ᠤᠯᠠᠭᠠᠨᠬᠠᠳᠠ ᠬᠤᠳᠠ ᠶᠢᠨ 2018 ᠣᠨ ᠤ ᠡᠳ᠋ ᠤᠨ ᠵᠠᠰᠠᠭ ᠤᠨ ᠲᠥᠰᠥᠪ ᠢ ᠬᠦᠢᠴᠡᠳᠬᠡᠭᠰᠡᠨ ᠪᠠᠶᠢᠳᠠᠯ  ︵ᠬᠤᠶᠠᠷ︶
ᠨᠡᠶᠢᠲᠡᠯᠡᠭᠰᠡᠨ ᠴᠠᠭ᠄
2019-01-24
ᠤᠯᠠᠭᠠᠨᠬᠠᠳᠠ ᠬᠤᠳᠠ ᠶᠢᠨ 2018 ᠣᠨ ᠤ ᠡᠳ᠋ ᠤᠨ ᠵᠠᠰᠠᠭ ᠤᠨ ᠲᠥᠰᠥᠪ ᠢ ᠬᠦᠢᠴᠡᠳᠬᠡᠭᠰᠡᠨ ᠪᠠᠶᠢᠳᠠᠯ ᠪᠠ 2019 ᠣᠨ ᠤ ᠡᠳ᠋ ᠤᠨ ᠵᠠᠰᠠᠭ ᠤᠨ ᠲᠥᠰᠥᠪ ᠤᠨ ᠳᠥᠰᠥᠯ ᠤᠨ ᠳᠣᠬᠠᠢ ᠮᠡᠳᠡᠭᠦᠯᠦᠯᠳᠡ ︵ᠬᠤᠶᠠᠷ︶        ᠬᠤᠶᠠᠷ᠂ 2018 ᠣᠨ ᠤ ᠭᠤᠣᠯ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ        2018 ᠣᠨ ᠳᠤ᠂ ᠪᠦᠬᠦ ᠬᠤᠲᠠ ᠶᠢᠨ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠤᠨ ᠮᠥᠷᠲᠡᠭᠡᠨ ᠤᠷᠤᠭᠰᠢᠯᠠᠬᠤ ᠠᠵᠢᠯ ᠤᠨ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠬᠠᠭᠳᠠᠬᠤᠨ ᠤ ᠭᠤᠣᠯ ᠠᠭᠤᠯᠭ᠎ᠠ ᠶᠢ ᠢᠮᠠᠭᠲᠠ ᠡᠵᠡᠮᠰᠢᠵᠦ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢ ᠪᠦᠲᠦᠮᠵᠢᠲᠡᠢ ᠬᠡᠷᠡᠭᠵᠢᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠳᠡᠮᠵᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ        ︵ᠨᠢᠭᠡ︶ ᠵᠠᠰᠠᠭ ᠤᠨ ᠣᠷᠳᠣᠨ ᠤ ᠪᠦᠲᠦᠮᠵᠢᠲᠡᠢ ᠪᠡᠯᠡ ᠣᠷᠤᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠲᠣᠭᠲᠠᠭᠤᠨ ᠬᠥᠭᠵᠢᠬᠦ ᠶᠢ ᠠᠬᠢᠭᠤᠯᠪᠠ᠃ ᠳᠡᠭᠡᠷ᠎ᠡ ᠱᠠᠲᠤᠨ ᠠᠴᠠ ᠦᠨᠳᠦᠰᠦᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ 33.1 ᠳ᠋ᠦᠩᠰᠢᠭᠤᠷ ᠲᠥᠭᠦᠷᠢᠭ ᠢ ᠢᠳᠡᠪᠬᠢᠯᠡᠨ ᠣᠯᠵᠤ᠂ ᠬᠠᠭᠤᠴᠢᠨ ᠠᠵᠤ ᠦᠢᠯᠡᠳᠪᠦᠷᠢ ᠶᠢᠨ ᠲᠣᠭᠤᠷᠢᠭ ᠢ ᠨᠡᠭᠦᠯᠭᠡᠨ ᠥᠭᠡᠷᠡᠴᠢᠯᠡᠬᠦ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠳᠡᠳᠭᠦᠭᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ᠂ ᠵᠡᠭᠦᠨ ᠲᠠᠶᠢᠽᠢ ᠶᠢᠨ ᠤᠰᠤᠨ ᠴᠥᠭᠦᠷᠥᠮ ᠪᠠ ᠰᠢᠨ᠎ᠡ ᠪᠠᠷ ᠮᠠᠨᠳᠤᠭᠰᠠᠨ ᠠᠵᠦ ᠦᠢᠯᠡᠰ ᠤᠨ ᠬᠥᠭᠵᠢᠯᠲᠡ ᠶᠢ ᠳᠡᠮᠵᠢᠪᠡ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠲᠤᠰ ᠱᠠᠲᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠪᠠ ᠭᠠᠵᠠᠷ ᠰᠢᠷᠣᠢ ᠲᠠᠲᠠᠪᠤᠷᠢᠯᠠᠬᠤ ᠪᠡᠯᠡ ᠮᠥᠩᠭᠦ 17.7 ᠳ᠋ᠦᠩᠰᠢᠭᠤᠷ ᠲᠥᠭᠦᠷᠢᠭ ᠪᠠᠭᠤᠯᠭᠠᠵᠤ᠂ ᠬᠤᠲᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠠ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ 9635 ᠲᠦᠮᠡᠨ ᠲᠥᠭᠦᠷᠢᠭ ᠢᠳᠡᠪᠬᠢᠯᠡᠨ ᠣᠯᠵᠤ᠂ ᠳᠤᠮᠳᠠ ᠪᠠᠭ᠎ᠠ ᠠᠵᠤ ᠠᠬᠤᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠪᠡ᠃ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ 48.8 ᠳ᠋ᠦᠩᠰᠢᠭᠤᠷ ᠲᠥᠭᠦᠷᠢᠭ ᠢ ᠢᠳᠡᠪᠬᠢᠯᠡᠨ ᠣᠯᠵᠤ᠂ ᠭᠤᠣᠯᠳᠠᠭᠤ ᠭᠤᠣᠯ ᠪᠣᠯᠬᠤ ᠲᠥᠷᠥᠯ ᠵᠦᠢᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠦᠭᠦᠮ ᠪᠦᠲᠦᠴᠡᠲᠦ ᠤᠷᠤᠨ ᠰᠠᠭᠤᠴᠠ ᠶᠢᠨ ᠥᠭᠡᠷᠡᠴᠢᠯᠡᠯᠲᠡ᠂ ᠭᠠᠵᠠᠷ ᠰᠢᠷᠤᠢ ᠨᠦᠭᠡᠴᠡᠯᠡᠬᠦ ᠵᠡᠷᠭᠡ ᠵᠠᠷᠤᠯᠭ᠎ᠠ ᠳᠤ ᠵᠠᠷᠤᠴᠠᠭᠤᠯᠪᠠ᠃ ᠵᠠᠮ ᠲᠡᠭᠡᠭᠡᠪᠦᠷᠢ ᠶᠢᠨ ᠪᠡᠯᠡ ᠮᠥᠩᠭᠦ 31.9 ᠳ᠋ᠦᠩᠰᠢᠭᠤᠷ ᠲᠥᠭᠦᠷᠢᠭ ᠴᠤᠭᠯᠠᠭᠤᠯᠵᠤ᠂ ᠭᠤᠣᠯ ᠪᠣᠯᠬᠤ ᠵᠠᠰᠠᠮᠠᠯ ᠵᠠᠮ᠂ ᠬᠥᠳᠡᠭᠡ ᠲᠣᠰᠬᠤᠨ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠶᠢ ᠳᠡᠮᠵᠢᠪᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 5.9 ᠳ᠋ᠦᠩᠰᠢᠭᠤᠷ ᠲᠥᠭᠦᠷᠢᠭ ᠥᠭᠴᠦ᠂ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ᠂ ᠳᠤᠮᠳᠠ ᠪᠠᠭ᠎ᠠ ᠭᠤᠣᠯ ᠤᠨ ᠤᠷᠤᠰᠬᠠᠯ ᠤᠨ ᠵᠠᠰᠠᠯᠲᠠ᠂ ᠰᠠᠨ ᠽᠦᠸᠧ ᠳ᠋ᠢᠶᠠᠨ ᠤᠰᠤᠨ ᠴᠥᠭᠦᠷᠥᠮ ᠤᠨ ᠨᠡᠪᠴᠢᠬᠦ ᠶᠢ ᠵᠠᠰᠠᠬᠤ ᠵᠡᠷᠭᠡ ᠢᠨᠵᠧᠨᠧᠷᠢᠩ ᠳᠤ ᠬᠡᠷᠡᠭᠯᠡᠪᠡ᠃ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ᠤᠨ ᠪᠡᠯᠡ ᠮᠥᠩᠭᠦ 4244 ᠲᠦᠮᠡᠨ ᠲᠥᠭᠦᠷᠢᠭ ᠪᠠᠭᠤᠯᠭᠠᠵᠤ᠂ ᠰᠤᠳᠤᠯᠭᠠᠨ ᠤ ᠪᠠᠶᠢᠭᠤᠯᠤᠮᠵᠢ᠂ ᠰᠢᠨᠵᠢᠯᠡᠭᠡ ᠮᠡᠷᠭᠡᠵᠢᠯ ᠤᠨ ᠴᠢᠨᠠᠷᠲᠠᠢ ᠠᠵᠤ ᠠᠬᠤᠢᠯᠠᠯ ᠤᠨ ᠥᠪᠡᠷᠲᠡᠭᠡᠨ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠢᠯᠡᠰ ᠤᠨ ᠥᠷᠢᠰᠦᠯᠳᠦᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠳᠡᠰ ᠳᠡᠪᠰᠢᠬᠦ ᠶᠢ ᠠᠬᠢᠭᠤᠯᠪᠠ᠃ ᠰᠣᠶᠣᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 1.9 ᠳ᠋ᠦᠩᠰᠢᠭᠤᠷ ᠲᠥᠭᠦᠷᠢᠭ ᠪᠡᠯᠡ ᠮᠥᠩᠭᠦ ᠥᠭᠴᠦ᠂ ᠬᠤᠲᠠ ᠶᠢᠨ ᠳᠠᠩᠰᠠ ᠡᠪᠬᠡᠮᠡᠯ ᠤᠨ ᠣᠷᠳᠣᠨ ᠪᠠ ᠳᠤᠮᠳᠠᠳᠤ ᠤᠯᠤᠰ ᠤᠨ ᠬᠢᠳᠠᠨ ᠯᠢᠶᠣᠤ ᠶᠢᠨ ᠮᠦᠽᠧᠢ ᠶᠢ ᠡᠬᠢᠯᠡᠨ ᠪᠦᠲᠦᠭᠡᠨ ᠪᠠᠶᠢᠭᠤᠯᠪᠠ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠳᠡᠯᠭᠡᠷᠡᠭᠦᠯᠵᠦ᠂ ppp ᠲᠥᠷᠥᠯ ᠵᠦᠢᠯ 6 ᠶᠢ ᠰᠢᠨ᠎ᠡ ᠪᠠᠷ ᠨᠡᠮᠡᠭᠳᠡᠭᠦᠯᠵᠦ᠂ 165.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ppp ᠲᠥᠷᠥᠯ ᠵᠦᠢᠯ ᠤᠨ ᠵᠠᠰᠠᠭ ᠤᠨ ᠣᠷᠳᠣᠨ ᠤ ᠰᠦᠢᠳᠬᠡᠯ ᠵᠠᠷᠤᠴᠠᠭᠤᠯᠤᠭᠰᠠᠨ ᠪᠡᠯᠡ ᠮᠥᠩᠭᠦ 6426 ᠲᠦᠮᠡᠨ ᠲᠥᠭᠦᠷᠢᠭ᠂ ᠳᠤᠮᠳᠠ ᠲᠣᠭᠤᠷᠢᠮ ᠪᠠ ᠬᠤᠲᠠ ᠲᠣᠭᠤᠷᠢᠭᠰᠠᠨ ᠤᠰᠤᠨ ᠰᠢᠰᠲ᠋ᠧᠮ ᠤᠨ ᠲᠥᠷᠥᠯ ᠵᠦᠢᠯ ᠤᠨ ᠪᠡᠯᠡ ᠮᠥᠩᠭᠦ 7600 ᠲᠦᠮᠡᠨ ᠲᠥᠭᠦᠷᠢᠭ ᠥᠭᠪᠡ᠃        ︵ᠬᠤᠶᠠᠷ︶ ᠡᠳ᠋ ᠤᠨ ᠵᠠᠰᠠᠭ ᠤᠨ ᠡᠬᠢ ᠪᠠᠶᠠᠯᠢᠭ ᠢ ᠲᠣᠬᠢᠷᠠᠭᠤᠯᠤᠨ ᠰᠢᠯᠢᠳᠡᠭᠵᠢᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠪᠠᠲᠤᠯᠠᠪᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠳᠦᠭᠰᠢᠭᠦᠷᠢ ᠶᠢ ᠰᠡᠷᠭᠡᠶᠢᠯᠡᠨ ᠨᠠᠮᠬᠠᠳᠬᠠᠵᠤ᠂ ︽ᠤᠯᠠᠭᠠᠨᠬᠠᠳᠠ ᠬᠤᠲᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠢ ᠬᠡᠷᠡᠭᠵᠢᠭᠦᠯᠵᠦ᠂ ︽ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠠᠷᠭᠠᠴᠠᠭᠠᠨ ᠰᠢᠢᠳᠪᠦᠷᠢᠯᠡᠬᠦ ᠲᠥᠰᠥᠯ︾ ᠢ ᠲᠣᠭᠲᠠᠭᠠᠪᠠ᠃ ᠲᠥᠰᠥᠪ ᠤᠨ ᠲᠣᠬᠢᠷᠠᠭᠤᠯᠤᠯᠲᠠ ᠂ ᠵᠠᠷᠤᠯᠭ᠎ᠠ ᠶᠢ ᠪᠠᠭᠠᠰᠬᠠᠵᠤ᠂ ᠬᠠᠳᠠᠭᠠᠯᠠᠮᠵᠢ ᠶᠢ ᠡᠷᠭᠢᠯᠲᠡ ᠳᠤ ᠣᠷᠣᠭᠤᠯᠬᠤ᠂ ᠬᠥᠷᠥᠩᠭᠡ ᠪᠡᠯᠡ ᠶᠢ ᠰᠢᠢᠳᠪᠦᠷᠢᠯᠡᠬᠦ ᠥᠷᠢ ᠥᠭᠴᠡᠭᠡ ᠶᠢ ᠬᠠᠰᠤᠬᠤ ᠵᠡᠷᠭᠡ ᠠᠷᠭ᠎ᠠ ᠪᠠᠷᠢᠯ ᠢᠶᠠᠷ ᠳᠠᠮᠵᠢᠵᠤ᠂ ᠪᠦᠬᠦ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ ᠶᠢ 291 ᠳ᠋ᠦᠩᠰᠢᠭᠤᠷ ᠲᠥᠭᠦᠷᠢᠭ ᠨᠠᠮᠳᠠᠭᠠᠵᠤ᠂ ︽ᠠᠷᠪᠠ ᠶᠢ ᠪᠦᠷᠬᠦᠭᠦᠯᠬᠦ︾ ᠶᠢᠨ ᠠᠷᠪᠠ ᠲᠥᠷᠥᠯ ᠤᠨ ᠳᠣᠲᠣᠷᠠᠬᠢ ᠢᠨᠵᠧᠨᠧᠷᠢᠩ ᠤᠨ ᠥᠷᠢ ᠥᠭᠴᠡᠭᠡ ᠶᠢ ᠪᠦᠬᠦᠨ ᠢ ᠰᠢᠢᠳᠪᠦᠷᠢᠯᠡᠪᠡ᠃ ᠥᠷᠢ ᠥᠭᠴᠡᠭᠡ ᠶᠢ ᠨᠠᠮᠳᠠᠭᠠᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠥᠷᠢ ᠥᠭᠴᠡᠭᠡ ᠶᠢ ᠨᠠᠮᠳᠠᠭᠠᠭᠰᠠᠨ ᠱᠠᠩᠨᠠᠯ ᠤᠨ ᠮᠥᠩᠭᠦ 10.1 ᠳ᠋ᠦᠩᠰᠢᠭᠤᠷ ᠲᠥᠭᠦᠷᠢᠭ ᠣᠯᠵᠤ᠂ ᠥᠷᠢ ᠥᠭᠴᠡᠭᠡ ᠶᠢ ᠨᠠᠮᠳᠠᠭᠠᠭᠰᠠᠨ ᠨᠢ ᠢᠯᠡᠷᠬᠡᠢ ᠭᠠᠵᠠᠷ ᠣᠷᠣᠨ ᠳᠤ ᠲᠤᠰᠬᠠᠢ ᠲᠥᠷᠥᠯ ᠤᠨ ᠱᠠᠩᠨᠠᠯ ᠤᠨ ᠮᠥᠩᠭᠦ ᠥᠭᠪᠡ᠃ ᠰᠢᠰᠲ᠋ᠧᠮ ᠤᠨ ᠳᠣᠲᠣᠷᠠᠬᠢ ᠵᠠᠰᠠᠭ ᠤᠨ ᠣᠷᠳᠣᠨ ᠤ ᠪᠤᠰᠤ ᠦᠯᠡᠳᠡᠭᠳᠡᠯ ᠢ ᠵᠢᠭᠡᠯᠡᠯᠭᠡ ᠶᠢᠨ ᠲᠡᠮᠳᠡᠭᠲᠦ ᠪᠠᠷ ᠰᠣᠯᠢᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠳᠡᠭᠡᠷ᠎ᠡ ᠱᠠᠲᠤᠨ ᠠᠴᠠ ᠰᠣᠯᠢᠭᠰᠠᠨ ᠵᠢᠭᠡᠯᠡᠯᠭᠡ ᠶᠢᠨ ᠲᠡᠮᠳᠡᠭᠲᠦ 28.4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠪᠠᠰᠠ ᠬᠤᠷᠠᠮᠳᠤᠭᠤᠯᠤᠭᠰᠠᠨ ᠵᠢᠭᠡᠯᠡᠯᠭᠡ ᠶᠢᠨ ᠲᠡᠮᠳᠡᠭᠲᠦ 8.6 ᠳ᠋ᠦᠩᠰᠢᠭᠤᠷ ᠲᠥᠭᠦᠷᠢᠭ᠂ ᠮᠠᠨ ᠤ ᠬᠤᠲᠠ ᠶᠢᠨ ᠥᠷᠢ ᠲᠥᠯᠥᠬᠦ ᠳᠠᠷᠤᠯᠲᠠ ᠶᠢ ᠤᠯᠠᠮ ᠨᠢᠭᠡ ᠠᠯᠬᠤᠮ ᠬᠥᠩᠭᠡᠷᠡᠭᠦᠯᠪᠡ᠃ ᠨᠠᠷᠢᠯᠢᠭ ᠣᠨᠣᠴᠠᠲᠠᠢ ᠶᠠᠳᠠᠭᠤ ᠠᠴᠠ ᠠᠩᠭᠢᠵᠢᠷᠠᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ᠪᠦᠬᠦ ᠬᠤᠲᠠ ᠶᠢᠨ ᠶᠠᠳᠠᠭᠤ ᠶᠢ ᠲᠡᠳᠬᠦᠬᠦ ᠵᠠᠷᠤᠯᠭ᠎ᠠ 35.4 ᠳ᠋ᠦᠩᠰᠢᠭᠤᠷ ᠲᠥᠭᠦᠷᠢᠭ᠂ 175% ᠪᠠᠷ ᠨᠡᠮᠡᠭᠳᠡᠵᠦ᠂ ᠶᠠᠳᠠᠭᠤ ᠬᠦᠴᠢᠷᠲᠡᠢ ᠭᠡᠷ ᠪᠦᠯᠢ ᠶᠢᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠠᠰᠠᠭᠤᠳᠠᠯ ᠢ ᠭᠤᠣᠯᠳᠠᠯᠭᠠᠲᠠᠢ ᠰᠢᠢᠳᠪᠦᠷᠢᠯᠡᠪᠡ᠃ ᠶᠠᠳᠠᠭᠤ ᠬᠦᠴᠢᠷᠲᠡᠢ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠨᠢᠭᠡᠳᠦᠯᠲᠡᠢ ᠨᠢᠳᠬᠡᠵᠦ᠂ ᠪᠡᠯᠡ ᠮᠥᠩᠭᠦ ᠶᠢᠨ ᠴᠤᠭᠯᠠᠷᠠᠯ ᠤᠨ ᠳᠠᠪᠠᠭᠤᠯᠢᠭ ᠢ ᠪᠠᠳᠠᠷᠠᠭᠤᠯᠵᠤ᠂ 8 ᠤᠯᠤᠰ ᠤᠨ ᠲᠡᠰ ᠤᠨ ᠶᠠᠳᠠᠭᠤ ᠬᠦᠴᠢᠷᠳᠡᠯᠲᠡᠢ ᠰᠢᠶᠠᠨ ᠪᠠ 2 ᠣᠷᠣᠨ ᠤ ᠳᠡᠰ ᠤᠨ ᠶᠠᠳᠠᠭᠤ ᠬᠦᠴᠢᠷᠳᠡᠯᠲᠡᠢ ᠰᠢᠶᠠᠨ ᠡᠯ᠎ᠡ ᠵᠦᠢᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠨᠡᠶᠢᠳᠠ 19.6 ᠳ᠋ᠦᠩᠰᠢᠭᠤᠷ ᠲᠥᠭᠦᠷᠢᠭ ᠨᠢᠳᠬᠡᠵᠦ᠂ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ 3.4 ᠳ᠋ᠦᠩᠰᠢᠭᠤᠷ ᠲᠥᠭᠦᠷᠢᠭ ᠪᠠᠭᠤᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠶᠠᠳᠠᠭᠤ ᠶᠢ ᠲᠡᠳᠬᠦᠬᠦ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠬᠤ ᠠᠬᠢᠴᠠ ᠶᠢ ᠲᠦᠷᠭᠡᠳᠬᠡᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠰᠠᠨ ᠬᠤᠭᠤᠴᠠᠭ᠎ᠠ ᠳᠤ ᠴᠠᠭ ᠲᠤᠬᠠᠢ ᠳᠤ ᠨᠢ ᠥᠭᠬᠦ ᠶᠢ ᠱᠠᠭᠠᠷᠳᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠣᠷᠤᠭᠤᠯᠤᠯᠲᠠ ᠶᠢᠨ ᠬᠦᠴᠦᠨ ᠢᠶᠠᠨ ᠨᠡᠮᠡᠭᠳᠡᠭᠦᠯᠵᠦ᠂ 4.1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠭᠠᠷᠭᠠᠨ᠂ ᠠᠭᠠᠷ ᠮᠠᠨᠳᠠᠯ᠂ ᠭᠠᠵᠠᠷ ᠰᠢᠷᠣᠢ᠂ ᠤᠰᠤᠨ ᠰᠢᠰᠲ᠋ᠧᠮ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠪᠣᠬᠢᠷ ᠤᠰᠤ ᠶᠢ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠪᠡ᠃ ᠠᠮᠢ ᠠᠬᠤᠢ ᠶᠢᠨ ᠬᠠᠮᠠᠭᠠᠯᠠᠯᠲᠠ ᠪᠣᠯᠣᠨ ᠰᠡᠷᠭᠦᠭᠡᠨ ᠵᠠᠰᠠᠬᠤ ᠶᠢ ᠴᠢᠩᠭᠠᠳᠬᠠᠵᠤ᠂ ᠲᠤᠰᠬᠠᠢ ᠲᠥᠷᠥᠯ ᠤᠨ ᠪᠡᠯᠡ ᠮᠥᠩᠭᠦ 5 ᠳ᠋ᠦᠩᠰᠢᠭᠤᠷ ᠲᠥᠭᠦᠷᠢᠭ ᠣᠷᠣᠭᠤᠯᠵᠤ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠪᠡᠯᠴᠢᠭᠡᠷ ᠰᠡᠷᠭᠦᠭᠡᠬᠦ ᠪᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠰᠤᠷᠪᠤᠯᠵᠢ ᠶᠢ ᠵᠠᠰᠠᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯᠯᠠᠭ᠎ᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠤᠰᠬᠠᠢ ᠲᠥᠷᠥᠯ ᠤᠨ ᠪᠡᠯᠡ 2452 ᠲᠦᠮᠡᠨ ᠲᠥᠭᠦᠷᠢᠭ ᠣᠷᠣᠭᠤᠯᠵᠤ᠂ ᠬᠤᠲᠠ ᠪᠠᠯᠭᠠᠰᠤ᠂ ᠬᠥᠳᠡᠭᠡ ᠲᠣᠰᠬᠤᠨ ᠮᠠᠯᠵᠢᠬᠤ ᠣᠷᠣᠨ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃        ︵ᠭᠤᠷᠪᠠ︶ ᠨᠡᠶᠢᠭᠡᠮ ᠨᠡᠶᠢᠳᠠ ᠶᠢᠨ ᠦᠢᠯᠡᠴᠢᠯᠡᠭᠡᠨ ᠤ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠨᠡᠨᠬᠦ ᠪᠠᠲᠤᠯᠠᠨ ᠰᠠᠶᠢᠵᠢᠷᠠᠭᠤᠯᠪᠠ᠃ ᠠᠷᠠᠳ ᠤᠨ ᠠᠮᠢᠳᠤᠷᠠᠯ ᠳᠠᠬᠢ ᠪᠡᠯᠡ ᠣᠷᠤᠭᠤᠯᠤᠯᠲᠠ ᠶᠢᠨ ᠬᠦᠴᠦᠨ ᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠠᠮᠢᠳᠤᠷᠠᠯ ᠳᠠᠬᠢ ᠵᠠᠷᠤᠯᠭ᠎ᠠ 402. 5 ᠳ᠋ᠦᠩᠰᠢᠭᠤᠷ ᠲᠥᠭᠦᠷᠢᠭ᠂ 9.9% ᠪᠠᠷ ᠨᠡᠮᠡᠭᠳᠡᠵᠦ᠂ ᠡᠩ ᠤᠨ ᠨᠡᠶᠢᠭᠡᠮ ᠨᠡᠶᠢᠳᠠ ᠶᠢᠨ ᠲᠥᠰᠥᠪ ᠤᠨ ᠵᠠᠷᠤᠯᠭ᠎ᠠ ᠶᠢᠨ 78.9% ᠶᠢ ᠡᠵᠡᠯᠡᠪᠡ᠃ ᠪᠡᠯᠡ ᠮᠥᠩᠭᠦ 6.5 ᠳ᠋ᠦᠩᠰᠢᠭᠤᠷ ᠲᠥᠭᠦᠷᠢᠭ ᠣᠷᠣᠭᠤᠯᠵᠤ᠂ ᠲᠦᠭᠦᠮ ᠪᠦᠲᠦᠴᠡᠲᠦ ᠤᠷᠤᠨ ᠰᠠᠭᠤᠴᠠ ᠪᠠ ᠬᠥᠳᠡᠭᠡ ᠲᠣᠰᠬᠤᠨ ᠮᠠᠯᠵᠢᠬᠤ ᠣᠷᠣᠨ ᠤ ᠨᠤᠷᠠᠬᠤ ᠠᠶᠤᠯ ᠲᠠᠢ ᠣᠷᠣᠨ ᠰᠠᠭᠤᠴᠠ ᠶᠢ ᠵᠠᠰᠠᠨ ᠥᠭᠡᠷᠡᠴᠢᠯᠡᠬᠦ ᠶᠢ ᠦᠷᠭᠦᠯᠵᠢᠯᠡ ᠨᠠᠶᠢᠳᠠᠪᠤᠷᠢᠵᠢᠭᠤᠯᠪᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠬᠥᠭᠵᠢᠯᠲᠡ ᠶᠢ ᠳᠡᠮᠵᠢᠵᠦ᠂ ᠲᠤᠰᠬᠠᠢ ᠲᠥᠷᠥᠯ ᠤᠨ ᠪᠡᠯᠡ ᠮᠥᠩᠭᠦ 1.8 ᠳ᠋ᠦᠩᠰᠢᠭᠤᠷ ᠲᠥᠭᠦᠷᠢᠭ ᠣᠷᠣᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠪᠠᠶᠢᠷᠢᠯᠠᠭᠤᠯᠤᠯᠲᠠ ᠲᠡᠩᠴᠡᠭᠦᠷᠢ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ 9.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠥᠭᠴᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠵᠠᠷᠤᠳᠠᠯ ᠤᠨ ᠣᠷᠤᠭᠤᠯᠤᠯᠲᠠ ᠪᠠ ᠪᠠᠭᠤᠷᠠᠢ ᠰᠤᠷᠭᠠᠭᠤᠯᠢ ᠶᠢ ᠰᠢᠨᠡᠳᠭᠡᠨ ᠵᠠᠰᠠᠬᠤ ᠢᠨᠵᠧᠨᠧᠷᠢᠩ ᠳᠠᠬᠢ ᠪᠡᠯᠡ ᠣᠷᠤᠭᠤᠯᠤᠯᠲᠠ ᠪᠠᠨ ᠨᠡᠮᠡᠭᠳᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢ ᠲᠠᠢ ᠬᠥᠭᠵᠢᠯᠲᠡ ᠶᠢ ᠠᠬᠢᠭᠤᠯᠪᠠ᠃ 3000 ᠲᠦᠮᠡᠨ ᠲᠥᠭᠦᠷᠢᠭ ᠪᠡᠯᠡ ᠮᠥᠩᠭᠦ ᠥᠭᠴᠦ᠂ ᠰᠢᠨ᠎ᠡ ᠬᠤᠲᠠ ᠲᠣᠭᠤᠷᠢᠭ ᠤᠨ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠪᠠᠶᠢᠭᠤᠯᠬᠤ ᠪᠠᠷ ᠪᠡᠯᠡᠳᠬᠡᠪᠡ᠃ 4811 ᠲᠦᠮᠡᠨ ᠲᠥᠭᠦᠷᠢᠭ ᠪᠡᠯᠡ ᠮᠥᠩᠭᠦ ᠪᠠᠭᠤᠯᠭᠠᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ 11.3 ᠲᠦᠮᠡᠨ ᠰᠤᠷᠤᠭᠴᠢᠳ ᠲᠤ ᠠᠰᠢᠭ ᠬᠦᠷᠲᠡᠭᠡᠪᠡ᠃ 1.2 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠭᠤᠣᠯᠳᠠᠭᠤ ᠳᠡᠭᠡᠳᠦ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠪᠠ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢ ᠳᠡᠮᠵᠢᠵᠦ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠲᠤᠰᠬᠠᠢ ᠲᠥᠷᠥᠯ ᠤᠨ ᠪᠡᠯᠡ ᠮᠥᠩᠭᠦ 2000 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠰᠢᠨ᠎ᠡ ᠪᠠᠷ ᠨᠡᠮᠡᠭᠳᠡᠬᠦ ᠮᠠᠰᠲ᠋ᠧᠷ ᠤᠨ ᠴᠡᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠪᠡ᠃ ᠡᠯ᠎ᠡ ᠲᠥᠷᠥᠯ ᠤᠨ ᠰᠤᠷᠭᠠᠨ ᠬᠥᠮᠥᠵᠢᠯ ᠤᠨ ᠳᠡᠮᠵᠢᠨ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠳᠦ ᠳᠤᠮᠳᠠᠳᠤ ᠶᠢᠨ ᠬᠤᠭᠤᠴᠠᠭᠠᠨ ᠳᠠᠬᠢ ᠪᠠ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠲᠡᠳᠬᠦᠮᠵᠢ ᠶᠢᠨ ᠮᠥᠩᠭᠦ 1.1 ᠳ᠋ᠦᠩᠰᠢᠭᠤᠷ ᠲᠥᠭᠦᠷᠢᠭ ᠥᠭᠴᠦ᠂ ᠶᠠᠳᠠᠭᠤ ᠬᠦᠴᠢᠷᠲᠡᠢ ᠭᠡᠷ ᠪᠦᠯᠢ ᠶᠢᠨ ᠰᠤᠷᠤᠭᠴᠢ ᠶᠢᠨ ᠰᠤᠷᠤᠯᠭ᠎ᠠ ᠪᠠᠨ ᠢᠯᠭᠤᠮ ᠲᠡᠭᠦᠰᠬᠦ ᠶᠢ ᠪᠠᠲᠤᠯᠠᠪᠠ ᠃ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ ᠨᠡᠮᠡᠭᠳᠡᠭᠦᠯᠪᠡ᠃ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠮᠵᠢᠶ᠎ᠡ ᠶᠢ ᠬᠦᠮᠦᠨ ᠪᠦᠷᠢ ᠲᠡᠭᠰᠢᠳᠬᠡᠭᠡᠳ ᠰᠠᠷ᠎ᠠ ᠪᠦᠷᠢ ᠲᠤᠰ ᠲᠤᠰ 63 ᠲᠦᠬᠦᠷᠢᠭ ᠪᠠ 51. 8 ᠲᠦᠬᠦᠷᠢᠭ ᠳᠡᠭᠡᠭᠰᠢᠯᠡᠭᠦᠯᠵᠦ᠂ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠨᠥᠬᠦᠪᠦᠷᠢ ᠮᠥᠩᠭᠦ 13.8 ᠳ᠋ᠦᠩᠰᠢᠭᠤᠷ ᠲᠥᠭᠦᠷᠢᠭ ᠪᠠᠭᠤᠯᠭᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠳᠡᠮᠵᠢᠵᠦ᠂ 4.8 ᠳ᠋ᠦᠩᠰᠢᠭᠤᠷ ᠲᠥᠭᠦᠷᠢᠭ ᠥᠭᠴᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠶᠡᠷᠦᠩᠬᠡᠢ ᠥᠭᠡᠷᠡᠴᠢᠯᠡᠯᠲᠡ᠂ ᠰᠤᠮᠤ ᠰᠢᠶᠠᠩ ᠪᠠᠯᠭᠠᠰᠤ ᠶᠢᠨ ᠡᠮᠨᠡᠯᠭᠡ ᠶᠢᠨ ᠬᠤᠷᠢᠶ᠎ᠠ ᠪᠠ ᠭᠠᠴᠠᠭ᠎ᠠ ᠲᠣᠰᠬᠤᠨ ᠤ ᠡᠮᠨᠡᠯᠭᠡ ᠶᠢᠨ ᠲᠠᠰᠤᠭ ᠤᠨ ᠨᠢᠭᠡ ᠴᠣᠭᠴᠠᠯᠠᠯᠲᠠ ᠶᠢᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠮ ᠡᠮᠨᠡᠯᠭᠡ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠪᠦᠷᠢ 490 ᠲᠥᠭᠦᠷᠢᠭ ᠪᠣᠯᠭᠠᠨ ᠳᠡᠭᠡᠭᠰᠢᠯᠡᠭᠦᠯᠪᠡ᠃ ᠲᠥᠯᠥᠪᠯᠡᠭᠡᠲᠦ ᠦᠷᠡᠵᠢᠯ ᠤᠨ ᠠᠵᠢᠯ ᠦᠢᠯᠡᠰ ᠤᠨ ᠨᠥᠬᠦᠪᠦᠷᠢ ᠮᠥᠩᠭᠦ 1.7 ᠳ᠋ᠦᠩᠰᠢᠭᠤᠷ ᠲᠥᠭᠦᠷᠢᠭ ᠪᠠᠭᠤᠯᠭᠠᠵᠤ᠂ ᠬᠥᠳᠡᠭᠡ ᠲᠣᠰᠬᠤᠨ ᠤ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠱᠠᠩᠨᠠᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠰᠣᠶᠣᠯ ᠢᠶᠠᠷ ᠠᠷᠠᠳ ᠢ ᠳᠤᠰᠠᠯᠠᠬᠤ ᠢᠨᠵᠧᠨᠧᠷᠢᠩ ᠢ ᠠᠬᠢᠭᠤᠯᠵᠤ᠂ 3126 ᠲᠦᠮᠡᠨ ᠲᠥᠭᠦᠷᠢᠭ ᠤᠨ ᠪᠡᠯᠡ ᠮᠥᠩᠭᠦ ᠥᠭᠴᠦ᠂ ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠨᠡᠶᠢᠳᠠ ᠶᠢᠨ ᠠᠰᠠᠷᠠᠮᠵᠢ ᠶᠢᠨ ᠴᠢᠨᠠᠷᠲᠠᠢ ᠰᠣᠶᠣᠯ ᠤᠨ ᠲᠦᠬᠦᠭᠡᠷᠦᠮᠵᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠵᠣᠷᠢᠬᠵᠢᠭᠤᠯᠪᠠ᠃ ᠤᠯᠠᠭᠠᠨᠮᠥ᠋ᠴᠢᠷ ᠤᠨ ᠲᠣᠭᠯᠠᠯᠲᠠ ᠶᠢᠨ ᠨᠥᠬᠦᠪᠦᠷᠢ 180 ᠲᠦᠮᠡᠨ ᠲᠥᠭᠦᠷᠢᠭ ᠥᠭᠴᠦ᠂ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠳᠡᠮᠵᠢᠪᠡ᠃        ︵ᠳᠥᠷᠪᠡ︶ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠰᠡᠷᠭᠦᠭᠡᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠲᠠᠷᠢᠶᠠᠯᠠᠩ ᠤᠨ ᠶᠡᠷᠦᠩᠬᠡᠢ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠬᠢᠵᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠨᠥᠬᠦᠪᠦᠷᠢ ᠮᠥᠩᠭᠦ 8.7 ᠳ᠋ᠦᠩᠰᠢᠭᠤᠷ ᠲᠥᠭᠦᠷᠢᠭ ᠪᠠᠭᠤᠯᠭᠠᠵᠤ᠂ ᠭᠠᠵᠠᠷ ᠤᠨ ᠥᠩ ᠰᠢᠮ᠎ᠡ ᠶᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠬᠦᠴᠦᠯᠡᠨ ᠴᠢᠩᠭᠠᠳᠬᠠᠪᠠ᠃ ᠭᠠᠵᠠᠷ ᠰᠢᠷᠣᠢ ᠶᠢᠨ ᠵᠠᠰᠠᠯᠲᠠ ᠶᠢᠨ ᠪᠡᠯᠡ ᠮᠥᠩᠭᠦ 1 ᠳ᠋ᠦᠩᠰᠢᠭᠤᠷ ᠲᠥᠭᠦᠷᠢᠭ ᠪᠠᠭᠤᠯᠭᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠵᠠᠰᠠᠯᠲᠠ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠲᠠᠷᠢᠶᠠᠯᠠᠩ ᠤᠨ ᠨᠥᠬᠦᠪᠦᠷᠢ ᠶᠢᠨ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠪᠠ᠂ ᠡᠷᠳᠡᠨᠢ ᠰᠢᠰᠢ ᠪᠠ ᠪᠤᠷᠴᠠᠭ ᠲᠠᠷᠢᠭᠰᠠᠳ ᠲᠤ ᠨᠥᠬᠦᠪᠦᠷᠢ ᠶᠢᠨ ᠮᠥᠩᠭᠦ 8.5 ᠳ᠋ᠦᠩᠰᠢᠭᠤᠷ ᠲᠥᠭᠦᠷᠢᠭ ᠂ ᠪᠡᠯᠴᠢᠭᠡᠷᠯᠡᠭᠦᠯᠬᠦ ᠶᠢ ᠵᠣᠭᠰᠣᠭᠠᠬᠤ ᠨᠥᠬᠦᠪᠦᠷᠢ ᠪᠠ ᠪᠡᠯᠴᠢᠭᠡᠷ ᠮᠠᠯ ᠤᠨ ᠲᠡᠩᠴᠡᠭᠦᠷᠢ ᠶᠢᠨ ᠱᠠᠩᠨᠠᠯ ᠤᠨ ᠪᠡᠯᠡ ᠮᠥᠩᠭᠦ 4.9 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠮᠠᠰᠢᠨ ᠬᠤᠳᠠᠯᠳᠤᠨ ᠠᠪᠤᠭᠰᠠᠨ ᠨᠥᠬᠦᠪᠦᠷᠢ 2.5 ᠳ᠋ᠦᠩᠰᠢᠭᠤᠷ ᠲᠥᠭᠦᠷᠢᠭ᠂ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠥᠬᠦᠪᠦᠷᠢ 3.8 ᠳ᠋ᠦᠩᠰᠢᠭᠤᠷ ᠲᠥᠭᠦᠷᠢᠭ ᠥᠭᠪᠡ᠃ ᠠᠮᠤ ᠪᠤᠳᠠᠭ᠎ᠠ ᠪᠠ ᠠᠮᠤ ᠲᠣᠰᠣᠨ ᠤ ᠭᠠᠷᠤᠯᠲᠠ ᠥᠨᠳᠥᠷ ᠰᠢᠶᠠᠨ ᠢ ᠱᠠᠩᠨᠠᠬᠤ ᠪᠠ ︽ᠴᠢᠨᠠᠷ ᠰᠠᠶᠢᠲᠠᠢ ᠠᠮᠤ ᠪᠤᠳᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠤᠨ ᠪᠡᠯᠡ ᠮᠥᠩᠭᠦ 3.9 ᠳ᠋ᠦᠩᠰᠢᠭᠤᠷ ᠲᠥᠭᠦᠷᠢᠭ ᠥᠭᠴᠦ᠂ ᠠᠮᠤ ᠪᠤᠳᠠᠭᠠᠨ ᠤ ᠤᠨᠤᠯᠲᠠ ᠬᠤᠷᠢᠶᠠᠯᠲᠠ ᠶᠢ ᠨᠡᠮᠡᠭᠳᠡᠭᠦᠯᠬᠦ ᠶᠢ ᠳᠡᠮᠵᠢᠪᠡ᠃ 8516 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠳᠠᠪᠠᠭᠤᠯᠢᠭ ᠣᠨᠴᠠᠯᠢᠭᠲᠠᠢ ᠪᠠᠶᠢᠭᠠᠯᠢᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠪᠣᠷᠣᠯᠠᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠳᠡᠮᠵᠢᠪᠡ᠃ ᠠᠮᠢᠳᠤ ᠭᠠᠭ᠋ᠠᠢ ︵ᠦᠬᠡᠷ ᠬᠤᠨᠢ︶ ᠶᠢᠨ ᠪᠤᠷᠤᠯᠠᠭᠤᠯᠭ᠎ᠠ ᠶᠡᠭᠡ ᠰᠢᠶᠠᠨ ᠢ ᠱᠠᠩᠨᠠᠬᠤ ᠪᠡᠯᠡ ᠮᠥᠩᠭᠦ 3301 ᠲᠦᠮᠡᠨ ᠲᠥᠭᠦᠷᠢᠭ ᠪᠠᠭᠤᠯᠭᠠᠵᠤ᠂ ᠭᠠᠭ᠋ᠠᠢ ︵ᠦᠬᠡᠷ ᠬᠤᠨᠢ︶ ᠶᠢᠨ ᠦᠢᠯᠡᠳᠪᠦᠷᠢᠯᠡᠯ ᠤᠨ ᠭᠦᠢᠯᠭᠡᠭᠡ ᠶᠢ ᠠᠬᠢᠭᠤᠯᠪᠠ᠃ ᠬᠥᠳᠡᠭᠡ ᠲᠣᠰᠬᠤᠨ ᠳᠤ ᠴᠠᠬᠢᠮ ᠬᠤᠳᠠᠯᠳᠤᠭ᠎ᠠ ᠶᠢ ᠣᠷᠣᠭᠤᠯᠬᠤ ᠵᠢᠱᠢᠶ᠎ᠡ ᠦᠵᠡᠭᠦᠯᠬᠦ ᠰᠢᠶᠠᠨ ᠤ ᠲᠤᠰᠬᠠᠢ ᠲᠥᠷᠥᠯ ᠤᠨ ᠪᠡᠯᠡ ᠮᠥᠩᠭᠦ 2500 ᠲᠦᠮᠡᠨ ᠲᠥᠭᠦᠷᠢᠭ ᠪᠠᠭᠤᠯᠭᠠᠵᠤ᠂ ᠬᠥᠳᠡᠭᠡ ᠲᠣᠰᠬᠤᠨ ᠤ ᠦᠢᠯᠡᠴᠢᠯᠡᠭᠡᠨ ᠤ ᠦᠢᠯᠡᠰ ᠢ ᠲᠦᠯᠬᠢᠨ ᠠᠬᠢᠭᠤᠯᠪᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠵᠦ᠂ 5810 ᠲᠦᠮᠡᠨ ᠲᠥᠭᠦᠷᠢᠭ ᠪᠡᠯᠡ ᠮᠥᠩᠭᠦ ᠪᠠᠭᠤᠯᠭᠠᠨ ᠥᠭᠴᠦ᠂ ︽ᠦᠵᠡᠰᠬᠦᠯᠡᠩ ᠬᠥᠳᠡᠭᠡ ᠲᠣᠰᠬᠤᠨ︾ ᠵᠢᠱᠢᠶ᠎ᠡ ᠦᠵᠡᠭᠦᠯᠬᠦ ᠲᠣᠰᠬᠤᠨ 35 ᠶᠢ ᠪᠠᠶᠢᠭᠤᠯᠪᠠ᠃ 2400 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ︽ᠬᠤᠩᠱᠠᠨ ᠬᠥᠳᠡᠭᠡ ᠶᠢᠨ ᠶᠡᠷᠦᠩᠬᠡᠢ ᠴᠣᠭᠴᠠ︾᠂ ︽ᠳᠤᠮᠳᠠᠳᠤ ᠤᠯᠤᠰ ᠤᠨ ᠡᠪᠡᠰᠦᠨ ᠨᠤᠲᠤᠭ ᠬᠥᠳᠡᠭᠡ ᠶᠢᠨ ᠶᠡᠷᠦᠩᠬᠡᠢ ᠴᠣᠭᠴᠠ︾ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠷᠰᠢᠯᠲᠠ ᠶᠢᠨ ᠴᠡᠭ ᠪᠠ 3 ᠬᠤᠲᠠ ᠶᠢᠨ ᠳᠡᠰ ᠤᠨ ᠬᠥᠳᠡᠭᠡ ᠶᠢᠨ ᠶᠡᠷᠦᠩᠬᠡᠢ ᠴᠣᠭᠴᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠪᠠ᠃ ᠱᠠᠩᠨᠠᠯ ᠨᠥᠬᠦᠪᠦᠷᠢ ᠶᠢᠨ ᠪᠡᠯᠡ ᠮᠥᠩᠭᠦ 6519 ᠲᠦᠮᠡᠨ ᠲᠥᠭᠦᠷᠢᠭ ᠴᠢᠷᠮᠠᠶᠢᠨ ᠣᠯᠵᠤ᠂ 7 ᠬᠤᠰᠢᠭᠤ ᠰᠢᠶᠠᠨ ᠳᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠳᠡᠮᠵᠢᠬᠦ ᠲᠤᠷᠰᠢᠯᠲᠠ ᠶᠢᠨ ᠴᠡᠭ ᠢ ᠬᠢᠬᠦ ᠶᠢ ᠳᠡᠮᠵᠢᠪᠡ᠃ 1.5 ᠳ᠋ᠦᠩᠰᠢᠭᠤᠷ ᠤᠨ ᠪᠡᠯᠡ ᠮᠥᠩᠭᠦ ᠪᠠᠭᠤᠯᠭᠠᠵᠤ᠂ ᠨᠢᠭᠡ ᠤᠴᠢᠷ ᠢ ᠨᠢᠭᠡ ᠵᠥᠪᠳᠡᠬᠦ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠢ ᠠᠬᠢᠭᠤᠯᠪᠠ᠃ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠢ ᠠᠬᠢᠭᠤᠯᠵᠤ᠂ 5124 ᠲᠦᠮᠡᠨ ᠲᠥᠭᠦᠷᠢᠭ ᠤᠨ ᠪᠡᠯᠡ ᠮᠥᠩᠭᠦ ᠥᠭᠴᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠢᠭᠯᠡᠯ ᠲᠠᠢ ᠨᠥᠬᠦᠪᠦᠷᠢ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠵᠢᠭᠡᠯᠡᠯᠭᠡ ᠶᠢᠨ ᠨᠡᠮᠡᠭᠳᠡᠯ ᠤᠨ ᠱᠠᠩᠨᠠᠯ ᠳᠤ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ︽ᠭᠤᠷᠪᠠᠨ ᠲᠠᠷᠢᠶᠠᠯᠠᠩ ᠮᠠᠯᠵᠢᠯ︾  ᠤᠨ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠪᠡ᠃ ᠤᠯᠠᠭᠠᠨᠬᠠᠳᠠ ᠬᠤᠲᠠ ᠶᠢᠨ ᠬᠤᠩ ᠳ᠋ᠧ ᠲᠠᠷᠢᠶᠠᠯᠠᠩ ᠮᠠᠯ ᠠᠵᠤ ᠠᠬᠤᠢ ᠶᠢᠨ ᠳᠠᠭᠠᠭᠠᠯᠲᠠ ᠶᠢᠨ ᠺᠣᠮᠫᠠᠨᠢ ᠳᠤ 5000 ᠲᠦᠮᠡᠨ ᠲᠥᠭᠦᠷᠢᠭ ᠨᠡᠮᠡᠵᠦ᠂ ᠳᠠᠭᠠᠭᠠᠯᠲᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠬᠤᠷᠠᠮᠳᠤᠭᠤᠯᠬᠤ ᠳᠤ ᠬᠦᠴᠢᠷ᠂ ᠪᠡᠯᠡ ᠬᠤᠷᠠᠮᠳᠤᠭᠤᠯᠬᠤ ᠳᠤ ᠦᠨᠡᠲᠡᠢ ᠠᠰᠠᠭᠤᠳᠠᠯ ᠢ ᠰᠢᠢᠳᠪᠦᠷᠢᠯᠡᠪᠡ᠃        ︵ᠲᠠᠪᠤ︶ ᠡᠳ᠋ ᠤᠨ ᠵᠠᠰᠠᠭ ᠤᠨ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ᠃ ︽ᠤᠯᠠᠭᠠᠨᠬᠠᠳᠠ ᠬᠤᠲᠠ ᠶᠢᠨ ᠳᠣᠷᠣᠭᠰᠢ ᠲᠤᠰᠬᠠᠢ ᠲᠥᠷᠥᠯ ᠢᠶᠠᠷ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠷᠭ᠎ᠠ︾᠂ ︽ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠤᠰᠬᠠᠢ ᠲᠥᠷᠥᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠤᠰᠬᠠᠢ ᠲᠥᠷᠥᠯ ᠤᠨ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠯᠲᠡ ᠶᠢᠨ ᠳᠦᠷᠢᠮᠵᠢᠯᠡᠯ ᠴᠢᠨᠠᠷ᠂ ᠠᠮᠤᠷ ᠲᠦᠪᠰᠢᠨ ᠴᠢᠨᠠᠷ ᠪᠠ ᠦᠷ᠎ᠡ ᠠᠰᠢᠭᠲᠤ ᠴᠢᠨᠠᠷ ᠢ ᠳᠡᠭᠡᠭᠰᠢᠯᠡᠭᠦᠯᠪᠡ᠃ ᠡᠳ᠋ ᠤᠨ ᠵᠠᠰᠠᠭ ᠤᠨ ᠶᠠᠮᠤᠨ ᠤ 2018 ᠣᠨ ᠤ ᠰᠢᠶᠠᠨ ᠤ ᠳᠡᠰ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠶᠢ ᠶᠡᠷᠦᠩᠬᠡᠶᠢᠯᠡᠨ ᠦᠨᠡᠯᠡᠭᠰᠡᠨ ᠦᠷ᠎ᠡ ᠳ᠋ᠦᠩ ᠢ ᠦᠨᠳᠦᠰᠦᠯᠡᠪᠡᠯ᠂ ᠣᠩᠨᠢᠭᠤᠳ ᠬᠤᠰᠢᠭᠤ ᠪᠦᠬᠦ ᠤᠯᠤᠰ ᠤᠨ ᠰᠢᠶᠠᠨ ᠤ ᠳᠡᠰ ᠲᠤ 142 ᠨᠡᠷ᠎ᠡ ᠳᠤ ᠣᠷᠣᠵᠤ᠂ ᠪᠠᠷᠠᠭᠤᠨ ᠬᠡᠰᠡᠭ ᠭᠠᠵᠠᠷ ᠣᠷᠣᠨ ᠳᠤ 37 ᠳ᠋ᠤᠭᠠᠷ ᠲᠤ ᠣᠷᠣᠵᠤ᠂ ᠰᠢᠶᠠᠨ ᠤ ᠳᠡᠰ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠮᠵᠢᠯᠲᠠ ᠪᠦᠲᠦᠮᠵᠢ ᠶᠢᠨ ᠱᠠᠩᠨᠠᠯ ᠤᠨ ᠮᠥᠩᠭᠦ 500 ᠲᠦᠮᠡᠨ ᠲᠥᠭᠦᠷᠢᠭ ᠬᠦᠷᠲᠡᠪᠡ᠃ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠶᠢ ᠡᠯᠧᠺᠲᠷᠣᠨᠴᠢᠯᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ ᠬᠤᠲᠠ ᠶᠢᠨ ᠲᠤᠰ ᠱᠠᠲᠤ ᠪᠠ 5 ᠬᠤᠰᠢᠭᠤ ᠰᠢᠶᠠᠨ ᠲᠣᠭᠤᠷᠢᠭ ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠂ ᠵᠣᠭᠤᠰ ᠪᠠᠭᠤᠯᠭᠠᠬᠤ ᠭᠠᠷ ᠭᠦᠢᠴᠡᠳᠬᠡᠯ ᠤᠯᠠᠮ ᠲᠥᠬᠦᠮ ᠪᠣᠯᠵᠤ᠂ ᠥᠭᠬᠦ ᠪᠠᠷᠢᠮᠲᠠ ᠶᠢ ᠰᠦᠯᠵᠢᠶᠡᠨ ᠳᠡᠭᠡᠷ᠎ᠡ ᠳᠠᠮᠵᠢᠭᠤᠯᠬᠤ ᠂ ᠲᠥᠰᠥᠪ ᠤᠨ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠲᠠᠨ ᠤ ︽ᠨᠢᠭᠡᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠡᠷᠭᠢᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠥᠭᠬᠦ ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷ ᠭᠦᠢᠴᠡᠳᠬᠡᠯ ᠢ ᠳᠥᠭᠦᠮᠴᠢᠯᠡᠵᠦ᠂ ᠤᠤᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠨ ᠵᠥᠪᠰᠢᠶᠡᠷᠡᠬᠦ ᠳᠦᠷᠢᠮ ᠢ ᠳᠠᠩᠰᠠᠯᠠᠭᠤᠯᠬᠤ ᠳᠦᠷᠢᠮ ᠪᠣᠯᠭᠠᠨ ᠬᠤᠪᠢᠷᠠᠭᠤᠯᠵᠤ᠂ ᠬᠤᠳᠠᠯᠳᠤᠨ ᠠᠪᠤᠭᠴᠢ ᠳᠤ ᠨᠡᠩ ᠣᠯᠠᠨ ᠥᠪᠡᠷ ᠢᠶᠠᠨ ᠡᠵᠡᠨ ᠮᠡᠳᠡᠬᠦ ᠡᠷᠬᠡ ᠥᠭᠴᠦ᠂ ᠠᠵᠢᠯ ᠤᠨ ᠭᠤᠣᠯᠳᠠᠯᠭ᠎ᠠ ᠪᠠᠨ ᠠᠵᠢᠯᠯᠠᠭ᠎ᠠ ᠶᠢᠨ ᠡᠮᠦᠨ᠎ᠡ ᠬᠢᠨᠠᠨ ᠵᠥᠪᠰᠢᠶᠡᠷᠡᠭᠦᠯᠬᠦ ᠠᠴᠠ ᠠᠵᠢᠯᠯᠠᠭ᠎ᠠ ᠶᠢᠨ ᠳᠤᠮᠳᠠ ᠠᠵᠢᠯᠯᠠᠭ᠎ᠠ ᠶᠢᠨ ᠬᠤᠢᠨ᠎ᠠ ᠬᠢᠨᠠᠨ ᠬᠠᠮᠢᠶᠠᠷᠬᠤ ᠪᠣᠯᠭᠠᠵᠠᠢ᠃ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠤᠨᠵᠢᠭᠤᠯᠤᠭᠰᠠᠨ ᠲᠠᠪᠴᠠᠩ ᠢ ᠪᠦᠲᠦᠭᠡᠨ ᠪᠠᠶᠢᠭᠤᠯᠵᠤ᠂ ︽ᠨᠢᠭᠡ ᠰᠦᠯᠵᠢᠶᠡᠨ ᠳᠤ ᠠᠳᠠᠯᠢᠬᠠᠨ ᠭᠦᠢᠴᠡᠳᠬᠡᠬᠦ︾ ᠶᠢ ᠪᠡᠶᠡᠯᠡᠭᠦᠯᠵᠦ᠂ ᠴᠢᠬᠤᠯᠠ ᠦᠭᠡᠢ ᠲᠤᠬᠠᠢᠢᠯᠠᠭᠰᠠᠨ ᠠᠵᠢᠯ ᠤᠨ ᠴᠤᠪᠤᠷᠠᠯ ᠢ 6 ᠲᠥᠷᠥᠯ ᠬᠠᠰᠤᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ ᠶᠢ ᠡᠬᠢᠯᠡᠨ ᠪᠦᠲᠦᠭᠡᠨ ᠪᠠᠶᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠪᠠ᠃ ᠵᠠᠰᠠᠭ ᠤᠨ ᠣᠷᠳᠣᠨ ᠤ ᠨᠡᠶᠢᠭᠡᠮ ᠨᠡᠶᠢᠳᠠ ᠶᠢᠨ ᠪᠠᠭᠤᠯᠭᠠᠨ ᠥᠭᠬᠦ ᠲᠠᠪᠴᠠᠩ ᠢ ᠪᠦᠲᠦᠭᠡᠨ ᠪᠠᠶᠢᠭᠤᠯᠵᠤ᠂ ᠠᠵᠤ  ᠠᠬᠤᠶᠢᠯᠠᠯ ᠪᠠ ᠣᠯᠠᠨ ᠲᠦᠮᠡᠨ ᠤ ᠲᠤᠰᠢᠶᠠᠭᠰᠠᠨ ᠵᠠᠰᠠᠭ ᠤᠨ ᠣᠷᠳᠣᠨ ᠤ ᠪᠤᠰᠤ ᠭᠠᠶᠢᠯᠢ ᠶᠢᠨ ᠣᠷᠣᠯᠭ᠎ᠠ ᠵᠡᠷᠭᠡ ᠵᠦᠢᠯ ᠤᠳ ᠤᠨ ᠨᠢᠭᠡ ᠥᠷᠲᠡᠭᠡ ᠬᠡᠯᠪᠡᠷᠢ ᠪᠠᠷ ᠰᠦᠯᠵᠢᠶᠡᠨ ᠳᠡᠭᠡᠷ᠎ᠡ ᠦᠢᠯᠡᠴᠢᠯᠡᠬᠦ᠂ ᠸᠢᠴᠡᠲ ᠢ ᠳᠡᠮᠵᠢᠬᠦ᠂ ᠰᠦᠯᠵᠢᠶᠡᠨ ᠲᠣᠭᠠᠴᠠᠯᠠᠭᠤᠷ᠂ ᠪᠠᠩᠬᠢ ᠶᠢᠨ ᠬᠤᠯᠪᠣᠭ᠎ᠠ᠂ pos ᠮᠠᠰᠢᠨ ᠵᠡᠷᠭᠡ ᠪᠡᠯᠡ ᠮᠥᠩᠭᠦ ᠥᠭᠬᠦ ᠠᠷᠭ᠎ᠠ ᠵᠠᠮ ᠢ ᠬᠠᠩᠭᠠᠵᠤ᠂ ᠵᠠᠰᠠᠭ ᠤᠨ ᠣᠷᠳᠣᠨ ᠤ ᠨᠡᠶᠢᠭᠡᠮ ᠨᠡᠶᠢᠳᠠ ᠶᠢᠨ ᠪᠠᠭᠤᠯᠭᠠᠨ ᠥᠭᠬᠦ ᠲᠠᠪᠴᠠᠩ ᠤᠨ ᠰᠤᠷᠭᠠᠨ ᠬᠥᠮᠥᠵᠢᠯ ᠤᠨ ᠰᠦᠢᠳᠬᠡᠯ ᠲᠤᠰᠢᠶᠠᠬᠤ ᠴᠢᠳᠠᠪᠤᠷᠢ ᠨᠢᠭᠡᠨᠲᠡ ᠰᠦᠯᠵᠢᠶᠡᠨ ᠳᠡᠭᠡᠷ᠎ᠡ ᠶᠠᠪᠤᠭᠳᠠᠪᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠶᠢᠨ ᠬᠦᠴᠦᠨ ᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠲᠣᠰᠣᠨ ᠬᠦᠯᠢᠶᠡᠵᠦ᠂ ᠵᠠᠰᠠᠭ ᠤᠨ ᠣᠷᠳᠣᠨ ᠪᠠ ᠨᠡᠶᠢᠭᠡᠮ ᠤᠨ ᠡᠬᠢ ᠪᠠᠶᠠᠯᠢᠭ ᠤᠨ ᠵᠣᠬᠢᠴᠠᠩᠭᠤᠢ ᠬᠤᠪᠢᠶᠠᠷᠢᠯᠠᠯᠲᠠ ᠶᠢ ᠠᠬᠢᠭᠤᠯᠪᠠ᠃ ᠬᠤᠲᠠ ᠶᠢᠨ ᠲᠤᠰ ᠱᠠᠲᠤᠨ ᠤ ᠬᠤᠳᠠᠯᠳᠤᠨ ᠠᠪᠬᠤ ᠲᠥᠷᠥᠯ ᠵᠦᠢᠯ 4 ᠨᠡᠮᠡᠭᠳᠡᠪᠡ᠃        ᠶᠡᠷᠦᠩᠬᠡᠢ ᠳ᠋ᠦᠨᠢ ᠦᠵᠡᠪᠡᠯ᠂ 2018 ᠣᠨ ᠤ ᠪᠦᠬᠦ ᠬᠤᠲᠠ ᠶᠢᠨ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠭᠰᠡᠨ ᠪᠠᠶᠢᠳᠠᠯ ᠨᠡᠯᠢᠶᠡᠳ ᠰᠠᠶᠢᠨ᠂ ᠡᠩ ᠤᠨ ᠣᠯᠠᠨ ᠨᠡᠶᠢᠳᠠ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠨᠡᠯᠢᠶᠡᠳ ᠬᠤᠷᠳᠤᠨ᠂ ᠡᠩ ᠤᠨ ᠣᠯᠠᠨ ᠨᠡᠶᠢᠳᠠ ᠶᠢᠨ ᠲᠥᠰᠥᠪ ᠤᠨ ᠵᠠᠷᠤᠯᠭ᠎ᠠ ᠯᠠᠪᠳᠠᠭᠤᠨ ᠢᠶᠠᠷ ᠨᠡᠮᠡᠭᠳᠡᠬᠦ ᠶᠢ ᠪᠠᠲᠤᠯᠠᠵᠤ᠂ ᠡᠯ᠎ᠡ ᠲᠥᠷᠥᠯ ᠤᠨ ᠭᠤᠣᠯᠳᠠᠯᠭ᠎ᠠ ᠲᠠᠢ ᠵᠠᠷᠤᠯᠭ᠎ᠠ ᠶᠢ ᠪᠦᠲᠦᠮᠵᠢᠲᠡᠢ ᠪᠠᠲᠤᠯᠠᠵᠤ᠂ ᠪᠦᠬᠦ ᠬᠤᠲᠠ ᠶᠢᠨ ᠡᠯ᠎ᠡ ᠲᠥᠷᠥᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠪᠠ᠃ ᠭᠡᠪᠡᠴᠦ ᠪᠢᠳᠡ ᠪᠠᠰᠠ ᠡᠳ᠋ ᠤᠨ ᠵᠠᠰᠠᠭ ᠤᠨ ᠠᠵᠢᠯᠯᠠᠭ᠎ᠠ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠵᠤ ᠣᠯᠪᠠ᠄ ᠨᠢᠭᠡ ᠳᠤ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠳᠠᠷᠤᠭᠠᠰᠤ ᠶᠡᠭᠡ᠃ ᠤᠯᠤᠰ ᠤᠨ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠣᠯᠠᠨᠲᠠ ᠭᠠᠷᠴᠤ᠂ ᠲᠥᠷᠥ ᠶᠢᠨ ᠪᠣᠳᠣᠯᠭ᠎ᠠ ᠶᠢᠨ ᠨᠥᠯᠥᠭᠡ ᠤᠯᠠᠮ ᠢᠶᠠᠷ ᠲᠤᠪᠤᠶᠢᠪᠠ᠃ ᠲᠥᠷᠥ ᠶᠢᠨ ᠪᠣᠳᠣᠯᠭ᠎ᠠ ᠶᠢᠨ ᠨᠥᠯᠥᠭᠡ ᠪᠠᠷ ᠭᠡᠷ ᠭᠠᠵᠠᠷ ᠬᠥᠷᠥᠩᠭᠡ ᠠᠴᠠ ᠲᠠᠲᠠᠪᠤᠷᠢᠯᠠᠬᠤ ᠭᠠᠶᠢᠯᠢ ᠶᠢᠨ ᠬᠡᠪᠴᠢᠶ᠎ᠡ ᠤᠯᠠᠮ ᠢᠶᠠᠷ ᠪᠠᠭᠤᠷᠠᠪᠠ᠃ ᠬᠤᠶᠠᠷ ᠲᠤ᠂ ᠭᠠᠶᠢᠯᠢ ᠶᠢᠨ ᠢᠷᠡᠯᠲᠡ ᠶᠢᠨ ᠪᠦᠲᠦᠴᠡ ᠨᠡᠯᠢᠶᠡᠳ ᠳᠠᠩ ᠴᠤᠯᠭᠤᠢ᠃ ᠮᠠᠨ ᠤ ᠬᠤᠲᠠ ᠶᠢᠨ ᠭᠠᠶᠢᠯᠢ ᠶᠢᠨ ᠣᠷᠣᠯᠭ᠎ᠠ ᠶᠢᠨ ᠲᠤᠯᠭᠠᠭᠤᠷᠢ ᠠᠵᠤ ᠦᠢᠯᠡᠰ ᠭᠤᠣᠯᠳᠠᠭᠤ ᠨᠡᠭᠦᠷᠡᠰᠦ᠂ ᠥᠩᠭᠡᠲᠦ ᠲᠡᠮᠦᠷᠯᠢᠭ ᠪᠠ ᠭᠡᠷ ᠭᠠᠵᠠᠷ ᠬᠥᠷᠥᠩᠭᠡ ᠪᠠᠶᠢᠵᠤ᠂ ᠡᠳᠡᠭᠡᠷ ᠠᠵᠢᠯ ᠲᠥᠷᠥᠯ ᠨᠢ ᠦᠨ᠎ᠡ ᠬᠠᠩᠰᠢ ᠶᠢᠨ ᠬᠤᠪᠢᠷᠠᠯᠲᠠ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠨᠥᠯᠥᠭᠡ ᠶᠢ ᠠᠮᠠᠷᠬᠠᠨ ᠬᠦᠷᠲᠡᠵᠦ᠂ ᠭᠠᠶᠢᠯᠢ ᠶᠢᠨ ᠣᠷᠣᠯᠭ᠎ᠠ ᠶᠢᠨ ᠬᠡᠯᠪᠡᠯᠵᠡᠯᠲᠡ ᠨᠡᠯᠢᠶᠡᠳ ᠶᠡᠭᠡ᠃ ᠡᠭᠦᠨ ᠤ ᠵᠡᠷᠭᠡᠪᠡᠷ᠂ ᠭᠠᠶᠢᠯᠢ ᠶᠢᠨ ᠢᠷᠡᠯᠲᠡ ᠶᠢᠨ ᠲᠠᠷᠬᠠᠯᠲᠠ ᠲᠡᠩᠴᠡᠭᠦᠷᠢ ᠦᠭᠡᠢ᠂ ᠭᠠᠶᠢᠯᠢ ᠬᠤᠷᠢᠶᠠᠬᠤ ᠰᠢᠨ᠎ᠡ ᠨᠡᠮᠡᠭᠳᠡᠯ ᠤᠨ ᠴᠡᠭ ᠳᠤᠲᠠᠭᠳᠠᠵᠤ᠂ ᠭᠠᠶᠢᠯᠢ ᠶᠢᠨ ᠣᠷᠣᠯᠭ᠎ᠠ ᠨᠢ ᠲᠣᠭᠲᠠᠭᠤᠨ ᠢᠶᠠᠷ ᠪᠠᠭᠤᠷᠠᠢ᠃ ᠭᠤᠷᠪᠠ ᠳᠤ ᠂ ᠡᠳ᠋ ᠤᠨ ᠵᠠᠰᠠᠭ ᠤᠨ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ᠃ ᠪᠦᠬᠦ ᠬᠤᠲᠠ ᠳᠤ ︽ᠭᠤᠷᠪᠠᠨ ᠪᠠᠲᠤᠯᠠᠭ᠎ᠠ︾ ᠵᠡᠷᠭᠡ ᠵᠠᠶᠢᠯᠠᠰᠢ ᠦᠭᠡᠢ ᠵᠠᠷᠤᠯᠭ᠎ᠠ ᠦᠷᠭᠦᠯᠵᠢᠯᠡᠨ ᠨᠡᠮᠡᠭᠳᠡᠵᠦ᠂ ᠡᠳ᠋ ᠤᠨ ᠬᠦᠴᠦᠨ ᠢᠶᠠᠨ ᠲᠥᠪᠯᠡᠷᠡᠭᠦᠯᠵᠦ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠳᠡᠮᠵᠢᠬᠦ ᠪᠠᠶᠢᠳᠠᠯ ᠳᠣᠣᠷ᠎ᠠ ᠂ ᠪᠠᠰᠠ ᠠᠷᠠᠳ ᠤᠨ ᠠᠮᠢᠳᠤᠷᠠᠯ ᠤᠨ ᠴᠢᠬᠤᠯᠠ ᠶᠡᠭᠡ ᠲᠥᠷᠥᠯ ᠵᠦᠢᠯ ᠤᠨ ᠵᠠᠷᠤᠯᠭ᠎ᠠ ᠶᠢ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠴᠤᠭᠯᠠᠭᠤᠯᠬᠤ ᠬᠦᠴᠢᠷᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠳᠥᠷᠪᠡ ᠳᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠣᠮᠳᠣᠭᠠᠢᠢᠯᠠᠵᠤ ᠪᠣᠯᠣᠰᠢ ᠦᠭᠡᠢ᠃ ᠡᠩ ᠤᠨ ᠣᠯᠠᠨ ᠨᠡᠶᠢᠳᠠ ᠶᠢᠨ ᠲᠥᠰᠥᠪ ᠤᠨ ᠣᠷᠣᠯᠭ᠎ᠠ ᠶᠢᠨ ᠨᠡᠮᠡᠭᠳᠡᠯ ᠤᠳᠠᠭᠠᠰᠢᠷᠠᠵᠤ᠂ ᠭᠠᠵᠠᠷ ᠰᠢᠷᠣᠢ ᠶᠢ ᠬᠤᠳᠠᠯᠳᠤᠬᠤ ᠣᠷᠣᠯᠭ᠎ᠠ ᠲᠣᠭᠲᠠᠪᠤᠷᠢ ᠦᠭᠡᠢ ᠴᠢᠨᠠᠷ ᠶᠡᠭᠡ᠂ ᠵᠠᠰᠠᠭ ᠤᠨ ᠣᠷᠳᠣᠨ ᠤ ᠥᠷᠢ ᠥᠭᠴᠡᠭᠡ ᠪᠤᠴᠠᠭᠠᠬᠤ ᠣᠷᠬᠢᠯ ᠬᠤᠭᠤᠴᠠᠭᠠᠨ ᠳᠤ ᠣᠷᠣᠵᠤ᠂ ᠨᠡᠩ ᠢᠯᠠᠩᠭᠤᠶ᠎ᠠ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢᠨ ᠵᠢᠭᠡᠯᠡᠭᠰᠡᠨ ᠭᠤᠣᠯ ᠴᠣᠭᠴᠠ ᠶᠢᠨ ᠲᠤᠰ ᠪᠡᠶ᠎ᠡ ᠶᠢᠨ ᠵᠣᠭᠤᠰ ᠣᠯᠬᠤ ᠴᠢᠳᠠᠪᠤᠷᠢ ᠨᠢ ᠪᠠᠭᠤᠷᠢ᠂ ᠵᠠᠰᠠᠭ ᠤᠨ ᠣᠷᠳᠣᠨ ᠤ ᠥᠷᠢ ᠥᠭᠴᠡᠭᠡ ᠨᠠᠮᠳᠠᠭᠠᠬᠤ ᠳᠠᠷᠤᠯᠲᠠ ᠲᠠᠰᠤᠷᠠᠯ ᠦᠭᠡᠢ ᠶᠡᠬᠡᠰᠴᠡᠢ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号