ᠤᠯᠠᠭᠠᠨᠬᠠᠳᠠ ᠬᠤᠳᠠ ᠶᠢᠨ 2018 ᠤᠨ ᠤ ᠤᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠭᠡᠳ 2019 ᠤᠨ ᠤ ᠤᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠤᠨ ᠲᠣᠬᠠᠢ ᠮᠡᠳᠡᠭᠦᠯᠦᠯᠳᠡ ︵ᠨᠢᠭᠡ︶
ᠨᠡᠶᠢᠲᠡᠯᠡᠭᠰᠡᠨ ᠴᠠᠭ᠄
2019-01-25
   — 2019 ᠤᠨ ᠤ 1 ᠰᠠᠷ᠎ᠠ ᠶᠢᠨ 11 ᠤ ᠡᠳᠦᠷ              ᠤᠯᠠᠭᠠᠨᠬᠠᠳᠠ ᠬᠤᠳᠠ ᠶᠢᠨ ᠲᠣᠯᠣᠳᠣᠭᠠᠷ ᠬᠤᠭᠤᠴᠠᠭᠠᠨ ᠤ              ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ              ᠬᠤᠶᠠᠳᠣᠭᠠᠷ ᠬᠤᠷᠠᠯᠳᠣᠭᠠᠨ ᠲᠡᠭᠡᠷ᠎ᠠ                 ᠤᠯᠠᠭᠠᠨᠬᠠᠳᠠ ᠬᠤᠳᠠ ᠶᠢᠨ ᠬᠦᠭᠵᠢᠯᠳᠡ ᠪᠠ ᠦᠭᠡᠷᠡᠴᠢᠯᠡᠯᠳᠡ ᠶᠢᠨ ᠵᠦᠪᠯᠡᠯ    ᠲᠦᠯᠦᠭᠡᠯᠡᠭᠴᠢᠳ ᠡ᠄           ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠨᠠᠶᠢᠳᠠᠯᠭ᠎ᠠ ᠪᠠᠷ᠂ ᠪᠦᠬᠦ ᠬᠤᠳᠠ ᠶᠢᠨ 2018 ᠤᠨ ᠤ ᠤᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠭᠡᠳ 2019 ᠤᠨ ᠤ ᠤᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢᠨ ᠲᠦᠰᠦᠯ ᠢ ᠬᠤᠳᠠ ᠶᠢᠨ ᠲᠣᠯᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠳᠤ ᠲᠡᠪᠰᠢᠭᠦᠯᠦᠨ ᠬᠢᠨᠠᠭᠤᠯᠤᠶ᠎ᠠ᠂ ᠡᠭᠦᠨ ᠤ ᠬᠠᠮᠳᠣ ᠬᠤᠳᠠ ᠶᠢᠨ ᠤᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠣᠯᠨ ᠤᠷᠣᠯᠴᠠᠭᠰᠠᠨ ᠨᠦᠬᠦᠳ ᠰᠠᠨᠠᠯ ᠢᠶᠠᠨ ᠲᠣᠷᠠᠳᠬᠤ ᠪᠣᠯᠪᠠᠣ᠃           ᠨᠢᠭᠡ᠂ 2018 ᠤᠨ ᠤ ᠪᠦᠬᠦ ᠬᠤᠳᠠ ᠶᠢᠨ ᠤᠯᠣᠰ ᠠᠷᠠᠳ ᠤᠨ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ          2018 ᠤᠨ ᠳᠤ᠂ ᠪᠦᠬᠦ ᠬᠤᠳᠠ ᠶᠢᠨ ᠲᠡᠭᠡᠷ᠎ᠠ ᠲᠣᠣᠷᠠᠳᠣ ᠱᠠᠳᠣᠨ ᠤ ᠬᠢᠨ ᠤᠯᠣᠰ᠂ ᠦᠪᠡᠷᠳᠡᠭᠡᠨ ᠵᠠᠰᠠᠬᠤ ᠤᠷᠣᠨ ᠪᠠ ᠬᠤᠳᠠ ᠶᠢᠨ ᠨᠠᠮ ᠤᠨ ᠬᠤᠷᠢᠶᠠᠨ ᠤ ᠡᠯ᠎ᠠ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠣᠭᠤᠰᠢᠯᠠᠭᠤᠯᠣᠨ᠂ ᠯᠠᠪᠳᠠᠭᠤᠨ ᠢᠶᠠᠷ ᠤᠷᠣᠭᠰᠢᠯᠠᠬᠤ ᠠᠵᠢᠯ ᠤᠨ ᠶᠡᠷᠦᠩᠭᠡᠢ ᠦᠨᠳᠦᠰᠦᠨ ᠬᠦᠭ ᠢ ᠪᠠᠷᠢᠮᠳᠠᠯᠠᠵᠣ᠂ ᠰᠢᠨ᠎ᠠ ᠬᠦᠭᠵᠢᠯᠳᠡ ᠶᠢᠨ ᠤᠶᠢᠯᠠᠭᠠᠭᠳᠠᠬᠤᠨ ᠢᠶᠠᠷ ᠠᠵᠣ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠢ ᠬᠦᠳᠦᠯᠦᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠣᠯ ᠰᠦᠪᠡᠭᠴᠢ ᠪᠣᠯᠭᠠᠵᠣ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠶᠢᠨ ᠱᠠᠭᠠᠷᠳᠠᠯᠭ᠎ᠠ ᠶᠢ ᠱᠠᠯᠠᠪᠳᠠᠨ ᠨᠠᠶᠢᠳᠠᠪᠤᠷᠢᠵᠢᠭᠤᠯᠵᠤ᠂ ᠴᠢᠬᠤᠯᠨ ᠶᠡᠭᠡ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ᠂ ᠤᠨᠣᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠳᠣᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠰᠢᠪᠳᠣᠯᠣᠯᠳᠠ ᠶᠢᠨ ᠳᠠᠶᠢᠨ︾ ᠤ ᠢᠯᠠᠯᠳᠠ ᠶᠢ ᠡᠷᠡᠰ ᠲᠡᠮᠡᠴᠡᠨ ᠤᠯᠵᠣ᠂ ᠲᠣᠭᠳᠠᠭᠤᠨ ᠨᠡᠮᠡᠭᠳᠡᠯ ᠢ ᠠᠬᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢᠨ ᠲᠣᠬᠢᠷᠠᠭᠤᠯᠣᠯᠳᠠ ᠬᠢᠬᠦ᠂ ᠠᠷᠠᠳ ᠤᠨ ᠠᠮᠢᠳᠣᠷᠠᠯ ᠳᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠠ ᠵᠦᠢᠯ ᠤᠨ ᠠᠵᠢᠯ ᠢ ᠨᠢᠭᠡᠳᠦᠯᠳᠡᠢ ᠲᠣᠬᠢᠷᠠᠭᠤᠯᠣᠨ᠂ ᠬᠦᠭᠵᠢᠯᠳᠡ ᠶᠢᠨ ᠴᠢᠨᠠᠷ ᠴᠢᠨᠰᠠᠭ᠎ᠠ ᠪᠣᠯᠣᠨ ᠦᠷ᠎ᠠ ᠠᠰᠢᠭ ᠢ ᠬᠦᠴᠦᠯᠡᠨ ᠲᠡᠭᠡᠭᠰᠢᠯᠡᠭᠦᠯᠵᠦ᠂ ᠪᠦᠬᠦ ᠬᠤᠳᠠ ᠶᠢᠨ ᠠᠵᠣ ᠠᠬᠤᠢ ᠨᠡᠶᠢᠭᠡᠮ ᠯᠠᠪᠳᠠᠭᠤᠨ ᠢᠶᠠᠷ ᠤᠷᠣᠭᠰᠢᠯᠠᠨ᠂ ᠦᠷᠬᠦᠯᠵᠢᠯᠡᠩᠭᠦᠢ ᠡᠷᠡᠭᠦᠯ ᠢᠶᠠᠷ ᠬᠦᠭᠵᠢᠬᠦ ᠪᠠᠶᠢᠳᠠᠯ ᠢ ᠪᠠᠳᠣᠯᠠᠭᠰᠠᠨ ᠪᠠᠶᠢᠨ᠎ᠠ᠃ ᠵᠢᠱᠢᠭᠰᠡᠨ ᠢᠶᠠᠷ ᠪᠦᠬᠦ ᠬᠤᠳᠠ ᠶᠢᠨ ᠭᠠᠵᠠᠷ ᠤᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ 1520 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 6% ᠤᠷᠴᠢᠮ ᠨᠡᠮᠡᠭᠳᠡᠵᠦ᠂ 2017 ᠤᠨ ᠠᠴᠠ 2.4 ᠵᠠᠭᠤᠨ ᠤ ᠬᠤᠪᠢ ᠦᠨᠳᠦᠷ︔ ᠰᠢᠨ᠎ᠠ ᠲᠤᠭ᠎ᠠ ᠪᠦᠷᠢᠳᠭᠡᠯ ᠤᠨ ᠲᠣᠭᠠᠴᠠᠭ᠎ᠠ ᠬᠢᠬᠦ ᠠᠷᠭ᠎ᠠ ᠪᠠᠷᠢᠯ ᠤᠨ ᠶᠣᠰᠣᠭᠠᠷ᠂ ᠬᠡᠪᠴᠢᠶ᠎ᠠ ᠠᠴᠠ ᠲᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠶᠢᠨ ᠨᠡᠮᠡᠭᠳᠡᠯ ᠤᠨ ᠬᠤᠷᠳᠣᠴᠠ ᠪᠦᠬᠦ ᠤᠷᠣᠨ ᠤ ᠲᠣᠮᠳᠠᠴᠢ ᠬᠢᠷᠢ ᠲᠦᠪᠰᠢᠨ ᠠᠴᠠ 10 ᠵᠠᠭᠤᠨ ᠤ ᠬᠤᠪᠢ ᠤᠷᠴᠢᠮ ᠦᠨᠳᠦᠷ︔  ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠣᠯᠨ ᠪᠠᠷ ᠬᠤᠳᠠᠯᠳᠣᠭᠰᠠᠨ ᠶᠡᠷᠦᠩᠭᠡᠢ ᠲᠤᠭ᠎ᠠ 815 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 7.5% ᠤᠷᠴᠢᠮ ᠨᠡᠮᠡᠭᠳᠡᠵᠦ᠂ ᠬᠦᠳᠡᠭᠡ ᠲᠣᠰᠬᠤᠨ ᠮᠠᠯᠵᠢᠬᠤ ᠤᠷᠣᠨ ᠤ ᠨᠡᠮᠡᠭᠳᠡᠯ ᠤᠨ ᠬᠤᠷᠳᠣᠴᠠ ᠨᠢ ᠬᠤᠳᠠ ᠪᠠᠯᠭᠠᠰᠣᠨ ᠤ ᠨᠡᠮᠡᠭᠳᠡᠯ ᠤᠨ ᠬᠤᠷᠳᠣᠴᠠ ᠠᠴᠠ 1 ᠵᠠᠭᠤᠨ ᠤ ᠬᠤᠪᠢ ᠦᠨᠳᠦᠷ︔ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ ᠵᠠᠷᠣᠴᠠᠭᠤᠯᠵᠣ ᠪᠣᠯᠬᠤ ᠤᠷᠣᠯᠭ᠎ᠠ 31885 ᠲᠦᠭᠦᠷᠢᠭ ᠪᠠ 11284 ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 7.5% ᠪᠠ 9% ᠤᠷᠴᠢᠮ ᠨᠡᠮᠡᠭᠳᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠣᠯᠭ᠎ᠠ ᠶᠢᠨ ᠬᠠᠷᠢᠴᠠᠯ ᠨᠢ 2017 ᠤᠨ ᠤ 2.865:1 ᠠᠴᠠ ᠬᠤᠷᠣᠭᠳᠠᠭᠠᠳ 2.826:1 ᠪᠣᠯᠪᠠ︔ ᠡᠩ ᠤᠨ ᠤᠯᠠᠨ  ᠨᠡᠶᠢᠲᠡ ᠶᠢᠨ ᠲᠦᠰᠦᠪ ᠤᠨ ᠤᠷᠣᠯᠭ᠎ᠠ 108.2 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 7.5% ᠤᠷᠴᠢᠮ ᠨᠡᠮᠡᠭᠳᠡᠨ᠂ 2017 ᠤᠨ ᠠᠴᠠ 13.8 ᠵᠠᠭᠤᠨ ᠤ ᠬᠤᠪᠢ ᠦᠨᠳᠦᠷ᠃           ︵ᠨᠢᠭᠡ︶ ᠲᠠᠷᠢᠶᠠᠯᠠᠩ ᠮᠠᠯ ᠠᠵᠣ ᠠᠬᠤᠢ ᠶᠢᠨ ᠪᠦᠳᠦᠴᠡ ᠶᠢᠨ ᠲᠣᠬᠢᠷᠠᠭᠤᠯᠣᠯᠳᠠ ᠲᠦᠷᠭᠡᠳᠪᠡ᠃ ᠲᠠᠷᠢᠶᠠᠯᠠᠩ ᠮᠠᠯ ᠠᠵᠣ ᠠᠬᠤᠢ ᠶᠢᠨ ᠬᠡᠯᠪᠡᠷᠢ ᠶᠢ ᠬᠤᠪᠢᠷᠠᠭᠤᠯᠣᠨ ᠲᠡᠰ ᠳᠡᠪᠰᠢᠭᠦᠯᠬᠦ ᠦᠷ᠎ᠠ ᠪᠦᠳᠦᠮᠵᠢ ᠮᠡᠳᠡᠭᠳᠡᠮ᠎ᠠ ᠪᠣᠯᠪᠠ᠃ ᠠᠮᠣ ᠪᠣᠳᠠᠭᠠᠨ ᠤ ᠦᠢᠯᠡᠳᠪᠦᠷᠢᠯᠡᠯ ᠤᠨ ᠴᠢᠳᠠᠮᠵᠢᠳᠣ ᠲᠣᠭᠤᠷᠢᠭ ᠪᠣᠯᠣᠨ ᠴᠢᠬᠤᠯᠨ ᠲᠠᠷᠢᠶᠠᠯᠠᠩ ᠤᠨ ᠪᠦᠳᠦᠭᠡᠭᠳᠡᠬᠦᠨ ᠤ ᠬᠠᠮᠠᠭᠠᠯᠠᠯᠳᠠ ᠶᠢᠨ ᠤᠷᠣᠨ ᠢ ᠬᠤᠪᠢᠶᠠᠷᠢᠯᠠᠨ ᠲᠣᠭᠳᠠᠭᠠᠬᠤ ᠠᠵᠢᠯ ᠢ ᠲᠦᠷᠭᠡᠳᠭᠡᠵᠦ᠂ ᠵᠢᠷᠭᠤᠭᠠᠨ ᠶᠡᠭᠡ ᠲᠠᠷᠢᠮᠠᠯ ᠪᠣᠯᠣᠨ ᠲᠦᠬᠦᠭᠡᠷᠦᠮᠵᠢᠳᠦ ᠢᠳᠡᠰᠢᠨ ᠨᠣᠭᠤᠭ᠎ᠠ ᠶᠢᠨ ᠪᠠᠷᠢᠮᠵᠢᠶᠠᠳᠣ ᠦᠢᠯᠡᠳᠪᠦᠷᠢᠯᠡᠯ ᠤᠨ ᠰᠠᠭᠤᠷᠢᠨ ᠭᠠᠵᠠᠷ 110 ᠶᠢ ᠪᠠᠶᠢᠭᠤᠯᠤᠨ᠂ ᠪᠠᠷᠢᠮᠵᠢᠶᠠᠳᠣ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠠᠯᠠᠪᠠᠢ 164.4 ᠲᠦᠮᠡᠨ ᠮᠦ ᠶᠢ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠮᠣ ᠪᠣᠳᠠᠭ᠎ᠠ ᠠᠵᠣ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢᠨ ᠬᠠᠷᠢᠴᠠᠯ ᠢ 70:16:14 ᠪᠣᠯᠭᠠᠨ ᠲᠣᠬᠢᠷᠠᠭᠤᠯᠵᠠᠢ︔ ᠪᠦᠬᠦ ᠬᠤᠳᠠ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 55.7 ᠲᠦᠮᠡᠨ ᠮᠦ ᠬᠠᠰᠣᠵᠦ᠂ ᠠᠮᠣ ᠪᠣᠳᠠᠭᠠᠨ ᠤ ᠶᠡᠷᠦᠩᠭᠡᠢ ᠤᠨᠠᠯᠲᠠ ᠶᠢ 100 ᠳ᠋ᠦᠩᠰᠢᠭᠤᠷ ᠵᠢᠩ ᠠᠴᠠ ᠲᠡᠭᠡᠭᠰᠢ ᠳᠤ ᠲᠣᠭᠳᠠᠪᠣᠷᠢᠭᠤᠯᠵᠠᠢ︔ ᠪᠦᠬᠦ ᠵᠢᠯ ᠳᠤ ᠲᠦᠬᠦᠭᠡᠷᠦᠮᠵᠢᠳᠦ ᠲᠠᠷᠢᠶᠠᠯᠠᠩ᠂ ᠬᠦᠷᠡᠩ ᠴᠠᠷᠭᠠᠰᠣ ᠶᠢ ᠲᠣᠰᠪᠣᠷᠢ 20 ᠲᠦᠮᠡᠨ ᠮᠦ ᠰᠢᠨ᠎ᠠ ᠪᠠᠷ ᠨᠡᠮᠡᠭᠳᠡᠭᠦᠯᠵᠦ᠂ ᠲᠦᠬᠦᠭᠡᠷᠦᠮᠵᠢᠳᠦ ᠲᠠᠷᠢᠶᠠᠯᠠᠩ ᠤᠨ ᠶᠡᠷᠦᠩᠭᠡᠢ ᠲᠠᠯᠠᠪᠠᠢ ᠪᠦᠬᠦ ᠤᠷᠣᠨ ᠤ 50% ᠠᠴᠠ ᠲᠡᠭᠡᠭᠰᠢ ᠶᠢ ᠡᠵᠡᠯᠡᠪᠡ︔ ᠮᠠᠯ ᠠᠵᠣ ᠠᠬᠤᠢ ᠶᠢᠨ ︽ᠬᠤᠶᠠᠷ ᠢ ᠨᠡᠮᠡᠭᠳᠡᠭᠦᠯᠵᠦ ᠬᠤᠶᠠᠷ ᠢ ᠲᠣᠭᠳᠠᠪᠣᠷᠢᠵᠢᠭᠤᠯᠬᠤ︾ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠬᠦᠯᠵᠦ᠂ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠯ ᠤᠨ ᠵᠢᠱᠢᠶ᠎ᠠ ᠦᠵᠡᠬᠦᠯᠬᠦ 48 ᠮᠠᠯᠵᠢᠯ ᠤᠨ ᠲᠠᠯᠠᠪᠠᠢ ᠶᠢ ᠰᠢᠨ᠎ᠠ ᠪᠠᠷ ᠪᠠᠶᠢᠭᠤᠯᠤᠨ᠂ 6 ᠰᠠᠷ᠎ᠠ ᠶᠢᠨ ᠰᠡᠭᠦᠯᠴᠢ ᠪᠠᠷ ᠭᠡᠷ ᠤᠨ ᠲᠡᠵᠢᠭᠡᠪᠦᠷᠢ ᠶᠢᠨ ᠲᠤᠭ᠎ᠠ ᠲᠣᠯᠣᠭᠠᠢ 1410. 7 ᠲᠦᠮᠡᠨ ᠲᠣᠯᠣᠭᠠᠢ ᠳᠤ ᠬᠦᠷᠪᠡ︔ ᠵᠣᠣ ᠤᠳᠠ ᠠᠯᠠᠰᠢᠨ ᠦᠭᠡᠷ ᠤᠨ ᠬᠤᠯᠪᠣᠭᠠᠯᠠᠨ ᠡᠭᠦᠯᠳᠡᠷ  ᠪᠤᠶᠢᠵᠢᠭᠤᠯᠬᠤ ᠠᠵᠢᠯ ᠵᠢᠩᠬᠢᠨᠢ ᠪᠠᠷ ᠡᠬᠢᠯᠡᠵᠦ᠂ ᠪᠦᠬᠦ ᠬᠤᠳᠠ ᠶᠢᠨ ᠮᠠᠯ ᠵᠢᠭᠦᠷᠳᠡᠨ ᠤ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 97% ᠠᠴᠠ ᠲᠡᠭᠡᠭᠰᠢ ᠪᠣᠯᠪᠠ᠃ ᠲᠠᠷᠢᠶᠠᠯᠠᠩ ᠮᠠᠯ ᠠᠵᠣ ᠠᠬᠤᠢ ᠶᠢᠨ ᠠᠵᠦ ᠦᠢᠯᠡᠰᠵᠢᠯᠳᠡ ᠶᠢ ᠱᠠᠯᠠᠪᠳᠠᠨ ᠠᠬᠢᠭᠤᠯᠪᠠ᠃ ᠬᠤᠳᠠ ᠶᠢᠨ ᠱᠠᠳᠣᠨ ᠠᠴᠠ ᠲᠡᠭᠡᠭᠰᠢᠬᠢ ᠠᠵᠦ ᠦᠢᠯᠡᠰᠵᠢᠭᠰᠡᠨ ᠭᠤᠣᠯᠳᠠᠯᠭ᠎ᠠ ᠲᠠᠢ ᠲᠤᠯᠤᠭᠠᠶᠢᠯᠠᠭᠴᠢ ᠠᠵᠣ ᠠᠬᠤᠶᠢᠯᠠᠯ 24 ᠡᠷᠦᠬᠡ ᠰᠢᠨ᠎ᠠ ᠪᠠᠷ ᠨᠡᠮᠡᠭᠳᠡᠨ᠂ ᠬᠡᠪᠴᠢᠶ᠎ᠠ ᠠᠴᠠ ᠲᠡᠭᠡᠭᠰᠢᠬᠢ ᠲᠠᠷᠢᠶᠠᠯᠠᠩ ᠮᠠᠯ ᠠᠵᠣ ᠠᠬᠤᠢ ᠶᠢᠨ ᠪᠦᠳᠦᠭᠡᠭᠳᠡᠬᠦᠨ ᠡᠳ᠋ᠰᠢᠭᠦᠯᠦᠨ ᠪᠣᠯᠪᠠᠰᠣᠷᠠᠭᠤᠯᠬᠤ ᠠᠵᠦ  ᠠᠬᠤᠶᠢᠯᠠᠯ ᠤᠨ ᠪᠣᠷᠣᠯᠠᠭᠤᠯᠭ᠎ᠠ ᠶᠢᠨ ᠤᠷᠣᠯᠭ᠎ᠠ 283 ᠳ᠋ᠦᠩᠰᠢᠭᠤᠷ ᠲᠦᠭᠦᠷᠢᠭ ᠲᠤ ᠬᠦᠷᠴᠦ᠂ ︽ᠭᠤᠷᠪᠠᠨ ᠪᠦᠳᠦᠭᠡᠭᠳᠡᠬᠦᠨ ᠨᠢᠭᠡ ᠲᠡᠮᠳᠡᠭ︾ ᠢᠶᠠᠷ ᠨᠣᠳᠠᠯᠠᠭᠰᠠᠨ ᠲᠠᠷᠢᠶᠠᠯᠠᠩ ᠮᠠᠯ ᠠᠵᠣ ᠠᠬᠤᠢ ᠶᠢᠨ ᠪᠦᠳᠦᠭᠡᠭᠳᠡᠬᠦᠨ ᠨᠡᠮᠡᠭᠳᠡᠭᠡᠳ 408 ᠪᠣᠯᠵᠠᠢ᠃ ᠬᠦᠳᠡᠭᠡ ᠲᠣᠰᠬᠤᠨ ᠮᠠᠯᠵᠢᠬᠤ ᠤᠷᠣᠨ ᠤ ᠨᠢᠭᠡᠳᠦᠭᠡᠷ ᠬᠤᠶᠠᠳᠣᠭᠠᠷ ᠭᠤᠷᠪᠠᠳᠣᠭᠠᠷ ᠠᠵᠦ ᠦᠢᠯᠡᠰ ᠨᠡᠶᠢᠯᠡᠯᠳᠦᠨ ᠬᠦᠭᠵᠢᠬᠦ ᠬᠠᠨᠳᠣᠰᠢ ᠮᠠᠰᠢ ᠰᠠᠶᠢᠨ ᠪᠣᠯᠪᠠ᠃ ᠪᠦᠬᠦ ᠬᠤᠳᠠ ᠳᠤ ᠲᠠᠷᠢᠮᠠᠯ ᠤᠨ ᠬᠦᠷᠢᠶᠡᠯᠡᠩ ᠤᠨ ᠶᠡᠷᠦᠩᠭᠡᠢ ᠴᠣᠭᠴᠠ 21 ᠶᠢ ᠰᠢᠨ᠎ᠠ ᠪᠠᠷ ᠪᠠᠶᠢᠭᠤᠯᠵᠤ᠂ ᠤᠯᠣᠰ ᠤᠨ ᠲᠡᠰ᠂ ᠦᠪᠡᠷᠳᠡᠭᠡᠨ ᠵᠠᠰᠠᠬᠤ ᠤᠷᠣᠨ ᠤ ᠲᠡᠰ ᠤᠨ ᠰᠡᠯᠡᠭᠦᠴᠡᠯ ᠲᠠᠷᠢᠶᠠᠯᠠᠩ ᠬᠢᠭᠡᠳ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠰᠢᠶᠠᠨ 5 ᠪᠣᠯᠵᠣ᠂ ᠨᠢᠩᠴᠧᠩ ᠰᠢᠶᠠᠨ ᠨᠢᠭᠡᠳᠦᠭᠡᠷ ᠬᠤᠶᠠᠳᠣᠭᠠᠷ ᠭᠤᠷᠪᠠᠳᠣᠭᠠᠷ ᠠᠵᠦ ᠦᠢᠯᠡᠰ ᠨᠡᠶᠢᠯᠡᠯᠳᠦᠨ ᠬᠦᠭᠵᠢᠭᠰᠡᠨ ᠤᠷᠣᠨ ᠢ ᠤᠷᠢᠳᠠᠪᠠᠷ ᠪᠠᠶᠢᠭᠤᠯᠬᠤ ᠬᠤᠰᠢᠭᠤ ᠰᠢᠶᠠᠨ ᠲᠣᠭᠤᠷᠢᠭ ᠢᠶᠠᠷ ᠲᠣᠭᠳᠠᠭᠠᠭᠳᠠᠪᠠ᠃ ᠵᠢᠱᠢᠭᠰᠡᠨ ᠢᠶᠠᠷ ᠪᠦᠬᠦ ᠵᠢᠯ ᠳᠤ ᠨᠢᠭᠡᠳᠦᠭᠡᠷ ᠠᠵᠦ ᠦᠢᠯᠡᠰ ᠤᠨ ᠨᠡᠮᠡᠭᠳᠡᠯ ᠦᠷᠳᠡᠭ 2.6% ᠤᠷᠴᠢᠮ ᠨᠡᠮᠡᠭᠳᠡᠨ᠎ᠠ᠃           ︵ᠬᠤᠶᠠᠷ︶ ᠠᠵᠦ ᠦᠢᠯᠡᠳᠪᠦᠷᠢ ᠶᠢᠨ ᠠᠵᠣ ᠠᠬᠤᠢ ᠶᠢᠨ ᠦᠷ᠎ᠠ ᠠᠰᠢᠭ ᠲᠡᠭᠡᠭᠰᠢᠯᠡᠪᠡ᠃ 1 — 11 ᠰᠠᠷ᠎ᠠ ᠳᠤ᠂ ᠪᠦᠬᠦ ᠬᠤᠳᠠ ᠶᠢᠨ ᠬᠡᠪᠴᠢᠶ᠎ᠠ ᠠᠴᠠ ᠲᠡᠭᠡᠭᠰᠢᠬᠢ ᠠᠵᠦ ᠦᠢᠯᠡᠳᠪᠦᠷᠢ 7.8% ᠨᠡᠮᠡᠭᠳᠡᠵᠦ᠂ ᠲᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 7.3 ᠵᠠᠭᠤᠨ ᠤ ᠬᠤᠪᠢ ᠦᠨᠳᠦᠷ ᠪᠠᠶᠢᠵᠤ᠂ ᠪᠦᠬᠦ ᠤᠷᠣᠨ ᠤ ᠲᠠᠪᠣᠳᠣᠭᠠᠷ ᠲᠤ ᠤᠷᠣᠪᠠ᠃ ᠨᠠᠢᠮᠠᠨ ᠶᠡᠭᠡ ᠲᠣᠯᠭᠠᠭᠤᠷᠢᠯᠠᠬᠤ ᠠᠵᠦ ᠦᠢᠯᠡᠰ ᠤᠨ 7 ᠨᠢ ᠡᠶᠡᠷᠬᠦ ᠨᠡᠮᠡᠭᠳᠡᠯ ᠢ ᠪᠡᠶᠡᠯᠡᠭᠦᠯᠵᠦ᠂ 1 ᠨᠢ ᠰᠦᠬᠡᠷᠬᠦ ᠨᠡᠮᠡᠭᠳᠡᠯ ᠢᠯᠡᠷᠡᠵᠡᠢ᠃ 1 — 11 ᠰᠠᠷ᠎ᠠ ᠳᠤ᠂ ᠪᠦᠬᠦ ᠬᠤᠳᠠ ᠶᠢᠨ ᠬᠢᠮᠢ ᠶᠢᠨ ᠠᠵᠣ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠡᠨᠧᠷᠭᠢ᠂ ᠨᠡᠬᠡᠮᠡᠯ᠂ ᠮᠠᠰᠢᠨ ᠮᠧᠬᠠᠨᠢᠭ᠂ ᠢᠳᠡᠭᠡᠨ᠂ ᠲᠡᠮᠦᠷᠯᠢᠭ ᠬᠠᠶᠢᠯᠤᠭᠤᠯᠬᠤ ᠠᠵᠦ ᠦᠢᠯᠡᠳᠪᠦᠷᠢ ᠲᠣᠰᠪᠣᠷᠢ 29.2%᠂ 20.6%᠂ 16.1%᠂ 13.2%᠂ 4.9%᠂ 3% ᠪᠠ 2.2% ᠨᠡᠮᠡᠭᠳᠡᠨ᠂ ᠡᠮ ᠡᠮᠨᠡᠯᠭᠡ ᠶᠢᠨ ᠠᠵᠦ ᠦᠢᠯᠡᠳᠪᠦᠷᠢ ᠠᠳᠠᠯᠢ ᠬᠤᠭᠤᠴᠠᠭᠠᠨ ᠤ ᠬᠢ ᠠᠴᠠ 9. 8% ᠪᠠᠭᠤᠷᠠᠪᠠ᠃ ᠡᠭᠦᠨ ᠳᠤ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠣ ᠦᠢᠯᠡᠳᠪᠦᠷᠢ᠂ ᠡᠨᠧᠷᠭᠢ᠂ ᠨᠡᠬᠡᠮᠡᠯ ᠂ ᠲᠡᠮᠦᠷᠯᠢᠭ ᠬᠠᠶᠢᠯᠤᠭᠤᠯᠬᠤ ᠠᠵᠢᠯ ᠲᠦᠷᠦᠯ ᠤᠨ ᠨᠡᠮᠡᠭᠳᠡᠯ ᠤᠨ ᠬᠤᠷᠳᠣᠴᠠ ᠨᠢ ᠲᠣᠰᠪᠣᠷᠢ 2017 ᠤᠨ ᠤ ᠠᠳᠠᠯᠢ ᠬᠤᠭᠤᠴᠠᠭᠠᠨ ᠤ ᠬᠢ ᠠᠴᠠ 39.5᠂ 27.6᠂ 14᠂ 12.5 ᠪᠠ 10.1 ᠵᠠᠭᠤᠨ ᠤ ᠬᠤᠪᠢ ᠦᠨᠳᠦᠷ᠃ ᠠᠵᠦ ᠠᠬᠤᠶᠢᠯᠠᠯ ᠤᠨ ᠠᠵᠣ ᠠᠬᠤᠢ ᠶᠢᠨ ᠦᠷ᠎ᠠ ᠠᠰᠢᠭ ᠨᠡᠯᠢᠶᠡᠳ ᠬᠤᠷᠳᠣᠨ ᠨᠡᠮᠡᠭᠳᠡᠵᠡᠢ᠃ 1 — 11 ᠰᠠᠷ᠎ᠠ ᠳᠤ᠂ ᠪᠦᠬᠦ ᠬᠤᠳᠠ ᠶᠢᠨ ᠬᠡᠪᠴᠢᠶ᠎ᠠ ᠠᠴᠠ ᠲᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠤᠨ ᠭᠤᠣᠯᠯᠠᠨ ᠡᠵᠡᠩᠨᠡᠬᠦ ᠲᠤᠬᠠᠶᠢᠯᠠᠭᠰᠠᠨ ᠠᠵᠢᠯ ᠤᠨ ᠤᠷᠣᠯᠭ᠎ᠠ 886.9 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12% ᠨᠡᠮᠡᠭᠳᠡᠵᠡᠢ︔ ᠠᠰᠢᠭ ᠬᠤᠨᠵᠢᠪᠤᠷᠢ ᠶᠢᠨ ᠶᠡᠷᠦᠩᠭᠡᠢ ᠲᠤᠭ᠎ᠠ 64.9 ᠳ᠋ᠦᠩᠰᠢᠭᠤᠷ ᠲᠦᠭᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠵᠡᠢ᠃ ᠠᠵᠣ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠳᠦᠮᠵᠢᠳᠡᠢ ᠠᠬᠢᠭᠤᠯᠪᠠ᠃ ᠶᠢᠨ ᠵᠢᠶᠠᠨ ᠵᠡᠰ ᠤᠨ ᠦᠢᠯᠡᠰ ᠤᠨ 40 ᠲᠦᠮᠡᠨ ᠲᠣᠨ ᠤ ᠵᠡᠰ ᠬᠠᠶᠢᠯᠤᠭᠤᠯᠬᠤ ᠪᠦᠳᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠬᠦᠯᠵᠦ᠂ ᠤᠯᠠᠭᠠᠨᠬᠠᠳᠠ ᠶᠢᠨ ᠶᠦᠨ ᠲᠦᠩ ᠤᠨ 40 ᠲᠦᠮᠡᠨ ᠲᠣᠨ ᠤ ᠵᠡᠰ ᠬᠠᠶᠢᠯᠤᠭᠤᠯᠬᠤ ᠠᠵᠢᠯ ᠲᠡᠷᠭᠡ ᠬᠦᠳᠡᠯᠭᠡᠨ ᠨᠣᠴᠣᠭᠠᠬᠤ ᠨᠦᠬᠦᠴᠡᠯ ᠢ ᠪᠦᠷᠢᠯᠳᠦᠬᠦᠯᠵᠡᠢ︔ ᠲᠦᠸᠧ ᠵᠢᠶ᠋ᠨ ᠭᠡᠷᠡᠯᠯᠢᠭ ᠴᠠᠬᠢᠯᠭᠠᠨ᠂ ᠱᠧᠩ ᠯᠦᠨ ᠨᠣᠣᠰᠣ ᠨᠣᠣᠯᠣᠭᠤᠣᠷ ᠵᠡᠷᠭᠡ ᠠᠵᠦ ᠠᠬᠤᠶᠢᠯᠠᠯ ᠤᠨ ᠲᠣᠭᠠᠴᠢᠯᠠᠭᠰᠠᠨ ᠦᠢᠯᠡᠳᠪᠦᠷᠢ᠂ ᠪᠣᠳᠠᠭᠠᠯᠢᠴᠢᠯᠠᠨ ᠦᠢᠯᠡᠳᠬᠦ ᠤᠶᠣᠨᠳᠣ ᠦᠢᠯᠡᠳᠪᠦᠷᠢᠯᠡᠬᠦ ᠲᠦᠷᠦᠯ ᠵᠦᠢᠯ ᠢ ᠡᠬᠢᠯᠡᠨ ᠬᠡᠷᠡᠭᠵᠢᠬᠦᠯᠵᠦ᠂ ᠤᠯᠠᠭᠠᠨᠬᠠᠳᠠ ᠶᠢᠨ ᠲᠡᠭᠡᠳᠦ ᠰᠢᠨ᠎ᠠ ᠮᠡᠷᠭᠡᠵᠢᠯ ᠤᠨ ᠲᠣᠭᠤᠷᠢᠭ ᠤᠨ 2 × 35 ᠲᠦᠮᠡᠨ ᠺᠢᠯᠣᠧᠠᠲ ᠤᠨ ᠪᠡᠯᠡᠳᠭᠡᠯ ᠴᠠᠬᠢᠯᠭᠠᠨ ᠦᠢᠯᠡᠳᠪᠦᠷᠢ᠂ ᠤᠯᠠᠭᠠᠨᠬᠠᠳᠠ ᠶᠢᠨ ᠡᠮ ᠤᠨ ᠦᠢᠯᠡᠳᠪᠦᠷᠢ ᠶᠢᠨ ︽ᠬᠤᠳᠠ ᠠᠴᠠ ᠭᠠᠷᠴᠣ ᠬᠦᠷᠢᠶᠡᠯᠡᠩ ᠳᠤ ᠤᠷᠣᠬᠤ︾᠂ ᠲᠠᠢ ᠯᠢᠩ ᠬᠠᠢ ᠴᠣᠧᠠᠩ ᠤᠨ ᠠᠮᠢᠳᠣ ᠪᠣᠳᠠᠰ ᠤᠨ ᠰᠢᠨᠵᠢᠯᠡᠬᠦ ᠮᠡᠷᠭᠡᠵᠢᠯ ᠤᠨ ᠬᠦᠷᠢᠶᠡᠯᠡᠩ᠂ ᠨᠠᠨᠣᠮᠧᠲ᠋ᠧᠷ ᠤᠨ ᠤᠰᠣᠮᠠᠭ ᠪᠦᠯᠦᠭᠳᠦ ᠹᠣᠰᠹᠣᠷ ᠤᠨ ᠪᠣᠷᠣ ᠴᠢᠯᠠᠭᠤᠯᠢᠭ ᠤᠨ ᠲᠡᠭᠡᠳᠦ ᠲᠡᠰ ᠤᠨ ᠮᠠᠲ᠋ᠧᠷᠢᠶᠠᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠱᠠᠯᠠᠪᠳᠠᠨ ᠠᠬᠢᠭᠤᠯᠵᠣ᠂ ᠠᠷᠣ ᠬᠤᠷᠴᠢᠨ ᠬᠤᠰᠢᠭᠤᠨ ᠤ ᠯᠢᠩ ᠶᠦᠨ ᠬᠠᠢ ᠰᠢᠬᠢᠷ ᠦᠢᠯᠡᠳᠪᠦᠷᠢᠯᠡᠬᠦ᠂ ᠤᠩᠨᠢᠭᠤᠳ ᠬᠤᠰᠢᠭᠤᠨ ᠤ ᠯᠢᠩ ᡁᠢ ᠲᠦᠮᠦᠰᠦᠨ ᠰᠢᠷᠬᠡᠭ ᠡᠳ᠋ᠰᠢᠭᠦᠯᠬᠦ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠪᠠᠶᠢᠭᠤᠯᠤᠨ ᠪᠦᠳᠦᠭᠡᠵᠦ᠂ ᠪᠦᠬᠦ ᠬᠤᠳᠠ ᠶᠢᠨ ᠵᠠᠭᠤᠨ ᠲᠦᠮᠡᠨ ᠲᠣᠨ ᠤ ᠲᠡᠰ ᠤᠨ ᠵᠡᠰ ᠦᠢᠯᠡᠳᠪᠦᠷᠢᠯᠡᠬᠦ ᠴᠢᠳᠠᠮᠵᠢ ᠪᠣᠯᠣᠨ ᠰᠢᠨ᠎ᠠ ᠪᠠᠷ ᠦᠷᠨᠢᠭᠰᠡᠨ ᠠᠵᠣ ᠦᠢᠯᠡᠰ ᠤᠨ ᠰᠦᠷᠦᠭᠵᠢᠯ ᠶᠠᠭ ᠰᠠᠶ᠋ᠢᠬᠠᠨ ᠪᠦᠷᠢᠯᠳᠦᠵᠦ ᠪᠠᠶᠢᠨ᠎ᠠ᠃ ᠬᠦᠷᠢᠶᠡᠯᠡᠩ ᠲᠣᠭᠤᠷᠢᠭ ᠤᠨ ᠲᠡᠰ ᠲᠡᠪᠰᠢᠬᠦ ᠠᠯᠬᠤᠴᠠ ᠲᠦᠷᠭᠡᠳᠪᠡ᠃ ᠤᠯᠠᠭᠠᠨᠬᠠᠳᠠ ᠶᠢᠨ ᠵᠡᠬᠦᠨ ᠬᠡᠰᠡᠭ ᠤᠨ ᠠᠵᠣ ᠦᠢᠯᠡᠳᠪᠦᠷᠢ ᠶᠢᠨ ᠬᠤᠩᠬᠢᠯ ᠢ ᠪᠦᠬᠦ ᠬᠦᠴᠦ ᠪᠠᠷ ᠠᠬᠢᠭᠤᠯᠵᠦ᠂ ᠮᠠ ᠯᠢᠨ ᠦᠩᠭᠡᠳᠦ ᠲᠡᠮᠦᠷᠯᠢᠭ ᠤᠨ ᠠᠵᠣ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠭᠦᠯᠵᠦ᠂ ᠤᠯᠠᠭᠠᠨᠬᠠᠳᠠ ᠶᠢᠨ ᠲᠡᠭᠡᠳᠦ ᠰᠢᠨ᠎ᠠ ᠮᠡᠷᠭᠡᠵᠢᠯ ᠤᠨ ᠲᠣᠭᠤᠷᠢᠭ ᠤᠨ ︽ᠨᠢᠭᠡ ᠲᠣᠭᠤᠷᠢᠭ ᠲᠦᠷᠪᠡᠨ ᠬᠦᠷᠢᠶᠡᠯᠡᠩ︾ ᠤᠨ ᠲᠦᠯᠦᠪᠰᠢᠷᠡᠭᠰᠡᠨ ᠪᠠᠶᠢᠷᠢᠯᠠᠭᠤᠯᠤᠯᠲᠠ ᠦᠨᠳᠦᠰᠦᠨ ᠳᠤ ᠪᠠᠨ ᠪᠠᠶᠢᠭᠤᠯᠤᠭᠳᠠᠵᠤ᠂ ᠨᠡᠭᠡᠭᠡᠯᠳᠡ ᠶᠢᠨ ᠲᠣᠭᠤᠷᠢᠭ ᠢ ᠤᠯᠣᠰ ᠤᠨ ᠲᠡᠭᠡᠳᠦ ᠰᠢᠨ᠎ᠠ ᠮᠡᠷᠭᠡᠵᠢᠯ ᠤᠨ ᠲᠣᠭᠤᠷᠢᠭ ᠪᠣᠯᠭᠠᠨ ᠲᠡᠰ ᠲᠡᠪᠰᠢᠬᠦᠯᠬᠦ ᠠᠵᠢᠯ ᠢ ᠨᠢᠭᠡᠨᠲᠡ ᠲᠦᠷᠦ ᠶᠢᠨ ᠶᠠᠪᠣᠳᠠᠯ ᠤᠨ ᠬᠤᠷᠢᠶ᠎ᠠ ᠳᠤ ᠮᠡᠳᠡᠭᠦᠯᠦᠭᠡᠳ ᠵᠦᠪᠰᠢᠶᠡᠷᠡᠭᠦᠯᠬᠦ ᠪᠠᠷ ᠬᠦᠯᠢᠶᠡᠵᠦ  ᠪᠠᠶᠢᠨ᠎ᠠ᠃ ᠵᠢᠱᠢᠭᠰᠡᠨ ᠢᠶᠠᠷ ᠪᠦᠬᠦ ᠵᠢᠯ ᠤᠨ ᠠᠵᠦ ᠦᠢᠯᠡᠳᠪᠦᠷᠢ ᠶᠢᠨ ᠨᠡᠮᠡᠭᠳᠡᠯ ᠦᠷᠳᠡᠭ 8.4% ᠤᠷᠴᠢᠮ ᠨᠡᠮᠡᠭᠳᠡᠵᠦ᠂ ᠬᠡᠪᠴᠢᠶ᠎ᠠ ᠠᠴᠠ ᠲᠡᠭᠡᠭᠰᠢᠬᠢ ᠠᠵᠦ ᠦᠢᠯᠡᠳᠪᠦᠷᠢ 9% ᠤᠷᠴᠢᠮ ᠨᠡᠮᠡᠭᠳᠡᠵᠡᠢ᠃           ︵ᠭᠤᠷᠪᠠ︶ ᠦᠢᠯᠡᠴᠢᠯᠡᠭᠡᠨ ᠤ ᠦᠢᠯᠡᠰ ᠤᠨ ᠠᠵᠣ ᠠᠬᠤᠢ ᠶᠢᠨ ᠬᠦᠭᠵᠢᠯᠳᠡ ᠶᠢᠨ ᠬᠤᠷᠳᠣᠴᠠ ᠶᠢ ᠲᠦᠷᠭᠡᠳᠭᠡᠪᠡ᠃ ᠤᠯᠠᠮᠵᠢᠯᠠᠯᠳᠣ ᠠᠷᠠᠯᠵᠢᠶ᠎ᠠ ᠬᠤᠳᠠᠯᠳᠣᠭᠠᠨ ᠤ ᠦᠢᠯᠡᠰ ᠢ ᠲᠡᠰ ᠲᠡᠪᠰᠢᠭᠦᠯᠵᠡᠢ᠃ ᠪᠦᠬᠦ ᠬᠤᠳᠠ ᠶᠢᠨ 5000 ᠲᠡᠭᠰᠢ ᠲᠦᠷᠪᠡᠯᠵᠢᠨ  ᠮᠧᠲᠷ ᠠᠴᠠ ᠲᠡᠭᠡᠭᠰᠢᠬᠢ ᠲᠣᠮᠣ ᠮᠠᠶ᠋ᠢᠭ ᠤᠨ ᠬᠤᠳᠠᠯᠳᠣᠭᠠᠨ ᠤ ᠲᠠᠯᠠᠪᠠᠢ᠂ ᠲᠣᠮᠣ ᠮᠠᠶ᠋ᠢᠭ ᠤᠨ ᠴᠢᠯᠦᠭᠡᠳᠦ ᠲᠡᠯᠭᠡᠭᠦᠷ ᠪᠣᠯᠣᠨ ᠪᠦᠭᠡᠮ ᠢᠶᠠᠷ ᠬᠤᠳᠠᠯᠳᠣᠬᠤ ᠲᠣᠰᠬᠠᠢ ᠵᠠᠬ᠎ᠠ ᠲᠡᠯᠭᠡᠭᠦᠷ 95 ᠡᠷᠦᠬᠡ ᠳᠤ ᠬᠦᠷᠴᠡᠢ᠂ ᠡᠭᠦᠨ ᠤ ᠲᠣᠳᠣᠷ᠎ᠠ ᠵᠢᠯ ᠤᠨ ᠡᠵᠡᠩᠨᠡᠯᠳᠡ ᠶᠢᠨ ᠲᠤᠭ᠎ᠠ ᠨᠢ ᠳ᠋ᠦᠩᠰᠢᠭᠤᠷ ᠲᠦᠭᠦᠷᠢᠭ ᠠᠴᠠ ᠲᠠᠪᠠᠭᠰᠠᠨ ᠨᠢ 38 ᠡᠷᠦᠬᠡ ᠪᠣᠢ︔ ᠸᠢᠺᠲ᠋ᠣᠷᠢᠶ᠎ᠠ ᠮᠦᠸᠧ ᠡᠯ᠂ ᠵᠦᠩ ᠯᠢᠶᠠᠨ ᠤ ᠬᠤᠶᠠᠳᠣᠭᠠᠷ ᠬᠤᠭᠤᠴᠠᠭ᠎ᠠ᠂ ᠯᠦᠩ ᠲᠧᠩ ᠤᠯᠠᠨ ᠤᠯᠣᠰ ᠵᠡᠷᠭᠡ ᠨᠢᠭᠡ ᠪᠦᠯᠦᠭ ᠬᠤᠳᠠ ᠶᠢᠨ ᠬᠠᠮ ᠴᠣᠭᠴᠠ ᠶᠢ ᠱᠠᠯᠠᠪᠳᠠᠨ ᠪᠠᠶᠢᠭᠤᠯᠵᠤ᠂ ᠰᠢᠨᠬᠤᠧᠨ ᠬᠤᠳᠠᠯᠳᠣᠭᠠᠨ ᠤ ᠲᠣᠭᠤᠷᠢᠭ᠂ ᠴᠢᠶᠣᠣ ᠪᠧᠢ ᠬᠤᠳᠠᠯᠳᠣᠭᠠᠨ ᠤ ᠲᠣᠭᠤᠷᠢᠭ᠂ ᠰᠦᠩ ᠪᠧᠢ ᠬᠤᠳᠠᠯᠳᠣᠭᠠᠨ ᠤ ᠲᠣᠭᠤᠷᠢᠭ ᠢ ᠨᠢᠭᠳᠠ ᠬᠤᠯᠪᠣᠭᠰᠠᠨ ᠲᠣᠮᠣ ᠬᠤᠳᠠᠯᠳᠣᠭᠠᠨ ᠤ ᠲᠣᠭᠤᠷᠢᠭ ᠤᠨ ᠲᠣᠭᠳᠠᠯᠴᠠᠭ᠎ᠠ ᠶᠠᠭ ᠰᠠᠶ᠋ᠢᠬᠠᠨ ᠪᠦᠷᠢᠯᠳᠦᠵᠦ ᠪᠠᠶᠢᠨ᠎ᠠ᠃ ᠤᠳᠣ ᠦᠶ᠎ᠠ ᠶᠢᠨ ᠪᠠᠷᠠᠭᠠᠨ ᠭᠦᠢᠯᠭᠡᠭᠡ ᠶᠢᠨ ᠦᠢᠯᠡᠰ ᠤᠨ ᠬᠡᠪᠴᠢᠶ᠎ᠠ ᠪᠣᠵᠠᠭᠠᠶᠢᠢᠷᠠᠪᠠ᠃ ᠤᠯᠠᠭᠠᠨᠬᠠᠳᠠ ᠶᠢᠨ ᠠᠷᠠᠯᠵᠢᠶ᠎ᠠ ᠬᠤᠳᠠᠯᠳᠣᠭᠠᠨ ᠤ ᠪᠠᠷᠠᠭᠠᠨ ᠭᠦᠢᠯᠭᠡᠭᠡ ᠶᠢᠨ ᠬᠤᠳᠠ ᠨᠢ ᠨᠡᠶᠢᠲᠡ 45 ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠪᠡᠯᠨ ᠤᠷᠣᠭᠤᠯᠣᠯᠳᠠ ᠶᠢ ᠪᠡᠶᠡᠯᠡᠭᠦᠯᠵᠦ᠂ ᠰᠠᠭᠤᠷᠢ ᠲᠦᠬᠦᠭᠡᠷᠦᠮᠵᠢ ᠶᠢᠨ ᠲᠦᠯᠦᠪᠰᠢᠷᠡᠭᠰᠡᠨ ᠪᠠᠶᠢᠷᠢᠯᠠᠭᠤᠯᠤᠯᠲᠠ ᠦᠨᠳᠦᠰᠦᠨ ᠳᠤ ᠪᠠᠨ ᠪᠦᠷᠢᠯᠳᠦᠵᠡᠢ︔ ᠤᠯᠠᠭᠠᠨᠬᠠᠳᠠ ᠶᠢᠨ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡ ᠶᠢᠨ ᠭᠠᠷᠠᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠲᠠᠭᠤᠰᠣᠨ ᠬᠡᠷᠡᠭᠯᠡᠯᠳᠡ ᠳᠤ ᠤᠷᠣᠵᠦ᠂ ᠬᠤᠶᠠᠳᠣᠭᠠᠷ ᠬᠤᠭᠤᠴᠠᠭᠠᠨ ᠤ ᠪᠠᠷᠢᠯᠭ᠎ᠠ ᠶᠢ ᠪᠠᠶᠢᠭᠤᠯᠤᠨ ᠪᠦᠳᠦᠭᠡᠵᠦ᠂ ᠭᠤᠷᠪᠠᠳᠣᠭᠠᠷ ᠬᠤᠭᠤᠴᠠᠭᠠᠨ ᠤ ᠰᠣᠯᠨ ᠪᠠᠷ ᠬᠤᠳᠠᠯᠳᠣᠬᠤ ᠰᠢᠨ᠎ᠠ ᠠᠵᠦ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠨᠡᠶᠢᠲᠡ 312 ᠡᠷᠦᠬᠡ ᠠᠵᠦ ᠠᠬᠤᠶᠢᠯᠠᠯ ᠬᠦᠷᠢᠶᠡᠯᠡᠩ ᠲᠣᠭᠤᠷᠢᠭ ᠲᠤ ᠤᠷᠣᠵᠦ ᠰᠠᠭᠤᠵᠠᠢ ︔ ᠫᠠᠨ ᠭᠦ᠋ ᠲᠢᠶᠠᠨ ᠳ᠋ᠢ᠂ ᠮᠧᠩ ᠳ᠋ᠦᠩ ᠹᠧᠩ ᠴᠣᠧᠠᠩ᠂ ᠢᠳᠡᠰᠢᠨ ᠨᠣᠭᠤᠭ᠎ᠠ ᠶᠢᠨ ᠲᠠᠷᠢᠶᠠᠴᠢᠨ ᠤ ᠰᠦᠯᠵᠢᠶ᠎ᠠ ᠵᠡᠷᠭᠡ ᠨᠢᠭᠡ ᠪᠦᠯᠦᠭ ᠺᠣᠮᠫᠢᠦ᠋ᠲ᠋ᠧᠷ ᠬᠤᠳᠠᠯᠳᠣᠭᠠᠨ ᠤ ᠡᠵᠡᠨ ᠪᠡᠶ᠎ᠠ ᠲᠠᠰᠣᠷᠠᠯᠳᠠ ᠦᠭᠡᠢ ᠪᠤᠵᠠᠭᠠᠶᠢᠷᠠᠵᠤ᠂ 9 ᠬᠤᠰᠢᠭᠤ ᠰᠢᠶᠠᠨ ᠪᠦᠬᠦᠨ ᠢᠶᠠᠷ ᠢᠶᠠᠨ ᠤᠯᠣᠰ ᠤᠨ ᠺᠣᠮᠫᠢᠦ᠋ᠲ᠋ᠧᠷ ᠬᠤᠳᠠᠯᠳᠣᠭᠠᠨ ᠤ ᠶᠠᠪᠣᠳᠠᠯ ᠬᠦᠳᠡᠭᠡ ᠲᠣᠰᠬᠤᠨ ᠳᠤ ᠤᠷᠣᠬᠤ ᠶᠡᠷᠦᠩᠬᠡᠶᠢᠯᠡᠭᠰᠡᠨ ᠵᠢᠱᠢᠶ᠎ᠠ ᠦᠵᠡᠬᠦᠯᠬᠦ ᠰᠢᠶᠠᠨ ᠪᠣᠯᠵᠦ ᠳᠠᠪᠰᠢᠵᠠᠢ᠃ ᠪᠦᠬᠦ ᠬᠤᠳᠠ ᠶᠢᠨ ᠪᠠᠷᠠᠭᠠᠨ ᠭᠦᠢᠯᠭᠡᠭᠡ ᠶᠢᠨ ᠦᠢᠯᠡᠰ ᠤᠨ ᠪᠣᠷᠣᠯᠠᠭᠤᠯᠭ᠎ᠠ ᠶᠢᠨ ᠤᠷᠣᠯᠭ᠎ᠠ 550 ᠳ᠋ᠦᠩᠰᠢᠭᠤᠷ ᠲᠦᠭᠦᠷᠢᠭ ᠲᠤ ᠬᠦᠷᠴᠡᠢ᠃ ᠦᠪᠡᠷᠮᠢᠴᠡ ᠤᠨᠴᠠᠯᠢᠭᠳᠣ ᠵᠢᠭᠤᠯᠴᠢᠯᠠᠯ ᠤᠨ ᠦᠢᠯᠡᠰ ᠲᠠᠪᠠᠯᠳᠠ ᠲᠠᠢ ᠬᠦᠭᠵᠢᠪᠡ᠃ 14 ᠵᠣᠷᠪᠣᠰ ᠵᠢᠭᠤᠯᠴᠢᠯᠠᠯ ᠤᠨ ᠵᠠᠰᠠᠮᠠᠯ ᠵᠠᠮ ᠢ ᠡᠬᠢᠯᠡᠨ ᠲᠡᠪᠢᠰᠴᠦ᠂ ᠳ᠋ᠣᠣ ᠭᠦ᠋ ᠡᠮᠦᠨ᠎ᠠ ᠠᠭᠤᠯᠠᠨ ᠳᠠᠬᠢ ᠲᠠᠷᠢᠶᠠᠯᠠᠩ ᠰᠣᠪᠢᠯᠠᠯᠳᠠ ᠰᠣᠶᠣᠯ ᠲᠠᠮᠢᠷ ᠵᠢᠭᠤᠯᠴᠢᠯᠠᠯ ᠤᠨ ᠬᠠᠮ ᠴᠣᠭᠴᠠ᠂ ᠬᠤᠩ ᠱᠠᠨ ᠬᠤᠧᠨ ᠳ᠋ᠦ᠋ ᠠᠮᠢ ᠠᠬᠤᠢ ᠶᠢᠨ ᠠᠵᠦ ᠦᠢᠯᠡᠰ ᠤᠨ ᠬᠦᠷᠢᠶᠡᠯᠡᠩ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠱᠠᠯᠠᠪᠳᠠᠨ ᠬᠡᠷᠡᠭᠵᠢᠬᠦᠯᠵᠦ᠂ ᠬᠡᠰᠢᠭᠳᠡᠨ ᠤ ᠠᠰᠬᠠᠲᠤ ᠶᠢᠨ ᠦᠵᠡᠮᠵᠢ ᠶᠢᠨ ᠤᠷᠣᠨ ᠤᠯᠣᠰ ᠤᠨ 5A ᠲᠡᠰ ᠤᠨ ᠦᠵᠡᠮᠵᠢ ᠶᠢᠨ ᠤᠷᠣᠨ ᠢᠶᠠᠷ ᠰᠢᠯᠭᠠᠨ ᠲᠣᠭᠳᠠᠭᠠᠭᠳᠠᠵᠣ᠂ ᠭᠠᠯᠳᠠᠰᠣᠳᠠᠢ ᠶᠢᠨ ᠷᠠᠰᠢᠶᠠᠨ ᠤ ᠠᠮᠠᠷᠠᠯᠳᠠ ᠶᠢᠨ ᠤᠷᠣᠨ ᠠᠰᠢᠭᠯᠠᠯᠳᠠ ᠳᠤ ᠤᠷᠣᠵᠠᠢ︔ ᠨᠢᠩᠴᠧᠩ ᠰᠢᠶᠠᠨ᠂ ᠬᠡᠰᠢᠭᠳᠡᠨ ᠬᠤᠰᠢᠭᠤᠨ ᠤ ᠤᠯᠣᠰ ᠤᠨ ᠪᠦᠬᠦ ᠴᠠᠷᠠᠭ᠎ᠠ ᠪᠠᠷ ᠵᠢᠭᠤᠯᠴᠢᠯᠠᠬᠤ ᠵᠢᠱᠢᠶ᠎ᠠ ᠦᠵᠡᠬᠦᠯᠬᠦ ᠤᠷᠣᠨ ᠪᠣᠯᠣᠨ ᠬᠠᠷᠠᠴᠢᠨ ᠬᠤᠰᠢᠭᠤᠨ ᠤ ᠦᠪᠡᠷᠳᠡᠭᠡᠨ ᠵᠠᠰᠠᠬᠤ ᠤᠷᠣᠨ ᠤ ᠪᠦᠬᠦ ᠴᠠᠷᠠᠭ᠎ᠠ ᠪᠠᠷ ᠵᠢᠭᠤᠯᠴᠢᠯᠠᠬᠤ ᠵᠢᠱᠢᠶ᠎ᠠ ᠦᠵᠡᠬᠦᠯᠬᠦ ᠤᠷᠣᠨ ᠢ ᠪᠦᠳᠦᠭᠡᠨ ᠪᠠᠶᠢᠭᠤᠯᠬᠤ ᠠᠵᠢᠯ ᠢ ᠱᠠᠯᠠᠪᠳᠠᠨ ᠠᠬᠢᠭᠤᠯᠵᠣ᠂ ᠤᠯᠠᠭᠠᠨᠬᠠᠳᠠ ᠨᠢ ᠪᠦᠬᠦ ᠤᠯᠣᠰ ᠤᠨ ︽ᠢᠨᠲ᠋ᠧᠷ ᠰᠦᠯᠵᠢᠶ᠎ᠠ + ᠴᠢᠨᠠᠷ ᠰᠠᠶᠢᠲᠠᠢ ᠵᠢᠭᠤᠯᠴᠢᠯᠠᠯ ᠤᠨ ᠦᠢᠯᠡᠴᠢᠯᠡᠭᠡ︾ ᠶᠢᠨ ᠱᠠᠩᠨᠠᠯ ᠢᠶᠠᠷ ᠮᠢᠯᠢᠶᠠᠭᠳᠠᠭᠰᠠᠨ 11 ᠲᠦᠷᠦᠯ ᠵᠦᠢᠯ ᠤᠨ ᠬᠤᠳᠠ ᠶᠢᠨ ᠨᠢᠭᠡ ᠪᠣᠯᠵᠠᠢ︔ ᠪᠦᠬᠦ ᠬᠤᠳᠠ ᠳᠤ 1853 ᠲᠦᠮᠡᠨ ᠬᠦᠮᠦᠨ ᠤᠳᠠᠭ᠎ᠠ ᠶᠢᠨ ᠵᠢᠭᠤᠯᠴᠢᠳ ᠢ ᠬᠦᠯᠢᠶᠡᠨ ᠠᠪᠴᠦ᠂ ᠵᠢᠭᠤᠯᠴᠢᠯᠠᠯ ᠤᠨ ᠤᠷᠣᠯᠭ᠎ᠠ 306 ᠳ᠋ᠦᠩᠰᠢᠭᠤᠷ ᠲᠦᠭᠦᠷᠢᠭ ᠢ ᠪᠡᠶᠡᠯᠡᠭᠦᠯᠦᠭᠡᠳ᠂ ᠲᠣᠰᠪᠣᠷᠢ 13% ᠪᠠ 16.7% ᠨᠡᠮᠡᠭᠳᠡᠵᠡᠢ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠬᠤᠷᠳᠣᠴᠠ ᠶᠢ ᠲᠦᠷᠭᠡᠳᠭᠡᠪᠡ᠃ ᠬᠤᠧᠨ ᠰᠢᠶ᠋ᠨ ᠪᠠᠩᠭᠢ᠂ ᠶᠠ ᠲᠠᠢ ᠡᠳ᠋ ᠬᠦᠷᠦᠩᠭᠡ ᠶᠢᠨ ᠲᠠᠭᠠᠳᠬᠠᠯ ᠤᠯᠠᠭᠠᠨᠬᠠᠳᠠ ᠳᠤ ᠰᠠᠭᠤᠷᠢᠰᠢᠵᠦ᠂ ᠪᠦᠬᠦ ᠬᠤᠳᠠ ᠶᠢᠨ ᠵᠢᠵᠢᠭ ᠵᠢᠭᠡᠯᠡᠯᠭᠡ ᠶᠢᠨ ᠺᠣᠮᠫᠠᠨᠢ ᠪᠠ ᠪᠡᠯᠨ ᠬᠤᠷᠠᠮᠳᠣᠭᠤᠯᠬᠤ ᠴᠢᠨᠠᠷᠲᠠᠢ ᠪᠠᠳᠣᠯᠠᠨ ᠲᠠᠭᠠᠭᠠᠭᠴᠢ ᠬᠠᠦᠯᠢ ᠶᠢᠨ ᠡᠷᠬᠡᠳᠡᠨ ᠤ ᠪᠠᠶᠢᠭᠤᠯᠤᠮᠵᠢ 50 ᠡᠷᠦᠬᠡ ᠳᠤ ᠬᠦᠷᠴᠡᠢ︔ ᠰᠢᠶᠠᠨ ᠬᠡᠴᠡ ᠶᠢᠨ ᠮᠦᠩᠭᠦᠨ ᠭᠦᠢᠯᠭᠡᠭᠡᠨ ᠤ ᠢᠨᠵᠧᠨᠧᠷᠢᠩ ᠤᠨ ᠲᠣᠷᠰᠢᠯᠳᠠ ᠶᠢᠨ ᠴᠡᠭ ᠢ ᠢᠳᠡᠪᠬᠢᠳᠡᠢ ᠠᠬᠢᠭᠤᠯᠵᠣ᠂ ᠠᠵᠣ ᠠᠬᠤᠶᠢᠢᠯᠠᠯ ᠤᠨ ᠵᠠᠬ᠎ᠠ ᠳᠤ ᠤᠷᠣᠵᠣ ᠫᠠᠶᠢᠰᠠ ᠡᠯᠭᠦᠬᠦ ᠲᠦᠷᠪᠡᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠱᠠᠯᠠᠪᠳᠠᠨ ᠦᠷᠨᠢᠭᠦᠯᠵᠦ᠂ ᠭᠤᠣᠯᠳᠠᠯᠭ᠎ᠠ ᠲᠠᠢ ᠠᠵᠦ ᠦᠢᠯᠡᠰ ᠤᠨ ᠤᠳᠣᠷᠢᠳᠣᠮᠵᠢ ᠶᠢᠨ ᠰᠠᠭᠤᠷᠢ ᠮᠦᠩᠭᠦ ᠪᠣᠯᠣᠨ ᠲᠣᠮᠳᠠ ᠪᠠᠭ᠎ᠠ ᠠᠵᠦ ᠠᠬᠤᠶᠢᠯᠠᠯ ᠤᠨ ᠬᠦᠭᠵᠢᠯᠳᠡ ᠶᠢᠨ ᠰᠠᠭᠤᠷᠢ ᠮᠦᠩᠬᠦ ᠶᠢ ᠪᠠᠶᠢᠭᠤᠯᠵᠠᠢ︔ ᠪᠣᠭᠤᠮᠳᠠ ᠶᠢᠨ ᠭᠠᠳᠠᠨᠠᠬᠢ ᠮᠦᠩᠭᠦᠨ ᠭᠦᠢᠯᠭᠡᠭᠡᠨ ᠤ ᠵᠢᠵᠢᠭ ᠪᠠᠯᠭᠠᠰᠣᠨ ᠳᠤ ᠭᠡᠷ᠎ᠠ ᠲᠣᠭᠳᠠᠨ ᠤᠷᠣᠵᠣ ᠰᠠᠭᠤᠭᠰᠠᠨ ᠠᠵᠦ ᠠᠬᠤᠶᠢᠯᠠᠯ 64 ᠡᠷᠦᠬᠡ ᠳᠤ ᠬᠦᠷᠴᠦ᠂ ᠮᠦᠩᠭᠦᠨ ᠭᠦᠢᠯᠭᠡᠭᠡᠨ ᠤ ᠠᠵᠣ ᠠᠬᠤᠶᠢᠯᠠᠯ ᠤᠨ ᠬᠦᠷᠦᠩᠭᠡ ᠶᠢᠨ ᠬᠠᠮᠢᠶᠠᠷᠣᠯᠳᠠ ᠶᠢᠨ ᠬᠡᠪᠴᠢᠶ᠎ᠠ ᠪᠣᠯᠣᠨ ᠦᠩᠭᠡᠳᠦ ᠲᠡᠮᠦᠷᠯᠢᠭ ᠤᠨ ᠠᠵᠦ ᠠᠬᠤᠶᠢᠯᠠᠯ ᠤᠨ ᠠᠷᠠᠯᠵᠢᠶᠠᠨ ᠤ ᠲᠤᠭ᠎ᠠ ᠪᠦᠷ 200 ᠳ᠋ᠦᠩᠰᠢᠭᠤᠷ ᠲᠦᠭᠦᠷᠢᠭ ᠢ ᠲᠠᠪᠠᠵᠠᠢ︔ ᠪᠦᠬᠦ ᠵᠢᠯ ᠳᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠵᠢᠱᠢᠭᠰᠡᠨ ᠢᠶᠠᠷ 1868.5 ᠳ᠋ᠦᠩᠰᠢᠭᠤᠷ ᠲᠦᠭᠦᠷᠢᠭ ᠲᠤ ᠬᠦᠷᠴᠦ᠂ ᠨᠡᠮᠡᠭᠳᠡᠯ ᠤᠨ ᠬᠤᠷᠳᠣᠴᠠ ᠨᠢ ᠪᠦᠬᠦ ᠤᠷᠣᠨ ᠤ ᠡᠮᠦᠨ᠎ᠠ ᠡᠩᠨᠡᠭᠡᠨ ᠳᠤ ᠤᠷᠣᠪᠠ᠃ ᠵᠢᠱᠢᠭᠰᠡᠨ ᠢᠶᠠᠷ ᠪᠦᠬᠦ ᠵᠢᠯ ᠤᠨ ᠭᠤᠷᠪᠠᠳᠣᠭᠠᠷ ᠠᠵᠦ ᠦᠢᠯᠡᠰ ᠤᠨ ᠨᠡᠮᠡᠭᠳᠡᠯ ᠦᠷᠳᠡᠭ 7. 5% ᠤᠷᠴᠢᠮ ᠨᠡᠮᠡᠭᠳᠡᠵᠦ᠂ 2017 ᠤᠨ ᠤ ᠬᠢ ᠠᠴᠠ 1.4 ᠵᠠᠭᠤᠨ ᠤ ᠬᠤᠪᠢ ᠦᠨᠳᠦᠷ ᠪᠣᠯᠪᠠ᠃           ︵ᠲᠦᠷᠪᠡ︶ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠦᠷᠬᠦᠯᠵᠢᠯᠡᠨ ᠲᠡᠭᠡᠭᠰᠢᠯᠡᠪᠡ᠃ 1 — 11 ᠰᠠᠷ᠎ᠠ ᠳᠤ᠂ ᠪᠦᠬᠦ ᠬᠤᠳᠠ ᠶᠢᠨ 5000 ᠲᠦᠮᠡᠨ ᠲᠦᠭᠦᠷᠢᠭ ᠠᠴᠠ ᠲᠡᠭᠡᠭᠰᠢ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠲᠠᠢ 351 ᠲᠦᠷᠦᠯ ᠵᠦᠢᠯ ᠢ ᠪᠠᠷᠢᠯᠭ᠎ᠠ ᠡᠬᠢᠯᠡᠬᠦᠯᠦᠨ᠂ 326 ᠳ᠋ᠦᠩᠰᠢᠭᠤᠷ ᠲᠦᠭᠦᠷᠢᠭ ᠤᠨ ᠪᠡᠯᠨ ᠤᠷᠣᠭᠤᠯᠣᠯᠳᠠ ᠶᠢ ᠪᠡᠶᠡᠯᠡᠭᠦᠯᠵᠡᠢ︔ ᠦᠪᠡᠷᠳᠡᠭᠡᠨ ᠵᠠᠰᠠᠬᠤ ᠤᠷᠣᠨ ᠤ 55 ᠴᠢᠬᠤᠯᠨ ᠶᠡᠭᠡ ᠲᠦᠷᠦᠯ ᠵᠦᠢᠯ ᠢ ᠪᠠᠷᠢᠯᠭ᠎ᠠ ᠡᠬᠢᠯᠡᠬᠦᠯᠦᠨ᠂ 209 ᠳ᠋ᠦᠩᠰᠢᠭᠤᠷ ᠲᠦᠭᠦᠷᠢᠭ ᠤᠨ ᠪᠡᠯᠨ ᠤᠷᠣᠭᠤᠯᠣᠯᠳᠠ ᠶᠢ ᠪᠡᠶᠡᠯᠡᠭᠦᠯᠵᠡᠢ᠃ ᠴᠣᠣᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠳᠠᠮᠠᠬᠠᠢ ᠬᠡᠢ ᠶᠢᠨ ᠲᠠᠮᠵᠢᠭᠤᠯᠬᠤ ᠬᠤᠭᠤᠯᠠᠢ᠂ ᠤᠯᠣᠰ ᠤᠨ ᠴᠠᠬᠢᠯᠭᠠᠨ ᠲᠣᠣᠷᠵᠢᠯ ᠤᠨ ᠰᠢᠨ ᠶᠣᠧᠠᠨ ᠤ 120 ᠲᠦᠮᠡᠨ ᠺᠢᠯᠣᠧᠠᠲ ᠤᠨ ᠤᠰᠣ ᠲᠠᠳᠠᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠤᠯᠠᠭᠠᠨᠬᠠᠳᠠ ᠶᠢᠨ ᠬᠠᠰ ᠯᠣᠣ ᠨᠢᠰᠭᠡᠯ ᠤᠨ ᠪᠠᠭᠤᠳᠠᠯ ᠤᠨ ᠦᠭᠡᠷᠡᠴᠢᠯᠡᠨ ᠦᠷᠭᠡᠳᠭᠡᠬᠦ ᠢᠨᠵᠧᠨᠧᠷᠢᠩ ᠵᠡᠷᠭᠡ ᠨᠢᠭᠡ ᠪᠦᠯᠦᠭ ᠴᠢᠬᠤᠯᠨ ᠶᠡᠭᠡ ᠲᠦᠷᠦᠯ ᠵᠦᠢᠯ ᠨᠢ ᠲᠣᠰᠪᠣᠷᠢ ᠤᠯᠣᠰ᠂ ᠦᠪᠡᠷᠳᠡᠭᠡᠨ ᠵᠠᠰᠠᠬᠤ ᠤᠷᠣᠨ ᠤ ᠰᠢᠯᠭᠠᠨ ᠵᠦᠪᠰᠢᠶᠡᠷᠡᠭᠰᠡᠨ ᠴᠣᠬᠤᠯᠠᠪᠣᠷᠢ ᠶᠢ ᠤᠯᠵᠣ᠂ ᠶᠣᠧᠠᠨ ᠯᠢᠶᠠᠨ ᠪᠣᠯᠣᠳ ᠲᠡᠮᠦᠷ ᠤᠨ ᠦᠨᠳᠦᠷ ᠲᠠᠷᠣᠯᠳᠠᠳᠣ ᠵᠣᠤᠬ᠎ᠠ ᠶᠢᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠬᠦᠯᠬᠦ᠂ ᠶᠢᠨ ᠵᠢᠶᠠᠨ ᠵᠡᠰ ᠤᠨ ᠦᠢᠯᠡᠰ ᠤᠨ ᠵᠡᠰ ᠬᠠᠶᠢᠯᠤᠭᠤᠯᠬᠤ ᠮᠡᠷᠭᠡᠵᠢᠯ ᠢ ᠦᠭᠡᠷᠡᠴᠢᠯᠡᠨ ᠲᠡᠰ ᠲᠡᠪᠰᠢᠬᠦᠯᠬᠦ᠂ ᠹᠦ᠋ ᠨᠠ ᠺᠠᠩ ᠠᠮᠢᠳᠣ ᠪᠣᠳᠠᠰ ᠤᠨ ᠹᠦ᠋ ᠯᠧ ᠰᠢ ᠶᠢᠨ ᠠᠵᠣ ᠦᠢᠯᠡᠰᠵᠢᠯ᠂ ᠫᠦ᠋ ᠺᠠᠩ ᠡᠮ ᠤᠨ ᠦᠢᠯᠡᠰ ᠤᠨ ᠮᠣᠩᠭᠤᠯ ᠬᠢᠳᠠᠳ ᠮᠦᠬᠦᠯᠢᠭᠳᠦ ᠡᠮ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠳᠦᠭᠡᠨ  ᠪᠠᠶᠢᠭᠤᠯᠵᠤ᠂ ᠱᠧᠨ᠋ᠵᠧᠨ ᠤ ᠲᠦᠸᠧ ᠵᠢᠶ᠋ᠨ ᠡᠯᠧᠺᠲᠷᠤᠨ ᠮᠡᠳᠡᠭᠡ ᠵᠠᠩᠭᠢ ᠶᠢᠨ ᠠᠵᠣ ᠦᠢᠯᠡᠰ ᠤᠨ ᠬᠦᠷᠢᠶᠡᠯᠡᠩ᠂ ᠫᠦ᠋ ᠶᠢᠨ ᠡᠮ ᠤᠨ ᠦᠢᠯᠡᠰ ᠤᠨ ᠡᠮᠳᠦ ᠪᠣᠳᠠᠰ ᠤᠨ ᠰᠢᠨ᠎ᠠ ᠶᠢ ᠡᠭᠦᠳᠬᠦ ᠠᠵᠣ ᠦᠢᠯᠡᠰᠵᠢᠯ᠂ ᠤᠯᠠᠭᠠᠨᠬᠠᠳᠠ ᠶᠢᠨ ᠪᠠᠷᠠᠭᠤᠨ ᠦᠷᠳᠡᠭᠡ ᠶᠢᠨ  ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢᠨ ᠢᠨᠵᠧᠨᠧᠷᠢᠩ᠂ ᠤᠯᠠᠭᠠᠨᠬᠠᠳᠠ ᠶᠢᠨ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠤᠨ ᠰᠦᠯᠵᠢᠶᠡᠨ ᠤ ᠢᠨᠵᠧᠨᠧᠷᠢᠩ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠱᠠᠯᠠᠪᠳᠠᠨ ᠠᠬᠢᠭᠤᠯᠵᠠᠢ᠃ 1 — 11 ᠰᠠᠷ᠎ᠠ ᠳᠤ᠂ ᠪᠦᠬᠦ ᠬᠤᠳᠠ ᠶᠢᠨ ᠬᠡᠪᠴᠢᠶ᠎ᠠ ᠠᠴᠠ ᠲᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠶᠢᠨ ᠨᠡᠮᠡᠭᠳᠡᠯ ᠤᠨ ᠬᠤᠷᠳᠣᠴᠠ 1 — 3 ᠰᠠᠷ᠎ᠠ᠂ 1 — 6 ᠰᠠᠷ᠎ᠠ᠂ 1 — 9 ᠰᠠᠷ᠎ᠠ ᠠᠴᠠ ᠲᠣᠰᠪᠣᠷᠢ 9.7᠂ 8.5 ᠪᠣᠯᠣᠨ 5 ᠵᠠᠭᠤᠨ ᠤ ᠬᠤᠪᠢ ᠨᠡᠮᠡᠭᠳᠡᠵᠦ᠂ ᠨᠡᠯᠢᠶᠡᠳ ᠬᠤᠷᠳᠣᠨ ᠲᠡᠭᠡᠭᠰᠢᠯᠡᠬᠦ ᠪᠠᠶᠢᠳᠠᠯ ᠲᠠᠢ ᠪᠣᠯᠪᠠ᠃           ︵ᠲᠠᠪᠤ︶ ᠭᠠᠳᠠᠭᠠᠳᠣ ᠲᠠᠢ ᠴᠢᠯᠦᠭᠡᠳᠡᠢ ᠶᠠᠪᠣᠯᠴᠠᠬᠤ ᠶᠢ ᠭᠦᠨᠵᠡᠭᠡᠢ ᠬᠡᠷᠡᠭᠵᠢᠬᠦᠯᠪᠡ᠃ ᠴᠣᠣᠶᠠᠩ᠂ ᠵᠢᠨᠵᠧᠦ᠂ ᠮᠦᠭᠳᠡᠨ ᠵᠡᠷᠭᠡ ᠭᠠᠵᠠᠷ ᠤᠷᠣᠨ ᠲᠠᠢ ᠬᠠᠮᠵᠢᠯᠴᠠᠭ᠎ᠠ ᠪᠠᠨ ᠦᠷᠬᠦᠯᠵᠢᠯᠡᠨ ᠭᠦᠨᠵᠡᠭᠡᠶᠢᠷᠡᠭᠦᠯᠵᠦ᠂ ︽ᠰᠢᠯᠢᠩᠬᠤᠳᠠ ᠤᠯᠠᠭᠠᠨᠬᠠᠳᠠ ᠴᠣᠣᠶᠠᠩ ᠵᠢᠨᠵᠧᠦ︾ ᠤᠷᠣᠨ ᠤ ᠬᠠᠮᠵᠢᠯᠴᠠᠭ᠎ᠠ ᠶᠢ ︽ᠤᠯᠣᠰ ᠤᠨ ᠠᠷᠪᠠᠨ ᠭᠤᠷᠪᠠᠳᠣᠭᠠᠷ ᠲᠠᠪᠣᠨ ᠵᠢᠯ ᠤᠨ ᠵᠡᠭᠦᠨ ᠬᠤᠶᠢᠲᠤ ᠤᠷᠣᠨ ᠢ ᠮᠠᠨᠳᠣᠭᠤᠯᠬᠤ ᠲᠦᠯᠦᠪᠵᠢᠬᠦᠯᠭᠡ︾ ᠳᠤ ᠵᠢᠩᠬᠢᠨᠢ ᠪᠠᠷ ᠤᠷᠣᠭᠤᠯᠵᠦ᠂ ᠤᠷᠣᠨ ᠪᠦᠰᠡ ᠰᠣᠨᠳᠠᠯᠠᠭᠰᠠᠨ ᠰᠢᠲᠠᠮᠠᠬᠠᠢ ᠬᠡᠢ ᠲᠠᠮᠵᠢᠭᠤᠯᠬᠤ᠂ ᠤᠷᠣᠨ ᠪᠦᠰᠡ ᠰᠣᠨᠳᠠᠯᠠᠭᠰᠠᠨ ᠤᠰᠣ ᠲᠠᠳᠠᠬᠤ ᠵᠡᠷᠭᠡ ᠨᠢᠭᠡ ᠪᠦᠯᠦᠭ ᠴᠢᠬᠤᠯᠨ ᠶᠡᠭᠡ ᠢᠨᠵᠧᠨᠧᠷᠢᠩ ᠰᠢᠪᠳᠣᠯᠣᠯᠳᠠ ᠶᠢᠨ ᠴᠢᠨᠠᠷᠲᠠᠢ ᠠᠬᠢᠯᠳᠠ ᠲᠠᠢ ᠪᠣᠯᠵᠠᠢ︔ ᠵᠢᠨᠵᠧᠦ ᠬᠤᠳᠠ᠂ ᠵᠢᠨᠵᠧᠦ ᠭᠠᠷᠠᠮ ᠯᠤᠭ᠎ᠠ ᠶᠢᠨ ᠤᠷᠣᠨ ᠪᠦᠰᠡ ᠶᠢᠨ ᠬᠤᠭᠤᠷᠣᠨᠳᠣᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠦ᠂ ᠤᠯᠠᠭᠠᠨᠬᠠᠳᠠ ᠶᠢᠨ ᠲᠡᠳ᠋ ᠭᠠᠷᠠᠮ ᠬᠠᠪᠢᠳᠠᠭᠰᠠᠨ ᠠᠵᠣ ᠦᠢᠯᠡᠰ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠰᠦᠪᠯᠡᠨ ᠡᠬᠢᠯᠡᠭᠦᠯᠵᠦ᠂ ᠶᠡᠷᠦᠩᠭᠡᠢ ᠪᠡᠯᠨ ᠤᠷᠣᠭᠤᠯᠣᠯᠳᠠ ᠨᠢ 170 ᠳ᠋ᠦᠩᠰᠢᠭᠤᠷ ᠲᠦᠭᠦᠷᠢᠭ ᠤᠨ ᠭᠠᠳᠠᠭᠠᠳᠣ ᠠᠴᠠ ᠤᠷᠣᠭᠤᠯᠬᠤ ᠡᠬᠢ ᠪᠠᠶᠠᠯᠢᠭ ᠢ ᠡᠳ᠋ᠰᠢᠭᠦᠯᠦᠨ ᠪᠣᠯᠪᠠᠰᠣᠷᠠᠭᠤᠯᠬᠤ ᠲᠦᠷᠦᠯ ᠵᠦᠢᠯ ᠢ ᠭᠡᠷ᠎ᠠ ᠲᠣᠭᠳᠠᠨ ᠨᠠᠶᠢᠳᠠᠪᠤᠷᠢᠵᠢᠭᠤᠯᠪᠠ᠃ ︽ᠪᠡᠭᠡᠵᠢᠩ ᠲᠢᠶᠠᠨᠵᠢᠨ ᠡᠾᠧᠪᠧᠢ︾ ᠶᠢᠨ ᠬᠠᠮᠵᠢᠯᠴᠠᠨ ᠬᠦᠭᠵᠢᠬᠦ ᠲᠠᠢ ᠢᠳᠡᠪᠬᠢᠳᠡᠢ ᠨᠡᠶᠢᠯᠡᠯᠳᠦᠨ᠂ ᠪᠡᠭᠡᠵᠢᠩ᠂ ᠲᠢᠶᠠᠨᠵᠢᠨ᠂ ᠴᠧᠩᠳᠧ ᠲᠠᠢ ᠲᠦᠷᠭᠡᠨ ᠭᠠᠯᠳᠣ ᠶᠢᠨ ᠵᠠᠮ᠂ ᠠᠵᠣ ᠦᠢᠯᠡᠰ ᠢ ᠬᠠᠮᠳᠣᠪᠠᠷ ᠪᠠᠶᠢᠭᠤᠯᠬᠤ᠂ ᠠᠷᠠᠯᠵᠢᠶ᠎ᠠ ᠬᠤᠳᠠᠯᠳᠣᠭᠠᠨ ᠤ ᠪᠠᠷᠠᠭᠠᠨ ᠭᠦᠢᠯᠭᠡᠭᠡ᠂ ᠰᠣᠶᠣᠯ ᠵᠢᠭᠤᠯᠴᠢᠯᠠᠯ᠂ ᠨᠡᠶᠢᠭᠡᠮ ᠤᠨ ᠠᠵᠢᠯ ᠦᠢᠯᠡᠰ᠂ ᠠᠵᠢᠯ ᠲᠦᠷᠦᠯ ᠢᠶᠠᠷ ᠲᠡᠮᠵᠢᠯᠴᠡᠬᠦ ᠵᠡᠷᠭᠡ ᠬᠦᠷᠢᠶ᠎ᠠ ᠴᠠᠷᠠᠭ᠎ᠠ ᠳᠠᠬᠢ ᠬᠠᠮᠵᠢᠯᠴᠠᠭ᠎ᠠ ᠶᠢ ᠭᠦᠨᠴᠡ ᠲᠠᠢ ᠡᠷᠴᠢᠮᠵᠢᠬᠦᠯᠵᠡᠢ︔ ᠪᠦᠬᠦ ᠬᠤᠳᠠ ᠶᠢᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠤᠨ ︽ᠲᠦᠯᠦᠪᠵᠢᠬᠦᠯᠭᠡ ᠶᠢᠨ ᠲᠦᠰᠦᠯ︾ ᠪᠣᠯᠣᠨ ︽ᠭᠠᠳᠠᠭᠰᠢ ᠬᠦᠷᠭᠡᠬᠦ ᠲᠦᠰᠦᠯ︾ ᠢ ᠨᠠᠶᠢᠷᠠᠭᠤᠯᠤᠨ ᠲᠠᠭᠤᠰᠴᠣ᠂ ᠤᠯᠠᠭᠠᠨᠬᠠᠳᠠ ᠳᠠᠬᠢ ︽ᠪᠡᠭᠡᠵᠢᠩ ᠲᠢᠶᠠᠨᠵᠢᠨ ᠡᠾᠧᠪᠧᠢ︾ ᠤᠷᠣᠨ ᠤ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠨᠢ ︽ᠪᠡᠭᠡᠵᠢᠩ ᠲᠢᠶᠠᠨᠵᠢᠨ ᠡᠾᠧᠪᠧᠢ︾ ᠶᠢᠨ ᠬᠠᠮᠵᠢᠯᠴᠠᠨ ᠬᠦᠭᠵᠢᠬᠦ᠂ ᠲᠠᠬᠢᠯᠳᠠ ᠡᠨᠧᠷᠭᠢ ᠶᠢᠨ ᠬᠦᠭᠵᠢᠯᠳᠡ᠂ ᠰᠠᠯᠬᠢᠨ ᠴᠠᠬᠢᠯᠭᠠᠨ ᠤ ᠬᠦᠭᠵᠢᠯᠳᠡ ᠵᠡᠷᠭᠡ ᠤᠯᠣᠰ ᠤᠨ ᠠᠷᠪᠠᠨ ᠭᠤᠷᠪᠠᠳᠣᠭᠠᠷ ᠲᠠᠪᠣᠨ ᠵᠢᠯ ᠤᠨ ᠴᠢᠬᠤᠯᠨ ᠲᠦᠯᠦᠪᠵᠢᠬᠦᠯᠭᠡ ᠨᠦᠭᠦᠳ ᠲᠤ ᠤᠷᠣᠵᠣ᠂ ᠤᠯᠠᠭᠠᠨᠬᠠᠳᠠ ᠠᠴᠠ ᠪᠡᠭᠡᠵᠢᠩ᠂ ᠲᠢᠶᠠᠨᠵᠢᠨ ᠳᠤ ᠬᠦᠷᠭᠡᠬᠦ 800 ᠲᠦᠮᠡᠨ ᠺᠢᠯᠣᠧᠠᠲ ᠵᠢᠴᠢ ᠲᠣᠰᠬᠠᠶᠢᠢᠯᠠᠨ ᠡᠾᠧᠪᠧᠢ ᠳᠤ ᠬᠦᠷᠭᠡᠬᠦ 200 ᠲᠦᠮᠡᠨ ᠺᠢᠯᠣᠧᠠᠲ ᠤᠨ ᠴᠠᠬᠢᠯᠭᠠᠨ ᠬᠦᠴᠦ ᠶᠢ ᠵᠠᠷᠣᠴᠠᠭᠤᠯᠬᠤ ᠵᠠᠬ᠎ᠠ ᠲᠡᠯᠭᠡᠭᠦᠷ ᠨᠢᠭᠡᠨᠲᠡ ᠦᠨᠳᠦᠰᠦᠨ ᠳᠤ ᠪᠠᠨ ᠨᠠᠶᠢᠳᠠᠪᠤᠷᠢᠵᠢᠭᠤᠯᠤᠭᠳᠠᠪᠠ᠃ ᠠᠵᠣ ᠦᠢᠯᠡᠰ ᠤᠨ ᠰᠢᠯᠵᠢᠯᠳᠡ ᠶᠢ ᠬᠦᠯᠢᠶᠡᠨ ᠠᠪᠬᠤ ᠤᠯᠣᠰ ᠤᠨ ᠲᠡᠰ ᠤᠨ ᠬᠠᠮᠵᠢᠯᠴᠠᠭᠠᠨ ᠤ ᠵᠢᠱᠢᠶ᠎ᠠ ᠦᠵᠡᠬᠦᠯᠬᠦ ᠲᠣᠭᠤᠷᠢᠭ ᠢ ᠱᠠᠯᠠᠪᠳᠠᠨ ᠴᠣᠭᠴᠠᠯᠠᠨ ᠪᠠᠶᠢᠭᠤᠯᠵᠤ᠂ ᠲᠦᠩᠯᠢᠶᠣᠣ ᠬᠤᠳᠠ ᠲᠠᠢ ᠬᠤᠯᠪᠣᠭᠠᠯᠠᠨ ︽ᠦᠪᠦᠷ ᠮᠣᠩᠭᠤᠯ ᠤᠨ ᠵᠡᠬᠦᠨ ᠤᠷᠣᠨ ᠳᠠᠬᠢ ᠠᠵᠣ ᠦᠢᠯᠡᠰ ᠤᠨ ᠰᠢᠯᠵᠢᠯᠳᠡ ᠶᠢ ᠬᠦᠯᠢᠶᠡᠨ ᠠᠪᠬᠤ ᠬᠠᠮᠵᠢᠯᠴᠠᠭᠠᠨ ᠤ ᠵᠢᠱᠢᠶ᠎ᠠ ᠦᠵᠡᠬᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠦᠰᠦᠪ︾ ᠢ ᠨᠠᠶᠢᠷᠠᠭᠤᠯᠤᠨ ᠲᠣᠭᠳᠠᠭᠠᠭᠠᠳ᠂ 2019 ᠤᠨ ᠳᠤ ᠤᠯᠣᠰ ᠤᠨ ᠬᠦᠭᠵᠢᠯᠳᠡ ᠦᠭᠡᠷᠡᠴᠢᠯᠡᠯᠳᠡ ᠶᠢᠨ ᠵᠦᠪᠯᠡᠯ ᠤᠨ ᠵᠦᠪᠰᠢᠶᠡᠷᠡᠭᠰᠡᠨ ᠴᠣᠬᠤᠯᠠᠪᠣᠷᠢ ᠶᠢ ᠤᠯᠬᠤ ᠪᠣᠯᠣᠮᠵᠢ ᠲᠠᠢ ᠪᠠᠶᠢᠨ᠎ᠠ᠃ ᠠᠷᠠᠯᠵᠢᠶᠠᠴᠢᠨ ᠤᠷᠢᠵᠦ ᠪᠡᠯᠨ ᠮᠦᠩᠭᠦ ᠤᠷᠣᠭᠤᠯᠬᠤ ︽ᠡᠪᠦᠯ ᠤᠨ ᠤᠯᠠᠷᠢᠯ ᠤᠨ ᠰᠢᠪᠳᠣᠯᠣᠯᠳᠠ ᠶᠢᠨ ᠠᠵᠢᠯᠯᠠᠭ᠎ᠠ︾ ᠶᠢ ᠤᠨᠣᠪᠴᠢᠳᠠᠢ ᠦᠷᠨᠢᠬᠦᠯᠦᠨ᠂ ᠤᠯᠠᠭᠠᠨᠬᠠᠳᠠ ᠨᠣᠳᠣᠭᠳᠠᠢ ᠲᠣᠮᠣᠭᠠᠳᠠᠳ ᠤᠨ ᠬᠤᠷᠠᠯ᠂ ᠤᠯᠠᠭᠠᠨᠬᠠᠳᠠ ᠪᠠ ᠬᠦᠬᠡ ᠮᠦᠷᠡᠨ ᠤ ᠭᠤᠷᠪᠠᠯᠵᠢᠨ ᠬᠤᠶᠢᠭ ᠤᠨ ᠭᠠᠵᠠᠷ ᠤᠷᠣᠨ ᠤ ᠪᠡᠯᠡ ᠤᠷᠣᠭᠤᠯᠣᠯᠳᠠ ᠶᠢᠨ ᠬᠠᠮᠵᠢᠯᠴᠠᠭ᠎ᠠ ᠶᠢᠨ ᠴᠢᠩ ᠰᠡᠳᠭᠢᠯ ᠢᠶᠠᠷ ᠶᠠᠷᠢᠯᠴᠠᠬᠤ ᠬᠤᠷᠠᠯ ᠵᠡᠷᠭᠡ ᠲᠣᠮᠣ ᠮᠠᠶ᠋ᠢᠭ ᠤᠨ ᠠᠷᠠᠯᠵᠢᠶᠠᠴᠢᠨ ᠤᠷᠢᠵᠦ ᠪᠡᠯᠨ ᠮᠦᠩᠭᠦ ᠤᠷᠣᠭᠤᠯᠬᠤ᠂ ᠡᠷᠳᠡᠮᠳᠡᠨ ᠴᠢᠳᠠᠪᠣᠷᠢᠳᠠᠨ ᠢ ᠡᠯᠰᠡᠨ ᠴᠣᠭᠯᠠᠭᠤᠯᠬᠤ ᠠᠵᠢᠯᠯᠠᠭᠠᠨ ᠢ ᠠᠮᠵᠢᠯᠳᠠ ᠲᠠᠢ ᠦᠷᠨᠢᠬᠦᠯᠵᠦ᠂  ᠳ᠋ᠦᠩᠰᠢᠭᠤᠷ ᠲᠦᠭᠦᠷᠢᠭ ᠠᠴᠠ ᠲᠡᠭᠡᠭᠰᠢᠬᠢ ᠪᠡᠯᠨ ᠤᠷᠣᠭᠤᠯᠣᠯᠳᠠ ᠶᠢ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠨᠡᠶᠢᠲᠡ 191 ᠪᠣᠯᠵᠣ᠂ ᠵᠢᠯ ᠤᠨ ᠡᠬᠢᠨ ᠳᠤ ᠲᠣᠭᠳᠠᠭᠠᠭᠰᠠᠨ ᠡᠭᠦᠷᠭᠡ ᠬᠠᠷᠠᠯᠳᠠ ᠪᠠᠨ ᠲᠠᠪᠠᠭᠤᠯᠣᠨ ᠪᠡᠶᠡᠯᠡᠭᠦᠯᠵᠡᠢ᠃ ᠭᠠᠳᠠᠭᠠᠳᠣ ᠲᠠᠢ ᠠᠵᠦ ᠠᠬᠤᠢ ᠠᠷᠠᠯᠵᠢᠶ᠎ᠠ ᠶᠢᠨ ᠬᠠᠮᠵᠢᠯᠴᠠᠭ᠎ᠠ ᠪᠠᠨ ᠢᠳᠡᠪᠬᠢᠳᠡᠢ ᠠᠬᠢᠭᠤᠯᠵᠣ᠂ ᠲᠣᠮᠳᠠᠳᠣ ᠮᠣᠩᠭᠤᠯ ᠤᠨ“3+3”ᠤᠷᠣᠨ ᠪᠦᠰᠡ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠣᠮᠳᠠᠳᠣ ᠤᠯᠣᠰ ᠤᠨ ᠤᠮᠠᠷᠠᠳᠣ ᠤᠷᠣᠨ ᠤ ᠲᠠᠷᠢᠶᠠᠯᠠᠩ ᠤᠨ ᠦᠵᠡᠰᠬᠦᠯᠡᠩ᠂ ᠲᠣᠮᠳᠠᠳᠣ ᠤᠯᠣᠰ ᠤᠨ ᠦᠬᠡᠷ ᠬᠤᠨᠢᠨ ᠮᠢᠬᠠᠨ ᠤ ᠠᠵᠣ ᠦᠢᠯᠡᠰ ᠤᠨ ᠴᠣᠭᠯᠠᠭᠠᠨ ᠢ ᠠᠮᠵᠢᠯᠳᠠ ᠲᠠᠢ ᠶᠠᠪᠣᠭᠳᠠᠭᠤᠯᠪᠠ᠃ ᠪᠦᠬᠦ ᠵᠢᠯ ᠳᠤ ᠭᠠᠳᠠᠭᠠᠳᠣ ᠠᠷᠠᠯᠵᠢᠶᠠᠨ ᠤ ᠭᠠᠳᠠᠭᠠᠳᠣ ᠠᠴᠠ ᠤᠷᠣᠭᠤᠯᠵᠣ ᠭᠠᠳᠠᠭᠠᠳᠣ ᠳᠤ ᠭᠠᠷᠭᠠᠭᠰᠠᠨ ᠶᠡᠷᠦᠩᠭᠡᠢ ᠲᠤᠭ᠎ᠠ 55 ᠳ᠋ᠦᠩᠰᠢᠭᠤᠷ ᠲᠦᠭᠦᠷᠢᠭ ᠢ ᠲᠠᠪᠠᠪᠠ᠃           ︵ᠵᠢᠷᠭᠤᠭ᠎ᠠ︶ ᠬᠤᠳᠠ ᠬᠦᠳᠡᠭᠡ ᠶᠢᠨ ᠨᠢᠭᠡ ᠴᠣᠭᠴᠠᠵᠢᠯ ᠪᠣᠯᠣᠨ ᠰᠢᠨ᠎ᠠ ᠮᠠᠶ᠋ᠢᠭ ᠤᠨ ᠬᠤᠳᠠ ᠪᠠᠯᠭᠠᠰᠣᠵᠢᠯ ᠢ ᠵᠡᠷᠭᠡ ᠳᠤ ᠨᠢ ᠠᠬᠢᠭᠤᠯᠪᠠ᠃ ᠲᠦᠯᠦᠪᠵᠢᠬᠦᠯᠦᠨ ᠤᠳᠣᠷᠢᠳᠬᠤ ᠦᠢᠯᠡᠳᠦᠯ ᠢ ᠪᠠᠳᠠᠷᠠᠭᠤᠯᠵᠣ᠂ ᠬᠤᠳᠠ ᠶᠢᠨ ᠶᠡᠷᠦᠩᠭᠡᠢ ᠲᠦᠯᠦᠪᠵᠢᠬᠦᠯᠭᠡ ᠳᠠᠬᠢ ᠬᠡᠰᠡᠭ ᠭᠠᠵᠠᠷ ᠤᠨ ᠬᠡᠷᠡᠭᠯᠡᠭᠡᠨ ᠤ ᠰᠢᠨᠵᠢ ᠴᠢᠨᠠᠷ ᠲᠤ ᠲᠣᠬᠢᠷᠠᠭᠤᠯᠣᠯᠳᠠ ᠬᠢᠬᠦ ᠠᠵᠢᠯ ᠢ ᠦᠷᠨᠢᠬᠦᠯᠵᠦ᠂ ︽ᠭᠤᠣᠯ ᠬᠤᠳᠠ ᠶᠢᠨ ᠨᠠᠷᠢᠯᠢᠭ ᠲᠦᠯᠦᠪᠵᠢᠬᠦᠯᠭᠡ ᠶᠢ ᠨᠠᠶᠢᠷᠠᠭᠤᠯᠤᠨ ᠲᠣᠭᠳᠠᠭᠠᠬᠤ ᠬᠠᠮᠢᠶᠠᠷᠣᠯᠳᠠ ᠶᠢᠨ ᠠᠷᠭ᠎ᠠ︾ ᠶᠢ ᠨᠡᠶᠢᠲᠡᠯᠡᠨ᠂ ᠬᠤᠳᠠ ᠶᠢᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠣᠷᠢ ᠪᠠ ᠦᠢᠯᠡᠴᠢᠯᠡᠭᠡᠨ ᠤ ᠪᠠᠳᠣᠯᠠᠭ᠎ᠠ ᠶᠢᠨ ᠴᠢᠳᠠᠪᠣᠷᠢ ᠶᠢ ᠲᠡᠭᠡᠭᠰᠢᠯᠡᠬᠦᠯᠵᠦ᠂ ᠬᠤᠳᠠ ᠶᠢᠨ ᠶᠠᠪᠣᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠦᠬᠦᠭᠡᠷᠦᠮᠵᠢ ᠶᠢᠨ 137 ᠲᠦᠷᠦᠯ ᠵᠦᠢᠯ ᠢ ᠬᠡᠷᠡᠭᠵᠢᠬᠦᠯᠦᠨ᠂ ᠨᠡᠶᠢᠲᠡ 59.7 ᠳ᠋ᠦᠩᠰᠢᠭᠤᠷ ᠲᠦᠭᠦᠷᠢᠭ ᠤᠨ ᠪᠡᠯᠨ ᠤᠷᠣᠭᠤᠯᠣᠯᠳᠠ ᠶᠢ ᠪᠡᠶᠡᠯᠡᠬᠦᠯᠵᠡᠢ︔ ᠤᠯᠠᠭᠠᠨᠬᠠᠳᠠ ᠶᠢᠨ ᠭᠢᠨᠳᠠᠨ ᠢ ᠭᠠᠳᠠᠭᠰᠢ ᠨᠡᠭᠦᠯᠭᠡᠬᠦ ᠢᠨᠵᠧᠨᠧᠷᠢᠩ ᠤᠨ ᠲᠦᠷᠦᠯ ᠵᠦᠢᠯ ᠲᠣᠭᠳᠠᠭᠠᠬᠤ ᠠᠵᠢᠯ ᠢ ᠪᠡᠶᠡᠯᠡᠬᠦᠯᠵᠦ᠂ ᠲᠦᠷᠪᠡᠳᠦᠭᠡᠷ ᠤᠰᠣᠨ ᠤ ᠦᠢᠯᠡᠳᠪᠦᠷᠢ᠂ ᠬᠤᠩ ᠮᠢᠶᠣᠣᠽᠢ ᠶᠢᠨ ᠪᠣᠬᠢᠷ ᠤᠰᠣ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠬᠦᠯᠦᠨ ᠪᠦᠳᠦᠭᠡᠨ ᠪᠠᠶᠢᠭᠤᠯᠵᠤ᠂ 10 ᠲᠦᠮᠡᠨ ᠲᠣᠨ ᠤ ᠲᠠᠬᠢᠯᠳᠠ ᠤᠰᠣᠨ ᠤ ᠦᠷᠭᠡᠳᠭᠡᠬᠦ ᠪᠠᠷᠢᠯᠭ᠎ᠠ᠂ ᠲᠠᠬᠢᠯᠳᠠ ᠤᠰᠣ ᠠᠰᠢᠭᠯᠠᠬᠤ ᠲᠦᠬᠦᠷᠵᠢᠬᠦᠯᠦᠭᠰᠡᠨ ᠬᠤᠭᠤᠯᠠᠢ ᠶᠢᠨ ᠲᠣᠣᠷᠵᠢᠯ᠂ ᠭᠤᠣᠯ ᠬᠤᠳᠠ ᠲᠣᠭᠤᠷᠢᠭ ᠤᠨ ᠠᠮᠢᠳᠣᠷᠠᠯ ᠤᠨ ᠬᠤᠭ ᠨᠣᠪᠰᠢ ᠶᠢ ᠰᠢᠳᠠᠭᠠᠨ ᠴᠠᠬᠢᠯᠭᠠᠨ ᠭᠠᠷᠭᠠᠬᠤ᠂ ᠹᠦ᠋ ᠯᠦᠩ ᠢᠯᠴᠢ ᠴᠠᠬᠢᠯᠭᠠᠨ ᠤ 2 × 50MW ᠶᠢᠨ ᠠᠷᠣ ᠲᠠᠷᠣᠯᠳᠠᠳᠣ ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ ᠭᠤᠣᠯ ᠬᠤᠳᠠ ᠲᠣᠭᠤᠷᠢᠭ ᠤᠨ ᠲᠣᠭᠤᠷᠢᠯ ᠤᠰᠣᠨ ᠤ ᠰᠢᠰᠲ᠋ᠧᠮ ᠤᠨ ᠵᠠᠰᠠᠯᠳᠠ᠂ ᠭᠤᠣᠯ ᠬᠤᠳᠠ ᠲᠣᠭᠤᠷᠢᠭ ᠤᠨ ᠬᠤᠶᠠᠷ ᠠᠭᠤᠯᠨ ᠬᠤᠶᠠᠷ ᠴᠡᠴᠡᠷᠯᠢᠭ ᠤᠨ ᠦᠵᠡᠮᠵᠢ ᠶᠢ ᠭᠤᠶᠣᠵᠢᠭᠤᠯᠬᠤ᠂ ᠭᠤᠣᠯ ᠬᠤᠳᠠ ᠲᠣᠭᠤᠷᠢᠭ ᠤᠨ ᠭᠠᠵᠠᠷ ᠲᠣᠣᠷᠠᠬᠢ ᠬᠠᠮ ᠬᠤᠭᠤᠯᠠᠢ ᠶᠢᠨ ᠬᠤᠩᠭᠢᠯ᠂ ᠲᠣᠮᠳᠠ ᠲᠣᠭᠤᠷᠢᠯ ᠵᠠᠮ ᠢ ᠲᠦᠷᠭᠡᠨ ᠤ ᠵᠠᠮ ᠪᠣᠯᠭᠠᠬᠤ ᠦᠭᠡᠷᠡᠴᠢᠯᠡᠯᠳᠡ᠂ G306 ᠤᠯᠣᠰ ᠤᠨ ᠵᠠᠮ ᠤᠨ ᠦᠭᠡᠷᠡᠴᠢᠯᠡᠯᠳᠡ᠂ ᠳ᠋ᠠᠪᠠᠨ ᠵᠠᠮ ᠢ ᠡᠮᠦᠨᠡᠰᠢ ᠨᠡᠪᠳᠡᠷᠡᠭᠦᠯᠬᠦ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠱᠠᠯᠠᠪᠳᠠᠨ ᠠᠬᠢᠭᠤᠯᠵᠠᠢ︔ ᠪᠦᠬᠦ ᠵᠢᠯ ᠳᠤ ᠬᠤᠳᠠ ᠶᠢᠨ ᠶᠠᠪᠣᠳᠠᠯ ᠤᠨ ᠬᠤᠭᠤᠯᠠᠢ ᠶᠢᠨ ᠲᠣᠣᠷᠵᠢᠯ ᠢ 77.3 ᠺᠢᠯᠦᠮᠧᠲᠷ ᠰᠢᠨ᠎ᠠ ᠪᠠᠷ ᠵᠠᠰᠠᠵᠣ᠂ 235 ᠲᠦᠮᠡᠨ ᠲᠡᠭᠰᠢ ᠲᠦᠷᠪᠡᠯᠵᠢᠨ ᠮᠧᠲᠷ ᠢᠯᠴᠢ ᠬᠠᠩᠭᠠᠬᠤ ᠲᠠᠯᠠᠪᠠᠢ ᠶᠢ ᠰᠢᠨ᠎ᠠ ᠪᠠᠷ ᠨᠡᠮᠡᠭᠳᠡᠭᠦᠯᠵᠡᠢ᠃ ᠬᠤᠳᠠ ᠶᠢᠨ ᠬᠠᠮᠢᠶᠠᠷᠣᠯᠳᠠ ᠶᠢᠨ ᠶᠡᠷᠦᠩᠬᠡᠶᠢᠯᠡᠭᠰᠡᠨ ᠬᠠᠦᠯᠢ ᠬᠡᠷᠡᠭᠵᠢᠬᠦᠯᠦᠯᠳᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠬᠤᠳᠠ ᠶᠢᠨ ᠦᠩᠭᠡ ᠲᠦᠷᠰᠦ ᠶᠢ ᠶᠡᠷᠦᠩᠬᠡᠶᠢᠯᠡᠨ ᠴᠡᠭᠴᠡᠯᠡᠵᠦ ᠵᠠᠰᠠᠬᠤ ᠢᠨᠵᠧᠨᠧᠷᠢᠩ ᠢ ᠦᠷᠨᠢᠬᠦᠯᠵᠦ᠂ ᠮᠠᠨ ᠤ ᠬᠤᠳᠠ ᠤᠯᠣᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠲᠠᠪᠳᠠᠨ ᠬᠢᠨᠠᠯᠲᠠ ᠪᠠᠷ ᠪᠠᠳᠣᠯᠠᠭᠳᠠᠪᠠ᠃ ︽ᠤᠯᠠᠭᠠᠨᠬᠠᠳᠠ ᠬᠤᠳᠠ ᠶᠢᠨ ᠭᠤᠣᠯ ᠬᠤᠳᠠ ᠲᠣᠭᠤᠷᠢᠭ ᠤᠨ ᠭᠡᠷ ᠭᠠᠵᠠᠷ ᠬᠦᠷᠦᠩᠭᠡ ᠶᠢᠨ ᠵᠠᠬ᠎ᠠ ᠲᠡᠯᠭᠡᠭᠦᠷ ᠢ ᠤᠯᠠᠮ ᠨᠢᠭᠡ ᠠᠯᠬᠤᠮ ᠵᠢᠷᠣᠮᠵᠢᠭᠤᠯᠬᠤ ᠲᠣᠬᠠᠢ ᠬᠡᠷᠡᠭᠵᠢᠬᠦᠯᠬᠦ ᠰᠠᠨᠠᠯ︾ ᠢ ᠲᠣᠭᠳᠠᠭᠠᠨ᠂ 24 ᠵᠣᠷᠪᠣᠰ ᠪᠣᠳᠠᠳᠠᠢ ᠠᠷᠭ᠎ᠠ ᠬᠡᠮᠵᠢᠶ᠎ᠠ ᠶᠢ ᠲᠣᠭᠳᠠᠭᠠᠠᠵᠠᠢ᠃ ᠪᠠᠳᠣᠯᠠᠭ᠎ᠠ ᠶᠢᠨ ᠴᠢᠨᠠᠷᠲᠠᠢ ᠠᠮᠣᠭᠤᠯᠠᠩ ᠰᠠᠭᠤᠴᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠤᠳᠠ ᠶᠢᠨ ᠲᠦᠭᠦᠮ ᠪᠦᠳᠦᠴᠡᠳᠦ ᠤᠷᠣᠨ ᠰᠠᠭᠤᠴᠠ ᠶᠢᠨ ᠲᠣᠭᠤᠷᠢᠭ ᠤᠨ 1.3 ᠲᠦᠮᠡᠨ ᠤᠷᠣᠨ ᠰᠠᠭᠤᠴᠠ ᠶᠢ ᠪᠠᠷᠢᠯᠭ᠎ᠠ ᠡᠬᠢᠯᠡᠬᠦᠯᠦᠨ᠂ ᠬᠦᠳᠡᠭᠡ ᠲᠣᠰᠬᠤᠨ ᠮᠠᠯᠵᠢᠬᠤ ᠤᠷᠣᠨ ᠤ 14867 ᠡᠷᠦᠬᠡ ᠶᠢᠨ ᠨᠣᠷᠠᠬᠤ ᠠᠶᠣᠯᠳᠠᠢ ᠭᠡᠷ ᠢ ᠰᠡᠯᠪᠢᠨ ᠵᠠᠰᠠᠪᠠ᠂ ᠬᠤᠳᠠ ᠶᠢᠨ ᠲᠡᠭᠦᠷᠭᠡ ᠶᠢᠨ ᠪᠠᠯᠭᠠᠰᠣ᠂ ᠭᠤᠣᠯᠳᠠᠯᠭ᠎ᠠ ᠲᠠᠢ ᠪᠠᠯᠭᠠᠰᠣ᠂ ᠤᠨᠴᠠᠯᠢᠭᠳᠣ ᠵᠢᠵᠢᠭ ᠪᠠᠯᠭᠠᠰᠣᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠦ᠂ ᠰᠠᠭᠤᠷᠢ ᠲᠦᠬᠦᠷᠵᠢᠬᠦᠯᠦᠯᠳᠡ ᠪᠣᠯᠣᠨ ᠠᠵᠦ ᠦᠢᠯᠡᠰ᠂ ᠬᠦᠮᠦᠨ ᠠᠮᠨ ᠶᠢᠨ ᠲᠣᠯᠭᠠᠭᠤᠷᠢᠯᠠᠯᠳᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠡᠢ᠃ ᠬᠦᠳᠡᠭᠡ ᠲᠣᠰᠬᠤᠨ ᠢ ᠮᠠᠨᠳᠣᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠤᠳᠠ ᠬᠦᠳᠡᠭᠡ ᠶᠢᠨ ᠨᠢᠭᠡᠳᠦᠯᠳᠡᠢ ᠲᠣᠬᠢᠷᠠᠭᠤᠯᠣᠭᠰᠠᠨ ᠬᠦᠭᠵᠢᠯᠳᠡ ᠶᠢ ᠲᠦᠯᠬᠢᠨ ᠠᠬᠢᠭᠤᠯᠵᠠᠢ︔ ᠬᠦᠳᠡᠭᠡ ᠲᠣᠰᠬᠤᠨ ᠢ ᠮᠠᠨᠳᠣᠭᠤᠯᠬᠤ 7 ᠵᠣᠷᠪᠣᠰ ᠵᠢᠱᠢᠶ᠎ᠠ ᠦᠵᠡᠬᠦᠯᠬᠦ ᠲᠣᠷᠰᠢᠯᠳᠠ ᠶᠢᠨ ᠪᠦᠰᠡ ᠶᠢ ᠪᠠᠶᠢᠭᠤᠯᠤᠨ᠂ ᠬᠦᠳᠡᠭᠡ ᠲᠣᠰᠬᠤᠨ ᠮᠠᠯᠵᠢᠬᠤ ᠤᠷᠣᠨ ᠤ ᠬᠦᠮᠦᠨ ᠠᠷᠠᠳ ᠤᠨ ᠰᠠᠭᠤᠷᠢᠰᠢᠯ ᠤᠨ ᠤᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠡᠬᠢᠯᠡᠬᠦᠯᠵᠦ᠂ ᠬᠤᠭ ᠨᠣᠪᠰᠢ ᠲᠠᠮᠵᠢᠭᠤᠯᠬᠤ ᠦᠷᠳᠡᠭᠡ᠂ ᠬᠤᠭ ᠨᠣᠪᠰᠢ ᠪᠣᠯᠠᠬᠤ ᠲᠠᠯᠠᠪᠣᠷ᠂ ᠪᠣᠬᠢᠷ ᠤᠰᠣ ᠰᠢᠢᠳᠪᠦᠷᠢᠯᠡᠬᠦ ᠦᠷᠳᠡᠭᠡ ︽ᠵᠣᠷᠯᠣᠩ ᠤᠨ ᠬᠤᠪᠢᠰᠬᠠᠯ︾ ᠵᠡᠷᠭᠡ ᠲᠣᠷᠰᠢᠯᠳᠠ ᠶᠢᠨ ᠴᠡᠭ ᠤᠨ ᠢᠨᠵᠧᠨᠧᠷᠢᠩ ᠪᠣᠯᠣᠨ ᠲᠣᠷᠰᠢᠯᠳᠠ ᠶᠢᠨ ᠴᠡᠭ ᠤᠨ ᠠᠵᠢᠯ ᠢ ᠯᠠᠪᠳᠠᠭᠤᠨ ᠪᠠᠳᠣᠳᠠᠢ ᠠᠬᠢᠭᠤᠯᠪᠠ᠃           ︵ᠲᠣᠯᠤᠭ᠎ᠠ︶ ᠠᠮᠢ ᠠᠬᠤᠢ ᠶᠢᠨ ᠤᠷᠴᠢᠨ ᠲᠣᠭᠤᠷᠢᠨ ᠪᠣᠯᠣᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠴᠢᠩᠭᠠᠳᠬᠠᠪᠠ᠃ ᠠᠮᠢ ᠠᠬᠤᠢ ᠶᠢᠨ ᠬᠠᠮᠠᠭᠠᠯᠠᠯᠳᠠ ᠶᠢ ᠦᠷᠬᠦᠯᠵᠢᠯᠡᠨ ᠴᠢᠩᠭᠠᠳᠬᠠᠵᠠᠢ᠃ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠰᠣᠷᠪᠣᠯᠵᠢ ᠶᠢᠨ ᠵᠠᠰᠠᠯᠳᠠ᠂ ᠲᠠᠷᠢᠶᠠᠯᠠᠬᠤ ᠪᠠᠨ ᠪᠣᠯᠢᠵᠦ ᠤᠶᠢᠵᠢᠭᠤᠯᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠲᠦᠷᠭᠡᠳᠭᠡᠵᠦ᠂ 113.4 ᠲᠦᠮᠡᠨ ᠮᠦ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠠ ᠭᠤᠣᠯᠳᠠᠯᠭ᠎ᠠ ᠲᠠᠢ ᠤᠷᠣᠨ ᠪᠦᠰᠡ ᠶᠢᠨ ᠨᠣᠭᠤᠭᠠᠷᠠᠭᠤᠯᠣᠯᠳᠠ ᠶᠢ ᠪᠡᠶᠡᠯᠡᠬᠦᠯᠦᠨ᠂ ᠪᠦᠬᠦ ᠬᠤᠳᠠ ᠶᠢᠨ ᠲᠠᠯ᠎ᠠ ᠨᠣᠳᠤᠭ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠭᠡᠢ ᠬᠡᠪᠴᠢᠶ᠎ᠠ 546.4 ᠲᠦᠮᠡᠨ ᠮᠦ ᠳᠤ ᠬᠦᠷᠴᠡᠢ︔ ᠯᠣᠤᠬ᠎ᠠ ᠶᠢᠨ ᠭᠤᠣᠯ ᠤᠨ ᠲᠡᠭᠡᠳᠦ ᠤᠷᠣᠰᠬᠠᠯ ᠤᠨ ᠠᠮᠢ ᠠᠬᠤᠢ ᠶᠢᠨ ᠬᠠᠮᠠᠭᠠᠯᠠᠯᠳᠠ ᠬᠢᠭᠡᠳ ᠤᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠬᠡᠷᠡᠭᠵᠢᠬᠦᠯᠦᠨ᠂ ᠲᠠᠯᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠤᠷᠴᠢᠨ ᠲᠣᠭᠤᠷᠢᠨ ᠢ  ᠶᠡᠷᠦᠩᠬᠡᠶᠢᠯᠡᠨ ᠵᠠᠰᠠᠬᠤ ᠢᠨᠵᠧᠨᠧᠷᠢᠩ ᠢ ᠡᠬᠢᠯᠡᠬᠦᠯᠵᠡᠢ ︔ ︽ᠤᠯᠠᠭᠠᠨᠬᠠᠳᠠ ᠬᠤᠳᠠ ᠶᠢᠨ ᠭᠠᠵᠠᠷ ᠲᠣᠣᠷᠠᠬᠢ ᠤᠰᠣᠨ ᠤ ᠬᠠᠮᠢᠶᠠᠷᠣᠯᠳᠠ ᠶᠢᠨ ᠬᠠᠮᠠᠭᠠᠯᠠᠯᠳᠠ ᠶᠢᠨ ᠲᠦᠷᠢᠮ︾ ᠢ ᠨᠡᠶᠢᠲᠡᠯᠡᠨ ᠬᠡᠷᠡᠭᠵᠢᠬᠦᠯᠵᠦ᠂ ᠭᠤᠣᠯ ᠨᠠᠭᠤᠷ ᠤᠨ ᠠᠬᠠᠯᠠᠭᠴᠢ ᠶᠢᠨ ᠠᠵᠢᠯ ᠤᠨ ᠲᠣᠭᠳᠠᠯᠴᠠᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠵᠡᠢ᠃ ᠤᠷᠴᠢᠨ ᠲᠣᠭᠤᠷᠢᠨ ᠤ ᠵᠠᠰᠠᠯᠳᠠ ᠶᠢᠨ ᠠᠯᠬᠤᠴᠠ ᠶᠢ ᠲᠦᠷᠭᠡᠳᠭᠡᠪᠡ᠃  ᠲᠦᠪ ᠬᠤᠷᠢᠶ᠎ᠠ ᠪᠣᠯᠣᠨ ᠦᠪᠡᠷᠳᠡᠭᠡᠨ ᠵᠠᠰᠠᠬᠤ ᠤᠷᠣᠨ ᠤ ᠤᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠬᠠᠷᠢᠭᠤ ᠲᠣᠰᠬᠠᠭᠰᠠᠨ ᠠᠰᠠᠭᠤᠳᠠᠯ ᠤᠨ ᠴᠡᠭᠴᠡᠯᠡᠨ ᠵᠠᠰᠠᠯᠳᠠ ᠶᠢ ᠨᠠᠷᠢᠨ ᠬᠢᠨᠠᠮᠠᠭᠠᠢ ᠦᠷᠨᠢᠬᠦᠯᠵᠦ᠂ ᠲᠣᠰᠬᠠᠢ ᠲᠦᠷᠦᠯ ᠢᠶᠠᠷ ᠴᠡᠭᠴᠡᠯᠡᠨ ᠵᠠᠰᠠᠬᠤ 12 ᠢᠨᠵᠧᠨᠧᠷᠢᠩ ᠢ ᠯᠠᠪᠳᠠᠭᠤᠨ ᠠᠬᠢᠭᠤᠯᠣᠨ᠂ ᠠᠭᠠᠷ ᠮᠠᠨᠳᠠᠯ᠂ ᠬᠦᠷᠦᠰᠦ᠂ ᠤᠰᠣ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠳᠠᠬᠢ ᠪᠣᠬᠢᠷᠳᠣᠯ ᠤᠨ ᠰᠡᠷᠭᠡᠶᠢᠢᠯᠡᠨ ᠵᠠᠰᠠᠯᠳᠠ ᠶᠢ ᠦᠨᠡᠨ ᠬᠦ ᠴᠢᠩᠭᠠᠳᠬᠠᠵᠠᠢ︔ ᠶᠣᠧᠠᠨ ᠪᠣᠣ ᠱᠠᠨ ᠤ ᠴᠠᠬᠢᠯᠭᠠᠨ ᠦᠢᠯᠡᠳᠪᠦᠷᠢ ᠶᠢᠨ ᠬᠡᠳᠦ ᠲᠣᠣᠷ᠎ᠠ ᠭᠠᠳᠠᠭᠰᠢᠯᠠᠭᠤᠯᠣᠯᠳᠠ ᠶᠢᠨ ᠦᠭᠡᠷᠡᠴᠢᠯᠡᠯᠳᠡ ᠶᠢ ᠠᠬᠢᠭᠤᠯᠣᠨ᠂ ᠬᠤᠳᠠ ᠲᠣᠭᠤᠷᠢᠭ ᠲᠠᠬᠢ 117 ᠨᠡᠭᠦᠷᠡᠰᠦ ᠰᠢᠳᠠᠭᠠᠬᠤ ᠵᠣᠤᠬ᠎ᠠ ᠳᠤ ᠬᠦᠬᠦᠷ ᠦᠭᠡᠶᠢᠲᠡᠭᠦᠯᠦᠨ ᠲᠣᠭᠤᠰᠣ ᠠᠷᠢᠯᠭᠠᠬᠤ ᠦᠭᠡᠷᠡᠴᠢᠯᠡᠯᠳᠡ ᠶᠢ ᠬᠡᠷᠡᠭᠵᠢᠬᠦᠯᠵᠦ᠂ ᠪᠦᠬᠦ ᠵᠢᠯ ᠳᠤ ᠠᠭᠠᠷ ᠤᠨ ᠴᠢᠨᠠᠷ ᠰᠠᠶᠢᠨ ᠡᠳᠦᠷ ᠤᠨ ᠲᠤᠭ᠎ᠠ 331 ᠡᠳᠦᠷ ᠲᠤ ᠬᠦᠷᠴᠡᠢ︔ ᠭᠠᠵᠠᠷ ᠰᠢᠷᠣᠢ ᠶᠢᠨ ᠲᠣᠭᠳᠠᠮᠠᠯ ᠴᠡᠭᠳᠦ ᠪᠣᠰᠣ ᠪᠣᠬᠢᠷᠳᠣᠯ ᠢ ᠦᠷ᠎ᠠ ᠪᠦᠳᠦᠮᠵᠢᠳᠡᠢ ᠬᠢᠵᠠᠭᠠᠷᠯᠠᠵᠣ᠂ ᠰᠢᠯᠭᠠᠨ ᠪᠠᠶᠢᠴᠠᠭᠠᠭᠰᠠᠨ ᠭᠠᠵᠠᠷ ᠤᠨ ᠭᠠᠳᠠᠷᠭᠤ ᠶᠢᠨ ᠤᠰᠣᠨ ᠤ ᠭᠤᠷᠪᠠᠨ ᠬᠡᠰᠡᠭ ᠭᠠᠳᠠᠷᠭᠤ ᠤᠯᠣᠰ ᠤᠨ ᠬᠠᠷᠠᠯᠳᠠ ᠶᠢᠨ ᠱᠠᠭᠠᠷᠳᠠᠯᠭ᠎ᠠ ᠳᠤ ᠬᠦᠷᠴᠡᠢ᠃ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠵᠡᠢ᠃ LXB ᠤᠰᠣ ᠲᠣᠬᠢᠷᠠᠭᠤᠯᠣᠯᠳᠠ ᠶᠢᠨ ᠤᠯᠠᠭᠠᠨᠬᠠᠳᠠ ᠳᠠᠬᠢ ᠰᠠᠯᠪᠣᠷᠢ ᠱᠣᠭᠤᠮ ᠤᠨ ᠢᠨᠵᠧᠨᠧᠷᠢᠩ ᠤᠨ ᠡᠮᠦᠨ᠎ᠠ ᠬᠤᠭᠤᠴᠠᠭᠠᠨ ᠤ ᠠᠵᠢᠯ ᠴᠢᠬᠤᠯᠨ ᠠᠬᠢᠯᠳᠠ ᠲᠠᠢ ᠪᠣᠯᠵᠣ᠂ ᠯᠢᠨᠰᠢ ᠶᠢᠨ ᠳ᠋ᠦᠩ ᠲᠠᠶᠢᠽᠢ ᠴᠦᠬᠦᠷᠦᠮ ᠢ ᠡᠬᠢᠯᠡᠨ ᠪᠦᠳᠦᠭᠡᠨ  ᠪᠠᠶᠢᠭᠤᠯᠵᠤ᠂ ᠪᠠᠭᠠᠷᠢᠨ ᠵᠡᠬᠦᠨ ᠬᠤᠰᠢᠭᠤᠨ ᠤ ᠬᠦᠪ ᠤᠨ ᠭᠤᠣ ᠴᠦᠬᠦᠷᠦᠮ ᠪᠣᠯᠣᠨ ᠰᠠᠨ ᠽᠦᠸᠧ ᠳ᠋ᠢᠶᠠᠨ ᠴᠦᠬᠦᠷᠦᠮ ᠠᠴᠠ ᠭᠤᠣᠯ ᠬᠤᠳᠠ ᠲᠣᠭᠤᠷᠢᠭ ᠵᠦᠭ ᠤᠰᠣ ᠲᠠᠳᠠᠵᠣ ᠬᠠᠩᠭᠠᠬᠤ ᠢᠨᠵᠧᠨᠧᠷᠢᠩ ᠢ ᠱᠠᠯᠠᠪᠳᠠᠨ ᠠᠬᠢᠭᠤᠯᠵᠣ᠂ ᠬᠦᠳᠡᠭᠡ ᠲᠣᠰᠬᠤᠨ ᠮᠠᠯᠵᠢᠬᠤ ᠤᠷᠣᠨ ᠤ ᠢᠳᠡᠬᠦ ᠤᠰᠣᠨ ᠤ ᠠᠮᠣᠷ ᠲᠦᠪᠰᠢᠨ ᠢ ᠪᠠᠬᠢᠵᠢᠬᠦᠯᠦᠨ ᠲᠡᠭᠡᠭᠰᠢᠯᠡᠬᠦᠯᠬᠦ ᠵᠢᠯ ᠤᠨ ᠡᠭᠦᠷᠭᠡ ᠶᠢ ᠴᠦᠮ ᠪᠡᠶᠡᠯᠡᠭᠦᠯᠵᠡᠢ︔ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠲᠦᠷᠭᠡᠨ ᠭᠠᠯᠳᠣ ᠶᠢᠨ ᠬᠠᠷᠠᠴᠢᠨ ᠵᠡᠭᠦᠨ ᠬᠤᠰᠢᠭᠤᠨ ᠤ ᠦᠷᠳᠡᠭᠡ ᠶᠢᠨ ᠲᠡᠮᠦᠷ ᠵᠠᠮ ᠢ ᠪᠦᠬᠦ ᠬᠤᠷᠳᠣᠴᠠ ᠪᠠᠷ ᠠᠬᠢᠭᠤᠯᠣᠨ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠢᠳᠠᠮᠵᠢ ᠶᠢ ᠦᠷᠭᠡᠳᠭᠡᠬᠦ ᠦᠭᠡᠷᠡᠴᠢᠯᠡᠯᠳᠡ᠂ ᠶᠡᠭᠡ ᠪᠠᠶᠢᠢᠰᠢᠩ ︵ᠶᠧ ᠪᠠᠢ ᠱᠧᠦ︶ ᠠᠴᠠ ᠤᠯᠠᠭᠠᠨᠬᠠᠳᠠ ᠬᠦᠷᠬᠦ ᠲᠡᠮᠦᠷ ᠵᠠᠮ ᠤᠨ ᠴᠢᠳᠠᠮᠵᠢ ᠶᠢ ᠦᠷᠭᠡᠳᠭᠡᠬᠦ ᠦᠭᠡᠷᠡᠴᠢᠯᠡᠯᠳᠡ᠂ ᠪᠡᠭᠡᠵᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠦᠭᠡᠷᠡᠴᠢᠯᠡᠯᠳᠡ ᠶᠢᠨ ᠢᠨᠵᠧᠨᠧᠷᠢᠩ ᠢ ᠱᠠᠯᠠᠪᠳᠠᠨ ᠬᠡᠷᠡᠭᠵᠢᠬᠦᠯᠵᠡᠢ︔ ᠪᠣᠷᠣᠬᠤᠳᠠ ᠠᠴᠠ ᠴᠢᠪᠠᠭ᠎ᠠ ᠬᠦᠷᠬᠦ ᠲᠡᠭᠡᠳᠦ ᠲᠡᠰ ᠤᠨ ᠵᠠᠰᠠᠮᠠᠯ ᠵᠠᠮ ᠂ ᠲᠢᠶᠠᠨ ᠢ ᠠᠴᠠ ᠱᠢ ᠵᠢᠶᠠ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠡᠮᠬᠢ ᠲᠠᠷᠠᠭᠠᠯᠠᠯ ᠲᠠᠢ ᠠᠬᠢᠭᠤᠯᠣᠨ᠂ ᠪᠢᠷᠠᠭᠤ ᠠᠴᠠ ᠤᠯᠠᠭᠠᠨᠪᠣᠳᠣᠩ ᠬᠦᠷᠬᠦ ᠲᠦᠷᠭᠡᠨ ᠵᠠᠰᠠᠮᠠᠯ ᠵᠠᠮ ᠢ ᠱᠠᠯᠠᠪᠳᠠᠨ ᠲᠡᠪᠢᠰᠴᠦ᠂ ᠶᠡᠭᠡ ᠪᠠᠶᠢᠢᠰᠢᠩ ︵ᠳ᠋ᠠᠪᠠᠨ︶ ᠠᠴᠠ ᠪᠢᠷᠠᠭᠤ ᠬᠦᠷᠬᠦ ᠲᠦᠷᠭᠡᠨ ᠵᠠᠰᠠᠮᠠᠯ ᠵᠠᠮ ᠪᠣᠯᠣᠨ ᠯᠢᠨᠰᠢ ᠠᠴᠠ ᠲᠠᠭᠠᠭᠠᠴᠠᠨᠪᠣᠯᠠᠭ ︵ᠳᠠᠭᠠᠭᠠᠴᠠ ᠶᠢᠨ ᠪᠤᠯᠠᠭ︶ ᠬᠦᠷᠬᠦ᠂ ᠰᠢᠨ ᠬᠤᠢ ᠠᠴᠠ ᠯᠣᠣ ᠬᠤ᠋ ᠱᠠᠨ ᠬᠦᠷᠬᠦ᠂  ᠹᠧᠩ ᠬᠤᠧᠠᠩ ᠯᠢᠩ ᠠᠴᠠ ᠴᠢᠪᠠᠭ᠎ᠠ ᠬᠦᠷᠬᠦ ᠨᠢᠭᠡᠳᠦᠭᠡᠷ ᠲᠡᠰ ᠤᠨ ᠵᠠᠰᠠᠮᠠᠯ ᠵᠠᠮ ᠢ ᠲᠡᠪᠢᠰᠴᠦ ᠪᠠᠷᠠᠪᠠ︔  ᠯᠢᠨᠰᠢ ᠶᠢᠨ ᠰᠠᠯᠪᠣᠷᠢ ᠱᠣᠭᠤᠮ ᠤᠨ ᠨᠢᠰᠭᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠭᠡᠵᠦ᠂ ᠪᠠᠭᠠᠷᠢᠨ ᠵᠡᠬᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ ᠶᠢᠨ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠦᠪᠡᠷᠳᠡᠭᠡᠨ ᠵᠠᠰᠠᠬᠤ ᠤᠷᠣᠨ ᠤ ᠵᠦᠪᠰᠢᠶᠡᠷᠡᠭᠰᠡᠨ ᠴᠣᠬᠤᠯᠠᠪᠣᠷᠢ ᠶᠢ ᠤᠯᠵᠣ᠂ ᠠᠷᠣ ᠬᠤᠷᠴᠢᠨ ᠬᠤᠰᠢᠭᠤᠨ ᠤ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠠᠩᠬᠠᠨ ᠤ ᠨᠢᠰᠣᠯᠳᠠ ᠶᠢ ᠪᠡᠶᠡᠯᠡᠬᠦᠯᠵᠡᠢ︔ ᠪᠦᠬᠦ ᠬᠤᠳᠠ ᠳᠤ 1701 ᠺᠢᠯᠣᠮᠧᠲᠷ ᠬᠤᠳᠠ ᠬᠦᠳᠡᠭᠡ ᠶᠢᠨ ᠴᠠᠬᠢᠯᠭᠠᠨ ᠲᠣᠣᠷᠵᠢᠯ ᠢ ᠰᠢᠨ᠎ᠠ ᠪᠠᠷ ᠪᠣᠶᠣ ᠦᠭᠡᠷᠡᠴᠢᠯᠡᠨ ᠪᠠᠶᠢᠭᠤᠯᠵᠤ᠂ ᠤᠯᠠᠭᠠᠨᠬᠠᠳᠠ ᠠᠴᠠ ᠬᠤᠧᠠᠪᠧᠢ ᠤᠷᠣᠨ ᠳᠤ ᠬᠦᠷᠬᠦ ᠴᠠᠬᠢᠯᠭᠠᠨ ᠬᠦᠴᠦ ᠬᠦᠷᠭᠡᠬᠦ ᠵᠠᠮ ︽ᠤᠯᠣᠰ ᠤᠨ ᠠᠷᠪᠠᠨ ᠭᠤᠷᠪᠠᠳᠣᠭᠠᠷ ᠲᠠᠪᠣᠨ ᠵᠢᠯ ᠤᠨ ᠡᠨᠧᠷᠭᠢ ᠶᠢᠨ ᠬᠦᠭᠵᠢᠯᠳᠡ ᠶᠢᠨ ᠲᠦᠯᠦᠪᠵᠢᠬᠦᠯᠭᠡ︾ ᠳᠤ ᠵᠢᠩᠬᠢᠨᠢ ᠪᠠᠷ ᠤᠷᠣᠵᠠᠢ︔ ︽ᠦᠷᠭᠡᠨ ᠪᠦᠰᠡ ᠶᠢ ᠬᠦᠳᠡᠭᠡ ᠲᠣᠰᠬᠤᠨ ᠳᠤ ᠤᠷᠣᠭᠤᠯᠬᠤ︾ ᠢᠨᠵᠧᠨᠧᠷᠢᠩ ᠢ  ᠱᠠᠯᠠᠪᠳᠠᠨ ᠬᠡᠷᠡᠭᠵᠢᠬᠦᠯᠵᠦ᠂ 1.8 ᠲᠦᠮᠡᠨ ᠺᠢᠯᠣᠮᠧᠲᠷ ᠤᠨ ᠭᠡᠷᠡᠯ ᠲᠠᠳᠠᠯᠭ᠎ᠠ ᠶᠢ ᠲᠠᠳᠠᠭᠰᠠᠨ ᠪᠠᠶᠢᠨ᠎ᠠ᠃          ︵ᠨᠠᠢᠮᠠ︶ ᠨᠡᠶᠢᠭᠡᠮ ᠤᠨ ᠦᠢᠯᠡᠰ ᠢ ᠱᠠᠯᠠᠪᠳᠠᠨ ᠬᠦᠭᠵᠢᠬᠦᠯᠪᠡ᠃ ᠰᠢᠨ᠎ᠠ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠬᠦᠭᠵᠢᠯᠳᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠨ᠂ ᠮᠡᠷᠭᠡᠵᠢᠯ ᠤᠨ ᠰᠢᠨ᠎ᠠ ᠶᠢ ᠡᠭᠦᠳᠬᠦ ᠲᠠᠪᠴᠠᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠣ᠂ ᠦᠪᠡᠷᠳᠡᠭᠡᠨ ᠵᠠᠰᠠᠬᠤ ᠤᠷᠣᠨ ᠤ ᠠᠵᠦ ᠠᠬᠤᠶᠢᠯᠠᠯ ᠤᠨ ᠰᠤᠳᠤᠯᠵᠤ ᠨᠡᠭᠡᠭᠡᠨ ᠠᠰᠢᠭᠯᠠᠬᠤ ᠲᠦᠪ 3 ᠡᠷᠦᠬᠡ᠂ ᠠᠵᠣ ᠦᠢᠯᠡᠰ ᠤᠨ ᠮᠡᠷᠭᠡᠵᠢᠯ ᠤᠨ ᠰᠢᠨ᠎ᠠ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭᠠᠯᠠᠯ 3᠂ ᠢᠨᠵᠧᠨᠧᠷᠢᠩ ᠤᠨ ᠮᠡᠷᠭᠡᠵᠢᠯ ᠤᠨ  ᠰᠣᠳᠣᠯᠭᠠᠨ ᠤ ᠲᠦᠪ ᠪᠣᠯᠣᠨ ᠤᠯᠠᠨ ᠲᠦᠮᠡᠨᠴᠢ ᠰᠢᠨ᠎ᠠ ᠶᠢ ᠡᠭᠦᠳᠬᠦ ᠤᠷᠣᠨ ᠵᠠᠢ 4 ᠡᠷᠦᠬᠡ ᠶᠢ ᠰᠢᠨ᠎ᠠ ᠪᠠᠷ ᠪᠠᠶᠢᠭᠤᠯᠵᠠᠢ᠃ ᠡᠯ᠎ᠠ ᠲᠦᠷᠦᠯ ᠤᠨ ᠰᠣᠷᠭᠠᠨ ᠬᠦᠮᠦᠵᠢᠯ ᠤᠨ ᠵᠣᠬᠢᠴᠠᠩᠭᠤᠢ ᠬᠦᠭᠵᠢᠯᠳᠡ ᠶᠢ ᠠᠬᠢᠭᠤᠯᠵᠣ᠂ ︽ ᠪᠠᠭᠤᠷᠠᠢ ᠰᠣᠷᠭᠠᠭᠤᠯᠢ ᠶᠢ ᠪᠦᠬᠦ ᠲᠠᠯ᠎ᠠ ᠪᠠᠷ  ᠰᠠᠶᠢᠵᠢᠷᠠᠭᠤᠯᠬᠤ︾ ᠢᠨᠵᠧᠨᠧᠷᠢᠩ᠂ ᠰᠠᠭᠤᠷᠢ ᠰᠣᠷᠭᠠᠨ ᠬᠦᠮᠦᠵᠢᠯ ᠤᠨ ᠭᠤᠷᠪᠠᠨ ᠵᠦᠢᠯ ᠤᠨ ᠲᠦᠯᠦᠪᠯᠡᠭᠡ ᠶᠢ ᠱᠠᠯᠠᠪᠳᠠᠨ ᠠᠬᠢᠭᠤᠯᠵᠣ᠂ 3 ᠬᠤᠰᠢᠭᠤ ᠰᠢᠶᠠᠨ ᠲᠣᠭᠤᠷᠢᠭ ᠤᠨ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠲᠡᠭᠰᠢᠷᠡᠮᠡᠭ ᠬᠦᠭᠵᠢᠯᠳᠡ ᠨᠢ ᠤᠯᠣᠰ ᠤᠨ ᠦᠨᠡᠯᠡᠨ ᠵᠢᠱᠢᠯᠳᠡ ᠶᠢ ᠦᠩᠭᠡᠷᠡᠭᠦᠯᠦᠨ᠂ 23 ᠰᠠᠭᠤᠷᠢ ᠭᠤᠣᠯ ᠬᠤᠳᠠ ᠲᠣᠭᠤᠷᠢᠭ ᠤᠨ ᠬᠡᠦᠬᠡᠳ ᠤᠨ ᠴᠡᠴᠡᠷᠯᠢᠭ ᠪᠣᠯᠣᠨ ᠲᠣᠮᠳᠠᠳᠣ ᠪᠠᠭ᠎ᠠ ᠰᠣᠷᠭᠠᠭᠤᠯᠢ ᠶᠢ ᠪᠠᠶᠢᠭᠤᠯᠤᠨ ᠪᠦᠳᠦᠭᠡᠵᠦ᠂ ᠤᠯᠠᠭᠠᠨᠬᠠᠳᠠ ᠶᠢᠨ ᠬᠤᠶᠠᠳᠣᠭᠠᠷ ᠲᠣᠮᠳᠠᠳᠣ ᠰᠣᠷᠭᠠᠭᠤᠯᠢ ᠶᠢᠨ ᠤᠯᠠᠨ ᠤᠯᠣᠰ ᠤᠨ ᠲᠣᠷᠰᠢᠯᠳᠠ ᠶᠢᠨ ᠰᠣᠷᠭᠠᠭᠤᠯᠢ᠂ ᠱᠠᠨ ᠰᠢ ᠶᠢᠩ ᠬᠡᠦᠬᠡᠳ ᠤᠨ ᠴᠡᠴᠡᠷᠯᠢᠭ᠂ ᠬᠠᠰ ᠯᠣᠣ ᠬᠡᠦᠬᠡᠳ ᠤᠨ ᠴᠡᠴᠡᠷᠯᠢᠭ ᠵᠡᠷᠭᠡ ᠰᠢᠨ᠎ᠠ ᠲᠣᠭᠤᠷᠢᠭ ᠤᠨ ᠰᠠᠭᠤᠷᠢ ᠰᠣᠷᠭᠠᠨ ᠬᠦᠮᠦᠵᠢᠯ ᠤᠨ ᠰᠣᠷᠭᠠᠭᠤᠯᠢ ᠠᠰᠢᠭᠯᠠᠯᠳᠠ ᠳᠤ ᠤᠷᠣᠪᠠ︔ ᠦᠨᠳᠦᠰᠦᠳᠡᠨ ᠤ ᠰᠣᠷᠭᠠᠨ ᠬᠦᠮᠦᠵᠢᠯ᠂ ᠤᠨᠴᠠᠭᠠᠢ ᠰᠣᠷᠭᠠᠨ ᠬᠦᠮᠦᠵᠢᠯ ᠢ ᠯᠠᠪᠳᠠᠭᠤᠨ ᠪᠠᠳᠦᠳᠠᠢ ᠲᠦᠯᠬᠢᠨ ᠠᠬᠢᠭᠤᠯᠵᠣ᠂ ᠲᠡᠭᠡᠳᠦ ᠲᠣᠮᠳᠠᠳᠣ ᠪᠠᠷ ᠳᠠᠶᠢᠴᠢᠯᠠᠬᠤ  ᠪᠠᠶᠢᠯᠳᠤᠬᠤ ᠪᠣᠳᠣᠯᠭ᠎ᠠ ᠶᠢ ᠲᠣᠳᠣᠭᠰᠢ ᠬᠡᠷᠡᠭᠵᠢᠬᠦᠯᠦᠨ᠂ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠲᠣᠷᠰᠢᠯᠳᠠ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠱᠠᠳᠣᠴᠢ ᠴᠢᠨᠠᠷᠲᠠᠢ ᠦᠷ᠎ᠠ ᠪᠦᠳᠦᠮᠵᠢ ᠤᠯᠵᠠᠢ︔ ᠪᠦᠬᠦ ᠬᠤᠳᠠ ᠠᠴᠠ ᠴᠢᠩᠬᠤᠧᠠ ᠶᠡᠭᠡ ᠰᠣᠷᠭᠠᠭᠤᠯᠢ ᠪᠡᠭᠡᠵᠢᠩ ᠶᠡᠭᠡ ᠰᠣᠷᠭᠠᠭᠤᠯᠢ ᠳᠤ ᠰᠢᠯᠭᠠᠭᠤᠯᠣᠨ ᠡᠯᠰᠡᠭᠳᠡᠭᠰᠡᠳ ᠤᠨ ᠲᠤᠭ᠎ᠠ ᠪᠦᠬᠦ ᠤᠷᠣᠨ ᠤ 50% ᠠᠴᠠ ᠲᠡᠭᠡᠭᠰᠢ ᠶᠢ ᠡᠵᠡᠯᠡᠵᠦ᠂ ᠤᠯᠠᠭᠠᠨᠬᠠᠳᠠ ᠲᠡᠭᠡᠳᠦ ᠰᠣᠷᠭᠠᠭᠤᠯᠢ ᠨᠢ ᠰᠢᠨ᠎ᠠ ᠪᠠᠷ ᠨᠡᠮᠡᠭᠳᠡᠭᠰᠡᠨ ᠮᠠᠭᠢᠰᠲ᠋ᠧᠷ ᠤᠨ ᠡᠷᠳᠡᠮ ᠤᠨ ᠴᠣᠯᠨ ᠤᠯᠭᠤᠬᠤ ᠨᠢᠭᠡᠴᠡ ᠪᠣᠯᠵᠣ᠂ ᠮᠠᠨ ᠤ ᠬᠤᠳᠠ ᠶᠢᠨ 4 ᠲᠦᠷᠦᠯ ᠤᠨ ᠰᠣᠷᠭᠠᠨ ᠬᠦᠮᠦᠵᠢᠯ ᠤᠨ ᠦᠭᠡᠷᠡᠴᠢᠯᠡᠯᠳᠡ ᠶᠢᠨ ᠰᠢᠨ᠎ᠡ ᠶᠢ ᠡᠭᠦᠳᠬᠦ ᠦᠷ᠎ᠠ ᠪᠦᠳᠦᠭᠡᠯ ᠢ ᠪᠦᠬᠦ ᠤᠯᠣᠰ ᠤᠨ ᠰᠣᠷᠭᠠᠨ ᠬᠦᠮᠦᠵᠢᠯ ᠤᠨ ᠦᠵᠡᠰᠬᠦᠯᠡᠩ ᠳᠤ ᠲᠡᠯᠭᠡᠨ ᠦᠵᠡᠬᠦᠯᠵᠡᠢ᠃ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠲᠡᠭᠡᠭᠰᠢᠯᠡᠬᠦᠯᠦᠨ᠂ ᠠᠯᠪᠠᠨ ᠠᠴᠠ ᠡᠷᠬᠢᠯᠡᠭᠰᠡᠨ ᠡᠮᠴᠢᠯᠡᠭᠡᠨ ᠤ  ᠪᠠᠶᠢᠭᠤᠯᠤᠮᠵᠢ ᠶᠢᠨ ᠡᠮ ᠤᠨ ᠵᠦᠢᠯ ᠬᠤᠳᠠᠯᠳᠣᠨ ᠠᠪᠬᠤ ᠳᠤ ︽ᠬᠤᠶᠠᠷ ᠪᠢᠯᠧᠲ ᠤᠨ ᠲᠦᠷᠢᠮ︾ ᠢ  ᠪᠦᠬᠦ ᠲᠠᠯ᠎ᠠ ᠪᠠᠷ ᠬᠡᠷᠡᠭᠵᠢᠬᠦᠯᠦᠨ᠂ ᠱᠠᠳᠣ ᠬᠤᠪᠢᠶᠠᠨ ᠤᠨᠣᠰᠢᠯᠠᠨ ᠡᠮᠴᠢᠯᠡᠬᠦ ᠲᠦᠷᠢᠮ ᠤᠨ ᠪᠠᠶᠢᠭᠤᠯᠤᠯᠲᠠ ᠰᠢᠪᠳᠣᠯᠣᠯᠳᠠ ᠶᠢᠨ ᠴᠢᠨᠠᠷᠲᠠᠢ ᠠᠬᠢᠯᠳᠠ ᠲᠠᠢ ᠪᠣᠯᠵᠠᠢ︔ ᠬᠤᠳᠠ ᠶᠢᠨ ᠬᠠᠯᠳᠠᠪᠣᠷᠢᠳᠣ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠤᠳᠠ ᠶᠢᠨ ᠮᠣᠩᠭᠤᠯ ᠬᠢᠳᠠᠳ ᠡᠮᠨᠡᠯᠭᠡ ᠶᠢᠨ ᠬᠤᠷᠢᠶ᠎ᠠ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠵᠤ᠂ ᠬᠤᠳᠠ ᠶᠢᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠨ ᠲᠡᠭᠡᠭᠰᠢᠯᠡᠬᠦᠯᠬᠦ ᠢᠨᠵᠧᠨᠧᠷᠢᠩ ᠢ ᠱᠠᠯᠠᠪᠳᠠᠨ ᠠᠬᠢᠭᠤᠯᠵᠣ᠂ ᠬᠤᠳᠠ ᠶᠢᠨ ᠴᠢᠰᠣᠨ ᠤ ᠭᠤᠣᠯ ᠦᠷᠳᠡᠭᠡ ᠶᠢᠨ ᠭᠤᠣᠯ ᠴᠣᠭᠴᠠ ᠶᠢ ᠪᠠᠶᠢᠭᠤᠯᠤᠨ ᠲᠠᠭᠤᠰᠬᠠᠪᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠭᠳᠠᠯᠴᠠᠭ᠎ᠠ ᠶᠢ ᠲᠡᠭᠦᠯᠳᠡᠷᠵᠢᠬᠦᠯᠵᠦ᠂ ᠬᠤᠳᠠ ᠰᠢᠶᠠᠨ ᠬᠤᠶᠠᠷ ᠱᠠᠳᠣᠨ ᠤ ᠰᠣᠶᠣᠯ ᠤᠨ ᠲᠠᠯᠠᠪᠠᠢ ᠤᠷᠳᠣᠨ ᠪᠦᠬᠦᠨ ᠢᠶᠠᠷ ᠢᠶᠠᠨ ᠲᠦᠯᠦᠪᠦᠷᠢ ᠦᠭᠡᠢ ᠴᠢᠯᠦᠭᠡᠳᠡᠢ ᠨᠡᠭᠡᠭᠡᠵᠦ᠂ ᠪᠦᠬᠦ ᠬᠤᠳᠠ ᠶᠢᠨ ᠠᠩᠬᠠᠳᠠᠭᠴᠢ 24 ᠴᠠᠭ ᠢᠶᠠᠷ ᠨᠡᠭᠡᠭᠡᠳᠡᠭ ᠨᠣᠮ ᠤᠨ ᠰᠠᠩ ᠠᠰᠢᠭᠯᠠᠯᠳᠠ ᠳᠤ ᠤᠷᠣᠪᠠ︔ ᠤᠯᠠᠭᠠᠨᠬᠠᠳᠠ ᠶᠢᠨ ᠰᠣᠶᠣᠯ ᠤᠨ ᠪᠠᠭᠤᠷᠢ᠂ ᠯᠢᠶᠣᠣ ᠤᠯᠣᠰ ᠤᠨ ᠲᠡᠭᠡᠳᠦ ᠨᠡᠶᠢᠰᠯᠡᠯ ᠪᠣᠯᠣᠨ ᠬᠢᠳᠠᠨ ᠤ ᠲᠡᠭᠡᠳᠦᠰ ᠤᠨ ᠤᠩᠭᠤᠨ ᠤ ᠦᠯᠡᠳᠡᠭᠳᠡᠯ ᠢ ᠰᠣᠶᠣᠯ ᠤᠨ ᠦᠪ ᠢᠶᠠᠷ ᠡᠷᠡᠮᠡᠯᠵᠡᠬᠦ ᠠᠵᠢᠯ ᠤᠨ ᠠᠬᠢᠴᠠ ᠲᠦᠷᠭᠡᠳᠴᠦ᠂ ᠲᠣᠮᠳᠠᠳᠣ ᠤᠯᠣᠰ ᠤᠨ ᠬᠢᠳᠠᠨ ᠤ ᠯᠢᠶᠣᠣ ᠤᠯᠣᠰ ᠤᠨ ᠮᠦᠽᠧᠢ᠂ ᠤᠯᠠᠭᠠᠨᠬᠠᠳᠠ ᠰᠣᠶᠣᠯ ᠤᠨ ᠮᠦᠽᠧᠢ ᠶᠢᠨ ᠭᠤᠣᠯ ᠴᠣᠭᠴᠠ ᠶᠢᠨ ᠪᠠᠷᠢᠯᠭ᠎ᠠ ᠲᠠᠭᠤᠰᠴᠦ᠂ ᠡᠯ ᠳ᠋ᠣᠣ ᠵᠢᠩ ᠽᠢ ᠶᠢᠨ ᠪᠠᠭᠤᠷᠢ ᠶᠢᠨ ᠮᠦᠽᠧᠢ ᠵᠢᠩᠬᠢᠨᠢ ᠪᠠᠷ ᠡᠷᠦᠬᠡ ᠪᠠᠨ ᠰᠡᠭᠦᠪᠡ᠃  ᠪᠡᠶ᠎ᠠ ᠶᠢᠨ ᠲᠠᠮᠢᠷ ᠤᠨ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠡᠯ᠎ᠠ ᠲᠦᠷᠦᠯ ᠤᠨ ᠪᠡᠶ᠎ᠠ ᠶᠢᠨ ᠲᠠᠮᠢᠷ ᠤᠨ ᠤᠷᠣᠯᠳᠣᠭᠠᠨ ᠤ ᠬᠦᠳᠡᠯᠭᠡᠭᠡᠨ ᠢ 500 ᠢᠯᠡᠭᠦᠦ ᠲᠠᠯᠠᠪᠠᠢ ᠡᠷᠬᠢᠯᠡᠵᠡᠢ︔ ᠬᠤᠳᠠ ᠰᠢᠶᠠᠨ ᠬᠤᠶᠠᠷ ᠱᠠᠳᠣᠨ ᠤ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠲᠦᠪ ᠢ ᠪᠦᠬᠦᠨ ᠢ ᠪᠠᠶᠢᠭᠤᠯᠤᠨ ᠪᠦᠳᠦᠭᠡᠵᠦ᠂ ᠰᠣᠮᠣ ᠰᠢᠶᠠᠩ ᠪᠠᠯᠭᠠᠰᠣᠨ ᠳᠤ ᠪᠡᠶ᠎ᠠ ᠴᠢᠬᠢᠷᠠᠭᠵᠢᠭᠤᠯᠬᠤ ᠲᠠᠯᠠᠪᠣᠷ ᠦᠨᠳᠦᠰᠦᠨ ᠳᠤ ᠪᠠᠨ ᠨᠡᠶᠢᠳᠡᠮ ᠪᠦᠷᠬᠦᠪᠡ᠃            ︵ᠶᠢᠰᠦ︶ ᠠᠷᠠᠳ ᠤᠨ ᠠᠮᠢᠳᠣᠷᠠᠯ ᠤᠨ ᠪᠠᠳᠣᠯᠠᠭ᠎ᠠ ᠶᠢ ᠦᠷᠬᠦᠯᠵᠢᠯᠡᠨ ᠴᠢᠩᠭᠠᠳᠬᠠᠪᠠ᠃ ᠠᠷᠠᠳ ᠲᠤ ᠠᠰᠢᠭᠳᠠᠢ ᠡᠯ᠎ᠠ ᠵᠦᠢᠯ ᠤᠨ ᠲᠦᠷᠦ ᠶᠢᠨ ᠪᠣᠳᠣᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠤᠨ᠂ ᠠᠷᠠᠳ ᠤᠨ ᠠᠮᠢᠳᠣᠷᠠᠯ ᠤᠨ ᠡᠯ᠎ᠠ ᠲᠦᠷᠦᠯ ᠤᠨ ᠤᠷᠣᠭᠤᠯᠣᠯᠳᠠ ᠶᠢ ᠦᠷᠬᠦᠯᠵᠢᠯᠡᠨ ᠨᠡᠮᠡᠭᠳᠡᠭᠦᠯᠵᠦ᠂ ᠪᠦᠬᠦ ᠬᠤᠳᠠ ᠶᠢᠨ ᠠᠷᠠᠳ ᠤᠨ ᠠᠮᠢᠳᠣᠷᠠᠯ ᠤᠨ ᠵᠠᠷᠣᠯᠭ᠎ᠠ 402.5 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠲᠡ ᠶᠢᠨ ᠡᠳ᠋ ᠤᠨ ᠵᠠᠰᠠᠭ ᠤᠨ ᠵᠠᠷᠣᠯᠭ᠎ᠠ ᠶᠢᠨ 78.9% ᠶᠢ ᠡᠵᠡᠯᠡᠵᠡᠢ᠃ ᠠᠵᠢᠯ ᠤᠯᠭᠤᠯᠳᠠ ᠶᠢᠨ ᠪᠠᠶᠢᠳᠠᠯ ᠦᠨᠳᠦᠰᠦᠨ ᠳᠤ ᠪᠠᠨ ᠲᠣᠭᠳᠠᠭᠤᠨ ᠪᠠᠶᠢᠬᠤ ᠶᠢ ᠪᠠᠷᠢᠮᠳᠠᠯᠠᠵᠣ᠂ ᠬᠤᠳᠠ ᠪᠠᠯᠭᠠᠰᠣᠨ ᠤ ᠠᠵᠢᠯ ᠤᠯᠣᠭᠰᠠᠳ 2.8 ᠲᠦᠮᠡᠨ ᠬᠦᠮᠦᠨ ᠨᠡᠮᠡᠭᠳᠡᠵᠦ᠂ 69.3 ᠲᠦᠮᠡᠨ ᠮᠠᠯᠴᠢᠨ ᠲᠠᠷᠢᠶᠠᠴᠢᠨ ᠰᠢᠯᠵᠢᠨ ᠠᠵᠢᠯ ᠤᠯᠵᠠᠢ︔ ᠵᠠᠰᠠᠭ ᠤᠨ ᠤᠷᠳᠣᠨ ᠤ ᠠᠵᠢᠯ ᠤᠯᠭᠤᠯᠳᠠ ᠶᠢ ᠠᠬᠢᠭᠤᠯᠬᠤ ᠡᠭᠦᠷᠭᠡ ᠴᠢᠳᠠᠪᠣᠷᠢ ᠪᠣᠯᠣᠨ ᠠᠨ ᠺᠣᠧᠠᠢ ᠦᠢᠯᠡᠰ ᠪᠣᠰᠬᠠᠯᠳᠠ ᠶᠢᠨ ᠰᠠᠭᠤᠷᠢᠨ ᠭᠠᠵᠠᠷ᠂ ᠡᠯ᠎ᠠ ᠲᠦᠷᠦᠯ ᠤᠨ ︽ᠬᠤᠣᠰ ᠤᠯᠠᠨ︾ ᠤ ᠲᠠᠪᠴᠠᠩ ᠤᠨ ᠲᠠᠭᠠᠭᠤᠯᠬᠤ ᠦᠢᠯᠡᠳᠦᠯ ᠢ ᠢᠳᠡᠪᠬᠢᠳᠡᠢ ᠪᠠᠳᠠᠷᠠᠭᠤᠯᠵᠣ᠂ ᠴᠡᠷᠢᠭ ᠠᠴᠠ ᠬᠠᠯᠠᠭᠳᠠᠭᠰᠠᠳ᠂ ᠤᠶᠣᠳᠠᠨ᠂ ᠮᠠᠯᠴᠢᠨ ᠲᠠᠷᠢᠶᠠᠴᠢᠨ ᠪᠣᠯᠣᠨ ᠬᠦᠴᠢᠷᠳᠡᠯᠳᠡᠢ ᠤᠯᠠᠨ ᠲᠦᠮᠡᠨ ᠤ ᠠᠵᠢᠯ ᠤᠯᠭᠤᠯᠳᠠ᠂ ᠲᠠᠬᠢᠨ ᠠᠵᠢᠯ ᠤᠯᠭᠤᠯᠳᠠ ᠶᠢᠨ ᠠᠵᠢᠯ ᠢ ᠬᠦᠴᠦᠯᠡᠨ ᠰᠠᠶᠢᠨ ᠬᠢᠵᠡᠢ︔ ᠠᠵᠢᠯ ᠦᠭᠡᠢ ᠭᠡᠷ ᠪᠦᠯᠢ ᠶᠢᠨ ᠬᠢᠨ ᠳᠤ ᠬᠦᠳᠡᠯᠦᠩᠭᠦᠢ ᠪᠠᠷ ᠪᠦᠬᠦᠨ ᠢ ᠠᠵᠢᠯ ᠤᠯᠭᠤᠨ᠂ ᠬᠤᠳᠠ ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠶᠢᠨ ᠲᠣᠳᠣᠷ᠎ᠠ ᠬᠢᠵᠠᠭᠠᠷᠯᠠᠪᠠ᠃ ᠨᠡᠶᠢᠭᠡᠮ ᠤᠨ ᠪᠠᠳᠣᠯᠠᠭ᠎ᠠ ᠶᠢᠨ ᠬᠢᠷᠢ ᠲᠦᠪᠰᠢᠨ ᠲᠣᠭᠳᠠᠭᠤᠨ ᠢᠶᠠᠷ ᠲᠡᠭᠡᠭᠰᠢᠯᠡᠵᠦ᠂ ᠬᠠᠷᠠᠭᠠᠯᠵᠠᠨ ᠲᠣᠬᠢᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠠᠢ︔ ᠬᠤᠳᠠ ᠪᠠᠯᠭᠠᠰᠣᠨ ᠤ ᠲᠣᠣᠷ᠎ᠠ ᠪᠠᠳᠣᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ ᠬᠦᠮᠦᠨ ᠪᠦᠷᠢ ᠶᠢᠨ 635 ᠲᠦᠭᠦᠷᠢᠭ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠤᠷᠣᠨ ᠤ ᠲᠣᠣᠷ᠎ᠠ ᠪᠠᠳᠣᠯᠠᠭ᠎ᠠ ᠶᠢᠨ ᠪᠠᠷᠢᠮᠵᠢᠶ᠎ᠠ ᠶᠢ ᠵᠢᠯ ᠳᠤ ᠬᠦᠮᠦᠨ ᠪᠦᠷᠢ ᠶᠢᠨ 4455 ᠲᠦᠭᠦᠷᠢᠭ ᠬᠦᠷᠳᠡᠯ᠎ᠠ ᠨᠡᠮᠡᠭᠳᠡᠭᠦᠯᠵᠡᠢ︔ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠣᠳᠠᠨ ᠢ ᠠᠰᠠᠷᠠᠬᠤ ᠲᠠᠭᠠᠳᠬᠠᠯ ᠤᠨ ᠦᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠣᠨ᠂ ᠡᠯ᠎ᠠ ᠲᠦᠷᠦᠯ ᠤᠨ ᠨᠡᠶᠢᠭᠡᠮ ᠤᠨ ᠲᠠᠭᠠᠳᠬᠠᠯ ᠤᠨ ᠬᠠᠮᠣᠷᠬᠤ ᠬᠡᠪᠴᠢᠶ᠎ᠠ ᠶᠢ ᠦᠷᠬᠦᠯᠵᠢᠯᠡᠨ ᠦᠷᠭᠡᠳᠭᠡᠵᠡᠢ︔ ᠨᠡᠶᠢᠭᠡᠮ ᠤᠨ ᠠᠪᠣᠷᠠᠨ ᠲᠣᠰᠠᠯᠠᠯᠳᠠ ᠬᠢᠭᠡᠳ ᠶᠠᠳᠠᠭᠤ ᠶᠢ ᠲᠡᠳᠭᠦᠬᠦ ᠬᠤᠶᠠᠷ ᠵᠦᠢᠯ ᠤᠨ ᠲᠦᠷᠢᠮ ᠤᠨ ᠵᠣᠯᠭᠤᠯᠳᠣᠯ ᠢ ᠡᠷᠴᠢᠮᠵᠢᠬᠦᠯᠵᠦ᠂ ᠪᠦᠬᠦ ᠬᠤᠳᠠ ᠶᠢᠨ ᠲᠠᠩᠰᠠᠯᠠᠭᠤᠯᠣᠨ ᠺᠠᠷᠲᠯᠠᠭᠰᠠᠨ ᠶᠠᠳᠠᠭᠤ ᠬᠦᠴᠢᠷᠳᠡᠢ ᠬᠦᠮᠦᠨ ᠠᠮᠨ ᠶᠢ ᠪᠦᠬᠦᠨ ᠢ ᠡᠮᠨᠡᠯᠭᠡ ᠶᠢᠨ ᠲᠠᠭᠠᠳᠬᠠᠯ ᠤᠨ ᠬᠡᠪᠴᠢᠶᠡᠨ ᠳᠤ ᠤᠷᠣᠭᠤᠯᠵᠠᠢ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠦᠷ᠎ᠠ ᠪᠦᠳᠦᠮᠵᠢ ᠮᠡᠳᠡᠭᠳᠡᠮ᠎ᠠ ᠪᠣᠯᠵᠠᠢ᠂ ︽ᠬᠤᠶᠠᠷ ᠵᠦᠢᠯ ᠳᠤ ᠵᠣᠪᠠᠨᠢᠬᠤ ᠦᠭᠡᠢ᠂ ᠭᠤᠷᠪᠠᠨ ᠵᠦᠢᠯ ᠢ ᠪᠠᠳᠣᠯᠠᠬᠤ︾ ᠪᠠᠷᠢᠮᠵᠢᠶ᠎ᠠ ᠶᠣᠰᠣᠭᠠᠷ᠂ ᠭᠤᠣᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠳᠤ ᠴᠢᠭᠯᠡᠭᠦᠯᠦᠨ᠂ ᠶᠠᠳᠠᠭᠤ ᠶᠢ ᠲᠡᠳᠭᠦᠬᠦ ᠡᠯ᠎ᠠ ᠵᠦᠢᠯ ᠤᠨ ᠪᠡᠯᠡ ᠮᠦᠩᠭᠦ 96.8 ᠳ᠋ᠦᠩᠰᠢᠭᠤᠷ ᠲᠦᠭᠦᠷᠢᠭ ᠤᠷᠣᠭᠤᠯᠵᠣ᠂ 8.14 ᠲᠦᠮᠡᠨ ᠶᠠᠳᠠᠭᠤ ᠬᠦᠴᠢᠷᠳᠡᠢ ᠬᠦᠮᠦᠨ ᠠᠮᠨ ᠶᠢ ᠶᠠᠳᠠᠭᠤ ᠠᠴᠠ ᠠᠩᠭᠢᠵᠢᠷᠠᠭᠤᠯᠣᠨ᠂ ᠶᠠᠳᠠᠭᠤ ᠬᠦᠴᠢᠷᠳᠡᠯ ᠤᠨ ᠡᠭᠦᠰᠦᠯᠳᠡ ᠶᠢᠨ ᠨᠣᠷᠮ᠎ᠠ ᠶᠢ 1.48% ᠬᠦᠷᠳᠡᠯ᠎ᠠ ᠪᠠᠭᠤᠷᠠᠭᠤᠯᠵᠠᠢ ︔ ᠯᠢᠨᠰᠢ ᠰᠢᠶᠠᠨ ᠪᠦᠬᠦ ᠤᠷᠣᠨ ᠳᠤ ᠬᠠᠮᠤᠭ ᠠᠴᠠ ᠡᠮᠦᠨ᠎ᠠ ᠤᠯᠣᠰ ᠤᠨ ᠶᠠᠳᠠᠭᠤ ᠰᠢᠶᠠᠨ ᠤ ᠡᠩᠨᠡᠯ ᠠᠴᠠ ᠭᠠᠷᠣᠭᠰᠠᠨ ᠮᠦᠷᠳᠡᠭᠡᠨ ᠪᠦᠬᠦ ᠤᠯᠣᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠵᠣᠬᠢᠶᠠᠨ ᠪᠠᠶᠢᠭᠤᠯᠵᠤ ᠰᠢᠨ᠎ᠠ ᠶᠢ ᠡᠭᠦᠳᠦᠭᠰᠡᠨ ᠱᠠᠩᠨᠠᠯ ᠢᠶᠠᠷ ᠮᠢᠯᠢᠶᠠᠯᠭᠠᠨ᠂ ᠪᠠᠭᠠᠷᠢᠨ ᠪᠠᠷᠠᠭᠤᠨ ᠬᠤᠰᠢᠭᠤ᠂ ᠬᠠᠷᠠᠴᠢᠨ ᠬᠤᠰᠢᠭᠤ᠂ ᠬᠡᠰᠢᠭᠳᠡᠨ ᠬᠤᠰᠢᠭᠤ᠂ ᠨᠢᠩᠴᠧᠩ ᠰᠢᠶᠠᠨ᠂ ᠰᠦᠩᠱᠠᠨ ᠲᠣᠭᠤᠷᠢᠭ 5 ᠬᠤᠰᠢᠭᠤ ᠰᠢᠶᠠᠨ ᠲᠣᠭᠤᠷᠢᠭ ᠦᠪᠡᠷᠳᠡᠭᠡᠨ ᠵᠠᠰᠠᠬᠤ ᠤᠷᠣᠨ ᠤ ᠶᠠᠳᠠᠭᠤ ᠠᠴᠠ ᠠᠩᠭᠢᠵᠢᠷᠠᠭᠰᠠᠨ ᠢ ᠦᠨᠡᠯᠡᠨ ᠰᠢᠯᠭᠠᠬᠤ ᠭᠤᠷᠪᠠᠳᠠᠭᠴᠢ ᠲᠠᠯ᠎ᠠ ᠶᠢᠨ ᠬᠢᠨ ᠤ ᠦᠨᠡᠯᠡᠨ ᠰᠢᠯᠭᠠᠯᠳᠠ ᠶᠢ ᠬᠦᠯᠢᠶᠡᠨ ᠠᠪᠴᠠᠢ᠃ ᠴᠢᠬᠤᠯᠨ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠪᠣᠳᠠᠳᠣ ᠠᠵᠢᠯᠯᠠᠭ᠎ᠠ ᠪᠠᠷ ᠠᠬᠢᠭᠤᠯᠣᠨ᠂ ᠨᠡᠶᠢᠲᠡ 291 ᠳ᠋ᠦᠩᠰᠢᠭᠤᠷ ᠲᠦᠭᠦᠷᠢᠭ ᠤᠨ ᠵᠠᠰᠠᠭ ᠤᠨ ᠤᠷᠳᠣᠨ ᠤ ᠦᠭᠴᠡᠭᠡ ᠶᠢ ᠠᠷᠢᠯᠭᠠᠵᠣ᠂ ︽ᠠᠷᠪᠠ ᠶᠢ ᠪᠦᠷᠬᠦᠬᠦᠯᠬᠦ︾ ᠠᠷᠪᠠᠨ ᠵᠦᠢᠯ ᠤᠨ ᠲᠣᠳᠣᠭᠠᠳᠣ ᠦᠷᠢᠳᠦᠯ ᠤᠨ ᠪᠠᠷᠢᠯᠭ᠎ᠠ ᠶᠢᠨ ᠰᠦᠢᠳᠭᠡᠯ ᠢ ᠪᠦᠬᠦᠨ ᠢ ᠠᠷᠢᠯᠭᠠᠵᠠᠢ︔ ᠬᠠᠦᠯᠢ ᠪᠣᠰᠣ ᠪᠠᠷ ᠪᠡᠯᠨ ᠴᠣᠭᠯᠠᠭᠤᠯᠣᠭᠰᠠᠨ ᠂ ᠦᠨᠳᠦᠷ ᠬᠦᠦ ᠲᠠᠢ ᠵᠢᠭᠡᠯᠡᠯᠭᠡ᠂ ᠢᠨᠲ᠋ᠧᠷ ᠰᠦᠯᠵᠢᠶ᠎ᠠ ᠶᠢᠨ ᠮᠦᠩᠭᠦᠨ ᠭᠦᠢᠯᠭᠡᠭᠡᠨ ᠤ ᠲᠦᠭᠰᠢᠭᠦᠷᠢ ᠶᠢᠨ 80 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 3.5 ᠳ᠋ᠦᠩᠰᠢᠭᠤᠷ ᠲᠦᠭᠦᠷᠢᠭ ᠲᠤ ᠬᠦᠷᠴᠡᠢ᠃ ᠬᠤᠳᠠᠯᠳᠣᠭᠠᠨ ᠤ ᠡᠵᠡᠩᠨᠡᠯᠳᠡ ᠶᠢᠨ ᠤᠷᠴᠢᠨ ᠲᠣᠭᠤᠷᠢᠨ ᠢ ᠦᠷᠬᠦᠯᠵᠢᠯᠡᠨ ᠰᠠᠶᠢᠵᠢᠷᠠᠭᠤᠯᠵᠤ᠂ ᠠᠵᠦ ᠠᠬᠤᠶᠢᠯᠠᠯ ᠳᠤ ᠬᠤᠯᠪᠣᠭᠳᠠᠭᠰᠠᠨ 32 ᠲᠦᠷᠦᠯ ᠤᠨ ᠭᠡᠷᠡᠴᠢ ᠦᠨᠡᠮᠯᠡᠯ ᠤᠨ ᠵᠦᠢᠯ ᠢ ︽ᠭᠤᠷᠪᠠᠨ ᠦᠨᠡᠮᠯᠡᠯ ᠢ ᠨᠢᠭᠡ ᠦᠨᠡᠮᠯᠡᠯ ᠪᠣᠯᠭᠠᠬᠤ︾ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠵᠦᠪᠰᠢᠶᠡᠷᠡᠯ ᠤᠯᠬᠤ ᠳᠤ ︽ᠭᠠᠭᠴᠠᠬᠠᠨ ᠤᠳᠠᠭ᠎ᠠ ᠳᠤ ᠭᠦᠢᠴᠡᠳᠭᠡᠬᠦ︾ ᠬᠡᠷᠡᠭ ᠶᠠᠪᠣᠳᠠᠯ 81% ᠳᠤ ᠬᠦᠷᠴᠡᠢ︔  ᠪᠦᠳᠦᠴᠡ ᠶᠢᠨ ᠴᠢᠨᠠᠷᠲᠠᠢ ᠭᠠᠶᠢᠯᠢ ᠪᠠᠭᠠᠰᠬᠠᠨ ᠰᠦᠢᠳᠭᠡᠯ ᠪᠠᠭᠤᠷᠠᠭᠤᠯᠬᠤ ᠤᠯᠣᠰ ᠤᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠣ ᠠᠬᠤᠶᠢᠯᠠᠯ ᠳᠤ ᠨᠡᠶᠢᠲᠡ 36.12 ᠳ᠋ᠦᠩᠰᠢᠭᠤᠷ ᠲᠦᠭᠦᠷᠢᠭ ᠤᠨ ᠭᠠᠶᠢᠯᠢ ᠰᠦᠢᠳᠭᠡᠯ ᠢ ᠪᠠᠭᠤᠷᠠᠭᠤᠯᠬᠤ ᠪᠠ ᠦᠭᠡᠶᠢᠰᠬᠡᠵᠦ ᠦᠭᠴᠡᠢ᠃ ᠠᠶᠣᠯᠭᠦᠢ ᠦᠢᠯᠡᠳᠪᠦᠷᠢᠯᠡᠯ ᠤᠨ“1+8”ᠲᠦᠷᠢᠮ ᠤᠨ ᠲᠣᠭᠳᠠᠯᠴᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠣᠰ ᠤᠨ ᠢᠳᠡᠭᠡᠨ ᠤ ᠵᠦᠢᠯ ᠤᠨ ᠠᠶᠣᠯᠭᠦᠢ ᠶᠢᠨ ᠵᠢᠱᠢᠶ᠎ᠠ ᠦᠵᠡᠬᠦᠯᠬᠦ ᠬᠤᠳᠠ ᠶᠢ ᠴᠣᠭᠴᠠᠯᠠᠨ ᠪᠠᠶᠢᠭᠤᠯᠬᠤ ᠠᠵᠢᠯ ᠢ ᠲᠡᠰ ᠲᠠᠷᠠᠭᠠᠯᠠᠯ ᠲᠠᠢ ᠠᠬᠢᠭᠤᠯᠣᠨ᠂ ᠬᠠᠦᠯᠢ ᠪᠠᠷ ᠵᠠᠰᠠᠭᠰᠠᠨ ᠤᠯᠠᠭᠠᠨᠬᠠᠳᠠ ᠶᠢᠨ ᠪᠦᠳᠦᠭᠡᠨ ᠪᠠᠶᠢᠭᠤᠯᠤᠯᠲᠠ ᠪᠣᠯᠣᠨ ᠨᠡᠶᠢᠭᠡᠮ ᠤᠨ ᠵᠠᠰᠠᠯᠳᠠ ᠶᠢᠨ ᠬᠢᠷᠢ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠬᠦᠯᠵᠡᠢ᠃            ᠤᠷᠣᠰᠢᠵᠣ ᠪᠠᠶᠢᠭ᠎ᠠ ᠭᠤᠣᠯ ᠬᠦᠴᠢᠷᠳᠡᠯ ᠪᠣᠯᠣᠨ ᠠᠰᠠᠭᠤᠳᠠᠯ᠄ ᠤᠳᠣᠬᠢ ᠪᠠᠶᠢᠳᠠᠯ ᠠᠴᠠ ᠦᠵᠡᠪᠡᠯ᠂ ᠤᠯᠠᠨ ᠲᠠᠯ᠎ᠠ ᠶᠢᠨ ᠡᠯᠧᠮᠧᠨ᠋ᠲ ᠤᠨ ᠨᠦᠯᠦᠭᠡᠯᠡᠯ ᠢᠶᠠᠷ᠂ ᠮᠠᠨ ᠤ ᠬᠤᠳᠠ ᠶᠢᠨ ᠠᠵᠦ ᠠᠬᠤᠢ ᠮᠦᠨ ᠯᠡ ᠵᠣᠬᠢᠬᠤ ᠬᠡᠮᠵᠢᠶᠡᠨ ᠤ ᠪᠠᠭᠤᠷᠠᠯᠳᠠ ᠶᠢᠨ ᠲᠠᠷᠣᠯᠳᠠ ᠳᠤ ᠲᠣᠯᠭᠠᠷᠠᠵᠣ ᠪᠠᠶᠢᠨ᠎ᠠ᠃ ᠨᠢᠭᠡ ᠳᠤ᠂ ᠬᠡᠰᠡᠭ ᠠᠵᠦ ᠦᠢᠯᠡᠳᠪᠦᠷᠢ ᠶᠢᠨ ᠠᠵᠣ ᠠᠬᠤᠶᠢᠯᠠᠯ ᠤᠨ ᠡᠷᠭᠢᠯᠳᠡ ᠨᠢ ᠮᠦᠨ ᠯᠨ ᠬᠦᠴᠢᠷᠳᠡᠢ ᠪᠠᠶᠢᠭᠰᠠᠭᠠᠷ᠃ 1 — 11 ᠰᠠᠷ᠎ᠠ ᠪᠣᠯᠳᠠᠯᠠᠬᠢ ᠪᠦᠬᠦ ᠬᠤᠳᠠ ᠶᠢᠨ ᠬᠡᠪᠴᠢᠶ᠎ᠠ ᠠᠴᠠ ᠲᠡᠭᠡᠭᠰᠢᠬᠢ ᠠᠵᠦ ᠦᠢᠯᠡᠳᠪᠦᠷᠢ ᠶᠢᠨ ᠦᠢᠯᠡᠳᠪᠦᠷᠢᠯᠡᠯ ᠢᠶᠠᠨ ᠵᠣᠭᠰᠣᠭᠰᠠᠨ ᠠᠵᠦ ᠠᠬᠤᠶᠢᠯᠠᠯ 32 ᠡᠷᠦᠬᠡ ᠪᠠᠶᠢᠵᠤ᠂ ᠬᠡᠪᠴᠢᠶ᠎ᠠ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ 8.9% ᠶᠢ ᠡᠵᠡᠯᠡᠵᠦ ᠪᠠᠶᠢᠨ᠎ᠠ᠃ ᠬᠤᠶᠠᠷ ᠲᠤ᠂ ᠨᠡᠶᠢᠭᠡᠮ ᠤᠨ ᠬᠡᠷᠡᠭᠯᠡᠭᠡ ᠶᠢᠨ  ᠬᠦᠳᠡᠯᠭᠡᠬᠦ ᠬᠦᠴᠦᠨ ᠮᠦᠨ ᠯᠨ ᠬᠦᠷᠦᠯᠴᠡᠬᠦ ᠦᠭᠡᠢ ᠪᠠᠶᠢᠭᠰᠠᠭᠠᠷ᠃ ᠵᠢᠱᠢᠭᠰᠡᠨ ᠢᠶᠠᠷ ᠪᠦᠬᠦ ᠬᠤᠳᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠣᠯᠨ ᠪᠠᠷ ᠬᠤᠳᠠᠯᠳᠣᠭᠰᠠᠨ ᠶᠡᠷᠦᠩᠭᠡᠢ ᠲᠤᠭ᠎ᠠ 7.5% ᠤᠷᠴᠢᠮ ᠨᠡᠮᠡᠭᠳᠡᠵᠦ᠂ 2017 ᠣᠨ ᠤ ᠬᠢ ᠠᠴᠠ 0.8 ᠵᠠᠭᠤᠨ ᠤ ᠬᠤᠪᠢ ᠲᠣᠣᠷ᠎ᠠ᠃            ᠶᠡᠷᠦᠩᠭᠡᠢ ᠳᠤ ᠨᠢ ᠠᠪᠴᠦ ᠦᠵᠡᠪᠡᠯ᠂ ᠮᠠᠨ ᠤ ᠬᠤᠳᠠ ᠶᠢᠨ ᠠᠵᠦ ᠠᠬᠤᠢ ᠶᠢᠨ ᠶᠡᠷᠦᠩᠬᠡᠶᠢᠯᠡᠭᠰᠡᠨ ᠪᠣᠳᠠᠳᠣ ᠬᠦᠴᠦᠨ ᠬᠦᠴᠦᠷᠬᠡᠭ ᠪᠢᠰᠢ᠂ ᠠᠵᠦ ᠦᠢᠯᠡᠰ ᠤᠨ ᠪᠦᠳᠦᠴᠡ ᠪᠦᠷᠢᠮᠦᠰᠦᠨ ᠵᠣᠬᠢᠰᠳᠠᠢ ᠪᠢᠰᠢ︔ ᠡᠬᠢ  ᠪᠠᠶᠠᠯᠢᠭ ᠤᠨ ᠮᠠᠶ᠋ᠢᠭᠳᠠᠢ ᠠᠵᠦ ᠦᠢᠯᠡᠰ ᠤᠨ ᠡᠵᠡᠯᠡᠬᠦ ᠬᠠᠷᠢᠴᠠᠯ ᠨᠢ ᠨᠡᠯᠢᠶᠡᠳ ᠶᠡᠭᠡ᠂ ᠲᠦᠭᠰᠢᠬᠦᠷᠢ ᠶᠢ ᠡᠰᠡᠷᠬᠦᠴᠡᠬᠦ ᠴᠢᠳᠠᠪᠣᠷᠢ ᠴᠢᠩᠭ᠎ᠠ ᠪᠢᠰᠢ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠠ ᠪᠠᠷ ᠦᠷᠨᠢᠭᠰᠡᠨ ᠠᠵᠦ ᠦᠢᠯᠡᠰ᠂ ᠡᠬᠢ ᠪᠠᠶᠠᠯᠢᠭ ᠤᠨ ᠪᠣᠰᠣ ᠮᠠᠶ᠋ᠢᠭᠳᠠᠢ ᠠᠵᠦ ᠦᠢᠯᠡᠰ ᠤᠨ ᠡᠵᠡᠯᠡᠬᠦ ᠬᠠᠷᠢᠴᠠᠯ ᠨᠡᠯᠢᠶᠡᠳ ᠲᠣᠣᠷ᠎ᠠ᠂ ᠬᠤᠪᠢ ᠨᠡᠮᠡᠷᠢ ᠶᠢᠨ ᠨᠣᠷᠮ᠎ᠠ ᠨᠢ ᠦᠨᠳᠦᠷ ᠪᠢᠰᠢ᠂ ᠤᠳᠣ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠬᠤᠵᠢᠭᠳᠠᠵᠦ ᠪᠠᠶᠢᠨ᠎ᠠ᠃ ᠬᠤᠳᠠ ᠬᠦᠳᠡᠭᠡ ᠶᠢᠨ ᠤᠷᠣᠨ ᠬᠡᠴᠡ ᠶᠢᠨ ᠬᠦᠭᠵᠢᠯᠳᠡ ᠲᠡᠩᠴᠡᠭᠦᠷᠢ ᠦᠭᠡᠢ᠂ ᠬᠤᠳᠠ  ᠪᠠᠯᠭᠠᠰᠣᠴᠢᠯᠠᠭᠰᠠᠨ ᠬᠡᠮᠵᠢᠶ᠎ᠠ ᠲᠣᠣᠷ᠎ᠠ ᠰᠢᠭ᠋᠃ ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠦᠷᠢᠳᠦᠯ ᠨᠡᠯᠢᠶᠡᠳ ᠠᠷᠪᠢᠨ᠂ ᠠᠮᠢ ᠠᠬᠤᠢ ᠶᠢᠨ ᠤᠷᠴᠢᠨ ᠲᠣᠭᠤᠷᠢᠨ ᠤ ᠪᠣᠭᠤᠮᠢ ᠬᠢᠵᠠᠭᠠᠷᠯᠠᠯ ᠦᠷᠬᠦᠯᠵᠢᠯᠡᠨ ᠨᠡᠮᠡᠭᠳᠡᠵᠦ ᠪᠠᠶᠢᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠣᠯᠭ᠎ᠠ ᠶᠢᠨ ᠬᠢᠷᠢ ᠲᠦᠪᠰᠢᠨ ᠮᠦᠨ ᠯᠨ ᠨᠡᠯᠢᠶᠡᠳ ᠲᠣᠣᠷ᠎ᠠ ᠪᠠᠶᠢᠭᠰᠠᠭᠠᠷ᠂ ᠠᠷᠠᠳ ᠤᠨ ᠠᠮᠢᠳᠣᠷᠠᠯ ᠤᠨ ᠪᠠᠳᠣᠯᠠᠭ᠎ᠠ ᠪᠣᠯᠣᠨ ᠰᠠᠶᠢᠵᠢᠷᠠᠭᠤᠯᠤᠯᠲᠠ ᠶᠢᠨ ᠡᠭᠦᠷᠭᠡ ᠬᠦᠨᠳᠦ ᠨᠦᠰᠡᠷ᠃ ᠡᠳᠡᠭᠡᠷ ᠬᠦᠴᠢᠷᠳᠡᠯ ᠪᠣᠯᠣᠨ ᠠᠰᠠᠭᠤᠳᠠᠯ ᠳᠤ ᠪᠢᠳᠡ ᠡᠷᠬᠡᠪᠰᠢ ᠨᠠᠷᠢᠨ ᠬᠢᠨᠠᠮᠠᠭᠠᠢ ᠪᠠᠷ ᠬᠠᠨᠳᠣᠵᠦ  ᠂ ᠪᠦᠳᠦᠮᠵᠢᠳᠡᠢ ᠠᠷᠭ᠎ᠠ ᠬᠡᠮᠵᠢᠶ᠎ᠠ ᠠᠪᠴᠦ᠂ ᠴᠢᠷᠮᠠᠶᠢᠨ ᠰᠢᠢᠳᠪᠦᠷᠢᠯᠡᠬᠦ ᠬᠡᠷᠡᠭᠳᠡᠢ᠃  
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号