠩᠱᠠᠨ ᠲᠣᠭᠤᠷᠢᠭ ᠤᠨ ᠠᠭᠠᠷ ᠠᠶᠠᠯᠠᠯ ᠤᠨ ᠵᠢᠵᠢᠭ ᠪᠠᠯᠭᠠᠰᠤ ᠶᠢᠨ ᠲᠦᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ ᠨᠡᠶᠢᠳᠡᠮ ᠤᠨ ᠬᠡᠷᠡᠭᠯᠡᠭᠡᠨ ᠤ ᠠᠭᠠᠷ ᠠᠶᠠᠯᠠᠯ ᠤᠨ ᠲᠣᠣᠷᠵᠢᠯ ᠢ ᠲᠦᠷᠭᠡᠨ ᠪᠦᠷᠢᠯᠳᠦᠭᠦᠯᠦᠨ᠎ᠠ᠃        ᠤᠰᠤᠨ ᠠᠰᠢᠭᠯᠠᠯᠲᠠ ᠡᠨᠧᠷᠭᠢ ᠵᠡᠷᠭᠡ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳ᠋ᠦᠩ ᠲᠠᠶᠢᠽᠢ ᠤᠰᠤᠨ ᠴᠦᠬᠦᠷᠦᠮ᠂ ᠬᠦᠪᠡᠭᠡ ᠭᠤᠤ ᠶᠢᠨ ᠤᠰᠤᠨ ᠴᠦᠭᠦᠷᠦᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠤᠷᠣᠨ ᠠᠯᠤᠰᠯᠠᠨ ᠤᠰᠤ ᠲᠠᠲᠠᠬᠤ ᠢᠨᠵᠧᠨᠧᠷᠢᠩ ᠢ ᠵᠦᠪᠰᠢᠶᠡᠷᠡᠭᠦᠯᠬᠦ ᠮᠦᠷᠲᠡᠭᠡᠨ ᠠᠵᠢᠯ ᠡᠬᠢᠯᠡᠬᠦ ᠨᠦᠬᠦᠴᠡᠯ ᠪᠦᠷᠢᠯᠳᠦᠭᠦᠯᠬᠦ ᠪᠠᠷ ᠴᠢᠷᠮᠠᠶᠢᠨ᠎ᠠ᠃ ᠴᠣᠣᠶᠠᠩ ᠠᠴᠠ ᠤᠯᠠᠭᠠᠨᠬᠠᠳᠠ ᠬᠦᠷᠬᠦ ᠰᠢᠲᠠᠮᠠᠬᠠᠢ ᠬᠡᠢ ᠶᠢᠨ ᠬᠤᠭᠤᠯᠠᠢ ᠶᠢᠨ ᠢᠨᠵᠧᠨᠧᠷᠢᠩ ᠢ ᠡᠬᠢᠯᠡᠨ ᠪᠠᠶᠢᠭᠤᠯᠬᠤ ᠮᠦᠷᠲᠡᠭᠡᠨ ᠪᠠᠶᠢᠭᠤᠯᠵᠤ ᠳᠠᠭᠤᠰᠬᠠᠨ᠎ᠠ᠃ ᠤᠯᠠᠭᠠᠨᠬᠠᠳᠠ ᠶᠢᠨ ᠴᠡᠪᠡᠷ ᠡᠨᠧᠷᠭᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠡᠮᠦᠨᠡᠭᠢ ᠬᠤᠭᠤᠴᠠᠭᠠᠨ ᠤ ᠠᠵᠢᠯ ᠢ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃ ᠬᠤᠳᠠ ᠬᠦᠳᠡᠭᠡ ᠶᠢᠨ ᠴᠠᠬᠢᠯᠭᠠᠨ ᠲᠤᠤᠷᠵᠢᠯ ᠢ ᠦᠷᠭᠦᠯᠵᠢᠯᠡᠨ ᠦᠭᠡᠷᠡᠴᠢᠯᠡᠨ ᠳᠡᠭᠡᠭᠰᠢᠯᠡᠭᠦᠯᠵᠦ᠂ 66 ᠺᠢᠯᠦᠧᠦᠯᠲ ᠵᠢᠴᠢ ᠲᠡᠭᠦᠨ ᠠᠴᠠ ᠳᠡᠭᠡᠭᠰᠢᠬᠢ 473 ᠺᠢᠯᠣᠮᠧᠲᠷ ᠴᠠᠬᠢᠯᠭᠠᠨ ᠱᠤᠭᠤᠮ ᠢ ᠠᠵᠢᠯ ᠡᠬᠢᠯᠡᠭᠦᠯᠵᠦ᠂ 17 ᠵᠦᠢᠯ ᠤᠨ ᠭᠤᠤᠯᠳᠠᠯᠭ᠎ᠠ ᠲᠠᠢ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠪᠠᠷᠢᠯᠭ᠎ᠠ ᠶᠢ ᠳᠠᠭᠤᠰᠬᠠᠨ᠎ᠠ᠃ ᠴᠢᠮᠡᠭᠡ ᠵᠠᠩᠭᠢ ᠴᠢᠮᠡᠭᠡ ᠨᠡᠪᠲᠡᠷᠡᠯᠭᠡ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠤᠲᠠ ᠬᠦᠳᠡᠭᠡ ᠶᠢᠨ ᠭᠡᠷᠡᠯᠯᠢᠭ ᠱᠤᠭᠤᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ 4G ᠶᠢᠨ ᠰᠢᠯᠵᠢᠮᠡᠯ ᠰᠦᠯᠵᠢᠶ᠎ᠠ ᠨᠢ ᠬᠤᠲᠠ ᠪᠠᠯᠭᠠᠰᠤᠨ ᠳᠤ ᠭᠦᠨᠴᠡ ᠲᠠᠢ ᠪᠦᠷᠬᠦᠬᠦ᠂ ᠬᠦᠳᠡᠭᠡ ᠲᠣᠰᠬᠤᠨ ᠮᠠᠯᠵᠢᠬᠤ ᠤᠷᠣᠨ ᠳᠤ ᠢᠳᠡᠭ ᠢᠳᠡᠭ ᠢᠶᠠᠷ ᠪᠦᠷᠬᠦᠬᠦ ᠶᠢ ᠪᠡᠶᠡᠯᠡᠭᠦᠯᠵᠦ᠂ ᠰᠢᠯᠵᠢᠮᠡᠯ ᠰᠦᠯᠵᠢᠶ᠎ᠠ ᠶᠢᠨ ᠬᠡᠷᠡᠭᠯᠡᠭᠡᠨ ᠤ ᠡᠷᠦᠬᠡ ᠶᠢᠨ ᠪᠦᠷᠬᠦᠯᠲᠡ ᠶᠢᠨ ᠨᠣᠷᠮ᠎ᠠ ᠶᠢ 80% ᠳᠤ ᠬᠦᠷᠭᠡᠨ᠎ᠠ᠃        ᠠᠮᠢ ᠠᠬᠤᠢ ᠶᠢᠨ ᠬᠠᠮᠠᠭᠠᠯᠠᠯᠲᠠ ᠶᠢᠨ ᠰᠡᠷᠭᠦᠭᠡᠨ ᠵᠠᠰᠠᠬᠤ ᠬᠦᠴᠦᠯᠡᠴᠡ ᠶᠢ ᠨᠡᠮᠡᠭᠳᠡᠭᠦᠯᠦᠨ᠎ᠠ᠃ ᠤᠯᠤᠰ ᠤᠨ ᠭᠠᠵᠠᠷ ᠰᠢᠷᠣᠢ ᠶᠢᠨ ᠠᠶᠠᠨᠳᠠᠭᠠᠨ ᠰᠡᠷᠭᠦᠬᠦ ᠶᠢ ᠴᠢᠩᠭᠠᠳᠬᠠᠵᠤ᠂ ᠬᠠᠮᠤᠭ ᠤᠨ ᠴᠢᠩᠭ᠎ᠠ ᠠᠮᠢ ᠠᠬᠤᠢ ᠤᠷᠴᠢᠨ ᠲᠤᠭᠤᠷᠢᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ︽ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠦᠨ ᠮᠠᠯᠵᠢᠬᠤ ᠶᠢ ᠬᠢᠵᠠᠭᠠᠷᠯᠠᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠳᠦᠷᠢᠮ︾ ᠢ ᠬᠢᠨᠠᠮᠠᠭᠠᠢ ᠭᠡᠷᠡᠭᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠦᠬᠦᠪᠦᠷᠢ ᠶᠢᠨ ᠲᠦᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠨᠠᠮᠤᠭ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠰᠡᠷᠭᠦᠬᠦ ᠶᠢ ᠲᠦᠷᠭᠡᠳᠭᠡᠨ᠎ᠠ᠃ ᠭᠤᠣᠯᠳᠠᠯᠭᠠᠲᠠᠢ ᠤᠷᠣᠨ ᠬᠡᠴᠡ ᠶᠢᠨ ᠢᠨᠵᠧᠨᠧᠷᠢᠩ ᠤᠨ ᠵᠠᠰᠠᠨ ᠰᠠᠶᠢᠵᠢᠷᠠᠭᠤᠯᠤᠯᠲᠠ ᠶᠢ ᠰᠠᠶᠢᠲᠤᠷ ᠬᠢᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ᠂ ᠪᠠᠶᠢᠭᠠᠯᠢᠯᠢᠭ ᠤᠢ ᠶᠢ ᠬᠠᠮᠠᠭᠠᠯᠠᠬᠤ᠂ ᠲᠠᠷᠢᠶᠠᠯᠠᠬᠤ ᠪᠠᠨ ᠵᠣᠭᠰᠤᠵᠤ ᠤᠢᠢᠵᠢᠭᠤᠯᠬᠤ ᠨᠣᠭᠤᠭᠠᠷᠠᠭᠤᠯᠬᠤ᠂ ᠠᠲᠠᠷ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠵᠠᠰᠠᠬᠤ ᠲᠣᠷᠰᠢᠯᠲᠠ ᠶᠢᠨ ᠴᠢᠭ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠦᠬᠦ ᠵᠢᠯ ᠳᠤ ᠤᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ 60 ᠲᠦᠮᠡᠨ ᠮᠦ᠂ ᠤᠰᠤ ᠬᠦᠷᠦᠰᠦ ᠬᠠᠮᠠᠭᠠᠯᠠᠬᠤ ᠵᠠᠰᠠᠯᠲᠠ 138 ᠲᠦᠮᠡᠨ ᠮᠦ ᠶᠢ ᠪᠡᠶᠡᠯᠡᠭᠦᠯᠵᠦ᠂ ᠨᠡᠪᠲᠡᠷᠡᠯ ᠵᠠᠮ ᠤᠨ ᠨᠣᠭᠤᠭᠠᠷᠠᠭᠤᠯᠬᠤ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠶᠠᠷ ᠵᠢᠯ ᠤᠨ ᠬᠤᠭᠤᠴᠠᠭ᠎ᠠ ᠶᠢ ᠬᠡᠷᠡᠭᠰᠡᠵᠦ 990.8 ᠺᠢᠯᠤᠮᠧᠲᠷ ᠴᠢᠬᠤᠯᠠ ᠨᠡᠪᠲᠡᠷᠡᠯ ᠵᠠᠮ ᠤᠨ ᠨᠣᠭᠤᠭᠠᠷᠠᠭᠤᠯᠤᠯᠲᠠ ᠶᠢᠨ ᠬᠡᠪ ᠴᠢᠨᠠᠷ ᠢ ᠲᠦᠪᠯᠡᠷᠡᠭᠦᠯᠦᠨ ᠳᠡᠭᠡᠭᠰᠢᠯᠡᠭᠦᠯᠵᠦ᠂ ᠡᠨᠡ ᠵᠢᠯ 816.8 ᠺᠢᠯᠣᠮᠧᠲᠷ ᠢ ᠪᠡᠶᠡᠯᠡᠭᠦᠯᠵᠦ᠂ ᠬᠡᠰᠢᠭᠲᠡᠨ ᠤ ᠬᠡᠪᠴᠢᠶᠡᠵᠢᠭᠦᠯᠦᠭᠰᠡᠨ ᠤᠢ ᠶᠢᠨ ᠲᠠᠯᠠᠪᠠᠢ ᠶᠢ ᠡᠬᠢᠯᠡᠨ ᠪᠠᠶᠢᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠣᠯ ᠬᠤᠲᠠ ᠲᠣᠭᠤᠷᠢᠭ ᠲᠠᠬᠢ ᠦᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠪᠦᠬᠦᠨ ᠢ ᠬᠠᠭᠠᠨ᠎ᠠ᠃ ᠬᠠᠤᠯᠢ ᠳᠦᠷᠢᠮ ᠢᠶᠠᠷ ᠬᠢᠵᠠᠭᠠᠷᠯᠠᠵᠤ᠂ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ᠯᠤᠤᠬ᠎ᠠ ᠶᠢᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠤᠷᠴᠢᠨ ᠲᠣᠭᠤᠷᠢᠨ ᠢ ᠵᠠᠰᠠᠨ ᠰᠠᠶᠢᠵᠢᠷᠠᠭᠤᠯᠬᠤ ︽ᠭᠤᠷᠪᠠᠨ ᠵᠢᠯ ᠤᠨ ᠠᠵᠢᠯᠯᠠᠭᠠᠨ ᠤ ᠲᠦᠯᠥᠪᠯᠡᠭᠡ︾ ᠶᠢ ᠲᠦᠯᠥᠪᠵᠢᠭᠦᠯᠭᠡ ᠶᠣᠰᠣᠭᠠᠷ ᠬᠡᠷᠡᠭᠵᠢᠭᠦᠯᠵᠦ᠂ ᠡᠨᠡ ᠵᠢᠯ ᠳᠤ 36 ᠳ᠋ᠦᠩᠰᠢᠭᠤᠷ ᠠᠴᠠ ᠳᠡᠭᠡᠭᠰᠢ ᠪᠡᠯᠡ ᠤᠷᠤᠭᠤᠯᠤᠯᠲᠠ ᠶᠢ ᠪᠡᠶᠡᠯᠡᠭᠦᠯᠦᠨ᠎ᠠ᠃ ᠳᠠᠯᠠᠶᠢᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠡᠨᠡ ᠵᠢᠯ ᠳᠤ 1.1 ᠳ᠋ᠦᠩᠰᠢᠭᠤᠷ ᠲᠦᠭᠦᠷᠢᠭ ᠪᠡᠯᠡ ᠤᠷᠤᠭᠤᠯᠤᠯᠲᠠ ᠶᠢ ᠪᠡᠶᠡᠯᠡᠭᠦᠯᠦᠨ᠎ᠠ᠃ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 27 ᠪᠤᠬᠢᠷᠳᠤᠯ ᠦᠭᠡᠢ ᠠᠭᠤᠷᠬᠠᠢ ᠶᠢ ᠡᠭᠦᠳᠦᠨ ᠪᠠᠶᠢᠭᠤᠯᠤᠨ᠎ᠠ᠃        ︵ᠵᠢᠷᠭᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠠ ᠶᠢ ᠡᠭᠦᠳᠬᠦ ᠬᠦᠭᠵᠢᠯᠲᠡ ᠶᠢᠨ ᠠᠮᠢᠳᠤᠯᠢᠭ ᠬᠦᠴᠦᠨ ᠪᠠ ᠬᠦᠳᠡᠯᠭᠡᠬᠦ ᠬᠦᠴᠦᠨ ᠢ ᠬᠦᠭᠵᠢᠭᠡᠨ᠎ᠠ        ᠡᠯ᠎ᠠ ᠬᠦᠷᠢᠶᠡᠨ ᠤ ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠰᠢᠨ᠎ᠠ ᠨᠢᠭᠡ ᠡᠭᠡᠯᠵᠢ ᠶᠢᠨ ᠵᠠᠰᠠᠭ ᠤᠨ ᠤᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠲᠠᠢ ᠤᠶᠠᠯᠳᠤᠭᠤᠯᠤᠨ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠦᠭᠡᠳ ᠵᠢᠷᠤᠮᠵᠢᠭᠤᠨ᠂ ᠠᠵᠢᠯᠯᠠᠭᠠᠨ ᠨᠢ ᠦᠨᠳᠥᠷ ᠪᠦᠲᠦᠮᠵᠢᠲᠡᠶ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠠᠮᠢ ᠠᠬᠤᠶ ᠤᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠡᠮ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠬᠤᠳᠠ ᠶᠢᠨ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮ ᠢ ᠲᠦᠬᠦᠷᠵᠢᠭᠦᠯᠦᠨ ᠪᠠᠶᠢᠭᠤᠯᠤᠨ᠎ᠠ᠃ ᠬᠦᠳᠡᠭᠡ ᠲᠣᠰᠬᠤᠨ ᠮᠠᠯᠵᠢᠬᠤ ᠤᠷᠣᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠮᠠᠯᠵᠢᠬᠤ ᠤᠷᠣᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠤᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠦᠭᠡᠷᠡᠴᠢᠯᠡᠯᠲᠡ ᠪᠠ ᠬᠦᠳᠡᠭᠡ ᠲᠣᠰᠬᠤᠨ ᠮᠠᠯᠵᠢᠬᠤ ᠤᠷᠣᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡ ᠤᠷᠤᠭᠤᠯᠬᠤ ᠬᠤᠷᠠᠮᠳᠤᠭᠤᠯᠬᠤ ᠵᠣᠬᠢᠴᠠᠮᠵᠢ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠵᠣᠬᠢᠴᠠᠮᠵᠢ᠂ ᠡᠬᠢ ᠪᠠᠶᠠᠯᠢᠭ ᠤᠨ ᠵᠠᠬ᠎ᠠ ᠳᠡᠯᠭᠡᠭᠦᠷᠴᠢᠯᠡᠨ ᠬᠤᠪᠢᠶᠠᠷᠢᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠠ ᠬᠡᠪᠴᠢᠶᠡᠨ ᠤ ᠦᠭᠡᠷᠡᠴᠢᠯᠡᠯᠲᠡ ᠶᠢ ᠨᠢᠭᠡᠳᠦᠯᠲᠡᠶ ᠲᠦᠯᠥᠪᠯᠡᠨ ᠠᠬᠢᠭᠤᠯᠤᠨ᠎ᠠ᠃        ᠠᠷᠠᠯᠵᠢᠶᠠᠴᠢᠨ ᠤᠷᠢᠵᠤ ᠪᠡᠯᠡ ᠤᠷᠣᠭᠤᠯᠬᠤ ᠶᠢ ᠬᠦᠴᠦᠲᠡᠶ ᠳᠦᠯᠭᠢᠨ ᠠᠬᠢᠭᠤᠯᠤᠨ᠎ᠠ᠃ ︽ᠡᠪᠦᠯ ᠤᠨ ᠤᠯᠠᠷᠢᠯ ᠤᠨ ᠪᠣᠭᠤᠮᠲᠠ ᠰᠢᠪᠲᠤᠯᠬᠤ ᠠᠵᠢᠯᠯᠠᠭᠠᠨ︾ ᠢ ᠯᠠᠪᠳᠠᠭᠤᠨ ᠪᠠᠲᠤᠲᠠᠶ ᠦᠷᠨᠢᠭᠦᠯᠵᠦ᠂ ᠡᠯ᠎ᠠ ᠵᠦᠢᠯ ᠤᠨ ᠱᠠᠩᠨᠠᠯ ᠨᠦᠬᠦᠪᠥᠷᠢ ᠶᠢᠨ ᠲᠦᠷᠥ ᠶᠢᠨ ᠪᠣᠳᠣᠯᠭ᠎ᠠ ᠪᠠ ᠬᠢᠨᠠᠨ ᠰᠢᠯᠭᠠᠵᠤ ᠦᠷ᠎ᠠ ᠪᠦᠲᠦᠮᠵᠢ ᠠᠰᠠᠭᠤᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠷ᠎ᠠ ᠬᠠᠭᠠᠰ ᠵᠢᠯ ᠳᠤ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠥᠯ ᠵᠦᠢᠯ ᠢ 100 ᠠᠴᠠ ᠳᠡᠭᠡᠭᠰᠢ ᠤᠷᠤᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠶ ᠪᠠᠷ ᠨᠠᠶᠢᠳᠠᠪᠤᠷᠢᠵᠢᠭᠤᠯᠵᠤ ᠪᠠᠶᠢᠭᠤᠯᠤᠯᠲᠠ ᠡᠬᠢᠯᠡᠭᠦᠯᠬᠦ ᠶᠢ ᠪᠡᠶᠡᠯᠡᠭᠦᠯᠦᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠰᠢᠨ᠎ᠠ ᠬᠡᠯᠪᠡᠷᠢ ᠶᠢ ᠡᠭᠦᠳᠴᠦ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ ᠢᠶᠠᠷ ᠠᠷᠠᠯᠵᠢᠶᠠᠴᠢᠨ ᠤᠷᠢᠬᠤ ᠶᠢ ᠲᠦᠷᠭᠡᠨ ᠳᠡᠯᠭᠡᠷᠡᠭᠦᠯᠵᠦ᠂ ᠡᠨᠡ ᠵᠢᠯ ᠳᠤ ᠪᠠᠷᠢᠮᠵᠢᠶᠠᠵᠢᠭᠤᠯᠤᠭᠰᠠᠨ ᠦᠢᠯᠡᠳᠪᠦᠷᠢ ᠲᠠᠰᠤᠭ 50 ᠲᠦᠮᠡᠨ ᠲᠡᠭᠰᠢ ᠳᠦᠷᠪᠡᠯᠵᠢᠨ ᠮᠧᠲᠷ ᠤᠷᠴᠢᠮ ᠪᠠᠶᠢᠭᠤᠯᠬᠤ ᠶᠢ ᠪᠠᠲᠤᠯᠠᠨ᠎ᠠ᠃ ᠨᠡᠶᠢᠭᠡᠮ ᠳᠠᠶᠠᠭᠠᠷ ᠠᠷᠠᠯᠵᠢᠶᠠᠴᠢᠨ ᠤᠷᠢᠬᠤ ᠪᠠᠶᠢᠳᠠᠯ ᠢ ᠢᠳᠡᠪᠬᠢᠲᠡᠶ ᠪᠣᠢ ᠪᠣᠯᠭᠠᠵᠤ᠂ ᠵᠠᠰᠠᠭ ᠤᠨ ᠤᠷᠳᠣᠨ ᠠᠴᠠ ᠡᠷᠬᠡ ᠤᠯᠭᠤᠬᠤ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠤᠷᠣᠨ ᠨᠤᠲᠤᠭ ᠤᠨ ᠠᠷᠠᠯᠵᠢᠶᠠᠴᠢᠨ ᠤ ᠨᠡᠶᠢᠭᠡᠮᠯᠢᠭ᠂ ᠠᠵᠢᠯ ᠲᠦᠷᠥᠯ ᠤᠨ ᠨᠡᠶᠢᠭᠡᠮᠯᠢᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠠᠶᠢᠳᠠᠨ ᠠᠷᠠᠯᠵᠢᠶᠠᠴᠢᠨ ᠤᠷᠢᠵᠤ᠂ ᠬᠤᠪᠢ ᠨᠡᠮᠡᠷᠢ ᠪᠠᠷ ᠲᠣᠪᠤᠶᠢᠮ᠎ᠠ ᠠᠵᠤ ᠠᠬᠤᠢᠢᠯᠠᠯ᠂ ᠲᠤᠰᠬᠠᠶ ᠪᠠᠶᠢᠭᠤᠯᠤᠮᠵᠢ ᠪᠣᠯᠤᠨ ᠨᠡᠶᠢᠭᠡᠮ ᠤᠨ ᠡᠯ᠎ᠠ ᠡᠲᠡᠭᠡᠳ ᠤᠨ ᠬᠦᠮᠦᠰ ᠢ ᠶᠡᠬᠡᠪᠡᠷ ᠬᠦᠬᠢᠭᠦᠯᠦᠨ ᠱᠠᠩᠨᠠᠵᠤ᠂ ᠡᠯ᠎ᠠ ᠡᠲᠡᠭᠡᠳ ᠤᠨ ᠬᠢᠨ ᠤ ᠠᠷᠠᠯᠵᠢᠶᠠᠴᠢᠨ ᠤᠷᠢᠬᠤ ᠳᠤ ᠤᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠬᠤᠶᠠᠳᠤᠭᠠᠷ ᠬᠤᠭᠤᠴᠠᠭᠠᠨ ᠤ ︽ᠤᠯᠠᠭᠠᠨᠬᠠᠳᠠ ᠨᠣᠲᠤᠭᠲᠠᠨ ᠤ ᠴᠤᠭᠯᠠᠭᠠᠨ︾ ᠢ ᠭᠦᠨᠴᠡ ᠲᠠᠢ ᠲᠦᠰᠦᠪᠯᠡᠵᠦ ᠰᠠᠶᠢᠲᠤᠷ ᠡᠷᠬᠢᠯᠡᠵᠦ᠂ ᠪᠠᠶᠢᠩᠭᠤ ᠶᠢᠨ ᠴᠢᠨᠠᠷᠲᠠᠢ ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠰᠢᠷᠢᠰ ᠦᠭᠦᠯᠡᠯ ᠤᠨ ᠲᠠᠪᠴᠠᠩ ᠤᠨ ᠠᠵᠢᠯᠯᠠᠭᠠᠨ ᠢᠶᠠᠷ ᠳᠠᠮᠵᠢᠭᠤᠯᠵᠤ᠂ ᠬᠤᠯᠠ ᠤᠢᠢᠷ᠎ᠠ ᠶᠢᠨ ᠤᠯᠠᠭᠠᠨᠬᠠᠳᠠ ᠨᠤᠲᠤᠭᠲᠠᠨ ᠤ ᠨᠤᠲᠤᠭ ᠲᠠᠭᠠᠨ ᠪᠣᠴᠠᠵᠤ ᠪᠡᠯᠡ ᠤᠷᠣᠭᠤᠯᠤᠨ ᠦᠢᠯᠡᠰ ᠡᠷᠬᠢᠯᠡᠬᠦ ᠶᠢ ᠲᠠᠲᠠᠨ᠎ᠠ᠃ ᠰᠢᠨ᠎ᠠ ᠨᠢᠭᠡᠨ ᠡᠭᠡᠯᠵᠢ ᠶᠢᠨ ᠪᠡᠭᠡᠵᠢᠩ ᠲᠢᠶᠠᠨᠵᠢᠨ ᠾᠧᠪᠧᠶ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠤᠨ ᠭᠠᠵᠠᠷ ᠤᠷᠣᠨ ᠠᠴᠠ ᠠᠷᠠᠯᠵᠢᠶᠠᠴᠢᠨ ᠤᠷᠢᠬᠤ ᠲᠠᠨᠢᠯᠴᠠᠭᠤᠯᠬᠤ ᠠᠵᠢᠯᠯᠠᠭᠠᠨ ᠢ ᠦᠨᠳᠥᠷ ᠲᠦᠪᠰᠢᠨ ᠢᠶᠠᠷ ᠰᠠᠶᠢᠲᠤᠷ ᠦᠷᠨᠢᠭᠦᠯᠵᠦ᠂ ᠠᠵᠤ ᠦᠢᠯᠡᠰ ᠤᠨ ᠬᠡᠯᠬᠢᠶᠡᠵᠢᠯ ᠪᠠ ᠬᠦᠷᠢᠶᠡᠯᠡᠩ ᠲᠣᠭᠤᠷᠢᠭ ᠤᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠴᠢᠷᠮᠠᠶᠢᠨ ᠤᠯᠵᠤ᠂ ᠨᠢᠭᠡ ᠪᠦᠯᠦᠭ ᠪᠦᠬᠦᠯᠢ ᠴᠣᠭᠴᠠ ᠪᠠᠷ ᠢᠶᠠᠨ ᠰᠢᠯᠵᠢᠬᠦ ᠲᠦᠷᠥᠯ ᠵᠦᠢᠯ ᠢ ᠤᠷᠣᠭᠤᠯᠤᠨ ᠠᠪᠴᠢᠷᠠᠵᠤ᠂ ᠤᠯᠤᠰ ᠤᠨ ᠲᠠᠰ ᠤᠨ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠬᠠᠮᠲᠤᠷᠠᠨ ᠠᠵᠢᠯᠯᠠᠬᠤ ᠵᠢᠱᠢᠶ᠎ᠠ ᠦᠵᠡᠭᠦᠯᠬᠦ ᠤᠷᠣᠨ ᠢ ᠲᠦᠷᠭᠡᠨ ᠪᠣᠢ ᠪᠣᠯᠭᠠᠨ᠎ᠠ᠃        ᠤᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢ ᠭᠦᠨᠵᠡᠭᠡᠶ ᠦᠷᠨᠢᠭᠦᠯᠦᠨ᠎ᠠ᠃ ︽ᠪᠡᠭᠡᠵᠢᠩ ᠲᠢᠶᠠᠨᠵᠢᠨ ᠳᠤ ᠨᠦᠮᠦᠷᠢᠳᠡᠬᠦ︾ ᠶᠢ ᠭᠦᠨᠵᠡᠭᠡᠶ ᠰᠠᠶᠢᠲᠤᠷ ᠬᠢᠵᠦ᠂ ᠪᠡᠭᠡᠵᠢᠩ ᠬᠤᠳᠠ ᠯᠤᠭ᠎ᠠ ᠶᠢᠨ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠡᠶᠢᠰᠯᠡᠯ ᠤᠨ ᠪᠤᠰᠤ ᠴᠢᠳᠠᠮᠵᠢ ᠶᠢᠨ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠴᠧᠩᠳᠧ ᠬᠤᠲᠠ ᠯᠤᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠵᠠᠰᠠᠮᠠᠯ ᠵᠠᠮ ᠬᠠᠷᠢᠯᠴᠠᠨ ᠨᠡᠪᠲᠡᠷᠡᠯᠴᠡᠬᠦ ᠪᠠ ᠡᠬᠢ ᠪᠠᠶᠠᠯᠢᠭ ᠢ ᠬᠠᠮᠲᠤ ᠳᠠᠭᠠᠨ ᠡᠳ᠋ᠯᠡᠬᠦ ᠶᠢ ᠴᠢᠩᠭᠠᠳᠬᠠᠵᠤ᠂ ᠬᠤᠶᠠᠷ ᠭᠠᠵᠠᠷ ᠤᠨ ᠵᠢᠭᠤᠯᠴᠢᠯᠠᠯ ᠤᠨ ᠬᠠᠮᠲᠤᠷᠠᠯᠴᠠᠭ᠎ᠠ ᠨᠡᠭᠡᠭᠡᠨ ᠬᠦᠭᠵᠢᠭᠦᠯᠦᠯᠲᠡ ᠨᠢ ᠪᠦᠬᠦᠯᠢ ᠴᠣᠭᠴᠠ ᠪᠠᠷ ᠳᠡᠰ ᠳᠡᠪᠰᠢᠬᠦ ᠶᠢ ᠠᠬᠢᠭᠤᠯᠤᠨ᠎ᠠ᠃ ︽ᠯᠢᠶᠤᠤᠨᠢᠩ ᠮᠦᠭᠳᠡᠨ ᠠᠴᠠ ᠬᠦᠴᠦ ᠵᠢᠭᠡᠯᠡᠬᠦ︾ ᠶᠢ ᠪᠣᠳᠠᠲᠠᠶ ᠰᠢᠪᠲᠤᠯᠤᠯᠲᠠ ᠲᠠᠢ ᠪᠣᠯᠭᠠᠵᠤ᠂ ᠮᠦᠭᠳᠡᠨ᠂ ᠵᠢᠨᠵᠧᠦ᠂ ᠴᠣᠣᠶᠠᠩ ᠵᠡᠷᠭᠡ ᠭᠠᠵᠠᠷ ᠤᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠵᠠᠰᠠᠮᠠᠯ ᠵᠠᠮ᠂ ᠲᠡᠮᠦᠷ ᠵᠠᠮ ᠵᠡᠷᠭᠡ ᠰᠠᠭᠤᠷᠢ ᠲᠦᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠲᠣᠨᠤᠭ ᠲᠦᠬᠦᠭᠡᠷᠦᠮᠵᠢ ᠦᠢᠯᠡᠳᠬᠦ ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠭᠠᠷᠠᠮ ᠤᠨ ᠠᠷᠠᠯᠵᠢᠶ᠎ᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠤ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶ ᠦᠷᠨᠢᠭᠦᠯᠵᠦ᠂ ᠵᠡᠭᠦᠨ ᠬᠤᠶᠢᠲᠤ ᠶᠢᠨ ᠠᠵᠤ ᠠᠬᠤᠶ ᠶᠢᠨ ᠤᠷᠣᠨ ᠪᠦᠰᠡ ᠶᠢᠨ ᠬᠠᠮᠲᠣᠷᠠᠯᠴᠠᠭ᠎ᠠ ᠳᠤ ᠤᠷᠣᠯᠴᠠᠬᠤ ᠳᠠᠪᠠᠭᠤᠯᠢᠭ ᠲᠠᠯ᠎ᠠ ᠪᠠᠨ ᠵᠤᠵᠠᠭᠠᠳᠬᠠᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠳᠤᠮᠳᠠᠳᠤ ᠮᠣᠩᠭᠤᠯ ᠤᠷᠣᠰ ᠤᠯᠤᠰ ᠤᠨ ᠬᠤᠭᠤᠷᠣᠨᠳᠣᠬᠢ ᠲᠡᠮᠦᠷ ᠵᠠᠮ ᠤᠨ ᠰᠢᠨ᠎ᠠ ᠨᠡᠪᠲᠡᠷᠡᠯ ᠵᠠᠮ ᠤᠨ ᠪᠦᠲᠥᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠭᠠᠳᠠᠭᠠᠳᠤ ᠠᠴᠠ ᠤᠷᠣᠭᠤᠯᠬᠤ ᠪᠠ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠬᠤ ᠤᠷᠣᠨ ᠪᠠ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠤᠳᠠ ᠶᠢ ᠲᠦᠷᠭᠡᠪᠴᠢᠯᠡᠨ ᠪᠠᠶᠢᠭᠤᠯᠵᠤ᠂ ᠤᠩᠭᠤᠴᠠ ᠵᠢᠭᠡᠯᠡᠨ ᠳᠠᠯᠠᠢ ᠭᠡᠲᠦᠯᠬᠦ ᠪᠠᠷ ᠳᠠᠮᠵᠢᠭᠤᠯᠤᠨ ᠭᠠᠵᠠᠷ ᠤᠷᠣᠨ ᠤ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠠ᠃        ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠵᠣᠷᠢᠭ ᠰᠢᠭᠤᠳᠤᠨ ᠰᠠᠶᠢᠵᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠤᠯᠭᠠᠮ᠎ᠠ ᠰᠡᠳᠬᠢᠯᠭᠡ ᠬᠢᠮᠤᠷᠠᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠳᠤ ᠨᠡᠩ ᠤᠯᠠᠨ ᠬᠤᠪᠢᠰᠬᠠᠯᠴᠢ  ᠴᠢᠨᠠᠷᠲᠠᠢ ᠠᠷᠭ᠎ᠠ ᠪᠠᠷᠢᠯ ᠠᠪᠴᠤ᠂ ᠬᠤᠳᠠᠯᠳᠤᠭ᠎ᠠ ᠡᠵᠡᠩᠨᠡᠬᠦ ᠤᠷᠴᠢᠨ ᠨᠦᠭᠦᠴᠡᠯ ᠤᠨ ᠲᠦᠢᠯᠪᠤᠷᠢᠲᠠᠶ ᠰᠠᠶᠢᠵᠢᠷᠠᠬᠤ ᠶᠢ ᠠᠬᠢᠭᠤᠯᠤᠨ᠎ᠠ᠃ ︽ᠳᠠᠷᠦ᠋ᠢᠬᠠᠨ ᠰᠢᠢᠳᠪᠦᠷᠢᠯᠡᠬᠦ᠂ ᠰᠦᠯᠵᠢᠶᠡᠨ ᠳᠡᠭᠡᠷ᠎ᠠ ᠰᠢᠢᠳᠪᠦᠷᠢᠯᠡᠬᠦ᠂ ᠤᠢᠢᠷ᠎ᠠ ᠬᠠᠪᠢ ᠳᠤᠨᠢ ᠰᠢᠢᠳᠪᠦᠷᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡ ᠪᠠᠶᠢᠭᠤᠯᠤᠮᠵᠢ ᠭᠦᠯᠢᠶᠡᠨ ᠠᠪᠴᠤ ᠂ ᠨᠢᠭᠡ ᠯᠡ ᠤᠳᠠᠭ᠎ᠠ ᠭᠦᠶᠦᠬᠦ ᠪᠠ ᠰᠠᠯᠠᠭ᠎ᠠ ᠮᠦᠴᠢᠷ ᠤᠷᠣᠯᠠᠨ ᠭᠦᠢᠴᠡᠳᠬᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠮᠲᠤᠷᠠᠨ ᠬᠢᠨᠠᠨ ᠵᠦᠪᠰᠢᠶᠡᠷᠡᠬᠦ᠂ ᠤᠯᠠᠨ ᠵᠢᠷᠤᠭ ᠲᠦᠯᠥᠪᠯᠡᠭᠡ ᠶᠢ ᠬᠤᠯᠪᠣᠭᠠᠯᠠᠨ ᠬᠢᠨᠠᠬᠤ᠂ ᠤᠷᠤᠨ ᠭᠠᠵᠠᠷ ᠤᠨ ᠬᠢᠨᠠᠨ ᠵᠦᠪᠰᠢᠶᠡᠷᠡᠬᠦ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡᠯᠡ ᠰᠦᠯᠵᠢᠶ᠎ᠠ ᠪᠠᠷ ᠪᠦᠬᠦᠨ ᠢ ᠰᠢᠢᠳᠪᠦᠷᠢᠯᠡᠬᠦ ᠶᠢ ᠲᠦᠷᠭᠡᠪᠴᠢᠯᠡᠨ ᠪᠡᠶᠡᠯᠡᠭᠦᠯᠦᠨ᠎ᠠ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠮᠡᠳᠡᠭᠡ ᠵᠠᠩᠭᠢᠵᠢᠯᠲᠠ ᠶᠢ ᠪᠦᠬᠦ ᠲᠠᠯ᠎ᠠ ᠪᠠᠷ ᠬᠡᠷᠡᠭᠯᠡᠵᠦ᠂ ᠤᠷᠣᠨ ᠨᠤᠲᠤᠭ ᠤᠨ ᠴᠢᠨᠠᠷᠲᠠᠢ ᠲᠦᠷᠦ ᠶᠢᠨ ᠪᠣᠳᠣᠯᠭ᠎ᠠ ᠶᠢᠨ ᠬᠠᠷᠰᠢ ᠰᠠᠭᠠᠳ ᠢ ᠡᠷᠡᠰ ᠠᠷᠢᠯᠭᠠᠨ᠎ᠠ᠃ ︽ᠲᠡᠮᠳᠡᠭ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠵᠦ᠂ ︽ᠤᠯᠠᠨ ᠦᠨᠡᠮᠯᠡᠯ ᠢ ᠨᠡᠶᠢᠯᠡᠭᠦᠯᠬᠦ︾ ᠦᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ︽ᠵᠠᠰᠠᠭ ᠪᠠᠩᠬᠢ ᠬᠠᠮᠲᠤᠷᠠᠨ ᠠᠵᠢᠯᠯᠠᠬᠤ︾ ᠶᠢ ᠢᠳᠡᠪᠬᠢᠲᠡᠶ ᠦᠷᠨᠢᠭᠦᠯᠵᠦ᠂ ᠠᠵᠤ ᠠᠬᠤᠢᠢᠯᠠᠯ ᠤᠨ ᠳᠠᠩᠰᠠᠯᠠᠯᠲᠠ ᠪᠠ ᠪᠠᠩᠬᠢ ᠶᠢᠨ ᠳᠠᠩᠰᠠ ᠪᠠᠶᠢᠭᠤᠯᠬᠤ ᠶᠢ ᠰᠦᠯᠵᠢᠶᠡᠨ ᠳᠡᠭᠡᠷ᠎ᠠ ᠬᠤᠯᠪᠣᠭᠠᠯᠠᠨ ᠪᠡᠶᠡᠯᠡᠭᠦᠯᠵᠦ᠂ ᠠᠵᠤ ᠠᠬᠤᠢᠢᠯᠠᠯ ᠨᠡᠭᠡᠭᠡᠬᠦ ᠳᠤ ᠬᠡᠷᠡᠭᠰᠡᠬᠦ ᠴᠠᠭ ᠢ ᠤᠯᠠᠮ ᠨᠢᠭᠡ ᠠᠯᠬᠤᠮ ᠪᠠᠭᠠᠰᠬᠠᠵᠤ ᠂ ᠨᠡᠩ ᠠᠭᠤᠵᠢᠭᠤ ᠴᠢᠯᠦᠭᠡᠲᠡᠢ ᠮᠦᠷᠲᠡᠭᠡᠨ ᠲᠦᠬᠦᠮ ᠳᠦᠲᠡ ᠵᠠᠬ᠎ᠠ ᠳᠡᠯᠭᠡᠭᠦᠷ ᠲᠤ ᠤᠷᠣᠬᠤ ᠶᠢ ᠵᠦᠪᠰᠢᠶᠡᠷᠡᠬᠦ ᠨᠦᠬᠦᠴᠡᠯ ᠢ ᠴᠢᠷᠮᠠᠶᠢᠨ ᠪᠤᠢ ᠪᠣᠯᠭᠠᠨ᠎ᠠ᠃        ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠦᠪᠡᠷᠲᠡᠭᠡᠨ ᠵᠠᠰᠠᠬᠤ ᠤᠷᠣᠨ ᠤ 26 ᠵᠤᠷᠪᠤᠰ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠦᠷᠨᠢᠨ ᠮᠠᠨᠳᠤᠬᠤ ᠶᠢ ᠠᠬᠢᠭᠤᠯᠤᠨ᠎ᠠ᠃ ᠡᠯ᠎ᠠ ᠱᠠᠲᠤᠨ ᠤ ᠠᠷᠠᠳ ᠠᠴᠠ ᠡᠵᠡᠩᠨᠡᠭᠰᠡᠨ ᠠᠵᠤ ᠠᠬᠤᠶ ᠪᠣᠯᠤᠨ ᠳᠤᠮᠳᠠ ᠵᠢᠵᠢᠭ ᠠᠵᠤ ᠠᠬᠤᠢᠢᠯᠠᠯ ᠤᠨ ᠬᠦᠭᠵᠢᠯᠲᠡ ᠶᠢᠨ ᠬᠦᠴᠢᠷ ᠢ ᠲᠠᠶᠢᠯᠬᠤ ᠲᠤᠰᠬᠠᠶ ᠵᠦᠢᠯ ᠤᠨ ᠰᠠᠭᠤᠷᠢ ᠮᠦᠩᠭᠦ ᠶᠢ ᠬᠦᠢᠴᠡᠳ ᠠᠰᠢᠭᠯᠠᠵᠤ᠂ ᠠᠵᠤ ᠠᠬᠤᠢᠢᠯᠠᠯ ᠤᠨ ᠦᠷᠢ ᠦᠭᠴᠡᠭᠡ ᠶᠢ ᠰᠲ᠋ᠣᠺ ᠪᠣᠯᠭᠠᠬᠤ ᠶᠢ ᠢᠳᠡᠪᠬᠢᠲᠡᠶ ᠪᠠᠷ ᠤᠳᠤᠷᠢᠳᠤᠨ ᠳᠠᠭᠠᠭᠤᠯᠵᠤ᠂ ᠠᠵᠤ ᠠᠬᠤᠢᠢᠯᠠᠯ ᠤᠨ ᠤᠯᠠᠨ ᠠᠷᠭ᠎ᠠ ᠵᠠᠮ ᠢᠶᠠᠷ ᠪᠡᠯᠡ ᠮᠦᠩᠭᠦ ᠰᠢᠭᠤᠳ ᠴᠤᠭᠯᠠᠭᠤᠯᠤᠨ ᠭᠦᠢᠯᠭᠡᠭᠡᠬᠦ ᠶᠢ ᠵᠣᠷᠢᠬᠵᠢᠭᠤᠯᠤᠨ᠎ᠠ᠃ ᠤᠯᠤᠰ ᠤᠨ ᠭᠠᠶᠢᠯᠢ ᠬᠦᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯᠧᠮᠧᠨ᠋ᠲ ᠤᠨ ᠡᠬᠢ ᠪᠠᠶᠠᠯᠢᠭ ᠤᠨ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠡᠵᠡᠩᠨᠡᠯᠲᠡ ᠶᠢᠨ ᠦᠪᠡᠷ ᠤᠨ ᠦᠷᠲᠡᠭ ᠢ ᠴᠢᠷᠮᠠᠶᠢᠨ ᠪᠠᠭᠤᠷᠠᠭᠤᠯᠤᠨ᠎ᠠ᠃ ᠡᠷᠬᠡ ᠲᠡᠭᠰᠢ ᠦᠷᠢᠰᠦᠯᠳᠦᠬᠦ ᠬᠢᠨᠠᠨ ᠪᠠᠶᠢᠴᠠᠭᠠᠯᠲᠠ ᠶᠢᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠤᠷᠳᠣᠨ ᠪᠠ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠳᠠᠬᠢ ᠦᠷᠢ ᠲᠦᠯᠦᠭᠡᠰᠦ ᠶᠢ ᠬᠤᠭᠤᠴᠠᠭ᠎ᠠ ᠬᠢᠵᠠᠭᠠᠷᠯᠠᠨ ᠲᠢᠭᠯᠡᠨ ᠪᠣᠴᠠᠭᠠᠵᠤ᠂ ᠵᠠᠰᠠᠭ ᠤᠨ ᠤᠷᠳᠣᠨ ᠤ ᠢᠲᠡᠭᠡᠮᠵᠢ ᠪᠠᠷ ᠢᠷᠭᠡᠨ ᠤ ᠪᠡᠯᠡ ᠤᠷᠣᠭᠤᠯᠤᠯᠲᠠ ᠪᠠ ᠠᠷᠠᠳ ᠠᠴᠠ ᠡᠵᠡᠩᠨᠡᠭᠰᠡᠨ ᠠᠵᠤ ᠠᠬᠤᠢᠢᠯᠠᠯ ᠤᠨ ᠬᠦᠭᠵᠢᠯᠲᠡ ᠶᠢᠨ ᠢᠲᠡᠭᠡᠯ ᠵᠣᠷᠢᠭ ᠢ ᠬᠦᠪᠴᠢᠯᠡᠨ᠎ᠠ᠃ ︽ᠬᠤᠪᠢ ᠡᠷᠦᠬᠡ ᠨᠢ ᠠᠵᠤ ᠠᠬᠤᠢᠢᠯᠠᠯ ᠪᠣᠯᠬᠤ᠂ ᠪᠠᠭ᠎ᠠ ᠠᠵᠤ ᠠᠬᠤᠢᠢᠯᠠᠯ ᠨᠢ ᠬᠡᠪᠴᠢᠶᠡᠵᠢᠬᠦ᠂ ᠬᠡᠪᠴᠢᠶᠡᠲᠦ ᠠᠵᠤ ᠠᠬᠤᠢᠢᠯᠠᠯ ᠨᠢ ᠬᠤᠪᠢ ᠤᠷᠣᠭᠤᠯᠬᠤ᠂ ᠬᠤᠪᠢ ᠤᠷᠣᠭᠤᠯᠣᠭᠰᠠᠨ ᠠᠵᠤ ᠠᠬᠤᠢᠢᠯᠠᠯ ᠨᠢ ᠰᠲ᠋ᠣᠺ ᠤᠨ ᠵᠠᠬ᠎ᠠ ᠳᠤ ᠭᠠᠷᠬᠤ︾ ᠶᠢ ᠠᠬᠢᠭᠤᠯᠵᠤ᠂ ᠲᠤᠭ᠎ᠠ ᠲᠣᠮᠰᠢ ᠦᠭᠡᠢ ᠤᠯᠠᠨ ᠳᠤᠮᠳᠠ ᠵᠢᠵᠢᠭ ᠪᠢᠴᠢᠯ ᠠᠵᠤ ᠠᠬᠤᠢᠢᠯᠠᠯ ᠢ ᠪᠤᠶᠢᠵᠢᠭᠤᠯᠬᠤ ᠶᠢᠨ ᠬᠠᠮᠲᠤ ᠨᠡᠩ ᠤᠯᠠᠨ ᠬᠦᠴᠦᠷᠬᠡᠭ ᠶᠡᠭᠡ ᠲᠤᠮᠤ ᠬᠡᠯᠪᠡᠷᠢ ᠶᠢᠨ ᠠᠵᠤ ᠠᠬᠤᠢᠢᠯᠠᠯ ᠪᠣᠯᠤᠨ ᠰᠢᠨ᠎ᠠ ᠶᠢ ᠡᠭᠦᠳᠬᠦ ᠬᠡᠯᠪᠡᠷᠢ ᠶᠢᠨ ᠠᠵᠤ ᠠᠬᠤᠢᠢᠯᠠᠯ ᠢ ᠴᠢᠷᠮᠠᠶᠢᠨ ᠪᠤᠶᠢᠵᠢᠭᠤᠯᠤᠨ᠎ᠠ᠃        ︵ᠲᠤᠯᠤᠭ᠎ᠠ︶ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠳᠤᠲᠠᠭᠤᠳᠠᠯ ᠢ ᠨᠦᠬᠦᠪᠥᠷᠢᠯᠡᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠠ        ᠨᠡᠶᠢᠭᠡᠮ ᠤᠨ ᠠᠵᠢᠯ ᠤᠯᠭᠤᠯᠲᠠ ᠶᠢ ᠨᠡᠩ ᠪᠦᠷᠢᠨ ᠭᠦᠢᠴᠡᠳ ᠪᠣᠯᠭᠠᠬᠤ ᠶᠢ ᠠᠬᠢᠭᠤᠯᠤᠨ᠎ᠠ᠃ ᠰᠤᠷᠭᠠᠭᠤᠯᠢ ᠲᠡᠭᠦᠰᠦᠭᠰᠡᠨ ᠤᠶᠣᠲᠠᠳ᠂ ᠬᠦᠳᠡᠭᠡ ᠲᠤᠰᠬᠤᠨ ᠮᠠᠯᠵᠢᠬᠤ ᠤᠷᠣᠨ ᠠᠴᠠ ᠰᠢᠯᠵᠢᠭᠰᠡᠨ ᠬᠦᠳᠡᠯᠮᠦᠷᠢ ᠬᠦᠴᠦ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭᠠᠲᠤ ᠬᠠᠮᠲᠤ ᠪᠦᠯᠦᠭ ᠲᠤ ᠠᠵᠢᠯ ᠤᠯᠭᠤᠬᠤ ᠠᠵᠢᠯ ᠢ ᠲᠤᠪᠤᠶᠢᠮ᠎ᠠ ᠰᠠᠶᠢᠲᠤᠷ ᠬᠢᠵᠦ᠂ ᠬᠤᠳᠠ ᠪᠠᠯᠭᠠᠰᠤᠨ ᠤ ᠠᠵᠢᠯ ᠤᠯᠬᠤ ᠳᠤ ᠬᠦᠴᠢᠷᠲᠡᠶ ᠬᠦᠮᠦᠰ ᠪᠠ ᠳᠠᠩᠰᠠᠯᠠᠭᠤᠯᠤᠭᠰᠠᠨ ᠠᠵᠢᠯ ᠠᠯᠳᠠᠭᠰᠠᠳ ᠵᠡᠷᠭᠡ ᠳᠠᠬᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠡᠪᠡᠷᠯᠡᠨ ᠪᠤᠳᠤᠬᠤ ᠬᠦᠴᠦᠯᠡᠴᠡ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠦᠪᠬᠢᠨᠡᠭᠦᠯᠬᠦ ᠡᠭᠦᠷᠭᠡ ᠶᠢ ᠦᠨᠡᠨ ᠬᠦ ᠪᠠᠲᠤᠯᠠᠵᠤ᠂ ᠬᠤᠳᠠ ᠪᠠᠯᠭᠠᠰᠤᠨ ᠤ 2.3 ᠲᠦᠮᠡᠨ ᠬᠦᠮᠦᠨ ᠳᠤ ᠰᠢᠨ᠎ᠠ ᠪᠠᠷ ᠠᠵᠢᠯ ᠤᠯᠭᠤᠵᠤ᠂ ᠬᠦᠳᠡᠭᠡ ᠲᠣᠰᠬᠤᠨ ᠮᠠᠯᠵᠢᠬᠤ ᠤᠷᠣᠨ ᠤ 68.5 ᠲᠦᠮᠡᠨ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠳᠣᠲᠣᠷ᠎ᠠ ᠬᠢᠵᠠᠭᠠᠷᠯᠠᠨ᠎ᠠ᠃        ᠰᠤᠷᠭᠠᠨ ᠬᠦᠮᠦᠵᠢᠯ ᠤᠨ ᠬᠦᠭᠵᠢᠯᠲᠡ ᠶᠢᠨ ᠨᠡᠩ ᠲᠡᠩᠴᠡᠭᠦᠷᠢᠲᠡᠶ ᠪᠠᠶᠢᠬᠤ ᠶᠢ ᠠᠬᠢᠭᠤᠯᠤᠨ᠎ᠠ᠃ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠢᠷᠤᠮᠵᠢᠭᠤᠯᠤᠨ ᠬᠦᠭᠵᠢᠭᠦᠯᠬᠦ ᠲᠤᠬᠠᠶ ᠰᠠᠨᠠᠯ ᠤᠳ︾ ᠢ ᠭᠦᠨᠵᠡᠭᠡᠢ ᠨᠠᠶᠢᠳᠠᠪᠤᠷᠢᠵᠢᠭᠤᠯᠵᠤ᠂ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠠᠵᠢᠯᠯᠠᠭᠠᠨ ᠤ ᠲᠦᠯᠥᠪᠯᠡᠭᠡ ᠶᠢ ᠶᠡᠬᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ 34 ᠬᠡᠦᠬᠡᠳ ᠤᠨ ᠴᠡᠴᠡᠷᠯᠢᠭ ᠢ ᠰᠢᠨ᠎ᠠ ᠪᠠᠷ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠬᠠᠮᠤᠷᠬᠤ ᠨᠣᠷᠮ᠎ᠠ ᠶᠢ 70% ᠬᠦᠷᠭᠡᠨ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠶ ᠬᠦᠭᠵᠢᠯᠲᠡ ᠶᠢ ᠲᠦᠷᠭᠡᠳᠬᠡᠵᠦ᠂ ᠵᠢᠯ ᠤᠨ ᠳᠣᠲᠣᠷ᠎ᠠ 13 ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠰᠢᠨ᠎ᠠ ᠪᠠᠷ ᠪᠠᠶᠢᠭᠤᠯᠬᠤ ᠪᠣᠶᠣ ᠦᠭᠡᠷᠡᠴᠢᠯᠡᠵᠦ ᠦᠷᠭᠡᠳᠬᠡᠨ ᠪᠠᠶᠢᠭᠤᠯᠵᠤ᠂ 286 ︽ᠰᠣᠷᠣᠭᠴᠢ ᠤᠯᠠᠨᠲᠠᠶ ᠠᠩᠭᠢ︾ ᠶᠢ ᠦᠭᠡᠶᠢᠰᠬᠡᠵᠦ᠂ ᠠᠤᠬᠠᠨ ᠬᠤᠰᠢᠭᠤ ᠶᠢᠨ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠶ ᠬᠦᠭᠵᠢᠯᠲᠡ ᠶᠢᠨ ᠨᠣᠲᠠᠯᠠᠯᠲᠠ ᠶᠢ ᠦᠩᠭᠡᠷᠡᠭᠡᠬᠦ ᠶᠢ ᠦᠨᠡᠨ ᠬᠦ ᠪᠠᠲᠤᠯᠠᠨ᠎ᠠ᠃ ᠳᠡᠭᠡᠲᠦ ᠳᠤᠮᠳᠠᠳᠤ ᠶᠢᠨ ᠪᠣᠭᠤᠮᠲᠠ ᠰᠢᠪᠲᠣᠯᠬᠤ ᠲᠦᠯᠥᠪᠯᠡᠭᠡ ᠶᠢ ᠬᠡᠷᠡᠭᠵᠢᠭᠦᠯᠵᠦ᠂ ᠡᠩ ᠤᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠢᠨᠠᠷ ᠰᠠᠶᠢᠲᠠᠶ ᠦᠪᠡᠷᠮᠢᠴᠡ ᠤᠨᠴᠠᠯᠢᠭᠲᠠᠢ᠂ ᠤᠯᠠᠨ ᠶᠠᠩᠵᠤᠴᠢᠯᠠᠭᠰᠠᠨ ᠬᠦᠭᠵᠢᠯᠲᠡ ᠶᠢ ᠠᠬᠢᠭᠤᠯᠤᠨ᠎ᠠ᠃ ᠦᠨᠳᠦᠰᠦᠲᠡᠨ ᠤ ᠤᠨᠴᠠᠯᠢᠭᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠠ ᠬᠤᠲᠠ ᠶᠢᠨ ᠮᠣᠩᠭᠤᠯ ᠪᠠᠭ᠎ᠠ ᠰᠣᠷᠭᠠᠭᠤᠯᠢ ᠶᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠵᠤ ᠠᠰᠢᠭᠯᠠᠯᠲᠠ ᠳᠤ ᠤᠷᠣᠭᠤᠯᠬᠤ ᠶᠢ ᠪᠠᠲᠤᠯᠠᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠦᠷᠢᠶᠡᠴᠢᠯᠡᠭᠰᠡᠨ ᠤᠨᠴᠠᠯᠢᠭ ᠲᠠᠢ ᠬᠦᠭᠵᠢᠯᠲᠡ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠦᠪᠡᠷᠮᠢᠴᠡ ᠤᠨᠴᠠᠯᠢᠠᠠᠳᠦ ᠨᠠᠷᠠᠲᠤ ᠲᠡᠮᠳᠡᠭᠲᠦ ᠪᠠᠶᠢᠭᠤᠯᠬᠤ ᠶᠢ ᠴᠢᠬᠤᠯᠠᠴᠢᠯᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠬᠤ᠂ ᠰᠤᠷᠭᠠᠭᠤᠯᠢ ᠠᠵᠤ ᠠᠬᠤᠢᠢᠯᠠᠯ ᠬᠠᠮᠲᠤᠷᠠᠯᠴᠠᠬᠤ ᠶᠢ ᠲᠦᠷᠭᠡᠪᠴᠢᠯᠡᠨ ᠠᠬᠢᠭᠤᠯᠵᠤ᠂ ᠤᠯᠠᠭᠠᠨᠬᠠᠳᠠ ᠶᠢᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠢᠳᠡᠪᠬᠢᠲᠡᠶ ᠪᠡᠯᠡᠳᠭᠡᠨ ᠪᠠᠶᠢᠭᠤᠯᠵᠤ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠭᠦᠴᠡᠯ ᠢᠶᠠᠨ ᠰᠠᠶᠢᠵᠢᠷᠠᠭᠤᠯᠬᠤ ᠶᠢ ᠶᠡᠭᠡ ᠬᠦᠴᠦᠨ ᠢᠶᠠᠷ ᠳᠡᠮᠵᠢᠨ᠎ᠠ᠃        ᠡᠮ ᠡᠮᠨᠡᠯᠭᠡ ᠶᠢᠨ ᠦᠢᠯᠡᠴᠢᠯᠡᠭᠡᠨ ᠤ ᠠᠷᠠᠳ ᠤᠯᠠᠨ ᠳᠤ ᠨᠡᠩ ᠲᠦᠬᠦᠮ ᠦᠵᠡᠭᠦᠯᠬᠦ ᠶᠢ ᠠᠬᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠰᠲ᠋ᠧᠮᠵᠢ ᠶᠢᠨ ᠦᠭᠡᠷᠡᠴᠢᠯᠠᠯᠲᠠ ᠶᠢ ᠬᠦᠨᠵᠡᠭᠡᠶᠢᠷᠡᠭᠦᠯᠵᠦ᠂ ᠱᠠᠲᠤ ᠬᠤᠪᠢᠶᠠᠵᠤ ᠤᠨᠣᠰᠢᠯᠠᠨ ᠡᠮᠨᠡᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠡᠷ ᠪᠦᠯᠢ ᠶᠢᠨ ᠡᠮᠴᠢ ᠶᠢᠨ ᠭᠡᠷ᠎ᠠ ᠲᠣᠭᠲᠠᠨ ᠦᠢᠯᠡᠴᠢᠯᠡᠬᠦ ᠶᠢ ᠪᠣᠳᠠᠲᠠᠢ ᠨᠠᠷᠢᠯᠢᠭ ᠬᠢᠵᠦ᠂ ᠦᠨᠳᠦᠰᠦᠨ ᠡᠮ ᠡᠮᠨᠡᠯᠭᠡ ᠶᠢᠨ ᠭᠡᠷ᠎ᠠ ᠲᠣᠭᠲᠠᠨ ᠦᠢᠯᠡᠴᠢᠯᠡᠬᠦ ᠦᠪᠡᠷᠮᠢᠴᠡ ᠦᠢᠯᠡᠴᠢᠯᠡᠭᠡ ᠶᠢ ᠲᠤᠭᠲᠠᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠭᠤᠯᠬᠤ ᠶᠢ ᠢᠳᠡᠪᠬᠢᠲᠡᠶ ᠠᠬᠢᠭᠤᠯᠵᠤ᠂ ᠪᠦᠬᠦ ᠢᠷᠭᠡᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ︽ᠭᠤᠷᠪᠠᠨ ᠬᠦᠮᠥᠷᠭᠡ ᠨᠢᠭᠡ ᠺᠠᠷᠲ︾ ᠢ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠪᠠ ᠤᠷᠢᠳᠴᠢᠯᠠᠨ ᠰᠡᠷᠭᠡᠶᠢᠯᠡᠬᠦ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠦᠨᠳᠦ ᠶᠡᠭᠡ ᠡᠪᠡᠳᠴᠢᠨ ᠬᠢᠵᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠠ᠃ ᠨᠡᠶᠢᠳᠡᠮ ᠬᠤᠶᠠᠷ ᠬᠡᠤᠬᠡᠳ ᠠᠪᠴᠤ ᠪᠣᠯᠬᠤ ᠲᠦᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠦᠮᠦᠨ ᠠᠮᠠ ᠶᠢᠨ ᠵᠣᠬᠢᠴᠠᠩᠭᠤᠶ ᠬᠦᠭᠵᠢᠯᠲᠡ ᠶᠢ ᠠᠬᠢᠭᠤᠯᠤᠨ᠎ᠠ᠃ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠦᠴᠦᠲᠡᠢ ᠠᠬᠢᠭᠤᠯᠵᠤ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢ ᠦᠭᠡᠷᠡᠴᠢᠯᠡᠨ ᠰᠠᠶᠢᠵᠢᠷᠠᠭᠤᠯᠬᠤ ᠪᠠ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠪᠣᠯᠤᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠨᠡᠭᠦᠵᠦ ᠰᠢᠨ᠎ᠠ ᠪᠠᠷ ᠪᠠᠶᠢᠭᠤᠯᠬᠤ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠬᠤᠲᠠ ᠶᠢᠨ ᠲᠦᠪ ᠴᠢᠰᠤᠨ ᠤ ᠦᠷᠲᠡᠭᠡ ᠶᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠎ᠠ᠃        ᠨᠡᠶᠢᠭᠡᠮ ᠤᠨ ᠪᠠᠲᠤᠯᠠᠭ᠎ᠠ ᠶᠢᠨ ᠨᠡᠩ ᠲᠡᠭᠦᠯᠳᠡᠷᠵᠢᠬᠦ ᠶᠢ ᠠᠬᠢᠭᠤᠯᠤᠨ᠎ᠠ᠃ ᠪᠦᠬᠦ ᠢᠷᠭᠡᠳ ᠢ ᠳᠠᠭᠠᠳᠬᠠᠯ ᠳᠤ ᠤᠷᠣᠯᠴᠠᠭᠤᠯᠬᠤ ᠲᠦᠯᠥᠪᠯᠡᠭᠡ ᠶᠢ ᠬᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠠ ᠶᠢ ᠦᠷᠭᠦᠯᠵᠢᠯᠡᠨ ᠦᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ᠂ ᠠᠵᠢᠯ ᠤᠨ ᠰᠢᠷᠬᠠᠳᠤᠯ ᠤᠨ ᠳᠠᠭᠠᠳᠬᠠᠯ ᠤᠨ ᠰᠠᠭᠤᠷᠢ ᠮᠦᠩᠭᠦ ᠶᠢ ᠱᠠᠭᠠᠷᠳᠠᠯᠭ᠎ᠠ ᠶᠣᠰᠣᠭᠠᠷ ᠦᠪᠡᠷᠲᠡᠭᠡᠨ ᠵᠠᠰᠠᠬᠤ ᠤᠷᠣᠨ ᠤ ᠱᠠᠲᠤᠨ ᠠᠴᠠ ᠨᠢᠭᠡᠳᠦᠯᠲᠡᠶ ᠴᠤᠭᠯᠠᠭᠤᠯᠬᠤ ᠪᠣᠯᠭᠠᠨ᠎ᠠ᠃ ᠬᠤᠲᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠤᠨᠴᠠ ᠬᠦᠴᠢᠷᠳᠡᠯᠲᠡᠶ ᠬᠦᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠳᠡᠭᠡᠭᠰᠢᠯᠡᠬᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠬᠢᠭᠡᠳ ᠪᠠᠷᠠᠭᠠᠨ ᠤ ᠦᠨ᠎ᠠ ᠶᠢᠨ ᠦᠰᠥᠯᠲᠡ ᠶᠢ ᠬᠤᠯᠪᠣᠯᠳᠤᠭᠤᠯᠤᠭᠰᠠᠨ ᠲᠣᠭᠲᠠᠴᠠ ᠶᠢ ᠲᠡᠭᠦᠯᠳᠡᠷᠵᠢᠭᠦᠯᠦᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠶᠠᠰᠤ ᠴᠢᠨᠠᠷ ᠤᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠦᠷᠨᠢᠭᠦᠯᠵᠦ᠂ ᠰᠤᠮᠤ ᠰᠢᠶᠠᠩ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠤᠷᠣᠯᠴᠠᠬᠤ ᠶᠢ ᠵᠣᠷᠢᠬᠵᠢᠭᠤᠯᠵᠤ᠂ ᠡᠮᠴᠢᠯᠡᠭᠡ ᠰᠤᠪᠢᠯᠠᠯᠲᠠ ᠶᠢᠨ ᠤᠶᠠᠯᠳᠤᠭᠤᠯ ᠪᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠠᠬᠢᠭᠤᠯᠤᠨ᠎ᠠ᠃ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ ᠲᠦᠷᠢᠮ ᠢ ᠲᠡᠭᠦᠯᠳᠡᠷᠵᠢᠭᠦᠯᠵᠦ᠂ ᠵᠠᠰᠠᠭ ᠤᠨ ᠤᠷᠳᠣᠨ ᠠᠴᠠ ᠵᠡᠮᠳᠡᠭᠴᠦᠳ ᠢ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠠ ᠬᠡᠪᠴᠢᠶ᠎ᠠ ᠶᠢ ᠦᠷᠭᠡᠳᠬᠡᠵᠦ᠂ ᠬᠦᠮᠥᠡᠯᠢᠭ ᠦᠢᠯᠡᠰ ᠪᠠ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠦᠢᠯᠡᠰ ᠢ ᠶᠡᠬᠡᠪᠡᠷ ᠬᠦᠭᠵᠢᠭᠦᠯᠦᠨ᠎ᠠ᠃        ᠨᠡᠶᠢᠭᠡᠮ ᠤᠨ ᠡᠯ᠎ᠠ ᠦᠢᠯᠡᠰ ᠤᠨ ᠨᠡᠩ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ ᠠᠵᠤ ᠠᠬᠤᠢᠢᠯᠠᠯ ᠢᠶᠠᠷ ᠪᠡᠶᠡᠴᠢ ᠴᠣᠭᠴᠠ ᠪᠣᠯᠭᠠᠭᠰᠠᠨ ᠰᠢᠨᠵᠢᠯᠡᠭᠡ ᠮᠡᠷᠭᠡᠵᠢᠯ ᠤᠨ ᠰᠢᠨ᠎ᠠ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠦᠪᠡᠷᠲᠡᠭᠡᠨ ᠵᠠᠰᠠᠬᠤ ᠤᠷᠣᠨ ᠤ ᠲᠠᠰ ᠠᠴᠠ ᠳᠡᠭᠡᠭᠰᠢᠬᠢ ᠰᠢᠨ᠎ᠠ ᠶᠢ ᠡᠭᠦᠳᠬᠦ ᠲᠠᠪᠴᠠᠩ ᠤᠨ ᠠᠴᠢᠶᠠᠯᠠᠪᠤᠷᠢ 15 ᠪᠠᠶᠢᠭᠤᠯᠵᠤ᠂ 2019 ᠤᠨ ᠤ ᠤᠯᠠᠭᠠᠨᠬᠠᠳᠠ · ᠳᠤᠮᠳᠠᠳᠤ ᠤᠯᠤᠰ ᠤᠨ ᠤᠮᠠᠷᠠᠲᠤ ᠤᠷᠣᠨ ᠤ ᠬᠦᠳᠡᠭᠡ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠠ ᠪᠦᠲᠦᠭᠡᠯ ᠤᠨ ᠦᠵᠡᠰᠬᠦᠯᠡᠩ ᠢ ᠰᠠᠶᠢᠲᠤᠷ ᠡᠷᠬᠢᠯᠡᠨ᠎ᠠ ᠃ ᠦᠨᠳᠥᠷ ᠳᠡᠰ ᠤᠨ ᠲᠣᠯᠭᠠᠮ᠎ᠠ ᠬᠡᠷᠡᠭᠰᠡᠬᠦ ᠴᠢᠳᠠᠪᠤᠷᠢᠲᠠᠨ ᠢ ᠲᠦᠷᠭᠡᠨ ᠤᠷᠣᠭᠤᠯᠤᠨ ᠠᠪᠴᠢᠷᠠᠵᠤ᠂ ᠠᠵᠤ ᠠᠬᠤᠢ ᠶᠢᠨ ᠴᠢᠨᠠᠷ  ᠰᠠᠶᠢᠲᠠᠢ ᠬᠦᠭᠵᠢᠯᠲᠡ ᠶᠢ ᠠᠬᠢᠭᠤᠯᠬᠤ ᠳᠤ ᠤᠶᠣᠨ ᠤᠬᠠᠭᠠᠨ ᠤ ᠪᠠᠲᠤᠯᠠᠭ᠎ᠠ ᠶᠢ ᠬᠠᠩᠭᠠᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠤᠯᠠᠭᠠᠨᠮᠦ᠋ᠴᠢᠷ ᠤᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠦᠷᠭᠦᠯᠵᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠣᠭᠯᠠᠯᠲᠠ 1000 ᠲᠠᠯᠠᠪᠠᠢ ᠠᠴᠠ ᠳᠡᠭᠡᠭᠰᠢ ᠭᠠᠷᠭᠠᠬᠤ ᠶᠢ ᠦᠨᠡᠨ ᠬᠦ ᠪᠠᠲᠤᠯᠠᠨ᠎ᠠ᠃ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠴᠤᠭᠯᠠᠭᠠᠨ ᠤ ᠥᠨᠳᠥᠷ ᠠᠭᠤᠯᠠᠨ ᠤ ᠴᠠᠰᠤᠨ ᠳᠤ ᠭᠤᠯᠭᠤᠬᠤ ᠮᠦᠷᠦ᠋ᠢᠴᠡᠬᠡᠨ ᠢ ᠵᠣᠬᠢᠶᠠᠨ ᠪᠠᠶᠢᠭᠤᠯᠤᠨ ᠡᠷᠬᠢᠯᠡᠬᠦ ᠪᠡᠯᠡᠳᠭᠡᠯ ᠠᠵᠢᠯ ᠢ ᠰᠠᠶᠢᠲᠤᠷ ᠬᠢᠵᠦ᠂ ᠤᠨᠴᠠᠯᠢᠭᠲᠠᠢ ᠪᠡᠶ᠎ᠠ ᠶᠢᠨ ᠲᠠᠮᠢᠷ ᠤᠨ ᠤᠷᠤᠯᠳᠤᠭᠠᠨ ᠪᠠ ᠰᠣᠶᠣᠯ ᠨᠠᠶᠢᠷ ᠤᠨ ᠠᠵᠢᠯᠯᠠᠭᠠᠨ ᠢ ᠢᠳᠡᠪᠬᠢᠲᠠᠢ ᠡᠷᠬᠢᠯᠡᠵᠦ᠂ ᠬᠤᠲᠠ ᠶᠢᠨ ᠳᠠᠩᠰᠠ ᠡᠪᠬᠡᠮᠡᠯ ᠤᠨ ᠤᠷᠳᠣᠨ ᠤ ᠪᠠᠶᠢᠭᠤᠯᠤᠭᠳᠠᠨ ᠠᠰᠢᠭᠯᠠᠯᠲᠠ ᠳᠤ ᠤᠷᠤᠬᠤ ᠶᠢ ᠠᠬᠢᠭᠤᠯᠤᠨ᠎ᠠ᠃ ᠪᠠᠯᠠᠷ ᠲᠡᠦᠬᠡ ᠶᠢᠨ ᠰᠣᠶᠣᠯ ᠪᠠ ᠬᠢᠳᠠᠨ ᠯᠢᠶᠣᠤ ᠶᠢᠨ ᠰᠣᠶᠣᠯ ᠢᠶᠠᠷ ᠭᠤᠣᠯᠳᠠᠯᠭ᠎ᠠ ᠪᠣᠯᠭᠠᠨ᠂ ᠦᠪᠡᠷᠮᠢᠴᠡ ᠤᠨᠴᠠᠯᠢᠬᠳᠤ ᠰᠣᠶᠣᠯ ᠤᠨ ᠨᠡᠷᠡᠲᠤ ᠲᠡᠮᠳᠡᠭ ᠢ ᠡᠭᠦᠳᠬᠦ ᠢᠨᠵᠧᠨᠧᠷᠢᠩ ᠢ ᠰᠢᠰᠲ᠋ᠧᠮ ᠲᠠᠢ ᠡᠬᠢᠯᠡᠭᠦᠯᠵᠦ᠂ ᠦᠪᠥᠷ ᠮᠣᠩᠭᠤᠯ ᠤᠨ ᠪᠠᠯᠠᠷ ᠲᠡᠤᠬᠡ ᠶᠢᠨ ᠮᠦᠽᠧᠶ ᠶᠢ ᠪᠦᠲᠥᠭᠡᠨ ᠪᠠᠶᠢᠭᠤᠯᠤᠨ᠎ᠠ᠂ ᠳᠤᠮᠳᠠᠳᠤ ᠤᠯᠤᠰ ᠤᠨ ᠬᠢᠳᠠᠨ ᠯᠢᠶᠣᠤ ᠶᠢᠨ ᠰᠣᠶᠣᠯ ᠤᠨ ᠮᠦᠽᠧᠶ᠂ ᠬᠤᠩᠱᠠᠨ ᠰᠣᠶᠣᠯ ᠤᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠰᠢᠩ ᠯᠦᠩ ᠸᠠ ᠤᠯᠤᠰ ᠤᠨ ᠬᠠᠭᠤᠴᠢ ᠰᠣᠳᠣᠯᠣᠯ ᠤᠨ ᠪᠠᠭᠤᠷᠠᠢ ᠶᠢᠨ ᠴᠡᠴᠡᠷᠯᠢᠭ᠂ ᠯᠢᠶᠣᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠩᠱᠠᠨ ᠰᠣᠶᠣᠯ ᠯᠢᠶᠣᠤ ᠶᠢᠨ ᠳᠡᠭᠡᠳᠦ ᠨᠡᠶᠢᠰᠯᠡᠯ ᠪᠠ ᠳᠡᠭᠡᠳᠦᠰ ᠤᠨ ᠤᠩᠭᠤᠨ ᠤ ᠪᠠᠭᠤᠷᠢ ᠶᠢᠨ ᠪᠣᠳᠠᠰ ᠤᠨ ᠪᠤᠰᠤ ᠰᠣᠶᠣᠯ ᠤᠨ ᠦᠪ ᠢᠶᠠᠷ ᠮᠡᠳᠡᠭᠦᠯᠬᠦ ᠠᠵᠢᠯ ᠢ ᠦᠷᠭᠦᠯᠵᠢᠯᠡᠨ ᠠᠬᠢᠭᠤᠯᠤᠨ᠎ᠠ᠂ ᠤᠯᠠᠭᠠᠨᠬᠠᠳᠠ ᠶᠢᠨ ᠭᠢᠨᠳᠠᠨ ᠢ ᠨᠡᠭᠦᠯᠭᠡᠬᠦ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠨ᠎ᠠ᠃        ︵ᠨᠠᠢᠮᠠ︶ ᠤᠯᠠᠨ ᠨᠡᠶᠢᠲᠡ ᠶᠢᠨ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ        ᠠᠶᠤᠯᠭᠦᠶ ᠦᠢᠯᠡᠳᠪᠦᠷᠢᠯᠡᠯ ᠤᠨ ᠠᠵᠢᠯ ᠢ ᠵᠠᠪᠠᠯ ᠰᠠᠶᠢᠨ ᠬᠢᠨ᠎ᠠ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶᠠᠯᠠᠬᠤ ᠭᠠᠵᠠᠷ ᠤᠷᠣᠨ ᠤ ᠬᠠᠷᠢᠭᠤᠴᠠᠯᠭ᠎ᠠ᠂ ᠠᠵᠢᠯ ᠲᠦᠷᠥᠯ ᠤᠨ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠢᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ︽ᠠᠶᠤᠯ ᠦᠭᠡᠢ ᠦᠢᠯᠡᠳᠪᠦᠷᠢᠯᠡᠯ ᠤᠨ ᠦᠭᠡᠷᠡᠴᠢᠯᠡᠯᠲᠡ ᠶᠢᠨ ᠤᠨ︾ ᠤ ᠠᠵᠢᠯᠯᠠᠭᠠᠨ ᠢ ᠬᠡᠷᠡᠭᠵᠢᠭᠦᠯᠵᠦ᠂ ᠠᠵᠢᠯ ᠲᠦᠷᠦᠯ ᠬᠤᠪᠢᠶᠠᠨ ᠠᠵᠤ ᠠᠬᠤᠢᠢᠯᠠᠯ ᠤᠨ ᠠᠶᠤᠯ ᠦᠭᠡᠢ ᠶᠢᠨ ᠲᠦᠭᠰᠢᠭᠦᠷᠢ ᠶᠢ ᠰᠡᠷᠭᠡᠶᠢᠯᠡᠬᠦ ᠬᠡᠪ ᠲᠣᠭᠲᠠᠭᠠᠵᠤ᠂ ᠠᠵᠢᠯ ᠲᠦᠷᠥᠯ ᠤᠨ ᠲᠤᠰᠬᠠᠶ ᠮᠡᠷᠭᠡᠵᠢᠯᠲᠡᠨ ᠪᠠ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠵᠤ ᠭᠤᠣᠯᠳᠠᠯᠭ᠎ᠠ ᠲᠠᠢ ᠠᠵᠢᠯ ᠲᠦᠷᠥᠯ ᠤᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠵᠠᠳᠠᠯᠵᠤ᠂ ᠵᠠᠰᠠᠭ ᠤᠨ ᠤᠷᠳᠤᠨ ᠤ ᠬᠢᠨᠠᠨ ᠬᠠᠮᠢᠶᠠᠷᠬᠤ ᠦᠷ᠎ᠠ ᠪᠦᠳᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯ ᠴᠤᠭᠴᠠ ᠶᠢᠨ ᠡᠭᠦᠷᠭᠡ ᠬᠠᠷᠢᠭᠤᠴᠠᠯᠭ᠎ᠠ ᠡᠰᠡ ᠨᠠᠶᠢᠳᠠᠪᠤᠷᠢᠵᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠬᠦᠨᠳᠦ ᠤᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠭᠤᠣᠯᠳᠠᠯᠭ᠎ᠠ ᠲᠠᠢ ᠠᠵᠢᠯ ᠲᠦᠷᠥᠯ ᠤᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠦᠷᠨᠢᠭᠦᠯᠵᠦ᠂ ᠬᠠᠤᠯᠢ ᠲᠣᠭᠲᠠᠭᠠᠯ ᠢ ᠵᠦᠷᠢᠴᠡᠨ ᠦᠢᠯᠡᠳᠪᠦᠷᠢᠯᠡᠵᠦ ᠡᠵᠡᠩᠨᠡᠬᠦ ᠠᠵᠤ ᠠᠬᠤᠢᠢᠯᠠᠯ ᠳᠤ ᠴᠢᠩᠭ᠎ᠠ ᠴᠣᠬᠢᠯᠲᠠ ᠦᠭᠭᠦᠨ᠎ᠠ᠃ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠰᠡᠷᠡᠮᠵᠢᠯᠡᠭᠦᠯᠬᠦ ᠬᠦᠮᠦᠵᠢᠯ ᠢ ᠪᠦᠬᠦ ᠲᠠᠯ᠎ᠠ ᠪᠠᠷ ᠦᠷᠨᠢᠭᠦᠯᠵᠦ᠂ ᠠᠶᠤᠯ ᠦᠬᠡᠶ ᠦᠢᠯᠡᠳᠪᠦᠷᠢᠯᠡᠯ ᠢ ︽ᠲᠤᠯᠤᠭ᠎ᠠ ᠳᠤ ᠤᠷᠣᠭᠤᠯᠬᠤ︾ ᠠᠵᠢᠯᠯᠠᠭ᠎ᠠ ᠶᠢ ᠭᠦᠨᠵᠡᠭᠡᠶ ᠦᠷᠨᠢᠭᠦᠯᠵᠦ᠂ ᠠᠶᠤᠯ ᠠᠴᠠ ᠵᠠᠶᠢᠯᠠᠬᠤ᠂ ᠦᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃        ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠰᠢᠭ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾  ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠭᠴᠠᠭᠠᠷ ᠡᠵᠡᠮᠰᠢᠬᠦ ᠪᠠ ᠵᠦᠢ ᠪᠤᠰᠤ ᠦᠷᠢᠰᠥᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠦᠪ ᠭᠤᠤᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠤᠷᠴᠢᠨ ᠨᠦᠬᠦᠴᠡᠯ ᠢ ᠢᠳᠡᠪᠬᠢᠲᠡᠶ ᠪᠤᠢ ᠪᠣᠯᠭᠠᠨ᠎ᠠ᠃ ︽ᠦᠨᠡᠨᠴᠢ ᠢᠲᠡᠭᠡᠮᠵᠢᠲᠡᠶ ᠤᠯᠠᠭᠠᠨᠬᠠᠳᠠ︾ ᠠᠵᠢᠯᠯᠠᠭᠠᠨ ᠢ ᠦᠷᠨᠢᠭᠦᠯᠵᠦ᠂ ᠪᠦᠬᠦ ᠬᠤᠳᠠ ᠶᠢᠨ ᠨᠢᠭᠡᠳᠦᠯᠲᠡᠶ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠮᠲᠤ ᠡᠳ᠋ᠯᠡᠬᠦ᠂ ᠬᠡᠷᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠢᠲᠡᠭᠡᠯ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠤᠨ ᠵᠣᠷᠢᠬᠵᠢᠭᠤᠯᠵᠤ᠂ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠤᠷᠴᠢᠨ ᠨᠦᠬᠦᠴᠡᠯ ᠢ ᠲᠦᠷᠭᠡᠪᠴᠢᠯᠡᠨ ᠰᠠᠶᠢᠵᠢᠷᠠᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠠ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠢ ᠬᠦᠷᠢᠶᠡᠯᠡᠩ ᠲᠣᠭᠤᠷᠢᠭ ᠪᠣᠶᠣ ᠪᠠᠷᠢᠮᠵᠢᠶᠠᠵᠢᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠤᠷᠤᠭᠤᠯᠬᠤ ᠡᠭᠦᠷᠭᠡ ᠶᠢ ᠪᠡᠶᠡᠯᠡᠭᠦᠯᠦᠨ᠂ ᠢᠳᠡᠭᠡᠨ ᠪᠠ ᠡᠮ ᠤᠨ ᠵᠦᠢᠯᠡᠰ ᠤᠨ ᠬᠦᠷᠢᠶᠡᠨ ᠳᠠᠬᠢ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃        ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶ ᠦᠷᠨᠢᠭᠦᠯᠵᠦ᠂ ᠭᠤᠣᠯᠳᠠᠯᠭ᠎ᠠ ᠲᠠᠢ ᠬᠡᠷᠡᠭ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠭᠠᠵᠠᠷ ᠤᠷᠣᠨ ᠳᠤ ᠴᠢᠭᠯᠡᠭᠦᠯᠦᠨ ᠲᠦᠪᠯᠡᠷᠡᠭᠦᠯᠦᠨ ᠪᠣᠭᠤᠮᠲᠠ ᠰᠢᠪᠲᠤᠯᠵᠤ᠂ ᠦᠮᠥᠭ ᠬᠠᠯᠬᠠᠪᠴᠢ ᠪᠠ ᠬᠠᠷᠢᠴᠠᠭ᠎ᠠ ᠰᠦᠯᠪᠡᠭᠡ ᠶᠢ ᠡᠪᠳᠡᠬᠦ ᠠᠵᠢᠯᠯᠠᠭᠠᠨ ᠢ ᠬᠦᠨᠵᠡᠭᠡᠢ ᠦᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠴᠦ ᠲᠦᠯᠵᠢᠬᠦ ᠬᠦᠷᠥᠰᠥ ᠶᠢ ᠲᠦᠢᠯᠪᠤᠷᠢᠲᠠᠶ ᠴᠡᠪᠡᠷᠯᠡᠨ ᠠᠷᠢᠯᠭᠠᠨ᠎ᠠ᠃ ᠠᠮᠤᠭᠤᠯᠠᠩ ᠤᠯᠠᠭᠠᠨᠬᠠᠳᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠴᠡᠪᠡᠷᠯᠡᠨ ᠠᠷᠢᠯᠭᠠᠬᠤ ᠶᠢ ᠰᠢᠰᠲ᠋ᠧᠮ ᠲᠠᠢ ᠴᠢᠩᠭᠠᠳᠬᠠᠵᠤ᠂ ︽ᠬᠤᠷᠴᠠ ᠭᠢᠷᠠᠬᠠᠢ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠠ᠃ ᠳᠣᠲᠣᠭᠠᠳᠤ ᠶᠢ ᠬᠠᠮᠠᠭᠠᠯᠠᠬᠤ ᠠᠵᠢᠯ ᠤᠨ ᠤᠶᠣᠨᠵᠢᠬᠤ᠂ ᠬᠠᠥᠯᠢᠵᠢᠬᠤ᠂ ᠵᠢᠷᠤᠮᠵᠢᠬᠤ᠂ ᠲᠤᠰᠬᠠᠢᠢᠵᠢᠬᠤ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ︽ᠹᠧᠩᠴᠢᠶᠤᠤ ᠶᠢᠨ ᠲᠤᠷᠰᠢᠯᠭ᠎ᠠ︾ ᠶᠢ ᠨᠠᠷᠢᠨ ᠬᠢᠨᠠᠮᠠᠭᠠᠢ ᠰᠤᠷᠤᠯᠴᠠᠨ ᠳᠡᠯᠭᠡᠷᠡᠭᠦᠯᠵᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠦᠭᠴᠦ᠂ ᠵᠠᠬᠢᠳᠠᠯ ᠰᠤᠷᠪᠤᠯᠵᠢᠯᠠᠭ᠎ᠠ ᠶᠢᠨ ᠨᠡᠮᠡᠭᠳᠡᠯ ᠤᠨ ᠬᠡᠮᠵᠢᠶ᠎ᠠ ᠶᠢ ᠴᠢᠩᠭ᠎ᠠ ᠬᠢᠵᠠᠭᠠᠷᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠳᠠᠭᠠᠯᠠᠭᠳᠠᠯ ᠢ ᠪᠠᠭᠠᠰᠬᠠᠨ᠎ᠠ᠃ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠰᠠᠷᠠᠭᠤᠯ ᠰᠦᠯᠵᠢᠶᠡᠨ ᠤᠷᠣᠨ ᠵᠠᠢ ᠶᠢ ᠪᠤᠢ ᠪᠣᠯᠭᠠᠨ᠎ᠠ᠃ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠦᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠪᠦᠭᠦ ᠤᠷᠣᠨ ᠤ ᠡᠮᠦᠨ᠎ᠠ ᠡᠩᠨᠡᠭᠡᠨ ᠳᠤ ᠪᠠᠶᠢᠯᠭᠠᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠡᠯᠡᠳᠬᠡᠯ ᠢ ᠯᠠᠪᠳᠠᠭᠤᠨ ᠪᠠᠲᠤᠲᠠᠶ ᠦᠷᠨᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠤᠯᠤᠰ ᠤᠨ ᠴᠢᠬᠤᠯᠠ ᠠᠵᠤ ᠠᠬᠤᠶ ᠶᠢᠨ ᠬᠠᠷᠠᠯᠲᠠ ᠶᠢ ᠪᠡᠶᠡᠯᠡᠭᠦᠯᠬᠦ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠡᠭᠦᠷᠭᠡ ᠶᠢ ᠪᠡᠶᠡᠯᠡᠭᠦᠯᠦᠨ᠎ᠠ᠃ ᠪᠠᠴᠢᠮ ᠪᠠᠶᠢᠳᠠᠯ ᠢ ᠠᠷᠭᠠᠴᠠᠬᠤ ᠭᠠᠮᠰᠢᠭ ᠠᠴᠠ ᠠᠪᠤᠷᠠᠬᠤ ᠲᠦᠭᠰᠢᠭᠦᠷᠢ ᠠᠴᠠ ᠵᠶᠢᠯᠠᠬᠤ ᠰᠤᠷᠢᠯᠲᠠ ᠶᠢ ᠦᠷᠭᠦᠯᠵᠢᠯᠡᠨ ᠰᠠᠶᠢᠲᠤᠷ ᠬᠢᠵᠦ᠂ ᠪᠦᠬᠦ ᠨᠡᠶᠢᠭᠡᠮ ᠤᠨ ᠭᠠᠮᠰᠢᠭ ᠢ ᠰᠡᠷᠭᠡᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠶᠡᠷᠦᠩᠬᠡᠶᠢᠯᠡᠨ ᠳᠡᠭᠡᠭᠰᠢᠯᠡᠭᠦᠯᠦᠨ᠎ᠠ᠃ ᠤᠯᠠᠨ ᠡᠰᠢᠵᠢᠭᠰᠡᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠤᠯᠠᠨ ᠲᠦᠮᠡᠨ ᠤ ᠴᠤᠭᠴᠠ ᠶᠢᠨ ᠨᠡᠶᠢᠭᠡᠮ ᠤᠨ ᠵᠠᠰᠠᠯᠲᠠ ᠳᠤ ᠦᠷᠭᠡᠨ ᠳᠡᠯᠭᠡᠷ ᠤᠷᠣᠯᠴᠠᠬᠤ ᠶᠢ ᠳᠡᠮᠵᠢᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠬᠠᠮᠢᠶᠠᠷᠤᠯᠲᠠ ᠪᠠ ᠤᠯᠠᠨ ᠨᠡᠶᠢᠲᠡ ᠶᠢᠨ ᠦᠢᠯᠡᠴᠢᠯᠡᠭᠡ ᠳᠠᠬᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃        ᠲᠦᠯᠥᠭᠡᠯᠡᠭᠴᠢᠳ ᠡ︕ ᠪᠢᠳᠡᠨ ᠤ ᠮᠡᠳᠡᠭᠡᠵᠢ ᠪᠠᠷ᠂ ︽ᠳᠠᠪᠤ ᠶᠢ ᠳᠤᠮᠤᠵᠢᠭᠤᠯᠤᠭᠰᠠᠨ ᠬᠤᠲᠠ︾ ᠶᠢ ᠪᠠᠶᠢᠭᠤᠯᠬᠤ ᠡᠭᠦᠷᠭᠡ ᠬᠦᠨᠲᠦ᠂ ᠬᠠᠷᠢᠭᠤᠴᠠᠯᠭ᠎ᠠ ᠦᠩᠭᠡ ᠭᠡᠷᠡᠯᠲᠠᠢ᠂ ᠵᠠᠰᠠᠭ ᠤᠨ ᠤᠷᠳᠣᠨ ᠤ ᠪᠣᠭᠤᠮᠲᠠ ᠰᠢᠪᠲᠤᠯᠬᠤ ᠴᠢᠳᠠᠪᠤᠷᠢ ᠶᠢ ᠰᠢᠯᠭᠠᠬᠤ ᠮᠦᠷᠲᠡᠭᠡᠨ ᠮᠦᠨᠴᠦ ᠵᠠᠰᠠᠭ ᠤᠨ ᠤᠷᠳᠣᠨ ᠤ ᠲᠤᠰ ᠪᠡᠶ᠎ᠠ ᠶᠢᠨ ᠪᠠᠶᠢᠭᠤᠯᠤᠯᠲᠠ ᠳᠤ ᠨᠡᠩ ᠶᠡᠭᠡ ᠱᠠᠭᠠᠷᠳᠠᠯᠭ᠎ᠠ ᠶᠢ ᠳᠤᠷᠠᠳᠤᠨ ᠭᠠᠷᠭᠠᠭᠰᠠᠨ ᠪᠠᠶᠢᠨ᠎ᠠ᠃ ᠰᠢᠨ᠎ᠠ ᠨᠢᠭᠡᠨ ᠵᠢᠯ ᠳᠤ᠂ ᠪᠢᠳᠡ ᠦᠨᠡᠨᠴᠢ ᠰᠢᠳᠤᠷᠭᠤ ᠬᠢᠭᠡᠳ ᠡᠭᠦᠷᠭᠡ ᠬᠠᠷᠢᠭᠤᠴᠠᠯᠭ᠎ᠠ ᠶᠢ ᠨᠡᠩ ᠴᠢᠬᠤᠯᠠᠴᠢᠯᠠᠵᠤ᠂ ᠵᠠᠰᠠᠭ ᠤᠨ ᠤᠷᠳᠣᠨ ᠤ ᠤᠯᠤᠰ ᠳᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ᠲᠦᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠬᠠᠮᠠᠭᠠᠯᠠᠯᠲᠠ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠷ ᠢᠶᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠲᠠᠢ ᠬᠡᠵᠢᠶᠡᠳᠡ ᠳᠡᠭᠡᠳᠦ ᠬᠡᠮᠵᠢᠶ᠎ᠠ ᠪᠠᠷ ᠨᠢᠭᠡᠳᠦᠯᠲᠡᠢ ᠪᠠᠶᠢᠵᠤ᠂ ᠨᠠᠮ ᠤᠨ ᠲᠦᠪ ᠬᠤᠷᠢᠶᠠᠨ ᠤ ᠡᠯ᠎ᠠ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠦᠢᠯᠡᠳᠦᠯᠭᠡ ᠪᠠᠷ ᠢᠶᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠪᠠᠨ ᠢᠯᠡᠳᠭᠡᠨ᠎ᠠ᠃ ᠤᠯᠠᠭᠠᠨᠬᠠᠳᠠ ᠶᠢ ᠬᠦᠭᠵᠢᠭᠦᠯᠬᠦ ᠶᠠᠪᠤᠳᠠᠯ ᠢᠶᠠᠷ ᠦᠪᠡᠷ ᠤᠨ ᠢᠶᠠᠨ ᠡᠭᠦᠷᠭᠡ ᠪᠣᠯᠭᠠᠵᠤ᠂ ᠵᠦᠷᠢᠴᠡᠯ ᠠᠴᠠ ᠵᠠᠶᠢᠯᠠᠰᠬᠢᠬᠤ ᠦᠭᠡᠢ᠂ ᠬᠤᠭᠤᠰᠣᠨ ᠨᠡᠷ᠎ᠠ ᠬᠦᠭᠡᠭᠡᠴᠡᠯᠳᠦᠬᠦ ᠦᠭᠡᠢ᠂ ᠳᠠᠷᠣᠯᠲᠠ ᠶᠢ ᠰᠦᠷᠴᠦ᠂ ᠬᠦᠴᠢᠷ ᠪᠡᠷᠬᠡᠰᠢᠶᠡᠯ ᠢ ᠤᠭᠲᠤᠨ᠂ ᠴᠢᠨᠠᠷ ᠰᠠᠶᠢᠲᠠᠢ ᠬᠦᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠎ᠠ᠃ ᠪᠢᠳᠡ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠨᠡᠩ ᠴᠢᠬᠤᠯᠠᠴᠢᠯᠠᠵᠤ᠂ ᠵᠠᠰᠠᠭ ᠤᠨ ᠤᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ ᠶᠢ ᠦᠷᠭᠦᠯᠵᠢᠯᠡᠨ ᠠᠬᠢᠭᠤᠯᠤᠨ᠎ᠠ᠃ ᠬᠤᠲᠠ ᠶᠢᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠠ ᠵᠦᠢᠯ ᠤᠨ ᠰᠢᠢᠳᠪᠦᠷᠢ ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠠ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠪᠦᠯᠦᠭ ᠤᠨ ᠪᠤᠰᠤ ᠬᠦᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠠ᠃ ᠨᠡᠶᠢᠭᠡᠮ ᠤᠨ ᠡᠯ᠎ᠠ ᠡᠲᠡᠭᠡᠳ ᠲᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠬᠡᠷᠡᠭ ᠶᠠᠪᠤᠳᠠᠯ ᠬᠢᠭᠡᠳ ᠲᠡᠭᠦᠨ ᠢ ᠬᠡᠷᠡᠭᠵᠢᠭᠦᠯᠦᠭᠰᠡᠨ ᠪᠠᠶᠢᠳᠠᠯ ᠢᠶᠠᠨ ᠴᠠᠭ ᠲᠤᠬᠠᠶ ᠳᠤᠨᠢ ᠢᠯᠡ ᠪᠣᠯᠭᠠᠵᠤ᠂ ᠡᠯ᠎ᠠ ᠲᠠᠯ᠎ᠠ ᠶᠢᠨ ᠰᠢᠭᠦᠮᠵᠢᠯᠡᠯ ᠢ ᠤᠬᠠᠮᠰᠠᠷ ᠠᠴᠠ ᠪᠠᠨ ᠬᠦᠯᠢᠶᠡᠨ ᠠᠪᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠶᠡᠬᠡᠪᠡᠷ ᠠᠬᠢᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠵᠠᠰᠠᠭ ᠤᠨ ᠤᠷᠳᠣᠨ ᠤ ᠠᠵᠢᠯ ᠤᠨ ᠪᠦᠬᠦ ᠶᠠᠪᠤᠴᠠ ᠳᠤ ᠠᠭᠤᠰᠬᠠᠨ ᠤᠷᠣᠭᠤᠯᠤᠨ᠎ᠠ᠃ ᠪᠢᠳᠡ ᠪᠣᠳᠠᠲᠠᠢ ᠠᠵᠢᠯᠯᠠᠬᠤ ᠪᠠ ᠦᠷ᠎ᠠ ᠪᠦᠲᠦᠮᠵᠢ ᠶᠢ ᠨᠡᠩ ᠢᠯᠡᠭᠦᠦ ᠴᠢᠬᠤᠯᠠᠴᠢᠯᠠᠵᠤ᠂ ᠵᠠᠰᠠᠭ ᠤᠨ ᠤᠷᠳᠣᠨ ᠤ ᠬᠡᠷᠡᠭᠵᠢᠭᠦᠯᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠠ᠃ ᠬᠠᠷᠠᠯᠳᠠ ᠪᠠᠷ ᠶᠠᠪᠤᠴᠠ ᠶᠢ ᠰᠢᠬᠠᠬᠤ ᠶᠢ ᠪᠠᠷᠢᠮᠳᠠᠯᠠᠵᠤ᠂ ᠵᠠᠰᠠᠭ ᠤᠨ ᠤᠷᠳᠣᠨ ᠤ ᠭᠤᠤᠯᠳᠠᠯᠭᠠᠲᠠᠢ ᠠᠵᠢᠯ ᠢ ᠳᠠᠩᠰᠠᠨ ᠳᠤ ᠭᠠᠷᠭᠠᠵᠤ᠂ ᠲᠣᠳᠣᠷᠬᠠᠶ ᠬᠠᠭᠤᠳᠠᠰᠤ ᠵᠢᠭᠰᠠᠭᠠᠨ᠂ ᠴᠠᠭ ᠬᠤᠭᠤᠴᠠᠭ᠎ᠠ ᠲᠤᠭᠳᠠᠭᠠᠨ᠂ ᠠᠵᠢᠯ ᠤᠨ ᠪᠣᠳᠠᠲᠤ ᠪᠦᠲᠦᠮᠵᠢ ᠪᠠᠨ ᠳᠡᠭᠡᠭᠰᠢᠯᠡᠭᠦᠯᠦᠨ᠎ᠠ᠃ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠲᠣᠮᠣ ᠶᠠᠪᠤᠳᠠᠯ᠂ ᠬᠦᠭᠵᠢᠯᠲᠡ᠂ ᠭᠤᠣᠯᠳᠠᠯᠭ᠎ᠠ ᠲᠠᠢ ᠲᠦᠷᠥᠯ ᠵᠦᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠦᠨᠡᠨ ᠪᠣᠳᠠᠲᠠᠢ ᠠᠵᠢᠯ ᠤᠨ ᠦᠷ᠎ᠠ ᠪᠦᠲᠦᠮᠵᠢ ᠪᠠᠷ ᠢᠶᠠᠨ ᠵᠠᠰᠠᠭ ᠤᠨ ᠤᠷᠳᠣᠨ ᠤ ᠳᠦᠷᠢ ᠲᠦᠷᠬᠦ ᠪᠠ ᠢᠲᠡᠭᠡᠯ ᠬᠦᠨᠲᠦ ᠶᠢ ᠪᠣᠢ ᠪᠣᠯᠭᠠᠨ᠎ᠠ᠃ ᠪᠢᠳᠡ ᠠᠷᠢᠭᠤᠨ ᠴᠢᠬᠡᠴᠢ ᠲᠦᠪ ᠭᠤᠣᠯᠴᠢ ᠶᠢ ᠨᠡᠩ ᠴᠢᠬᠤᠯᠠᠴᠢᠯᠠᠵᠤ᠂ ᠵᠠᠰᠠᠭ ᠤᠨ ᠤᠷᠳᠣᠨ ᠤ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ  ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠡᠯ᠎ᠠ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠦᠷᠢᠮ ᠪᠣᠯᠤᠨ ᠲᠣᠭᠲᠠᠴᠠ ᠶᠢᠨ ᠲᠠᠯ᠎ᠠ ᠠᠴᠠ ᠢᠯᠵᠠᠷᠠᠮᠠᠯ ᠢ ᠬᠤᠷᠢᠭᠯᠠᠬᠤ ᠶᠢ ᠬᠦᠴᠦ ᠤᠷᠣᠭᠤᠯᠤᠨ ᠡᠷᠢᠯᠬᠢᠯᠡᠵᠦ᠂ ︽ᠵᠠᠯᠬᠠᠭᠤ ᠨᠣᠶᠠᠨ᠂ ᠶᠡᠷᠦᠮᠳᠡᠭ ᠨᠣᠶᠠᠨ᠂ ᠨᠣᠮᠣᠢ ᠨᠣᠶᠠᠨ᠂ ᠵᠠᠯᠢᠴᠢ ᠨᠣᠶᠠᠨ︾ ᠤ ᠠᠰᠠᠭᠤᠳᠠᠯ ᠢ ᠲᠤᠰᠬᠠᠶ ᠠᠵᠢᠯᠯᠠᠭ᠎ᠠ ᠪᠠᠷ ᠭᠦᠨᠵᠡᠭᠡᠶ ᠴᠡᠭᠴᠡᠯᠡᠨ ᠵᠠᠰᠠᠵᠤ᠂ ᠺᠠᠳ᠋ᠷ ᠨᠢ ᠲᠦᠪ ᠴᠢᠬᠡᠴᠢ᠂ ᠵᠠᠰᠠᠭ ᠨᠢ ᠠᠷᠢᠭᠤᠨ ᠴᠢᠬᠡᠴᠢ᠂ ᠤᠯᠤᠰ ᠲᠦᠷᠦ ᠨᠢ ᠭᠡᠭᠡᠨ ᠰᠠᠷᠠᠭᠤᠯ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠠ᠃        ᠲᠦᠯᠥᠭᠡᠯᠡᠭᠴᠢᠳ ᠡ︕ ︽ᠲᠠᠪᠤ ᠶᠢ ᠳᠤᠮᠤᠵᠢᠭᠤᠯᠤᠭᠰᠠᠨ ᠬᠤᠲᠠ︾ ᠶᠢᠨ ᠰᠢᠨ᠎ᠠ ᠪᠠᠶᠢᠷᠢᠰᠢᠭᠤᠯᠤᠯ ᠲᠡᠭᠡᠷ᠎ᠠ ᠠᠴᠠ ᠠᠵᠢᠪᠠᠯ᠂ ᠤᠯᠠᠭᠠᠨᠬᠠᠳᠠ ᠶᠢᠨ ᠬᠦᠭᠵᠢᠯᠲᠡ ᠶᠢᠨ ᠰᠠᠭᠤᠷᠢ ᠡᠳᠦᠷ ᠢᠷᠡᠭᠦᠶ᠎ᠠ ᠵᠤᠵᠠᠭᠠᠷᠠᠵᠤ᠂ ᠳᠠᠪᠠᠯᠲᠠ ᠮᠠᠨᠳᠤᠯᠲᠠ ᠶᠢᠨ ᠡᠷᠴᠢ ᠬᠦᠴᠦᠨ ᠶᠠᠭ ᠰᠠᠶ᠋ᠢᠬᠠᠨ ᠪᠦᠷᠢᠯᠳᠦᠵᠦ ᠪᠠᠶᠢᠨ᠎ᠠ᠃ ᠪᠢᠳᠠ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠡᠭᠡᠵᠦ ᠂ ᠦᠪᠡᠷᠲᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠵᠠᠰᠠᠭ ᠤᠨ ᠤᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠴᠠᠭ ᠦᠶ᠎ᠠ ᠪᠢᠳᠡᠨ ᠢ ᠬᠦᠯᠢᠶᠡᠬᠦ ᠦᠬᠡᠢ᠂ ᠭᠠᠭᠴᠠ ᠬᠦ ᠦᠷᠯᠥᠭᠡ ᠦᠳᠡᠰᠢ ᠶᠢ ᠲᠡᠮᠡᠴᠡᠬᠦ ᠴᠤᠭ ᠵᠢᠪᠬᠤᠭ᠎ᠠ ᠪᠠᠷ ᠠᠵᠠ ᠲᠤᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠪᠠᠳᠤᠳᠬᠠᠵᠤ᠂ ᠭᠠᠷᠮᠠᠭᠠᠢᠯᠠᠨ ᠤᠷᠣᠭᠰᠢᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠯᠠᠭᠠᠨᠬᠠᠳᠠ ᠶᠢᠨ ᠳᠠᠪᠠᠯᠳᠠ ᠮᠠᠨᠳᠤᠯᠲᠠ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠠ︕
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号