ᠤᠯᠠᠭᠠᠨᠬᠠᠳᠠ ᠬᠤᠳᠠ ᠶᠢᠨ 2018 ᠣᠨ ᠤ ᠡᠳ᠋ ᠤᠨ ᠵᠠᠰᠠᠭ ᠤᠨ ᠲᠥᠰᠥᠪ ᠢ ᠬᠦᠢᠴᠡᠳᠬᠡᠭᠰᠡᠨ ᠪᠠᠶᠢᠳᠠᠯ ᠪᠠ | 2019 ᠣᠨ ᠤ ᠡᠳ᠋ ᠤᠨ ᠵᠠᠰᠠᠭ ᠤᠨ ᠲᠥᠰᠥᠪ ᠤᠨ ᠳᠥᠰᠥᠯ ᠤᠨ ᠳᠣᠬᠠᠢ ᠮᠡᠳᠡᠭᠦᠯᠦᠯᠳᠡ ︵ᠭᠤᠷᠪᠠ︶ | | | | | ᠭᠤᠷᠪᠠ᠂ 2019 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ | 2019 ᠤᠨ ᠤ ᠡᠳ᠋ ᠤᠨ ᠵᠠᠰᠠᠭ ᠤᠨ ᠲᠦᠰᠦᠪ ᠢ ᠨᠠᠶᠢᠷᠠᠭᠤᠯᠬᠤ ᠵᠢᠯᠤᠭᠤᠳᠬᠤ ᠦᠵᠡᠯ ᠰᠠᠨᠠᠭ᠎ᠠ ᠪᠣᠯ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠢᠬᠡᠳ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠲᠤᠯᠤᠳᠤᠭᠠᠷ ᠬᠤᠭᠤᠴᠠᠭᠠᠨ ᠤ ᠨᠠᠢᠮᠠᠳᠤᠭᠠᠷ | ᠤᠳᠠᠭᠠᠨ ᠤ ᠪᠦᠬᠦᠳᠡ ᠬᠤᠷᠠᠯ ᠬᠢᠬᠡᠳ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠲᠤᠭᠳᠠᠭᠠᠭᠰᠠᠨ | ᠡᠯ᠎ᠠ ᠵᠦᠢᠯ ᠤᠨ ᠬᠠᠷᠠᠯᠳᠠ ᠡᠭᠦᠷᠭᠡ ᠶᠤᠰᠤᠭᠠᠷ᠂ ᠲᠤᠭᠳᠠᠭᠤᠨ ᠮᠦᠷᠳᠡᠭᠡᠨ ᠤᠷᠤᠭᠰᠢᠯᠠᠬᠤ ᠠᠵᠢᠯ ᠤᠨ ᠦᠨᠳᠦᠰᠦᠨ | ᠠᠶᠢᠵᠠᠮ ᠢ ᠪᠠᠷᠢᠮᠳᠠᠯᠠᠵᠤ᠂ ᠰᠢᠨ᠎ᠠ ᠬᠦᠭᠵᠢᠯᠳᠡ ᠶᠢᠨ ᠰᠡᠳᠬᠢᠮᠵᠢ ᠶᠢ ᠪᠠᠷᠢᠮᠳᠠᠯᠠᠵᠤ᠂ ᠡᠳ᠋ ᠤᠨ ᠵᠠᠰᠠᠭ ᠤᠨ | ᠦᠷᠬᠦᠯᠵᠢᠯᠡᠩᠭᠦᠢ ᠴᠢᠨᠠᠷ ᠢ ᠴᠢᠩᠭᠠᠳᠬᠠᠨ᠎ᠠ᠃ ᠵᠠᠷᠤᠯᠭ᠎ᠠ ᠶᠢᠨ ᠪᠦᠳᠦᠴᠡ ᠶᠢ ᠲᠤᠭᠢᠷᠠᠭᠤᠯᠤᠨ ᠰᠢᠯᠢᠳᠡᠭᠵᠢᠬᠦᠯᠵᠤ᠂ | ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠨ᠂ ᠭᠤᠤᠯᠳᠠᠯᠭ᠎ᠠ ᠲᠠᠢ ᠬᠦᠷᠢᠶ᠎ᠠ ᠬᠡᠪᠴᠢᠶ᠎ᠠ | ᠬᠢᠬᠡᠳ ᠵᠠᠩᠬᠢᠯᠭ᠎ᠠ ᠶᠢᠨ ᠲᠠᠯ᠎ᠠ ᠶᠢᠨ ᠵᠠᠷᠤᠯᠭ᠎ᠠ ᠶᠢ ᠪᠠᠳᠤᠯᠠᠨ᠂ ᠬᠦᠨᠳᠤ ᠶᠡᠭᠡ ᠲᠦᠭᠰᠢᠬᠦᠷᠢ ᠶᠢ ᠰᠡᠷᠭᠡᠶᠢᠯᠡᠨ | ᠨᠠᠮᠳᠠᠭᠠᠬᠤ᠂ ᠨᠠᠷᠢᠯᠢᠭ ᠤᠨᠤᠴᠢᠳᠡᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ | ᠭᠤᠷᠪᠠᠨ ᠶᠡᠭᠡ ᠪᠣᠭᠤᠮᠲᠠ ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠨ᠎ᠠ᠃ ᠲᠦᠰᠦᠪ ᠤᠨ | ᠬᠠᠮᠢᠶᠠᠷᠤᠯᠳᠠ ᠶᠢᠨ ᠲᠦᠷᠢᠮ ᠢ ᠲᠡᠭᠦᠯᠳᠡᠷᠵᠢᠬᠦᠯᠵᠤ᠂ ᠦᠷ᠎ᠠ ᠠᠰᠢᠭᠳᠤ ᠬᠠᠮᠢᠶᠠᠷᠤᠯᠳᠠ ᠶᠢ ᠪᠦᠬᠦ ᠲᠠᠯ᠎ᠠ ᠪᠠᠷ | ᠭᠡᠷᠡᠭᠵᠢᠬᠦᠯᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠬᠦᠷᠢ ᠶᠢ | ᠢᠳᠡᠪᠬᠢᠳᠡᠢ ᠪᠠᠷ ᠰᠡᠷᠭᠡᠶᠢᠯᠡᠨ ᠨᠠᠮᠳᠠᠭᠠᠵᠤ᠂ ᠪᠦᠬᠦ ᠬᠤᠳᠠ ᠶᠢᠨ ᠠᠵᠤ ᠠᠬᠤᠢ ᠨᠡᠶᠢᠬᠡᠮ ᠤᠨ ᠦᠷᠬᠦᠯᠵᠢᠯᠡᠨ | ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠲᠦᠰᠦᠪ ᠤᠨ ᠬᠠᠤᠯᠢ ᠶᠢᠨ ᠲᠤᠭᠳᠠᠭᠠᠯ ᠢ ᠦᠨᠳᠦᠰᠦᠯᠡᠨ᠂ | ᠬᠤᠳᠠ ᠶᠢᠨ ᠵᠠᠰᠠᠭ ᠤᠨ ᠤᠷᠳᠤᠨ ᠠᠴᠠ 2019 ᠤᠨ ᠤ ᠬᠤᠳᠠ ᠶᠢᠨ ᠲᠡᠰ ᠤᠨ ᠱᠠᠳᠤᠨ ᠤ ᠡᠳ᠋ ᠤᠨ ᠵᠠᠰᠠᠭ ᠤᠨ | ᠲᠦᠰᠦᠪ ᠤᠨ ᠲᠦᠰᠦᠯ ᠢ ᠨᠠᠶᠢᠷᠠᠭᠤᠯᠤᠨ᠂ ᠪᠦᠬᠦ ᠬᠤᠳᠠ ᠶᠢᠨ ᠲᠦᠰᠦᠪ ᠤᠨ ᠲᠦᠰᠦᠯ ᠢ ᠬᠤᠷᠢᠶᠠᠩᠭᠤᠶᠢᠯᠠᠨ | ᠡᠮᠬᠢᠳᠭᠡᠪᠡ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠦᠰᠦᠪ ᠤᠨ | ᠮᠡᠳᠡᠭᠦᠯᠦᠯᠳᠡ ᠶᠢ ᠬᠢᠨᠠᠨ ᠪᠠᠶᠢᠴᠠᠭᠠᠭᠰᠠᠨ ᠠᠭᠤᠯᠭ᠎ᠠ ᠶᠢ ᠦᠨᠳᠦᠰᠦᠯᠡᠨ ᠬᠤᠳᠠ ᠶᠢᠨ ᠲᠤᠰ ᠱᠠᠳᠤᠨ ᠤ ᠡᠳ᠋ ᠤᠨ | ᠵᠠᠰᠠᠭ ᠤᠨ ᠲᠦᠰᠦᠪ ᠤᠨ ᠪᠠᠶᠢᠷᠢᠯᠠᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠬᠠᠷᠢᠭᠤ ᠮᠡᠳᠡᠭᠦᠯᠦᠶᠠ᠃ | ︵ᠨᠢᠬᠡ︶ ᠡᠩ ᠤᠨ ᠤᠯᠠᠨ ᠨᠡᠶᠢᠳᠡ ᠶᠢᠨ ᠲᠦᠰᠦᠪ ᠤᠨ ᠲᠦᠰᠦᠯ | 1. ᠪᠦᠬᠦ ᠬᠤᠳᠠ ᠶᠢᠨ ᠡᠩ ᠤᠨ ᠤᠯᠠᠨ ᠨᠡᠶᠢᠳᠡ ᠶᠢᠨ ᠲᠦᠰᠦᠪ ᠤᠨ ᠲᠦᠰᠦᠯ | ᠪᠦᠬᠦ ᠬᠤᠳᠠ ᠶᠢᠨ ᠠᠵᠤ ᠠᠬᠤᠢ ᠶᠢᠨ ᠨᠡᠮᠡᠭᠳᠡᠯ ᠤᠨ ᠵᠢᠱᠢᠯᠳᠡ ᠶᠢ ᠦᠨᠳᠦᠰᠦᠯᠡᠨ᠂ 2019 ᠤᠨ ᠳᠤ | ᠪᠦᠬᠦ ᠬᠤᠳᠠ ᠶᠢᠨ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠣᠯᠭ᠎ᠠ 1147000 ᠲᠦᠮᠡᠨ ᠲᠦᠭᠦᠷᠢᠭ | ᠲᠤᠭᠢᠷᠠᠭᠤᠯᠵᠤ᠂ ᠲᠡᠭᠡᠷ᠎ᠠ ᠵᠢᠯ ᠨᠦᠭᠦᠳ ᠠᠴᠠ 64643 ᠲᠦᠮᠡᠨ ᠲᠦᠭᠦᠷᠢᠭ ᠢᠶᠠᠷ ᠨᠡᠮᠡᠭᠳᠡᠭᠦᠯᠵᠦ᠂ 6% ᠪᠠᠷ | ᠦᠰᠬᠡᠨᠡ᠃ ᠡᠬᠦᠨ ᠳᠤ᠂ ᠭᠠᠶᠢᠯᠢ ᠶᠢᠨ ᠤᠷᠤᠯᠭ᠎ᠠ 886114 ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ | ᠵᠢᠯ ᠠᠴᠠ 96889 ᠲᠦᠮᠡᠨ ᠲᠦᠭᠦᠷᠢᠭ ᠨᠡᠮᠡᠭᠳᠡᠭᠦᠯᠦᠨ᠂ 12.3% ᠪᠠᠷ ᠦᠰᠬᠡᠵᠦ᠂ ᠭᠠᠶᠢᠯᠢ ᠶᠢᠨ ᠪᠤᠰᠤ | ᠤᠷᠤᠯᠭ᠎ᠠ 260886 ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠠᠴᠠ 32246 ᠲᠦᠮᠡᠨ ᠲᠦᠭᠦᠷᠢᠭ | ᠬᠠᠰᠤᠭᠳᠠᠭᠤᠯᠵᠤ᠂ 11% ᠪᠠᠷ ᠪᠠᠭᠤᠷᠠᠭᠤᠯᠤᠨ᠎ᠠ᠃ ᠪᠦᠬᠦ ᠬᠤᠳᠠ ᠶᠢᠨ ᠶᠡᠷᠦᠩᠭᠡᠢ ᠡᠳ᠋ ᠤᠨ ᠬᠦᠴᠦᠨ | 3990038 ᠲᠦᠮᠡᠨ ᠲᠦᠭᠦᠷᠢᠭ ᠲᠤᠬᠢᠷᠠᠭᠤᠯᠤᠨ᠎ᠠ᠃ ᠡᠬᠦᠨ ᠳᠤ᠂ ᠡᠩ ᠤᠨ ᠤᠯᠠᠨ ᠨᠡᠶᠢᠳᠡ ᠶᠢᠨ ᠲᠦᠰᠦᠪ ᠤᠨ | ᠤᠷᠣᠯᠭ᠎ᠠ 1147000 ᠲᠦᠮᠡᠨ ᠲᠦᠭᠦᠷᠢᠭ᠂ ᠲᠡᠭᠡᠳᠤ ᠱᠠᠳᠤᠨ ᠤ ᠪᠤᠴᠠᠭᠠᠯᠳᠠ ᠶᠢᠨ ᠴᠢᠨᠡᠷᠳᠡᠢ ᠤᠷᠤᠯᠭ᠎ᠠ | ᠬᠢᠭᠡᠳ ᠡᠩ ᠤᠨ ᠴᠢᠨᠡᠷᠳᠡᠢ ᠰᠢᠯᠵᠢᠬᠦᠯᠦᠨ ᠦᠭᠭᠦᠭᠰᠡᠨ ᠤᠷᠤᠯᠭ᠎ᠠ 1699537 ᠲᠦᠮᠡᠨ ᠲᠦᠭᠦᠷᠢᠭ᠂ ᠲᠤᠰᠬᠠᠢ | ᠲᠦᠷᠦᠯ ᠤᠨ ᠰᠢᠯᠵᠢᠬᠦᠯᠦᠨ ᠦᠭᠭᠦᠭᠰᠡᠨ ᠤᠷᠤᠯᠭ᠎ᠠ 322818 ᠲᠦᠮᠡᠨ ᠲᠦᠭᠦᠷᠢᠭ᠂ ᠲᠡᠭᠡᠷ᠎ᠠ ᠵᠢᠯ ᠠᠴᠠ | ᠳ᠋ᠦᠩᠨᠡᠵᠤ ᠰᠢᠯᠵᠢᠬᠦᠯᠦᠭᠰᠡᠨ ᠤᠷᠣᠯᠭ᠎ᠠ 556584 ᠲᠦᠮᠡᠨ ᠲᠦᠭᠦᠷᠢᠭ᠂ ᠰᠢᠯᠵᠢᠬᠦᠯᠦᠨ ᠤᠷᠤᠭᠤᠯᠤᠭᠰᠠᠨ ᠪᠡᠯᠡ | ᠮᠦᠩᠭᠦ 201955 ᠲᠦᠮᠡᠨ ᠲᠦᠭᠦᠷᠢᠭ᠂ ᠰᠢᠯᠵᠢᠬᠦᠯᠦᠨ ᠤᠷᠤᠭᠤᠯᠤᠭᠰᠠᠨ ᠲᠦᠰᠦᠪ ᠤᠨ ᠲᠤᠭᠳᠠᠪᠤᠷᠢᠳᠡᠢ | ᠵᠤᠬᠢᠴᠠᠭᠤᠯᠬᠤ ᠰᠠᠭᠤᠷᠢ ᠮᠦᠩᠭᠦ 62144 ᠲᠦᠮᠡᠨ ᠲᠦᠭᠦᠷᠢᠭ ᠲᠤᠬᠢᠷᠠᠭᠤᠯᠤᠨ᠎ᠠ᠃ ᠤᠷᠤᠯᠭ᠎ᠠ ᠲᠠᠢ | ᠬᠠᠷᠠᠭᠠᠯᠵᠠᠭᠰᠠᠨ ᠪᠦᠬᠦ ᠬᠤᠳᠠ ᠶᠢᠨ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ 3990038 | ᠲᠦᠮᠡᠨ ᠲᠦᠭᠦᠷᠢᠭ ᠲᠤᠬᠢᠷᠠᠭᠤᠯᠤᠨ᠎ᠠ᠃ | 2. ᠬᠤᠳᠠ ᠶᠢᠨ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠲᠦᠰᠦᠯ | ᠬᠤᠳᠠ ᠶᠢᠨ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ 108464 | ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ 15889 ᠲᠦᠮᠡᠨ ᠲᠦᠭᠦᠷᠢᠭ | ᠨᠡᠮᠡᠭᠳᠡᠭᠦᠯᠵᠦ᠂ 17.2% ᠪᠠᠷ ᠦᠰᠬᠡᠨᠡ᠃ ᠤᠳᠤ ᠶᠢᠨ ᠬᠡᠷᠡᠭᠵᠢᠬᠦᠯᠵᠤ ᠪᠠᠶᠢᠭ᠎ᠠ ᠡᠳ᠋ ᠤᠨ ᠵᠠᠰᠠᠭ ᠤᠨ | ᠬᠠᠮᠢᠶᠠᠷᠤᠯᠳᠠ ᠶᠢᠨ ᠲᠦᠷᠢᠮ ᠵᠢᠴᠢ ᠤᠷᠤᠯᠭ᠎ᠠ ᠶᠢᠨ ᠬᠤᠪᠢᠶᠠᠷᠢᠯᠠᠯᠳᠠ ᠶᠢ ᠦᠨᠳᠦᠰᠦᠯᠡᠨ᠂ ᠬᠤᠳᠠ ᠶᠢᠨ ᠲᠤᠰ | ᠱᠠᠳᠤᠨ ᠤ ᠶᠡᠷᠦᠩᠬᠡᠢ ᠡᠳ᠋ ᠤᠨ ᠬᠦᠴᠦᠨ 1199505 ᠲᠦᠮᠡᠨ ᠲᠦᠭᠦᠷᠢᠭ ᠲᠤᠬᠢᠷᠠᠭᠤᠯᠤᠨ᠎ᠠ᠃ ᠡᠬᠦᠨ ᠳᠤ᠂ | ᠡᠩ ᠤᠨ ᠤᠯᠠᠨ ᠨᠡᠶᠢᠳᠡ ᠶᠢᠨ ᠲᠦᠰᠦᠪ ᠤᠨ ᠤᠷᠣᠯᠭ᠎ᠠ 108464 ᠲᠦᠮᠡᠨ ᠲᠦᠭᠦᠷᠢᠭ᠂ ᠲᠡᠭᠡᠳᠤ ᠱᠠᠳᠤᠨ ᠤ | ᠪᠤᠴᠠᠭᠠᠯᠳᠠ ᠶᠢᠨ ᠴᠢᠨᠡᠷᠳᠡᠢ ᠤᠷᠤᠯᠭ᠎ᠠ ᠬᠢᠭᠡᠳ ᠡᠩ ᠤᠨ ᠴᠢᠨᠡᠷᠳᠡᠢ ᠰᠢᠯᠵᠢᠬᠦᠯᠦᠨ ᠦᠭᠭᠦᠭᠰᠡᠨ ᠤᠷᠤᠯᠭ᠎ᠠ | 174624 ᠲᠦᠮᠡᠨ ᠲᠦᠭᠦᠷᠢᠭ᠂ ᠲᠤᠰᠬᠠᠢ ᠲᠦᠷᠦᠯ ᠤᠨ ᠰᠢᠯᠵᠢᠬᠦᠯᠦᠨ ᠦᠭᠭᠦᠭᠰᠡᠨ ᠤᠷᠤᠯᠭ᠎ᠠ 24710 | ᠲᠦᠮᠡᠨ ᠲᠦᠭᠦᠷᠢᠭ᠂ ᠬᠤᠰᠢᠭᠤ ᠰᠢᠶᠠᠨ ᠲᠤᠭᠤᠷᠢᠭ ᠤᠨ ᠲᠡᠭᠡᠭᠰᠢ ᠲᠤᠰᠢᠶᠠᠭᠰᠠᠨ ᠬᠤᠳᠠ ᠶᠢᠨ ᠲᠡᠰ ᠤᠨ ᠤᠷᠤᠯᠭ᠎ᠠ | 489972 ᠲᠦᠮᠡᠨ ᠲᠦᠭᠦᠷᠢᠭ᠂ ᠲᠡᠭᠡᠷ᠎ᠠ ᠵᠢᠯ ᠠᠴᠠ ᠳ᠋ᠦᠩᠨᠡᠨ ᠰᠢᠯᠵᠢᠬᠦᠯᠦᠭᠰᠡᠨ ᠤᠷᠣᠯᠭ᠎ᠠ 381735 | ᠲᠦᠮᠡᠨ ᠲᠦᠭᠦᠷᠢᠭ᠂ ᠰᠢᠯᠵᠢᠬᠦᠯᠦᠨ ᠤᠷᠤᠭᠤᠯᠤᠭᠰᠠᠨ ᠲᠦᠰᠦᠪ ᠤᠨ ᠲᠤᠭᠳᠠᠪᠤᠷᠢᠳᠡᠢ ᠵᠤᠬᠢᠴᠠᠭᠤᠯᠬᠤ ᠰᠠᠭᠤᠷᠢ | ᠮᠦᠩᠭᠦ 20000 ᠲᠦᠮᠡᠨ ᠲᠦᠭᠦᠷᠢᠭ ᠲᠤᠬᠢᠷᠠᠭᠤᠯᠤᠨ᠎ᠠ᠃ ᠤᠷᠤᠯᠭ᠎ᠠ ᠵᠠᠷᠤᠯᠭ᠎ᠠ ᠶᠢᠨ ᠲᠡᠩᠴᠡᠭᠦᠷᠢ ᠶᠢᠨ | ᠵᠠᠷᠴᠢᠮ ᠢ ᠦᠨᠳᠦᠰᠦᠯᠡᠪᠡᠯ᠂ ᠡᠩ ᠤᠨ ᠤᠯᠠᠨ ᠨᠡᠶᠢᠳᠡ ᠶᠢᠨ ᠲᠦᠰᠦᠪ ᠤᠨ ᠶᠡᠷᠦᠩᠭᠡᠢ ᠵᠠᠷᠤᠯᠭ᠎ᠠ 1199505 | ᠲᠦᠮᠡᠨ ᠲᠦᠭᠦᠷᠢᠭ ᠲᠤᠬᠢᠷᠠᠭᠤᠯᠤᠨ᠎ᠠ᠃ | 3. ᠬᠤᠳᠠ ᠶᠢᠨ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢ ᠠᠵᠤ | ᠠᠬᠤᠢ ᠶᠢᠨ ᠲᠦᠷᠦᠯ ᠢᠶᠠᠷ ᠬᠤᠪᠢᠶᠠᠭᠰᠠᠨ ᠲᠦᠰᠦᠪ ᠤᠨ ᠲᠦᠰᠦᠯ | ᠵᠠᠰᠠᠭ ᠤᠨ ᠤᠷᠳᠤᠨ ᠤ ᠲᠦᠰᠦᠪ ᠤᠨ ᠵᠠᠷᠤᠯᠭ᠎ᠠ ᠠᠵᠤ ᠠᠬᠤᠢ ᠶᠢᠨ ᠲᠦᠷᠦᠯ ᠢ ᠦᠨᠳᠦᠰᠦᠯᠡᠨ | ᠬᠤᠪᠢᠶᠠᠷᠢᠯᠠᠪᠡᠯ᠄ ᠪᠠᠶᠢᠭᠤᠯᠭ᠎ᠠ ᠶᠢᠨ ᠴᠠᠯᠢᠩ ᠠᠰᠠᠷᠠᠮᠵᠢ ᠶᠢᠨ ᠵᠠᠷᠤᠯᠭ᠎ᠠ 93067 ᠲᠦᠮᠡᠨ ᠲᠦᠭᠦᠷᠢᠭ᠂ | ᠪᠠᠶᠢᠭᠤᠯᠭ᠎ᠠ ᠶᠢᠨ ᠲᠠᠧᠠᠷ ᠬᠢᠭᠡᠳ ᠦᠢᠯᠡᠴᠢᠯᠡᠭᠡᠨ ᠤ ᠵᠠᠷᠤᠯᠭ᠎ᠠ 52416 ᠲᠦᠮᠡᠨ ᠲᠦᠭᠦᠷᠢᠭ᠂ ᠪᠠᠶᠢᠭᠤᠯᠭ᠎ᠠ ᠶᠢᠨ | ᠬᠦᠷᠦᠩᠭᠡ ᠶᠢᠨ ᠴᠢᠨᠡᠷᠳᠡᠢ ᠵᠠᠷᠤᠯᠭ᠎ᠠ 169374 ᠲᠦᠮᠡᠨ ᠲᠦᠭᠦᠷᠢᠭ᠂ ᠠᠵᠢᠯ ᠦᠢᠯᠡᠰ ᠤᠨ ᠨᠢᠬᠡᠴᠡ ᠶᠢᠨ | ᠪᠠᠶᠢᠩᠭᠤ ᠶᠢᠨ ᠴᠢᠨᠡᠷᠳᠡᠢ ᠨᠦᠬᠦᠪᠦᠷᠢ 222678 ᠲᠦᠮᠡᠨ ᠲᠦᠭᠦᠷᠢᠭ᠂ ᠠᠵᠢᠯ ᠦᠢᠯᠡᠰ ᠤᠨ ᠨᠢᠬᠡᠴᠡ ᠶᠢᠨ | ᠬᠦᠷᠦᠩᠭᠡ ᠶᠢᠨ ᠴᠢᠨᠡᠷᠳᠡᠢ ᠨᠦᠬᠦᠪᠦᠷᠢ 48338 ᠲᠦᠮᠡᠨ ᠲᠦᠭᠦᠷᠢᠭ᠂ ᠠᠵᠤ ᠠᠬᠤᠶᠢᠯᠠᠯ ᠤᠨ ᠨᠦᠬᠦᠪᠦᠷᠢ | 31455 ᠲᠦᠮᠡᠨ ᠲᠦᠭᠦᠷᠢᠭ᠂ ᠬᠤᠪᠢ ᠬᠦᠮᠦᠨ ᠬᠢᠭᠡᠳ ᠬᠡᠷ ᠪᠦᠯᠢ ᠶᠢᠨ ᠨᠦᠬᠦᠪᠦᠷᠢ 50392 ᠲᠦᠮᠡᠨ | ᠲᠦᠭᠦᠷᠢᠭ᠂ ᠨᠡᠶᠢᠬᠡᠮ ᠤᠨ ᠪᠠᠳᠤᠯᠠᠭ᠎ᠠ ᠶᠢᠨ ᠰᠠᠭᠤᠷᠢ ᠮᠦᠩᠬᠦᠨ ᠤ ᠨᠦᠬᠦᠪᠦᠷᠢ 135644 ᠲᠦᠮᠡᠨ ᠲᠦᠭᠦᠷᠢᠭ᠂ | ᠦᠷᠢ ᠦᠭᠴᠡᠭᠡ ᠶᠢᠨ ᠬᠦᠦ ᠮᠦᠩᠭᠦ ᠵᠢᠴᠢ ᠰᠦᠢᠳᠬᠡᠯ ᠤᠨ ᠵᠠᠷᠤᠯᠭ᠎ᠠ 124645 ᠲᠦᠮᠡᠨ ᠲᠦᠭᠦᠷᠢᠭ᠂ ᠦᠷᠢ | ᠦᠭᠴᠡᠭᠡ ᠶᠢᠨ ᠡᠬᠡ ᠪᠡᠯᠡ ᠪᠤᠴᠠᠭᠠᠭᠰᠠᠨ ᠵᠠᠷᠤᠯᠭ᠎ᠠ 132074 ᠲᠦᠮᠡᠨ ᠲᠦᠭᠦᠷᠢᠭ᠂ ᠰᠢᠯᠵᠢᠯᠳᠡ ᠶᠢᠨ ᠴᠢᠨᠡᠷᠳᠡᠢ | ᠵᠠᠷᠤᠯᠭ᠎ᠠ 71205 ᠲᠦᠮᠡᠨ ᠲᠦᠭᠦᠷᠢᠭ᠂ ᠪᠡᠯᠡᠳᠭᠡᠯ ᠰᠦᠢᠳᠭᠡᠯ ᠵᠢᠴᠢ ᠤᠷᠢᠳᠴᠢᠯᠠᠨ ᠦᠯᠡᠳᠡᠭᠡᠭᠰᠡᠨ 18000 | ᠲᠦᠮᠡᠨ ᠲᠦᠭᠦᠷᠢᠭ᠂ ᠪᠤᠰᠤᠳ ᠵᠠᠷᠤᠯᠭ᠎ᠠ 50217 ᠲᠦᠮᠡᠨ ᠲᠦᠭᠦᠷᠢᠭ ᠲᠤᠬᠢᠷᠠᠭᠤᠯᠤᠨ᠎ᠠ᠃ ᠰᠠᠯᠠᠭ᠎ᠠ | ᠮᠦᠴᠢᠷ ᠤᠨ ᠲᠦᠰᠦᠪ ᠤᠨ ᠵᠠᠷᠤᠯᠭ᠎ᠠ ᠶᠢ ᠠᠵᠤ ᠠᠬᠤᠢ ᠶᠢᠨ ᠲᠦᠷᠦᠯ ᠵᠦᠢᠯ ᠢ ᠦᠨᠳᠦᠰᠦᠯᠡᠨ ᠬᠤᠪᠢᠶᠠᠷᠢᠯᠠᠪᠡᠯ᠄ | ᠴᠡᠯᠢᠩ ᠠᠰᠠᠷᠠᠮᠵᠢ ᠶᠢᠨ ᠵᠠᠷᠤᠯᠭ᠎ᠠ 219334 ᠲᠦᠮᠡᠨ ᠲᠦᠭᠦᠷᠢᠭ᠂ ᠲᠠᠧᠠᠷ ᠬᠢᠭᠡᠳ ᠦᠢᠯᠡᠴᠢᠯᠡᠭᠡᠨ ᠤ ᠵᠠᠷᠤᠯᠭ᠎ᠠ | 250238 ᠲᠦᠮᠡᠨ ᠲᠦᠭᠦᠷᠢᠭ᠂ ᠬᠤᠪᠢ ᠬᠦᠮᠦᠨ ᠬᠢᠬᠡᠳ ᠬᠡᠷ ᠪᠦᠯᠢ ᠶᠢᠨ ᠨᠦᠬᠦᠪᠦᠷᠢ 60451 ᠲᠦᠮᠡᠨ | ᠲᠦᠭᠦᠷᠢᠭ᠂ ᠦᠷᠢ ᠦᠭᠴᠡᠭᠡ ᠶᠢᠨ ᠬᠦᠦ ᠮᠦᠩᠭᠦ ᠵᠢᠴᠢ ᠰᠦᠢᠳᠬᠡᠯ ᠤᠨ ᠵᠠᠷᠤᠯᠭ᠎ᠠ 124645 ᠲᠦᠮᠡᠨ | ᠲᠦᠭᠦᠷᠢᠭ᠂ ᠬᠦᠷᠦᠩᠭᠡ ᠶᠢᠨ ᠴᠢᠨᠡᠷᠳᠡᠢ ᠵᠠᠷᠤᠯᠭ᠎ᠠ 377738 ᠲᠦᠮᠡᠨ ᠲᠦᠭᠦᠷᠢᠭ᠂ ᠠᠵᠤ ᠠᠬᠤᠶᠢᠯᠠᠯ ᠤᠨ | ᠨᠦᠬᠦᠪᠦᠷᠢ 31455 ᠲᠦᠮᠡᠨ ᠲᠦᠭᠦᠷᠢᠭ᠂ ᠨᠡᠶᠢᠬᠡᠮ ᠤᠨ ᠪᠠᠳᠤᠯᠠᠭ᠎ᠠ ᠶᠢᠨ ᠰᠠᠭᠤᠷᠢ ᠮᠦᠩᠬᠦᠨ ᠤ ᠨᠦᠬᠦᠪᠦᠷᠢ | 135644 ᠲᠦᠮᠡᠨ ᠲᠦᠭᠦᠷᠢᠭ ᠲᠤᠬᠢᠷᠠᠭᠤᠯᠤᠨ᠎ᠠ᠃ | 4. ᠬᠤᠳᠠ ᠶᠢᠨ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢ | ᠴᠢᠳᠠᠮᠵᠢ ᠶᠢᠨ ᠲᠦᠷᠦᠯ ᠵᠦᠢᠯ ᠢᠶᠠᠷ ᠬᠤᠪᠢᠶᠠᠭᠰᠠᠨ ᠲᠦᠰᠦᠪ ᠤᠨ ᠲᠦᠰᠦᠯ | ᠡᠩ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠵᠠᠷᠤᠯᠭ᠎ᠠ 77029 ᠲᠦᠮᠡᠨ ᠲᠦᠭᠦᠷᠢᠭ᠃ | ᠵᠠᠰᠠᠭ ᠤᠨ ᠤᠷᠳᠤᠨ ᠠᠴᠠ ᠲᠠᠭᠠᠭᠤᠯᠤᠨ ᠠᠷᠪᠢᠯᠠᠨ ᠭᠠᠮᠨᠠᠬᠤ ᠶᠢ ᠪᠠᠷᠢᠮᠳᠠᠯᠠᠵᠤ᠂ ᠰᠠᠯᠠᠭ᠎ᠠ ᠮᠦᠴᠢᠷ ᠤᠨ ᠵᠠᠷᠤᠳᠠᠯ ᠢ | ᠴᠢᠩᠭ᠎ᠠ ᠬᠢᠵᠠᠭᠠᠷᠯᠠᠨ᠂ ᠠᠷᠪᠢᠯᠠᠭᠰᠠᠨ ᠪᠡᠯᠡ ᠮᠦᠩᠭᠦ ᠶᠢ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠳᠤ | ᠬᠡᠷᠡᠭᠯᠡᠵᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠨᠠᠮᠳᠠᠭᠠᠨ᠂ ᠶᠠᠳᠠᠭᠤ ᠶᠢ ᠲᠡᠳᠭᠦᠭᠦ᠂ ᠲᠠᠷᠢᠶᠠᠯᠠᠩ᠂ | ᠰᠤᠷᠭᠠᠨ ᠬᠦᠮᠦᠵᠢᠯ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠭᠤᠤᠯᠳᠠᠯᠭ᠎ᠠ ᠲᠠᠢ ᠬᠦᠷᠢᠶ᠎ᠠ | ᠬᠡᠪᠴᠢᠶᠡᠨ ᠳᠤ ᠲᠤᠬᠢᠷᠠᠭᠤᠯᠤᠨ᠎ᠠ᠃ ᠤᠯᠠᠨ ᠨᠡᠶᠢᠳᠡ ᠶᠢᠨ ᠠᠮᠤᠷ ᠲᠦᠪᠰᠢᠨ ᠬᠢᠭᠡᠳ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠵᠠᠷᠤᠯᠭ᠎ᠠ 52805 ᠲᠦᠮᠡᠨ ᠲᠦᠭᠦᠷᠢᠭ ᠲᠤᠬᠢᠷᠠᠭᠤᠯᠤᠨ᠎ᠠ᠃ ᠲᠤᠳᠤᠭᠠᠳᠤ ᠶᠢ ᠬᠠᠮᠠᠭᠠᠯᠠᠬᠤ᠂ | ᠬᠠᠤᠯᠢ ᠴᠠᠭᠠᠵᠠ ᠵᠡᠷᠭᠡ ᠰᠠᠯᠠᠭ᠎ᠠ ᠮᠦᠴᠢᠷ ᠤᠨ ᠭᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢ | ᠨᠠᠶᠢᠳᠠᠪᠤᠷᠢᠵᠢᠭᠤᠯᠵᠤ᠂ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠠᠮᠤᠷ ᠢ ᠬᠠᠮᠠᠭᠠᠯᠠᠬᠤ ᠬᠢᠭᠡᠳ | ᠰᠦᠷᠳᠡᠬᠦᠯᠦᠯ ᠢ ᠡᠰᠡᠷᠭᠦᠴᠡᠭᠦ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠲᠤᠰᠬᠠᠢ ᠲᠦᠷᠦᠯ ᠤᠨ ᠠᠵᠢᠯᠯᠠᠭᠠᠨ ᠳᠤ | ᠭᠤᠤᠯᠳᠠᠯᠭ᠎ᠠ ᠲᠠᠢ ᠪᠠᠳᠤᠯᠠᠭ᠎ᠠ ᠬᠠᠩᠭᠠᠨ᠎ᠠ᠃ ᠰᠤᠷᠭᠠᠨ ᠬᠦᠮᠦᠵᠢᠯ ᠤᠨ ᠵᠠᠷᠤᠯᠭ᠎ᠠ 131880 ᠲᠦᠮᠡᠨ ᠲᠦᠭᠦᠷᠢᠭ | ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ | ᠲᠡᠭᠦᠯᠳᠡᠷᠵᠢᠬᠦᠯᠵᠤ᠂ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠶᠢᠨ ᠲᠦᠷᠦ ᠶᠢᠨ ᠪᠤᠳᠤᠯᠭ᠎ᠠ ᠶᠢ ᠦᠷᠬᠦᠯᠵᠢᠯᠡᠨ | ᠨᠠᠶᠢᠳᠠᠪᠤᠷᠢᠵᠢᠭᠤᠯᠤᠨ᠎ᠠ᠃ ᠠᠯᠪᠠᠨ ᠠᠴᠠ ᠡᠷᠭᠢᠯᠡᠭᠰᠡᠨ ᠭᠡᠤᠭᠡᠳ ᠤᠨ ᠴᠡᠴᠡᠷᠯᠢᠭ ᠤᠨ ᠰᠤᠷᠤᠭᠴᠢ ᠪᠦᠷᠢ ᠶᠢᠨ | ᠳᠡᠭᠰᠢᠳᠭᠡᠭᠰᠡᠨ ᠨᠡᠶᠢᠳᠠ ᠶᠢᠨ ᠭᠡᠷᠡᠭᠯᠡᠭᠡᠨ ᠤ ᠵᠠᠷᠤᠳᠠᠯ ᠤᠨ ᠦᠨᠳᠤᠰᠤᠨ ᠪᠠᠷᠢᠮᠵᠢᠶ᠎ᠠ ᠶᠢᠨ ᠨᠤᠷᠮ᠎ᠠ ᠶᠢ ᠲᠤᠭᠳᠠᠭᠠᠬᠤ | ᠬᠢᠬᠡᠳ ᠨᠡᠶᠢᠳᠡᠮ ᠤᠨ ᠬᠠᠷᠭᠠᠯᠵᠠᠯ ᠤᠨ ᠴᠢᠨᠡᠷᠳᠡᠢ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ | ᠨᠦᠬᠦᠪᠦᠷᠢ ᠶᠢᠨ ᠪᠠᠷᠢᠮᠵᠢᠶ᠎ᠠ ᠵᠢᠴᠢ ᠡᠩ ᠤᠨ ᠲᠡᠭᠡᠳᠤ ᠲᠤᠮᠳᠠᠳᠤ ᠶᠢᠨ ᠰᠤᠷᠤᠭᠴᠢ ᠪᠦᠷᠢ ᠶᠢᠨ ᠳᠡᠭᠰᠢᠳᠭᠡᠭᠰᠡᠨ | ᠭᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠠ ᠶᠢᠨ ᠨᠤᠷᠮ᠎ᠠ ᠶᠢ ᠲᠤᠭᠳᠠᠭᠠᠬᠤ ᠵᠡᠷᠭᠡ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠤᠯᠠᠨ ᠤᠯᠤᠰ ᠤᠨ | ᠲᠤᠷᠰᠢᠯᠳᠠ ᠶᠢᠨ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠳᠡᠰ ᠬᠢᠬᠡᠳ ᠤᠯᠠᠭᠠᠨᠬᠠᠳᠠ ᠲᠡᠭᠡᠳᠤ | ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ ᠰᠢᠨ᠎ᠠ ᠰᠤᠷᠭᠠᠭᠤᠯᠢ ᠶᠢᠨ ᠪᠠᠶᠢᠷᠢᠰᠢᠯ ᠢ ᠪᠦᠳᠦᠭᠡᠨ | ᠪᠠᠶᠢᠭᠤᠯᠵᠤ ᠠᠰᠢᠭᠯᠠᠯᠲᠠ ᠳᠤ ᠤᠷᠤᠭᠤᠯᠬᠤ ᠳᠤ ᠭᠤᠤᠯᠳᠠᠯᠭ᠎ᠠ ᠲᠠᠢ ᠪᠠᠲᠤᠯᠠᠨ᠎ᠠ᠃ ᠰᠤᠶᠤᠯ ᠵᠢᠭᠤᠯᠴᠢᠯᠠᠯ ᠪᠡᠶ᠎ᠠ ᠶᠢᠨ | ᠲᠠᠮᠢᠷ ᠵᠢᠴᠢ ᠮᠡᠳᠡᠭᠡ ᠵᠠᠭᠤᠴᠢ ᠶᠢᠨ ᠵᠠᠷᠤᠳᠠᠯ 62009 ᠲᠦᠮᠡᠨ ᠲᠦᠭᠦᠷᠢᠭ᠃ ᠰᠤᠶᠤᠯ ᠪᠠᠶ᠎ᠠ ᠶᠢᠨ ᠲᠠᠮᠢᠷ ᠤᠨ | ᠲᠠᠯᠠᠪᠠᠢ ᠤᠷᠳᠣᠨ ᠤ ᠰᠦᠢᠳᠭᠡᠯ ᠬᠤᠷᠢᠶᠠᠬᠤ ᠦᠭᠡᠢ ᠪᠤᠶᠤ ᠲᠤᠤᠷ᠎ᠠ ᠰᠦᠢᠳᠭᠡᠯ ᠢᠶᠠᠷ ᠭᠠᠳᠠᠭᠰᠢ ᠨᠡᠬᠡᠬᠡᠬᠦ ᠶᠢ | ᠲᠦᠯᠬᠢᠨ ᠠᠬᠢᠭᠤᠯᠵᠤ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠤᠨ᠂ ᠪᠦᠬᠦ ᠲᠠᠯ᠎ᠠ ᠪᠠᠷ ᠪᠡᠶ᠎ᠠ | ᠴᠠᠬᠢᠷᠠᠭᠵᠢᠭᠤᠯᠬᠤ ᠬᠦᠳᠡᠯᠭᠡᠭᠡᠨ ᠢ ᠲᠡᠮᠵᠢᠨ ᠦᠷᠨᠢᠬᠦᠯᠦᠨ᠎ᠠ᠃ ᠵᠢᠭᠤᠯᠴᠢᠯᠠᠯ ᠤᠨ ᠰᠠᠭᠤᠷᠢ ᠲᠦᠬᠦᠭᠡᠷᠤᠮᠵᠢ ᠬᠢᠭᠡᠳ | ᠳᠦᠬᠦᠷ ᠦᠢᠯᠡᠴᠢᠯᠡᠭᠡᠨ ᠤ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ︽ᠵᠢᠭᠤᠯᠴᠢᠯᠠᠯ ᠤᠨ | ᠨᠡᠷᠡᠳᠤ ᠲᠡᠮᠳᠡᠭ︾ ᠢ ᠪᠤᠢ ᠪᠤᠯᠭᠠᠨ᠎ᠠ᠃ ᠬᠤᠩᠱᠠᠨ ᠰᠤᠶᠤᠯ ᠤᠨ ᠵᠢᠭᠤᠯᠴᠢᠯᠡᠯ ᠤᠨ ᠨᠠᠶᠢᠷ ᠵᠡᠷᠭᠡ ᠰᠢᠷᠢᠰ | ᠰᠤᠶᠤᠯ ᠤᠨ ᠠᠵᠢᠯᠯᠠᠭᠠᠨ ᠢ ᠦᠷᠬᠦᠯᠵᠢᠯᠡᠨ ᠡᠷᠬᠢᠯᠡᠵᠤ᠂ ᠲᠤᠮᠳᠠᠳᠤ ᠤᠯᠤᠰ ᠤᠨ ᠬᠢᠳᠡᠨ ᠯᠢᠶᠤᠤ ᠶᠢᠨ ᠮᠦᠽᠧᠢ | ᠵᠡᠷᠭᠡ ᠤᠯᠠᠨ ᠨᠡᠶᠢᠳᠡ ᠶᠢᠨ ᠰᠤᠶᠤᠯ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠦᠳᠲᠡᠷ ᠲᠦᠷᠭᠡᠨ ᠪᠦᠳᠦᠭᠡᠨ | ᠪᠠᠶᠢᠭᠤᠯᠬᠤ ᠶᠢ ᠶᠡᠭᠡᠪᠡᠷ ᠲᠡᠮᠵᠢᠨ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠬᠢᠷᠢ ᠲᠦᠪᠰᠢᠨ ᠢ | ᠲᠡᠭᠡᠭᠰᠢᠯᠡᠬᠦᠯᠦᠨ᠎ᠠ᠃ ᠨᠡᠶᠢᠭᠡᠮ ᠤᠨ ᠪᠠᠳᠤᠯᠠᠭ᠎ᠠ ᠬᠢᠭᠡᠳ ᠠᠵᠢᠯ ᠤᠯᠭᠤᠬᠤ ᠵᠠᠷᠤᠳᠠᠯ 173739 ᠲᠦᠮᠡᠨ | ᠲᠦᠭᠦᠷᠢᠭ ᠲᠤᠬᠢᠷᠠᠭᠤᠯᠤᠨ᠎ᠠ᠃ ᠬᠤᠳᠠ ᠬᠦᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ | ᠨᠦᠬᠦᠪᠦᠷᠢ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦᠨ ᠤ | ᠲᠤᠭᠳᠠᠭᠤᠨ ᠢᠶᠠᠷ ᠨᠡᠮᠡᠭᠳᠡᠭᠦ ᠶᠢ ᠲᠡᠮᠵᠢᠨ᠎ᠠ᠃ ᠡᠯ᠎ᠠ ᠲᠦᠷᠦᠯ ᠤᠨ ᠠᠷᠠᠳ ᠤᠨ ᠠᠮᠢᠳᠤᠷᠠᠯ ᠤᠨ ᠠᠵᠢᠯ ᠢ | ᠦᠷᠭᠦᠯᠵᠢᠯᠡᠨ ᠲᠦᠯᠬᠢᠨ ᠠᠭᠢᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠨᠠᠷᠢᠨ ᠬᠠᠭᠤᠲᠠᠰᠤ ᠶᠢᠨ | ᠬᠠᠮᠢᠶᠠᠷᠤᠯᠳᠠ ᠶᠢᠨ ᠲᠦᠷᠢᠮ ᠢ ᠰᠦᠪᠡᠭᠴᠢᠯᠡᠵᠤ ᠪᠠᠶᠢᠭᠤᠯᠤᠨ᠂ ᠠᠷᠠᠳ ᠲᠦᠮᠡᠨ ᠤ ᠡᠳᠦᠷ ᠢᠷᠡᠭᠦᠶ᠎ᠠ ᠨᠡᠮᠡᠭᠳᠡᠵᠤ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠨ᠎ᠠ᠃ ᠡᠷᠡᠭᠦᠯ ᠬᠠᠮᠠᠭᠠᠯᠠᠯ | ᠡᠷᠡᠭᠦᠯ ᠴᠠᠭᠢᠷᠠᠭ ᠤᠨ ᠵᠠᠷᠤᠳᠠᠯ 45559 ᠲᠦᠮᠡᠨ ᠲᠦᠭᠦᠷᠢᠭ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠡᠳ᠋ ᠤᠨ ᠵᠠᠰᠠᠭ ᠤᠨ ᠨᠦᠬᠦᠪᠦᠷᠢ ᠦᠭᠭᠦ ᠪᠠᠷᠢᠮᠵᠢᠶ᠎ᠠ ᠬᠢᠭᠡᠳ | ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠪᠠᠷᠢᠮᠵᠢᠶ᠎ᠠ ᠶᠢ | ᠦᠷᠭᠦᠯᠵᠢᠯᠡᠨ ᠲᠡᠭᠡᠭᠰᠢᠯᠡᠬᠦᠯᠵᠤ᠂ ᠡᠷᠡᠭᠦᠯ ᠬᠠᠮᠠᠭᠠᠯᠠᠯ ᠡᠷᠡᠭᠦᠯ ᠴᠢᠬᠢᠷᠠᠭ ᠤᠨ ᠦᠢᠯᠡᠴᠢᠯᠡᠭᠡ ᠶᠢ ᠴᠢᠩᠭᠠᠳᠬᠠᠨ᠎ᠠ᠃ | ᠬᠤᠳᠠ ᠶᠢᠨ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ | ᠦᠭᠡᠷᠡᠴᠢᠯᠡᠯᠳᠡ ᠶᠢᠨ ᠲᠦᠬᠦᠷ ᠠᠷᠭ᠎ᠠ ᠬᠡᠮᠵᠢᠶ᠎ᠠ ᠶᠢ ᠲᠡᠭᠦᠯᠳᠡᠷᠵᠢᠬᠦᠯᠵᠤ᠂ ᠡᠮ ᠤᠨ ᠵᠦᠢᠯ ᠤᠨ ᠵᠦᠷᠢᠶᠡᠳᠤ | ᠦᠨ᠎ᠠ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠨᠧᠷᠭᠢ ᠠᠷᠪᠢᠯᠡᠨ ᠤᠷᠴᠢᠨ | ᠲᠤᠭᠤᠷᠢᠨ ᠢ ᠬᠠᠮᠠᠭᠠᠯᠠᠬᠤ᠂ ᠡᠬᠢ ᠪᠠᠶᠠᠯᠢᠭ ᠬᠠᠶᠢᠨ ᠰᠢᠨᠵᠢᠯᠡᠬᠦ ᠰᠤᠷᠠᠭ ᠵᠠᠩᠬᠢ᠂ ᠪᠠᠶᠢᠭᠠᠯᠢ ᠶᠢᠨ ᠡᠬᠢ ᠪᠠᠶᠠᠯᠢᠭ | ᠲᠠᠯᠠᠢ ᠲᠠᠩᠬᠢᠰ ᠴᠠᠭ ᠠᠭᠤᠷ ᠵᠡᠷᠭᠡ ᠶᠢᠨ ᠵᠠᠷᠤᠳᠠᠯ 62841 ᠲᠦᠮᠡᠨ ᠲᠦᠭᠦᠷᠢᠭ ᠲᠤᠬᠢᠷᠠᠭᠤᠯᠤᠨ᠎ᠠ᠃ ᠠᠭᠠᠷ | ᠮᠠᠨᠳᠠᠯ᠂ ᠤᠰᠤ᠂ ᠬᠦᠷᠦᠰᠦ ᠰᠢᠷᠤᠢ ᠵᠡᠷᠭᠡ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠪᠠ ᠬᠦᠳᠡᠭᠡ ᠲᠤᠰᠬᠤᠨ ᠤ | ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠵᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠭᠦ᠂ | ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ | ᠦᠷᠭᠦᠯᠵᠢᠯᠡᠨ ᠲᠡᠮᠵᠢᠨ᠎ᠠ᠃ ᠲᠠᠷᠢᠶᠠᠯᠠᠩ ᠤᠢ ᠰᠢᠭᠤᠢ ᠤᠰᠤᠨ ᠠᠰᠢᠭᠯᠠᠯᠳᠠ ᠶᠢᠨ ᠵᠠᠷᠤᠳᠠᠯ 129789 ᠲᠦᠮᠡᠨ | ᠲᠦᠭᠦᠷᠢᠭ᠃ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠤᠯᠬᠤ ᠶᠢ | ᠢᠳᠡᠪᠬᠢᠳᠡᠢ ᠪᠠᠷ ᠲᠡᠮᠵᠢᠨ᠂ ᠤᠨᠴᠠ ᠬᠦᠴᠢᠷᠳᠡᠢ ᠭᠠᠵᠠᠷ ᠤᠷᠤᠨ ᠬᠢᠬᠡᠳ ᠤᠨᠴᠠ ᠬᠦᠴᠢᠷᠳᠡᠢ ᠬᠠᠮᠳᠤ ᠶᠢᠨ | ᠴᠤᠭᠴᠠ ᠳᠤ ᠠᠩᠬᠠᠷᠤᠯ ᠢᠶᠠᠨ ᠲᠦᠪᠯᠡᠷᠡᠭᠦᠯᠦᠨ᠂ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ | ᠪᠠᠳᠤᠯᠠᠬᠤ︾ ᠲᠤᠮᠳᠠ ᠲᠤᠯᠭᠠᠷᠠᠭᠰᠠᠨ ᠲᠤᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠠ᠃ | ᠲᠠᠷᠢᠶᠠᠯᠠᠩ ᠮᠠᠯ ᠠᠵᠤ ᠠᠬᠤᠢ ᠶᠢᠨ ︽ᠠᠵᠤ ᠦᠢᠯᠡᠰᠵᠢᠯᠳᠡ᠂ ᠴᠢᠮᠡᠭᠡ ᠵᠠᠩᠬᠢᠵᠢᠯᠳᠡ᠂ ᠬᠡᠪᠴᠢᠶᠡᠵᠢᠯᠳᠡ᠂ | ᠤᠳᠤᠬᠢᠴᠢᠯᠡᠯᠳᠡ︾ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ | ᠪᠦᠳᠦᠭᠡᠨ ᠪᠠᠶᠢᠭᠤᠯᠤᠯᠳᠠ᠂ ᠲᠠᠷᠢᠶᠠᠨ ᠭᠠᠵᠠᠷ ᠤᠨ ᠤᠰᠤᠨ ᠠᠰᠢᠭᠯᠠᠯᠳᠠ ᠶᠢᠨ ᠪᠦᠳᠦᠭᠡᠨ ᠪᠠᠶᠢᠭᠤᠯᠤᠯᠳᠠ ᠬᠢᠬᠡᠳ | ᠲᠠᠷᠢᠶᠠᠯᠠᠩ ᠤᠨ ᠲᠠᠭᠠᠳᠬᠠᠯ ᠤᠨ ᠮᠦᠩᠭᠦ ᠶᠢᠨ ᠨᠦᠬᠦᠪᠦᠷᠢ ᠤᠯᠭᠤᠬᠤ ᠵᠡᠷᠭᠡ ᠠᠵᠢᠯ ᠢ ᠰᠠᠶᠢᠳᠤᠷ ᠬᠢᠨ᠎ᠠ᠃ ᠬᠤᠳᠠ | ᠬᠦᠳᠡᠭᠡ ᠨᠡᠶᠢᠭᠡᠮ ᠲᠤᠭᠤᠷᠢᠭ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠤᠨ | ᠵᠠᠷᠤᠳᠠᠯ 368080 ᠲᠦᠮᠡᠨ ᠲᠦᠭᠦᠷᠢᠭ᠃ ᠬᠦᠳᠡᠭᠡ ᠲᠤᠰᠬᠤᠨ ᠤ ᠵᠠᠮ᠂ ᠬᠤᠳᠠ ᠪᠠᠯᠭᠠᠰᠤᠨ ᠤ ᠵᠠᠰᠠᠮᠠᠯ ᠵᠠᠮ | ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠬᠦᠳᠡᠭᠡ ᠶᠢᠨ | ᠰᠠᠭᠤᠷᠢ ᠲᠦᠬᠦᠭᠡᠷᠦᠮᠵᠢ ᠶᠢᠨ ᠲᠤᠤᠷᠵᠢᠯ ᠤᠨ ᠰᠢᠰᠲ᠋ᠧᠮ ᠢ ᠲᠡᠭᠦᠯᠳᠡᠷᠵᠢᠬᠦᠯᠵᠤ᠂ ᠰᠢᠨ᠎ᠠ ᠬᠡᠯᠪᠡᠷᠢ ᠶᠢᠨ ᠬᠤᠳᠠ | ᠪᠠᠯᠭᠠᠰᠤᠵᠢᠯᠳᠠ ᠶᠢᠨ ᠬᠦᠭᠵᠢᠯᠳᠡ ᠶᠢ ᠠᠬᠢᠭᠤᠯᠤᠨ᠎ᠠ᠃ ᠨᠡᠶᠢᠳᠡ ᠶᠢᠨ ᠮᠠᠰᠢᠨ ᠲᠡᠷᠭᠡᠨ ᠤ ᠪᠢᠯᠧᠲ ᠤᠨ ᠦᠨ᠎ᠠ ᠶᠢᠨ | ᠬᠤᠬᠢᠷᠠᠯ ᠤᠨ ᠨᠦᠬᠦᠪᠦᠷᠢ ᠶᠢ ᠪᠠᠳᠤᠯᠠᠵᠤ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠤᠷᠢᠳᠠᠪᠠᠷ ᠬᠦᠭᠵᠢᠬᠦ ᠶᠢ | ᠲᠦᠯᠬᠢᠨ ᠠᠬᠢᠭᠤᠯᠤᠨ᠎ᠠ᠃ | ︵ᠬᠤᠶᠠᠷ︶ ᠵᠠᠰᠠᠭ ᠤᠨ ᠤᠷᠳᠤᠨ ᠤ ᠴᠢᠨᠡᠷᠳᠡᠢ ᠰᠠᠭᠤᠷᠢ ᠮᠦᠩᠬᠦᠨ ᠤ ᠲᠦᠰᠦᠪ ᠤᠨ ᠲᠦᠰᠦᠯ | ᠪᠦᠬᠦ ᠬᠤᠳᠠ ᠶᠢᠨ ᠵᠠᠰᠠᠭ ᠤᠨ ᠤᠷᠳᠤᠨ ᠤ ᠴᠢᠨᠡᠷᠳᠡᠢ ᠰᠠᠭᠤᠷᠢ ᠮᠦᠩᠬᠦᠨ ᠤ ᠤᠷᠤᠯᠭ᠎ᠠ 1408920 | ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ 369238 ᠲᠦᠮᠡᠨ ᠲᠦᠭᠦᠷᠢᠭ | ᠨᠡᠮᠡᠭᠳᠡᠭᠦᠯᠵᠦ᠂ 35.5% ᠪᠠᠷ ᠦᠰᠬᠡᠨᠡ᠃ ᠭᠤᠤᠯᠳᠠᠭᠤ ᠬᠤᠳᠠ ᠶᠢᠨ ᠲᠤᠰ ᠱᠠᠲᠤ ᠬᠢᠬᠡᠳ ᠬᠤᠩᠱᠠᠨ | ᠲᠤᠭᠤᠷᠢᠭ᠂ ᠰᠦᠩᠱᠠᠨ ᠲᠤᠭᠤᠷᠢᠭ ᠤᠨ ᠭᠠᠵᠠᠷ ᠰᠢᠷᠤᠢ ᠶᠢ ᠲᠦᠪᠯᠡᠷᠡᠭᠦᠯᠦᠨ ᠫᠠᠶᠢᠰᠠ ᠡᠯᠬᠦᠵᠤ ᠬᠤᠳᠠᠯᠳᠤᠭᠰᠠᠨ᠂ | ᠤᠯᠤᠰ ᠤᠨ ᠦᠮᠴᠢᠯᠡᠯᠳᠤ ᠭᠠᠵᠠᠷ ᠰᠢᠷᠤᠢ ᠶᠢᠨ ᠭᠡᠷᠡᠭᠯᠡᠭᠦ ᠡᠷᠭᠡ ᠶᠢ ᠬᠤᠳᠠᠯᠳᠤᠭᠰᠠᠨ ᠤᠷᠤᠯᠭ᠎ᠠ ᠵᠢᠱᠢᠯᠳᠡ ᠪᠠᠷ | 102.4 ᠳ᠋ᠦᠩᠰᠢᠭᠤᠷ ᠲᠦᠭᠦᠷᠢᠭ ᠢ ᠪᠡᠶᠡᠯᠡᠬᠦᠯᠦᠨ᠎ᠠ᠃ ᠲᠡᠭᠡᠷ᠎ᠠ ᠵᠢᠯ ᠠᠴᠠ ᠳ᠋ᠦᠩᠨᠡᠵᠤ ᠰᠢᠯᠵᠢᠬᠦᠯᠦᠭᠰᠡᠨ ᠤᠷᠤᠯᠭ᠎ᠠ | 169723 ᠲᠦᠮᠡᠨ ᠲᠦᠭᠦᠷᠢᠭ᠂ ᠲᠡᠭᠡᠳᠤ ᠱᠠᠳᠤᠨ ᠤ ᠨᠦᠬᠦᠪᠦᠷᠢ ᠶᠢᠨ ᠤᠷᠤᠯᠭ᠎ᠠ 21499 ᠲᠦᠮᠡᠨ | ᠲᠦᠭᠦᠷᠢᠭ᠃ ᠵᠠᠰᠠᠭ ᠤᠨ ᠤᠷᠳᠤᠨ ᠤ ᠴᠢᠨᠡᠷᠳᠡᠢ ᠰᠠᠭᠤᠷᠢ ᠮᠦᠩᠬᠦᠨ ᠤ ᠲᠦᠰᠦᠪ ᠤᠨ ᠵᠠᠷᠤᠯᠭ᠎ᠠ 1391693 | ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ 304665 ᠲᠦᠮᠡᠨ ᠲᠦᠭᠦᠷᠢᠭ | ᠨᠡᠮᠡᠭᠳᠡᠭᠦᠯᠦᠨ᠂ 28% ᠪᠠᠷ ᠦᠰᠬᠡᠨᠡ᠃ ᠰᠢᠯᠵᠢᠭᠦᠯᠦᠨ ᠤᠷᠤᠭᠤᠯᠤᠭᠰᠠᠨ ᠡᠩ ᠤᠨ ᠴᠢᠨᠡᠷᠳᠡᠢ ᠤᠯᠠᠨ | ᠨᠡᠶᠢᠳᠡ ᠶᠢᠨ ᠲᠦᠰᠦᠪ 199749 ᠲᠦᠮᠡᠨ ᠲᠦᠭᠦᠷᠢᠭ᠂ ᠤᠷᠤᠨ ᠨᠤᠳᠤᠭ ᠤᠨ ᠵᠠᠰᠠᠭ ᠤᠨ ᠤᠷᠳᠤᠨ ᠤ ᠲᠤᠰᠬᠠᠢ | ᠲᠦᠷᠦᠯ ᠤᠨ ᠦᠷᠢ ᠦᠭᠴᠡᠭᠡ ᠶᠢᠨ ᠡᠬᠡ ᠮᠦᠩᠭᠦ ᠪᠤᠴᠠᠭᠠᠭᠰᠠᠨ ᠵᠠᠷᠤᠯᠭ᠎ᠠ 8700 ᠲᠦᠮᠡᠨ ᠲᠦᠭᠦᠷᠢᠭ | ᠰᠢᠯᠵᠢᠬᠦᠯᠦᠨ ᠤᠷᠤᠭᠤᠯᠤᠨ᠎ᠠ᠃ ᠬᠤᠳᠠ ᠶᠢᠨ ᠲᠤᠰ ᠱᠠᠳᠤᠨ ᠤ ᠵᠠᠰᠠᠭ ᠤᠨ ᠤᠷᠳᠤᠨ ᠤ ᠴᠢᠨᠡᠷᠳᠡᠢ ᠰᠠᠭᠤᠷᠢ | ᠮᠦᠩᠬᠦᠨ ᠤ ᠤᠷᠤᠯᠭ᠎ᠠ 363780 ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ | 227471 ᠲᠦᠮᠡᠨ ᠲᠦᠭᠦᠷᠢᠭ ᠨᠡᠮᠡᠭᠳᠡᠭᠦᠯᠵᠦ᠂ 166.9% ᠪᠠᠷ ᠦᠰᠬᠡᠨᠡ᠃ ᠭᠤᠤᠯᠳᠠᠭᠤ ᠤᠤᠯ ᠤᠨ ᠹᠦ᠋ | ᠯᠦᠩ ᠢᠯᠴᠢ ᠴᠠᠬᠢᠯᠭᠠᠨ ᠤ ᠦᠢᠯᠡᠳᠪᠦᠷᠢ ᠤᠨ ᠭᠠᠵᠠᠷ ᠬᠢᠬᠡᠳ ᠰᠢᠶᠠ ᠸᠠ ᠽᠢ ᠤᠷᠤᠨ ᠲᠤᠭᠤᠷᠢᠭ ᠤᠨ ᠤᠷᠤᠨ | ᠰᠠᠭᠤᠴᠠ ᠶᠢᠨ ᠭᠠᠵᠠᠷ ᠢ 2019 ᠤᠨ ᠳᠤ ᠫᠠᠶᠢᠰᠠ ᠡᠯᠬᠦᠨ ᠠᠷᠠᠯᠵᠢᠶᠠᠯᠠᠬᠤ ᠪᠠᠷ ᠪᠡᠯᠡᠳᠬᠡᠵᠦ᠂ ᠤᠯᠤᠰ ᠤᠨ | ᠦᠮᠴᠢᠯᠡᠯᠳᠤ ᠭᠠᠵᠠᠷ ᠰᠢᠷᠤᠢ ᠶᠢᠨ ᠭᠡᠷᠡᠭᠯᠡᠭᠦ ᠡᠷᠭᠡ ᠶᠢ ᠬᠤᠳᠠᠯᠳᠤᠭᠰᠠᠨ ᠤᠷᠤᠯᠭ᠎ᠠ ᠵᠢᠱᠢᠯᠳᠡ ᠪᠠᠷ 300000 | ᠲᠦᠮᠡᠨ ᠲᠦᠭᠦᠷᠢᠭ ᠢ ᠪᠡᠶᠡᠯᠡᠬᠦᠯᠦᠨ᠎ᠠ᠃ ᠲᠡᠭᠡᠷ᠎ᠠ ᠵᠢᠯ ᠠᠴᠠ ᠳ᠋ᠦᠩᠨᠡᠵᠤ ᠰᠢᠯᠵᠢᠬᠦᠯᠦᠭᠰᠡᠨ ᠤᠷᠤᠯᠭ᠎ᠠ 52524 | ᠲᠦᠮᠡᠨ ᠲᠦᠭᠦᠷᠢᠭ᠂ ᠲᠡᠭᠡᠳᠤ ᠱᠠᠳᠤᠨ ᠤ ᠨᠦᠬᠦᠪᠦᠷᠢ ᠶᠢᠨ ᠤᠷᠤᠯᠭ᠎ᠠ 6950 ᠲᠦᠮᠡᠨ ᠲᠦᠭᠦᠷᠢᠭ᠃ ᠵᠠᠰᠠᠭ ᠤᠨ | ᠤᠷᠳᠤᠨ ᠤ ᠴᠢᠨᠡᠷᠳᠡᠢ ᠰᠠᠭᠤᠷᠢ ᠮᠦᠩᠬᠦᠨ ᠤ ᠲᠦᠰᠦᠪ ᠤᠨ ᠵᠠᠷᠤᠯᠭ᠎ᠠ 423254 ᠲᠦᠮᠡᠨ ᠲᠦᠭᠦᠷᠢᠭ | ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ 274844 ᠲᠦᠮᠡᠨ ᠲᠦᠭᠦᠷᠢᠭ ᠨᠡᠮᠡᠭᠳᠡᠭᠦᠯᠦᠨ᠂ 185. | 4% ᠪᠠᠷ ᠦᠰᠬᠡᠨᠡ᠃ ᠡᠬᠦᠨ ᠳᠤ᠂ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠷᠤᠯᠭ᠎ᠠ 388518 | ᠲᠦᠮᠡᠨ ᠲᠦᠭᠦᠷᠢᠭ᠂ ᠬᠤᠨᠵᠢᠪᠤᠷᠢᠳᠤ ᠰᠤᠭᠤᠯᠤᠭ᠎ᠠ ᠶᠢᠨ ᠠᠰᠠᠷᠠᠮᠵᠢ ᠶᠢᠨ ᠮᠦᠩᠬᠦ ᠵᠡᠷᠭᠡ ᠪᠤᠰᠤᠳ ᠵᠠᠷᠤᠯᠭ᠎ᠠ | 34736 ᠲᠦᠮᠡᠨ ᠲᠦᠭᠦᠷᠢᠭ᠃ | ︵ᠭᠤᠷᠪᠠ︶ ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠲᠦᠰᠦᠯ | ᠪᠦᠬᠦ ᠬᠤᠳᠠ ᠶᠢᠨ ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠤᠷᠤᠯᠭ᠎ᠠ | 12347 ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ 9295 ᠲᠦᠮᠡᠨ ᠲᠦᠭᠦᠷᠢᠭ | ᠨᠡᠮᠡᠭᠳᠡᠭᠦᠯᠵᠦ᠂ 304.6% ᠪᠠᠷ ᠦᠰᠬᠡᠨᠡ᠃ ᠭᠤᠤᠯᠳᠠᠭᠤ ᠠᠷᠤ ᠬᠤᠷᠴᠢᠨ ᠬᠤᠰᠢᠭᠤᠨ ᠤ ᠰᠢᠨ᠎ᠠ ᠪᠠᠷ | ᠨᠡᠮᠡᠭᠳᠡᠭᠰᠡᠨ ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠤᠷᠤᠯᠭ᠎ᠠ 9749 | ᠲᠦᠮᠡᠨ ᠲᠦᠭᠦᠷᠢᠭ ᠪᠤᠯᠤᠨ᠎ᠠ᠃ ᠡᠬᠦᠨ ᠳᠤ᠂ ᠰᠲ᠋ᠤᠺ ᠤᠨ ᠠᠰᠢᠭ ᠤᠯᠵᠡ᠂ ᠰᠲ᠋ᠤᠺ ᠤᠨ ᠬᠦᠦ ᠮᠦᠩᠬᠦᠨ ᠤ | ᠤᠷᠤᠯᠭ᠎ᠠ 599 ᠲᠦᠮᠡᠨ ᠲᠦᠭᠦᠷᠢᠭ᠂ ᠪᠤᠰᠤᠳ ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ | ᠲᠦᠰᠦᠪ ᠤᠨ ᠤᠷᠤᠯᠭ᠎ᠠ 11748 ᠲᠦᠮᠡᠨ ᠲᠦᠭᠦᠷᠢᠭ᠃ ᠲᠡᠭᠡᠷ᠎ᠠ ᠵᠢᠯ ᠠᠴᠠ ᠳ᠋ᠦᠩᠨᠡᠵᠤ ᠰᠢᠯᠵᠢᠬᠦᠯᠦᠭᠰᠡᠨ | ᠤᠷᠤᠯᠭ᠎ᠠ 2598 ᠲᠦᠮᠡᠨ ᠲᠦᠭᠦᠷᠢᠭ᠃ ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ | ᠲᠦᠰᠦᠪ ᠤᠨ ᠵᠠᠷᠤᠯᠭ᠎ᠠ 12739 ᠲᠦᠮᠡᠨ ᠲᠦᠭᠦᠷᠢᠭ ᠲᠤᠭᠢᠷᠠᠭᠤᠯᠵᠤ᠂ ᠰᠢᠯᠵᠢᠭᠦᠯᠦᠨ ᠤᠷᠤᠭᠤᠯᠤᠭᠰᠠᠨ | ᠡᠩ ᠤᠨ ᠴᠢᠨᠡᠷᠳᠡᠢ ᠤᠯᠠᠨ ᠨᠡᠶᠢᠳᠡ ᠶᠢᠨ ᠲᠦᠰᠦᠪ 2206 ᠲᠦᠮᠡᠨ ᠲᠦᠭᠦᠷᠢᠭ᠃ ᠬᠤᠳᠠ ᠶᠢᠨ ᠲᠣᠰ ᠱᠠᠳᠤᠨ ᠤ | ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠤᠷᠤᠯᠭ᠎ᠠ 392 ᠲᠦᠮᠡᠨ ᠲᠦᠭᠦᠷᠢᠭ | ᠲᠤᠭᠢᠷᠠᠭᠤᠯᠵᠤ᠂ ᠲᠡᠭᠡᠷ᠎ᠠ ᠵᠢᠯ ᠲᠠᠢ ᠠᠳᠠᠯᠢᠳᠬᠠᠪᠠᠯ 26 ᠲᠦᠮᠡᠨ ᠲᠦᠭᠦᠷᠢᠭ ᠨᠡᠮᠡᠭᠳᠡᠭᠦᠯᠵᠦ᠂ 7.1% ᠪᠠᠷ | ᠦᠰᠬᠡᠨᠡ᠃ ᠤᠯᠤᠰ ᠤᠨ ᠦᠮᠴᠢᠯᠡᠯᠳᠤ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠵᠠᠷᠤᠯᠭ᠎ᠠ 2990 | ᠲᠦᠮᠡᠨ ᠲᠦᠭᠦᠷᠢᠭ ᠲᠤᠭᠢᠷᠠᠭᠤᠯᠵᠤ᠂ ᠭᠤᠤᠯᠳᠠᠭᠤ ᠬᠡᠰᠡᠭ ᠪᠦᠯᠦᠭ ᠤᠯᠤᠰ ᠤᠨ ᠦᠮᠴᠢᠯᠡᠯᠳᠤ ᠠᠵᠤ | ᠠᠬᠤᠶᠢᠯᠠᠯ ᠤᠨ ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠨ᠎ᠠ᠃ | ︵ᠲᠦᠷᠪᠡ︶ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦᠨ ᠤ ᠲᠦᠰᠦᠪ ᠤᠨ ᠲᠦᠰᠦᠯ | ᠪᠦᠬᠦ ᠬᠤᠳᠠ ᠶᠢᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦᠨ ᠤ ᠤᠷᠤᠯᠭ᠎ᠠ 1702830 | ᠲᠦᠮᠡᠨ ᠲᠦᠭᠦᠷᠢᠭ ᠲᠤᠭᠢᠷᠠᠭᠤᠯᠵᠤ᠂ ᠲᠡᠭᠡᠷ᠎ᠠ ᠵᠢᠯ ᠠᠴᠠ ᠳ᠋ᠦᠩᠨᠡᠵᠤ ᠰᠢᠯᠵᠢᠬᠦᠯᠦᠭᠰᠡᠨ ᠤᠷᠤᠯᠭ᠎ᠠ 913604 | ᠲᠦᠮᠡᠨ ᠲᠦᠭᠦᠷᠢᠭ᠃ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦᠨ ᠤ ᠵᠠᠷᠤᠯᠭ᠎ᠠ 1702830 ᠲᠦᠮᠡᠨ | ᠲᠦᠭᠦᠷᠢᠭ ᠲᠤᠭᠢᠷᠠᠭᠤᠯᠵᠤ᠂ ᠭᠤᠤᠯᠳᠠᠭᠤ ᠬᠤᠳᠠ ᠬᠦᠳᠡᠭᠡ ᠶᠢᠨ ᠰᠠᠭᠤᠭᠠᠯᠢ ᠠᠷᠠᠳ ᠬᠢᠬᠡᠳ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠲᠠᠭᠠᠳᠬᠠᠯ᠂ ᠡᠮ ᠡᠮᠨᠡᠯᠭᠡ ᠶᠢᠨ ᠲᠠᠭᠠᠳᠬᠠᠯ᠂ ᠠᠯᠪᠠᠨ | ᠰᠢᠷᠬᠠᠳᠤᠯ ᠤᠨ ᠲᠠᠭᠠᠳᠬᠠᠯ᠂ ᠠᠵᠢᠯ ᠠᠯᠳᠠᠬᠤ ᠲᠠᠭᠠᠳᠬᠠᠯ᠂ ᠦᠷᠡᠵᠢᠯ ᠤᠨ ᠲᠠᠭᠠᠳᠬᠠᠯ ᠬᠢᠬᠡᠳ ᠪᠠᠶᠢᠭᠤᠯᠭ᠎ᠠ | ᠠᠵᠢᠯ ᠦᠢᠯᠡᠰ ᠤᠨ ᠨᠢᠬᠡᠴᠡ ᠶᠢᠨ ᠨᠠᠰᠤᠵᠢᠯ ᠤᠨ ᠲᠠᠭᠠᠳᠬᠠᠯ ᠳᠤ ᠬᠡᠷᠡᠭᠯᠡᠨ᠎ᠠ᠃ ᠬᠤᠳᠠ ᠶᠢᠨ ᠲᠤᠰ ᠱᠠᠳᠤᠨ ᠤ | ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦᠨ ᠤ ᠤᠷᠤᠯᠭ᠎ᠠ 880809 ᠲᠦᠮᠡᠨ ᠲᠦᠭᠦᠷᠢᠭ ᠲᠤᠭᠢᠷᠠᠭᠤᠯᠵᠤ᠂ | ᠲᠡᠭᠡᠷ᠎ᠠ ᠵᠢᠯ ᠠᠴᠠ ᠳ᠋ᠦᠩᠨᠡᠵᠤ ᠰᠢᠯᠵᠢᠬᠦᠯᠦᠭᠰᠡᠨ ᠤᠷᠤᠯᠭ᠎ᠠ 474542 ᠲᠦᠮᠡᠨ ᠲᠦᠭᠦᠷᠢᠭ᠃ ᠨᠡᠶᠢᠭᠡᠮ ᠤᠨ | ᠲᠠᠭᠠᠳᠬᠠᠯ ᠤᠨ ᠰᠠᠭᠤᠷᠢ ᠮᠦᠩᠬᠦᠨ ᠤ ᠵᠠᠷᠤᠯᠭ᠎ᠠ 1144304 ᠲᠦᠮᠡᠨ ᠲᠦᠭᠦᠷᠢᠭ ᠲᠤᠭᠢᠷᠠᠭᠤᠯᠵᠤ᠂ | ᠭᠤᠤᠯᠳᠠᠭᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠲᠠᠭᠠᠳᠬᠠᠯ᠂ ᠬᠤᠳᠠ | ᠪᠠᠯᠭᠠᠰᠤᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ᠂ ᠠᠯᠪᠠᠨ ᠰᠢᠷᠬᠠᠳᠤᠯ ᠤᠨ ᠲᠠᠭᠠᠳᠬᠠᠯ᠂ | ᠠᠵᠢᠯ ᠠᠯᠳᠠᠬᠤ ᠲᠠᠭᠠᠳᠬᠠᠯ᠂ ᠦᠷᠡᠵᠢᠯ ᠤᠨ ᠲᠠᠭᠠᠳᠬᠠᠯ ᠬᠢᠬᠡᠳ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ | ᠨᠠᠰᠤᠵᠢᠯ ᠤᠨ ᠲᠠᠭᠠᠳᠬᠠᠯ ᠳᠤ ᠬᠡᠷᠡᠭᠯᠡᠨ᠎ᠠ᠃ ᠡᠬᠦᠨ ᠳᠤ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ | ᠦᠨᠳᠦᠰᠦᠨ ᠨᠠᠰᠤᠵᠢᠯ ᠤᠨ ᠲᠠᠭᠠᠳᠬᠠᠯ᠂ ᠠᠯᠪᠠᠨ ᠰᠢᠷᠬᠠᠳᠤᠯ ᠤᠨ ᠲᠠᠭᠠᠳᠬᠠᠯ ᠬᠢᠭᠡᠳ ᠠᠵᠢᠯ ᠠᠯᠳᠠᠬᠤ | ᠲᠠᠭᠠᠳᠬᠠᠯ ᠢ ᠬᠤᠳᠠ ᠶᠢᠨ ᠱᠠᠳᠤᠨ ᠠᠴᠠ ᠨᠢᠭᠡᠳᠦᠯᠳᠡᠢ ᠲᠦᠯᠦᠪᠵᠢᠬᠦᠯᠦᠨ᠎ᠠ᠃ | ︵ᠲᠠᠪᠤ︶ ᠬᠤᠰᠢᠭᠤ ᠰᠢᠶᠠᠨ ᠲᠤᠭᠤᠷᠢᠭ ᠤᠨ ᠰᠢᠯᠵᠢᠬᠦᠯᠦᠨ ᠦᠭᠬᠦ ᠲᠤᠬᠢᠷᠠᠭᠤᠯᠤᠯᠳᠠ | ᠡᠩ ᠤᠨ ᠤᠯᠠᠨ ᠨᠡᠶᠢᠳᠡ ᠶᠢᠨ ᠲᠦᠰᠦᠪ ᠲᠤ ᠬᠤᠰᠢᠭᠤ ᠰᠢᠶᠠᠨ ᠲᠤᠭᠤᠷᠢᠭ ᠤᠨ ᠰᠢᠯᠵᠢᠬᠦᠯᠦᠨ ᠦᠭᠬᠦ | 1758270 ᠲᠦᠮᠡᠨ ᠲᠦᠭᠦᠷᠢᠭ ᠲᠤᠭᠢᠷᠠᠭᠤᠯᠵᠤ᠂ ᠡᠬᠦᠨ ᠳᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ | ᠵᠠᠰᠠᠭ ᠠᠴᠠ 1687065 ᠲᠦᠮᠡᠨ ᠲᠦᠭᠦᠷᠢᠭ ᠲᠤᠬᠢᠷᠠᠭᠤᠯᠵᠤ᠂ ᠬᠤᠳᠠ ᠶᠢᠨ ᠲᠤᠰ ᠱᠠᠳᠤᠨ ᠤ ᠡᠳ᠋ ᠤᠨ | ᠵᠠᠰᠠᠭ ᠠᠴᠠ 71205 ᠲᠦᠮᠡᠨ ᠲᠦᠭᠦᠷᠢᠭ ᠲᠤᠬᠢᠷᠠᠭᠤᠯᠤᠨ᠎ᠠ᠃ ᠰᠢᠯᠵᠢᠬᠦᠯᠦᠨ ᠦᠭᠬᠦ ᠲᠦᠷᠦᠯ ᠵᠦᠢᠯ ᠢᠶᠠᠷ | ᠬᠤᠪᠢᠶᠠᠪᠠᠯ᠂ ᠡᠩ ᠤᠨ ᠴᠢᠨᠡᠷᠳᠡᠢ ᠰᠢᠯᠵᠢᠬᠦᠯᠦᠨ ᠦᠭᠭᠦᠭᠰᠡᠨ ᠲᠦᠰᠦᠪ ᠲᠤ 1391684 ᠲᠦᠮᠡᠨ ᠲᠦᠭᠦᠷᠢᠭ | ᠲᠤᠬᠢᠷᠠᠭᠤᠯᠵᠤ᠂ ᠲᠤᠰᠬᠠᠢ ᠲᠦᠷᠦᠯ ᠤᠨ ᠰᠢᠯᠵᠢᠬᠦᠯᠦᠨ ᠦᠭᠬᠦ 366586 ᠲᠦᠮᠡᠨ ᠲᠦᠭᠦᠷᠢᠭ ᠲᠤᠬᠢᠷᠠᠭᠤᠯᠤᠨ᠎ᠠ | ᠃ ᠵᠠᠰᠠᠭ ᠤᠨ ᠤᠷᠳᠤᠨ ᠤ ᠴᠢᠨᠡᠷᠳᠡᠢ ᠰᠠᠭᠤᠷᠢ ᠮᠦᠩᠬᠦ ᠶᠢ ᠬᠤᠰᠢᠭᠤ ᠰᠢᠶᠠᠨ ᠲᠤᠭᠤᠷᠢᠭ ᠤᠨ ᠰᠢᠯᠵᠢᠬᠦᠯᠦᠨ ᠦᠭᠬᠦ | 14849 ᠲᠦᠮᠡᠨ ᠲᠦᠭᠦᠷᠢᠭ ᠲᠤᠭᠢᠷᠠᠭᠤᠯᠵᠤ᠂ ᠡᠬᠦᠨ ᠳᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ | ᠵᠠᠰᠠᠭ ᠠᠴᠠ 14549 ᠲᠦᠮᠡᠨ ᠲᠦᠭᠦᠷᠢᠭ ᠲᠤᠬᠢᠷᠠᠭᠤᠯᠵᠤ᠂ ᠬᠤᠳᠠ ᠶᠢᠨ ᠲᠤᠰ ᠱᠠᠳᠤᠨ ᠤ ᠡᠳ᠋ ᠤᠨ | ᠵᠠᠰᠠᠭ ᠠᠴᠠ 300 ᠲᠦᠮᠡᠨ ᠲᠦᠭᠦᠷᠢᠭ ᠲᠤᠬᠢᠷᠠᠭᠤᠯᠤᠨ᠎ᠠ᠃ | ︵ᠵᠢᠷᠭᠤᠭ᠎ᠠ︶ 2020 — 2021 ᠤᠨ ᠤ ᠲᠤᠮᠳᠠ ᠬᠤᠭᠤᠴᠠᠭᠠᠨ ᠤ ᠡᠳ᠋ ᠤᠨ ᠵᠠᠰᠠᠭ ᠤᠨ | ᠲᠦᠯᠦᠪᠵᠢᠬᠦᠯᠬᠡ ᠶᠢᠨ ᠤᠷᠤᠯᠭ᠎ᠠ ᠵᠠᠷᠤᠯᠭ᠎ᠠ ᠶᠢᠨ ᠲᠤᠬᠢᠷᠠᠭᠤᠯᠤᠯᠳᠠ | 2020 ᠤᠨ ᠳᠤ ᠬᠤᠳᠠ ᠶᠢᠨ ᠲᠤᠰ ᠱᠠᠳᠤᠨ ᠤ ᠡᠩ ᠤᠨ ᠤᠯᠠᠨ ᠨᠡᠶᠢᠳᠡ ᠶᠢᠨ ᠲᠦᠰᠦᠪ ᠤᠨ ᠰᠠᠯᠠᠭ᠎ᠠ | ᠮᠦᠴᠢᠷ ᠤᠨ ᠲᠦᠰᠦᠪ ᠤᠨ ᠤᠷᠤᠯᠭ᠎ᠠ ᠵᠠᠷᠤᠯᠭ᠎ᠠ ᠳᠤ 813291 ᠲᠦᠮᠡᠨ ᠲᠦᠭᠦᠷᠢᠭ ᠲᠤᠭᠢᠷᠠᠭᠤᠯᠵᠤ᠂ | ᠡᠬᠦᠨ ᠳᠤ ᠦᠨᠳᠦᠰᠦᠨ ᠵᠠᠷᠤᠯᠭ᠎ᠠ 191402 ᠲᠦᠮᠡᠨ ᠲᠦᠭᠦᠷᠢᠭ᠂ ᠲᠦᠷᠦᠯ ᠵᠦᠢᠯ ᠤᠨ ᠵᠠᠷᠤᠯᠭ᠎ᠠ 621889 | ᠲᠦᠮᠡᠨ ᠲᠦᠭᠦᠷᠢᠭ ᠪᠤᠯᠤᠨ᠎ᠠ᠃ 2021 ᠤᠨ ᠳᠤ ᠬᠤᠳᠠ ᠶᠢᠨ ᠲᠤᠰ ᠱᠠᠳᠤᠨ ᠤ ᠡᠩ ᠤᠨ ᠤᠯᠠᠨ ᠨᠡᠶᠢᠳᠡ ᠶᠢᠨ | ᠲᠦᠰᠦᠪ ᠤᠨ ᠰᠠᠯᠠᠭ᠎ᠠ ᠮᠦᠴᠢᠷ ᠤᠨ ᠲᠦᠰᠦᠪ ᠤᠨ ᠤᠷᠤᠯᠭ᠎ᠠ ᠵᠠᠷᠤᠯᠭ᠎ᠠ ᠳᠤ 993892 ᠲᠦᠮᠡᠨ ᠲᠦᠭᠦᠷᠢᠭ | ᠲᠤᠭᠢᠷᠠᠭᠤᠯᠵᠤ᠂ ᠡᠬᠦᠨ ᠳᠤ ᠦᠨᠳᠦᠰᠦᠨ ᠵᠠᠷᠤᠯᠭ᠎ᠠ 198703 ᠲᠦᠮᠡᠨ ᠲᠦᠭᠦᠷᠢᠭ᠂ ᠲᠦᠷᠦᠯ ᠵᠦᠢᠯ ᠤᠨ | ᠵᠠᠷᠤᠯᠭ᠎ᠠ 795189 ᠲᠦᠮᠡᠨ ᠲᠦᠭᠦᠷᠢᠭ ᠪᠤᠯᠤᠨ᠎ᠠ᠃ | ᠲᠦᠷᠪᠡ᠂ 2019 ᠤᠨ ᠤ ᠭᠤᠣᠯ ᠠᠵᠢᠯ ᠬᠢᠬᠡᠳ ᠭᠤᠤᠯᠳᠠᠯᠭ᠎ᠠ ᠲᠠᠢ ᠪᠠᠳᠤᠯᠠᠭ᠎ᠠ ᠶᠢᠨ ᠬᠦᠷᠢᠶ᠎ᠠ | ᠬᠡᠪᠴᠢᠶᠡᠨ ᠳᠠᠬᠢ ᠪᠡᠯᠡ ᠮᠦᠩᠭᠦ ᠶᠢ ᠲᠤᠭᠢᠷᠠᠭᠤᠯᠤᠭᠰᠠᠨ ᠪᠠᠶᠢᠳᠠᠯ | ︽ᠴᠠᠯᠢᠩ ᠢ ᠪᠠᠳᠤᠯᠠᠵᠤ᠂ ᠡᠷᠬᠢᠯᠳᠡ ᠶᠢ ᠪᠠᠳᠤᠯᠠᠨ᠂ ᠠᠷᠠᠳ ᠤᠨ ᠦᠨᠳᠦᠰᠦᠨ ᠠᠮᠢᠳᠤᠷᠠᠯ ᠢ ᠪᠠᠳᠤᠯᠠᠬᠤ︾ | ᠰᠠᠭᠤᠷᠢᠨ ᠲᠡᠭᠡᠷ᠎ᠠ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ | ᠬᠦᠴᠦ ᠪᠠᠨ ᠲᠦᠪᠯᠡᠷᠡᠭᠦᠯᠦᠨ ᠦᠷ᠎ᠠ ᠠᠰᠢᠭ ᠢ ᠨᠡᠮᠡᠭᠳᠡᠬᠦᠯᠵᠤ᠂ ᠭᠤᠷᠪᠠᠨ ᠶᠡᠭᠡ ᠪᠣᠭᠤᠮᠲᠠ ᠰᠢᠪᠳᠣᠯᠣᠯᠳᠠ ᠶᠢᠨ | ᠲᠡᠶᠢᠯᠠᠯᠳᠤᠭᠠᠨ ᠢ ᠰᠠᠶᠢᠳᠤᠷ ᠬᠢᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠬᠢᠬᠡᠳ ᠭᠤᠤᠯᠳᠠᠯᠭᠠᠳᠤ ᠪᠦᠳᠦᠭᠡᠨ | ᠪᠠᠶᠢᠭᠤᠯᠤᠯᠳᠠ ᠶᠢᠨ ᠲᠦᠷᠦᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠪᠠᠳᠤᠯᠠᠨ᠎ᠠ᠃ | ︵ᠨᠢᠬᠡ︶ ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠡᠷᠴᠢ ᠬᠦᠴᠦᠨ ᠢ ᠴᠢᠩᠭᠠᠳᠬᠠᠵᠤ᠂ ᠠᠵᠤ | ᠠᠬᠤᠢ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ | ᠨᠢᠬᠡ ᠳᠤ᠂ ᠬᠦᠷᠢᠶᠡᠯᠡᠩ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠵᠡᠬᠦᠨ | ᠬᠡᠰᠡᠭ ᠤᠨ ᠠᠵᠤ ᠦᠢᠯᠡᠳᠪᠦᠷᠢ ᠠᠵᠤ ᠠᠬᠤᠢ ᠶᠢᠨ ᠬᠤᠩᠬᠢᠯ ᠢ ᠡᠬᠦᠳᠦᠨ ᠪᠠᠶᠢᠭᠤᠯᠤᠨ᠎ᠠ᠃ ᠬᠤᠳᠠ ᠠᠴᠠ ᠭᠠᠷᠴᠤ | ᠬᠦᠷᠢᠶᠡᠯᠡᠩ ᠲᠤᠭᠤᠷᠢᠭ ᠲᠤ ᠤᠷᠤᠬᠤ︾ ᠵᠡᠷᠭᠡ ᠠᠵᠤ ᠠᠬᠤᠶᠢᠯᠠᠯ ᠢ ᠬᠦᠭᠵᠢᠬᠦᠯᠬᠦ ᠨᠦᠬᠦᠪᠦᠷᠢ ᠮᠦᠩᠬᠦ 2000 | ᠲᠦᠮᠡᠨ ᠲᠦᠭᠦᠷᠢᠭ ᠲᠤᠬᠢᠷᠠᠭᠤᠯᠵᠤ᠂ ᠲᠦᠪ ᠬᠤᠳᠠ ᠲᠤᠭᠤᠷᠢᠭ ᠤᠨ ᠠᠵᠤ ᠠᠬᠤᠶᠢᠯᠠᠯ ᠤᠨ ᠡᠷᠡᠭᠦᠯ ᠢᠶᠠᠷ | ᠬᠦᠭᠵᠢᠬᠦ ᠶᠢ ᠠᠬᠢᠭᠤᠯᠤᠨ᠎ᠠ᠃ ︽ᠤᠷᠤᠨ ᠠᠯᠤᠰᠯᠠᠭᠰᠠᠨ ᠠᠵᠤ ᠠᠬᠤᠢ︾ ᠶᠢᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠲᠦᠷᠦᠯ ᠵᠦᠢᠯ ᠢ ᠤᠯᠠᠭᠠᠨᠬᠠᠳᠠ ᠶᠢᠨ ᠲᠡᠭᠡᠳᠦ | ᠰᠢᠨ᠎ᠠ ᠲᠤᠭᠤᠷᠢᠭ ᠲᠡᠰᠢ ᠲᠦᠪᠯᠡᠷᠡᠭᠦᠯᠦᠨ ᠬᠦᠭᠵᠢᠬᠦᠯᠬᠦ ᠶᠢ ᠵᠢᠯᠤᠭᠤᠳᠤᠨ ᠲᠠᠭᠠᠭᠤᠯᠵᠤ᠂ ᠲᠡᠭᠡᠳᠦ ᠰᠢᠨ᠎ᠠ | ᠲᠤᠭᠤᠷᠢᠭ ᠤᠨ ᠶᠡᠷᠦᠩᠬᠡᠶᠢᠯᠡᠭᠰᠡᠨ ᠦᠷᠢᠰᠦᠯᠳᠦᠬᠡᠨ ᠤ ᠬᠦᠴᠦᠨ ᠢ ᠲᠡᠭᠡᠭᠰᠢᠯᠡᠬᠦᠯᠦᠨ᠎ᠠ᠃ ᠡᠮ ᠡᠮᠨᠡᠯᠭᠡ ᠶᠢᠨ ᠠᠵᠤ | ᠦᠢᠯᠡᠰ ᠢ ᠲᠡᠮᠵᠢᠨ ᠲᠡᠳᠭᠦᠭᠦ ᠪᠡᠯᠡ ᠮᠦᠩᠬᠦ 1000 ᠲᠦᠮᠡᠨ ᠲᠦᠭᠦᠷᠢᠭ ᠲᠤᠭᠢᠷᠠᠭᠤᠯᠵᠤ᠂ ᠠᠵᠤ ᠦᠢᠯᠡᠰ ᠤᠨ | ᠪᠦᠬᠦᠯᠢ ᠴᠤᠭᠴᠠ ᠶᠢᠨ ᠪᠤᠳᠠᠳᠤ ᠬᠦᠴᠦᠨ ᠬᠢᠬᠡᠳ ᠭᠤᠤᠯᠯᠠᠬᠤ ᠦᠷᠢᠰᠦᠯᠳᠦᠬᠦ ᠬᠦᠴᠦᠨ ᠢ ᠲᠡᠭᠡᠭᠰᠢᠯᠡᠬᠦᠯᠦᠨ᠂ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠰᠢᠨ᠎ᠠ ᠨᠡᠮᠡᠭᠳᠡᠯ ᠤᠨ ᠲᠦᠢᠯᠰᠢᠷᠠᠯ ᠢ ᠪᠤᠢ ᠪᠤᠯᠭᠠᠨ᠎ᠠ᠃ | | ᠬᠤᠶᠠᠷ ᠲᠤ᠂ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠤ | ᠂ ᠠᠵᠤ ᠠᠬᠤᠢ ᠶᠢᠨ ᠬᠦᠭᠵᠢᠯᠳᠡ ᠶᠢᠨ ᠪᠤᠳᠠᠰ ᠤᠨ ᠪᠤᠰᠤ ᠪᠤᠳᠠᠳᠤ ᠬᠦᠴᠦᠨ ᠢ ᠲᠡᠭᠡᠭᠰᠢᠯᠡᠬᠦᠯᠦᠨ᠎ᠠ᠃ | ᠵᠢᠭᠤᠯᠴᠢᠯᠡᠯ ᠤᠨ ᠬᠦᠭᠵᠢᠯᠳᠡ ᠶᠢᠨ ᠲᠤᠰᠬᠠᠢ ᠲᠦᠷᠦᠯ ᠤᠨ ᠪᠡᠯᠡ ᠮᠦᠩᠬᠦ 3000 ᠲᠦᠮᠡᠨ ᠲᠦᠭᠦᠷᠢᠭ | ᠲᠤᠭᠢᠷᠠᠭᠤᠯᠵᠤ᠂ ᠵᠢᠭᠤᠯᠴᠢᠯᠡᠯ ᠤᠨ ᠤᠬᠠᠭᠤᠯᠭ᠎ᠠ ᠶᠢᠨ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠤ᠂ | ᠵᠢᠭᠤᠯᠴᠢᠯᠠᠯ ᠤᠨ ᠵᠠᠬ᠎ᠠ ᠲᠡᠯᠭᠡᠭᠦᠷ ᠢ ᠨᠡᠭᠡᠭᠡᠨ ᠬᠦᠭᠵᠢᠭᠦᠯᠦᠨ᠎ᠠ᠃ ᠠᠭᠠᠷ ᠠᠶᠠᠯᠠᠯ ᠤᠨ ᠱᠤᠭᠤᠮ ᠤᠨ ᠨᠦᠬᠦᠪᠦᠷᠢ | 14000 ᠲᠦᠮᠡᠨ ᠲᠦᠭᠦᠷᠢᠭ ᠲᠤᠭᠢᠷᠠᠭᠤᠯᠵᠤ᠂ ᠠᠮᠢ ᠠᠬᠤᠢ ᠶᠢᠨ ᠵᠢᠭᠤᠯᠴᠢᠯᠠᠯ ᠤᠨ ᠨᠡᠷ᠎ᠠ ᠨᠦᠯᠦᠭᠡ ᠶᠢ | ᠲᠡᠭᠡᠭᠰᠢᠯᠡᠬᠦᠯᠵᠤ᠂ ᠬᠤᠳᠠ ᠶᠢᠨ ᠨᠦᠯᠦᠭᠡᠯᠡᠬᠦ ᠬᠦᠴᠦᠨ ᠢ ᠦᠷᠭᠡᠳᠭᠡᠨ᠎ᠠ᠃ ᠵᠠᠰᠠᠭ ᠤᠨ ᠤᠷᠳᠤᠨ ᠤ ᠬᠤᠳᠠᠯᠳᠤᠨ | ᠠᠪᠤᠭᠰᠠᠨ ︽ᠬᠤᠤᠰ ᠢ ᠡᠬᠦᠳᠭᠦ︾ ᠦᠢᠯᠡᠴᠢᠯᠡᠬᠡᠨ ᠤ ᠪᠦᠳᠦᠭᠳᠡᠭᠦᠨ ᠬᠢᠬᠡᠳ ᠮᠦᠩᠬᠦᠨ ᠬᠦᠢᠯᠬᠡᠬᠡᠨ ᠤ | ᠦᠢᠯᠡᠴᠢᠯᠡᠭᠡᠨ ᠤ ᠪᠦᠳᠦᠭᠳᠡᠭᠦᠨ ᠤ ᠲᠤᠰᠬᠠᠢ ᠲᠦᠷᠦᠯ ᠤᠨ ᠪᠡᠯᠡ ᠮᠦᠩᠬᠦ 1399 ᠲᠦᠮᠡᠨ ᠲᠦᠭᠦᠷᠢᠭ | ᠲᠤᠭᠢᠷᠠᠭᠤᠯᠵᠤ᠂ ᠰᠢᠨ᠎ᠠ ᠪᠠᠷ ᠮᠠᠨᠳᠤᠭᠰᠠᠨ ᠠᠵᠤ ᠦᠢᠯᠡᠰ ᠬᠢᠬᠡᠳ ᠰᠢᠨ᠎ᠠ ᠮᠡᠷᠭᠡᠵᠢᠯ ᠰᠢᠨ᠎ᠠ ᠪᠦᠳᠦᠭᠳᠡᠭᠦᠨ ᠰᠢᠨ᠎ᠠ | ᠬᠡᠪ ᠪᠠᠶᠢᠳᠠᠯ ᠤᠨ ᠬᠡᠯᠪᠡᠷᠢ ᠮᠠᠶ᠋ᠢᠭ ᠢ ᠲᠦᠷᠭᠡᠳᠭᠡᠨ ᠬᠦᠭᠵᠢᠭᠦᠯᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠠ | ᠦᠰᠦᠯᠳᠡ ᠶᠢᠨ ᠴᠢᠭ ᠢ ᠵᠢᠯᠤᠭᠤᠳᠤᠨ ᠲᠠᠭᠠᠭᠤᠯᠤᠨ᠎ᠠ᠃ | ᠭᠤᠷᠪᠠ ᠳᠤ᠂ ᠭᠠᠶᠢᠯᠢ ᠬᠠᠰᠤᠵᠤ ᠰᠦᠢᠳᠭᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ ᠦᠷ᠎ᠠ ᠠᠰᠢᠭ | ᠨᠡᠮᠡᠭᠳᠡᠬᠦᠯᠬᠦ ᠶᠢ ᠲᠡᠮᠵᠢᠨ᠎ᠠ᠃ ᠰᠢᠨ᠎ᠠ ᠪᠠᠷ ᠨᠡᠶᠢᠳᠡᠯᠡᠭᠰᠡᠨ ᠬᠤᠪᠢ ᠶᠢᠨ ᠤᠷᠤᠯᠭ᠎ᠠ ᠶᠢᠨ ᠲᠠᠳᠠᠪᠤᠷᠢ ᠶᠢᠨ ᠬᠠᠤᠯᠢ ᠶᠢ | 2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠵᠤ᠂ ᠰᠠᠷ᠎ᠠ ᠪᠦᠷᠢ ᠶᠢᠨ ᠡᠬᠢᠯᠠᠵᠤ | ᠬᠤᠷᠢᠶᠠᠬᠤ ᠴᠢᠭ ᠢ 5000 ᠲᠦᠬᠦᠷᠢᠭ ᠪᠤᠯᠭᠠᠨ ᠲᠡᠭᠡᠭᠰᠢᠯᠡᠬᠦᠯᠦᠭᠰᠡᠨ ᠪᠦᠬᠡᠳ ᠬᠤᠪᠢ ᠶᠢᠨ ᠤᠷᠤᠯᠭ᠎ᠠ ᠶᠢᠨ | ᠲᠠᠳᠠᠪᠤᠷᠢ ᠶᠢᠨ ᠲᠤᠰᠬᠠᠢ ᠲᠦᠷᠦᠯ ᠤᠨ ᠨᠡᠮᠡᠯᠳᠡ ᠬᠠᠰᠣᠯᠳᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ | ᠂ ᠦᠷᠭᠡᠨ ᠤᠯᠠᠨ ᠰᠠᠭᠤᠭᠠᠯᠢ ᠠᠷᠠᠳ ᠤᠨ ᠭᠡᠷᠡᠭᠯᠡᠭᠡ ᠶᠢ ᠦᠷᠭᠡᠳᠭᠡᠨ᠂ ᠬᠦᠳᠡᠯᠭᠡᠭᠴᠢ ᠬᠦᠴᠦᠨ ᠤ ᠡᠨᠧᠷᠭᠢ ᠶᠢᠨ | ᠨᠡᠮᠡᠭᠳᠡᠯ ᠢ ᠲᠦᠯᠬᠢᠨ ᠠᠬᠢᠭᠤᠯᠤᠨ᠎ᠠ᠃ 2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠮᠤᠵᠢ ᠠᠴᠠ | ᠲᠤᠭᠳᠠᠭᠠᠭᠰᠠᠨ ᠠᠵᠤ ᠠᠬᠤᠶᠢᠯᠠᠯ ᠳᠤ ᠬᠤᠯᠪᠤᠭᠳᠠᠬᠤ ᠪᠠᠷᠢᠯᠭ᠎ᠠ ᠶᠢᠨ ᠴᠢᠳᠠᠪᠬᠢ ᠶᠢᠨ ᠬᠢᠨᠠᠨ ᠦᠨᠡᠯᠡᠯᠳᠡ᠂ ᠡᠨᠧᠷᠭᠢ | ᠠᠷᠪᠢᠯᠠᠬᠤ ᠮᠠᠲ᠋ᠧᠷᠢᠶᠡᠯ ᠢ ᠬᠢᠨᠠᠨ ᠪᠠᠶᠢᠴᠠᠭᠠᠵᠤ ᠬᠢᠨᠠᠨ ᠰᠢᠯᠭᠠᠬᠤ ᠰᠦᠢᠳᠭᠡᠯ ᠢ ᠦᠬᠡᠶᠢᠰᠬᠡᠵᠤ᠂ ᠮᠤᠵᠢ ᠠᠴᠠ | ᠲᠤᠭᠳᠠᠭᠠᠭᠰᠠᠨ ᠠᠵᠤ ᠠᠬᠤᠶᠢᠯᠠᠯ ᠳᠤ ᠬᠤᠯᠪᠤᠭᠳᠠᠬᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠡᠷᠳᠡᠢ | ᠰᠦᠢᠳᠭᠡᠯ ᠢ ᠬᠤᠷᠢᠶᠠᠬᠤ ᠦᠭᠡᠢ ᠪᠤᠯᠭᠠᠨ᠎ᠠ᠃ ᠤᠯᠤᠰ ᠬᠢᠬᠡᠳ ᠦᠪᠡᠷᠳᠡᠭᠡᠨ ᠵᠠᠰᠠᠬᠤ ᠤᠷᠤᠨ ᠤ ᠰᠢᠨ᠎ᠠ ᠨᠢᠬᠡ | ᠡᠬᠡᠯᠵᠢᠨ ᠤ ᠭᠠᠶᠢᠯᠢ ᠬᠠᠰᠤᠵᠤ ᠰᠦᠢᠳᠭᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠤᠤᠯ ᠤᠨ ᠦᠷᠳᠡᠭ ᠢ ᠲᠤᠷᠤᠭᠰᠢᠯᠠᠭᠤᠯᠤᠨ᠎ᠠ᠃ | ︵ᠬᠤᠶᠠᠷ︶ ᠪᠡᠯᠡ ᠮᠦᠩᠭᠦ ᠶᠢᠨ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠵᠤ ᠭᠤᠷᠪᠠᠨ ᠶᠡᠭᠡ | ᠪᠣᠭᠤᠮᠲᠠ ᠰᠢᠪᠳᠦᠯᠦᠯᠳᠡ ᠶᠢᠨ ᠲᠠᠶᠢᠯᠠᠯᠳᠤᠭᠠᠨ ᠢ ᠰᠠᠶᠢᠳᠤᠷ ᠦᠷᠨᠢᠬᠦᠯᠦᠨ᠎ᠠ᠃ | ᠨᠢᠬᠡ ᠳᠤ᠂ ᠬᠦᠨᠳᠤ ᠶᠡᠭᠡ ᠲᠦᠭᠰᠢᠬᠦᠷᠢ ᠶᠢ ᠰᠡᠷᠭᠡᠶᠢᠯᠡᠨ ᠨᠠᠮᠳᠠᠭᠠᠬᠤ ᠪᠣᠭᠤᠮᠲᠠ ᠰᠢᠪᠳᠤᠯᠤᠯᠳᠠ ᠶᠢᠨ | ᠲᠠᠶᠢᠯᠠᠯᠳᠤᠭᠠᠨ ᠢ ᠰᠠᠶᠢᠳᠤᠷ ᠬᠢᠨ᠎ᠠ᠃ ︽ᠤᠯᠠᠭᠠᠨᠬᠠᠳᠠ ᠬᠤᠳᠠ ᠶᠢᠨ ᠤᠷᠤᠨ ᠨᠤᠳᠤᠭ ᠤᠨ ᠵᠠᠰᠠᠭ ᠤᠨ ᠤᠷᠳᠤᠨ ᠤ | ᠲᠠᠯᠳᠠ ᠴᠢᠨᠡᠷᠳᠡᠢ ᠦᠷᠢ ᠦᠭᠴᠡᠭᠡ ᠶᠢ ᠨᠠᠮᠳᠠᠭᠠᠬᠤ ᠲᠦᠯᠦᠪᠯᠡᠭᠡ︾ ᠳᠠᠬᠢ ᠦᠷᠢ ᠨᠠᠮᠳᠠᠭᠠᠬᠤ ᠲᠦᠯᠦᠪᠵᠢᠬᠦᠯᠬᠡ | ᠶᠤᠰᠤᠭᠠᠷ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ᠂ ᠵᠠᠰᠠᠭ ᠤᠨ ᠤᠷᠳᠤᠨ ᠤ ᠴᠢᠨᠠᠷᠳᠡᠢ ᠰᠠᠭᠤᠷᠢ | ᠮᠦᠩᠭᠦ ᠶᠢᠨ ᠲᠦᠰᠦᠪ ᠤᠨ ᠤᠷᠤᠯᠭ᠎ᠠ᠂ ᠰᠤᠷᠭᠠᠨ ᠬᠦᠮᠦᠵᠢᠯ ᠤᠨ ᠰᠦᠢᠳᠭᠡᠯ ᠬᠤᠷᠢᠶᠠᠬᠤ ᠲᠤᠰᠬᠠᠢ ᠲᠠᠩᠰᠠ ᠶᠢᠨ | ᠤᠷᠤᠯᠭ᠎ᠠ ᠶᠢ ᠨᠢᠬᠡᠳᠦᠯᠳᠡᠢ ᠲᠦᠯᠦᠪᠵᠢᠬᠦᠯᠦᠨ᠂ ᠬᠤᠳᠠ ᠶᠢᠨ ᠱᠠᠳᠤᠨ ᠤ ᠦᠷᠢ ᠨᠠᠮᠳᠠᠭᠠᠬᠤ ᠪᠡᠯᠡ ᠮᠦᠩᠬᠦ | 565225 ᠲᠦᠮᠡᠨ ᠲᠦᠬᠦᠷᠢᠭ ᠲᠤᠭᠢᠷᠠᠭᠤᠯᠵᠤ᠂ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠰᠢᠭᠤᠳ | ᠬᠠᠮᠢᠶ᠎ᠠ ᠪᠦᠬᠦᠢ ᠲᠦᠷᠦᠯ ᠵᠦᠢᠯ ᠤᠨ ᠦᠷᠢᠳᠡᠵᠤ ᠪᠠᠶᠢᠭ᠎ᠠ ᠪᠠᠷᠢᠯᠭ᠎ᠠ ᠶᠢᠨ ᠮᠦᠩᠭᠦ ᠵᠢᠴᠢ ᠪᠤᠰᠤᠳ ᠡᠯ᠎ᠠ | ᠲᠦᠷᠦᠯ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠨᠠᠮᠳᠠᠭᠠᠬᠤ ᠬᠠᠷᠠᠯᠳᠠ ᠶᠢ ᠦᠨᠡᠨᠬᠦ ᠪᠡᠶᠡᠯᠡᠬᠦᠯᠦᠨ᠎ᠠ᠃ | ᠨᠡᠶᠢᠳᠡᠮ ᠬᠠᠷᠭᠠᠯᠵᠠᠬᠤ ᠮᠦᠩᠭᠦᠨ ᠬᠦᠢᠯᠬᠡᠬᠡᠨ ᠤ ᠬᠦᠭᠵᠢᠯᠳᠡ ᠶᠢᠨ ᠲᠤᠰᠬᠠᠢ ᠲᠦᠷᠦᠯ ᠵᠢᠴᠢ ᠮᠦᠩᠬᠦᠨ | ᠬᠦᠢᠯᠬᠡᠬᠡᠨ ᠤ ᠬᠢᠨᠠᠨ ᠬᠠᠮᠢᠶᠠᠷᠤᠯᠳᠠ ᠶᠢᠨ ᠵᠠᠷᠤᠳᠠᠯ 750 ᠲᠦᠮᠡᠨ ᠲᠦᠭᠦᠷᠢᠭ ᠲᠤᠬᠢᠷᠠᠭᠤᠯᠵᠤ᠂ ᠰᠡᠷᠡᠮᠵᠢ ᠶᠢᠨ | ᠬᠢᠨᠠᠨ ᠬᠡᠮᠵᠢᠯᠳᠡ ᠶᠢ ᠴᠢᠩᠭᠠᠳᠬᠠᠵᠤ᠂ ᠰᠢᠰᠲ᠋ᠧᠮ ᠤᠨ ᠴᠢᠨᠡᠷᠳᠡᠢ ᠮᠦᠩᠬᠦᠨ ᠬᠦᠢᠯᠬᠡᠬᠡᠨ ᠤ ᠲᠦᠭᠰᠢᠬᠦᠷᠢ ᠡᠬᠦᠰᠬᠦ | ᠦᠭᠡᠢ ᠪᠠᠶᠢᠬᠤ ᠦᠨᠳᠦᠰᠦᠨ ᠱᠠᠭᠠᠷᠳᠠᠯᠭ᠎ᠠ ᠶᠢ ᠰᠡᠬᠢᠨ ᠪᠠᠳᠤᠯᠠᠨ᠎ᠠ᠃ | ᠬᠤᠶᠠᠷ ᠲᠤ᠂ ᠨᠠᠷᠢᠯᠢᠭ ᠣᠨᠣᠴᠠᠲᠠᠢ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠦᠯᠦᠯᠳᠡ ᠶᠢᠨ | ᠲᠠᠶᠢᠯᠠᠯᠳᠤᠭᠠᠨ ᠢ ᠰᠠᠶᠢᠳᠤᠷ ᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠬᠢᠬᠦ ᠲᠤᠰᠬᠠᠢ | ᠲᠦᠷᠦᠯ ᠤᠨ ᠪᠡᠯᠡ ᠮᠦᠩᠬᠦ 27124 ᠲᠦᠮᠡᠨ ᠲᠦᠭᠦᠷᠢᠭ ᠲᠤᠭᠢᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ | ᠲᠡᠳᠭᠦᠭᠦ ᠶᠢ ᠲᠤᠪᠤᠶᠢᠮ᠎ᠠ ᠠᠳᠬᠤᠵᠤ᠂ ᠨᠢᠬᠡ ᠵᠢᠯ ᠤᠷᠢᠳᠴᠢᠯᠠᠨ ᠶᠠᠳᠠᠭᠤ ᠠᠴᠠ ᠠᠩᠬᠢᠵᠢᠷᠠᠬᠤ ᠬᠠᠷᠠᠯᠳᠠ ᠶᠢ | ᠪᠡᠶᠡᠯᠡᠬᠦᠯᠬᠦ ᠶᠢ ᠦᠨᠡᠨᠬᠦ ᠪᠠᠳᠤᠯᠠᠨ᠎ᠠ᠃ ᠶᠠᠳᠠᠭᠤ ᠶᠢ ᠲᠡᠳᠭᠦᠬᠦ ᠪᠡᠯᠡ ᠮᠦᠩᠬᠦᠨ ᠤ ᠬᠦᠳᠡᠯᠦᠩᠬᠦᠢ ᠬᠠᠮᠢᠶᠠᠷᠤᠯᠳᠠ ᠶᠢ | ᠴᠢᠩᠭᠠᠳᠬᠠᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ ᠮᠦᠩᠬᠦᠨ ᠤ ᠦᠷ᠎ᠠ ᠠᠰᠢᠭᠳᠤ | ᠬᠠᠮᠢᠶᠠᠷᠤᠯᠳᠠ ᠶᠢᠨ ᠠᠷᠭ᠎ᠠ ᠶᠢ ᠴᠢᠩᠭ᠎ᠠ ᠭᠡᠷᠡᠭᠵᠢᠬᠦᠯᠵᠤ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠦᠷᠦᠯ | ᠵᠦᠢᠯ ᠤᠨ ᠪᠡᠯᠡ ᠮᠦᠩᠬᠦᠨ ᠤ ᠭᠡᠷᠡᠭᠯᠡᠭᠡᠨ ᠤ ᠦᠷ᠎ᠠ ᠠᠰᠢᠭ ᠢ ᠲᠡᠭᠡᠭᠰᠢᠯᠡᠬᠦᠯᠦᠨ᠎ᠠ᠃ | ᠭᠤᠷᠪᠠ ᠳᠤ᠂ ᠪᠤᠬᠢᠷᠳᠤᠯ ᠢ ᠰᠡᠷᠬᠡᠶᠢᠯᠡᠨ ᠵᠠᠰᠠᠬᠤ ᠪᠣᠭᠤᠮᠲᠠ ᠰᠢᠪᠳᠤᠯᠤᠯᠳᠠ ᠶᠢᠨ ᠲᠠᠶᠢᠯᠠᠯᠳᠤᠭᠠᠨ ᠢ | ᠰᠠᠶᠢᠳᠤᠷ ᠬᠢᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠬᠢᠬᠡᠳ ᠪᠤᠬᠢᠷᠳᠤᠯ ᠢ ᠰᠡᠷᠭᠡᠶᠢᠯᠡᠨ ᠵᠠᠰᠠᠬᠤ ᠲᠤᠰᠬᠠᠢ | ᠲᠦᠷᠦᠯ ᠤᠨ ᠪᠡᠯᠡ ᠮᠦᠩᠬᠦ 3000 ᠲᠦᠮᠡᠨ ᠲᠦᠭᠦᠷᠢᠭ ᠲᠤᠭᠢᠷᠠᠭᠤᠯᠵᠤ ᠤᠰᠤᠨ ᠤ ᠡᠬᠢ ᠰᠤᠷᠪᠤᠯᠵᠢ ᠶᠢᠨ ᠭᠠᠵᠠᠷ | ᠤᠷᠤᠨ ᠤ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠬᠢᠬᠡᠳ ᠤᠰᠤᠨ ᠤ ᠡᠬᠢ ᠰᠤᠷᠪᠤᠯᠵᠢ ᠶᠢᠨ ᠭᠠᠵᠠᠷ ᠤᠨ | ᠬᠠᠮᠠᠭᠠᠯᠠᠯᠳᠠ ᠶᠢᠨ ᠤᠷᠤᠨ᠂ ᠭᠤᠤᠯ ᠨᠠᠭᠤᠷ ᠤᠨ ᠲᠠᠷᠤᠭ᠎ᠠ ᠶᠢᠨ ᠲᠦᠷᠢᠮ ᠤᠨ ᠲᠦᠯᠦᠪᠵᠢᠬᠦᠯᠬᠡ ᠲᠤᠭᠳᠠᠭᠠᠬᠤ | ᠵᠡᠷᠭᠡ ᠪᠡᠯᠡ ᠮᠦᠩᠭᠦ 4200 ᠲᠦᠮᠡᠨ ᠲᠦᠭᠦᠷᠢᠭ ᠲᠤᠭᠢᠷᠠᠭᠤᠯᠵᠤ᠂ ᠬᠦᠬᠡ ᠲᠡᠭᠷᠢ ᠬᠦᠬᠡᠮᠳᠦᠭ ᠤᠰᠤ ᠲᠠᠢ᠂ | ᠬᠦᠷᠦᠰᠦ ᠰᠢᠷᠤᠢ ᠶᠢᠨ ᠤᠷᠴᠢᠨ ᠲᠤᠭᠤᠷᠢᠨ ᠦᠨᠳᠦᠰᠦᠨ ᠳᠡᠭᠡᠨ ᠠᠮᠦᠷ ᠲᠦᠪᠰᠢᠨ᠂ ᠠᠮᠢ ᠠᠬᠤᠢ ᠶᠢᠨ ᠤᠷᠴᠢᠨ | ᠲᠤᠭᠤᠷᠢᠨ ᠦᠷᠬᠦᠯᠵᠢᠯᠡᠨ ᠰᠠᠶᠢᠨ ᠪᠠᠶᠢᠬᠤ ᠬᠠᠷᠠᠯᠳᠠ ᠶᠢ ᠪᠡᠶᠡᠯᠡᠭᠦᠯᠬᠦ ᠶᠢ ᠲᠦᠷᠭᠡᠳᠭᠡᠨ᠎ᠠ᠃ ᠲᠤᠮᠳᠠ ᠤᠰᠤ ︵ | ᠲᠠᠬᠢᠯᠲᠠ ᠤᠰᠤ︶ ᠶᠢ ᠡᠭᠡᠭᠦᠯᠦᠨ ᠠᠰᠢᠭᠯᠠᠬᠤ ᠠᠵᠤ ᠠᠬᠤᠶᠢᠯᠠᠯ ᠤᠨ ᠦᠨ᠎ᠠ ᠬᠠᠩᠰᠢ ᠶᠢᠨ ᠨᠦᠬᠦᠪᠦᠷᠢ ᠮᠦᠩᠬᠦ | 1500 ᠲᠦᠮᠡᠨ ᠲᠦᠭᠦᠷᠢᠭ ᠲᠤᠭᠢᠷᠠᠭᠤᠯᠵᠤ᠂ ᠭᠠᠵᠠᠷ ᠲᠤᠤᠷᠠᠬᠢ ᠤᠰᠤ ᠶᠢ ᠨᠡᠭᠡᠭᠡᠨ ᠠᠰᠢᠭᠯᠠᠬᠤ ᠶᠢ ᠪᠠᠭᠠᠰᠬᠠᠨ᠂ | ᠤᠰᠤ ᠠᠷᠪᠢᠯᠠᠬᠤ ᠬᠢᠬᠡᠳ ᠪᠤᠬᠢᠷᠳᠤᠯ ᠢ ᠵᠠᠰᠠᠬᠤ ᠬᠤᠤᠰ ᠢᠯᠡᠯᠳᠡ ᠶᠢ ᠪᠡᠶᠡᠯᠡᠬᠦᠯᠦᠨ᠎ᠠ᠃ | ︵ᠭᠤᠷᠪᠠ︶ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ | ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢ ᠴᠢᠩᠭᠠᠳᠬᠠᠨ᠎ᠠ᠃ | ᠨᠢᠬᠡ ᠳᠤ᠂ ᠰᠤᠷᠭᠠᠨ ᠬᠦᠮᠦᠵᠢᠯ ᠢ ᠤᠷᠢᠳᠠᠪᠠᠷ ᠬᠦᠭᠵᠢᠬᠦᠯᠬᠦ ᠶᠢ ᠲᠡᠮᠵᠢᠨ᠎ᠠ᠃ ᠬᠡᠤᠬᠡᠳ ᠤᠨ | ᠴᠡᠴᠡᠷᠯᠢᠭ ᠤᠨ ᠤᠷᠤᠨ ᠲᠤᠭ᠎ᠠ ᠲᠠᠢ ᠠᠵᠢᠯᠳᠠᠨ ᠤ ᠴᠠᠯᠢᠩ ᠢ 1360 ᠲᠦᠮᠡᠨ ᠲᠦᠭᠦᠷᠢᠭ ᠲᠤᠭᠢᠷᠠᠭᠤᠯᠵᠤ᠂ | ᠤᠯᠤᠰ ᠤᠨ ᠰᠤᠷᠬᠤ ᠨᠠᠰᠤᠨ ᠠᠴᠠ ᠡᠮᠦᠨᠡᠭᠢ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢ ᠬᠦᠨᠵᠡᠭᠡᠶᠢᠷᠡᠭᠦᠯᠬᠦ ᠶᠢ | ᠪᠡᠶᠡᠯᠡᠬᠦᠯᠦᠨ᠎ᠠ᠃ ᠬᠤᠶᠠᠳᠤᠭᠠᠷ ᠲᠤᠮᠳᠠᠳᠤ ᠰᠤᠷᠭᠠᠭᠤᠯᠢ ᠶᠢᠨ ᠤᠯᠠᠨ ᠤᠯᠤᠰ ᠤᠨ ᠲᠤᠷᠰᠢᠯᠳᠠ ᠶᠢᠨ | ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠳᠡᠰ᠂ ᠰᠢᠨ᠎ᠠ ᠬᠤᠳᠠ ᠶᠢᠨ ᠮᠤᠩᠭᠤᠯ ᠦᠨᠳᠦᠰᠦᠳᠡᠨ ᠤ | ᠲᠤᠷᠰᠢᠯᠳᠡ ᠶᠢᠨ ᠪᠠᠭ᠎ᠠ ᠰᠤᠷᠭᠠᠭᠤᠯᠢ ᠬᠢᠭᠡᠳ ᠤᠯᠠᠭᠠᠨᠬᠠᠳᠠ ᠲᠡᠭᠡᠳᠤ ᠰᠤᠷᠭᠠᠭᠤᠯᠢ ᠶᠢᠨ ᠬᠠᠷᠢᠶᠠᠳᠤ ᠲᠤᠮᠳᠠᠳᠤ | ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠬᠤᠳᠠᠯᠳᠤᠨ ᠠᠪᠬᠤ ᠪᠡᠯᠡ ᠮᠦᠩᠬᠦ 2500 | ᠲᠦᠮᠡᠨ ᠲᠦᠭᠦᠷᠢᠭ ᠲᠤᠭᠢᠷᠠᠭᠤᠯᠵᠤ᠂ ᠰᠠᠭᠤᠷᠢ ᠰᠤᠷᠭᠠᠨ ᠬᠦᠮᠦᠵᠢᠯ ᠤᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ | ᠤᠯᠠᠭᠠᠨᠬᠠᠳᠠ ᠲᠡᠭᠡᠳᠤ ᠰᠤᠷᠭᠠᠭᠤᠯᠢ ᠶᠢᠨ ᠮᠠᠰᠲ᠋ᠧᠷ ᠴᠤᠯᠠ ᠤᠯᠭᠤᠬᠤ ᠨᠢᠬᠡᠴᠡ ᠶᠢᠨ ᠰᠢᠨᠵᠢᠯᠡᠭᠡ ᠰᠣᠳᠤᠯᠤᠯ ᠤᠨ | ᠲᠤᠰᠬᠠᠢ ᠲᠦᠷᠦᠯ ᠵᠦᠢᠯ ᠬᠢᠬᠡᠳ ᠴᠢᠳᠠᠪᠤᠷᠢᠳᠠᠨ ᠤ ᠵᠠᠷᠤᠳᠠᠯ 1700 ᠲᠦᠮᠡᠨ ᠲᠦᠭᠦᠷᠢᠭ ᠲᠤᠭᠢᠷᠠᠭᠤᠯᠵᠤ᠂ | ᠰᠢᠨ᠎ᠠ ᠪᠠᠷ ᠨᠡᠮᠡᠭᠳᠡᠭᠰᠡᠨ ᠮᠠᠰᠲ᠋ᠧᠷ ᠴᠣᠯᠠ ᠤᠯᠭᠤᠬᠤ ᠨᠢᠬᠡᠴᠡ ᠶᠢᠨ ᠪᠠᠷᠢᠮᠵᠢᠶ᠎ᠠ ᠳᠤ ᠬᠦᠷᠭᠡᠬᠦ ᠶᠢ ᠪᠠᠳᠤᠯᠠᠨ᠎ᠠ᠃ | ᠬᠤᠶᠠᠷ ᠲᠤ ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠬᠦᠯᠦᠨ᠎ᠠ᠃ | ᠬᠤᠳᠠ ᠭᠦᠳᠡᠭᠡ ᠶᠢᠨ ᠲᠤᠤᠷ᠎ᠠ ᠪᠠᠳᠤᠯᠠᠭ᠎ᠠ ᠶᠢᠨ ᠲᠦᠬᠦᠷ ᠪᠡᠯᠡ ᠮᠦᠩᠬᠦ 3348 ᠲᠦᠮᠡᠨ ᠲᠦᠭᠦᠷᠢᠭ | ᠲᠤᠭᠢᠷᠠᠭᠤᠯᠵᠤ᠂ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠲᠤᠰ ᠲᠤᠰ 10.3% ᠬᠢᠬᠡᠳ 14. | 1% ᠪᠠᠷ ᠲᠡᠭᠡᠭᠰᠢᠯᠡᠬᠦᠯᠦᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠬᠡ ᠶᠢᠨ | ᠲᠠᠭᠠᠳᠬᠠᠯ ᠤᠨ ᠲᠦᠬᠦᠷ ᠪᠡᠯᠡ ᠮᠦᠩᠬᠦ 8330 ᠲᠦᠮᠡᠨ ᠲᠦᠭᠦᠷᠢᠭ ᠲᠤᠭᠢᠷᠠᠭᠤᠯᠵᠤ᠂ ᠡᠳ᠋ ᠤᠨ ᠵᠠᠰᠠᠭ ᠤᠨ | ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠪᠦᠷᠢ 490 ᠲᠦᠭᠦᠷᠢᠭ ᠪᠠᠶᠢᠭᠰᠠᠨ ᠠᠴᠠ 520 ᠲᠦᠭᠦᠷᠢᠭ | ᠪᠤᠯᠭᠠᠨ ᠲᠡᠭᠡᠭᠰᠢᠯᠡᠬᠦᠯᠦᠨ᠎ᠠ᠃ ᠤᠯᠤᠰ ᠤᠨ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠬᠡᠨ ᠤ ᠲᠦᠬᠦᠷ ᠪᠡᠯᠡ ᠮᠦᠩᠭᠦ 1720 ᠲᠦᠮᠡᠨ ᠲᠦᠬᠦᠷᠢᠭ ᠲᠤᠭᠢᠷᠠᠭᠤᠯᠵᠤ᠂ ᠡᠳ᠋ ᠤᠨ ᠵᠠᠰᠠᠭ ᠤᠨ | ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠵᠢᠯ ᠪᠦᠷᠢ 55 ᠲᠦᠭᠦᠷᠢᠭ ᠪᠠᠶᠢᠭᠰᠠᠨ ᠠᠴᠠ 60 ᠲᠦᠭᠦᠷᠢᠭ | ᠪᠤᠯᠭᠠᠨ ᠲᠡᠭᠡᠭᠰᠢᠯᠡᠬᠦᠯᠦᠨ᠎ᠠ᠃ ᠤᠯᠤᠰ ᠤᠨ ᠡᠮ ᠤᠨ ᠪᠦᠯᠦᠭᠯᠡᠯ ᠤᠨ ᠬᠤᠷᠠᠮᠳᠤᠭᠤᠯᠤᠭᠰᠠᠨ ᠪᠡᠯᠡ ᠮᠦᠩᠬᠦᠨ ᠤ ᠡᠬᠡ | ᠪᠡᠯᠡ ᠬᠦᠦ ᠮᠦᠩᠭᠦ ᠶᠢ ᠪᠤᠴᠠᠭᠠᠬᠤ 3876 ᠲᠦᠮᠡᠨ ᠲᠦᠭᠦᠷᠢᠭ ᠲᠤᠭᠢᠷᠠᠭᠤᠯᠵᠤ᠂ ᠬᠤᠳᠠ ᠶᠢᠨ ᠬᠠᠯᠳᠠᠪᠤᠷᠢᠳᠤ | ᠡᠪᠡᠳᠴᠢᠨ ᠤ ᠡᠮᠨᠡᠯᠬᠡ ᠶᠢᠨ ᠬᠤᠷᠢᠶ᠎ᠠ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠬᠢᠬᠡᠳ ᠲᠦᠪ ᠴᠢᠰᠤᠨ | ᠦᠷᠳᠡᠭᠡ ᠶᠢᠨ ᠰᠢᠨ᠎ᠠ ᠰᠠᠭᠤᠴᠠ ᠪᠠᠶᠢᠭᠤᠯᠬᠤ ᠠᠵᠢᠯ ᠢ ᠲᠦᠷᠭᠡᠳᠭᠡᠨ᠎ᠠ᠃ ᠬᠤᠳᠠ ᠶᠢᠨ ᠲᠡᠰ ᠤᠨ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠡᠮ ᠤᠨ ᠵᠦᠢᠯ ᠤᠨ ᠵᠦᠷᠢᠶᠡᠳᠤ ᠦᠨ᠎ᠠ ᠶᠢᠨ ᠨᠦᠬᠦᠪᠦᠷᠢ ᠮᠦᠩᠬᠦ 2929 | ᠲᠦᠮᠡᠨ ᠲᠦᠭᠦᠷᠢᠭ ᠲᠤᠭᠢᠷᠠᠭᠤᠯᠵᠤ᠂ ᠡᠮ ᠤᠨ ᠵᠦᠢᠯ ᠤᠨ ᠦᠨ᠎ᠠ ᠨᠡᠮᠡᠬᠦ ᠶᠢ ᠦᠬᠡᠶᠢᠰᠬᠡᠨ ᠡᠪᠡᠳᠴᠢᠳᠡᠨ ᠤ | ᠲᠠᠷᠤᠭᠠᠰᠤ ᠶᠢ ᠬᠦᠩᠭᠡᠷᠡᠭᠦᠯᠦᠨ᠎ᠠ᠃ | ᠭᠤᠷᠪᠠ ᠳᠤ ︽ᠭᠤᠷᠪᠠᠨ ᠲᠠᠷᠢᠶᠠᠯᠠᠩ᠂ ᠭᠤᠷᠪᠠᠨ ᠮᠠᠯᠵᠢᠯ︾ ᠤᠨ ᠠᠵᠢᠯ ᠢ ᠭᠤᠤᠯᠳᠠᠭ᠎ᠠ ᠲᠠᠢ ᠠᠳᠬᠤᠨ᠎ᠠ | ᠃ ᠠᠯᠠᠰᠢᠨ ᠦᠬᠡᠷ᠂ ᠠᠯᠠᠰᠢᠨ ᠬᠤᠨᠢᠨ ᠤ ᠠᠵᠤ ᠦᠢᠯᠡᠰ ᠢ ᠠᠭᠢᠭᠤᠯᠬᠤ ᠬᠢᠬᠡᠳ ᠲᠦᠬᠦᠭᠡᠷᠦᠮᠵᠢᠳᠤ | ᠲᠠᠷᠢᠶᠠᠯᠠᠩ ᠤᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ 2000 ᠲᠦᠮᠡᠨ ᠲᠦᠭᠦᠷᠢᠭ ᠲᠤᠭᠢᠷᠠᠭᠤᠯᠵᠤ᠂ | ᠲᠠᠪᠠᠭᠤᠯᠢᠭ ᠤᠨᠴᠠᠯᠢᠭᠳᠤ ᠠᠵᠤ ᠦᠢᠯᠡᠰ ᠢ ᠲᠡᠮᠵᠢᠨ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠡᠯᠳᠡ ᠶᠢᠨ | ᠬᠦᠭᠵᠢᠯᠳᠡ ᠶᠢ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠲᠡᠮᠵᠢᠯᠭᠡ 3000 ᠲᠦᠮᠡᠨ ᠲᠦᠭᠦᠷᠢᠭ ᠲᠤᠭᠢᠷᠠᠭᠤᠯᠵᠤ᠂ ᠬᠦᠳᠡᠭᠡ ᠲᠤᠰᠬᠤᠨ ᠤ | ᠦᠬᠡᠷᠡᠴᠢᠯᠡᠯᠳᠡ ᠢ ᠬᠦᠨᠵᠡᠭᠡᠶᠢᠷᠡᠭᠦᠯᠦᠨ ᠬᠦᠳᠡᠭᠡ ᠲᠤᠰᠬᠤᠨ ᠤ ᠬᠦᠭᠵᠢᠯᠳᠡ ᠶᠢᠨ ᠠᠮᠢᠳᠤᠷᠠᠯ ᠤᠨ ᠬᠦᠴᠦᠨ ᠢ | ᠬᠦᠭᠵᠢᠬᠡᠨ᠎ᠠ᠃ | ︵ᠲᠦᠷᠪᠡ︶ ᠭᠤᠤᠯᠳᠠᠯᠠᠭ᠎ᠠ ᠲᠠᠢ ᠬᠦᠷᠢᠶ᠎ᠠ ᠬᠡᠪᠴᠢᠶ᠎ᠠ ᠳᠠᠬᠢ ᠵᠠᠷᠤᠯᠭ᠎ᠠ ᠶᠢ ᠪᠠᠳᠤᠯᠠᠵᠤ ᠨᠡᠶᠢᠬᠡᠮ ᠤᠨ | ᠠᠵᠢᠯ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ | ᠨᠢᠬᠡ ᠳᠤ᠂ ᠬᠤᠳᠠ ᠬᠦᠳᠡᠭᠡ ᠶᠢᠨ ᠨᠡᠶᠢᠳᠡ ᠶᠢᠨ ᠠᠰᠠᠷᠠᠮᠵᠢ ᠶᠢᠨ ᠴᠢᠨᠡᠷᠳᠡᠢ ᠰᠠᠭᠤᠷᠢ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠭᠦᠳᠡᠭᠡ ᠶᠢ ᠨᠢᠬᠡ ᠴᠤᠭᠴᠠᠵᠢᠭᠤᠯᠬᠤ ᠶᠢ ᠠᠯᠬᠤᠮ ᠠᠯᠬᠤᠮ ᠢᠶᠠᠷ | ᠪᠡᠶᠡᠯᠡᠬᠦᠯᠦᠨ᠎ᠠ᠃ ᠵᠠᠰᠠᠭ ᠤᠨ ᠤᠷᠳᠤᠨ ᠤ ᠬᠤᠷᠠᠮᠳᠤᠭᠤᠯᠤᠭᠰᠠᠨ ᠰᠠᠭᠤᠷᠢ ᠮᠦᠩᠬᠦᠨ ᠤ ᠤᠷᠢᠳᠴᠢᠯᠠᠨ ᠲᠤᠰᠢᠶᠠᠬᠤ | ᠮᠦᠩᠬᠦ ᠵᠢᠴᠢ ᠵᠦᠷᠢᠶᠡᠳᠤ ᠦᠨ᠎ᠠ ᠶᠢᠨ ᠨᠦᠬᠦᠪᠦᠷᠢ ᠮᠦᠩᠬᠦ 208189 ᠲᠦᠮᠡᠨ ᠲᠦᠭᠦᠷᠢᠭ ᠲᠤᠭᠢᠷᠠᠭᠤᠯᠵᠤ᠂ | ᠭᠤᠤᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠬᠢᠬᠡᠳ ᠭᠤᠤᠯᠳᠠᠯᠠᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠬᠦ ᠶᠢ ᠪᠠᠳᠤᠯᠠᠨ᠎ᠠ᠃ PPP ᠤᠨ ᠬᠡᠷᠡᠭᠯᠡᠵᠤ ᠪᠤᠯᠬᠤᠶᠢᠴᠠ ᠴᠢᠨᠡᠷᠳᠡᠢ ᠵᠢᠴᠢ | ᠡᠵᠡᠩᠨᠡᠯᠳᠡ ᠶᠢᠨ ᠬᠤᠭᠤᠴᠠᠭᠠᠨ ᠤ ᠰᠦᠢᠳᠭᠡᠯ 46611 ᠲᠦᠮᠡᠨ ᠲᠦᠭᠦᠷᠢᠭ ᠲᠤᠭᠢᠷᠠᠭᠤᠯᠵᠤ᠂ ᠡᠳ᠋ ᠤᠨ | ᠵᠠᠰᠠᠭ ᠤᠨ ᠪᠡᠯᠡ ᠮᠦᠩᠬᠦᠨ ᠤ ᠵᠢᠯᠤᠭᠤᠳᠤᠨ ᠲᠠᠭᠠᠭᠤᠯᠬᠤ ᠦᠢᠯᠡᠳᠦᠯ ᠪᠠᠷ ᠲᠠᠮᠵᠢᠭᠤᠯᠤᠨ ᠨᠡᠶᠢᠭᠡᠮ ᠤᠨ | ᠬᠦᠷᠦᠩᠭᠡ ᠶᠢᠨ ᠠᠰᠢᠭᠲᠠᠢ ᠪᠡᠯᠡ ᠤᠷᠤᠭᠤᠯᠤᠯᠳᠠ ᠶᠢ ᠦᠷᠭᠡᠳᠭᠡᠨ᠎ᠠ᠃ ︽ᠵᠤᠷᠯᠤᠩ ᠦᠬᠡᠷᠡᠴᠢᠯᠡᠨ ᠪᠠᠶᠢᠭᠤᠯᠬᠤ︾ | ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ 2000 ᠲᠦᠮᠡᠨ ᠲᠦᠭᠦᠷᠢᠭ ᠲᠤᠭᠢᠷᠠᠭᠤᠯᠵᠤ᠂ ᠤᠳᠤᠬᠢᠴᠢᠯᠠᠭᠰᠠᠨ | ᠡᠷᠡᠭᠦᠯ ᠬᠠᠮᠠᠭᠠᠯᠠᠯ ᠤᠨ ᠵᠤᠷᠯᠤᠩ ᠤᠨ ᠪᠦᠳᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠵᠤ᠂ ᠬᠤᠳᠠ | ᠬᠦᠳᠡᠭᠡ ᠶᠢᠨ ᠪᠤᠯᠪᠠᠰᠤᠨ ᠤ ᠬᠦᠭᠵᠢᠯᠳᠡ ᠶᠢ ᠠᠬᠢᠭᠤᠯᠤᠨ᠎ᠠ᠃ | ᠬᠤᠶᠠᠷ ᠲᠤ᠂ ᠤᠯᠠᠨ ᠨᠡᠶᠢᠳᠡ ᠶᠢᠨ ᠰᠤᠶᠤᠯ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠰᠤᠶᠤᠯ ᠤᠨ ᠶᠡᠭᠡ ᠬᠦᠭᠵᠢᠯᠳᠡ ᠶᠡᠭᠡ ᠪᠠᠳᠠᠷᠠᠯᠳᠠ ᠶᠢ ᠲᠦᠯᠬᠢᠨ ᠠᠬᠢᠭᠤᠯᠤᠨ᠎ᠠ | ᠃ ᠲᠤᠮᠳᠠᠳᠤ ᠤᠯᠤᠰ ᠤᠨ ᠬᠢᠳᠡᠨ ᠯᠢᠶᠤᠤ ᠶᠢᠨ ᠰᠤᠶᠤᠯ ᠤᠨ ᠮᠦᠽᠧᠢ ᠶᠢᠨ ᠪᠦᠳᠦᠭᠡᠨ ᠪᠠᠶᠢᠭᠤᠯᠤᠯᠳᠠ ᠵᠢᠴᠢ | ᠡᠷᠳᠡᠨ ᠤ ᠲᠤᠷᠠᠰᠬᠠᠯᠳᠤ ᠪᠤᠳᠠᠰ ᠢ ᠱᠠᠩᠨᠠᠨ ᠴᠤᠭᠯᠠᠭᠤᠯᠬᠤ ᠪᠡᠯᠡ ᠮᠦᠩᠬᠦ 11000 ᠲᠦᠮᠡᠨ ᠲᠦᠭᠦᠷᠢᠭ | ᠲᠤᠭᠢᠷᠠᠭᠤᠯᠵᠤ᠂ ᠦᠨᠳᠦᠰᠦᠳᠡᠨ ᠤ ᠲᠡᠤᠭᠡ ᠰᠤᠶᠤᠯ ᠢᠶᠠᠨ ᠤᠯᠠᠮᠵᠢᠯᠠᠬᠤ ᠪᠠ ᠬᠠᠮᠠᠭᠠᠯᠠᠬᠤ ᠲᠠᠨᠢᠯᠳᠠ ᠶᠢ | ᠲᠡᠭᠡᠭᠰᠢᠯᠡᠬᠦᠯᠦᠨ᠎ᠠ᠃ ᠲᠠᠩᠰᠠ ᠡᠪᠬᠡᠮᠡᠯ ᠤᠨ ᠤᠷᠳᠤᠨ ᠪᠠᠶᠢᠭᠤᠯᠬᠤ ᠪᠡᠯᠡ ᠮᠦᠩᠬᠦ 3000 ᠲᠦᠮᠡᠨ ᠲᠦᠭᠦᠷᠢᠭ | ᠲᠤᠭᠢᠷᠠᠭᠤᠯᠵᠤ᠂ ᠲᠠᠩᠰᠠ ᠡᠪᠭᠡᠮᠡᠯ ᠤᠨ ᠬᠠᠮᠢᠶᠠᠷᠤᠯᠳᠠ ᠶᠢᠨ ᠤᠳᠤᠬᠢᠴᠢᠯᠠᠯᠳᠠ ᠶᠢ ᠪᠡᠶᠡᠯᠡᠬᠦᠯᠦᠨ᠂ ᠦᠪᠡᠷᠳᠡᠭᠡᠨ | ᠵᠠᠰᠠᠬᠤ ᠤᠷᠤᠨ ᠤ ᠰᠢᠯᠢᠳᠡᠭ ᠲᠡᠰ ᠤᠨ ᠲᠡᠩᠰᠠ ᠡᠪᠭᠡᠮᠡᠯ ᠤᠨ ᠤᠷᠳᠤᠨ ᠢ ᠪᠠᠶᠢᠭᠤᠯᠬᠤ ᠪᠠᠷ ᠴᠢᠷᠮᠠᠶᠢᠨ᠎ᠠ᠃ | ᠤᠯᠠᠭᠠᠨᠮᠦ᠋ᠴᠢᠷ ᠤᠨ ᠵᠠᠷᠤᠳᠠᠯ 760 ᠲᠦᠮᠡᠨ ᠲᠦᠬᠦᠷᠢᠭ ᠲᠤᠭᠢᠷᠠᠭᠤᠯᠵᠤ᠂ ᠤᠳᠬ᠎ᠠ ᠤᠷᠠᠯᠢᠭ ᠤᠨ ᠵᠤᠬᠢᠶᠠᠨ | ᠪᠦᠳᠦᠭᠡᠬᠦ ᠰᠢᠨ᠎ᠠ ᠶᠢ ᠡᠭᠦᠳᠬᠦ ᠶᠢ ᠵᠤᠷᠢᠬᠵᠢᠭᠤᠯᠤᠨ᠂ ᠰᠢᠨ᠎ᠠ ᠴᠠᠭ ᠦᠶ᠎ᠠ ᠶᠢᠨ ︽ᠤᠯᠠᠭᠠᠨ ᠦᠩᠭᠡᠳᠦ ᠤᠳᠬ᠎ᠠ | ᠤᠷᠠᠯᠢᠭ ᠤᠨ ᠬᠦᠩᠭᠡᠨ ᠮᠤᠷᠢᠳᠤ ᠴᠡᠷᠢᠭ︾ ᠪᠤᠯᠭᠠᠨ᠎ᠠ᠃ | ᠭᠤᠷᠪᠠ ᠳᠤ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠬᠤᠳᠠ ᠲᠤᠭᠤᠷᠢᠭ ᠤᠨ ᠶᠠᠷᠦᠩᠬᠡᠶᠢᠯᠡᠭᠰᠡᠨ ᠲᠠᠭᠠᠭᠠᠴᠠ ᠴᠢᠳᠠᠪᠤᠷᠢ ᠶᠢ | ᠲᠡᠭᠡᠭᠰᠢᠯᠡᠬᠦᠯᠦᠨ᠎ᠠ᠃ ᠬᠤᠩ ᠶᠤᠧᠠᠨ ᠶᠡᠭᠡ ᠵᠠᠮ ᠤᠨ ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ 10000 | ᠲᠦᠮᠡᠨ ᠲᠦᠭᠦᠷᠢᠭ ᠲᠤᠭᠢᠷᠠᠭᠤᠯᠵᠤ᠂ ᠮᠠ ᠯᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠵᠠᠮ ᠤᠨ | ᠲᠤᠤᠷᠵᠢᠯ ᠤᠨ ᠲᠦᠢᠮᠤ ᠶᠢ ᠲᠠᠭᠠᠭᠤᠯᠤᠨ ᠲᠠᠶᠢᠴᠢᠯᠠᠵᠤ᠂ ᠪᠠᠷᠠᠭᠠᠨ ᠤ ᠬᠦᠢᠯᠭᠡᠭᠡᠨ ᠤ ᠠᠵᠤ ᠦᠢᠯᠡᠰ ᠤᠨ | ᠬᠦᠭᠵᠢᠯᠳᠡ ᠶᠢ ᠲᠦᠯᠬᠢᠨ ᠠᠬᠢᠭᠤᠯᠤᠨ᠎ᠠ᠃ 306 ᠤᠯᠤᠰ ᠤᠨ ᠵᠠᠮ ᠤᠨ ᠬᠤᠶᠢᠳᠤ ᠬᠡᠰᠡᠭ ᠢ ᠦᠬᠡᠷᠡᠴᠢᠯᠡᠨ | ᠵᠠᠰᠠᠬᠤ ᠵᠢᠴᠢ ᠳ᠋ᠠᠪᠠᠨ ᠵᠠᠮ ᠢ ᠡᠮᠦᠨᠡᠰᠢ ᠨᠡᠪᠳᠡᠷᠡᠭᠦᠯᠬᠦ ᠢᠨᠵᠧᠨᠧᠷᠢᠩ ᠳᠤ 17000 ᠲᠦᠮᠡᠨ ᠲᠦᠭᠦᠷᠢᠭ ᠢ | ᠲᠤᠭᠢᠷᠠᠭᠤᠯᠵᠤ᠂ ᠤᠷᠤᠨ ᠲᠤᠭᠤᠷᠢᠭ ᠤᠨ ᠵᠠᠮ ᠤᠨ ᠲᠤᠤᠷᠵᠢᠯ ᠤᠨ ᠰᠢᠰᠲ᠋ᠧᠮ ᠢ ᠤᠯᠠᠮ ᠨᠢᠬᠡ ᠠᠯᠬᠤᠮ | ᠲᠡᠭᠦᠯᠳᠡᠷᠵᠢᠬᠦᠯᠵᠤ᠂ ᠬᠤᠳᠠ ᠶᠢᠨ ᠵᠠᠮ ᠤᠨ ᠲᠦᠭᠵᠢᠷᠡᠯ ᠢ ᠢᠳᠡᠪᠬᠢᠳᠡᠢ ᠨᠠᠮᠳᠠᠭᠤᠯᠤᠨ᠂ ᠰᠢᠨ᠎ᠠ ᠬᠠᠭᠤᠴᠢᠨ | ᠬᠤᠳᠠ ᠶᠢᠨ ᠠᠪᠤᠴᠠᠯᠳᠤᠯ ᠢ ᠪᠡᠶᠡᠯᠡᠬᠦᠯᠦᠨ᠎ᠠ᠃ ᠬᠤᠳᠠ ᠶᠢᠨ ᠨᠡᠶᠢᠳᠡ ᠶᠢᠨ ᠮᠠᠰᠢᠨ ᠲᠡᠷᠭᠡᠨ ᠤ ᠺᠤᠮᠫᠠᠨᠢ ᠶᠢᠨ | ᠬᠤᠬᠢᠷᠠᠯ ᠤᠨ ᠨᠦᠬᠦᠪᠦᠷᠢ ᠵᠢᠴᠢ ᠵᠢᠬᠡᠯᠡᠯᠭᠡ ᠪᠤᠴᠠᠭᠠᠬᠤ 10296 ᠲᠦᠮᠡᠨ ᠲᠦᠭᠦᠷᠢᠭ ᠲᠤᠭᠢᠷᠠᠭᠤᠯᠵᠤ᠂ ᠤᠯᠠᠨ | ᠨᠡᠶᠢᠳᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠦᠭᠵᠢᠬᠦᠯᠵᠤ᠂ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ | ᠲᠦᠬᠦᠮ ᠦᠵᠡᠬᠦᠯᠦᠨ᠎ᠠ᠃ | ︵ᠲᠠᠪᠤ︶ ᠡᠳ᠋ ᠤᠨ ᠵᠠᠰᠠᠭ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠬᠠᠮᠢᠶᠠᠷᠤᠯᠳᠠ ᠶᠢᠨ ᠬᠢᠷᠢ | ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠦᠨ᠎ᠠ᠃ | ᠨᠢᠬᠡ ᠳᠤ᠂ ᠲᠦᠰᠦᠪ ᠤᠨ ᠬᠠᠮᠢᠶᠠᠷᠤᠯᠳᠠ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠭᠦᠯᠦᠨ᠎ᠠ᠃ | ᠡᠳ᠋ ᠤᠨ ᠵᠠᠰᠠᠭ ᠤᠨ ᠡᠷᠭᠡ ᠮᠡᠳᠡᠯ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ ᠦᠬᠡᠷᠡᠴᠢᠯᠡᠯᠳᠡ ᠶᠢ | ᠲᠤᠭᠳᠠᠭᠤᠨ ᠢᠶᠠᠷ ᠠᠬᠢᠭᠤᠯᠵᠤ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶ᠎ᠠ ᠬᠡᠪᠴᠢᠶ᠎ᠠ ᠳᠠᠬᠢ | ᠡᠷᠭᠡ ᠮᠡᠳᠡᠯ ᠤᠨ ᠬᠡᠪᠴᠢᠶ᠎ᠠ ᠶᠢ ᠲᠤᠭᠳᠠᠭᠠᠵᠤ ᠤᠳᠤ ᠦᠶ᠎ᠠ ᠶᠢᠨ ᠡᠳ᠋ ᠤᠨ ᠵᠠᠰᠠᠭ ᠤᠨ ᠲᠦᠷᠢᠮ ᠤᠨ | ᠪᠠᠶᠢᠭᠤᠯᠤᠯᠳᠠ ᠶᠢ ᠲᠦᠷᠭᠡᠳᠭᠡᠨ᠎ᠠ᠃ ᠲᠦᠰᠦᠪ ᠤᠨ ᠦᠷ᠎ᠠ ᠠᠰᠢᠭᠳᠤ ᠬᠠᠮᠢᠶᠠᠷᠤᠯᠳᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠪᠦᠬᠦ ᠲᠠᠯ᠎ᠠ ᠶᠢ ᠬᠠᠮᠤᠷᠤᠭᠰᠠᠨ᠂ ᠪᠦᠬᠦ ᠶᠠᠪᠤᠴᠠ ᠳᠤ ᠲᠤᠤᠱᠯᠠᠭᠰᠠᠨ᠂ ᠨᠡᠶᠢᠳᠡᠮ ᠪᠦᠷᠭᠦᠭᠰᠡᠨ | ᠲᠦᠰᠦᠪ ᠤᠨ ᠦᠷ᠎ᠠ ᠠᠰᠢᠭᠳᠤ ᠬᠠᠮᠢᠶᠠᠷᠤᠯᠳᠠ ᠶᠢᠨ ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠂ | ᠪᠦᠬᠦᠨ ᠳᠤ ᠬᠦᠷᠬᠦ ᠶᠢ ᠪᠠᠳᠤᠯᠠᠨ ︽ᠵᠤᠭᠤᠰ ᠵᠠᠷᠤᠪᠠᠯ ᠡᠷᠬᠡᠪᠰᠢ ᠦᠷ᠎ᠠ ᠠᠰᠢᠭ ᠢ ᠠᠰᠠᠭᠤᠵᠤ᠂ ᠦᠷ᠎ᠠ ᠠᠰᠢᠭ | ᠦᠭᠡᠢ ᠪᠤᠯ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ︾ ᠶᠢ ᠦᠨᠡᠨᠬᠦ ᠪᠡᠶᠡᠯᠡᠬᠦᠯᠦᠨ᠎ᠠ᠃ ᠲᠦᠰᠦᠪ ᠤᠨ ᠬᠦᠢᠴᠡᠳᠭᠡᠯ ᠢ | ᠢᠯᠡ ᠪᠤᠯᠭᠠᠬᠤ ᠠᠵᠢᠯ ᠢ ᠬᠦᠨᠵᠡᠭᠡᠶᠢᠷᠡᠭᠦᠯᠦᠨ ᠠᠬᠢᠭᠤᠯᠵᠤ᠂ ᠢᠯᠡ ᠪᠤᠯᠭᠠᠬᠤ ᠠᠭᠤᠯᠭ᠎ᠠ ᠶᠢ ᠨᠠᠷᠢᠯᠢᠬᠵᠢᠭᠤᠯᠤᠨ᠎ᠠ᠃ | | ᠬᠤᠶᠠᠷ ᠲᠤ᠂ ᠤᠯᠤᠰ ᠤᠨ ᠬᠦᠮᠦᠷᠭᠡ ᠠᠴᠠ ᠲᠦᠪᠯᠡᠷᠡᠭᠦᠯᠦᠨ ᠦᠭᠭᠦ ᠬᠠᠮᠢᠶᠠᠷᠤᠯᠳᠠ ᠶᠢᠨ | ᠦᠬᠡᠷᠡᠴᠢᠯᠡᠯᠳᠡ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠤᠨ᠎ᠠ᠃ ᠲᠤᠷᠰᠢᠯᠳᠠ ᠶᠢᠨ ᠴᠢᠭ ᠤᠨ ᠠᠵᠢᠯ ᠤᠨ | ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠲᠡᠭᠡᠷ᠎ᠠ᠂ ᠡᠯ᠎ᠠ ᠬᠤᠰᠢᠭᠤ ᠰᠢᠶᠠᠨ ᠲᠤᠭᠤᠷᠢᠭ ᠤᠨ ᠡᠯᠧᠺᠲᠷᠤᠨᠴᠢᠯᠠᠭᠰᠠᠨ | ᠦᠭᠭᠦ ᠰᠢᠰᠲ᠋ᠧᠮ ᠢᠶᠠᠷ ᠠᠵᠢᠯᠯᠠᠬᠤ ᠶᠢ ᠵᠢᠯᠤᠭᠤᠳᠤᠨ᠂ ᠰᠢᠰᠲ᠋ᠧᠮ ᠤᠨ ᠠᠮᠤᠷ ᠲᠦᠪᠰᠢᠨ ᠢᠶᠠᠷ ᠠᠵᠢᠯᠯᠠᠬᠤ᠂ | ᠡᠳ᠋ ᠤᠨ ᠵᠠᠰᠠᠭ ᠤᠨ ᠪᠡᠯᠡ ᠮᠦᠩᠭᠦ ᠶᠢᠨ ᠠᠮᠤᠷ ᠲᠦᠪᠰᠢᠨ ᠢᠶᠠᠷ ᠦᠭᠬᠦ ᠶᠢ ᠦᠨᠡᠨᠬᠦ ᠪᠠᠳᠤᠯᠠᠨ᠂ ᠪᠦᠬᠦ᠋ᠢᠯᠡ | ᠬᠤᠰᠢᠭᠤ ᠰᠢᠶᠠᠨ ᠲᠤᠭᠤᠷᠢᠭ ᠤᠨ ᠤᠯᠣᠰ ᠤᠨ ᠬᠦᠮᠦᠷᠭᠡ ᠠᠴᠠ ᠲᠦᠪᠯᠡᠷᠡᠭᠦᠯᠦᠨ ᠦᠭᠬᠦ ᠡᠯᠧᠺᠲᠷᠤᠨᠴᠢᠯᠠᠭᠰᠠᠨ | ᠬᠠᠮᠢᠶᠠᠷᠤᠯᠳᠠ ᠶᠢᠨ ᠦᠬᠡᠷᠡᠴᠢᠯᠡᠯᠳᠡ ᠶᠢ ᠴᠢᠷᠮᠠᠶᠢᠨ ᠪᠡᠶᠡᠯᠡᠭᠦᠯᠦᠨ᠎ᠠ᠃ ᠡᠬᠦᠨ ᠤ ᠬᠠᠮᠳᠤ ᠡᠯᠧᠺᠲᠷᠤᠨᠴᠢᠯᠠᠭᠰᠠᠨ | ᠰᠢᠰᠲ᠋ᠧᠮ ᠤᠨ ᠲᠠᠪᠠᠭᠤᠯᠢᠭ ᠢ ᠠᠰᠢᠭᠯᠠᠨ ᠤᠯᠣᠰ ᠤᠨ ᠬᠦᠮᠦᠷᠭᠡ ᠠᠴᠠ ᠲᠦᠪᠯᠡᠷᠡᠭᠦᠯᠦᠨ ᠦᠭᠭᠦ ᠦᠬᠡᠷᠡᠴᠢᠯᠡᠯᠳᠡ ᠶᠢ | ᠰᠢᠶᠠᠩ ᠪᠠᠯᠭᠠᠰᠤᠨ ᠤ ᠱᠠᠳᠤ ᠬᠦᠷᠳᠡᠯ᠎ᠠ ᠠᠬᠢᠭᠤᠯᠵᠤ᠂ ᠤᠯᠣᠰ ᠤᠨ ᠬᠦᠮᠦᠷᠭᠡ ᠠᠴᠠ ᠲᠦᠪᠯᠡᠷᠡᠭᠦᠯᠦᠨ ᠦᠭᠭᠦ ᠶᠢ | ᠲᠣᠣᠱᠳᠡᠢ ᠨᠡᠪᠳᠡᠷᠡᠭᠦᠯᠦᠨ᠎ᠠ᠃ | ᠭᠤᠷᠪᠠ ᠳᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ | ᠴᠢᠩᠭᠠᠳᠬᠠᠨ᠎ᠠ᠃ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠶᠢᠨ ᠬᠡᠮᠵᠢᠶ᠎ᠠ ᠶᠢ ᠬᠢᠵᠠᠭᠠᠷᠯᠠᠭᠰᠠᠨ | ᠬᠠᠮᠢᠶᠠᠷᠤᠯᠳᠠ ᠬᠢᠬᠡᠳ ᠲᠦᠰᠦᠪ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠪᠠᠷ ᠭᠡᠷᠡᠭᠵᠢᠬᠦᠯᠵᠤ᠂ ᠤᠷᠤᠨ | ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢᠨ ᠲᠦᠭᠰᠢᠬᠦᠷᠢ ᠶᠢ ᠲᠦᠰᠦᠪᠯᠡᠨ ᠦᠨᠡᠯᠡᠬᠦ ᠬᠢᠬᠡᠳ | ᠰᠡᠷᠡᠮᠵᠢᠯᠡᠬᠦᠯᠬᠦ ᠲᠤᠭᠳᠠᠯᠴᠠᠭ᠎ᠠ ᠶᠢ ᠪᠦᠷᠢᠨᠰᠢᠬᠦᠯᠦᠨ᠂ ᠦᠷᠢ ᠶᠢᠨ ᠲᠡᠮᠳᠡᠭᠳᠤ ᠭᠡᠷᠡᠭᠯᠡᠬᠦ ᠠᠬᠢᠴᠠ ᠶᠢ ᠲᠦᠷᠭᠡᠳᠭᠡᠨ᠎ᠠ᠃ | ᠲᠡᠯᠳᠡ ᠴᠢᠨᠠᠷᠳᠡᠢ ᠦᠷᠢ ᠦᠭᠴᠡᠭᠡ ᠨᠡᠮᠡᠭᠳᠡᠬᠦ ᠶᠢ ᠡᠷᠡᠰ ᠬᠤᠷᠢᠭᠯᠠᠨ᠂ ᠲᠠᠯᠳᠠ ᠴᠢᠨᠡᠷᠳᠡᠢ ᠦᠷᠢ ᠦᠭᠴᠡᠭᠡ ᠶᠢᠨ | ᠦᠯᠡᠳᠡᠭᠳᠡᠯ ᠢ ᠲᠤᠭᠳᠠᠭᠤᠨ ᠢᠶᠠᠷ ᠨᠠᠮᠳᠠᠭᠤᠯᠵᠤ᠂ ᠬᠠᠤᠯᠢ ᠲᠤᠭᠳᠠᠭᠠᠯ ᠠᠴᠠ ᠵᠦᠷᠢᠴᠡᠭᠰᠡᠨ ᠪᠡᠯᠡ ᠬᠤᠷᠠᠮᠳᠤᠭᠤᠯᠬᠤ | ᠲᠠᠭᠠᠭᠠᠯᠳᠠ ᠬᠢᠬᠦ ᠠᠵᠢᠯᠯᠠᠭᠠᠨ ᠢ ᠪᠠᠶᠢᠴᠠᠭᠠᠨ ᠰᠢᠢᠳᠪᠦᠷᠢᠯᠡᠵᠤ ᠬᠠᠷᠢᠭᠤᠴᠠᠯᠭ᠎ᠠ ᠨᠡᠬᠡᠮᠵᠢᠯᠡᠬᠦ ᠬᠦᠴᠦᠯᠡᠴᠡ ᠪᠠᠨ | ᠴᠢᠩᠭᠠᠳᠬᠠᠨ᠎ᠠ᠃ | ᠲᠦᠯᠦᠭᠡᠯᠡᠭᠴᠢᠳ ᠡ᠂ 2019 ᠤᠨ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠤᠢ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠵᠠᠩᠬᠢᠯᠭ᠎ᠠ ᠶᠢᠨ ᠵᠢᠯ | ᠪᠤᠯᠬᠤ ᠶᠤᠮ᠃ ᠪᠦᠬᠦ ᠬᠤᠳᠠ ᠶᠢᠨ ᠡᠳ᠋ ᠤᠨ ᠵᠠᠰᠠᠭ ᠤᠨ ᠠᠵᠢᠯ ᠨᠢ ᠬᠤᠳᠠ ᠶᠢᠨ ᠨᠠᠮ ᠤᠨ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ ᠲᠤᠭᠤᠷᠢᠨ ᠳᠤ᠂ ᠬᠤᠳᠠ ᠶᠢᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠢᠳᠪᠦᠷᠢ ᠬᠢᠬᠡᠳ | ᠲᠤᠭᠳᠠᠭᠠᠯ ᠢ ᠡᠷᠡᠰ ᠭᠡᠷᠡᠭᠵᠢᠬᠦᠯᠵᠤ᠂ ᠬᠠᠤᠯᠢ ᠴᠠᠭᠠᠵᠠ ᠶᠢᠨ ᠬᠢᠨᠠᠯᠳᠠ ᠬᠢᠬᠡᠳ ᠠᠵᠢᠯ ᠤᠨ ᠬᠢᠨᠠᠯᠳᠠ ᠶᠢ | ᠤᠬᠠᠮᠰᠠᠷ ᠠᠴᠠ ᠪᠠᠨ ᠬᠦᠯᠢᠶᠡᠨ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ᠂ ᠰᠠᠨᠠᠯ ᠪᠠ | ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠡᠷᠡᠰ ᠰᠢᠭᠤᠷᠬᠠᠢ ᠮᠡᠷᠡᠶᠢᠨ ᠴᠢᠷᠮᠠᠶᠢᠵᠤ᠂ ᠰᠢᠷᠭᠠᠭᠤ | ᠬᠠᠳᠠᠭᠤᠵᠢᠯᠳᠡᠢ ᠠᠵᠢᠯᠯᠠᠨ᠂ ᠡᠳ᠋ ᠤᠨ ᠵᠠᠰᠠᠭ ᠤᠨ ᠲᠦᠰᠦᠪ ᠤᠨ ᠡᠯ᠎ᠠ ᠵᠦᠢᠯ ᠤᠨ ᠠᠵᠢᠯ ᠢᠶᠠᠨ ᠯᠠᠪᠳᠠᠭᠤᠨ | ᠪᠠᠳᠤᠳᠠᠢ ᠰᠠᠶᠢᠳᠤᠷ ᠪᠡᠶᠡᠯᠡᠬᠦᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ | ᠬᠦᠭᠵᠢᠬᠦ ᠶᠢ ᠠᠬᠢᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠭᠳᠠᠭᠠᠭᠰᠠᠨ ᠠᠤᠭ᠎ᠠ ᠶᠡᠭᠡ | ᠬᠠᠷᠠᠯᠳᠠ ᠶᠢ ᠪᠡᠶᠡᠯᠡᠬᠦᠯᠬᠦ ᠪᠠᠷ ᠴᠤᠴᠠᠯᠳᠠ ᠦᠭᠡᠢ ᠲᠡᠮᠡᠴᠡᠵᠡᠭᠡᠶ᠎ᠠ︕ | | |