ᠤᠯᠠᠭᠠᠨᠬᠠᠳᠠ ᠬᠤᠳᠠ ᠶᠢᠨ 2018 ᠣᠨ ᠤ ᠡᠳ᠋ ᠤᠨ ᠵᠠᠰᠠᠭ ᠤᠨ ᠲᠥᠰᠥᠪ ᠢ ᠬᠦᠢᠴᠡᠳᠬᠡᠭᠰᠡᠨ ᠪᠠᠶᠢᠳᠠᠯ  ︵ᠨᠢᠭᠡ︶
ᠨᠡᠶᠢᠲᠡᠯᠡᠭᠰᠡᠨ ᠴᠠᠭ᠄
2019-01-24
ᠤᠯᠠᠭᠠᠨᠬᠠᠳᠠ ᠬᠤᠳᠠ ᠶᠢᠨ 2018 ᠣᠨ ᠤ ᠡᠳ᠋ ᠤᠨ ᠵᠠᠰᠠᠭ ᠤᠨ ᠲᠥᠰᠥᠪ ᠢ ᠬᠦᠢᠴᠡᠳᠬᠡᠭᠰᠡᠨ ᠪᠠᠶᠢᠳᠠᠯ ᠪᠠ 2019 ᠣᠨ ᠤ ᠡᠳ᠋ ᠤᠨ ᠵᠠᠰᠠᠭ ᠤᠨ ᠲᠥᠰᠥᠪ ᠤᠨ ᠳᠥᠰᠥᠯ ᠤᠨ ᠳᠣᠬᠠᠢ ᠮᠡᠳᠡᠭᠦᠯᠦᠯᠳᠡ ︵ᠨᠢᠭᠡ︶2019 ᠣᠨ ᠤ 1 ᠰᠠᠷ᠎ᠠ ᠶᠢᠨ 11 ᠤ ᠡᠳᠦᠷ ᠤᠯᠠᠭᠠᠨᠬᠠᠳᠠ ᠬᠤᠳᠠ ᠶᠢᠨ ᠳᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ ᠤᠯᠠᠭᠠᠨᠬᠠᠳᠡ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ ᠲᠦᠯᠥᠭᠡᠯᠡᠭᠴᠢᠳ ᠡ᠄        ᠬᠤᠳᠠ ᠶᠢᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠡᠳᠦᠭᠡ 2018 ᠣᠨ ᠤ ᠡᠳ᠋ ᠤᠨ ᠵᠠᠰᠠᠭ ᠤᠨ ᠲᠥᠰᠥᠪ ᠢ ᠬᠦᠢᠴᠡᠳᠬᠡᠭᠰᠡᠨ ᠪᠠᠶᠢᠳᠠᠯ ᠪᠠ 2019 ᠣᠨ ᠤ ᠡᠳ᠋ ᠤᠨ ᠵᠠᠰᠠᠭ ᠤᠨ ᠲᠥᠰᠥᠪ ᠤᠨ ᠲᠦᠰᠦᠯ ᠢ ᠲᠤᠰ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠥᠪᠯᠡᠭᠦᠯᠦᠶ᠎ᠡ᠂ ᠲᠡᠷᠡᠴᠢᠯᠡᠨ ᠬᠤᠳᠠ ᠶᠢᠨ ᠤᠯᠤᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠣ᠃        ᠨᠢᠭᠡ᠂ 2018 ᠣᠨ ᠤ ᠪᠦᠬᠦ ᠬᠤᠳᠠ ᠶᠢᠨ ᠵᠢᠴᠢ ᠬᠤᠳᠠ ᠶᠢᠨ ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠢ ᠬᠦᠢᠴᠡᠳᠬᠡᠭᠰᠡᠨ ᠪᠠᠶᠢᠳᠠᠯ        2018 ᠣᠨ ᠳᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠨᠢ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠬᠤᠯᠪᠤᠭᠳᠠᠯ ᠪᠦᠬᠦᠢ ᠰᠢᠢᠳᠪᠦᠷᠢ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠡᠳ᠋ ᠤᠨ ᠵᠠᠰᠠᠭ ᠤᠨ ᠣᠷᠣᠯᠭ᠎ᠠ ᠶᠢ ᠵᠣᠬᠢᠶᠠᠨ ᠪᠠᠶᠢᠭᠤᠯᠵᠤ᠂ ᠴᠢᠬᠤᠯᠠ ᠬᠦᠷᠢᠶ᠎ᠡ ᠬᠡᠪᠴᠢᠶᠡᠨ ᠤ ᠵᠠᠷᠤᠯᠭ᠎ᠠ ᠶᠢ ᠪᠦᠬᠦ ᠬᠦᠴᠦᠨ ᠢᠶᠠᠷ ᠪᠠᠲᠤᠯᠠᠵᠤ᠂ ᠡᠳ᠋ ᠤᠨ ᠵᠠᠰᠠᠭ ᠤᠨ ᠲᠥᠰᠥᠪ ᠢ ᠭᠦᠢᠴᠡᠳᠬᠡᠬᠦ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠶᠡᠷᠦᠩᠬᠡᠢ ᠳᠡᠭᠡᠨ ᠨᠡᠯᠢᠶᠡᠳ ᠰᠠᠶᠢᠨ ᠪᠣᠯᠵᠠᠢ᠃        ︵ᠨᠢᠭᠡ︶ ᠪᠦᠬᠦ ᠬᠤᠳᠠ ᠶᠢᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ        1. ᠡᠩ ᠤᠨ ᠤᠯᠠᠨ ᠨᠡᠶᠢᠲᠡ ᠶᠢᠨ ᠲᠦᠰᠦᠪ ᠢ ᠭᠦᠢᠴᠡᠳᠭᠡᠭᠰᠡᠨ ᠪᠠᠶᠢᠳᠠᠯ        ᠪᠦᠬᠦ ᠬᠤᠲᠠ ᠶᠢᠨ ᠡᠩ ᠤᠨ ᠣᠯᠠᠨ ᠨᠡᠶᠢᠳᠠ ᠶᠢᠨ ᠲᠥᠰᠥᠪ ᠤᠨ ᠣᠷᠣᠯᠭ᠎ᠠ 108.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠲᠥᠰᠥᠪ ᠢᠶᠠᠨ 101.4% ᠪᠠᠷ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 7.6 ᠳ᠋ᠦᠩᠰᠢᠭᠤᠷ ᠲᠥᠭᠦᠷᠢᠭ ᠨᠡᠮᠡᠭᠳᠡᠵᠦ᠂ 7.5% ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 78.9 ᠳ᠋ᠦᠩᠰᠢᠭᠤᠷ ᠲᠥᠭᠦᠷᠢᠭ᠂ ᠲᠦᠷᠦᠭᠦᠦ ᠵᠢᠯ ᠤᠨ ᠬᠢ ᠠᠴᠠ 6.3 ᠳ᠋ᠦᠩᠰᠢᠭᠤᠷ ᠲᠥᠭᠦᠷᠢᠭ ᠨᠡᠮᠡᠭᠳᠡᠵᠦ᠂ 8.7% ᠪᠠᠷ ᠨᠡᠮᠡᠭᠳᠡᠪᠡ᠃ ᠭᠠᠶᠢᠯᠢ ᠶᠢᠨ ᠪᠤᠰᠤ ᠣᠷᠣᠯᠭ᠎ᠠ 29.3 ᠳ᠋ᠦᠩᠰᠢᠭᠤᠷ ᠲᠥᠭᠦᠷᠢᠭ ᠪᠠᠶᠢᠵᠤ᠂ ᠲᠦᠷᠦᠭᠦᠦ ᠵᠢᠯ ᠤᠨ ᠬᠢ ᠠᠴᠠ 1.3 ᠳ᠋ᠦᠩᠰᠢᠭᠤᠷ ᠲᠥᠭᠦᠷᠢᠭ ᠨᠡᠮᠡᠭᠳᠡᠵᠦ᠂ 4.5% ᠪᠠᠷ ᠨᠡᠮᠡᠭᠳᠡᠪᠡ᠂ ᠭᠠᠶᠢᠯᠢ ᠶᠢᠨ ᠪᠤᠰᠤ ᠣᠷᠣᠯᠭ᠎ᠠ ᠨᠢ ᠡᠩ ᠤᠨ ᠣᠯᠠᠨ ᠨᠡᠶᠢᠳᠠ ᠶᠢᠨ ᠲᠥᠰᠥᠪ ᠤᠨ ᠣᠷᠣᠯᠭ᠎ᠠ ᠶᠢᠨ 27. 1% ᠶᠢ ᠡᠵᠡᠯᠡᠪᠡ᠃ ᠪᠦᠬᠦ ᠬᠤᠲᠠ ᠶᠢᠨ ᠡᠩ ᠤᠨ ᠣᠯᠠᠨ ᠨᠡᠶᠢᠳᠠ ᠶᠢᠨ ᠲᠥᠰᠥᠪ ᠤᠨ ᠵᠠᠷᠤᠯᠭ᠎ᠠ 510.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 47.7 ᠳ᠋ᠦᠩᠰᠢᠭᠤᠷ ᠲᠥᠭᠦᠷᠢᠭ ᠨᠡᠮᠡᠭᠳᠡᠵᠦ᠂ 10.3% ᠪᠠᠷ ᠨᠡᠮᠡᠭᠳᠡᠪᠡ᠃ ᠡᠭᠦᠨ ᠳᠤ᠄ ᠰᠤᠷᠭᠠᠨ ᠬᠥᠮᠥᠵᠢᠯ ᠤᠨ ᠵᠠᠷᠤᠯᠭ᠎ᠠ 89 ᠳ᠋ᠦᠩᠰᠢᠭᠤᠷ ᠲᠥᠭᠦᠷᠢᠭ᠂ 2% ᠪᠠᠷ ᠨᠡᠮᠡᠭᠳᠡᠪᠡ᠃ ᠰᠢᠨᠵᠢᠯᠡᠭᠡ ᠮᠡᠷᠭᠡᠵᠢᠯ ᠤᠨ ᠵᠠᠷᠤᠯᠭ᠎ᠠ 1.9 ᠳ᠋ᠦᠩᠰᠢᠭᠤᠷ ᠲᠥᠭᠦᠷᠢᠭ᠂ 56.4% ᠪᠠᠷ ᠨᠡᠮᠡᠭᠳᠡᠪᠡ᠃ ᠰᠣᠶᠣᠯ ᠪᠡᠶ᠎ᠡ ᠶᠢᠨ ᠲᠠᠮᠢᠷ ᠪᠠ ᠵᠠᠭᠤᠴᠢ ᠳᠠᠬᠢ ᠵᠠᠷᠤᠯᠭ᠎ᠠ 8.7 ᠳ᠋ᠦᠩᠰᠢᠭᠤᠷ ᠲᠥᠭᠦᠷᠢᠭ᠂ 32.6% ᠨᠡᠮᠡᠭᠳᠡᠪᠡ᠃ ᠨᠡᠶᠢᠭᠡᠮ ᠤᠨ ᠪᠠᠳᠤᠯᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ 84.4 ᠳ᠋ᠦᠩᠰᠢᠭᠤᠷ ᠲᠦᠬᠦᠷᠢᠭ᠂ 2.2% ᠪᠠᠷ ᠨᠡᠮᠡᠭᠳᠡᠪᠡ᠃ ᠡᠮ ᠡᠮᠡᠨᠡᠯᠭᠡ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠵᠠᠷᠤᠯᠭ᠎ᠠ 45.8 ᠳ᠋ᠦᠩᠰᠢᠭᠤᠷ ᠲᠦᠭᠦᠷᠢᠭ᠂ 5.1% ᠪᠠᠷ ᠨᠡᠮᠡᠭᠳᠡᠪᠡ᠃ ᠡᠨᠧᠷᠭᠢ ᠠᠷᠪᠢᠯᠠᠬᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 13.4 ᠳ᠋ᠦᠩᠰᠢᠭᠤᠷ ᠲᠥᠭᠦᠷᠢᠭ᠂ 8.5% ᠪᠠᠷ ᠨᠡᠮᠡᠭᠳᠡᠪᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 28 ᠳ᠋ᠦᠩᠰᠢᠭᠤᠷ ᠲᠥᠭᠦᠷᠢᠭ᠂ 15.8% ᠪᠠᠷ ᠨᠡᠮᠡᠭᠳᠡᠪᠡ᠃ ᠲᠠᠷᠢᠶᠠᠯᠠᠩ ᠤᠢ ᠰᠢᠭᠤᠢ ᠤᠰᠤᠨ ᠠᠰᠢᠭᠯᠠᠯᠳᠠ ᠶᠢᠨ ᠵᠠᠷᠤᠯᠭ᠎ᠠ 100.5 ᠳ᠋ᠦᠩᠰᠢᠭᠤᠷ ᠲᠦᠭᠦᠷᠢᠭ᠂ 34.9% ᠪᠠᠷ ᠨᠡᠮᠡᠭᠳᠡᠪᠡ᠃ ᠭᠤᠣᠯᠳᠠᠭᠤ ᠲᠤᠰᠬᠠᠢ ᠲᠥᠷᠥᠯ ᠤᠨ ᠶᠠᠳᠠᠭᠤ ᠶᠢ ᠳᠡᠳᠬᠦᠬᠦ ᠵᠠᠷᠤᠯᠭ᠎ᠠ 15.2 ᠳ᠋ᠦᠩᠰᠢᠭᠤᠷ ᠲᠦᠬᠦᠷᠢᠭ ᠨᠡᠮᠡᠭᠳᠡᠪᠡ᠃ ᠵᠠᠮ ᠲᠡᠭᠡᠭᠡᠪᠦᠷᠢ ᠶᠢᠨ ᠵᠠᠷᠤᠯᠭ᠎ᠠ 39.6 ᠳ᠋ᠦᠩᠰᠢᠭᠤᠷ ᠲᠦᠭᠦᠷᠢᠭ᠂ 20% ᠪᠠᠷ ᠨᠡᠮᠡᠭᠳᠡᠪᠡ᠃ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 21.2 ᠳ᠋ᠦᠩᠰᠢᠭᠤᠷ ᠲᠦᠬᠦᠷᠢᠭ᠂ 20.4% ᠪᠠᠷ ᠪᠠᠭᠤᠷᠠᠪᠠ᠃ ᠭᠤᠣᠯᠳᠠᠭᠤ ᠬᠤᠩᠱᠠᠨ ᠲᠣᠭᠤᠷᠢᠭ ᠤᠨ ᠲᠦᠭᠦᠮ ᠪᠦᠲᠦᠴᠡᠲᠦ ᠤᠷᠤᠨ ᠰᠠᠭᠤᠴᠠ ᠶᠢᠨ ᠥᠭᠡᠷᠡᠴᠢᠯᠡᠯᠲᠡ ᠶᠢᠨ ᠵᠠᠷᠤᠯᠭ᠎ᠠ 3.4 ᠳ᠋ᠦᠩᠰᠢᠭᠤᠷ ᠲᠥᠭᠦᠷᠢᠭ ᠬᠠᠰᠤᠭᠳᠠᠪᠠ᠃        2. ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠥᠩᠬᠦ ᠶᠢᠨ ᠲᠦᠰᠦᠪ ᠢ ᠬᠦᠢᠴᠡᠳᠭᠡᠭᠰᠡᠨ ᠪᠠᠶᠢᠳᠠᠯ        ᠪᠦᠬᠦ ᠬᠤᠳᠠ ᠶᠢᠨ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦ ᠶᠢᠨ ᠤᠷᠤᠯᠭ᠎ᠠ 104 ᠳ᠋ᠦᠩᠰᠢᠭᠤᠷ ᠲᠦᠬᠦᠷᠢᠭ᠂ ᠵᠢᠯ ᠤᠨ ᠲᠦᠰᠦᠪ ᠢᠶᠠᠨ 111% ᠪᠠᠷ ᠪᠡᠶᠡᠯᠡᠬᠦᠯᠵᠤ᠂ ᠲᠦᠷᠦᠬᠦᠦ ᠵᠢᠯ ᠤᠨ ᠬᠢ ᠠᠴᠠ 27.1 ᠳ᠋ᠦᠩᠰᠢᠭᠤᠷ ᠲᠦᠬᠦᠷᠢᠭ ᠨᠡᠮᠡᠭᠳᠡᠵᠤ᠂ 35.3% ᠪᠠᠷ ᠨᠡᠮᠡᠭᠳᠡᠪᠡ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢᠨ ᠵᠠᠷᠤᠯᠭ᠎ᠠ 108.7 ᠳ᠋ᠦᠩᠰᠢᠭᠤᠷ ᠲᠦᠬᠦᠷᠢᠭ᠂ ᠵᠢᠯ ᠤᠨ ᠲᠦᠰᠦᠪ ᠢᠶᠠᠨ 115% ᠪᠠᠷ ᠪᠡᠶᠡᠯᠡᠭᠦᠯᠵᠤ᠂ ᠲᠦᠷᠦᠬᠦᠦ ᠵᠢᠯ ᠤᠨ ᠬᠢ ᠠᠴᠠ 36.3 ᠳ᠋ᠦᠩᠰᠢᠭᠤᠷ ᠲᠦᠬᠦᠷᠢᠭ ᠨᠡᠮᠡᠭᠳᠡᠵᠤ᠂ 50.2% ᠪᠠᠷ ᠨᠡᠮᠡᠭᠳᠡᠪᠡ᠃        3. ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠢ ᠬᠦᠢᠴᠡᠳᠭᠡᠭᠰᠡᠨ ᠪᠠᠶᠢᠳᠠᠯ        ᠪᠦᠬᠦ ᠬᠤᠳᠠ ᠶᠢᠨ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠤᠷᠤᠯᠭ᠎ᠠ 3052 ᠲᠦᠮᠡᠨ ᠲᠦᠭᠦᠷᠢᠭ᠂ ᠵᠢᠯ ᠤᠨ ᠲᠦᠰᠦᠪ ᠢᠶᠠᠨ 54.6% ᠪᠠᠷ ᠪᠡᠶᠡᠯᠡᠭᠦᠯᠵᠤ᠂ ᠭᠤᠣᠯᠳᠠᠭᠤ ᠬᠡᠰᠢᠭᠲᠡᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠺᠣᠮᠫᠠᠨᠢ ᠶᠢᠨ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠤᠷᠤᠯᠭ᠎ᠠ 1500 ᠲᠦᠮᠡᠨ ᠲᠥᠭᠦᠷᠢᠭ᠂ ᠪᠠᠭᠠᠷᠢᠨ ᠵᠡᠭᠦᠨ ᠬᠤᠰᠢᠭᠤᠨ ᠤ ᠱᠠᠨ ᠶᠢᠨ ᠬᠤᠩ ᠯᠢᠩ ᠥᠩᠭᠡᠲᠦ ᠲᠡᠮᠦᠷᠯᠢᠭ ᠤᠨ ᠠᠭᠤᠷᠬᠠᠢ ᠶᠢᠨ ᠺᠣᠮᠫᠠᠨᠢ ᠶᠢᠨ ᠲᠤᠰᠢᠶᠠᠭᠰᠠᠨ ᠠᠰᠢᠭ ᠬᠤᠪᠢᠶᠠᠯᠴᠠᠬᠤ ᠣᠷᠣᠯᠭ᠎ᠠ 1186 ᠲᠦᠮᠡᠨ ᠲᠥᠭᠦᠷᠢᠭ ᠪᠣᠯᠣᠨ᠎ᠠ᠃ ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠵᠠᠷᠤᠯᠭ᠎ᠠ 5484 ᠲᠦᠮᠡᠨ ᠲᠥᠭᠦᠷᠢᠭ᠂ ᠵᠢᠯ ᠤᠨ ᠲᠥᠰᠥᠪ ᠢᠶᠠᠨ 51.6% ᠪᠠᠷ ᠪᠡᠶᠡᠯᠡᠭᠦᠯᠵᠦ᠂ ᠡᠭᠦᠨ ᠳᠤ᠂ ᠬᠤᠲᠠ ᠶᠢᠨ ᠲᠤᠰ ᠱᠠᠲᠤᠨ ᠤ ᠵᠠᠷᠤᠯᠭ᠎ᠠ 3984 ᠲᠦᠮᠡᠨ ᠲᠥᠭᠦᠷᠢᠭ ᠪᠠᠶᠢᠵᠤ᠂ ᠬᠡᠰᠢᠭᠲᠡᠨ ᠬᠤᠰᠢᠭᠤᠨ ᠤ ᠵᠠᠷᠤᠯᠭ᠎ᠠ 1500 ᠲᠦᠮᠡᠨ ᠲᠥᠭᠦᠷᠢᠭ ᠪᠣᠯᠣᠨ᠎ᠠ᠃        4. ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠢ ᠬᠦᠢᠴᠡᠳᠭᠡᠭᠰᠡᠨ ᠪᠠᠶᠢᠳᠠᠯ        ᠪᠦᠬᠦ ᠬᠤᠳᠠ ᠶᠢᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠤᠷᠤᠯᠭ᠎ᠠ 139.9 ᠳ᠋ᠦᠩᠰᠢᠭᠤᠷ ᠲᠦᠬᠦᠷᠢᠭ᠂ ᠵᠢᠯ ᠤᠨ ᠲᠦᠰᠦᠪ ᠢᠶᠠᠨ 83.1% ᠪᠠᠷ ᠪᠡᠶᠡᠯᠡᠬᠦᠯᠵᠦ᠂ 7.1% ᠪᠠᠷ ᠪᠠᠭᠤᠷᠠᠪᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠵᠠᠷᠤᠯᠭ᠎ᠠ 149.4 ᠳ᠋ᠦᠩᠰᠢᠭᠤᠷ ᠲᠦᠭᠦᠷᠢᠭ᠂ ᠵᠢᠯ ᠤᠨ ᠲᠦᠰᠦᠪ ᠢᠶᠠᠨ 88.3% ᠪᠠᠷ ᠪᠡᠶᠡᠯᠡᠬᠦᠯᠵᠤ᠂ 17.5% ᠪᠠᠷ ᠨᠡᠮᠡᠭᠳᠡᠵᠡᠢ᠃        ︵ᠬᠤᠶᠠᠷ︶ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠲᠦᠰᠦᠪ ᠢ ᠬᠦᠢᠴᠡᠳᠭᠡᠭᠰᠡᠨ ᠪᠠᠶᠢᠳᠠᠯ        1. ᠡᠩ ᠤᠨ ᠤᠯᠠᠨ ᠨᠡᠶᠢᠲᠡ ᠶᠢᠨ ᠲᠦᠰᠦᠪ ᠢ ᠬᠦᠢᠴᠡᠳᠭᠡᠭᠰᠡᠨ ᠪᠠᠶᠢᠳᠠᠯ        ᠬᠤᠳᠠ ᠶᠢᠨ ᠲᠤᠰ ᠱᠠᠲᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 92,575 ᠲᠦᠮᠡᠨ ᠲᠦᠬᠦᠷᠢᠭ᠂ ᠵᠢᠯ ᠤᠨ ᠲᠦᠰᠦᠪ ᠢᠶᠠᠨ 88.8% ᠪᠠᠷ ᠪᠡᠶᠡᠯᠡᠬᠦᠯᠵᠤ᠂ ᠲᠦᠷᠦᠭᠦᠦ ᠵᠢᠯ ᠤᠨ ᠬᠢ ᠠᠴᠠ 71,784 ᠲᠦᠮᠡᠨ ᠲᠦᠬᠦᠷᠢᠭ ᠬᠠᠰᠤᠭᠳᠠᠵᠤ᠂ 43.7% ᠪᠠᠷ ᠪᠠᠭᠤᠷᠠᠪᠠ᠃ ᠭᠤᠣᠯᠳᠠᠭᠤ 2018 ᠣᠨ ᠤ ᠡᠳ᠋ ᠤᠨ ᠵᠠᠰᠠᠭ ᠤᠨ ᠰᠢᠰᠲ᠋ᠧᠮ ᠢ ᠲᠣᠬᠢᠷᠠᠭᠤᠯᠵᠤ᠂ ᠣᠣᠯ ᠤᠨ ᠬᠤᠲᠠ ᠶᠢᠨ ᠲᠤᠰ ᠱᠠᠲᠤᠨ ᠳᠤ ᠬᠠᠷᠢᠶᠠᠯᠠᠭᠳᠠᠵᠤ ᠪᠠᠶᠢᠭᠰᠠᠨ ᠭᠠᠶᠢᠯᠢ ᠶᠢᠨ ᠣᠷᠣᠯᠭ᠎ᠠ ᠂ ᠰᠤᠷᠭᠠᠨ ᠬᠥᠮᠥᠵᠢᠯ ᠤᠨ ᠳᠠᠭᠠᠯᠲᠠ ᠣᠷᠣᠯᠭ᠎ᠠ᠂ ᠣᠷᠣᠨ ᠨᠤᠲᠤᠭ ᠤᠨ ᠰᠤᠷᠭᠠᠨ ᠬᠥᠮᠥᠵᠢᠯ ᠤᠨ ᠳᠠᠭᠠᠯᠲᠠ ᠣᠷᠣᠯᠭ᠎ᠠ ᠶᠢ ᠬᠤᠩᠱᠠᠨ ᠲᠣᠭᠤᠷᠢᠭ ᠪᠠ ᠰᠦᠩᠱᠠᠨ ᠲᠣᠭᠤᠷᠢᠭ ᠲᠤ ᠥᠭᠴᠦ᠂ ᠡᠩ ᠤᠨ ᠣᠯᠠᠨ ᠨᠡᠶᠢᠳᠠ ᠶᠢᠨ ᠣᠷᠣᠯᠭ᠎ᠠ ᠵᠥᠪᠬᠡᠨ ᠭᠠᠶᠢᠯᠢ ᠶᠢᠨ ᠪᠤᠰᠤ ᠣᠷᠣᠯᠭ᠎ᠠ ᠶᠢ ᠦᠯᠡᠳᠡᠭᠡᠪᠡ᠃ ᠭᠠᠶᠢᠯᠢ ᠶᠢᠨ ᠪᠤᠰᠤ ᠣᠷᠣᠯᠭ᠎ᠠ 92,577 ᠲᠦᠮᠡᠨ ᠲᠥᠭᠦᠷᠢᠭ᠂ ᠲᠦᠷᠦᠭᠦᠦ ᠵᠢᠯ ᠤᠨ ᠬᠢ ᠠᠴᠠ 28,909 ᠲᠦᠮᠡᠨ ᠲᠥᠭᠦᠷᠢᠭ ᠬᠠᠰᠤᠭᠳᠠᠵᠤ᠂ 23.8% ᠪᠠᠷ ᠪᠠᠭᠤᠷᠠᠪᠠ᠃ ᠭᠤᠣᠯᠳᠠᠭᠤ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠡᠰᠡᠭ ᠪᠦᠯᠦᠭ ᠰᠦᠢᠳᠬᠡᠯ ᠬᠤᠷᠢᠶᠠᠬᠤ ᠲᠥᠷᠥᠯ ᠵᠦᠢᠯ ᠢ ᠦᠭᠡᠢᠰᠬᠡᠵᠦ᠂ ᠬᠤᠷᠢᠶᠠᠬᠤ ᠶᠢ ᠵᠣᠭᠰᠣᠭᠠᠭᠰᠠᠨ ᠪᠤᠶᠤ ᠬᠠᠰᠤᠨ ᠬᠡᠯᠲᠦᠷᠢᠭᠦᠯᠵᠦ᠂ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠰᠦᠢᠳᠬᠡᠯ ᠶᠡᠭᠡ ᠬᠡᠮᠵᠢᠶ᠎ᠡ ᠪᠠᠷ ᠪᠠᠭᠠᠰᠪᠠ᠃ ᠡᠭᠦᠨ ᠤ ᠬᠠᠮᠲᠤ᠂ ᠬᠤᠲᠠ ᠶᠢᠨ ᠲᠥᠪ ᠴᠢᠰᠤᠨ ᠤ ᠥᠷᠲᠡᠭᠡ ᠶᠢᠨ ᠬᠤᠷᠢᠶᠠᠨ ᠲᠤᠰᠢᠶᠠᠳᠠᠭ ᠡᠮᠴᠢᠯᠡᠭᠡᠨ ᠳᠤ ᠬᠡᠷᠡᠭᠯᠡᠬᠦ ᠴᠢᠰᠤᠨ ᠤ ᠰᠦᠢᠳᠬᠡᠯ ᠢ ᠡᠵᠡᠩᠨᠡᠨ ᠦᠢᠯᠡᠴᠢᠯᠡᠬᠦ ᠴᠢᠨᠠᠷᠲᠠᠢ ᠰᠦᠢᠳᠬᠡᠯ ᠪᠣᠯᠭᠠᠨ ᠬᠤᠪᠢᠷᠠᠭᠤᠯᠵᠤ᠂ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠴᠢᠨᠠᠷᠲᠠᠢ ᠰᠦᠢᠳᠬᠡᠯ ᠢ ᠪᠠᠭᠠᠰᠬᠠᠪᠠ᠃ ᠬᠤᠳᠠ ᠶᠢᠨ ᠲᠤᠰ ᠱᠠᠲᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 1,025,288 ᠲᠦᠮᠡᠨ ᠲᠦᠬᠦᠷᠢᠭ ᠂ ᠵᠢᠯ ᠤᠨ ᠲᠦᠰᠦᠪ ᠢᠶᠠᠨ 90.6% ᠪᠠᠷ ᠪᠡᠶᠡᠯᠡᠬᠦᠯᠵᠤ᠂ ᠲᠦᠷᠦᠭᠦᠦ ᠵᠢᠯ ᠤᠨ ᠬᠢ ᠠᠴᠠ 132,601 ᠲᠦᠮᠡᠨ ᠲᠦᠬᠦᠷᠢᠭ ᠨᠡᠮᠡᠭᠳᠡᠵᠦ᠂ 14.9% ᠪᠠᠷ ᠨᠡᠮᠡᠭᠳᠡᠪᠡ᠃ ᠡᠭᠦᠨ ᠳᠤ᠂ ᠰᠤᠷᠭᠠᠨ ᠬᠦᠮᠦᠵᠢᠯ ᠤᠨ ᠵᠠᠷᠤᠯᠭ᠎ᠠ 102,018 ᠲᠦᠮᠡᠨ ᠲᠦᠭᠦᠷᠢᠭ᠂ 6.8% ᠪᠠᠷ ᠨᠡᠮᠡᠭᠳᠡᠪᠡ᠃ ᠰᠢᠨᠵᠢᠯᠡᠭᠡ ᠮᠡᠷᠭᠡᠵᠢᠯ ᠳᠠᠬᠢ ᠵᠠᠷᠤᠯᠭ᠎ᠠ 5836 ᠲᠦᠮᠡᠨ ᠲᠥᠭᠦᠷᠢᠭ᠂ 4% ᠪᠠᠷ ᠨᠡᠮᠡᠭᠳᠡᠪᠡ᠃ ᠰᠣᠶᠣᠯ ᠪᠡᠶ᠎ᠡ ᠶᠢᠨ ᠲᠠᠮᠢᠷ ᠪᠠ ᠵᠠᠭᠤᠴᠢ ᠳᠠᠬᠢ ᠵᠠᠷᠤᠯᠭ᠎ᠠ 34,257 ᠲᠦᠮᠡᠨ ᠲᠥᠭᠦᠷᠢᠭ ᠂ 43% ᠪᠠᠷ ᠨᠡᠮᠡᠭᠳᠡᠪᠡ᠃ ᠭᠤᠣᠯᠳᠠᠭᠤ ᠳᠤᠮᠳᠠᠳᠤ ᠶᠢᠨ ᠬᠢᠳᠠᠨ ᠯᠢᠶᠣᠣ ᠶᠢᠨ ᠮᠦᠽᠧᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠳᠠ ᠶᠢᠨ ᠵᠠᠷᠤᠯᠭ᠎ᠠ 221,454 ᠲᠦᠮᠡᠨ ᠲᠦᠭᠦᠷᠢᠭ᠂ 32.5% ᠪᠠᠷ ᠨᠡᠮᠡᠭᠳᠡᠵᠦ᠂ ᠭᠤᠣᠯᠳᠠᠭᠤ ᠡᠳ᠋ ᠤᠨ ᠵᠠᠰᠠᠭ ᠨᠢ ᠠᠵᠤ ᠠᠬᠤᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠨᠥᠬᠦᠪᠦᠷᠢ 6.2 ᠳ᠋ᠦᠩᠰᠢᠭᠤᠷ ᠲᠥᠭᠦᠷᠢᠭ ᠨᠡᠮᠡᠵᠡᠢ᠃ ᠡᠮ ᠡᠮᠨᠡᠯᠭᠡ ᠡᠷᠡᠬᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠵᠠᠷᠤᠯᠭ᠎ᠠ 42,693 ᠲᠦᠮᠡᠨ ᠲᠦᠬᠦᠷᠢᠭ ᠪᠠᠶᠢᠵᠤ᠂ 11% ᠪᠠᠷ ᠪᠠᠭᠤᠷᠠᠪᠠ᠃ ᠭᠤᠣᠯᠳᠠᠭᠤ ᠬᠤᠲᠠ ᠶᠢᠨ ᠲᠥᠪ ᠴᠢᠰᠤᠨ ᠤ ᠥᠷᠲᠡᠭᠡ ᠶᠢᠨ ᠬᠤᠷᠢᠶᠠᠭᠰᠠᠨ ᠰᠦᠢᠳᠬᠡᠯ ᠢ ᠳᠠᠬᠢᠵᠤ ᠡᠳ᠋ ᠤᠨ ᠵᠠᠰᠠᠭ ᠲᠤ ᠲᠤᠰᠢᠶᠠᠬᠤ ᠦᠭᠡᠢ ᠪᠣᠯᠵᠤ᠂ ᠡᠳ᠋ ᠤᠨ ᠵᠠᠰᠠᠭ ᠠᠴᠠ ᠥᠭᠬᠦ ᠵᠣᠭᠤᠰ ᠨᠢ ᠪᠠᠭᠠᠰᠪᠠ᠃ ᠡᠨᠧᠷᠭᠢ ᠠᠷᠪᠢᠯᠠᠵᠤ ᠤᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 7538 ᠲᠦᠮᠡᠨ ᠲᠦᠭᠦᠷᠢᠭ᠂ 10% ᠪᠠᠷ ᠪᠠᠭᠤᠷᠠᠪᠠ᠃ ᠬᠤᠳᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠷᠤᠯᠭ᠎ᠠ 113,911 ᠲᠦᠮᠡᠨ ᠲᠦᠭᠦᠷᠢᠭ᠂ 48% ᠪᠠᠷ ᠨᠡᠮᠡᠭᠳᠡᠪᠡ᠂ ᠭᠤᠣᠯᠳᠠᠭᠤ 306 ᠤᠯᠤᠰ ᠤᠨ ᠵᠠᠮ ᠤᠨ ᠬᠤᠢᠲᠤ ᠬᠡᠰᠡᠭ ᠤᠨ ᠵᠠᠮ ᠢ ᠥᠭᠡᠷᠡᠴᠢᠯᠡᠨ ᠵᠠᠰᠠᠬᠤ ᠵᠢᠴᠢ ᠳ᠋ᠠᠪᠠᠨ ᠵᠠᠮ ᠤᠨ ᠡᠮᠦᠨᠡᠰᠢ ᠨᠡᠪᠲᠡᠷᠡᠬᠦ ᠢᠨᠵᠧᠨᠧᠷᠢᠩ ᠤᠨ ᠵᠠᠷᠤᠯᠭ᠎ᠠ 3 ᠳ᠋ᠦᠩᠰᠢᠭᠤᠷ ᠲᠥᠭᠦᠷᠢᠭ ᠨᠡᠮᠡᠭᠳᠡᠪᠡ᠃ ᠲᠠᠷᠢᠶᠠᠯᠠᠩ ᠤᠢ ᠰᠢᠭᠤᠢ ᠤᠰᠤᠨ ᠠᠰᠢᠭᠯᠠᠯᠳᠠ ᠶᠢᠨ ᠵᠠᠷᠤᠯᠭ᠎ᠠ 85,905 ᠲᠦᠮᠡᠨ ᠲᠦᠭᠦᠷᠢᠭ᠂ 3.8% ᠪᠠᠷ ᠬᠠᠰᠤᠭᠳᠠᠪᠠ᠂ ᠭᠤᠣᠯᠳᠠᠭᠤ ︽ᠬᠥᠳᠡᠭᠡ ᠲᠣᠰᠬᠤᠨ ᠤ ᠵᠠᠮ︾ ᠤᠨ ᠰᠠᠭᠤᠷᠢ ᠮᠥᠩᠭᠦ ᠶᠢ ᠤᠷᠢᠳᠴᠢᠯᠠᠨ ᠪᠤᠴᠠᠭᠠᠭᠰᠠᠨ ᠤ ᠳᠠᠷᠠᠭ᠎ᠠ᠂ ᠰᠠᠭᠤᠷᠢ ᠮᠥᠩᠭᠦ ᠶᠢᠨ ᠬᠦᠦ ᠮᠥᠩᠭᠦ ᠶᠢᠨ ᠵᠠᠷᠤᠯᠭ᠎ᠠ ᠪᠠᠭᠠᠰᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 241,581 ᠲᠦᠮᠡᠨ ᠲᠦᠬᠦᠷᠢᠭ᠂ 7.1% ᠪᠠᠷ ᠨᠡᠮᠡᠭᠳᠡᠪᠡ᠃ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 22,119 ᠲᠦᠮᠡᠨ ᠲᠦᠬᠦᠷᠢᠭ᠂ 1.2% ᠪᠠᠷ ᠨᠡᠮᠡᠭᠳᠡᠪᠡ᠃ ᠥᠷᠢ ᠥᠭᠴᠡᠭᠡ ᠶᠢᠨ ᠬᠦᠦ ᠮᠥᠩᠭᠦ ᠶᠢᠨ ᠵᠠᠷᠤᠯᠭ᠎ᠠ 6397 ᠲᠦᠮᠡᠨ ᠲᠥᠭᠦᠷᠢᠭ᠂ 192. 5% ᠪᠠᠷ ᠨᠡᠮᠡᠭᠳᠡᠪᠡ᠂ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠬᠡ ᠪᠡᠯᠡ ᠬᠦᠦ ᠮᠥᠩᠭᠦ ᠶᠢ ᠵᠠᠯᠭᠠᠪᠡᠷ ᠪᠤᠴᠠᠭᠠᠬᠤ ᠣᠷᠬᠢᠯ ᠬᠤᠭᠤᠴᠠᠭ᠎ᠠ ᠳᠤ ᠣᠷᠣᠪᠠ᠃        2. ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢᠨ ᠲᠦᠰᠦᠪ ᠢ ᠬᠦᠢᠴᠡᠳᠭᠡᠭᠰᠡᠨ ᠪᠠᠶᠢᠳᠠᠯ        ᠬᠤᠳᠠ ᠶᠢᠨ ᠲᠤᠰ ᠱᠠᠲᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢᠨ ᠤᠷᠤᠯᠭ᠎ᠠ 136, 309 ᠲᠦᠮᠡᠨ ᠲᠦᠭᠦᠷᠢᠭ᠂ ᠵᠢᠯ ᠤᠨ ᠲᠦᠰᠦᠪ ᠢᠶᠠᠨ 94% ᠪᠠᠷ ᠪᠡᠶᠡᠯᠡᠬᠦᠯᠵᠤ᠂ ᠲᠦᠷᠦᠭᠦᠦ ᠵᠢᠯ ᠤᠨ ᠬᠢ ᠠᠴᠠ 225,136 ᠲᠦᠮᠡᠨ ᠲᠦᠬᠦᠷᠢᠭ ᠬᠠᠰᠤᠭᠳᠠᠵᠤ᠂ 62.3% ᠪᠠᠷ ᠪᠠᠭᠤᠷᠠᠪᠠ᠂ ᠭᠤᠣᠯᠳᠠᠭᠤ ᠤᠯᠤᠰ ᠤᠨ ᠥᠮᠴᠢᠯᠡᠯᠲᠦ ᠭᠠᠵᠠᠷ ᠰᠢᠷᠤᠢ ᠭᠡᠷᠡᠭᠯᠡᠬᠦ ᠡᠷᠬᠡ ᠶᠢ ᠬᠤᠳᠠᠯᠳᠤᠭᠰᠠᠨ ᠤᠷᠤᠯᠭ᠎ᠠ ᠶᠡᠭᠡ ᠪᠠᠷ ᠬᠠᠰᠤᠭᠳᠠᠪᠠ᠃ ᠰᠠᠭᠤᠷᠢ ᠮᠥᠩᠭᠦ ᠶᠢᠨ ᠣᠷᠣᠯᠭ᠎ᠠ ᠪᠠᠭᠠᠰᠤᠭᠰᠠᠨ ᠠᠴᠠ ᠪᠣᠯᠵᠤ᠂ ᠠᠯᠬᠤᠮ ᠳᠠᠷᠠᠭᠠᠯᠠᠯ ᠶᠣᠰᠣᠭᠠᠷ ᠰᠠᠭᠤᠷᠢ ᠮᠥᠩᠭᠦ ᠶᠢᠨ ᠵᠠᠷᠤᠯᠭ᠎ᠠ ᠶᠢᠨ ᠲᠥᠰᠥᠪ ᠢ ᠵᠣᠬᠢᠴᠠᠩᠭᠤᠢ ᠪᠠᠭᠠᠰᠬᠠᠵᠤ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢᠨ ᠵᠠᠷᠤᠯᠭ᠎ᠠ 148,310 ᠲᠦᠮᠡᠨ ᠲᠦᠬᠦᠷᠢᠭ᠂ ᠵᠢᠯ ᠤᠨ ᠲᠦᠰᠦᠪ ᠢᠶᠠᠨ 58% ᠪᠠᠷ ᠪᠡᠶᠡᠯᠡᠬᠦᠯᠵᠤ᠂ ᠲᠦᠷᠦᠬᠦᠦ ᠵᠢᠯ ᠤᠨ ᠬᠢ ᠠᠴᠠ 113,610 ᠲᠦᠮᠡᠨ ᠲᠦᠬᠦᠷᠢᠭ ᠬᠠᠰᠤᠭᠳᠠᠵᠤ᠂ 43.4% ᠪᠠᠷ ᠪᠠᠭᠤᠷᠠᠪᠠ᠃        3. ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠢ ᠬᠦᠢᠴᠡᠳᠭᠡᠭᠰᠡᠨ ᠪᠠᠶᠢᠳᠠᠯ        ᠬᠤᠳᠠ ᠶᠢᠨ ᠲᠤᠰ ᠱᠠᠲᠦᠨ ᠤ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠤᠷᠤᠯᠭ᠎ᠠ 366 ᠲᠦᠮᠡᠨ ᠲᠦᠬᠦᠷᠢᠭ᠂ ᠵᠢᠯ ᠤᠨ ᠲᠥᠰᠥᠪ ᠢᠶᠠᠨ 100% ᠪᠠᠷ ᠪᠡᠶᠡᠯᠡᠭᠦᠯᠪᠡ᠂ ᠭᠤᠣᠯᠳᠠᠭᠤ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠢᠯᠠᠯ ᠤᠨ ᠲᠤᠰᠢᠶᠠᠭᠰᠠᠨ ᠠᠵᠤ ᠠᠬᠤᠢᠯᠠᠯ ᠤᠨ ᠠᠰᠢᠭ ᠣᠷᠣᠯᠭ᠎ᠠ ᠪᠣᠯᠣᠨ᠎ᠠ᠃ ᠬᠤᠳᠠ ᠶᠢᠨ ᠲᠤᠰ ᠱᠠᠲᠦᠨ ᠤ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠵᠠᠷᠤᠯᠭ᠎ᠠ 3984 ᠲᠦᠮᠡᠨ ᠲᠥᠭᠦᠷᠢᠭ᠂ ᠵᠢᠯ ᠤᠨ ᠲᠥᠰᠥᠪ ᠢᠶᠠᠨ 60.5% ᠪᠠᠷ ᠪᠡᠶᠡᠯᠡᠭᠦᠯᠪᠡ᠂ ᠡᠭᠦᠨ ᠳᠤ ᠬᠡᠰᠡᠭ ᠪᠦᠯᠦᠭ ᠤᠯᠤᠰ ᠤᠨ ᠦᠮᠴᠢᠯᠡᠯᠲᠦ ᠠᠵᠤ ᠠᠬᠤᠢᠯᠠᠯ ᠤᠨ ᠴᠠᠯᠢᠩ ᠤᠨ ᠡᠷᠭᠢᠯᠲᠡ ᠶᠢᠨ ᠵᠠᠷᠤᠳᠠᠯ 3334 ᠲᠦᠮᠡᠨ ᠲᠥᠭᠦᠷᠢᠭ ᠪᠣᠯᠣᠨ᠎ᠠ᠃        4. ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠢ ᠬᠦᠢᠴᠡᠳᠬᠡᠭᠰᠡᠨ ᠪᠠᠶᠢᠳᠠᠯ        ᠬᠤᠲᠠ ᠶᠢᠨ ᠲᠤᠰ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠤᠷᠤᠯᠭ᠎ᠠ 849, 360 ᠲᠦᠮᠡᠨ ᠲᠦᠬᠦᠷᠢᠭ᠂ ᠵᠢᠯ ᠤᠨ ᠲᠦᠰᠦᠪ ᠢᠶᠠᠨ 92.5% ᠪᠠᠷ ᠪᠡᠶᠡᠯᠡᠬᠦᠯᠵᠤ᠂ 17.1% ᠪᠠᠷ ᠪᠠᠭᠤᠷᠠᠪᠠ᠂ ᠭᠤᠣᠯᠳᠠᠭᠤ 2018 ᠣᠨ ᠤ 7 ᠰᠠᠷ᠎ᠠ ᠳᠤ᠂ ᠲᠠᠷᠢᠶᠠᠨ ᠭᠠᠵᠠᠷ ᠢᠶᠠᠨ ᠠᠯᠳᠠᠭᠰᠠᠨ ᠲᠠᠷᠢᠶᠠᠴᠢᠨ᠂ ᠬᠥᠳᠡᠯᠦᠩᠭᠦᠢ ᠠᠵᠢᠯ ᠣᠯᠭᠤᠭᠰᠠᠳ᠂ ᠠᠵᠤ ᠠᠬᠤᠢᠯᠠᠯ ᠤᠨ ᠠᠵᠢᠯ ᠤᠨ ᠪᠠᠶᠢᠷᠢᠨ ᠳᠤ ᠪᠠᠶᠢᠭ᠎ᠠ ᠬᠥᠮᠥᠰ ᠤᠨ ᠨᠥᠬᠦᠨ ᠲᠤᠰᠢᠶᠠᠬᠤ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠦᠴᠦᠨ ᠦᠭᠡᠢ ᠪᠣᠯᠭᠠᠵᠤ᠂ ᠳᠠᠭᠠᠳᠬᠠᠯ ᠤᠨ ᠰᠦᠢᠳᠬᠡᠯ ᠤᠨ ᠣᠷᠣᠯᠭ᠎ᠠ ᠠᠳᠠᠯᠢ ᠬᠤᠭᠤᠴᠠᠭ᠎ᠠ ᠠᠴᠠ ᠪᠠᠨ ᠨᠡᠯᠢᠶᠡᠳ ᠶᠡᠭᠡ ᠪᠠᠷ ᠪᠠᠭᠤᠷᠠᠪᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠬᠦ ᠶᠢᠨ ᠵᠠᠷᠤᠯᠭ᠎ᠠ 979,731 ᠲᠦᠮᠡᠨ ᠲᠦᠭᠦᠷᠢᠭ᠂ ᠵᠢᠯ ᠤᠨ ᠲᠦᠰᠦᠪ ᠢᠶᠠᠨ 98.9% ᠪᠠᠷ ᠪᠡᠶᠡᠯᠡᠬᠦᠯᠵᠤ᠂ 16.7% ᠪᠠᠷ ᠨᠡᠮᠡᠭᠳᠡᠪᠡ᠃        ︵ᠭᠤᠷᠪᠠ︶ ᠬᠤᠰᠢᠭᠤ ᠰᠢᠶᠠᠨ ᠲᠤᠭᠤᠷᠢᠭ ᠲᠤ ᠰᠢᠯᠵᠢᠬᠦᠯᠤᠨ ᠥᠭᠭᠦᠭᠰᠡᠨ ᠪᠠᠶᠢᠳᠠᠯ        ᠡᠩ ᠤᠨ ᠤᠯᠠᠨ ᠨᠡᠶᠢᠲᠡ ᠶᠢᠨ ᠲᠦᠰᠦᠪ ᠤᠨ ᠬᠤᠰᠢᠭᠤ ᠰᠢᠶᠠᠨ ᠲᠤᠭᠤᠷᠢᠭ ᠲᠤ ᠰᠢᠯᠵᠢᠬᠦᠯᠦᠨ ᠥᠭᠬᠦᠭᠰᠡᠨ 309.2 ᠳ᠋ᠦᠩᠰᠢᠭᠤᠷ ᠲᠦᠬᠦᠷᠢᠭ᠂ ᠡᠬᠦᠨ ᠳᠤ᠄ ᠥᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ 300. 9 ᠳ᠋ᠦᠩᠰᠢᠭᠤᠷ ᠲᠦᠬᠦᠷᠢᠭ ᠥᠭᠴᠦ᠂ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ 8.3 ᠳ᠋ᠦᠩᠰᠢᠭᠤᠷ ᠲᠦᠬᠦᠷᠢᠭ ᠥᠭᠴᠡᠢ᠃ ᠰᠢᠯᠵᠢᠬᠦᠯᠦᠨ ᠥᠭᠬᠦ ᠲᠥᠷᠦᠯ ᠬᠤᠪᠢᠶᠠᠷᠢᠯᠠᠯ ᠢᠶᠠᠷ ᠬᠤᠪᠢᠶᠠᠪᠠᠯ᠂ ᠡᠩ ᠤᠨ ᠴᠢᠨᠠᠷᠲᠠᠢ ᠰᠢᠯᠵᠢᠭᠦᠯᠦᠨ ᠥᠭᠭᠦᠭᠰᠡᠨ ᠨᠢ 171.7 ᠳ᠋ᠦᠩᠰᠢᠭᠤᠷ ᠲᠦᠬᠦᠷᠢᠭ᠂ ᠳᠤᠰᠬᠠᠢ ᠵᠦᠢᠯ ᠢᠶᠠᠷ ᠰᠢᠯᠵᠢᠬᠦᠯᠦᠨ ᠥᠭᠬᠦᠭᠰᠡᠨ ᠨᠢ 137.5 ᠳ᠋ᠦᠩᠰᠢᠭᠤᠷ ᠲᠦᠬᠦᠷᠢᠭ ᠪᠤᠯᠤᠨ᠎ᠠ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢ ᠬᠤᠰᠢᠭᠤ ᠰᠢᠶᠠᠨ ᠲᠤᠭᠤᠷᠢᠭ ᠲᠤ ᠰᠢᠯᠵᠢᠬᠦᠯᠦᠨ ᠥᠭᠬᠦᠭᠰᠡᠨ ᠨᠢ 6 ᠳ᠋ᠦᠩᠰᠢᠭᠤᠷ ᠲᠦᠭᠦᠷᠢᠭ ᠂ ᠡᠭᠦᠨ ᠳᠤ᠄ ᠥᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ 3.4 ᠳ᠋ᠦᠩᠰᠢᠭᠤᠷ ᠲᠦᠬᠦᠷᠢᠭ ᠥᠭᠴᠦ᠂ ᠬᠤᠳᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ 2.6 ᠳ᠋ᠦᠩᠰᠢᠭᠤᠷ ᠲᠦᠬᠦᠷᠢᠭ ᠥᠭᠴᠡᠢ᠃        ︵ᠲᠦᠷᠪᠠ︶ ᠵᠢᠭᠡᠯᠡᠯᠭᠡ ᠥᠷᠢ ᠥᠭᠴᠡᠭᠡ ᠶᠢᠨ ᠪᠠᠶᠢᠳᠠᠯ        ᠪᠦᠬᠦ ᠬᠤᠳᠠ ᠨᠢ ᠥᠪᠡᠷᠳᠡᠭᠡᠨ ᠵᠠᠰᠠᠬᠤ ᠤᠷᠤᠨ ᠤ ᠤᠷᠤᠨ ᠨᠤᠲᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠲᠦ ᠶᠢ ᠤᠷᠤᠯᠠᠨ ᠲᠠᠷᠬᠠᠭᠠᠬᠤ ᠪᠠᠷ ᠲᠠᠮᠵᠢᠭᠤᠯᠤᠨ 85.8 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠴᠤᠭᠯᠠᠭᠤᠯᠵᠤ᠂ ᠡᠭᠦᠨ ᠳᠤ᠄ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ 48.8 ᠳ᠋ᠦᠩᠰᠢᠭᠤᠷ ᠲᠦᠬᠦᠷᠢᠭ᠂ ᠰᠤᠯᠢᠭᠰᠠᠨ ᠵᠢᠭᠡᠯᠡᠯᠭᠡ ᠶᠢᠨ ᠲᠡᠮᠳᠡᠭᠲᠦ 28.4 ᠳ᠋ᠦᠩᠰᠢᠭᠤᠷ ᠲᠦᠬᠦᠷᠢᠭ᠂ ᠳᠠᠬᠢᠨᠲᠠ ᠪᠡᠯᠡ ᠬᠤᠷᠠᠮᠳᠤᠭᠤᠯᠤᠭᠰᠠᠨ ᠵᠢᠭᠡᠯᠡᠯᠭᠡ ᠶᠢᠨ ᠲᠡᠮᠳᠡᠭᠲᠦ 8.6 ᠳ᠋ᠦᠩᠰᠢᠭᠤᠷ ᠲᠥᠭᠦᠷᠢᠭ ᠪᠣᠯᠣᠨ᠎ᠠ᠃ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠭᠤᠣᠯᠳᠠᠭᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠶᠠᠪᠤᠳᠠᠯ ᠤᠨ ᠲᠥᠷᠥᠯ ᠵᠦᠢᠯ᠂ ᠭᠠᠵᠠᠷ ᠰᠢᠷᠣᠢ ᠨᠥᠭᠡᠴᠡᠯᠡᠬᠦ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠰᠤᠷᠭᠠᠨ ᠬᠥᠮᠥᠵᠢᠯ ᠡᠷᠡᠭᠦᠯ ᠬᠠᠮᠠᠭᠠᠯᠠᠯ ᠤᠨ ᠦᠢᠯᠡᠰ ᠵᠡᠷᠭᠡ ᠨᠡᠶᠢᠳᠠ ᠶᠢᠨ ᠠᠰᠠᠷᠠᠮᠵᠢ ᠶᠢᠨ ᠴᠢᠨᠠᠷᠲᠠᠢ ᠢᠨᠵᠧᠨᠧᠷᠢᠩ ᠳᠤ ᠬᠡᠷᠡᠭᠯᠡᠪᠡ᠃ ᠰᠤᠯᠢᠭᠰᠠᠨ ᠵᠢᠭᠡᠯᠡᠯᠭᠡ ᠶᠢᠨ ᠲᠡᠮᠳᠡᠭᠲᠦ ᠶᠢ ᠭᠤᠣᠯᠳᠠᠭᠤ ᠬᠤᠭᠤᠴᠠᠭ᠎ᠠ ᠨᠢ ᠲᠤᠯᠤᠭᠰᠠᠨ ᠥᠷᠢ ᠥᠭᠴᠡᠭᠡ ᠶᠢ ᠪᠤᠴᠠᠭᠠᠬᠤ ᠳᠤ ᠬᠡᠷᠡᠭᠯᠡᠵᠦ᠂ ᠳᠠᠬᠢᠨᠲᠠ ᠪᠡᠯᠡ ᠬᠤᠷᠠᠮᠳᠤᠭᠤᠯᠤᠭᠰᠠᠨ ᠵᠢᠭᠡᠯᠡᠯᠭᠡ ᠶᠢᠨ ᠲᠡᠮᠳᠡᠭᠲᠦ ᠶᠢ ᠬᠤᠭᠤᠴᠠᠭ᠎ᠠ ᠨᠢ ᠲᠤᠯᠤᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠳᠤ ᠬᠡᠷᠡᠭᠯᠡᠪᠡ᠃ ᠬᠤᠳᠠ ᠶᠢᠨ ᠲᠤᠰ ᠱᠠᠲᠤ ᠨᠢ ᠥᠪᠡᠷᠳᠡᠭᠡᠨ ᠵᠠᠰᠠᠬᠤ ᠤᠷᠤᠨ ᠤ ᠤᠷᠤᠨ ᠨᠤᠲᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠲᠦ ᠶᠢ ᠤᠷᠤᠯᠠᠨ ᠲᠠᠷᠬᠠᠭᠠᠬᠤ ᠪᠠᠷ ᠲᠠᠮᠵᠢᠭᠤᠯᠤᠨ 19.8 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠴᠤᠭᠯᠠᠭᠤᠯᠵᠤ᠂ ᠡᠭᠦᠨ ᠳᠤ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ 7. 8 ᠳ᠋ᠦᠩᠰᠢᠭᠤᠷ ᠲᠦᠭᠦᠷᠢᠭ᠂ ᠰᠤᠯᠢᠭᠰᠠᠨ ᠵᠢᠭᠡᠯᠡᠯᠭᠡ ᠶᠢᠨ ᠲᠡᠮᠳᠡᠭᠲᠦ 11.4 ᠳ᠋ᠦᠩᠰᠢᠭᠤᠷ ᠲᠦᠬᠦᠷᠢᠭ᠂ ᠳᠠᠬᠢᠨᠲᠠ ᠪᠡᠯᠡ ᠬᠤᠷᠠᠮᠳᠤᠭᠤᠯᠤᠭᠰᠠᠨ ᠵᠢᠭᠡᠯᠡᠯᠭᠡ ᠶᠢᠨ ᠲᠡᠮᠳᠡᠭᠲᠦ 0.6 ᠳ᠋ᠦᠩᠰᠢᠭᠤᠷ ᠲᠥᠬᠦᠷᠢᠭ ᠪᠣᠯᠣᠨ᠎ᠠ᠃ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠭᠤᠣᠯᠳᠠᠭᠤ ᠳᠣᠣᠷᠠᠬᠢ ᠲᠥᠷᠥᠯ ᠵᠦᠢᠯ ᠳᠤ ᠬᠡᠷᠡᠭᠡᠯᠡᠪᠡ᠄ ᠭᠤᠣᠯ ᠬᠤᠲᠠ ᠲᠣᠭᠤᠷᠢᠭ ᠤᠨ G306 ᠬᠤᠶᠢᠲᠤ ᠬᠡᠰᠡᠭ ᠤᠨ ᠵᠠᠮ ᠤᠨ ᠥᠭᠡᠷᠡᠴᠢᠯᠡᠯᠲᠡ ᠪᠠ ᠳ᠋ᠠᠪᠠᠨ ᠵᠠᠮ ᠤᠨ ᠡᠮᠦᠨᠡᠰᠢ ᠨᠡᠪᠲᠡᠷᠡᠬᠦ ᠢᠨᠵᠧᠨᠧᠷᠢᠩ 3 ᠳ᠋ᠦᠩᠰᠢᠭᠤᠷ ᠲᠥᠭᠦᠷᠢᠭ᠂ ᠳᠤᠮᠳᠠᠳᠤ ᠶᠢᠨ ᠬᠢᠳᠠᠨ ᠯᠢᠶᠣᠣ ᠶᠢᠨ ᠮᠦᠽᠧᠢ ᠶᠢᠨ ᠪᠦᠲᠦᠭᠡᠨ ᠪᠠᠶᠢᠭᠤᠯᠤᠯᠲᠠ 1.5 ᠳ᠋ᠦᠩᠰᠢᠭᠤᠷ ᠲᠥᠭᠦᠷᠢᠭ᠂ ᠬᠤᠩ ᠶᠤᠸᠠᠨ ᠶᠡᠭᠡ ᠵᠠᠮ ᠤᠨ ᠪᠦᠲᠦᠭᠡᠨ ᠪᠠᠶᠢᠭᠤᠯᠤᠯᠲᠠ ᠳᠤ 1 ᠳ᠋ᠦᠩᠰᠢᠭᠤᠷ ᠲᠥᠭᠦᠷᠢᠭ᠂ ᠰᠦᠩᠱᠠᠨ ᠲᠣᠭᠤᠷᠢᠭ ᠤᠨ ᠪᠠ ᠵᠢᠶᠠ ᠲᠣᠰᠬᠤᠨ᠂ ᠱᠠᠨ ᠰᠢ ᠶᠢᠩ ᠲᠣᠰᠬᠤᠨ ᠤ ᠭᠠᠵᠠᠷ ᠰᠢᠷᠤᠢ ᠨᠦᠭᠡᠴᠡᠯᠡᠬᠦ ᠲᠥᠷᠥᠯ ᠵᠦᠢᠯ ᠳᠤ 1 ᠳ᠋ᠦᠩᠰᠢᠭᠤᠷ ᠲᠥᠭᠦᠷᠢᠭ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠶᠠᠪᠤᠳᠠᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ 4000 ᠲᠦᠮᠡᠨ ᠲᠥᠭᠦᠷᠢᠭ᠂ ᠬᠤᠲᠠ ᠶᠢᠨ ᠵᠠᠰᠠᠭ ᠤᠨ ᠣᠷᠳᠣᠨ ᠤ ᠭᠠᠵᠠᠷ ᠳᠣᠣᠷᠠᠬᠢ ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠳᠤ 4000 ᠲᠦᠮᠡᠨ ᠲᠥᠭᠦᠷᠢᠭ ᠬᠡᠷᠡᠭᠯᠡᠵᠦ᠂ ᠭᠤᠣᠯ ᠬᠤᠲᠠ ᠲᠣᠭᠤᠷᠢᠭ ᠤᠨ ᠤᠰᠤᠨ ᠰᠤᠷᠪᠤᠯᠵᠢ ᠶᠢᠨ ᠤᠰᠤᠨ ᠤ ᠦᠢᠯᠡᠳᠪᠦᠷᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠳᠥᠷᠪᠡᠳᠦᠭᠡᠷ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠳᠤ 3000 ᠲᠦᠮᠡᠨ ᠲᠥᠭᠦᠷᠢᠭ᠂ ᠭᠤᠣᠯ ᠬᠤᠲᠠ ᠲᠣᠭᠤᠷᠢᠭ ᠤᠨ 10 ᠲᠦᠮᠡᠨ ᠲᠣᠨ ᠳᠤᠮᠳᠠ ᠤᠰᠤᠨ ︵ᠲᠠᠬᠢᠯᠲᠠ ᠤᠰᠤ︶ ᠤ ᠥᠷᠭᠡᠳᠬᠡᠨ ᠪᠠᠶᠢᠭᠤᠯᠬᠤ ᠳᠤ 2000 ᠲᠦᠮᠡᠨ ᠲᠥᠭᠦᠷᠢᠭ ᠬᠡᠷᠡᠭᠯᠡᠪᠡ᠃ ᠰᠤᠯᠢᠭᠰᠠᠨ ᠵᠢᠭᠡᠯᠡᠯᠭᠡ ᠶᠢᠨ ᠲᠡᠮᠳᠡᠭᠲᠦ ᠶᠢ ᠤᠷᠢᠳᠠᠪᠠᠷ ᠰᠣᠯᠢᠭᠰᠠᠨ ᠤ ᠳᠠᠷᠠᠭ᠎ᠠ ᠵᠢᠯ ᠤᠨ ᠬᠤᠭᠤᠴᠠᠭ᠎ᠠ ᠨᠢ ᠲᠤᠯᠤᠭᠰᠠᠨ ᠦᠯᠡᠳᠡᠵᠦ ᠪᠠᠶᠢᠭ᠎ᠠ ᠥᠷᠢ ᠥᠭᠴᠡᠭᠡ ᠶᠢ ᠪᠤᠴᠠᠭᠠᠬᠤ ᠳᠤ ᠬᠡᠷᠡᠭᠯᠡᠵᠦ᠂ ᠪᠡᠭᠡᠵᠢᠩ ᠮᠦᠭᠳᠡᠨ ᠤ ᠠᠶᠠᠨᠴᠢᠳ ᠤᠨ ᠱᠤᠭᠤᠮ ᠤᠨ ᠲᠤᠰᠬᠠᠢ ᠵᠢᠭᠡᠯᠡᠯᠭᠡ ᠪᠠ ᠬᠤᠲᠠ ᠶᠢᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠶᠢᠨ ᠠᠵᠤ ᠠᠬᠤᠢᠯᠠᠯ ᠤᠨ ᠥᠷᠢ ᠥᠭᠴᠡᠭᠡ ᠶᠢ ᠪᠤᠴᠠᠭᠠᠬᠤ ᠳᠤ ᠬᠡᠷᠡᠭᠯᠡᠪᠡ᠃ ᠳᠠᠬᠢᠨᠲᠠ ᠪᠡᠯᠡ ᠬᠤᠷᠠᠮᠳᠤᠭᠤᠯᠤᠭᠰᠠᠨ ᠵᠢᠭᠡᠯᠡᠯᠭᠡ ᠶᠢᠨ ᠲᠡᠮᠳᠡᠭᠲᠦ ᠶᠢ ᠬᠤᠭᠤᠴᠠᠭ᠎ᠠ ᠨᠢ ᠲᠤᠯᠤᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠰᠣᠯᠢᠬᠤ ᠳᠤ ᠬᠡᠷᠡᠭᠯᠡᠪᠡ᠃ ᠬᠤᠲᠠ ᠶᠢᠨ ᠲᠤᠰ ᠱᠠᠲᠤᠨ ᠤ ᠥᠷᠢ ᠥᠭᠴᠡᠭᠡ ᠶᠢᠨ ᠦᠯᠳᠡᠭᠳᠡᠯ 41.5 ᠳ᠋ᠦᠩᠰᠢᠭᠤᠷ ᠲᠥᠭᠦᠷᠢᠭ ᠪᠠᠶᠢᠨ᠎ᠠ᠃
 
ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号