ᠬᠤᠶᠠᠷ᠂ 2019 ᠤᠨ ᠤ ᠪᠦᠬᠦ ᠬᠤᠳᠠ ᠶᠢᠨ ᠤᠯᠣᠰ ᠠᠷᠠᠳ ᠤᠨ ᠠᠵᠦ ᠠᠬᠤᠢ ᠪᠣᠯᠣᠨ ᠨᠡᠶᠢᠭᠡᠮ ᠤᠨ | ᠬᠦᠭᠵᠢᠯᠳᠡ ᠶᠢᠨ ᠭᠤᠣᠯ ᠡᠭᠦᠷᠭᠡ | 2019 ᠤᠨ ᠪᠣᠯ ᠰᠢᠨ᠎ᠠ ᠲᠣᠮᠳᠠᠳᠣ ᠤᠯᠣᠰ ᠪᠠᠶᠢᠭᠤᠯᠤᠭᠳᠠᠭᠰᠠᠨ 70 ᠵᠢᠯ ᠤᠨ ᠤᠢ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠰᠢᠢᠳᠪᠦᠷᠢᠳᠦ ᠢᠯᠠᠯᠳᠠ ᠶᠢ ᠲᠡᠮᠡᠴᠡᠨ ᠤᠯᠬᠤ ᠵᠠᠩᠭᠢᠯᠠᠭ᠎ᠠ ᠶᠢᠨ | ᠨᠢᠭᠡ ᠵᠢᠯ ᠮᠦᠨ᠃ ᠪᠢᠳᠡ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠣᠮᠳᠠᠳᠣ ᠤᠯᠣᠰ ᠤᠨ ᠤᠨᠴᠠᠯᠢᠭ | ᠪᠦᠬᠦᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠣᠯᠣᠨ ᠲᠦᠪ ᠤᠨ ᠠᠵᠦ ᠠᠬᠤᠢ ᠶᠢᠨ ᠠᠵᠢᠯ ᠤᠨ ᠬᠤᠷᠠᠯᠳᠣᠭᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠣᠭᠤᠰᠢᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠤᠨ ᠠᠵᠢᠯ ᠤᠨ ᠲᠣᠬᠠᠢ | ︽ᠲᠦᠷᠪᠡᠨ ᠬᠦᠴᠦᠯᠡᠨ᠂ ᠭᠤᠷᠪᠠᠨ ᠯᠠᠪᠳᠠᠭᠤᠨ ᠪᠠᠳᠣᠳᠠᠢ︾ ᠪᠠᠶᠢᠢᠬᠤ ᠴᠢᠬᠤᠯᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠣᠭᠤᠰᠢᠯᠠᠭᠤᠯᠣᠨ᠂ ᠦᠪᠡᠷᠳᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠵᠠᠰᠠᠭ ᠤᠨ ᠤᠷᠳᠣᠨ ᠪᠣᠯᠣᠨ | ᠬᠤᠳᠠ ᠶᠢᠨ ᠨᠠᠮ ᠤᠨ ᠬᠤᠷᠢᠶᠠᠨ ᠤ ᠡᠯ᠎ᠠ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠭᠡᠢ ᠪᠠᠶᠢᠢᠷᠢᠯᠠᠭᠤᠯᠣᠯᠳᠠ ᠶᠢ | ᠨᠢᠭᠡᠳᠦᠯᠳᠡᠢ ᠲᠦᠯᠦᠪᠯᠡᠨ ᠠᠬᠢᠭᠤᠯᠵᠣ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠵᠣᠬᠢᠴᠠᠭᠤᠯᠣᠨ ᠠᠬᠢᠭᠤᠯᠵᠣ᠂ ᠯᠠᠪᠳᠠᠭᠤᠨ ᠢᠶᠠᠷ ᠤᠷᠣᠭᠰᠢᠯᠠᠬᠤ ᠠᠵᠢᠯ ᠤᠨ ᠶᠡᠷᠦᠩᠭᠡᠢ | ᠦᠨᠳᠦᠰᠦᠨ ᠬᠦᠭ ᠢ ᠪᠠᠷᠢᠮᠳᠠᠯᠠᠨ᠂ ᠬᠦᠭᠵᠢᠯᠳᠡ ᠶᠢᠨ ᠰᠢᠨ᠎ᠠ ᠤᠶᠢᠯᠠᠭᠠᠭᠳᠠᠬᠤᠨ ᠢ ᠲᠣᠭᠤᠰᠢᠯᠠᠭᠤᠯᠬᠤ ᠶᠢ | ᠪᠠᠷᠢᠮᠳᠠᠯᠠᠵᠣ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠣᠯ ᠰᠦᠪᠡᠭᠴᠢ | ᠪᠣᠯᠭᠠᠬᠤ ᠶᠢ ᠪᠠᠷᠢᠮᠳᠠᠯᠠᠵᠣ᠂ ᠦᠨᠳᠦᠷ ᠴᠢᠨᠠᠷ ᠴᠢᠨᠰᠠᠭᠠᠳᠣ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠭᠤᠷᠪᠠᠨ | ᠶᠡᠭᠡ ᠰᠢᠪᠳᠣᠯᠣᠯᠳᠠ ᠶᠢᠨ ᠳᠠᠶᠢᠨ ᠤ ᠢᠯᠠᠯᠳᠠ ᠶᠢ ᠦᠷᠬᠦᠯᠵᠢᠯᠡᠨ ᠲᠡᠮᠡᠴᠡᠨ ᠤᠯᠵᠣ᠂ ᠲᠣᠭᠳᠠᠭᠤᠨ ᠢᠶᠠᠷ | ᠨᠡᠮᠡᠭᠳᠡᠭᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠳᠤ ᠲᠣᠬᠢᠷᠠᠭᠤᠯᠣᠯᠳᠠ ᠬᠢᠬᠦ᠂ ᠠᠷᠠᠳ ᠲᠤ ᠠᠰᠢᠭ | ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ ᠨᠢᠭᠡᠳᠦᠯᠳᠡᠢ ᠲᠦᠯᠦᠪᠯᠡᠨ ᠰᠠᠶᠢᠲᠤᠷ ᠠᠳᠬᠤᠵᠣ᠂ | ᠪᠦᠳᠦᠮᠵᠢᠳᠡᠢ ᠪᠡᠯᠨ ᠤᠷᠣᠭᠤᠯᠣᠯᠳᠠ ᠶᠢ ᠦᠷᠭᠡᠳᠭᠡᠬᠦ᠂ ᠠᠵᠦ ᠦᠢᠯᠡᠰ ᠤᠨ ᠪᠦᠳᠦᠴᠡ ᠳᠤ ᠲᠣᠬᠢᠷᠠᠭᠤᠯᠣᠯᠳᠠ ᠬᠢᠬᠦ | ᠂ ᠦᠭᠡᠷᠡᠴᠢᠯᠡᠯᠳᠡ ᠬᠢᠵᠦ ᠴᠢᠯᠦᠭᠡᠳᠡᠢ ᠶᠠᠪᠣᠯᠴᠠᠬᠤ ᠶᠢ ᠭᠦᠨᠵᠡᠭᠡᠶᠢᠷᠡᠭᠦᠯᠬᠦ᠂ ᠰᠠᠭᠤᠷᠢ ᠪᠦᠳᠦᠭᠡᠨ ᠪᠠᠶᠢᠭᠤᠯᠤᠯᠲᠠ ᠶᠢ | ᠴᠢᠩᠭᠠᠳᠬᠠᠬᠤ᠂ ᠠᠮᠢ ᠠᠬᠤᠢ ᠶᠢᠨ ᠤᠷᠴᠢᠨ ᠲᠣᠭᠤᠷᠢᠨ ᠢ ᠰᠠᠶᠢᠵᠢᠷᠠᠭᠤᠯᠬᠤ᠂ ᠨᠡᠶᠢᠭᠡᠮ ᠠᠷᠠᠳ ᠤᠨ | ᠠᠮᠢᠳᠣᠷᠠᠯ ᠤᠨ ᠪᠠᠳᠣᠯᠠᠭ᠎ᠠ ᠵᠡᠷᠭᠡ ᠵᠠᠩᠭᠢᠯᠠᠭ᠎ᠠ ᠶᠢᠨ ᠬᠦᠷᠢᠶ᠎ᠠ ᠴᠠᠷᠠᠭ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠵᠦ ᠠᠵᠦ ᠠᠬᠤᠢ ᠶᠢᠨ ᠦᠷᠬᠦᠯᠵᠢᠯᠡᠯᠳᠦ ᠡᠷᠡᠭᠦᠯ ᠬᠦᠭᠵᠢᠯᠳᠡ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠳᠠᠭᠤᠨ ᠪᠠᠶᠢᠳᠠᠯ ᠢ ᠬᠠᠮᠠᠭᠠᠯᠠᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠳᠦᠭᠡᠬᠦ ᠶᠢ ᠢᠯᠭᠤᠮ ᠰᠠᠶᠢᠬᠠᠨ ᠪᠡᠶᠡᠯᠡᠬᠦᠯᠬᠦ ᠳᠤ ᠰᠢᠢᠳᠪᠦᠷᠢᠳᠦ ᠴᠢᠨᠠᠷᠲᠠᠢ ᠰᠠᠭᠤᠷᠢ ᠲᠠᠯᠪᠢᠨ᠎ᠠ᠃ | 2019 ᠤᠨ ᠤ ᠪᠦᠬᠦ ᠬᠤᠳᠠ ᠶᠢᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠣᠯ ᠵᠢᠱᠢᠭᠰᠡᠨ | ᠬᠠᠷᠠᠯᠳᠠ ᠪᠣᠯ᠄ ᠭᠠᠵᠠᠷ ᠤᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 6% ᠤᠷᠴᠢᠮ ᠨᠡᠮᠡᠭᠳᠡᠭᠦᠯᠦᠨ᠎ᠠ︔ | ᠡᠩ ᠤᠨ ᠨᠡᠶᠢᠲᠡ ᠶᠢᠨ ᠲᠦᠰᠦᠪ ᠤᠨ ᠤᠷᠣᠯᠭ᠎ᠠ ᠶᠢ 6% ᠤᠷᠴᠢᠮ ᠨᠡᠮᠡᠭᠳᠡᠭᠦᠯᠦᠨ᠎ᠠ︔ ᠬᠡᠪᠴᠢᠶ᠎ᠠ ᠠᠴᠠ | ᠲᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠶᠢ 11% ᠤᠷᠴᠢᠮ ᠨᠡᠮᠡᠭᠳᠡᠭᠦᠯᠦᠨ᠎ᠠ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠣᠯᠨ ᠪᠠᠷ ᠬᠤᠳᠠᠯᠳᠣᠭᠰᠠᠨ ᠶᠡᠷᠦᠩᠭᠡᠢ ᠲᠤᠭ᠎ᠠ ᠶᠢ 7.5% ᠤᠷᠴᠢᠮ | ᠨᠡᠮᠡᠭᠳᠡᠭᠦᠯᠦᠨ᠎ᠠ︔ ᠬᠤᠳᠠ ᠬᠦᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ | ᠵᠠᠷᠣᠴᠠᠭᠤᠯᠵᠣ ᠪᠣᠯᠬᠤ ᠤᠷᠣᠯᠭ᠎ᠠ ᠶᠢ ᠲᠣᠰᠪᠣᠷᠢ 7.5% ᠪᠣᠯᠣᠨ 9% ᠤᠷᠴᠢᠮ ᠨᠡᠮᠡᠭᠳᠡᠭᠦᠯᠦᠨ᠎ᠠ᠃ ᠰᠠᠭᠤᠭᠠᠯᠢ | ᠠᠷᠠᠳ ᠤᠨ ᠬᠡᠷᠡᠭᠯᠡᠭᠡ ᠶᠢᠨ ᠦᠨ᠎ᠠ ᠬᠠᠩᠰᠢ ᠶᠢᠨ ᠦᠰᠦᠯᠳᠡ ᠶᠢ 3% ᠤᠷᠴᠢᠮ ᠳᠤ ᠬᠢᠵᠠᠭᠠᠷᠯᠠᠨ᠎ᠠ᠃ ᠬᠤᠳᠠ | ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠠᠳ ᠤᠨ ᠨᠣᠷᠮ᠎ᠠ ᠶᠢ 4% ᠶᠢᠨ ᠲᠣᠳᠣᠷ᠎ᠠ ᠬᠢᠵᠠᠭᠠᠷᠯᠠᠨ᠎ᠠ᠃ | ᠤᠯᠣᠰ ᠪᠣᠯᠣᠨ ᠦᠪᠡᠷᠳᠡᠭᠡᠨ ᠵᠠᠰᠠᠬᠤ ᠤᠷᠣᠨ ᠠᠴᠠ ᠲᠠᠭᠠᠭᠠᠯᠭᠠᠭᠰᠠᠨ ᠡᠨᠧᠷᠭᠢ ᠠᠷᠪᠢᠯᠠᠨ ᠭᠠᠳᠠᠭᠰᠢᠯᠠᠭᠤᠯᠬᠤ ᠶᠢ | ᠪᠠᠭᠠᠰᠬᠠᠵᠦ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠡᠭᠦᠷᠭᠡ ᠶᠢ ᠪᠡᠶᠡᠯᠡᠭᠦᠯᠦᠨ᠎ᠠ᠃ | ︵ᠨᠢᠭᠡ︶ ᠪᠦᠳᠦᠮᠵᠢᠳᠡᠢ ᠪᠡᠯᠨ ᠤᠷᠣᠭᠤᠯᠣᠯᠳᠠ ᠶᠢ ᠤᠨᠣᠪᠴᠢᠳᠠᠢ ᠦᠷᠭᠡᠳᠭᠡᠨ᠂ ᠠᠵᠦ ᠠᠬᠤᠢ ᠶᠢᠨ | ᠲᠣᠭᠳᠠᠭᠤᠨ ᠨᠡᠮᠡᠭᠳᠡᠯ ᠢ ᠠᠬᠢᠭᠤᠯᠣᠨ᠎ᠠ | ᠨᠢᠭᠡ ᠳᠤ᠂ ᠲᠦᠷᠦᠯ ᠵᠦᠢᠯ ᠤᠨ ᠪᠡᠯᠨ ᠮᠦᠩᠭᠦ ᠤᠯᠬᠤ ᠠᠵᠢᠯ ᠢ ᠰᠠᠶᠢᠲᠤᠷ ᠬᠢᠨ᠎ᠠ᠃ ᠤᠯᠣᠰ ᠠᠴᠠ | ᠢᠳᠡᠪᠬᠢᠳᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠲᠣᠭᠳᠠᠭᠤᠨ ᠵᠣᠭᠤᠰ ᠤᠨ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠨ᠂ ᠤᠷᠣᠨ ᠨᠣᠳᠤᠭ ᠤᠨ ᠵᠠᠰᠠᠭ ᠤᠨ ᠤᠷᠳᠣᠨ ᠤ ᠲᠣᠰᠬᠠᠢ ᠲᠦᠷᠦᠯ ᠤᠨ | ᠵᠢᠭᠡᠯᠡᠯᠭᠡ ᠶᠢᠨ ᠲᠡᠮᠳᠡᠭ ᠤᠨ ᠬᠡᠪᠴᠢᠶ᠎ᠠ ᠶᠢ ᠨᠡᠮᠡᠭᠳᠡᠭᠦᠯᠦᠨ᠂ ᠪᠡᠯᠨ ᠮᠦᠩᠭᠦ ᠶᠢᠨ ᠡᠷᠭᠢᠯᠳᠡ ᠶᠢᠨ ᠴᠢᠨᠠᠷᠲᠠᠢ ᠵᠣᠬᠢᠰᠳᠠᠢ | ᠡᠯᠪᠡᠭ ᠪᠠᠶᠢᠬᠤ ᠶᠢ ᠪᠠᠳᠣᠯᠠᠬᠤ ᠠᠵᠠ ᠲᠣᠬᠢᠶᠠᠯ ᠢ ᠡᠵᠡᠮᠳᠡᠨ᠂ ᠤᠯᠣᠰ᠂ ᠦᠪᠡᠷᠳᠡᠭᠡᠨ ᠵᠠᠰᠠᠬᠤ ᠤᠷᠣᠨ ᠤ ᠠᠵᠦ | ᠦᠢᠯᠡᠰ ᠤᠨ ᠲᠦᠷᠦ ᠶᠢᠨ ᠪᠣᠳᠣᠯᠭ᠎ᠠ ᠪᠣᠯᠣᠨ ᠪᠡᠯᠨ ᠮᠦᠩᠭᠦ ᠶᠢᠨ ᠤᠷᠣᠭᠤᠯᠣᠯᠳᠠ ᠶᠢᠨ ᠬᠠᠨᠳᠣᠰᠢ ᠶᠢ ᠨᠢᠭᠳᠠ | ᠮᠦᠷᠳᠡᠨ᠂ ᠰᠢᠨ᠎ᠠ ᠦᠷᠨᠢᠭᠰᠡᠨ ᠠᠵᠦ ᠦᠢᠯᠡᠰ᠂ ᠰᠠᠭᠤᠷᠢ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠤᠷᠴᠢᠨ | ᠲᠣᠭᠤᠷᠢᠨ᠂ ᠨᠡᠶᠢᠭᠡᠮ ᠠᠷᠠᠳ ᠤᠨ ᠠᠮᠢᠳᠣᠷᠠᠯ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠲᠣᠭᠤᠷᠢᠨ ᠳᠤ | ᠲᠡᠭᠡᠷ᠎ᠠ ᠱᠠᠳᠣᠨ ᠤ ᠲᠦᠷᠦᠯ ᠵᠦᠢᠯ ᠤᠨ ᠪᠡᠯᠨ ᠮᠦᠩᠭᠦ ᠶᠢᠨ ᠲᠡᠮᠵᠢᠯᠭᠡ ᠶᠢ ᠴᠢᠳᠠᠬᠤᠶᠢᠴᠠ ᠢᠯᠡᠭᠦᠦ ᠴᠢᠷᠮᠠᠶᠢᠨ | ᠤᠯᠣᠨ᠎ᠠ᠃ ᠤᠯᠣᠰ᠂ ᠦᠪᠡᠷᠳᠡᠭᠡᠨ ᠵᠠᠰᠠᠬᠤ ᠤᠷᠣᠨ ᠤ ᠲᠦᠷᠦᠯ ᠵᠦᠢᠯ ᠢᠶᠠᠷ ᠲᠡᠮᠵᠢᠬᠦ ᠲᠦᠷᠦ ᠶᠢᠨ ᠪᠣᠳᠣᠯᠭ᠎ᠠ | ᠪᠠ ᠪᠡᠯᠨ ᠮᠦᠩᠭᠦ ᠪᠠᠷ ᠲᠡᠮᠵᠢᠬᠦ ᠠᠷᠭ᠎ᠠ ᠮᠠᠶ᠋ᠢᠭ ᠤᠨ ᠲᠠᠯ᠎ᠠ ᠪᠠᠷ ᠬᠢ ᠰᠢᠨ᠎ᠠ ᠬᠤᠪᠢᠷᠠᠯᠳᠠ ᠶᠢ ᠨᠠᠷᠢᠨ ᠬᠢᠨᠠᠮᠠᠭᠠᠢ | ᠰᠣᠳᠣᠯᠵᠣ᠂ ᠲᠡᠭᠡᠷ᠎ᠠ ᠱᠠᠳᠣᠨ ᠤ ᠪᠣᠬᠢᠷᠳᠣᠭᠤᠯᠣᠯ ᠦᠭᠡᠢ ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠳᠡ ᠶᠢᠨ | ᠰᠠᠭᠤᠷᠢ ᠮᠦᠩᠭᠦ᠂ ᠰᠢᠨ᠎ᠠ ᠦᠷᠨᠢᠭᠰᠡᠨ ᠠᠵᠦ ᠦᠢᠯᠡᠰ ᠤᠨ ᠦᠢᠯᠡᠰ ᠪᠣᠰᠬᠠᠬᠤ ᠪᠡᠯᠨ ᠤᠷᠣᠭᠤᠯᠣᠯᠳᠠ ᠶᠢᠨ | ᠰᠠᠭᠤᠷᠢ ᠮᠦᠩᠭᠦ᠂ ᠤᠳᠣ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠰᠲ᠋ᠣᠺ ᠤᠨ ᠡᠷᠬᠡ ᠶᠢᠨ ᠪᠡᠯᠨ | ᠤᠷᠣᠭᠤᠯᠣᠯᠳᠠ ᠶᠢᠨ ᠰᠠᠭᠤᠷᠢ ᠮᠦᠩᠭᠦ ᠶᠢ ᠢᠳᠡᠪᠬᠢᠳᠡᠢ ᠴᠢᠷᠮᠠᠶᠢᠨ ᠤᠯᠣᠨ᠎ᠠ᠃ ᠠᠷᠠᠳ ᠤᠨ ᠲᠣᠮᠳᠠᠬᠢ ᠪᠡᠯᠡ | ᠤᠷᠣᠭᠤᠯᠣᠯᠳᠠ ᠶᠢ ᠦᠷᠭᠡᠳᠭᠡᠬᠦ ᠶᠢ ᠵᠣᠷᠢᠭᠵᠢᠭᠤᠯᠣᠨ ᠲᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ | ᠨᠠᠶᠢᠳᠠᠪᠤᠷᠢᠵᠢᠭᠤᠯᠵᠤ᠂ ᠰᠠᠭᠤᠷᠢ ᠲᠦᠬᠦᠭᠡᠷᠦᠮᠵᠢ ᠪᠣᠯᠣᠨ ᠨᠡᠶᠢᠲᠡ ᠶᠢᠨ ᠦᠢᠯᠡᠴᠢᠯᠡᠭᠡᠨ ᠵᠡᠷᠭᠡ ᠬᠦᠷᠢᠶ᠎ᠠ | ᠴᠠᠷᠠᠭᠠᠨ ᠳᠠᠬᠢ ᠵᠠᠰᠠᠭ ᠤᠨ ᠤᠷᠳᠣᠨ ᠬᠢᠭᠡᠳ ᠨᠡᠶᠢᠭᠡᠮ ᠤᠨ ᠪᠡᠯᠨ ᠮᠦᠩᠭᠦ ᠶᠢᠨ ᠬᠠᠮᠵᠢᠯᠴᠠᠭ᠎ᠠ ᠶᠢ ᠵᠢᠷᠣᠮᠵᠢᠭᠤᠯᠣᠨ | ᠲᠡᠯᠭᠡᠷᠡᠭᠦᠯᠦᠨᠠ︔ ︽ᠵᠠᠰᠠᠭ ᠪᠠᠩᠭᠢ ᠠᠵᠦ ᠠᠬᠤᠶᠢᠯᠠᠯ︾ ᠤᠨ ᠬᠠᠮᠵᠢᠯᠴᠠᠭᠠᠨ ᠤ ᠲᠠᠪᠴᠠᠩ ᠢ ᠲᠡᠭᠦᠯᠳᠡᠷᠵᠢᠬᠦᠯᠦᠨ | ᠂ ︽ᠪᠠᠩᠭᠢ ᠠᠵᠣ ᠠᠬᠤᠶᠢᠯᠠᠯ︾ ᠤᠨ ᠵᠣᠯᠭᠤᠯᠳᠣᠯ ᠢ ᠠᠬᠢᠭᠤᠯᠵᠣ᠂ ᠮᠦᠩᠭᠦᠨ ᠭᠦᠢᠯᠭᠡᠭᠡᠨ ᠤ ᠵᠢᠭᠡᠯᠡᠯᠭᠡ ᠶᠢᠨ | ᠬᠡᠪᠴᠢᠶ᠎ᠠ ᠶᠢ ᠬᠠᠨᠳᠣᠯᠭᠠᠳᠣ ᠴᠢᠨᠠᠷᠲᠠᠢ ᠦᠷᠭᠡᠳᠭᠡᠨ᠎ᠠ᠃ | ᠬᠤᠶᠠᠷ ᠲᠤ᠂ ᠴᠢᠬᠤᠯᠨ ᠶᠡᠭᠡ ᠲᠦᠷᠦᠯ ᠵᠦᠢᠯ ᠢ ᠲᠦᠰᠦᠪᠯᠡᠨ ᠨᠦᠭᠡᠴᠡᠯᠡᠬᠦ ᠶᠢ ᠴᠢᠩᠭᠠᠳᠬᠠᠨ᠎ᠠ᠃ | ᠤᠯᠣᠰ᠂ ᠦᠪᠡᠷᠳᠡᠭᠡᠨ ᠵᠠᠰᠠᠬᠤ ᠤᠷᠣᠨ ᠤ ᠲᠡᠯᠵᠢᠬᠦ ᠬᠦᠷᠢᠶ᠎ᠠ ᠴᠠᠷᠠᠭ᠎ᠠ ᠪᠣᠯᠣᠨ ᠮᠠᠨ ᠤ ᠬᠤᠳᠠ ᠶᠢᠨ | ᠲᠦᠯᠦᠪᠵᠢᠬᠦᠯᠭᠡ ᠶᠢᠨ ᠲᠣᠬᠢᠷᠠᠭᠤᠯᠣᠯᠳᠠ᠂ ᠬᠦᠭᠵᠢᠯᠳᠡ ᠶᠢᠨ ᠲᠣᠳᠠᠭᠤᠳᠠᠯ ᠢ ᠨᠢᠭᠳᠠ ᠠᠵᠢᠭᠯᠠᠨ᠂ ᠲᠦᠷᠦᠯ ᠵᠦᠢᠯ | ᠲᠦᠰᠦᠪᠯᠡᠨ ᠨᠦᠬᠡᠴᠡᠯᠡᠬᠦ ᠠᠵᠢᠯ ᠢ ᠤᠨᠣᠪᠴᠢᠳᠠᠢ ᠦᠷᠨᠢᠬᠦᠯᠵᠦ᠂ ᠨᠢᠭᠡ ᠪᠦᠯᠦᠭ ᠤᠯᠣᠰ ᠤᠨ ᠲᠦᠷᠦ ᠶᠢᠨ | ᠪᠣᠳᠣᠯᠭ᠎ᠠ ᠳᠤ ᠨᠡᠶᠢᠴᠡᠭᠰᠡᠨ᠂ ᠭᠠᠵᠠᠷ ᠤᠷᠣᠨ ᠤ ᠤᠨᠴᠠᠯᠢᠭ ᠢ ᠪᠠᠳᠠᠷᠠᠭᠤᠯᠣᠭᠰᠠᠨ᠂ ᠠᠵᠦ ᠦᠢᠯᠡᠰ ᠤᠨ | ᠪᠦᠳᠦᠴᠡ ᠶᠢ ᠲᠡᠭᠦᠯᠳᠡᠷᠵᠢᠬᠦᠯᠦᠭᠰᠡᠨ᠂ ᠠᠵᠢᠯ ᠤᠯᠭᠤᠯᠳᠠ ᠦᠢᠯᠡᠰ ᠪᠣᠰᠬᠠᠯᠳᠠ ᠶᠢ ᠲᠠᠭᠠᠭᠤᠯᠬᠤ ᠨᠦᠬᠡᠴᠡ | ᠲᠦᠷᠦᠯ ᠵᠦᠢᠯ ᠢ ᠲᠦᠰᠦᠪᠯᠡᠨ ᠲᠣᠷᠠᠳᠴᠣ᠂ ᠰᠠᠭᠤᠷᠢ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ᠂ ᠬᠦᠳᠦᠯᠦᠮᠵᠢ ᠶᠢᠨ | ᠴᠢᠨᠠᠷᠲᠠᠢ ᠨᠢᠭᠡ ᠪᠦᠯᠦᠭ ᠴᠢᠬᠤᠯᠨ ᠶᠡᠭᠡ ᠲᠦᠷᠦᠯ ᠵᠦᠢᠯ ᠢ ᠲᠦᠪᠯᠡᠷᠡᠭᠦᠯᠦᠨ ᠠᠬᠢᠭᠤᠯᠣᠨ᠎ᠠ᠃ ᠪᠦᠬᠦ ᠬᠤᠳᠠ ᠶᠢᠨ | ᠭᠤᠣᠯᠳᠠᠯᠭ᠎ᠠ ᠲᠠᠢ ᠲᠦᠷᠦᠯ ᠵᠦᠢᠯ ᠤᠨ ᠬᠦᠮᠦᠷᠭᠡ ᠶᠢ ᠲᠡᠭᠦᠯᠳᠡᠷᠵᠢᠬᠦᠯᠵᠦ᠂ ᠬᠦᠮᠦᠷᠭᠡ ᠳᠤ ᠤᠷᠣᠭᠤᠯᠬᠤ ᠲᠦᠷᠦᠯ | ᠵᠦᠢᠯ ᠤᠨ ᠤᠨᠣᠪᠴᠢᠳᠣ ᠴᠢᠨᠠᠷ᠂ ᠠᠵᠢᠯᠯᠠᠬᠤ ᠴᠢᠨᠠᠷ ᠪᠣᠯᠣᠨ ᠬᠡᠷᠡᠭᠯᠡᠭᠡᠨ ᠤ ᠴᠢᠨᠠᠷ ᠢ ᠲᠡᠭᠡᠭᠰᠢᠯᠡᠬᠦᠯᠵᠦ᠂ ᠪᠡᠯᠨ | ᠤᠷᠣᠭᠤᠯᠣᠯᠳᠠ ᠶᠢᠨ ᠪᠦᠳᠦᠴᠡ ᠶᠢᠨ ᠲᠣᠬᠢᠷᠠᠭᠤᠯᠣᠯᠳᠠ ᠰᠢᠯᠢᠳᠡᠭᠵᠢᠬᠦᠯᠦᠯᠳᠡ ᠶᠢ ᠠᠬᠢᠭᠤᠯᠣᠨ᠎ᠠ᠃ | ᠭᠤᠷᠪᠠ ᠳᠤ᠂ ᠴᠢᠬᠤᠯᠨ ᠶᠡᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠬᠦᠴᠦᠯᠡᠨ | ᠬᠢᠨ᠎ᠠ᠃ ᠡᠮᠦᠨᠡᠬᠢ ᠬᠤᠭᠤᠴᠠᠭᠠᠨ ᠤ ᠠᠵᠢᠯ ᠤᠨ ᠨᠠᠷᠢᠨ ᠨᠢᠭᠳᠠ ᠲᠦᠰᠦᠯ ᠢ ᠲᠣᠭᠳᠠᠭᠠᠨ᠂ ᠬᠠᠷᠢᠭᠤᠴᠠᠯᠭ᠎ᠠ ᠠᠵᠢᠯ | ᠬᠤᠪᠢᠶᠠᠷᠢᠯᠠᠯᠳᠠ ᠶᠢ ᠳᠤᠲᠤᠷᠬᠠᠶᠢᠯᠠᠨ᠂ ᠠᠬᠢᠴᠠ ᠶᠢᠨ ᠴᠠᠭ ᠤᠨ ᠬᠢᠵᠠᠭᠠᠷᠯᠠᠯ ᠢ ᠴᠢᠩᠭ᠎ᠠ ᠲᠣᠭᠳᠠᠭᠠᠵᠦ᠂ ᠪᠦᠬᠦ | ᠬᠦᠴᠦᠨ ᠢᠶᠠᠷ ᠮᠦᠷᠳᠡᠨ ᠬᠠᠷᠠᠵᠦ ᠭᠦᠢᠴᠡᠳᠭᠡᠨ᠎ᠠ᠃ ᠤᠯᠠᠭᠠᠨᠬᠠᠳᠠ ᠠᠴᠠ ᠬᠤᠧᠠᠪᠧᠢ ᠤᠷᠣᠨ ᠬᠦᠷᠬᠦ ᠴᠠᠬᠢᠯᠭᠠᠨ | ᠬᠦᠴᠦ ᠭᠠᠳᠠᠭᠰᠢ ᠬᠦᠷᠭᠡᠬᠦ ᠵᠠᠮ᠂ LXB ᠤᠰᠣ ᠲᠣᠬᠢᠷᠠᠭᠤᠯᠣᠯᠳᠠ ᠶᠢᠨ ᠤᠯᠠᠭᠠᠨᠬᠠᠳᠠ ᠰᠠᠯᠪᠣᠷᠢ ᠱᠣᠭᠤᠮ ᠤᠨ | ᠢᠨᠵᠧᠨᠧᠷᠢᠩ᠂ ᠯᠢᠨᠰᠢ ᠶᠢᠨ ᠰᠠᠯᠪᠣᠷᠢ ᠱᠣᠭᠤᠮ ᠤᠨ ᠨᠢᠰᠭᠡᠯ ᠤᠨ ᠪᠠᠭᠤᠳᠠᠯ᠂ ᠪᠣᠷᠣᠬᠤᠳᠠ ᠠᠴᠠ ᠴᠢᠪᠠᠭ᠎ᠠ ᠬᠦᠷᠬᠦ | ᠲᠡᠭᠡᠳᠦ ᠲᠡᠰ ᠤᠨ ᠵᠠᠰᠠᠮᠠᠯ ᠵᠠᠮ ᠤᠯᠠᠭᠠᠨᠬᠠᠳᠠ ᠶᠢᠨ ᠵᠢᠯ ᠤᠨ ᠭᠠᠷᠣᠯᠳᠠ ᠨᠢ 30 ᠲᠦᠮᠡᠨ ᠲᠣᠨ ᠤ | ᠰᠢᠳᠠᠭᠠᠯᠭ᠎ᠠ ᠶᠢᠨ ᠡᠲ᠋ᠢᠯ ᠠᠯᠺᠣᠣᠯ ᠵᠡᠷᠭᠡ ᠨᠢᠭᠡ ᠪᠦᠯᠦᠭ ᠴᠢᠬᠤᠯᠨ ᠶᠡᠭᠡ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠨ ᠰᠢᠪᠳᠣᠯᠣᠯᠳᠠ ᠶᠢᠨ ᠴᠢᠨᠠᠷᠲᠠᠢ ᠠᠬᠢᠯᠳᠠ ᠶᠢ ᠴᠢᠷᠮᠠᠶᠢᠨ ᠪᠡᠶᠡᠯᠡᠬᠦᠯᠦᠨ᠎ᠠ᠃ | ᠲᠦᠷᠪᠡ ᠳᠤ᠂ ᠴᠢᠬᠤᠯᠨ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠨ ᠪᠦᠳᠦᠭᠡᠨ ᠪᠠᠶᠢᠭᠤᠯᠬᠤ ᠶᠢ | ᠠᠬᠢᠭᠤᠯᠣᠨ᠎ᠠ᠃ ᠤᠯᠣᠰ ᠤᠨ ᠴᠠᠬᠢᠯᠭᠠᠨ ᠲᠣᠣᠷᠵᠢᠯ ᠤᠨ ᠰᠢᠨ ᠶᠣᠧᠠᠨ ᠤ 120 ᠲᠦᠮᠡᠨ ᠺᠢᠯᠣᠧᠠᠲ ᠤᠨ ᠤᠰᠣ | ᠲᠠᠳᠠᠵᠦ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠴᠣᠣᠶᠠᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ | ᠰᠢᠳᠠᠮᠠᠬᠠᠢ ᠬᠡᠢ ᠲᠠᠮᠵᠢᠭᠤᠯᠬᠤ ᠬᠤᠭᠤᠯᠠᠢ ᠶᠢᠨ ᠢᠨᠵᠧᠨᠧᠷᠢᠩ᠂ ᠤᠯᠠᠭᠠᠨᠬᠠᠳᠠ ᠶᠢᠨ ᠬᠠᠰ ᠯᠣᠣ ᠨᠢᠰᠭᠡᠯ ᠤᠨ | ᠪᠠᠭᠤᠳᠠᠯ ᠤᠨ ᠦᠭᠡᠷᠡᠴᠢᠯᠡᠨ ᠦᠷᠭᠡᠳᠭᠡᠵᠦ ᠪᠠᠶᠢᠭᠤᠯᠬᠤ ᠢᠨᠵᠧᠨᠧᠷᠢᠩ᠂ ᠳ᠋ᠠ ᠲᠠᠩ ᠤᠨ ᠤᠯᠠᠨ ᠤᠯᠣᠰ ᠤᠨ | ᠨᠡᠭᠦᠷᠡᠰᠦᠨ ᠬᠡᠢ ᠶᠢᠨ 80 ᠲᠦᠮᠡᠨ ᠲᠣᠨ ᠤ ᠮᠧᠲ᠋ᠢᠯ ᠠᠯᠺᠣᠣᠯ ᠢᠶᠠᠷ ᠲᠣᠬᠢᠷᠠᠭᠤᠯᠬᠤ᠂ ᠴᠢ ᠬᠤᠢ ᠬᠦᠩᠭᠡᠨ | ᠴᠠᠭᠠᠨ ᠤ ᠦᠢᠯᠡᠰ ᠤᠨ 650 ᠲᠦᠮᠡᠨ ᠲᠣᠨ ᠤ ᠢᠰᠦᠯᠳᠦᠭᠦᠯᠦᠭᠰᠡᠨ ᠬᠦᠩᠭᠡᠨ ᠴᠠᠭᠠᠨ᠂ ᠫᠦ᠋ ᠯᠢ ᠲᠠᠢ ᠰᠢᠨᠵᠢᠯᠡᠬᠦ | ᠮᠡᠷᠭᠡᠵᠢᠯ ᠤᠨ 25 ᠲᠦᠮᠡᠨ ᠲᠣᠨ ᠤ ᠰᠢᠳᠠᠭᠤᠯᠬᠤ ᠦᠭᠡᠢ ᠡᠳ᠋ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ | ᠵᠦᠢᠯ ᠢ ᠪᠠᠷᠢᠯᠭ᠎ᠠ ᠡᠬᠢᠯᠡᠬᠦᠯᠦᠨ ᠪᠦᠳᠦᠭᠡᠨ ᠪᠠᠶᠢᠭᠤᠯᠤᠨ᠎ᠠ᠃ ᠪᠦᠬᠦ ᠵᠢᠯ ᠳᠤ 5000 ᠲᠦᠮᠡᠨ ᠲᠦᠭᠦᠷᠢᠭ ᠠᠴᠠ | ᠲᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠶᠢᠨ 187 ᠲᠦᠷᠦᠯ ᠵᠦᠢᠯ ᠢ ᠰᠢᠨ᠎ᠠ ᠪᠠᠷ ᠪᠠᠷᠢᠯᠭ᠎ᠠ | ᠡᠬᠢᠯᠡᠬᠦᠯᠬᠦ ᠪᠠᠷ ᠲᠦᠯᠦᠪᠯᠡᠨ᠂ 176.5 ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠤᠷᠣᠭᠤᠯᠬᠤ ᠪᠠᠷ ᠵᠢᠱᠢᠵᠦ | ᠪᠠᠶᠢᠨ᠎ᠠ᠃ | ᠲᠠᠪᠤ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠶᠢ | ᠲᠦᠷᠭᠡᠳᠭᠡᠨ᠎ᠠ᠃ ᠳ᠋ᠠ ᠳ᠋ᠢ ᠶᠦᠨ ᠲᠢᠶᠠᠨ ᠤ 50 ᠲᠦᠮᠡᠨ ᠲᠣᠨ ᠤ ᠹᠣᠰᠹᠣᠷ ᠬᠦᠴᠢᠯ ᠤᠨ ᠮᠡᠷᠭᠡᠵᠢᠯ ᠤᠨ | ᠦᠭᠡᠷᠡᠴᠢᠯᠡᠯᠳᠡ᠂ ᠫᠦ᠋ ᠶᠢᠨ ᠡᠮ ᠤᠨ ᠦᠢᠯᠡᠰ ᠤᠨ ᠡᠮᠳᠦ ᠪᠣᠳᠠᠰ ᠤᠨ ᠰᠢᠨ᠎ᠠ ᠶᠢ ᠡᠭᠦᠳᠬᠦ ᠠᠵᠦ ᠦᠢᠯᠡᠰᠵᠢᠯ᠂ | ᠭᠤᠣᠯ ᠬᠤᠳᠠ ᠲᠣᠭᠤᠷᠢᠭ ᠤᠨ ᠠᠮᠢᠳᠣᠷᠠᠯ ᠤᠨ ᠬᠤᠭ ᠨᠣᠪᠰᠢ ᠶᠢ ᠰᠢᠳᠠᠭᠠᠨ ᠴᠠᠬᠢᠯᠭᠠᠨ ᠭᠠᠷᠭᠠᠬᠤ᠂ | ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠲᠦᠷᠭᠡᠨ ᠭᠠᠯᠳᠣ ᠶᠢᠨ ᠬᠠᠷᠠᠴᠢᠨ ᠵᠡᠭᠦᠨ ᠬᠤᠰᠢᠭᠤᠨ ᠤ | ᠦᠷᠳᠡᠭᠡ ᠶᠢᠨ ᠲᠡᠮᠦᠷ ᠵᠠᠮ᠂ ᠪᠢᠷᠠᠭᠤ ᠠᠴᠠ ᠤᠯᠠᠭᠠᠨᠪᠣᠳᠣᠩ ᠬᠦᠷᠬᠦ ᠲᠦᠷᠭᠡᠨ ᠵᠠᠰᠠᠮᠠᠯ ᠵᠠᠮ᠂ ᠪᠠᠭᠠᠷᠢᠨ ᠵᠡᠬᠦᠨ | ᠬᠤᠰᠢᠭᠤᠨ ᠤ ᠬᠦᠪ ᠤᠨ ᠭᠤᠣ ᠴᠦᠬᠦᠷᠦᠮ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠎ᠠ᠃ ᠪᠦᠬᠦ ᠵᠢᠯ ᠳᠤ 5000 ᠲᠦᠮᠡᠨ | ᠲᠦᠭᠦᠷᠢᠭ ᠠᠴᠠ ᠲᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠨ ᠤᠷᠣᠭᠤᠯᠣᠯᠳᠠ ᠲᠠᠢ 197 ᠲᠦᠷᠦᠯ ᠵᠦᠢᠯ ᠢ | ᠦᠷᠬᠦᠯᠵᠢᠯᠡᠨ ᠪᠦᠳᠦᠭᠡᠨ ᠪᠠᠶᠢᠭᠤᠯᠬᠤ ᠪᠠᠷ ᠲᠦᠯᠦᠪᠯᠡᠨ᠂ 202 ᠳ᠋ᠦᠩᠰᠢᠭᠤᠷ ᠲᠦᠭᠦᠷᠢᠭ ᠤᠨ ᠪᠡᠯᠨ | ᠤᠷᠣᠭᠤᠯᠬᠤ ᠪᠠᠷ ᠵᠢᠱᠢᠵᠦ ᠪᠠᠶᠢᠨ᠎ᠠ᠃ | ︵ᠬᠤᠶᠠᠷ︶ ᠦᠢᠯᠡᠳᠪᠤᠷᠢᠯᠡᠯ ᠤᠨ ᠪᠦᠳᠤᠴᠠ ᠶᠢ ᠳᠤᠬᠢᠷᠠᠭᠤᠯᠤᠨ ᠰᠢᠯᠢᠳᠡᠭᠵᠢᠬᠦᠯᠵᠤ᠂ ᠠᠵᠤ | ᠠᠬᠤᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠤᠨ᠎ᠠ᠃ | ᠨᠢᠬᠡᠳᠤᠬᠡᠷ ᠲᠤ᠂ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠦᠷ᠎ᠠ ᠠᠰᠢᠭ ᠢ | ᠳᠡᠬᠡᠭᠰᠢᠯᠡᠬᠦᠯᠤᠨ᠎ᠠ᠃ ᠳᠠᠷᠢᠶᠠᠯᠠᠩ ᠮᠠᠯ ᠠᠵᠤ ᠠᠬᠤᠢ ᠶᠢᠨ ᠬᠠᠨᠭ᠍ᠭᠠᠯᠭ᠎ᠠ ᠬᠡᠷᠡᠭᠴᠡᠭᠡ ᠶᠢᠨ ᠪᠦᠳᠤᠴᠠ ᠶᠢᠨ ᠴᠢᠨᠠᠷᠲᠠᠢ | ᠦᠬᠡᠷᠡᠴᠢᠯᠡᠯᠳᠠ ᠶᠢ ᠠᠬᠢᠭᠤᠯᠵᠤ᠂ ᠳᠠᠷᠢᠮᠠᠯ ᠤᠨ ᠦᠢᠯᠡᠰ ᠤᠨ ᠬᠡᠯᠪᠡᠷᠢ ᠰᠢᠯᠵᠢᠵᠤ ᠳᠠᠰ ᠳᠠᠪᠰᠢᠬᠤ ᠪᠠ ᠮᠠᠯ ᠠᠵᠤ | ᠠᠬᠤᠢ ᠶᠢᠨ ᠴᠢᠨᠠᠷ ᠳᠡᠬᠡᠭᠰᠢᠯᠡᠵᠤ ᠦᠷ᠎ᠠ ᠠᠰᠢᠭ ᠢ ᠨᠡᠮᠡᠭᠳᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠠ᠃ ᠠᠮᠤ | ᠪᠤᠳᠠᠭ᠎ᠠ ᠶᠢᠨ ᠤᠨᠠᠯᠲᠠ ᠶᠢ ᠳᠤᠭᠳᠠᠪᠤᠷᠢᠵᠢᠬᠦᠯᠵᠤ᠂ ᠠᠵᠤ ᠠᠬᠤᠢ ᠶᠢᠨ ᠳᠠᠷᠢᠮᠠᠯ ᠢ ᠰᠢᠯᠢᠳᠡᠭᠵᠢᠬᠦᠯᠤᠨ᠂ ᠪᠤᠷᠳᠤᠭᠠᠨ | ᠳᠠᠷᠢᠮᠠᠯ ᠤᠨ ᠬᠡᠪᠴᠢᠶ᠎ᠠ ᠶᠢ ᠦᠷᠬᠡᠳᠬᠡᠬᠦ ᠶᠡᠷᠤᠩᠬᠡᠢ ᠱᠠᠭᠠᠷᠳᠠᠯᠭ᠎ᠠ ᠶᠢᠨ ᠶᠤᠰᠤᠭᠠᠷ᠂ ᠳᠠᠪᠠᠭᠤᠯᠢᠭ ᠪᠤᠰᠤ ᠤᠷᠤᠨ ᠤ | ᠰᠢᠰᠢ ᠶᠢᠨ ᠳᠠᠷᠢᠮᠠᠯ ᠤᠨ ᠬᠡᠪᠴᠢᠶ᠎ᠠ ᠶᠢ ᠴᠤᠮᠬᠠᠳᠬᠠᠨ᠂ ᠤᠨᠴᠠᠯᠢᠬᠳᠤ ᠰᠢᠯᠢᠳᠡᠭ ᠳᠠᠷᠢᠶᠠᠯᠠᠩ ᠤᠨ ᠪᠦᠳᠤᠬᠡᠭᠳᠡᠬᠦᠨ ᠤ | ᠬᠠᠨᠭ᠍ᠭᠠᠯᠭ᠎ᠠ ᠶᠢ ᠨᠡᠮᠡᠭᠳᠡᠬᠦᠯᠦᠨ᠎ᠠ᠃ ︽ᠬᠤᠤᠰ ᠨᠡᠮᠡᠭᠳᠡᠯ ᠬᠤᠤᠰ ᠳᠤᠭᠳᠠᠭᠤᠨ︾ ᠤ ᠬᠦᠭᠵᠢᠯᠳᠠ ᠶᠢᠨ | ᠪᠤᠳᠤᠯᠭ᠎ᠠ ᠶᠢ ᠠᠬᠢᠭᠤᠯᠵᠤ᠂ ᠮᠢᠬᠠᠨ ᠤ ᠦᠬᠡᠷ᠂ ᠮᠢᠬᠠᠨ ᠤ ᠬᠤᠨᠢ᠂ ᠭᠠᠭ᠋ᠠᠢ᠂ ᠬᠡᠷ ᠤᠨ ᠳᠡᠵᠢᠬᠡᠪᠤᠷᠢ ᠵᠡᠷᠬᠡ | ᠦᠢᠯᠡᠳᠪᠤᠷᠢᠯᠡᠯ ᠢ ᠳᠤᠰᠬᠠᠢ ᠳᠦᠷᠤᠯ ᠢᠶᠠᠷ ᠠᠬᠢᠭᠤᠯᠵᠤ᠂ ᠠᠮᠤ ᠪᠤᠳᠠᠭ᠎ᠠ᠂ ᠠᠵᠤ ᠠᠬᠤᠢ ᠶᠢᠨ ᠳᠠᠷᠢᠮᠠᠯ᠂ | ᠪᠤᠷᠳᠤᠭᠠᠨ ᠤ ᠦᠢᠯᠡᠰ ᠢ ᠳᠦᠰᠤᠪᠵᠢᠬᠦᠯᠵᠤ᠂ ᠳᠠᠷᠢᠮᠠᠯ ᠪᠠ ᠳᠡᠵᠢᠬᠡᠪᠤᠷᠢ ᠶᠢᠨ ᠡᠷᠬᠢᠨ ᠤᠷᠴᠢᠯᠳᠠ ᠲᠠᠢ | ᠦᠷᠬᠦᠯᠵᠢᠯᠡᠨ ᠬᠦᠭᠵᠢᠯᠳᠠ ᠶᠢᠨ ᠬᠡᠯᠪᠡᠷᠢ ᠶᠢ ᠳᠦᠬᠡᠮᠡᠯᠵᠢᠯᠡᠬᠦᠯᠤᠨᠠ᠃ ᠪᠦᠬᠦ ᠵᠢᠯ ᠤᠨ ᠠᠮᠤ ᠪᠤᠳᠠᠭ᠎ᠠ᠂ ᠠᠵᠤ | ᠠᠬᠤᠢ ᠶᠢᠨ ᠳᠠᠷᠢᠮᠠᠯ᠂ ᠪᠤᠷᠳᠤᠭᠠᠨ ᠤ ᠳᠠᠷᠢᠮᠠᠯ ᠤᠨ ᠬᠠᠷᠢᠴᠠᠯ ᠢ 68᠄ 17᠄ 15 ᠪᠤᠯᠭᠠᠨ᠎ᠠ᠃ ᠰᠢᠨ᠎ᠠ ᠪᠠᠷ | ᠨᠡᠮᠡᠭᠳᠡᠬᠦᠯᠬᠦ ᠳᠦᠬᠦᠬᠡᠷᠤᠮᠵᠢᠳᠤ ᠳᠠᠷᠢᠶᠠᠯᠠᠩ ᠂ ᠰᠢᠯᠢᠳᠡᠭ ᠬᠦᠷᠡᠩ ᠴᠠᠷᠭᠠᠰᠤ ᠡᠪᠡᠰᠤ ᠶᠢ ᠳᠤᠰᠪᠤᠷᠢ 20 ᠳᠦᠮᠡᠨ | ᠮᠦ ᠨᠡᠮᠡᠭᠳᠡᠬᠦᠯᠦᠨ᠎ᠠ᠃ ᠠᠮᠤ ᠪᠤᠳᠠᠭᠠᠨ ᠤ ᠤᠨᠠᠯᠲᠠ ᠶᠢ 100 ᠳ᠋ᠦᠩᠰᠢᠭᠤᠷ ᠵᠢᠩ ᠠᠴᠠ ᠳᠡᠬᠡᠭᠰᠢ ᠪᠠᠶᠢᠬᠤ ᠶᠢ | ᠪᠠᠳᠤᠯᠠᠨ᠎ᠠ᠃ ᠮᠢᠬᠠᠨ ᠤ ᠦᠬᠡᠷ ᠳᠡᠵᠢᠬᠡᠬᠦ ᠬᠡᠪᠴᠢᠶ᠎ᠠ ᠶᠢ 200 ᠳᠦᠮᠡᠨ ᠳᠤᠯᠤᠭᠠᠢ ᠳᠤ ᠬᠦᠷᠬᠡᠨ᠎ᠠ᠃ ᠮᠠᠯ ᠪᠠ | ᠬᠡᠷ ᠤᠨ ᠳᠡᠵᠢᠬᠡᠪᠤᠷᠢ ᠶᠢᠨ ᠡᠬᠦᠯᠳᠠᠷ ᠰᠠᠶᠢᠵᠢᠷᠠᠭᠤᠯᠤᠯᠲᠠ ᠶᠢᠨ ᠨᠤᠷᠮ᠎ᠠ ᠶᠢ 97% ᠳᠤ ᠬᠦᠷᠬᠡᠨ᠎ᠠ᠃ | ᠳᠠᠷᠢᠶᠠᠯᠠᠩ ᠮᠠᠯ ᠠᠵᠤ ᠠᠬᠤᠢ ᠶᠢᠨ ᠳᠦᠪᠯᠡᠷᠡᠬᠦᠯᠤᠯᠳᠠ ᠪᠠ ᠪᠠᠷᠢᠮᠵᠢᠶᠠᠯᠠᠯᠳᠠ ᠶᠢᠨ ᠪᠠᠶᠢᠭᠤᠯᠤᠯᠲᠠ ᠶᠢ | ᠠᠬᠢᠭᠤᠯᠵᠤ᠂ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠳᠪᠤᠷᠢᠵᠢᠬᠦᠯᠬᠦ ᠬᠢᠷᠢ ᠬᠡᠮᠵᠢᠶ᠎ᠠ ᠶᠢ | ᠳᠡᠬᠡᠭᠰᠢᠯᠡᠬᠦᠯᠤᠨ᠎ᠠ᠃ ᠳᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ ᠳᠡᠬᠡᠭᠰᠢᠯᠡᠬᠦᠯᠬᠦ | ᠢᠨᠵᠧᠨᠧᠷᠢᠩ ᠢ ᠬᠡᠷᠡᠭᠵᠢᠬᠦᠯᠵᠤ᠂ ᠬᠤᠳᠠ ᠶᠢᠨ ᠳᠠᠰ ᠠᠴᠠ ᠳᠡᠬᠡᠭᠰᠢᠬᠢ ᠳᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠳᠪᠤᠷᠢᠵᠢᠬᠦᠯᠬᠦ ᠭᠤᠤᠯᠳᠠᠯᠭ᠎ᠠ ᠲᠠᠢ ᠠᠵᠤ ᠠᠬᠤᠶᠢᠯᠠᠯ ᠢ 300 ᠡᠷᠤᠬᠡ ᠳᠤ ᠬᠦᠷᠬᠡᠨ᠎ᠠ᠃ ᠳᠠᠷᠢᠶᠠᠯᠠᠩ ᠮᠠᠯ | ᠠᠵᠤ ᠠᠬᠤᠢ ᠶᠢᠨ ᠪᠦᠳᠤᠬᠡᠭᠳᠡᠬᠦᠨ ᠢ ᠨᠠᠷᠢᠯᠢᠭ ᠬᠦᠨ ᠪᠤᠯᠪᠠᠰᠤᠷᠠᠭᠤᠯᠬᠤ ᠴᠢᠳᠠᠪᠤᠷᠢ ᠶᠢ ᠳᠡᠬᠡᠭᠰᠢᠯᠡᠬᠦᠯᠵᠤ᠂ ᠤᠷᠤᠨ | ᠭᠠᠵᠠᠷ ᠤᠨ ᠴᠢᠨᠠᠷᠲᠠᠢ ᠪᠠᠶᠢᠭᠠᠯᠢᠯᠢᠭ᠂ ᠤᠷᠭᠠᠨᠢᠭ᠂ ᠴᠡᠪᠡᠷᠬᠡᠨ ᠪᠦᠳᠤᠬᠡᠭᠳᠡᠬᠦᠨ ᠤ ᠨᠠᠷᠠᠳᠤ ᠳᠡᠮᠳᠡᠭ ᠢ ᠪᠦᠳᠤᠬᠡᠨᠠ᠃ | ᠳᠠᠷᠢᠶᠠᠯᠠᠩ ᠮᠠᠯ ᠠᠵᠤ ᠠᠬᠤᠢ ᠶᠢᠨ ᠪᠦᠳᠤᠬᠡᠭᠳᠡᠬᠦᠨ ᠤ ᠦᠢᠯᠡᠳᠪᠤᠷᠢᠯᠡᠬᠦ᠂ ᠵᠠᠬ᠎ᠠ ᠶᠢᠨ ᠬᠦᠢᠯᠬᠡᠬᠡ ᠪᠠ | ᠭᠠᠷᠭᠠᠯᠳᠠ ᠶᠢᠨ ᠳᠠᠪᠴᠠᠩ ᠤᠨ ᠪᠠᠶᠢᠭᠤᠯᠤᠯᠲᠠ ᠶᠢ ᠳᠦᠷᠬᠡᠳᠬᠡᠵᠤ᠂ ︽ᠳᠤᠤᠷ ᠰᠦᠯᠵᠢᠶ᠎ᠠ +︾ ᠳᠠᠷᠢᠶᠠᠯᠠᠩ ᠮᠠᠯ | ᠠᠵᠤ ᠠᠬᠤᠢ ᠶᠢᠨ ᠪᠦᠳᠤᠬᠡᠭᠳᠡᠬᠦᠨ ᠤ ᠬᠦᠭᠵᠢᠯᠳᠠ ᠶᠢᠨ ᠰᠢᠨ᠎ᠠ ᠵᠠᠭᠪᠤᠷ ᠢ ᠪᠠᠶᠢᠭᠤᠯᠤᠨ᠎ᠠ᠃ ᠠᠮᠢᠳᠠᠨ ᠤ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠳᠠᠷᠢᠶᠠᠯᠠᠩ ᠮᠠᠯ ᠠᠵᠤ ᠠᠬᠤᠢ ᠶᠢᠨ | ᠪᠦᠳᠤᠬᠡᠭᠳᠡᠬᠦᠨ ᠤ ᠶᠠᠰᠤ ᠴᠢᠨᠠᠷ ᠤᠨ ᠠᠮᠤᠷ ᠳᠦᠪᠰᠢᠨ ᠤ ᠬᠢᠨᠠᠨ ᠬᠠᠮᠢᠶᠠᠷᠤᠯᠳᠠ ᠶᠢᠨ ᠰᠢᠰᠲ᠋ᠧᠮ ᠢ | ᠲᠡᠬᠦᠯᠳᠠᠷᠵᠢᠬᠦᠯᠵᠤ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠳᠠᠰ ᠤᠨ ᠳᠠᠷᠢᠶᠠᠯᠠᠩ ᠤᠨ ᠪᠦᠳᠤᠬᠡᠭᠳᠡᠬᠦᠨ ᠤ | ᠶᠠᠰᠤ ᠴᠢᠨᠠᠷ ᠤᠨ ᠠᠮᠤᠷ ᠳᠦᠪᠰᠢᠨ ᠰᠢᠶᠠᠨ ᠢ ᠪᠦᠳᠤᠬᠡᠨ ᠪᠠᠶᠢᠭᠤᠯᠤᠭᠰᠠᠨ ᠦᠷ᠎ᠠ ᠪᠦᠳᠤᠮᠵᠢ ᠪᠠᠨ ᠦᠷᠬᠡᠳᠬᠡᠨ᠎ᠠ᠃ | ᠪᠦᠬᠦ ᠵᠢᠯ ᠳᠤ ︽ᠭᠤᠷᠪᠠᠨ ᠪᠦᠳᠦᠬᠡᠭᠳᠡᠬᠦᠨ ᠨᠢᠬᠡ ᠪᠠᠷᠢᠮᠵᠢᠶ᠎ᠠ︾ ᠶᠢᠨ ᠬᠢᠨᠠᠨ ᠪᠠᠳᠤᠯᠠᠭᠰᠠᠨ ᠳᠠᠷᠢᠶᠠᠯᠠᠩ ᠤᠨ | ᠪᠦᠳᠤᠬᠡᠭᠳᠡᠬᠦᠨ ᠢ 50 ᠳᠦᠷᠤᠯ ᠨᠡᠮᠡᠭᠳᠡᠬᠦᠯᠦᠨ᠎ᠠ᠃ | ᠳᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠠ ᠶᠢᠨ ᠳᠤᠭᠳᠠᠯᠴᠠᠭ᠎ᠠ ᠶᠢᠨ ᠰᠢᠨ᠎ᠠ ᠶᠢ ᠡᠬᠦᠳᠬᠦ ᠶᠢ | ᠠᠬᠢᠭᠤᠯᠵᠤ᠂ ᠤᠳᠤᠬᠢᠴᠢᠯᠠᠭᠰᠠᠨ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠬᠦᠴᠤᠨ ᠢᠶᠠᠨ | ᠴᠢᠩᠭᠠᠳᠬᠠᠨ᠎ᠠ᠃ ︽ᠬᠦᠳᠡᠭᠡ ᠳᠤᠰᠬᠤᠨ ᠢ ᠦᠷᠨᠢᠬᠦᠯᠦᠨ ᠬᠦᠭᠵᠢᠬᠦᠯᠬᠦ︾ ᠪᠤᠳᠤᠯᠭ᠎ᠠ ᠶᠢ ᠬᠡᠷᠡᠭᠵᠢᠬᠦᠯᠵᠤ᠂ | ᠬᠦᠳᠡᠭᠡ ᠳᠤᠰᠬᠤᠨ ᠮᠠᠯᠵᠢᠬᠤ ᠤᠷᠤᠨ ᠤ ᠨᠢᠬᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠩᠭᠤᠢ | ᠬᠦᠭᠵᠢᠯᠳᠠ ᠶᠢ ᠠᠬᠢᠭᠤᠯᠤᠨ᠂ ᠨᠢᠬᠡ ᠪᠦᠯᠦᠭ ᠳᠠᠭᠠᠭᠤᠯᠤᠭᠴᠢ ᠳᠠᠷᠢᠶᠠᠨ ᠬᠠᠰᠢᠶ᠎ᠠ ᠶᠢᠨ ᠶᠡᠷᠤᠩᠬᠡᠶᠢᠢᠯᠡᠭᠰᠡᠨ | ᠴᠤᠭᠴᠠ ᠶᠢ ᠴᠤᠭᠴᠠᠯᠠᠨ᠎ᠠ᠃ ᠰᠢᠨ᠎ᠠ ᠬᠡᠯᠪᠡᠷᠢ ᠶᠢᠨ ᠳᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ | ᠡᠵᠡᠩᠨᠡᠯᠳᠠ ᠶᠢᠨ ᠭᠤᠤᠯ ᠴᠤᠭᠴᠠ ᠶᠢ ᠬᠦᠮᠦᠵᠢᠬᠦᠯᠵᠤ᠂ ᠤᠳᠤᠬᠢᠴᠢᠯᠠᠭᠰᠠᠨ ᠳᠡᠷᠢᠶᠠᠯᠠᠩ ᠮᠠᠯ ᠠᠵᠤ ᠠᠬᠤᠢ ᠪᠠᠷ | ᠤᠳᠤᠷᠢᠳᠤᠮᠵᠢ ᠪᠤᠯᠭᠠᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠬᠤᠶᠠᠷ᠂ ᠭᠤᠷᠪᠠᠳᠤᠭᠠᠷ ᠠᠵᠤ ᠦᠢᠯᠡᠰ ᠢᠶᠠᠷ | ᠨᠦᠬᠦᠪᠤᠷᠢ ᠪᠤᠯᠭᠠᠭᠰᠠᠨ ᠪᠦᠬᠦᠶᠢᠯᠡ ᠠᠵᠤ ᠠᠬᠤᠶᠢᠯᠠᠯ ᠤᠨ ᠬᠡᠯᠬᠢᠶ᠎ᠠ ᠶᠢᠨ ᠦᠢᠯᠡᠳᠪᠤᠷᠢᠯᠡᠯ ᠡᠵᠡᠩᠨᠡᠯᠳᠠ ᠶᠢᠨ | ᠰᠢᠰᠲ᠋ᠧᠮ ᠢ ᠪᠠᠶᠢᠭᠤᠯᠤᠨ᠎ᠠ᠃ ᠳᠤᠰᠬᠠᠢ ᠮᠡᠷᠬᠡᠵᠢᠯ ᠤᠨ ᠶᠡᠭᠡ ᠡᠷᠤᠬᠡ᠂ ᠬᠡᠷ ᠪᠦᠯᠢ ᠶᠢᠨ ᠳᠠᠷᠢᠶᠠᠯᠠᠩ ᠮᠠᠯᠵᠢᠯ ᠤᠨ | ᠲᠯᠠᠠᠪᠠᠢ᠂ ᠮᠠᠯᠴᠢᠨ ᠳᠠᠷᠢᠶᠠᠴᠢᠨ ᠤ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ᠂ ᠳᠠᠷᠢᠶᠠᠯᠠᠩ ᠮᠠᠯ ᠠᠵᠤ | ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠤᠨ ᠬᠡᠪᠴᠢᠶ᠎ᠠ ᠶᠢ ᠦᠷᠬᠡᠳᠬᠡᠵᠤ᠂ ᠤᠯᠠᠨ ᠵᠦᠢᠯ ᠤᠨ | ᠬᠡᠯᠪᠡᠷᠢ ᠶᠢᠨ ᠵᠤᠬᠢᠰᠳᠠᠢ ᠬᠡᠪᠴᠢᠶ᠎ᠠ ᠪᠦᠬᠦᠢ ᠡᠵᠡᠩᠨᠡᠯᠳᠠ ᠶᠢ ᠬᠦᠭᠵᠢᠬᠦᠯᠤᠨ᠎ᠠ᠃ ᠬᠤᠳᠠ ᠶᠢᠨ ᠳᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠮᠡᠷᠬᠡᠵᠢᠯ ᠤᠨ ᠬᠦᠷᠢᠶᠡᠯᠡᠩ ᠤᠨ ᠳᠦᠷᠤᠯ ᠵᠦᠢᠯ ᠢ ᠡᠬᠢᠯᠡᠬᠦᠯᠵᠤ᠂ ᠳᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠬᠦ ᠮᠡᠷᠬᠡᠵᠢᠯ ᠤᠨ ᠰᠤᠳᠤᠯᠭᠠᠨ ᠪᠠ ᠦᠷ᠎ᠠ ᠪᠦᠳᠤᠬᠡᠯ ᠢ ᠬᠡᠷᠡᠭᠯᠡᠬᠡᠨ ᠳᠤ ᠤᠷᠤᠭᠤᠯᠬᠤ | ᠴᠢᠳᠠᠪᠤᠷᠢ ᠶᠢ ᠳᠡᠬᠡᠭᠰᠢᠯᠡᠬᠦᠯᠦᠨ᠎ᠠ᠃ ᠪᠦᠬᠦ ᠵᠢᠯ ᠳᠤ ᠳᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠳᠪᠤᠷᠢᠵᠢᠭᠰᠡᠨ ᠳᠠᠭᠠᠭᠤᠯᠤᠭᠴᠢ ᠠᠵᠤ ᠠᠬᠤᠶᠢᠯᠠᠯ ᠪᠠ ᠮᠠᠯᠴᠢᠨ ᠳᠠᠷᠢᠶᠠᠴᠢᠨ ᠤ ᠠᠰᠢᠭ ᠳᠤᠰᠠ ᠶᠢᠨ ᠨᠢᠬᠳᠠ | ᠤᠶᠠᠯᠳᠤᠯ ᠤᠨ ᠬᠠᠷᠢᠴᠠᠯ ᠢ 52% ᠲᠤ ᠬᠦᠷᠬᠡᠨ᠎ᠠ᠃ ᠬᠤᠷᠰᠢᠶᠠᠵᠢᠯ ᠤᠨ ᠵᠤᠬᠢᠶᠠᠨ ᠪᠠᠶᠢᠭᠤᠯᠤᠯᠲᠠ ᠶᠢᠨ | ᠪᠦᠷᠬᠦᠴᠠ ᠶᠢᠨ ᠨᠤᠷᠮ᠎ᠠ ᠶᠢ 57% ᠳᠤ ᠬᠦᠷᠬᠡᠨ᠎ᠠ᠃ | ᠬᠤᠶᠠᠷ ᠲᠤ᠂ ᠠᠵᠤ ᠦᠢᠯᠡᠳᠪᠤᠷᠢ ᠶᠢᠨ ᠬᠦᠭᠵᠢᠯᠳᠠ ᠶᠢᠨ ᠬᠦᠴᠤᠨ ᠢ ᠪᠤᠵᠠᠭᠠᠶᠢᠷᠠᠭᠤᠯᠤᠨ᠎ᠠ᠃ | | ᠳᠤᠯᠭᠠᠭᠤᠷᠢ ᠠᠵᠤ ᠠᠬᠤᠶᠢᠢᠯᠠᠯ ᠤᠨ ᠬᠡᠯᠬᠢᠶ᠎ᠠ ᠶᠢ ᠤᠷᠳᠤᠰᠬᠠᠨᠠ᠃ ︽ᠠᠵᠤ ᠦᠢᠯᠡᠳᠪᠤᠷᠢ ᠶᠢᠨ ᠠᠵᠤ | ᠠᠬᠤᠢ ᠶᠢ ᠳᠠᠬᠢᠨ ᠢᠶᠠᠷ ᠨᠡᠮᠡᠭᠳᠡᠬᠦᠯᠬᠦ ᠠᠵᠢᠯᠯᠠᠭ᠎ᠠ︾ ᠶᠢ ᠡᠬᠢᠯᠡᠬᠦᠯᠵᠤ᠂ ᠭᠤᠷᠪᠠ ᠠᠴᠠ ᠳᠠᠪᠤᠨ | ᠵᠢᠯ ᠤᠨᠴᠢᠷᠮᠠᠶᠢᠯᠭᠠ ᠪᠠᠷ ᠳᠠᠮᠵᠢᠨ ᠤᠯᠠᠭᠠᠨᠬᠠᠳᠠ ᠶᠢᠨ ᠠᠵᠤ ᠦᠢᠯᠡᠳᠪᠤᠷᠢ ᠶᠢ ᠳᠠᠬᠢᠨ ᠪᠤᠰᠬᠠᠨ᠎ᠠ᠃ ᠠᠭᠤᠷᠬᠠᠢ ᠶᠢᠨ | ᠡᠬᠢ ᠪᠠᠶᠠᠯᠢᠭ ᠢ ᠨᠡᠶᠢᠳᠬᠡᠬᠦ ᠶᠢ ᠠᠬᠢᠭᠤᠯᠵᠤ᠂ ᠴᠡᠪᠡᠷ ᠠᠷᠢᠭᠤᠨ ᠠᠭᠤᠷᠬᠠᠢ ᠶᠢᠨ ᠡᠬᠢ ᠪᠠᠶᠠᠯᠢᠭ ᠤᠨ | ᠬᠦᠭᠵᠢᠯᠳᠠ ᠶᠢ ᠳᠦᠷᠬᠡᠳᠬᠡᠨ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠶᠠᠰᠤ ᠴᠢᠨᠠᠷ ᠢ | ᠳᠡᠬᠡᠭᠰᠢᠯᠡᠬᠦᠯᠤᠨ᠎ᠠ᠃ ᠦᠡᠭᠬᠡᠳᠤ ᠳᠡᠮᠦᠷᠯᠢᠭ ᠤᠨ ᠠᠵᠤ ᠦᠢᠯᠡᠳᠪᠤᠷᠢᠯᠡᠯ ᠤᠨ ᠨᠠᠷᠢᠯᠢᠭ ᠬᠦᠨ ᠪᠤᠯᠪᠠᠰᠤᠷᠠᠭᠤᠯᠬᠤ | ᠴᠢᠳᠠᠪᠤᠷᠢ ᠪᠠ ᠪᠦᠷᠢᠨ ᠳᠦᠬᠦᠷ ᠬᠦᠭᠵᠢᠯᠳᠠ ᠶᠢᠨ ᠬᠢᠷᠢ ᠬᠡᠮᠵᠢᠶ᠎ᠠ ᠶᠢ ᠳᠡᠬᠡᠭᠰᠢᠯᠡᠬᠦᠯᠬᠦ ᠶᠢᠨ ᠳᠤᠭᠤᠷᠢᠨ ᠳᠤ ᠠᠵᠤ | ᠦᠢᠯᠡᠳᠪᠤᠷᠢ ᠶᠢᠨ ᠬᠡᠯᠬᠢᠶ᠎ᠠ ᠶᠢᠨ ᠭᠦᠨᠵᠡᠭᠡᠶᠢᠷᠡᠨ ᠳᠠᠪᠰᠢᠬᠤ ᠢᠨᠵᠧᠨᠧᠷᠢᠩ ᠤᠨ ᠰᠢᠪᠳᠤᠯᠤᠯᠳᠠ ᠶᠢᠨ ᠳᠠᠶᠢᠨ ᠢ | ᠬᠢᠨ᠎ᠠ᠃ ᠶᠢᠨ ᠵᠢᠶᠠᠨ ᠭᠠᠤᠯᠢ ᠶᠢᠨ ᠦᠢᠯᠡᠰ ᠤᠨ 40 ᠳᠦᠮᠡᠨ ᠳᠤᠨ ᠭᠠᠤᠯᠢ ᠬᠠᠶᠢᠯᠤᠭᠤᠯᠬᠤ ᠵᠤᠤᠬ᠎ᠠ ᠶᠢᠨ ᠭᠤᠤᠯ | ᠴᠤᠭᠴᠠ ᠢᠨᠵᠧᠨᠧᠷᠢᠩ ᠢ ᠪᠠᠶᠢᠭᠤᠯᠵᠤ᠂ ᠤᠯᠠᠭᠠᠨᠬᠠᠳᠠ ᠶᠢᠨ ᠶᠦᠨ ᠳᠦᠩ ᠤᠨ 40 ᠳᠦᠮᠡᠨ ᠳᠤᠨ ᠤ ᠭᠠᠤᠯᠢ | ᠬᠠᠶᠢᠯᠤᠭᠤᠯᠬᠤ ᠵᠤᠤᠬ᠎ᠠ ᠶᠢ ᠪᠠᠶᠢᠭᠤᠯᠤᠨ ᠬᠡᠷᠡᠭᠯᠡᠯᠳᠠ ᠳᠤ ᠤᠷᠤᠭᠤᠯᠤᠨ᠎ᠠ᠃ ᠳᠡᠮᠤᠷᠯᠢᠭ ᠬᠠᠶᠢᠯᠤᠭᠤᠯᠬᠤ ᠠᠵᠤ | ᠦᠢᠯᠡᠳᠪᠤᠷᠢᠯᠡᠯ ᠪᠠ ᠪᠦᠳᠤᠬᠡᠭᠳᠡᠬᠦᠨ ᠤ ᠪᠦᠳᠤᠴᠠ ᠳᠤ ᠳᠤᠬᠢᠷᠠᠭᠤᠯᠤᠯᠳᠠ ᠬᠢᠵᠤ᠂ ᠨᠢᠬᠡ ᠪᠦᠯᠦᠭ ᠭᠠᠤᠯᠢ ᠶᠢᠨ | ᠦᠨᠳᠤᠰᠤᠨ ᠪᠦᠳᠤᠬᠡᠭᠳᠡᠬᠦᠨ ᠢᠶᠠᠷ ᠭᠤᠤᠯᠳᠠᠯᠭ᠎ᠠ ᠪᠤᠯᠭᠠᠭᠰᠠᠨ ᠦᠡᠭᠬᠡᠳᠤ ᠳᠡᠮᠦᠷᠯᠢᠭ ᠢ ᠨᠠᠷᠢᠯᠢᠭ ᠬᠦᠨ | ᠪᠤᠯᠪᠠᠰᠤᠷᠠᠭᠤᠯᠬᠤ ᠠᠵᠤ ᠠᠬᠤᠶᠢᠯᠠᠯ ᠢ ᠳᠠᠳᠠᠨ ᠠᠪᠴᠢᠷᠠᠨ᠎ᠠ᠃ ᠦᠪᠡᠷᠳᠡᠬᠡᠨ ᠵᠠᠰᠠᠬᠤ ᠤᠷᠤᠨ ᠤ ᠳᠠᠰ ᠤᠨ ᠴᠠᠶᠢᠷ | ᠬᠠᠶᠢᠯᠤᠭᠤᠯᠤᠨ ᠪᠤᠯᠪᠠᠰᠤᠷᠠᠭᠤᠯᠬᠤ ᠰᠢᠨ᠎ᠠ ᠶᠢ ᠡᠬᠦᠳᠬᠦ ᠳᠦᠪ ᠢ ᠬᠦᠮᠦᠵᠢᠬᠦᠯᠬᠦ ᠢᠨᠵᠧᠨᠧᠷᠢᠩ ᠢ ᠬᠡᠷᠡᠭᠵᠢᠬᠦᠯᠵᠤ᠂ | ᠤᠯᠤᠰ ᠤᠨ ᠭᠤᠤᠯᠳᠠᠯᠭ᠎ᠠ ᠲᠠᠢ ᠦᠡᠭᠬᠡᠳᠤ ᠳᠡᠮᠦᠷᠯᠢᠭ ᠤᠨ ᠪᠦᠳᠤᠬᠡᠭᠳᠡᠬᠦᠨ ᠤ ᠰᠠᠭᠤᠷᠢᠨ ᠪᠠ ᠭᠠᠤᠯᠢ ᠶᠢᠨ | ᠦᠢᠯᠡᠰ ᠤᠨ ᠬᠦᠭᠵᠢᠯᠳᠠ ᠶᠢᠨ ᠪᠦᠯᠦᠭᠯᠡᠯ ᠢ ᠪᠠᠶᠢᠭᠤᠯᠬᠤ ᠠᠵᠢᠯ ᠢ ᠠᠬᠢᠭᠤᠯᠤᠨ᠎ᠠ᠃ ᠤᠳᠤᠷᠢᠳᠤᠮᠵᠢ | ᠪᠤᠯᠬᠤ ᠠᠵᠤ ᠦᠢᠯᠡᠳᠪᠤᠷᠢᠯᠡᠯ ᠤᠨ ᠬᠡᠯᠪᠡᠷᠢ ᠪᠠᠨ ᠦᠬᠡᠷᠡᠴᠢᠯᠡᠵᠤ ᠳᠠᠰ ᠳᠠᠪᠰᠢᠬᠤ ᠶᠠᠪᠤᠴᠠ ᠶᠢ ᠳᠦᠷᠬᠡᠳᠬᠡᠨ᠎ᠠ᠃ | ᠡᠨᠧᠷᠭᠢ᠂ ᠬᠢᠮᠢ ᠶᠢᠨ ᠦᠢᠯᠡᠳᠪᠤᠷᠢ᠂ ᠢᠳᠡᠬᠡᠨ᠂ ᠮᠧᠬᠠᠨᠢᠭ᠂ ᠪᠠᠷᠢᠯᠭ᠎ᠠ ᠶᠢᠨ ᠮᠠᠲ᠋ᠧᠷᠢᠶᠡᠯ᠂ ᠨᠡᠬᠡᠮᠡᠯ᠂ ᠡᠮ ᠡᠮᠨᠡᠯᠬᠡ | ᠵᠡᠷᠬᠡ ᠭᠤᠤᠯ ᠪᠤᠯᠬᠤ ᠤᠯᠠᠮᠵᠢᠯᠠᠯᠳᠤ ᠠᠵᠤ ᠦᠢᠯᠡᠳᠪᠤᠷᠢᠯᠡᠯ ᠤᠨ ᠳᠤᠭᠤᠷᠢᠨ ᠳᠤ ᠳᠤᠮᠤ ᠶᠡᠭᠡ ᠳᠦᠷᠤᠯ ᠵᠦᠢᠯ ᠤᠨ | ᠪᠠᠶᠢᠭᠤᠯᠤᠯᠲᠠ᠂ ᠳᠠᠭᠠᠭᠤᠯᠤᠭᠴᠢ ᠠᠵᠤ ᠦᠢᠯᠡᠰ ᠢ ᠬᠦᠮᠦᠵᠢᠬᠦᠯᠬᠦ ᠪᠠ ᠠᠵᠤ ᠦᠢᠯᠡᠳᠪᠤᠷᠢᠯᠡᠯ ᠤᠨ | ᠠᠭᠤᠰᠤᠯᠴᠠᠭᠰᠠᠨ ᠬᠦᠭᠵᠢᠯᠳᠠ ᠶᠢ ᠠᠬᠢᠭᠤᠯᠵᠤ᠂ ᠦᠨᠳᠤᠷ ᠰᠢᠨ᠎ᠠ ᠮᠡᠷᠬᠡᠵᠢᠯ ᠢ ᠠᠬᠢᠭᠤᠯᠤᠨ᠂ ᠴᠢᠮᠡᠭᠡ | ᠵᠠᠩᠬᠢ ᠶᠢᠨ ᠮᠡᠷᠬᠡᠵᠢᠯ ᠢ ᠦᠢᠯᠡᠳᠪᠤᠷᠢᠯᠡᠬᠦ ᠶᠠᠪᠤᠴᠠ ᠦᠬᠡᠳᠠ ᠬᠠᠨᠳᠤᠭᠤᠯᠦᠨᠠ᠃ ᠠᠵᠤ ᠦᠢᠯᠡᠳᠪᠤᠷᠢᠯᠡᠯ ᠤᠨ | ᠬᠡᠯᠪᠡᠷᠢ ᠮᠠᠶ᠋ᠢᠭ ᠢᠶᠠᠨ ᠦᠬᠡᠷᠡᠴᠢᠯᠡᠬᠦ ᠪᠠ ᠪᠦᠳᠤᠬᠡᠯᠴᠢ ᠴᠢᠨᠠᠷᠲᠠᠢ ᠬᠦᠭᠵᠢᠯᠳᠠ ᠶᠢᠨ ᠳᠤᠭᠤᠷᠢᠨ ᠳᠤ᠂ ᠮᠡᠷᠬᠡᠵᠢᠯ ᠤᠨ | ᠳᠦᠪ ᠪᠠ ᠰᠤᠳᠤᠯᠤᠨ ᠪᠦᠳᠤᠬᠡᠬᠦ ᠳᠠᠪᠴᠠᠩ ᠤᠨ ᠪᠠᠶᠢᠭᠤᠯᠤᠯᠲᠠ ᠶᠢ ᠳᠦᠷᠬᠡᠳᠬᠡᠵᠤ᠂ ᠠᠵᠤ ᠠᠬᠤᠶᠢᠯᠠᠯ ᠤᠨ | ᠮᠡᠷᠬᠡᠵᠢᠯ ᠤᠨ ᠦᠬᠡᠷᠡᠴᠢᠯᠡᠯᠳᠠ ᠪᠠ ᠳᠠᠰ ᠳᠠᠪᠰᠢᠬᠤ ᠬᠦᠴᠤᠯᠠᠴᠠ ᠶᠢ ᠨᠡᠮᠡᠭᠳᠡᠬᠦᠯᠵᠤ᠂ ᠦᠪᠤᠷ ᠮᠤᠩᠭᠤᠯ ᠤᠨ | ᠮᠤᠩᠭᠤᠯ ᠬᠢᠳᠠᠳ ᠡᠮ ᠤᠨ ᠰᠢᠨ᠎ᠠ ᠶᠢ ᠡᠬᠦᠳᠬᠦ ᠳᠦᠪ ᠢ ᠪᠠᠶᠢᠭᠤᠯᠤᠨ ᠡᠵᠡᠩᠨᠡᠬᠦ ᠪᠠᠷ ᠴᠢᠷᠮᠠᠶᠢᠨ᠎ᠠ᠃ | ᠰᠢᠨ᠎ᠠ ᠪᠠᠷ ᠦᠷᠨᠢᠭᠰᠡᠨ ᠠᠵᠤ ᠦᠢᠯᠡᠳᠪᠤᠷᠢᠯᠡᠯ ᠤᠨ ᠪᠤᠵᠠᠭᠠᠶᠢᠷᠠᠯᠲᠠ ᠶᠢ ᠳᠦᠷᠬᠡᠳᠬᠡᠨ᠎ᠠ᠃ ᠳᠦᠷᠤ ᠶᠢᠨ | ᠪᠤᠳᠤᠯᠭ᠎ᠠ ᠶᠢᠨ ᠳᠡᠳᠬᠦᠬᠦ ᠬᠦᠴᠤᠨ ᠢᠶᠠᠨ ᠨᠡᠮᠡᠭᠳᠡᠬᠦᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠪᠠᠷ | ᠦᠷᠨᠢᠭᠰᠡᠨ ᠠᠵᠤ ᠦᠢᠯᠡᠳᠪᠤᠷᠢᠯᠡᠯ ᠢ ᠬᠦᠮᠦᠵᠢᠬᠦᠯᠬᠦ ᠰᠢᠪᠳᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠳᠤᠮᠤ | ᠠᠵᠤ ᠦᠢᠯᠡᠰ᠂ ᠳᠤᠮᠤ ᠪᠦᠯᠦᠭᠯᠡᠯ ᠲᠠᠢ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠨ᠂ ᠳ᠋ᠠ | ᠲᠠᠩ ᠤᠯᠠᠨ ᠤᠯᠤᠰ ᠤᠨ ᠣᠷᠴᠢᠯ ᠠᠵᠤ ᠠᠬᠤᠢ ᠶᠢᠨ ᠬᠦᠷᠢᠶᠡᠯᠡᠩ᠂ ᠳᠦᠸᠧ ᠵᠢᠶᠠ ᠡᠯᠧᠺᠲᠷᠤᠨ ᠴᠢᠮᠡᠭᠡ | ᠵᠠᠩᠬᠢ ᠶᠢᠨ ᠠᠵᠤ ᠦᠢᠯᠡᠰ ᠤᠨ ᠬᠦᠷᠢᠶᠡᠯᠡᠩ᠂ ᠲᠠᠢ ᠯᠢᠩ ᠬᠠᠢ ᠴᠤᠧᠠᠩ ᠠᠮᠢᠳᠤ ᠪᠤᠳᠠᠰ ᠤᠨ ᠡᠬᠦᠳᠤᠨ | ᠪᠦᠲᠦᠭᠡᠯᠲᠡ ᠶᠢᠨ ᠬᠦᠷᠢᠶᠡᠯᠡᠩ᠂ ᠹᠦ᠋ ᠯᠧ ᠰᠢ ᠠᠵᠤ ᠦᠢᠯᠡᠰᠵᠢᠯ᠂ ᠨᠠᠨᠤᠮᠧᠲᠷ ᠤᠨ ᠤᠰᠤᠮᠠᠭ ᠪᠦᠯᠦᠭᠳᠦ | ᠹᠤᠰᠹᠤᠷ ᠤᠨ ᠪᠤᠷᠤ ᠴᠢᠯᠠᠭᠤᠯᠢᠭ ᠤᠨ ᠳᠡᠬᠡᠳᠤ ᠳᠠᠰ ᠤᠨ ᠮᠠᠲ᠋ᠧᠷᠢᠶᠡᠯ ᠵᠡᠷᠬᠡ ᠳᠤᠰᠬᠠᠢ ᠦᠢᠯᠡᠳᠪᠤᠷᠢᠯᠡᠯ ᠤᠨ | ᠬᠦᠷᠢᠶᠡᠯᠡᠩ ᠳᠤᠭᠤᠷᠢᠭ ᠪᠠ ᠭᠤᠤᠯᠳᠠᠯᠭᠠᠳᠤ ᠳᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠶᠢ ᠠᠬᠢᠭᠤᠯᠵᠤ᠂ | ᠰᠢᠨ᠎ᠠ ᠡᠨᠧᠷᠭᠢ᠂ ᠰᠢᠨ᠎ᠠ ᠳᠦᠬᠦᠬᠡᠷᠤᠮᠵᠢ᠂ ᠰᠢᠨ᠎ᠠ ᠮᠠᠲ᠋ᠧᠷᠢᠶᠡᠯ᠂ ᠡᠯᠧᠺᠲᠷᠤᠨ ᠴᠢᠮᠡᠭᠡ ᠵᠠᠩᠬᠢ᠂ ᠠᠮᠢᠳᠤ | ᠪᠤᠳᠠᠰ ᠤᠨ ᠰᠢᠨᠵᠢᠯᠡᠭᠡ ᠮᠡᠷᠬᠡᠵᠢᠯ᠂ ᠤᠳᠤᠬᠢᠴᠢᠯᠠᠭᠰᠠᠨ ᠡᠮ ᠡᠮᠨᠡᠯᠬᠡ ᠵᠡᠷᠬᠡ ᠨᠠᠯᠢᠶᠠᠳ ᠶᠡᠭᠡ ᠦᠰᠦᠯᠳᠠ ᠶᠢᠨ | ᠳᠠᠯᠳᠠ ᠶᠢᠨ ᠬᠦᠴᠤᠨ ᠲᠠᠢ ᠰᠢᠨ᠎ᠠ ᠪᠠᠷ ᠦᠷᠨᠢᠭᠰᠡᠨ ᠠᠵᠤ ᠦᠢᠯᠡᠳᠪᠤᠷᠢᠯᠡᠯ ᠤᠨ ᠳᠦᠷᠬᠡᠨ ᠬᠦᠭᠵᠢᠯᠳᠠ ᠶᠢ | ᠳᠠᠶᠢᠴᠢᠯᠠᠨ᠎ᠠ᠃ | ᠬᠦᠷᠢᠶᠡᠯᠡᠩ ᠳᠤᠭᠤᠷᠢᠭ ᠢ ᠪᠠᠶᠢᠭᠤᠯᠤᠨ ᠬᠦᠭᠵᠢᠬᠦᠯᠬᠦ ᠠᠯᠬᠤᠴᠠ ᠢᠶᠠᠨ ᠳᠦᠷᠬᠡᠳᠬᠡᠨ᠎ᠠ᠃ ᠮᠠ | ᠯᠢᠨ ᠦᠡᠭᠬᠡᠳᠤ ᠳᠡᠮᠦᠷᠯᠢᠭ ᠤᠨ ᠠᠵᠤ ᠦᠢᠯᠡᠳᠪᠤᠷᠢᠯᠡᠯ ᠤᠨ ᠬᠦᠷᠢᠶᠡᠯᠡᠩ ᠤᠨ ᠬᠦᠭᠵᠢᠯᠳᠠ ᠶᠢ ᠳᠦᠷᠬᠡᠳᠬᠡᠵᠤ᠂ | ᠭᠠᠷᠠᠮ ᠲᠠᠢ ᠦᠢᠷᠠᠯᠴᠠᠭ᠎ᠠ ᠠᠵᠤ ᠦᠢᠯᠡᠳᠪᠤᠷᠢᠯᠡᠯ ᠤᠨ ᠬᠦᠷᠢᠶᠡᠯᠡᠩ ᠤᠨ ᠪᠠᠶᠢᠭᠤᠯᠤᠯᠲᠠ ᠶᠢ ᠠᠬᠢᠭᠤᠯᠵᠤ᠂ | ᠤᠯᠠᠭᠠᠨᠬᠠᠳᠠ ᠶᠢᠨ ᠳᠡᠬᠡᠳᠤ ᠰᠢᠨ᠎ᠠ ᠮᠡᠷᠬᠡᠵᠢᠯ ᠤᠨ ᠠᠵᠤ ᠦᠢᠯᠡᠳᠪᠤᠷᠢᠯᠡᠯ ᠤᠨ ᠨᠡᠬᠡᠬᠡᠯᠳᠠ ᠶᠢᠨ ᠳᠤᠭᠤᠷᠢᠭ ᠢ | ᠤᠯᠤᠰ ᠤᠨ ᠳᠠᠰ ᠤᠨ ᠳᠡᠬᠡᠳᠤ ᠰᠢᠨ᠎ᠠ ᠮᠡᠷᠬᠡᠵᠢᠯ ᠤᠨ ᠳᠤᠭᠤᠷᠢᠭ ᠪᠤᠯᠭᠠᠬᠤ ᠪᠠᠷ ᠴᠢᠷᠮᠠᠶᠢᠵᠤ᠂ ᠤᠯᠠᠭᠠᠨᠬᠠᠳᠠ ᠶᠢᠨ | ᠵᠡᠬᠦᠨ ᠬᠡᠰᠡᠭ ᠤᠨ ᠠᠵᠤ ᠦᠢᠯᠡᠳᠪᠤᠷᠢ ᠶᠢᠨ ᠠᠵᠤ ᠠᠬᠤᠢ ᠶᠢᠨ ᠬᠤᠨᠭ᠍ᠬᠢᠯ ᠢ ᠴᠤᠭᠴᠠᠯᠠᠨ᠎ᠠ᠃ ᠳᠡᠬᠡᠳᠤ ᠰᠢᠨ᠎ᠠ | ᠮᠡᠷᠬᠡᠵᠢᠯ ᠤᠨ ᠳᠤᠭᠤᠷᠢᠭ ᠤᠨ 2 × 35 ᠳᠦᠮᠡᠨ ᠺᠢᠯᠤᠧᠠᠲ ᠤᠨ ᠪᠡᠯᠡᠳᠬᠡᠯ ᠴᠠᠬᠢᠯᠭᠠᠨ ᠦᠢᠯᠡᠳᠪᠤᠷᠢ ᠶᠢᠨ | ᠪᠠᠶᠢᠭᠤᠯᠤᠯᠲᠠ ᠶᠢ ᠳᠦᠷᠬᠡᠳᠬᠡᠵᠤ᠂ ᠳᠡᠬᠡᠳᠤ ᠰᠢᠨ᠎ᠠ ᠮᠡᠷᠬᠡᠵᠢᠯ ᠤᠨ ᠳᠤᠭᠤᠷᠢᠭ ᠤᠨ ᠤᠰᠤ᠂ ᠴᠠᠬᠢᠯᠭᠠᠨ᠂ ᠵᠠᠮ᠂ | ᠰᠢᠳᠠᠮᠠᠬᠠᠢ ᠬᠡᠢ᠂ ᠳᠤᠯᠠᠭᠠᠴᠠᠯᠭ᠎ᠠ᠂ ᠴᠢᠮᠡᠭᠡ ᠨᠡᠪᠳᠡᠷᠡᠯᠬᠡ ᠶᠢᠨ ᠦᠨᠳᠤᠰᠤᠨ ᠳᠦᠬᠦᠬᠡᠷᠤᠮᠵᠢ ᠶᠢ ᠪᠦᠷᠢᠨᠰᠢᠬᠦᠯᠵᠤ᠂ | ᠬᠠᠶᠠᠭᠳᠠᠮᠠᠯ ᠪᠤᠳᠠᠰ ᠢ ᠬᠤᠤᠷ ᠦᠬᠡᠢ ᠪᠤᠯᠭᠠᠨ ᠰᠢᠢᠳᠪᠤᠷᠢᠯᠡᠬᠦ᠂ ᠠᠶᠤᠯᠳᠤ ᠬᠠᠶᠠᠭᠳᠠᠮᠠᠯ ᠢ ᠰᠢᠢᠳᠪᠤᠷᠢᠯᠡᠬᠦ᠂ ᠪᠤᠵᠠᠷ | ᠤᠰᠤ ᠶᠢ ᠰᠢᠢᠳᠪᠤᠷᠢᠯᠡᠬᠦ ᠵᠡᠷᠬᠡ ᠳᠦᠬᠦᠷᠵᠢᠭᠰᠡᠨ ᠳᠤᠨᠤᠭ ᠢ ᠪᠠᠶᠢᠭᠤᠯᠵᠤ᠂ ᠠᠴᠢᠶᠠᠯᠠᠨ ᠳᠠᠭᠠᠭᠠᠬᠤ ᠪᠠᠳᠤᠯᠠᠭ᠎ᠠ ᠶᠢᠨ | ᠴᠢᠳᠠᠪᠤᠷᠢ ᠪᠠᠨ ᠨᠡᠮᠡᠭᠳᠡᠬᠦᠯᠦᠤᠨᠠ᠃ ᠪᠤᠰᠤᠳ ᠭᠠᠵᠠᠷ ᠡᠵᠡᠩᠨᠡᠬᠦ ᠠᠵᠤ ᠠᠬᠤᠢ ᠶᠢᠨ ᠳᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠳᠡᠬᠡᠳᠤ ᠰᠢᠨ᠎ᠠ ᠮᠡᠷᠬᠡᠵᠢᠯ ᠤᠨ ᠳᠤᠭᠤᠷᠢᠭ ᠤᠨ ᠬᠠᠷᠢᠴᠠᠭᠤᠯᠤᠭᠰᠠᠨ ᠳᠠᠪᠠᠭᠤᠯᠢᠭ ᠢᠶᠠᠷ | ᠵᠤᠭᠰᠤᠴᠠ ᠪᠤᠯᠭᠠᠨ᠂ ᠬᠠᠮ ᠴᠤᠭᠯᠠᠷᠠᠯ ᠤᠨ ᠳᠠᠶᠢᠴᠢᠯᠠᠬᠤ ᠬᠦᠴᠤᠨ ᠢᠶᠠᠨ ᠨᠡᠮᠡᠭᠳᠡᠬᠦᠯᠵᠤ᠂ ᠬᠤᠳᠠ ᠶᠢᠨ | ᠭᠠᠳᠠᠭᠠᠳᠤ ᠳᠤ ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠪᠠ ᠤᠨᠤᠪᠴᠢᠳᠠᠢ ᠪᠠᠷ ᠠᠵᠤ ᠦᠢᠯᠡᠳᠪᠤᠷᠢᠯᠡᠯ ᠢ | ᠬᠦᠯᠢᠶᠡᠨ ᠠᠪᠬᠤ ᠶᠢ ᠬᠡᠷᠡᠭᠵᠢᠬᠦᠯᠵᠤ᠂ ᠬᠤᠳᠠ ᠶᠢᠨ ᠳᠤᠳᠤᠭᠠᠳᠤ ᠳᠤ ᠪᠠᠨ ᠬᠤᠰᠢᠭᠤ ᠰᠢᠶᠠᠨ ᠤ ᠳᠡᠬᠡᠳᠤ ᠰᠢᠨ᠎ᠠ | ᠮᠡᠷᠬᠡᠵᠢᠯ ᠤᠨ ᠳᠦᠷᠤᠯ ᠵᠦᠢᠯ ᠢ ᠳᠠᠳᠠᠨ ᠠᠪᠴᠤ᠂ ᠬᠦᠷᠢᠶᠡᠯᠡᠩ ᠳᠤᠭᠤᠷᠢᠭ ᠲᠤ ᠪᠠᠶᠢᠷᠢᠯᠠᠭᠤᠯᠤᠨ᠎ᠠ᠃ | ᠭᠤᠷᠪᠠ ᠳᠤ᠂ ᠦᠢᠯᠡᠴᠢᠯᠡᠬᠡᠨ ᠤ ᠦᠢᠯᠡᠰ ᠤᠨ ᠬᠦᠭᠵᠢᠯᠳᠠ ᠶᠢ ᠳᠦᠷᠬᠡᠳᠬᠡᠨ᠎ᠠ᠃ ᠪᠠᠷᠠᠭ᠎ᠠ | ᠬᠤᠳᠠᠯᠳᠤᠭᠠᠨ ᠤ ᠪᠤᠳᠠᠰ ᠤᠨ ᠬᠦᠢᠯᠬᠡᠬᠡ ᠶᠢᠨ ᠦᠢᠯᠡᠰ ᠤᠨ ᠬᠦᠭᠵᠢᠯᠳᠠ ᠶᠢ ᠠᠬᠢᠭᠤᠯᠤᠨ᠎ᠠ᠃ ᠳᠦᠪ ᠬᠤᠳᠠ | ᠳᠤᠭᠤᠷᠢᠭ ᠤᠨ ᠭᠤᠤᠯᠯᠠᠭᠴᠢ ᠬᠤᠳᠠᠯᠳᠤᠭ᠎ᠠ ᠶᠢᠨ ᠳᠤᠭᠤᠷᠢᠭ ᠤᠨ ᠵᠤᠬᠢᠴᠠᠩᠭᠤᠢ ᠬᠦᠭᠵᠢᠯᠳᠠ ᠶᠢ ᠳᠦᠯᠦᠪᠵᠢᠬᠦᠯᠵᠤ | ᠂ ᠭᠤᠤᠯᠳᠠᠯᠭ᠎ᠠ ᠲᠠᠢ ᠬᠤᠳᠠᠯᠳᠤᠭ᠎ᠠ ᠶᠢᠨ ᠳᠦᠷᠤᠯ ᠵᠦᠢᠯ ᠤᠨ ᠪᠠᠶᠢᠭᠤᠯᠤᠯᠲᠠ ᠶᠢ ᠳᠦᠷᠬᠡᠳᠬᠡᠵᠤ᠂ ᠤᠯᠠᠮᠵᠢᠯᠠᠯᠳᠤ | ᠬᠤᠳᠠᠯᠳᠤᠭᠠᠨ ᠤ ᠦᠢᠯᠡᠰ ᠤᠨ ᠳᠠᠰ ᠳᠠᠪᠬᠤᠷᠭ᠎ᠠ ᠳᠠᠪᠰᠢᠬᠤ ᠶᠢ ᠳᠠᠶᠢᠴᠢᠯᠠᠨ᠎ᠠ᠃ ᠰᠢᠨ᠎ᠠ ᠮᠠᠶ᠋ᠢᠭ ᠤᠨ ᠦᠨᠳᠤᠰᠤᠨ | ᠱᠠᠳᠤᠨ ᠤ ᠬᠠᠨᠭ᠍ᠭᠠᠯᠠᠭᠠ ᠶᠢᠨ ᠳᠤᠤᠷ ᠰᠦᠯᠵᠢᠶ᠎ᠠ ᠶᠢ ᠬᠦᠭᠵᠢᠬᠦᠯᠵᠤ᠂ ᠬᠦᠳᠡᠭᠡ ᠳᠤᠰᠬᠤᠨ ᠤ ᠤᠳᠤᠬᠢᠴᠢᠯᠠᠭᠰᠠᠨ | ᠪᠠᠷᠠᠭ᠎ᠠ ᠬᠤᠳᠠᠯᠳᠤᠭᠠᠨ ᠤ ᠬᠦᠢᠯᠬᠡᠬᠡ ᠶᠢᠨ ᠰᠢᠰᠲ᠋ᠧᠮ ᠢ ᠪᠦᠷᠢᠨᠰᠢᠬᠦᠯᠵᠤ᠂ ᠬᠤᠳᠠ ᠬᠦᠳᠡᠭᠡ ᠶᠢᠨ ᠪᠠᠷᠠᠭ᠎ᠠ | ᠬᠤᠳᠠᠯᠳᠤᠭᠠᠨ ᠤ ᠬᠠᠷᠢᠯᠴᠠᠨ ᠠᠬᠢᠭᠤᠯᠬᠤ ᠬᠦᠭᠵᠢᠯᠳᠠ ᠶᠢ ᠳᠦᠷᠬᠡᠳᠬᠡᠨ᠎ᠠ᠃ ᠤᠯᠠᠭᠠᠨᠬᠠᠳᠠ ᠶᠢᠨ ᠳᠡᠬᠡᠳᠤ | ᠬᠤᠷᠳᠤᠴᠠᠳᠤ ᠳᠡᠮᠤᠷ ᠵᠠᠮ ᠤᠨ ᠰᠤᠳᠤᠨ ᠬᠤᠳᠠᠯᠳᠤᠭᠠᠨ ᠤ ᠶᠠᠪᠤᠳᠠᠯ ᠤᠨ ᠳᠤᠭᠤᠷᠢᠭ᠂ ᠬᠦᠬᠦᠷᠬᠡ ᠶᠢᠨ ᠬᠤᠶᠢᠳᠦᠬᠢ | ᠰᠢᠨ᠎ᠠ ᠳᠤᠭᠤᠷᠢᠭ ᠤᠨ ᠸᠧᠢ ᠳ᠋ᠦᠢᠸᠧ ᠯᠢ ᠬᠤᠳᠠᠯᠳᠤᠭᠠᠨ ᠤ ᠬᠤᠲᠠ᠂ ᠵᠦᠩ ᠯᠢᠶᠠᠨ ᠤ ᠬᠤᠶᠠᠳᠤᠭᠠᠷ | ᠬᠤᠭᠤᠴᠠᠭ᠎ᠠ᠂ ᠯᠦᠩ ᠳᠧᠩ ᠳᠡᠯᠡᠬᠡᠢ ᠶᠢᠨ ᠬᠤᠳᠠ ᠬᠤᠳᠠᠯᠳᠤᠭ᠎ᠠ ᠪᠠ ᠰᠦᠩ ᠪᠧᠢ ᠶᠢᠨ ᠰᠢᠨ᠎ᠠ ᠬᠤᠳᠠ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠤᠭᠴᠠ ᠶᠢᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠵᠤ᠂ ᠳ᠋ᠠ | ᠹᠦ᠋ ᠶᠢᠨ ᠵᠠᠬ᠎ᠠ ᠳᠡᠯᠬᠡᠬᠦᠷ᠂ ᠴᠢᠶᠠᠨ ᠰᠢ ᠶᠢᠨ ᠵᠠᠬ᠎ᠠ ᠳᠡᠯᠬᠡᠬᠦᠷ ᠤᠨ ᠬᠤᠳᠠ ᠠᠴᠠ ᠤᠬᠤᠷᠢᠨ ᠭᠠᠷᠴᠤ | ᠬᠦᠷᠢᠶᠡᠯᠡᠩ ᠳᠤ ᠨᠡᠬᠦᠬᠦ ᠶᠢ ᠠᠬᠢᠭᠤᠯᠤᠨ᠎ᠠ᠃ ᠤᠯᠠᠭᠠᠨᠬᠠᠳᠠ ᠶᠢᠨ ᠪᠤᠳᠠᠰ ᠤᠨ ᠬᠦᠢᠯᠬᠡᠬᠡ ᠶᠢᠨ ᠳᠦᠪ ᠤᠷᠤᠨ ᠤ | ᠪᠠᠶᠢᠭᠤᠯᠤᠯᠲᠠ ᠪᠠᠨ ᠳᠦᠷᠬᠡᠳᠬᠡᠵᠤ᠂ ᠡᠯᠧᠺᠲᠷᠤᠨ ᠬᠤᠳᠠᠯᠳᠤᠭ᠎ᠠ ᠶᠢᠨ ᠪᠤᠳᠠᠰ ᠤᠨ ᠬᠦᠢᠯᠬᠡᠬᠡ᠂ ᠬᠦᠯᠳᠡᠬᠦᠤ | ᠪᠠᠷᠠᠭ᠎ᠠ ᠶᠢᠨ ᠪᠤᠳᠠᠰ ᠤᠨ ᠬᠦᠢᠯᠬᠡᠬᠡ᠂ ᠮᠦᠡᠭᠬᠦᠨ ᠬᠦᠢᠯᠬᠡᠬᠡ ᠶᠢᠨ ᠪᠤᠳᠠᠰ ᠤᠨ ᠬᠦᠢᠯᠬᠡᠬᠡ ᠵᠡᠷᠬᠡ ᠰᠢᠨ᠎ᠠ | ᠬᠡᠯᠪᠡᠷᠢ ᠶᠢᠨ ᠦᠢᠯᠡᠰ ᠤᠨ ᠬᠡᠪ ᠰᠢᠨᠵᠢ ᠶᠢ ᠪᠤᠶᠢᠵᠢᠭᠤᠯᠵᠤ᠂ ᠤᠯᠠᠮᠵᠢᠯᠠᠯᠳᠤ ᠪᠠᠷᠠᠭ᠎ᠠ ᠬᠤᠳᠠᠯᠳᠤᠭ᠎ᠠ ᠶᠢᠨ | ᠪᠤᠳᠠᠰ ᠤᠨ ᠬᠦᠢᠯᠬᠡᠬᠡ ᠶᠢᠨ ᠦᠢᠯᠡᠰ ᠤᠨ ᠤᠳᠠᠰᠤᠨ ᠳᠡᠬᠡᠷ᠎ᠠ ᠪᠠ ᠤᠳᠠᠰᠤᠨ ᠳᠤᠤᠷ᠎ᠠ ᠠᠭᠤᠰᠤᠯᠴᠠᠨ ᠬᠦᠭᠵᠢᠬᠦ ᠶᠢ | ᠠᠬᠢᠭᠤᠯᠤᠨ᠎ᠠ᠃ ᠤᠯᠠᠭᠠᠨᠬᠠᠳᠠ ︵ᠶᠤᠧᠠᠨ ᠪᠤᠤ ᠱᠠᠨ︶ ᠶᠢᠨ ᠳᠡᠯᠡᠬᠡᠢ ᠶᠢᠨ ᠪᠤᠳᠠᠰ ᠤᠨ ᠬᠦᠢᠯᠬᠡᠬᠡ ᠶᠢᠨ ᠭᠠᠷᠠᠮ ᠤᠨ | ᠪᠠᠶᠢᠭᠤᠯᠤᠯᠲᠠ ᠶᠢ ᠡᠬᠢᠯᠡᠬᠦᠯᠵᠤ᠂ ᠤᠯᠠᠭᠠᠨᠬᠠᠳᠠ᠂ ᠮᠠᠨᠵᠤᠤᠷ᠂ ᠡᠸᠦ᠋ᠷᠦᠫᠡ ᠶᠢᠨ ᠤᠯᠠᠨ ᠤᠯᠤᠰ ᠤᠨ ᠭᠠᠯᠳᠤ | ᠳᠡᠷᠬᠡ ᠶᠢᠨ ᠪᠠᠶᠢᠩᠭᠤ ᠶᠢᠨ ᠴᠢᠨᠠᠷᠲᠠᠢ ᠡᠷᠬᠢᠯᠳᠠ ᠶᠢ ᠠᠬᠢᠭᠤᠯᠵᠤ᠂ ᠤᠯᠠᠭᠠᠨᠬᠠᠳᠠ ᠶᠢᠨ ᠭᠠᠶᠢᠯᠢ ᠳᠤᠰᠢᠶᠠᠬᠤ ᠦᠬᠡᠢ | ᠪᠤᠳᠠᠰ ᠤᠨ ᠬᠦᠢᠯᠬᠡᠬᠡ ᠶᠢᠨ ᠳᠦᠪ ᠢ ᠤᠯᠤᠰ ᠤᠨ ᠳᠠᠰ ᠤᠨ ᠶᠡᠷᠦᠩᠬᠡᠶᠢᠯᠡᠭᠰᠡᠨ ᠭᠠᠶᠢᠯᠢ ᠳᠤᠰᠢᠶᠠᠬᠤ ᠦᠬᠡᠢ ᠤᠷᠤᠨ | ᠪᠤᠯᠭᠠᠬᠤ ᠪᠠᠷ ᠡᠷᠡᠮᠡᠯᠵᠡᠵᠤ᠂ ᠤᠯᠤᠰ ᠤᠨ ᠪᠠᠷᠠᠭ᠎ᠠ ᠬᠤᠳᠠᠯᠳᠤᠭᠠᠨ ᠤ ᠦᠢᠯᠡᠴᠢᠯᠡᠬᠡᠨ ᠤ ᠴᠢᠨᠠᠷᠲᠠᠢ ᠵᠠᠰᠠᠮᠠᠯ ᠵᠠᠮ᠂ | ᠳᠡᠮᠤᠷ ᠵᠠᠮ᠂ ᠳᠠᠯᠠᠢ ᠶᠢᠨ ᠳᠡᠬᠡᠬᠡᠪᠤᠷᠢ᠂ ᠬᠠᠮᠳᠤᠷᠠᠨ ᠵᠦᠬᠡᠬᠡᠪᠤᠷᠢᠯᠡᠬᠦ ᠪᠤᠳᠠᠰ ᠤᠨ ᠬᠦᠢᠯᠬᠡᠬᠡ ᠶᠢᠨ ᠬᠦᠢᠰᠤ ᠬᠤᠳᠠ | ᠪᠤᠯᠭᠠᠨ ᠴᠤᠭᠴᠠᠯᠠᠨ᠎ᠠ᠃ ᠤᠯᠠᠭᠠᠨᠬᠠᠳᠠ ᠬᠤᠳᠠ ᠶᠢᠨ ᠪᠠᠷᠠᠭ᠎ᠠ ᠬᠤᠳᠠᠯᠳᠤᠭᠠᠨ ᠤ ᠪᠤᠳᠠᠰ ᠤᠨ ᠬᠦᠢᠯᠬᠡᠬᠡ ᠶᠢᠨ | ᠬᠤᠳᠠ᠂ ᠤᠯᠠᠭᠠᠨᠬᠠᠳᠠ ᠬᠤᠳᠠ ᠶᠢᠨ ᠮᠦᠡᠭᠬᠦᠨ ᠬᠦᠢᠯᠬᠡᠬᠡ ᠶᠢᠨ ᠪᠤᠳᠠᠰ ᠤᠨ ᠬᠦᠢᠯᠬᠡᠬᠡ ᠶᠢᠨ ᠭᠠᠷᠠᠮ ᠵᠡᠷᠬᠡ | ᠳᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠶᠢ ᠭᠤᠤᠯ ᠠᠳᠬᠤᠵᠤ᠂ ᠡᠮ ᠡᠮᠨᠡᠯᠬᠡ ᠶᠢᠨ ᠪᠤᠳᠠᠰ ᠤᠨ | ᠬᠦᠢᠯᠬᠡᠬᠡ ᠶᠢᠨ ᠬᠦᠷᠢᠶᠡᠯᠡᠩ ᠤᠨ ᠳᠦᠷᠬᠡᠨ ᠬᠦᠭᠵᠢᠯᠳᠠ ᠶᠢ ᠠᠬᠢᠭᠤᠯᠤᠨ᠎ᠠ᠃ | ᠠᠮᠤ ᠪᠤᠳᠠᠭᠠᠨ ᠤ ᠠᠮᠤᠷ ᠳᠦᠪᠰᠢᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠳᠦᠷᠢᠮ ᠢ ᠬᠡᠷᠡᠭᠵᠢᠬᠦᠯᠵᠤ᠂ | ᠠᠮᠤ ᠪᠤᠳᠠᠭᠠᠨ ᠤ ᠠᠮᠤᠷ ᠳᠦᠪᠰᠢᠨ ᠤ ᠠᠵᠢᠯ ᠢ ᠰᠠᠶᠢᠲᠤᠷ ᠠᠳᠬᠤᠨ᠎ᠠ᠃ ᠤᠨᠴᠠᠯᠢᠬᠳᠤ ᠵᠤᠭᠠᠴᠠᠯ ᠤᠨ | ᠦᠢᠯᠡᠰ ᠤᠨ ᠦᠰᠦᠷᠤᠯᠳᠠ ᠶᠢᠨ ᠴᠢᠨᠠᠷᠲᠠᠢ ᠬᠦᠭᠵᠢᠯᠳᠠ ᠶᠢ ᠠᠬᠢᠭᠤᠯᠤᠨ᠎ᠠ᠃ ᠵᠤᠭᠠᠴᠠᠯ ᠤᠨ ᠡᠬᠢ ᠰᠤᠷᠪᠤᠯᠵᠢ ᠶᠢ | ᠨᠡᠶᠢᠳᠬᠡᠵᠦ᠂ ︽ᠵᠢᠷᠭᠤᠭᠠᠨ ᠶᠡᠭᠡ ᠵᠤᠭᠠᠴᠠᠯ ᠤᠨ ᠦᠷᠯᠦᠭ︾ ᠤᠨ ᠶᠠᠰᠤ ᠴᠢᠨᠠᠷ ᠢ ᠳᠡᠬᠡᠭᠰᠢᠯᠡᠬᠦᠯᠵᠤ᠂ ᠬᠠᠰ | ᠯᠤᠤ ᠶᠢᠨ ᠡᠯᠡᠰᠤᠨ ᠨᠠᠭᠤᠷ ᠤᠨ ᠵᠤᠭᠠᠴᠠᠯ ᠢ 5A ᠳᠠᠰ ᠤᠨ ᠦᠵᠡᠮᠵᠢ ᠶᠢᠨ ᠤᠷᠤᠨ ᠪᠤᠯᠭᠠᠵᠤ᠂ ᠾᠧ ᠷᠦᠨ | ᠳᠠᠷᠢᠶᠠᠯᠠᠩ ᠤᠨ ᠦᠢᠯᠡᠰ ᠤᠨ ᠬᠦᠷᠢᠶᠡᠯᠡᠩ ᠳᠤᠭᠤᠷᠢᠭ ᠢ 4A ᠳᠠᠰ ᠤᠨ ᠦᠵᠡᠮᠵᠢ ᠶᠢᠨ ᠤᠷᠤᠨ ᠪᠤᠯᠭᠠᠨ | ᠴᠤᠭᠴᠠᠯᠠᠨ᠎ᠠ᠃ ᠪᠦᠬᠦ ᠬᠢᠵᠠᠭᠠᠷ ᠲᠤ ᠵᠤᠭᠠᠴᠠᠬᠤ ᠶᠢᠨ ᠰᠢᠯᠢᠳᠡᠭ ᠴᠢᠨᠠᠷᠲᠠᠢ ᠬᠦᠭᠵᠢᠯᠳᠠ ᠶᠢ ᠳᠦᠷᠬᠡᠳᠬᠡᠵᠤ᠂ | ᠬᠡᠰᠢᠭᠳᠡᠨ ᠬᠤᠰᠢᠭᠤ ᠶᠢ ᠤᠯᠤᠰ ᠤᠨ ᠳᠠᠰ ᠤᠨ ᠪᠦᠬᠦ ᠬᠢᠵᠠᠭᠠᠷ ᠲᠤ ᠵᠤᠭᠠᠴᠠᠬᠤ ᠵᠢᠱᠢᠶ᠎ᠠ ᠦᠵᠡᠬᠦᠯᠬᠦ ᠰᠢᠶᠠᠨ᠂ | ᠬᠠᠷᠠᠴᠢᠨ ᠬᠤᠰᠢᠭᠤ ᠶᠢ ᠦᠪᠡᠷᠳᠡᠬᠡᠨ ᠵᠠᠰᠠᠬᠤ ᠤᠷᠤᠨ ᠤ ᠳᠠᠰ ᠤᠨ ᠪᠦᠬᠦ ᠬᠢᠵᠠᠭᠠᠷ ᠲᠤ ᠵᠤᠭᠠᠴᠠᠬᠤ ᠵᠢᠱᠢᠶ᠎ᠠ | ᠦᠵᠡᠬᠦᠯᠬᠦ ᠤᠷᠤᠨ ᠪᠤᠯᠭᠠᠬᠤ ᠪᠠᠷ ᠴᠢᠷᠮᠠᠶᠢᠨ᠎ᠠ᠃ ᠬᠦᠳᠡᠭᠡ ᠳᠤᠰᠬᠤᠨ ᠤ ᠵᠤᠭᠠᠴᠠᠯ ᠤᠨ ᠬᠦᠭᠵᠢᠯᠳᠠ ᠶᠢ | ᠳᠦᠷᠬᠡᠳᠬᠡᠵᠤ᠂ ᠬᠦᠳᠡᠭᠡ ᠳᠤᠰᠬᠤᠨ ᠤ ᠵᠤᠭᠠᠴᠠᠯ ᠤᠨ ᠭᠤᠤᠯᠳᠠᠯᠭ᠎ᠠ ᠲᠠᠢ ᠳᠤᠰᠬᠤᠨ 10 ᠶᠢ ᠴᠤᠭᠴᠠᠯᠠᠨ᠎ᠠ᠃ | ᠰᠤᠶᠤᠯ ᠳᠠᠮᠢᠷ ᠪᠠ ᠵᠤᠭᠠᠴᠠᠯ ᠤᠨ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠳᠡᠯᠡᠬᠡᠢ ᠶᠢᠨ ᠡᠯᠡᠰᠤᠨ | ᠴᠦᠯ ᠤᠨ ᠬᠡᠬᠡᠷᠯᠡᠨ ᠳᠠᠪᠬᠢᠬᠤ ᠤᠷᠤᠯᠳᠤᠭᠠᠨ᠂ ᠳᠡᠯᠡᠬᠡᠢ ᠶᠢᠨ ᠳᠠᠯ᠎ᠠ ᠨᠤᠳᠤᠭ ᠤᠨ ᠳᠠᠭᠤᠤ ᠬᠦᠭᠵᠢᠮ ᠤᠨ | ᠵᠤᠭᠠᠴᠠᠯ ᠤᠨ ᠤᠯᠠᠷᠢᠯ᠂ ᠬᠤᠨᠭ᠍ᠱᠠᠨ ᠰᠤᠶᠤᠯ ᠤᠨ ᠵᠤᠭᠠᠴᠠᠯ ᠤᠨ ᠪᠠᠶᠠᠷ ᠵᠡᠷᠬᠡ ᠳᠤᠮᠤ ᠬᠡᠯᠪᠡᠷᠢ ᠶᠢᠨ ᠤᠷᠤᠯᠳᠤᠭᠠᠨ | ᠪᠠ ᠪᠠᠶᠠᠷ ᠳᠤᠷᠠᠰᠬᠠᠯ ᠤᠨ ᠠᠵᠢᠯᠯᠠᠭᠠᠨ ᠢ ᠦᠷᠨᠢᠬᠦᠯᠵᠤ᠂ ᠤᠯᠠᠭᠠᠨᠬᠠᠳᠠ ᠶᠢᠨ ᠵᠤᠭᠠᠴᠠᠯ ᠤᠨ ᠨᠦᠯᠦᠬᠡ ᠶᠢ | ᠦᠷᠬᠡᠳᠬᠡᠨ᠎ᠠ᠃ ᠤᠷᠤᠨ ᠭᠠᠵᠠᠷ ᠤᠨ ᠵᠤᠭᠠᠴᠠᠯ ᠤᠨ ᠦᠢᠯᠡᠰ ᠢ ᠨᠢᠬᠡᠨ ᠴᠤᠭᠴᠠ ᠪᠠᠷ ᠬᠦᠭᠵᠢᠬᠦᠯᠬᠦ ᠶᠢ | ᠳᠦᠰᠦᠪᠵᠢᠬᠦᠯᠵᠤ᠂ ᠴᠧᠩᠳᠧ ᠬᠤᠳᠠ ᠲᠠᠢ ᠳᠤᠭᠳᠠᠬᠰᠠᠨ ᠵᠤᠭᠠᠴᠠᠯ ᠤᠨ ᠪᠠᠶᠢᠯᠳᠤᠬᠤ ᠪᠤᠳᠤᠯᠭ᠎ᠠ ᠶᠢᠨ | ᠬᠠᠮᠵᠢᠯᠴᠠᠭ᠎ᠠ ᠶᠢᠨ ᠬᠡᠷ᠎ᠠ ᠶᠢ ᠨᠠᠶᠢᠳᠠᠪᠤᠷᠢᠵᠢᠭᠤᠯᠵᠤ᠂ ᠬᠤᠶᠠᠷ ᠬᠤᠳᠠ ᠶᠢᠨ ᠤᠶᠤᠨᠯᠢᠭ ᠵᠤᠭᠠᠴᠠᠯ ᠤᠨ ᠳᠠᠪᠴᠠᠩ ᠤᠨ | ᠰᠢᠯᠤᠭᠤᠨ ᠢᠶᠠᠷ ᠨᠡᠪᠳᠡᠷᠡᠬᠦ ᠶᠢ ᠪᠡᠶᠡᠯᠡᠬᠦᠯᠤᠨ᠎ᠠ᠃ ᠵᠤᠭᠠᠴᠠᠯ ᠤᠨ ᠦᠢᠯᠡᠴᠢᠯᠡᠬᠡᠨ ᠤ ᠪᠠᠬᠢᠯᠡᠯᠳᠠ ᠰᠢᠪᠳᠤᠯᠬᠤ | ᠢᠨᠵᠧᠨᠧᠷᠢᠩ ᠢ ᠬᠡᠷᠡᠭᠵᠢᠬᠦᠯᠵᠤ᠂ ᠵᠤᠭᠠᠴᠠᠯ ᠤᠨ ᠦᠨᠳᠤᠰᠤᠨ ᠳᠦᠬᠦᠬᠡᠷᠤᠮᠵᠢ᠂ ᠳᠦᠬᠦᠷᠴᠢᠯᠡᠭᠰᠡᠨ ᠬᠡᠷᠡᠭᠰᠡᠯ ᠪᠠ | ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠤᠯᠠᠭᠠᠨᠬᠠᠳᠠ ᠶᠢᠨ ᠵᠤᠭᠠᠴᠠᠯ ᠤᠨ ᠳᠤᠮᠤ ᠰᠢᠰᠲ᠋ᠧᠮ ᠢ ᠪᠠᠶᠢᠭᠤᠯᠤᠨ | ᠠᠰᠢᠭᠯᠠᠯᠳᠠ ᠳᠤ ᠤᠷᠤᠭᠤᠯᠤᠨ᠎ᠠ᠃ ᠪᠦᠬᠦ ᠵᠢᠯ ᠳᠤ ᠬᠦᠯᠢᠶᠡᠨ ᠠᠪᠬᠤ ᠵᠤᠭᠠᠴᠠᠭᠰᠡᠳ ᠤᠨ ᠳᠤᠭ᠎ᠠ ᠶᠢ 2100 | ᠳᠦᠮᠡᠨ ᠬᠦᠮᠦᠨ ᠤᠳᠠᠭ᠎ᠠ ᠳᠠᠪᠠᠭᠤᠯᠬᠤ ᠪᠠᠷ ᠳᠠᠮᠠᠴᠠᠨᠠ᠃ | ᠰᠢᠨ᠎ᠠ ᠪᠠᠷ ᠦᠷᠨᠢᠭᠰᠡᠨ ᠦᠢᠯᠡᠴᠢᠯᠡᠬᠡᠨ ᠤ ᠦᠢᠯᠡᠰ ᠤᠨ ᠳᠦᠷᠬᠡᠨ ᠬᠦᠭᠵᠢᠯᠳᠠ ᠶᠢ ᠠᠬᠢᠭᠤᠯᠤᠨ᠎ᠠ᠃ | ᠤᠳᠤᠬᠢᠴᠢᠯᠠᠭᠰᠠᠨ ᠮᠦᠡᠭᠬᠦᠨ ᠬᠦᠢᠯᠬᠡᠬᠡᠨ ᠤ ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠤ᠂ ᠰᠢᠶᠠᠨ ᠤ ᠤᠷᠤᠨ ᠤ | ᠮᠦᠡᠭᠬᠦᠨ ᠬᠦᠢᠯᠬᠡᠬᠡᠨ ᠤ ᠢᠨᠵᠧᠨᠧᠷᠢᠩ ᠤᠨ ᠳᠤᠷᠰᠢᠯᠳᠠ ᠶᠢᠨ ᠴᠡᠭ ᠢ ᠦᠷᠬᠡᠳᠬᠡᠵᠤ᠂ ᠡᠯ᠎ᠠ ᠳᠦᠷᠤᠯ ᠤᠨ | ᠮᠦᠡᠭᠬᠦᠨ ᠬᠦᠢᠯᠬᠡᠬᠡᠨ ᠤ ᠪᠠᠶᠢᠭᠤᠯᠤᠮᠵᠢ ᠶᠢᠨ ᠤᠯᠠᠭᠠᠨᠬᠠᠳᠠ ᠳᠤ ᠤᠷᠤᠵᠤ ᠰᠠᠭᠤᠬᠤ ᠶᠢ ᠠᠬᠢᠭᠤᠯᠤᠨ᠎ᠠ᠃ ᠴᠠᠭᠠᠨ | ᠬᠡᠷᠡᠮ ᠤᠨ ᠬᠤᠶᠢᠲᠤᠬᠢ ᠮᠦᠡᠭᠬᠦᠨ ᠬᠦᠢᠯᠬᠡᠬᠡᠨ ᠤ ᠵᠢᠵᠢᠭ ᠪᠠᠯᠭᠠᠰᠤ ᠶᠢᠨ ᠬᠤᠶᠠᠳᠤᠭᠠᠷ ᠬᠤᠭᠤᠴᠠᠭ᠎ᠠ ᠶᠢᠨ | ᠪᠠᠷᠢᠯᠭ᠎ᠠ ᠶᠢ ᠡᠬᠢᠯᠡᠬᠦᠯᠵᠤ᠂ ᠬᠦᠷᠤᠩᠬᠡ ᠶᠢᠨ ᠡᠬᠢ ᠪᠠᠶᠠᠯᠢᠭ ᠤᠨ ᠬᠠᠮᠳᠤᠷᠡᠯ ᠤᠨ ᠳᠠᠪᠴᠠᠩ ᠢ ᠪᠠᠶᠢᠭᠤᠯᠵᠤ᠂ | ᠦᠪᠡᠷᠳᠡᠬᠡᠨ ᠵᠠᠰᠠᠬᠤ ᠤᠷᠤᠨ ᠤ ᠮᠦᠡᠭᠬᠦᠨ ᠬᠦᠢᠯᠬᠡᠬᠡᠨ ᠤ ᠰᠢᠨ᠎ᠠ ᠶᠢ ᠡᠬᠦᠳᠬᠦ ᠬᠦᠭᠵᠢᠯᠳᠠ ᠶᠢᠨ ᠵᠢᠱᠢᠶ᠎ᠠ | ᠦᠵᠡᠬᠦᠯᠬᠦ ᠤᠷᠤᠨ ᠢ ᠪᠠᠶᠢᠭᠤᠯᠬᠤ ᠪᠠᠷ ᠡᠷᠡᠮᠡᠯᠵᠡᠯᠡᠨᠠ᠃ ᠠᠵᠤ ᠠᠬᠤᠶᠢᠯᠠᠯ ᠤᠨ ᠵᠠᠬ᠎ᠠ ᠳᠡᠯᠬᠡᠬᠦᠷ ᠲᠤ ᠭᠠᠷᠴᠤ | ᠡᠵᠡᠩᠨᠡᠬᠦ ᠳᠦᠷᠪᠡᠨ ᠵᠢᠯ ᠤᠨ ᠠᠵᠢᠯᠯᠠᠭ᠎ᠠ ᠶᠢᠨ ᠳᠦᠯᠦᠪᠯᠡᠭᠡ ᠶᠢ ᠭᠦᠨᠵᠡᠭᠡᠶᠢᠷᠡᠭᠦᠯᠵᠦ᠂ ᠨᠦᠬᠦᠴᠠᠯ ᠲᠠᠢ ᠠᠵᠤ | ᠠᠬᠤᠶᠢᠯᠠᠯ ᠤᠨ ᠬᠤᠪᠢ ᠤᠷᠤᠬᠤ ᠬᠦᠷᠤᠩᠬᠡ ᠨᠡᠶᠢᠯᠡᠭᠦᠯᠬᠦ ᠪᠠ ᠵᠠᠬ᠎ᠠ ᠳᠡᠯᠬᠡᠬᠦᠷ ᠲᠤ ᠭᠠᠷᠴᠤ ᠬᠦᠷᠤᠩᠬᠡ | ᠨᠡᠶᠢᠯᠡᠭᠦᠯᠬᠦ ᠶᠢ ᠳᠠᠮᠵᠢᠨ᠎ᠠ᠃ ᠠᠷᠠᠳ ᠠᠴᠠ ᠡᠵᠡᠩᠨᠡᠬᠦ ᠠᠵᠤ ᠠᠬᠤᠶᠢᠯᠠᠯ ᠤᠨ ᠬᠦᠷᠤᠩᠬᠡ ᠨᠡᠶᠢᠯᠡᠭᠦᠯᠬᠦ ᠳᠤ ᠬᠦᠴᠢᠷ᠂ | ᠬᠦᠷᠤᠩᠬᠡ ᠦᠨᠡᠲᠡᠢ ᠪᠠᠶᠢᠬᠤ ᠠᠰᠠᠭᠤᠳᠠᠯ ᠢ ᠭᠤᠤᠯᠳᠠᠨ ᠰᠢᠢᠳᠪᠤᠷᠢᠯᠡᠵᠤ᠂ ᠠᠷᠠᠳ ᠠᠴᠠ ᠡᠵᠡᠩᠨᠡᠬᠦ ᠠᠵᠤ | ᠠᠬᠤᠢ ᠶᠢᠨ ᠬᠦᠭᠵᠢᠯᠳᠠ ᠶᠢ ᠳᠠᠮᠵᠢᠨ ᠠᠬᠢᠭᠤᠯᠵᠤ᠂ ᠮᠦᠡᠭᠬᠦᠨ ᠬᠦᠢᠯᠬᠡᠬᠡᠨ ᠤ ᠦᠢᠯᠡᠴᠢᠯᠡᠬᠡᠨ ᠤ ᠪᠤᠳᠠᠳᠤ | ᠴᠤᠭᠴᠠ ᠶᠢᠨ ᠠᠵᠤ ᠠᠬᠤᠢ ᠶᠢᠨ ᠴᠢᠳᠠᠪᠤᠷᠢ ᠪᠠ ᠬᠢᠷᠢ ᠬᠡᠮᠵᠢᠶ᠎ᠠ ᠶᠢ ᠳᠡᠬᠡᠭᠰᠢᠯᠡᠬᠦᠯᠤᠨ᠎ᠠ᠃ ᠶᠡᠭᠡ ᠳᠤᠭ᠎ᠠ ᠪᠠᠷᠢᠮᠳᠠ᠂ | ᠡᠬᠦᠯᠡᠨᠴᠠᠷ ᠪᠤᠳᠤᠯᠭ᠎ᠠ ᠶᠢᠨ ᠠᠵᠤ ᠦᠢᠯᠡᠰ ᠢ ᠬᠦᠭᠵᠢᠬᠦᠯᠵᠤ᠂ ᠦᠪᠤᠷ ᠮᠤᠩᠭᠤᠯ ᠤᠨ ᠵᠡᠬᠦᠨ ᠬᠡᠰᠡᠭ ᠤᠨ ᠡᠬᠦᠯᠡᠨᠴᠠᠷ | ᠪᠤᠳᠤᠯᠭ᠎ᠠ ᠶᠢᠨ ᠳᠦᠪ᠂ ᠹᠠᠨ ᠬᠦ᠋ ᠡᠯᠧᠺᠲᠷᠤᠨ ᠬᠤᠳᠠᠯᠳᠤᠭ᠎ᠠ ᠶᠢᠨ ᠠᠵᠤ ᠦᠢᠯᠡᠰ ᠤᠨ ᠬᠦᠷᠢᠶᠡᠯᠡᠩ᠂ | ᠤᠯᠠᠭᠠᠨᠬᠠᠳᠠ ᠶᠢᠨ ᠭᠠᠶᠢᠯᠢ ᠠᠴᠠ ᠬᠡᠯᠳᠦᠷᠢᠬᠦᠯᠬᠦ ᠳᠠᠧᠠᠷ ᠤᠨ ᠳᠡᠯᠬᠡᠨ ᠦᠵᠡᠬᠦᠯᠵᠤ ᠰᠤᠯᠢᠯᠴᠠᠬᠤ ᠳᠦᠪ ᠵᠡᠷᠬᠡ | ᠳᠠᠪᠴᠠᠩ ᠤᠨ ᠡᠬᠢ ᠰᠤᠷᠪᠤᠯᠵᠢ ᠳᠤ ᠳᠦᠰᠢᠭᠯᠡᠨ᠂ ᠶᠡᠷᠦᠩᠬᠡᠶᠢᠯᠡᠭᠰᠡᠨ ᠡᠯᠧᠺᠲᠷᠤᠨ ᠬᠤᠳᠠᠯᠳᠤᠭ᠎ᠠ ᠶᠢᠨ | ᠦᠢᠯᠡᠴᠢᠯᠡᠬᠡᠨ ᠤ ᠰᠢᠰᠲ᠋ᠧᠮ ᠪᠠ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢᠨ ᠬᠢᠨᠠᠨ ᠬᠠᠮᠢᠶᠠᠷᠬᠤ | ᠦᠢᠯᠡᠴᠢᠯᠡᠬᠡᠨ ᠤ ᠰᠢᠰᠲ᠋ᠧᠮ ᠢ ᠳᠡᠬᠦᠯᠳᠠᠷᠵᠢᠬᠦᠯᠵᠤ᠂ ᠤᠯᠤᠰ ᠤᠨ ᠳᠠᠰ ᠤᠨ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭ᠎ᠠ ᠶᠢᠨ ᠶᠡᠷᠦᠩᠬᠡᠶᠢᠯᠡᠭᠰᠡᠨ ᠳᠤᠷᠰᠢᠯᠳᠠ ᠶᠢᠨ ᠤᠷᠤᠨ ᠢ ᠴᠤᠭᠴᠠᠯᠠᠨ᠎ᠠ᠃ ᠺᠢᠨᠤ᠋ ᠵᠦᠴᠤᠬᠡ᠂ ᠤᠷᠡᠨ | ᠳᠤᠭᠯᠠᠯᠳᠠ᠂ ᠡᠷᠳᠡᠨ ᠤ ᠳᠤᠷᠠᠰᠬᠠᠯ᠂ ᠬᠡᠪᠯᠡᠯ ᠵᠡᠷᠬᠡ ᠤᠯᠠᠮᠵᠢᠯᠠᠯᠳᠤ ᠰᠤᠶᠤᠯ ᠤᠨ ᠠᠵᠤ ᠦᠢᠯᠡᠰ ᠢ ᠪᠠᠳᠤᠳᠬᠠᠨ | ᠬᠦᠭᠵᠢᠬᠦᠯᠵᠤ᠂ ᠰᠢᠨ᠎ᠠ ᠶᠢ ᠡᠬᠦᠳᠦᠭᠰᠡᠨ ᠵᠢᠷᠤᠭ ᠳᠦᠰᠤᠪ᠂ ᠬᠡᠤᠬᠡᠯᠳᠠᠢ ᠵᠦᠴᠤᠬᠡ ᠨᠠᠭᠠᠳᠤᠮ ᠳᠤᠭᠯᠠᠭᠠᠮ᠂ | ᠳᠡᠯᠬᠡᠨ ᠦᠵᠡᠬᠦᠯᠬᠦ ᠠᠵᠤ ᠠᠬᠤᠢ᠂ ᠪᠠᠶᠠᠷ ᠳᠤᠷᠠᠰᠬᠠᠯ ᠤᠨ ᠬᠦᠳᠡᠯᠬᠡᠬᠡᠨ ᠵᠡᠷᠬᠡ ᠰᠢᠨ᠎ᠠ ᠪᠠᠷ ᠦᠷᠨᠢᠭᠰᠡᠨ | ᠰᠤᠶᠤᠯ ᠤᠨ ᠦᠢᠯᠡᠰ ᠤᠨ ᠬᠦᠭᠵᠢᠯᠳᠠ ᠶᠢ ᠳᠦᠷᠬᠡᠳᠬᠡᠵᠤ᠂ ᠨᠢᠬᠡ ᠪᠦᠯᠦᠭ ᠤᠨᠴᠠᠯᠢᠬᠳᠤ ᠰᠤᠶᠤᠯ ᠤᠨ ᠨᠠᠷᠠ | ᠳᠡᠮᠳᠡᠭ ᠢ ᠴᠤᠭᠴᠠᠯᠠᠨ ᠬᠦᠭᠵᠢᠬᠦᠯᠤᠨ᠎ᠠ᠃ | ︵ᠭᠤᠷᠪᠠ︶ ᠦᠬᠡᠷᠡᠴᠢᠯᠡᠯᠳᠠ ᠬᠢᠵᠤ ᠴᠢᠯᠦᠬᠡᠳᠠᠢ ᠶᠠᠪᠤᠯᠴᠠᠬᠤ ᠶᠢ ᠦᠷᠬᠦᠯᠵᠢᠯᠡᠨ ᠭᠦᠨᠵᠡᠭᠡᠶᠢᠷᠡᠭᠦᠯᠵᠦ᠂ | ᠬᠦᠭᠵᠢᠯᠳᠠ ᠶᠢᠨ ᠠᠮᠢᠵᠢᠷᠡᠯ ᠤᠨ ᠬᠦᠴᠤᠨ ᠪᠠ ᠬᠦᠳᠡᠯᠬᠡᠭᠴᠢ ᠬᠦᠴᠤᠨ ᠢᠶᠠᠨ ᠨᠡᠮᠡᠭᠳᠡᠬᠦᠯᠦᠨ᠎ᠠ᠃ | ᠨᠢᠬᠡ ᠳᠤ᠂ ᠬᠠᠨᠭ᠍ᠭᠠᠯᠭ᠎ᠠ ᠬᠡᠷᠡᠭᠴᠡᠭᠡ ᠶᠢᠨ ᠪᠦᠳᠤᠴᠠ ᠶᠢᠨ ᠴᠢᠨᠠᠷᠲᠠᠢ ᠦᠬᠡᠷᠡᠴᠢᠯᠡᠯᠳᠠ ᠪᠠ | ᠵᠠᠩᠬᠢᠯᠠᠭ᠎ᠠ ᠶᠢᠨ ᠴᠠᠭ ᠦᠶ᠎ᠠ ᠶᠢᠨ ᠦᠬᠡᠷᠡᠴᠢᠯᠡᠯᠳᠠ ᠪᠠᠨ ᠭᠦᠨᠵᠡᠭᠡᠶᠢᠷᠡᠭᠦᠯᠦᠨ᠎ᠡ᠃ ᠠᠵᠤ ᠠᠬᠤᠢ ᠶᠢᠨ ᠨᠡᠮᠡᠭᠳᠡᠯ ᠤᠨ | ᠳᠤᠳᠤᠭᠠᠳᠤ ᠬᠦᠳᠡᠯᠬᠡᠭᠴᠢ ᠬᠦᠴᠤᠨ ᠢᠶᠠᠨ ᠳᠡᠬᠡᠭᠰᠢᠯᠡᠬᠦᠯᠬᠦ ᠶᠢᠨ ᠳᠤᠭᠤᠷᠢᠨ ᠳᠤ᠂ ᠬᠠᠨᠭ᠍ᠭᠠᠯᠭ᠎ᠠ ᠬᠡᠷᠡᠭᠴᠡᠭᠡ ᠶᠢᠨ | ᠪᠦᠳᠤᠴᠠ ᠶᠢᠨ ᠴᠢᠨᠠᠷᠲᠠᠢ ᠦᠬᠡᠷᠡᠴᠢᠯᠡᠯᠳᠠ ᠪᠠᠨ ᠬᠦᠨᠵᠡᠬᠡᠢ ᠠᠬᠢᠭᠤᠯᠤᠨ᠎ᠠ᠃ ᠤᠯᠤᠰ ᠤᠨ ︽ᠭᠤᠷᠪᠠ ᠶᠢ | ᠬᠡᠯᠳᠤᠷᠢᠬᠦᠯᠵᠤ᠂ ᠨᠢᠬᠡ ᠶᠢ ᠳᠤᠷᠤᠭᠰᠢᠯᠠᠭᠤᠯᠵᠤ᠂ ᠨᠢᠬᠡ ᠶᠢ ᠨᠦᠬᠦᠪᠤᠷᠢᠯᠡᠬᠦ︾ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠴᠢᠭᠯᠡᠯᠳᠤ ᠴᠢᠨᠠᠷᠲᠠᠢ ᠠᠷᠭ᠎ᠠ ᠬᠡᠮᠵᠢᠶ᠎ᠠ ᠠᠪᠴᠤ᠂ ᠡᠯ᠎ᠠ ᠵᠦᠢᠯ ᠤᠨ ᠦᠬᠡᠷᠡᠴᠢᠯᠡᠯᠳᠠ ᠶᠢᠨ | ᠦᠷ᠎ᠠ ᠪᠦᠳᠤᠮᠵᠢ ᠪᠠᠨ ᠤᠯᠠᠮ ᠨᠢᠬᠡ ᠠᠯᠬᠤᠮ ᠪᠠᠳᠤᠳᠬᠠᠵᠤ᠂ ᠦᠬᠡᠷᠡᠴᠢᠯᠡᠯᠳᠠ ᠶᠢᠨ ᠠᠰᠢᠭ ᠤᠯᠵᠠᠪᠤᠷᠢ ᠪᠠᠨ | ᠬᠦᠭᠵᠢᠯᠳᠠ ᠶᠢᠨ ᠳᠦᠯᠬᠢᠴᠠ ᠬᠦᠴᠤᠨ ᠪᠤᠯᠭᠠᠨ ᠬᠤᠪᠢᠷᠠᠭᠤᠯᠤᠨ᠎ᠠ᠃ ᠠᠵᠤ ᠠᠬᠤᠢ ᠶᠢᠨ ᠤᠷᠴᠢᠨ ᠠᠬᠤᠢ ᠪᠠ | ᠨᠡᠶᠢᠭᠡᠮ ᠤᠨ ᠪᠦᠳᠤᠬᠡᠨ ᠪᠠᠶᠢᠭᠤᠯᠤᠯᠲᠠ ᠬᠤᠶᠠᠷ ᠭᠤᠤᠯᠳᠠᠯᠭᠠᠳᠤ ᠤᠷᠴᠢᠨ ᠳᠤ ᠵᠠᠩᠬᠢᠯᠠᠭ᠎ᠠ ᠶᠢᠨ ᠴᠠᠭ ᠦᠶ᠎ᠠ ᠶᠢᠨ | ᠦᠬᠡᠷᠡᠴᠢᠯᠡᠯᠳᠠ ᠶᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ | ᠦᠬᠡᠷᠡᠴᠢᠯᠡᠯᠳᠠ ︽ᠴᠢᠯᠦᠬᠡᠳᠠᠢ᠂ ᠬᠠᠮᠢᠶᠠᠷᠤᠯᠳᠠ᠂ ᠦᠢᠯᠡᠴᠢᠯᠡᠬᠡᠨ︾ ᠤ ᠦᠬᠡᠷᠡᠴᠢᠯᠡᠯᠳᠠ᠂ ᠶᠡᠷᠦᠩᠬᠡᠶᠢᠯᠡᠭᠰᠡᠨ | ᠬᠠᠤᠯᠢ ᠬᠡᠷᠡᠭᠵᠢᠬᠦᠯᠬᠦ ᠦᠬᠡᠷᠡᠴᠢᠯᠡᠯᠳᠠ᠂ ᠡᠬᠢ ᠪᠠᠶᠠᠯᠢᠭ ᠤᠨ ᠵᠠᠬ᠎ᠠ ᠳᠡᠯᠬᠡᠬᠦᠷ ᠤᠨ ᠮᠠᠶ᠋ᠢᠭ ᠤᠨ ᠬᠤᠪᠢᠶᠠᠷᠢᠯᠠᠯᠳᠠ᠂ | ᠪᠡᠯᠡ ᠤᠷᠤᠭᠤᠯᠵᠤ ᠪᠡᠯᠡ ᠨᠡᠶᠢᠯᠡᠭᠦᠯᠬᠦ ᠪᠠᠶᠢᠭᠤᠯᠤᠮᠵᠢ ᠶᠢᠨ ᠦᠬᠡᠷᠡᠴᠢᠯᠡᠯᠳᠠ᠂ ᠡᠳ᠋ ᠤᠨ ᠵᠠᠰᠠᠭ ᠭᠠᠶᠢᠯᠢ ᠶᠢᠨ | ᠬᠠᠮᠢᠶᠠᠷᠤᠯᠳᠠ ᠶᠢᠨ ᠪᠠᠶᠢᠢᠭᠤᠯᠤᠮᠵᠢ ᠶᠢᠨ ᠦᠬᠡᠷᠡᠴᠢᠯᠡᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ | ᠦᠬᠡᠷᠡᠴᠢᠯᠡᠯᠳᠠ᠂ ᠬᠠᠮᠳᠤ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠡᠨ ᠤ ᠶᠡᠷᠦᠩᠬᠡᠶᠢᠯᠡᠭᠰᠡᠨ ᠦᠬᠡᠷᠡᠴᠢᠯᠡᠯᠳᠠ | ᠵᠡᠷᠬᠡ ᠭᠤᠤᠯᠳᠠᠯᠭ᠎ᠠ ᠲᠠᠢ ᠠᠵᠢᠯ ᠢ ᠨᠢᠬᠡᠳᠤᠯᠳᠠᠢ ᠳᠦᠰᠤᠪᠵᠢᠬᠦᠯᠵᠤ᠂ ᠬᠦᠳᠡᠭᠡ ᠳᠤᠰᠬᠤᠨ ᠮᠠᠯᠵᠢᠬᠤ ᠤᠷᠤᠨ ᠤ | ᠳᠠᠭᠠᠭᠠᠴᠢᠯᠠᠯᠳᠠ ᠶᠢᠨ ᠭᠠᠵᠠᠷ ᠨᠤᠳᠤᠭ ᠤᠨ ᠡᠷᠬᠡ ᠶᠢ ᠳᠤᠳᠤᠷᠬᠠᠶᠢᠢᠯᠠᠵᠤ ᠦᠨᠡᠮᠯᠡᠯ ᠤᠯᠭᠤᠬᠤ ᠠᠵᠢᠯ ᠢ | ᠪᠡᠶᠡᠯᠡᠬᠦᠯᠵᠤ᠂ ᠭᠠᠵᠠᠷ ᠨᠤᠳᠤᠭ ᠪᠡᠯᠴᠢᠬᠡᠷ ᠤᠨ ︽ᠭᠤᠷᠪᠠᠨ ᠡᠷᠬᠡ ᠶᠢ ᠰᠠᠯᠭᠠᠨ ᠬᠤᠪᠢᠶᠠᠷᠢᠯᠠᠬᠤ︾ | ᠦᠬᠡᠷᠡᠴᠢᠯᠡᠯᠳᠠ ᠶᠢ ᠰᠠᠶᠢᠲᠤᠷ ᠠᠳᠬᠤᠨ᠂ ᠬᠦᠳᠡᠭᠡ ᠳᠤᠰᠬᠤᠨ ᠮᠠᠯᠵᠢᠬᠤ ᠤᠷᠤᠨ ᠤ ᠬᠠᠮᠳᠤ ᠶᠢᠨ ᠦᠮᠴᠢᠯᠡᠯ ᠤᠨ | ᠡᠷᠬᠡ ᠶᠢᠨ ᠳᠦᠷᠢᠮ ᠤᠨ ᠦᠬᠡᠷᠡᠴᠢᠯᠡᠯᠳᠠ ᠶᠢ ᠠᠬᠢᠭᠤᠯᠵᠤ᠂ ᠭᠤᠤᠯᠳᠠᠭᠠᠳᠤ ᠤᠷᠤᠨ ᠵᠠᠩᠬᠢᠯᠠᠭ᠎ᠠ ᠶᠢᠨ ᠴᠠᠭ | ᠦᠶ᠎ᠠ ᠶᠢᠨ ᠦᠬᠡᠷᠡᠴᠢᠯᠡᠯᠳᠠ ᠶᠢ ᠰᠢᠪᠳᠤᠯᠦᠯᠳᠠ ᠶᠢᠨ ᠴᠢᠨᠠᠷᠲᠠᠢ ᠠᠬᠢᠴᠠ ᠲᠠᠢ ᠪᠤᠯᠭᠠᠨ᠎ᠠ᠃ | ᠬᠤᠶᠠᠷ ᠲᠤ᠂ ᠭᠠᠵᠠᠷ ᠤᠷᠤᠨ ᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠬᠠᠮᠵᠢᠯᠴᠠᠭ᠎ᠠ ᠶᠢ ᠬᠦᠴᠤᠳᠠᠢ | ᠠᠬᠢᠭᠤᠯᠤᠨ᠎ᠠ᠃ ︽ᠪᠡᠬᠡᠵᠢᠩ ᠳᠢᠶᠠᠨᠵᠢᠨ ᠢᠶᠠᠷ ᠳᠦᠰᠢᠭ ᠪᠤᠯᠭᠠᠨ᠂ ᠯᠢᠶᠤᠤ ᠱᠧᠨ ᠤ ᠬᠦᠴᠤᠨ ᠢ ᠠᠰᠢᠭᠯᠠᠨ᠂ | ᠬᠦᠳᠡᠯᠤᠩᠬᠦᠢ ᠪᠠᠷ ᠳᠠᠯᠠᠢ ᠳᠤ ᠬᠠᠨᠳᠤᠵᠤ᠂ ᠪᠦᠬᠦ ᠳᠠᠯ᠎ᠠ ᠪᠠᠷ ᠴᠢᠯᠦᠬᠡᠳᠠᠢ ᠶᠠᠪᠤᠯᠴᠠᠬᠤ︾ ᠬᠦᠭᠵᠢᠯᠳᠠ ᠶᠢᠨ | ᠰᠡᠳᠬᠢᠮᠵᠢ ᠶᠤᠰᠤᠭᠠᠷ᠂ ᠭᠠᠵᠠᠷ ᠤᠷᠤᠨ ᠤ ᠬᠠᠮᠵᠢᠯᠴᠠᠭ᠎ᠠ ᠶᠢ ᠦᠷᠬᠡᠳᠬᠡᠵᠤ᠂ ᠴᠢᠯᠤᠬᠡᠳᠠᠢ ᠶᠠᠪᠤᠯᠴᠠᠨ ᠬᠦᠭᠵᠢᠬᠦ | ᠬᠢᠷᠢ ᠬᠡᠮᠵᠢᠶ᠎ᠠ ᠪᠠᠨ ᠳᠡᠬᠡᠭᠰᠢᠯᠡᠬᠦᠯᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠮᠢᠵᠢᠷᠡᠯ ᠤᠨ ᠬᠦᠴᠤᠨ ᠢᠶᠠᠨ | ᠴᠢᠩᠭᠠᠳᠬᠠᠨ᠎ᠠ᠃ ᠪᠡᠬᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠳᠠᠷᠬᠠᠭᠠᠬᠤ ᠵᠠᠪᠰᠢᠶᠠᠨ ᠢ ᠠᠮᠵᠢᠵᠤ᠂ | ᠪᠡᠬᠡᠵᠢᠩ ᠦᠪᠤᠷ ᠮᠤᠩᠭᠤᠯ ᠤᠨ ᠠᠮᠠᠯᠠᠭᠤᠯᠤᠨ ᠬᠠᠪᠰᠤᠷᠬᠤ ᠪᠠ ᠤᠷᠤᠨ ᠭᠠᠵᠠᠷ ᠤᠨ ᠬᠠᠮᠵᠢᠯᠴᠠᠬᠤ | ᠳᠤᠭᠳᠠᠯᠴᠠᠭ᠎ᠠ ᠶᠢᠨ ᠰᠢᠨ᠎ᠠ ᠶᠢ ᠡᠬᠦᠳᠴᠤ᠂ ᠪᠡᠬᠡᠵᠢᠩ ᠬᠤᠳᠠ ᠲᠠᠢ ᠤᠯᠠᠨ ᠳᠠᠯ᠎ᠠ ᠪᠠᠷ ᠠᠮᠠᠯᠠᠭᠤᠯᠤᠨ ᠬᠠᠮᠵᠢᠯᠴᠠᠬᠤ | ᠬᠠᠷᠢᠴᠠᠭ᠎ᠠ ᠶᠢ ᠳᠡᠬᠡᠭᠰᠢᠯᠡᠬᠦᠯᠤᠨ᠎ᠠ᠃ ᠦᠪᠡᠷᠳᠡᠬᠡᠨ ᠵᠠᠰᠠᠬᠤ ᠤᠷᠤᠨ ᠤ ︽ᠪᠡᠬᠡᠵᠢᠩ ᠳᠢᠶᠠᠨᠵᠢᠨ ᠾᠪᠧᠢ ᠶᠢᠨ | ᠬᠦᠴᠤᠨ ᠢ ᠠᠰᠢᠭᠯᠠᠨ᠂ ᠤᠯᠠᠭᠠᠨᠬᠠᠳᠠ ᠬᠤᠳᠠ ᠶᠢ ᠬᠦᠭᠵᠢᠬᠦᠯᠬᠦ︾ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠤᠯᠤᠰ ᠤᠨ ︽ᠪᠡᠬᠡᠵᠢᠩ ᠳᠢᠶᠠᠨᠵᠢᠨ ᠾᠧᠪᠧᠢ ᠶᠢᠨ ᠬᠠᠮᠵᠢᠯᠴᠠᠨ ᠬᠦᠭᠵᠢᠬᠦ | ᠳᠦᠯᠦᠪᠵᠢᠬᠦᠯᠬᠡ ᠶᠢᠨ ᠳᠦᠰᠤᠯ︾ ᠢ ᠪᠦᠬᠦ ᠳᠠᠯ᠎ᠠ ᠪᠠᠷ ᠠᠮᠠᠯᠠᠭᠤᠯᠵᠤ᠂ ᠦᠪᠡᠷᠳᠡᠬᠡᠨ ᠵᠠᠰᠠᠬᠤ ᠤᠷᠤᠨ ᠤ ︽ | ᠪᠡᠬᠡᠵᠢᠩ ᠳᠢᠶᠠᠨᠵᠢᠨ ᠾᠧᠪᠧᠢ︾ ᠶᠢᠨ ᠬᠠᠮᠵᠢᠯᠴᠠᠨ ᠬᠦᠭᠵᠢᠬᠦ ᠤᠷᠤᠨ ᠳᠤ ᠠᠭᠤᠰᠤᠨ ᠤᠷᠤᠬᠤ ᠶᠢ ᠠᠬᠢᠭᠤᠯᠵᠤ᠂ | ᠤᠯᠠᠭᠠᠨᠬᠠᠳᠠ ᠬᠤᠳᠠ ᠪᠠᠨ ︽ᠪᠡᠬᠡᠵᠢᠩ ᠳᠢᠶᠠᠨᠵᠢᠨ ᠾᠧᠪᠧᠢ︾ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ᠂ | ᠪᠠᠶᠢᠭᠠᠯᠢᠯᠢᠭ ᠳᠠᠷᠢᠶᠠᠯᠠᠩ᠂ ᠮᠠᠯ ᠠᠵᠤ ᠠᠬᠤᠢ ᠶᠢᠨ ᠪᠦᠳᠤᠬᠡᠭᠳᠡᠬᠦᠨ ᠤ ᠬᠠᠨᠭ᠍ᠭᠠᠯᠭ᠎ᠠ ᠶᠢᠨ ᠰᠠᠭᠤᠷᠢᠨ ᠭᠠᠵᠠᠷ᠂ | ᠤᠨᠴᠠᠯᠢᠬᠳᠤ ᠰᠤᠶᠤᠯ ᠵᠤᠭᠠᠴᠠᠯ ᠤᠨ ᠬᠠᠷᠠᠯᠳᠠ ᠶᠢᠨ ᠤᠷᠤᠨ᠂ ᠠᠵᠤ ᠦᠢᠯᠡᠳᠪᠤᠷᠢᠯᠡᠯ ᠤᠨ ᠰᠢᠯᠵᠢᠯᠳᠠ ᠶᠢ | ᠬᠦᠯᠢᠶᠡᠨ ᠠᠪᠬᠤ ᠰᠠᠭᠤᠷᠢᠨ ᠭᠠᠵᠠᠷ ᠪᠤᠯᠭᠠᠨ ᠴᠤᠭᠴᠠᠯᠠᠨ᠎ᠠ᠃ ᠰᠢᠨ᠎ᠠ ᠨᠢᠬᠡᠨ ᠡᠬᠡᠯᠵᠢ ᠶᠢᠨ ᠵᠡᠬᠦᠨ ᠬᠤᠶᠢᠲᠤ | ᠤᠷᠤᠨ ᠢ ᠮᠠᠨᠳᠤᠭᠤᠯᠬᠤ ᠪᠤᠳᠤᠯᠭ᠎ᠠ ᠪᠠ ᠦᠪᠤᠷ ᠮᠤᠩᠭᠤᠯ ᠤᠨ ᠵᠡᠬᠦᠨ ᠬᠡᠰᠡᠭ ᠤᠨ ᠵᠡᠬᠦᠨ ᠬᠤᠶᠢᠲᠤ ᠤᠷᠤᠨ ᠤ | ᠬᠦᠭᠵᠢᠯᠳᠠ ᠲᠠᠢ ᠨᠢᠬᠡᠨ ᠴᠤᠭᠴᠠ ᠪᠤᠯᠬᠤ ᠶᠡᠷᠤᠩᠬᠡᠢ ᠱᠠᠭᠠᠷᠳᠠᠯᠭ᠎ᠠ ᠶᠢ ᠵᠢᠷᠤᠮᠯᠡᠨ᠂ ᠴᠤᠤᠶᠠᠩ᠂ ᠵᠢᠨᠵᠧᠤ᠂ | ᠱᠧᠨ᠋ᠶᠠᠩ ᠵᠡᠷᠬᠡ ᠯᠢᠶᠤᠤ ᠱᠧᠨ ᠤᠷᠤᠨ ᠤ ᠬᠤᠳᠠᠳ ᠲᠠᠢ ᠨᠢᠬᠳᠠ ᠬᠠᠮᠵᠢᠯᠴᠠᠵᠤ᠂ ᠤᠷᠤᠨ ᠠᠯᠤᠰᠯᠠᠨ ᠤᠰᠤ | ᠳᠠᠳᠠᠪᠤᠷᠢᠯᠠᠬᠤ᠂ ᠮᠤᠵᠢ ᠤᠷᠤᠨ ᠠᠯᠤᠰᠯᠠᠨ ᠰᠢᠳᠠᠮᠠᠬᠠᠢ ᠬᠡᠢ ᠵᠦᠬᠡᠬᠡᠪᠤᠷᠢᠯᠡᠬᠦ᠂ ᠵᠠᠰᠠᠮᠠᠯ ᠵᠠᠮ ᠳᠡᠮᠤᠷ ᠵᠠᠮ᠂ | ᠬᠠᠭᠤᠷᠠᠢ ᠳᠠᠯᠠᠢ ᠶᠢᠨ ᠬᠠᠮᠳᠤᠷᠡᠨ ᠵᠦᠬᠡᠬᠡᠪᠤᠶᠢᠷᠯᠡᠬᠦ ᠵᠡᠷᠬᠡ ᠦᠨᠳᠤᠰᠤᠨ ᠳᠦᠬᠦᠬᠡᠷᠤᠮᠵᠢ ᠶᠢᠨ ᠬᠠᠷᠢᠯᠴᠠᠨ | ᠬᠤᠯᠪᠤᠯᠳᠤᠵᠤ ᠬᠠᠷᠢᠯᠴᠠᠨ ᠨᠡᠪᠳᠡᠷᠡᠬᠦ ᠶᠢ ᠠᠬᠢᠭᠤᠯᠵᠤ᠂ ᠡᠨᠧᠷᠭᠢ ᠶᠢᠨ ᠬᠢᠮᠢ ᠶᠢᠨ ᠦᠢᠯᠡᠳᠪᠤᠷᠢ᠂ ᠪᠡᠯᠡᠳᠬᠡᠯ | ᠳᠦᠬᠦᠬᠡᠷᠤᠮᠵᠢ ᠶᠢᠨ ᠦᠢᠯᠡᠳᠬᠡᠯ᠂ ᠶᠡᠷᠦᠩᠬᠡᠶᠢᠯᠡᠭᠰᠡᠨ ᠪᠤᠳᠠᠰ ᠤᠨ ᠬᠦᠢᠯᠬᠡᠬᠡ᠂ ᠰᠤᠶᠤᠯ ᠵᠤᠭᠠᠴᠠᠯ᠂ ᠭᠠᠷᠠᠮ ᠤᠨ | ᠪᠠᠷᠠᠭᠠᠨ ᠰᠤᠯᠢᠯᠴᠠᠭ᠎ᠠ ᠵᠡᠷᠬᠡ ᠬᠤᠯᠪᠤᠭᠳᠠᠯ ᠪᠦᠬᠦᠢ ᠠᠵᠤ ᠦᠢᠯᠡᠰ ᠲᠠᠢ ᠠᠵᠢᠯ ᠢᠶᠠᠨ ᠬᠤᠪᠢᠶᠠᠷᠢᠯᠠᠨ ᠬᠠᠮᠵᠢᠯᠴᠠᠨ᠎ᠠ᠃ | ᠦᠪᠡᠷᠳᠡᠬᠡᠨ ᠵᠠᠰᠠᠬᠤ ᠤᠷᠤᠨ ᠪᠠ ᠤᠯᠤᠰ ᠠᠴᠠ ᠠᠪᠴᠢᠷᠠᠬᠤ ᠬᠦᠴᠤᠯᠠᠴᠠ ᠪᠠᠨ ᠴᠢᠩᠭᠠᠳᠬᠠᠵᠤ᠂ ︽ | ᠰᠢᠯᠢᠩᠭᠤᠤᠯ᠂ ᠤᠯᠠᠭᠠᠨᠬᠠᠳᠠ᠂ ᠴᠤᠤᠶᠠᠩ᠂ ᠵᠢᠨᠵᠧᠤ︾ ᠶᠢᠨ ᠨᠢᠬᠡᠨ ᠴᠤᠭᠴᠠ ᠪᠠᠷ ᠬᠦᠭᠵᠢᠬᠦ ᠶᠢ ᠠᠬᠢᠭᠤᠯᠵᠤ᠂ | ᠤᠯᠤᠰ ᠤᠨ ᠳᠠᠪᠬᠤᠷᠭᠠᠠ ᠳᠤ ᠬᠦᠷᠬᠡᠨ ᠠᠬᠢᠭᠤᠯᠤᠨ᠎ᠠ᠃ ᠤᠯᠤᠰ ᠤᠨ ︽ᠲᠤᠮᠳᠠᠳᠤ ᠮᠤᠩᠭᠤᠯ ᠤᠷᠤᠰ ᠤᠨ ᠠᠵᠤ | ᠠᠬᠤᠢ ᠶᠢᠨ ᠬᠤᠨᠭ᠍ᠬᠢᠯ︾ ᠤᠨ ᠪᠤᠳᠤᠯᠭ᠎ᠠ ᠲᠠᠢ ᠠᠮᠠᠯᠠᠭᠤᠯᠤᠨ᠂ ᠵᠢᠨᠵᠧᠤ ᠭᠠᠷᠠᠮ᠂ ᠳᠢᠶᠠᠨᠵᠢᠨ ᠭᠠᠷᠠᠮ ᠵᠡᠷᠬᠡ ᠳᠠᠯᠠᠢ | ᠳᠠᠭᠠᠤ ᠶᠢᠨ ᠭᠠᠷᠠᠮ ᠵᠢᠴᠢ ᠡᠷᠢᠶᠡᠨ ᠬᠤᠳᠠ᠂ ᠵᠡᠬᠦᠨ ᠬᠠᠳᠠᠪᠴᠢ ᠵᠡᠷᠬᠡ ᠬᠢᠯᠢ ᠶᠢᠨ ᠬᠠᠭᠠᠯᠭ᠎ᠠ ᠲᠠᠢ ᠪᠠᠶᠢᠯᠳᠤᠬᠤ | ᠪᠤᠳᠤᠯᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠦᠨ᠂ ᠳᠤᠮᠳᠠᠳᠤ ᠮᠤᠩᠭᠤᠯ ᠤᠷᠤᠰ ᠤᠨ ᠬᠢᠯᠢ ᠪᠠᠷ ᠨᠡᠪᠳᠡᠷᠡᠨ | ᠳᠠᠯᠠᠢ ᠳᠤ ᠬᠦᠷᠬᠦ᠂ ᠳᠠᠯᠠᠢ ᠬᠠᠭᠤᠷᠠᠢ ᠬᠠᠮᠳᠤᠷᠡᠨ ᠵᠦᠬᠡᠬᠡᠪᠤᠶᠢᠷᠯᠡᠬᠦ ᠤᠯᠠᠨ ᠤᠯᠤᠰ ᠤᠨ ᠳᠡᠮᠤᠷ ᠵᠠᠮ ᠤᠨ ᠳᠤᠮᠤ | ᠨᠡᠪᠳᠡᠷᠡᠯᠴᠡᠭᠡ ᠶᠢ ᠠᠬᠢᠭᠤᠯᠵᠤ᠂ ᠤᠯᠠᠭᠠᠨᠬᠠᠳᠠ ᠶᠢᠨ ᠳᠡᠯᠡᠬᠡᠢ ᠶᠢᠨ ᠬᠠᠭᠤᠷᠠᠢ ᠭᠠᠷᠠᠮ᠂ ᠤᠯᠠᠭᠠᠨᠬᠠᠳᠠ ᠶᠢᠨ | ᠭᠠᠷᠠᠮ ᠲᠠᠢ ᠦᠢᠷᠠᠯᠴᠠᠭ᠎ᠠ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠶᠡᠷᠦᠩᠬᠡᠶᠢᠯᠡᠭᠰᠡᠨ ᠭᠠᠶᠢᠯᠢ | ᠳᠤᠰᠢᠶᠠᠬᠤ ᠦᠬᠡᠢ ᠤᠷᠤᠨ ᠤ ᠪᠠᠶᠢᠭᠤᠯᠤᠯᠲᠠ ᠪᠠ ᠮᠤᠩᠭᠤᠯ ᠤᠷᠤᠰ ᠤᠨ ᠡᠬᠢ ᠪᠠᠶᠠᠯᠢᠭ ᠤᠨ ᠳᠠᠪᠠᠭᠤᠯᠢᠭ ᠲᠤ | ᠳᠦᠰᠢᠭᠯᠡᠨ᠂ ᠯᠢᠶᠤᠤᠨᠢᠩ ᠦᠪᠤᠷ ᠮᠤᠩᠭᠤᠯ ᠤᠨ ᠳᠠᠯᠠᠢ ᠬᠠᠭᠤᠷᠠᠢ ᠴᠢᠯᠦᠬᠡᠳᠤ ᠬᠠᠮᠵᠢᠯᠴᠠᠭ᠎ᠠ ᠶᠢᠨ | ᠳᠤᠷᠰᠢᠯᠳᠠ ᠶᠢᠨ ᠤᠷᠤᠨ᠂ ᠤᠷᠤᠭᠤᠯᠵᠤ ᠭᠠᠷᠭᠠᠬᠤ ᠪᠠᠷᠠᠭ᠎ᠠ ᠰᠤᠯᠢᠯᠴᠠᠭᠠᠨ ᠤ ᠦᠢᠯᠡᠳᠬᠡᠯ ᠤᠨ ᠤᠷᠤᠨ ᠪᠠ | ᠳᠡᠯᠡᠬᠡᠢ ᠶᠢᠨ ᠪᠤᠳᠠᠰ ᠤᠨ ᠬᠦᠢᠯᠬᠡᠬᠡ ᠶᠢᠨ ᠬᠦᠢᠰᠤ ᠬᠤᠳᠠ ᠪᠤᠯᠭᠠᠨ ᠴᠤᠭᠴᠠᠯᠠᠨ᠎ᠠ᠃ ᠬᠦᠭᠵᠢᠭᠰᠡᠨ ᠮᠤᠵᠢ ᠬᠤᠳᠠ᠂ | ᠵᠡᠬᠦᠨ ᠡᠮᠦᠨᠡᠲᠦ ᠶᠢᠨ ᠳᠠᠯᠠᠢ ᠳᠠᠭᠠᠤ ᠤᠷᠤᠨ᠂ ᠰᠢᠶᠠᠩᠭᠠᠩ ᠤᠤᠮᠧᠨ ᠲᠠᠶᠢᠸᠠᠨ ᠵᠡᠷᠬᠡ ᠤᠷᠤᠨ ᠳᠤ ᠬᠠᠨᠳᠤᠵᠤ᠂ | ᠡᠬᠢ ᠰᠤᠷᠪᠤᠯᠵᠢ ᠶᠢᠨ ᠬᠠᠷᠢᠯᠴᠠᠨ ᠨᠦᠬᠦᠪᠤᠷᠢᠯᠡᠬᠦ᠂ ᠠᠵᠤ ᠦᠢᠯᠡᠳᠪᠤᠷᠢᠯᠡᠯ ᠤᠨ ᠬᠠᠮᠵᠢᠯᠴᠠᠭ᠎ᠠ᠂ ᠡᠳ᠋ ᠪᠠᠷᠠᠭ᠎ᠠ ᠶᠢᠨ | ᠰᠤᠯᠢᠯᠴᠠᠭ᠎ᠠ᠂ ᠬᠦᠮᠤᠨ ᠰᠤᠶᠤᠯ ᠤᠨ ᠶᠠᠪᠤᠯᠴᠠᠭ᠎ᠠ ᠶᠢ ᠠᠬᠢᠭᠤᠯᠵᠤ᠂ ᠤᠯᠠᠭᠠᠨᠬᠠᠳᠠ ᠬᠤᠳᠠ ᠶᠢᠨ ᠪᠦᠬᠦ ᠳᠠᠯ᠎ᠠ ᠪᠠᠷ | ᠂ ᠤᠯᠠᠨ ᠳᠠᠯ᠎ᠠ ᠶᠢᠨ ᠬᠦᠷᠢᠶ᠎ᠠ ᠬᠡᠪᠴᠢᠶᠡᠨ ᠳᠤ ᠴᠢᠯᠦᠬᠡᠳᠠᠢ ᠶᠠᠪᠤᠯᠴᠠᠬᠤ ᠬᠦᠭᠵᠢᠯᠳᠠ ᠶᠢᠨ ᠬᠢᠷᠢ ᠬᠡᠮᠵᠢᠶ᠎ᠠ ᠶᠢ ᠤᠯᠠᠮ | ᠨᠢᠬᠡ ᠠᠯᠬᠤᠮ ᠳᠡᠬᠡᠭᠰᠢᠯᠡᠬᠦᠯᠤᠨ᠎ᠠ᠃ | ᠭᠤᠷᠪᠠ ᠳᠤ᠂ ᠤᠯᠤᠰ ᠤᠨ ᠳᠠᠰ ᠤᠨ ᠰᠢᠯᠵᠢᠬᠦᠯᠦᠭᠰᠡᠨ ᠠᠵᠤ ᠦᠢᠯᠡᠳᠪᠤᠷᠢᠯᠡᠯ ᠢ ᠬᠦᠯᠢᠶᠠᠨ ᠠᠪᠴᠤ᠂ | ᠬᠠᠮᠵᠢᠯᠴᠠᠬᠤ ᠶᠢᠨ ᠵᠢᠱᠢᠶ᠎ᠠ ᠦᠵᠡᠬᠦᠯᠬᠦ ᠤᠷᠤᠨ ᠢ ᠴᠤᠭᠴᠠᠯᠠᠬᠤ ᠪᠠᠷ ᠪᠦᠬᠦ ᠬᠦᠴᠤ ᠪᠠᠷ ᠢᠶᠠᠨ ᠴᠢᠷᠮᠠᠶᠢᠨ᠎ᠠ᠃ | ᠬᠤᠳᠠᠯᠳᠤᠭᠠᠴᠢᠨ ᠤᠷᠢᠨ ᠪᠡᠯᠡ ᠳᠠᠳᠠᠬᠤ ︽ᠡᠪᠤᠯ ᠤᠨ ᠤᠯᠠᠷᠢᠯ ᠤᠨ ᠰᠢᠪᠳᠤᠯᠤᠯᠳᠠ ᠶᠢᠨ ᠠᠵᠢᠯᠯᠠᠭᠠᠨ︾ ᠢ | ᠬᠦᠨᠵᠡᠬᠡᠢ ᠦᠷᠨᠢᠬᠦᠯᠵᠤ᠂ ᠨᠢᠬᠡ ᠪᠦᠯᠦᠭ ᠠᠵᠤ ᠦᠢᠯᠡᠳᠪᠤᠷᠢᠯᠡᠯ ᠢ ᠳᠠᠶᠢᠴᠢᠯᠠᠨ ᠳᠠᠰ ᠳᠠᠪᠰᠢᠬᠤ᠂ | ᠬᠦᠭᠵᠢᠯᠳᠠ ᠶᠢᠨ ᠳᠠᠳᠠᠭᠤ ᠶᠢ ᠨᠦᠬᠦᠪᠤᠷᠢᠯᠡᠬᠦ ᠶᠡᠭᠡ ᠳᠦᠷᠤᠯ ᠵᠦᠢᠯ᠂ ᠰᠠᠶᠢᠨ ᠳᠦᠷᠤᠯ ᠵᠦᠢᠯ ᠢ ᠤᠷᠤᠭᠤᠯᠤᠨ | ᠠᠪᠴᠢᠷᠠᠵᠤ᠂ ᠳᠠᠬᠡᠳᠤ ᠬᠠᠭᠠᠰ ᠵᠢᠯ ᠳᠤ ᠪᠡᠯᠡ ᠤᠷᠤᠭᠤᠯᠤᠯᠳᠠ ᠳ᠋ᠦᠩᠰᠢᠭᠤᠷ ᠳᠦᠬᠦᠷᠢᠭ ᠠᠴᠠ ᠳᠡᠬᠡᠭᠰᠢ ᠳᠦᠷᠤᠯ | ᠵᠦᠢᠯ ᠢ 100 ᠠᠴᠠ ᠳᠡᠬᠡᠭᠰᠢ ᠤᠷᠤᠭᠤᠯᠤᠨ ᠠᠪᠴᠢᠷᠠᠬᠤ ᠶᠢ ᠪᠠᠳᠤᠯᠠᠨ᠎ᠠ᠃ ᠬᠤᠳᠠᠯᠳᠤᠭᠠᠴᠢᠨ ᠤᠷᠢᠵᠤ ᠪᠡᠯᠡ | ᠳᠠᠳᠠᠬᠤ ᠠᠷᠭ᠎ᠠ ᠬᠡᠯᠪᠡᠷᠢ ᠪᠠᠨ ᠰᠢᠯᠢᠳᠡᠭᠵᠢᠬᠦᠯᠤᠨ᠂ ᠭᠤᠤᠯᠳᠠᠯᠭ᠎ᠠ ᠲᠠᠢ ᠤᠷᠤᠨ ᠳᠤ ᠬᠤᠳᠠᠯᠳᠤᠭᠠᠴᠢᠨ ᠤᠷᠢᠬᠤ᠂ | ᠪᠦᠬᠦᠶᠢᠢᠯᠡ ᠦᠢᠯᠡᠳᠪᠤᠷᠢᠯᠡᠯ ᠤᠨ ᠬᠡᠯᠬᠢᠶ᠎ᠠ ᠳᠤ ᠬᠤᠳᠠᠯᠳᠤᠭᠠᠴᠢᠨ ᠤᠷᠢᠬᠤ᠂ ᠬᠦᠷᠢᠶᠡᠯᠡᠩ ᠳᠤᠭᠤᠷᠢᠭ ᠲᠤ | ᠬᠤᠳᠠᠯᠳᠤᠭᠠᠴᠢᠨ ᠤᠷᠢᠬᠤ᠂ ᠨᠠᠶᠢᠳᠠᠨ ᠬᠤᠳᠠᠯᠳᠤᠭᠠᠴᠢᠨ ᠤᠷᠢᠬᠤ ᠪᠠ ᠪᠠᠷᠢᠮᠵᠢᠶᠠᠳᠤ ᠦᠢᠯᠡᠳᠬᠡᠯ ᠤᠨ ᠬᠡᠷ ᠤᠨ | ᠬᠤᠳᠠᠯᠳᠤᠭᠠᠴᠢᠨ ᠤᠷᠢᠬᠤ ᠶᠢ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠬᠤᠳᠠᠯᠳᠤᠭᠠᠴᠢᠨ ᠤᠷᠢᠬᠤ ᠪᠠᠶᠢᠳᠠᠯ ᠢ | ᠤᠯᠠᠮ ᠨᠢᠬᠡ ᠠᠯᠬᠤᠮ ᠳᠡᠬᠦᠯᠳᠠᠷᠵᠢᠬᠦᠯᠤᠨ᠎ᠠ᠃ ᠬᠤᠶᠠᠳᠤᠭᠠᠷ ᠬᠤᠭᠤᠴᠠᠭᠠᠨ ᠤ ︽ᠤᠯᠠᠭᠠᠨᠬᠠᠳᠠ ᠶᠢᠨ ᠬᠦᠪᠡᠬᠦᠳ | ᠦᠬᠢᠳ ᠤᠨ ᠠᠭᠤᠯᠵᠠᠯᠳᠠ︾ ᠶᠢ ᠬᠢᠬᠦ ᠪᠠᠷ ᠳᠦᠯᠦᠪᠯᠡᠵᠤ᠂ ᠴᠢᠭᠯᠡᠯᠳᠤ ᠴᠢᠨᠠᠷ ᠲᠠᠢ ᠪᠠᠷ ᠰᠢᠨ᠎ᠠ ᠨᠢᠬᠡᠨ ᠡᠬᠡᠯᠵᠢ ᠶᠢᠨ | ᠪᠡᠬᠡᠵᠢᠩ ᠳᠢᠶᠠᠨᠵᠢᠨ ᠾᠧᠪᠧᠢ᠂ ᠬᠦᠬᠡᠮᠦᠶᠢᠷᠡᠨ ᠤ ᠭᠤᠷᠪᠠᠯᠵᠢᠨ ᠬᠤᠶᠢᠢᠭ᠂ ᠵᠦᠵᠢᠶᠠᠩ ᠤᠨ ᠭᠤᠷᠪᠠᠯᠵᠢᠨ ᠬᠤᠶᠢᠭ | ᠵᠡᠷᠬᠡ ᠭᠠᠵᠠᠷ ᠤᠷᠤᠨ ᠳᠤ ᠬᠠᠨᠳᠤᠭᠰᠠᠨ ᠬᠤᠳᠠᠯᠳᠤᠭᠠᠴᠢᠨ ᠤᠷᠢᠬᠤ ᠠᠵᠢᠯ ᠢᠶᠠᠨ ᠦᠷᠨᠢᠬᠦᠯᠤᠨ᠂ ᠬᠦᠭᠵᠢᠭᠰᠡᠨ | ᠭᠠᠵᠠᠷ ᠤᠷᠤᠨ ᠠᠴᠠ ᠰᠢᠯᠵᠢᠵᠤ ᠢᠷᠡᠬᠦ ᠠᠵᠤ ᠦᠢᠯᠡᠳᠪᠤᠷᠢᠯᠡᠯ ᠢ ᠢᠳᠠᠪᠬᠢᠳᠠᠢ ᠬᠦᠯᠢᠶᠡᠨ ᠠᠪᠴᠤ᠂ ᠨᠢᠬᠡ ᠪᠦᠯᠦᠭ | ᠠᠵᠤ ᠦᠢᠯᠡᠳᠪᠤᠷᠢᠯᠡᠯ ᠤᠨ ᠪᠦᠬᠦᠯᠢ ᠬᠡᠯᠬᠢᠶ᠎ᠠ᠂ ᠬᠦᠷᠢᠶᠡᠯᠡᠩ ᠳᠤᠭᠤᠷᠢᠭ ᠤᠨ ᠪᠦᠬᠦᠯᠢ ᠴᠤᠭᠴᠠ ᠪᠠᠷ ᠰᠢᠯᠵᠢᠵᠤ | ᠢᠷᠡᠬᠦ ᠳᠦᠷᠤᠯ ᠵᠦᠢᠯ ᠢ ᠤᠷᠤᠭᠤᠯᠤᠨ ᠠᠪᠴᠢᠷᠠᠨ᠎ᠠ᠃ ᠳᠦᠷᠤ ᠶᠢᠨ ᠪᠤᠳᠤᠯᠭ᠎ᠠ ᠶᠢ ᠳᠦᠬᠦᠷᠵᠢᠬᠦᠯᠬᠦ᠂ ᠡᠬᠢ | ᠪᠠᠶᠠᠯᠢᠭ ᠢ ᠨᠡᠶᠢᠳᠬᠡᠬᠦ᠂ ᠬᠦᠷᠢᠶᠡᠯᠡᠩ ᠳᠤᠭᠤᠷᠢᠭ ᠤᠨ ᠪᠠᠶᠢᠭᠤᠯᠤᠯᠲᠠ ᠵᠡᠷᠬᠡ ᠦᠨᠳᠤᠰᠤᠨ ᠠᠵᠢᠯ ᠢ ᠰᠠᠶᠢᠲᠤᠷ | ᠬᠢᠵᠤ᠂ ᠳᠦᠡᠭᠯᠢᠶᠤᠤ ᠬᠤᠳᠠ ᠲᠠᠢ ᠬᠤᠯᠪᠤᠭᠠᠯᠠᠨ ︽ᠦᠪᠤᠷ ᠮᠤᠩᠭᠤᠯ ᠤᠨ ᠵᠡᠬᠦᠨ ᠬᠡᠰᠡᠭ ᠤᠨ ᠰᠢᠯᠵᠢᠭᠰᠡᠨ ᠠᠵᠤ | ᠦᠢᠯᠡᠳᠪᠤᠷᠢᠯᠡᠯ ᠢ ᠬᠦᠯᠢᠶᠡᠨ ᠠᠪᠬᠤ ᠬᠠᠮᠵᠢᠯᠴᠠᠭ᠎ᠠ ᠶᠢᠨ ᠵᠢᠱᠢᠶ᠎ᠠ ᠦᠵᠡᠬᠦᠯᠬᠦ ᠤᠷᠤᠨ ᠤ ᠪᠠᠶᠢᠭᠤᠯᠤᠯᠲᠠ ᠶᠢᠨ | ᠳᠦᠰᠤᠯ︾ ᠢ ᠮᠡᠳᠡᠬᠦᠯᠵᠤ᠂ ᠵᠢᠯ ᠤᠨ ᠳᠤᠳᠤᠷ᠎ᠠ ᠤᠯᠤᠰ ᠤᠨ ᠬᠦᠭᠵᠢᠯᠳᠠ ᠦᠬᠡᠷᠡᠴᠢᠯᠡᠯᠳᠠ ᠶᠢᠨ ᠵᠦᠪᠯᠡᠯ ᠢᠶᠠᠷ | ᠤᠯᠠᠭᠠᠨᠬᠠᠳᠠ ᠬᠤᠳᠠ᠂ ᠲᠦᠩᠯᠢᠶᠤᠤ ᠬᠤᠳᠠ ᠶᠢ ᠬᠠᠮᠳᠤ ᠳᠤᠨᠢ ᠤᠯᠤᠰ ᠤᠨ ᠳᠠᠰ ᠤᠨ ᠰᠢᠯᠵᠢᠭᠰᠡᠨ ᠠᠵᠤ | ᠦᠢᠯᠡᠳᠪᠤᠷᠢᠯᠡᠯ ᠢ ᠬᠦᠯᠢᠶᠡᠨ ᠠᠪᠬᠤ ᠬᠠᠮᠵᠢᠯᠴᠠᠭ᠎ᠠ ᠶᠢᠨ ᠵᠢᠱᠢᠶ᠎ᠠ ᠦᠵᠡᠬᠦᠯᠬᠦ ᠤᠷᠤᠨ ᠪᠤᠯᠭᠠᠬᠤ ᠶᠢ ᠵᠢᠩᠬᠢᠨᠢ ᠪᠠᠷ | ᠵᠦᠪᠰᠢᠶᠡᠷᠡᠬᠦᠯᠦᠨ᠎ᠠ᠃ ᠤᠯᠤᠰ ᠤᠨ ᠳᠠᠰ ᠤᠨ ᠳᠠᠪᠴᠠᠩ ᠤᠨ ᠳᠠᠪᠠᠭᠤᠯᠢᠭ ᠢ ᠠᠰᠢᠭᠯᠠᠨ᠂ ᠳᠦᠷᠤᠯ ᠵᠦᠢᠯ ᠤᠨ | ᠪᠡᠯᠡ ᠤᠷᠤᠭᠤᠯᠤᠯᠳᠠ ᠪᠠ ᠳᠦᠷᠤ ᠶᠢᠨ ᠪᠤᠳᠤᠯᠭ᠎ᠠ ᠶᠢᠨ ᠳᠡᠮᠵᠢᠯᠬᠡ ᠶᠢ ᠤᠯᠵᠤ᠂ ᠴᠢᠭᠯᠡᠯᠳᠤ ᠴᠢᠨᠠᠷ ᠲᠠᠢ ᠪᠠᠷ | ᠦᠷᠢᠰᠤᠯᠳᠤᠬᠡᠨ ᠤ ᠬᠦᠴᠤᠨ ᠴᠢᠩᠭ᠎ᠠ᠂ ᠪᠤᠶᠢᠵᠢᠯᠲᠠ ᠶᠢᠨ ᠴᠢᠨᠠᠷ ᠰᠠᠶᠢᠨ᠂ ᠬᠤᠯᠪᠤᠭᠠᠯᠠᠬᠤ ᠬᠡᠮᠵᠢᠶ᠎ᠠ ᠦᠨᠳᠤᠷ | ᠠᠵᠤ ᠦᠢᠯᠡᠳᠪᠤᠷᠢᠯᠡᠯ ᠤᠨ ᠳᠦᠷᠤᠯ ᠵᠦᠢᠯ ᠪᠠ ᠳᠡᠬᠡᠳᠤ ᠰᠢᠨ᠎ᠠ ᠮᠡᠷᠬᠡᠵᠢᠯ ᠤᠨ ᠠᠵᠤ ᠦᠢᠯᠡᠰ ᠢ ᠬᠦᠷᠢᠶᠡᠯᠡᠩ | ᠳᠤᠭᠤᠷᠢᠭ ᠲᠤ ᠠᠪᠴᠢᠷᠠᠵᠤ ᠬᠠᠮᠵᠢᠯᠴᠠᠨ ᠬᠦᠭᠵᠢᠨ᠎ᠠ᠃ | ︵ᠳᠦᠷᠪᠡ︶ ᠦᠨᠳᠤᠰᠤᠨ ᠪᠦᠳᠤᠬᠡᠨ ᠪᠠᠶᠢᠭᠤᠯᠤᠯᠲᠠ ᠶᠢ ᠪᠠᠬᠢᠵᠢᠬᠦᠯᠵᠤ᠂ ᠬᠦᠭᠵᠢᠯᠳᠠ ᠶᠢᠨ ᠬᠦᠯᠢᠶᠡᠰᠤ | ᠳᠤᠤᠬᠠᠷ ᠢ ᠠᠷᠢᠯᠭᠠᠨ᠎ᠠ᠃ | ᠨᠢᠬᠡ ᠳᠤ᠂ ᠬᠤᠳᠠ ᠬᠦᠳᠡᠭᠡ ᠶᠢᠨ ᠪᠦᠳᠤᠬᠡᠨ ᠪᠠᠶᠢᠭᠤᠯᠤᠯᠲᠠ ᠶᠢᠨ ᠬᠦᠭᠵᠢᠯᠳᠠ ᠶᠢ ᠨᠢᠬᠡᠳᠤᠯᠳᠠᠢ | ᠳᠦᠰᠦᠪᠵᠢᠬᠦᠯᠤᠨᠠ᠃ | ᠬᠤᠳᠠ ᠶᠢᠨ ᠬᠦᠭᠵᠢᠯᠳᠠ ᠶᠢᠨ ᠬᠡᠪ ᠴᠢᠨᠰᠠᠭ᠎ᠠ ᠶᠢ ᠳᠡᠬᠡᠭᠰᠢᠯᠡᠬᠦᠯᠵᠤ᠂ ᠶᠡᠷᠦᠩᠬᠡᠶᠢᠯᠡᠭᠰᠡᠨ ᠳᠠᠭᠠᠭᠠᠴᠠ ᠶᠢᠨ | ᠬᠡᠮᠵᠢᠶ᠎ᠠ ᠶᠢ ᠨᠡᠮᠡᠭᠳᠡᠬᠦᠯᠦᠨ᠎ᠠ᠃ ᠳᠦᠯᠦᠪᠵᠢᠬᠦᠯᠬᠡ ᠶᠢᠨ ᠤᠳᠤᠷᠢᠳᠤᠨ ᠳᠠᠭᠠᠭᠤᠯᠬᠤ ᠦᠢᠯᠡᠳᠤᠯ ᠢ ᠪᠠᠳᠠᠷᠠᠭᠤᠯᠵᠤ᠂ | ᠬᠤᠳᠠ ᠶᠢᠨ ᠶᠡᠷᠤᠩᠬᠡᠢ ᠴᠤᠭᠴᠠ ᠶᠢᠨ ᠳᠦᠯᠦᠪᠵᠢᠬᠦᠯᠬᠡ ᠶᠢ ᠵᠠᠰᠠᠪᠤᠷᠢᠯᠠᠨ ᠡᠮᠬᠢᠳᠬᠡᠬᠦ ᠠᠵᠢᠯ ᠢ ᠡᠬᠢᠯᠡᠬᠦᠯᠵᠤ᠂ ︽ | 306 ᠤᠯᠤᠰ ᠤᠨ ᠵᠠᠮ ᠤᠨ ᠬᠤᠶᠠᠷ ᠳᠠᠯ᠎ᠠ ᠶᠢᠨ ᠬᠤᠳᠠ ᠶᠢᠨ ᠭᠠᠵᠠᠷ ᠤᠨ ᠵᠢᠷᠤᠭ ᠳᠦᠰᠤᠪ︾ ᠵᠡᠷᠬᠡ ᠳᠤᠰᠬᠠᠢ | ᠳᠦᠷᠤᠯ ᠤᠨ ᠳᠦᠯᠦᠪᠵᠢᠬᠦᠯᠬᠡ ᠶᠢᠨ ᠬᠢᠨᠠᠨ ᠪᠠᠶᠢᠴᠠᠭᠠᠯᠲᠠ ᠶᠢ ᠮᠡᠳᠡᠬᠦᠯᠦᠨ ᠵᠦᠪᠰᠢᠶᠡᠷᠡᠬᠦᠯᠬᠦ ᠠᠵᠢᠯ ᠢ | ᠳᠠᠭᠤᠰᠬᠠᠨ᠎ᠠ᠃ ︽ᠬᠤᠳᠠ ᠶᠢᠨ ᠬᠤᠤᠰ ᠵᠠᠰᠠᠯᠳᠠ︾ ᠶᠢᠨ ᠠᠵᠢᠯ ᠢ ᠳᠦᠷᠬᠡᠳᠬᠡᠵᠤ᠂ ᠬᠤᠳᠠ ᠳᠤᠭᠤᠷᠢᠭ ᠤᠨ | ᠵᠠᠮ ᠤᠨ ᠳᠤᠤᠷ ᠤᠨ ᠪᠦᠳᠤᠴᠠ ᠶᠢ ᠰᠢᠯᠢᠳᠡᠭᠵᠢᠬᠦᠯᠬᠦ ᠶᠢᠨ ᠳᠤᠭᠤᠷᠢᠨ ᠳᠤ ᠬᠤᠳᠠ ᠳᠤᠭᠤᠷᠢᠭ ᠤᠨ ᠰᠠᠭᠤᠷᠢ | ᠵᠦᠢᠯ ᠤᠨ ᠳᠠᠳᠠᠭᠤ ᠵᠦᠢᠯ ᠢ ᠨᠦᠬᠦᠪᠤᠷᠢᠯᠡᠵᠤ᠂ ᠠᠮᠢ ᠠᠬᠤᠢ ᠶᠢᠨ ᠤᠷᠴᠢᠨ ᠳᠤᠭᠤᠷᠢᠨ ᠤ ᠶᠠᠰᠤ ᠴᠢᠨᠠᠷ ᠢ | ᠳᠡᠬᠡᠭᠰᠢᠯᠡᠬᠦᠯᠵᠤ᠂ ᠳᠡᠬᠡᠳᠤ ᠪᠦᠳᠤᠮᠵᠢᠳᠤ ᠬᠦᠭᠵᠢᠯ ᠪᠠᠳᠠᠷᠠᠯ ᠲᠠᠢ᠂ ᠠᠮᠢ ᠠᠬᠤᠢ ᠤᠷᠤᠰᠢᠵᠤ ᠰᠠᠭᠤᠬᠤ ᠳᠤ | ᠠᠶᠠᠳᠠᠢ᠂ ᠦᠪᠡᠷᠮᠢᠴᠠ ᠤᠨᠴᠠᠯᠢᠬᠳᠤ ᠤᠳᠤᠬᠢᠴᠢᠯᠠᠭᠰᠠᠨ ᠬᠤᠳᠠ ᠶᠢᠨ ᠬᠦᠭᠵᠢᠯᠳᠠ ᠶᠢᠨ ᠪᠠᠶᠢᠳᠠᠯ ᠢ ᠴᠤᠭᠴᠠᠯᠠᠨ᠎ᠠ ᠃ | ᠰᠢᠨ᠎ᠠ ᠬᠠᠭᠤᠴᠢᠨ ᠬᠤᠳᠠ ᠳᠤᠭᠤᠷᠢᠭ ᠤᠨ ᠵᠤᠬᠢᠴᠠᠩᠭᠤᠢ ᠬᠦᠭᠵᠢᠯ ᠢ ᠶᠡᠷᠦᠩᠬᠡᠶᠢᠯᠡᠨ ᠳᠦᠯᠦᠪᠵᠢᠬᠦᠯᠵᠤ᠂ | ᠬᠤᠳᠠ ᠶᠢᠨ ᠰᠢᠯᠢᠳᠡᠭ ᠨᠠᠷᠢᠯᠢᠭ᠂ ᠤᠶᠤᠨᠯᠢᠭ ᠬᠠᠮᠢᠶᠠᠷᠤᠯᠳᠠ ᠶᠢ ᠠᠬᠢᠭᠤᠯᠵᠤ᠂ ᠬᠤᠳᠠ ᠶᠢᠨ ᠶᠠᠪᠤᠳᠠᠯ ᠤᠨ ᠰᠠᠭᠤᠷᠢ | ᠳᠦᠬᠦᠬᠡᠷᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠳᠦᠪ ᠬᠤᠳᠠ ᠳᠤᠭᠤᠷᠢᠭ ᠤᠨ ᠭᠠᠵᠠᠷ ᠳᠤᠤᠷᠠᠬᠢ | ᠶᠡᠷᠦᠩᠬᠡᠶᠢᠯᠡᠭᠰᠡᠨ ᠬᠤᠭᠤᠯᠠᠢ ᠶᠢᠨ ᠬᠤᠨᠭ᠍ᠬᠢᠯ᠂ ᠳᠦᠪ ᠬᠤᠳᠠ ᠳᠤᠭᠤᠷᠢᠭ ᠤᠨ ᠬᠤᠳᠠ ᠳᠤᠭᠤᠷᠢᠬᠰᠠᠨ ᠤᠰᠤᠨ | ᠰᠢᠰᠲ᠋ᠧᠮ ᠤᠨ ᠵᠠᠰᠠᠯᠳᠠ᠂ ᠳᠦᠪ ᠬᠤᠳᠠ ᠳᠤᠭᠤᠷᠢᠭ ᠤᠨ ᠬᠤᠶᠠᠷ ᠠᠭᠤᠯᠠ ᠬᠤᠶᠠᠷ ᠴᠡᠴᠡᠷᠯᠢᠭ ᠤᠨ ᠦᠵᠡᠮᠵᠢ ᠶᠢᠨ | ᠨᠤᠭᠤᠭᠠᠷᠠᠭᠤᠯᠤᠯᠳᠠ ᠶᠢᠨ ᠳᠡᠬᠡᠭᠰᠢᠯᠠᠯᠳᠠ᠂ 10 ᠳᠦᠮᠡᠨ ᠳᠤᠨ ᠤ ᠴᠡᠪᠡᠷᠰᠢᠬᠦᠯᠤᠨ ᠬᠡᠷᠡᠭᠯᠡᠬᠦ ᠪᠠᠷᠢᠯᠭ᠎ᠠ ᠶᠢᠨ | ᠦᠷᠬᠡᠳᠬᠡᠯ᠂ ᠴᠡᠪᠡᠷᠰᠢᠬᠦᠯᠦᠭᠰᠡᠨ ᠤᠰᠤᠨ ᠤ ᠬᠤᠳᠠ ᠳᠤᠭᠤᠷᠢᠭ ᠤᠨ ᠤᠰᠤᠨ ᠬᠤᠭᠤᠯᠠᠢ ᠶᠢᠨ ᠳᠤᠤᠷᠵᠢᠯ᠂ | ᠳᠤᠮᠳᠠ ᠳᠠᠷᠤᠯᠳᠠᠳᠤ ᠰᠢᠳᠠᠮᠠᠬᠠᠢ ᠬᠡᠢ ᠶᠢᠨ ᠬᠤᠭᠤᠯᠠᠢ ᠶᠢᠨ ᠳᠤᠤᠷᠵᠢᠯ᠂ ᠬᠤᠳᠠ ᠳᠤᠭᠤᠷᠢᠭᠰᠠᠨ ᠳᠤᠮᠳᠠ ᠵᠠᠮ ᠤᠨ | ᠬᠤᠷᠳᠤᠴᠠ ᠨᠡᠮᠡᠬᠦ ᠦᠬᠡᠷᠡᠴᠢᠯᠡᠯᠳᠠ᠂ G306 ᠤᠯᠤᠰ ᠤᠨ ᠵᠠᠮ ᠤᠨ ᠦᠬᠡᠷᠡᠴᠢᠯᠡᠯᠳᠠ᠂ ᠳ᠋ᠠᠪᠠᠨ ᠵᠠᠮ ᠡᠮᠦᠨᠡᠰᠢ | ᠨᠡᠪᠳᠡᠷᠡᠬᠦ ᠵᠡᠷᠬᠡ ᠨᠢᠬᠡ ᠪᠦᠯᠦᠭ ᠭᠤᠤᠯᠳᠠᠯᠭ᠎ᠠ ᠲᠠᠢ ᠪᠠᠷᠢᠯᠭ᠎ᠠ ᠶᠢᠨ ᠠᠬᠢᠴᠠ ᠶᠢ ᠳᠦᠷᠬᠡᠳᠬᠡᠵᠤ᠂ ᠳᠦᠪ ᠬᠤᠳᠠ | ᠳᠤᠭᠤᠷᠢᠭ ᠤᠨ ᠤᠰᠤᠨ ᠤ ᠰᠤᠷᠪᠤᠯᠵᠢ ᠶᠢᠨ ᠭᠠᠵᠠᠷ ᠢ ᠭᠠᠳᠠᠭᠰᠢ ᠰᠢᠯᠵᠢᠬᠦᠯᠬᠦ᠂ ᠤᠯᠠᠭᠠᠨᠬᠠᠳᠠ ᠬᠢᠨᠳᠠᠨ ᠢ | ᠭᠠᠳᠠᠭᠰᠢ ᠰᠢᠯᠵᠢᠬᠦᠯᠬᠦ ᠵᠡᠷᠬᠡ ᠨᠢᠬᠡ ᠪᠦᠯᠦᠭ ᠭᠤᠤᠯᠳᠠᠯᠭ᠎ᠠ ᠲᠠᠢ ᠳᠦᠷᠤᠯ ᠵᠦᠢᠯ ᠢ ᠪᠠᠷᠢᠯᠭ᠎ᠠ ᠡᠬᠢᠯᠡᠬᠦᠯᠤᠨ᠎ᠠ᠃ | | ᠬᠤᠳᠠ ᠪᠠᠯᠭᠠᠰᠤ ᠶᠢᠨ ᠪᠦᠳᠤᠬᠡᠨ ᠪᠠᠶᠢᠭᠤᠯᠤᠯᠲᠠ ᠶᠢᠨ ᠬᠦᠭᠵᠢᠯᠳᠠ ᠶᠢ ᠰᠠᠶᠢᠲᠤᠷ ᠠᠳᠬᠤᠵᠤ᠂ ᠬᠦᠳᠡᠭᠡ | ᠳᠤᠰᠬᠤᠨ ᠮᠠᠯᠵᠢᠬᠤ ᠤᠷᠤᠨ ᠤ ᠤᠷᠤᠨ ᠰᠠᠭᠤᠴᠠ ᠶᠢᠨ ᠤᠷᠴᠢᠨ ᠳᠤᠭᠤᠷᠢᠨ ᠢ ᠰᠠᠶᠢᠵᠢᠷᠠᠭᠤᠯᠤᠨ᠎ᠠ᠃ ᠪᠦᠬᠦ | ᠬᠤᠳᠠ ᠶᠢᠨ ᠤᠷᠤᠨ ᠳᠤᠭᠠᠨ ᠤ ᠳᠦᠷᠢᠮᠳᠤ ᠪᠠᠯᠭᠠᠰᠤ ᠶᠢ ᠪᠠᠶᠢᠭᠤᠯᠬᠤ ᠳᠦᠯᠦᠪᠵᠢᠬᠦᠯᠬᠡ ᠶᠢ ᠮᠡᠳᠡᠬᠦᠯᠤᠨ | ᠵᠦᠪᠰᠢᠶᠡᠷᠡᠬᠦᠯᠵᠤ᠂ ᠳᠠᠩᠰᠠ ᠡᠪᠬᠡᠮᠡᠯ ᠳᠤ ᠬᠤᠷᠢᠶᠠᠬᠤ ᠳᠦᠷᠢᠮ ᠢ ᠳᠤᠭᠳᠠᠭᠠᠵᠤ᠂ ᠤᠷᠤᠨ ᠳᠤᠭᠠᠨ ᠤ ᠳᠦᠷᠢᠮᠳᠤ | ᠪᠠᠯᠭᠠᠰᠤ ᠶᠢᠨ ᠳᠦᠯᠦᠪᠵᠢᠬᠦᠯᠬᠡ ᠶᠢ ᠮᠡᠳᠡᠬᠦᠯᠤᠨ ᠵᠦᠪᠰᠢᠶᠡᠷᠡᠬᠦᠯᠬᠦ ᠬᠠᠮᠢᠶᠠᠷᠤᠯᠳᠠ ᠪᠠᠨ ᠴᠢᠩᠭᠠᠳᠬᠠᠨ᠂ ᠬᠤᠳᠠ | ᠬᠦᠳᠡᠭᠡ ᠶᠢᠨ ᠪᠦᠳᠤᠬᠡᠨ ᠪᠠᠶᠢᠭᠤᠯᠬᠤ ᠬᠦᠭᠵᠢᠯᠳᠠ ᠶᠢ ᠡᠵᠡᠮᠳᠡᠨ ᠳᠦᠯᠦᠪᠵᠢᠬᠦᠯᠬᠦ ᠪᠦᠷᠬᠦᠴᠠ ᠶᠢᠨ ᠨᠤᠷᠮ᠎ᠠ ᠪᠠᠨ | ᠳᠡᠬᠡᠭᠰᠢᠯᠡᠬᠦᠯᠤᠨ᠎ᠠ᠃ ᠬᠤᠰᠢᠭᠤ ᠰᠢᠶᠠᠨ ᠳᠤᠭᠤᠷᠢᠭ ᠤᠨ ᠰᠢᠨ᠎ᠠ ᠬᠠᠭᠤᠴᠢᠨ ᠬᠤᠳᠠ ᠳᠤᠭᠤᠷᠢᠭ ᠪᠠ ᠤᠷᠤᠨ | ᠳᠤᠭᠠᠨ ᠤ ᠳᠦᠷᠢᠮᠳᠤ ᠪᠠᠯᠭᠠᠰᠤ ᠶᠢᠨ ᠬᠠᠮᠳᠤᠪᠡᠷ ᠬᠦᠭᠵᠢᠬᠦ ᠶᠢ ᠠᠬᠢᠭᠤᠯᠵᠤ᠂ ᠬᠤᠳᠠ ᠶᠢᠨ ᠪᠠᠷᠢᠮᠵᠢᠶ᠎ᠠ ᠪᠠᠷ ᠴᠧᠩ | ᠭᠤᠧᠠᠨ ᠵᠧᠨ ᠪᠠᠯᠭᠠᠰᠤ ᠶᠢ ᠪᠠᠶᠢᠭᠤᠯᠵᠤ᠂ ᠨᠢᠬᠡ ᠪᠦᠯᠦᠭ ᠠᠴᠢᠶᠠᠯᠠᠨ ᠳᠠᠭᠠᠭᠠᠬᠤ ᠴᠢᠳᠠᠯ ᠲᠠᠢ᠂ ᠠᠵᠤ | ᠦᠢᠯᠡᠳᠪᠤᠷᠢᠯᠡᠯ ᠳᠤᠪᠤᠶᠢᠮ᠎ᠠ᠂ ᠬᠤᠷᠴᠠ ᠳᠤᠳᠤ ᠤᠨᠴᠠᠯᠢᠭ ᠲᠠᠢ ᠭᠤᠤᠯᠳᠠᠯᠭ᠎ᠠ ᠲᠠᠢ ᠵᠢᠵᠢᠭ ᠬᠤᠳᠠ ᠪᠠᠯᠭᠠᠰᠤ ᠶᠢ | ᠴᠤᠭᠴᠠᠯᠠᠵᠤ᠂ ᠬᠦᠮᠤᠨ ᠢ ᠪᠠᠭᠳᠠᠭᠠᠬᠤ ᠴᠢᠳᠠᠮᠵᠢ ᠪᠠᠨ ᠳᠡᠬᠡᠭᠰᠢᠯᠡᠬᠦᠯᠤᠨ᠂ ᠠᠵᠢᠯ ᠤᠯᠬᠤ ᠦᠢᠯᠡᠴᠢᠯᠡᠬᠡᠨ ᠤ | ᠴᠢᠳᠠᠮᠵᠢ ᠶᠢ ᠳᠠᠶᠢᠴᠢᠯᠠᠨ᠎ᠠ᠃ ᠦᠪᠡᠷᠮᠢᠴᠠ ᠤᠨᠴᠠᠯᠢᠭ ᠲᠠᠢ ᠵᠢᠵᠢᠭ ᠪᠠᠯᠭᠠᠰᠤ ᠶᠢᠨ ᠬᠦᠭᠵᠢᠯᠳᠠ ᠶᠢ ᠠᠬᠢᠭᠤᠯᠤᠨ᠂ | ᠨᠢᠩᠴᠧᠩ ᠤᠨ ᠪᠠᠷᠬᠠᠨ ︵ᠪᠤᠷᠬᠠᠨᠲᠤ︶ ᠤ ᠱᠧᠩ ᠴᠢᠤᠧᠠᠨ ᠵᠢᠵᠢᠭ ᠪᠠᠯᠭᠠᠰᠤ᠂ ᠬᠠᠷᠠᠴᠢᠨ ᠬᠤᠰᠢᠭᠤ ᠶᠢᠨ ᠮᠡᠶᠢᠷᠡᠨ | ᠭᠤᠤ ᠶᠢᠨ ᠮᠦᠰᠤ ᠴᠠᠰᠤᠨ ᠤ ᠵᠢᠵᠢᠭ ᠪᠠᠯᠭᠠᠰᠤ᠂ ᠰᠦᠡᠭᠱᠠᠨ ᠳᠤᠭᠤᠷᠢᠭ ᠤᠨ ᠶᠢᠨ ᠾᠧ ᠭᠧᠤ ᠶᠢᠨ ᠡᠸᠦ᠋ᠷᠦᠫᠡ | ᠮᠠᠶ᠋ᠢᠭ ᠤᠨ ᠠᠮᠢᠳᠤᠷᠡᠯ ᠤᠨ ᠠᠮᠠᠷᠠᠵᠤ ᠰᠡᠯᠡᠬᠦᠴᠠᠬᠦ ᠵᠢᠵᠢᠭ ᠪᠠᠯᠭᠠᠰᠤ ᠵᠡᠷᠬᠡ ᠨᠢᠬᠡ ᠪᠦᠯᠦᠭ ᠤᠨᠴᠠᠯᠢᠬᠳᠤ ᠵᠢᠵᠢᠭ | ᠪᠠᠯᠭᠠᠰᠤ ᠶᠢᠨ ᠪᠦᠳᠤᠬᠡᠨ ᠪᠠᠶᠢᠭᠤᠯᠤᠯᠲᠠ ᠶᠢ ᠳᠦᠷᠬᠡᠳᠬᠡᠨ᠂ ᠶᠤᠧᠠᠨ ᠪᠤᠤ ᠱᠠᠨ ᠤ ᠳᠡᠯᠡᠬᠡᠢ ᠶᠢᠨ ᠴᠢᠬᠢ | ᠪᠤᠶᠢᠵᠢᠭᠤᠯᠬᠤ ᠤᠨᠴᠠᠯᠢᠬᠳᠤ ᠵᠢᠵᠢᠭ ᠪᠠᠯᠭᠠᠰᠤ᠂ ᠵᠡᠬᠦᠨ ᠬᠤᠰᠢᠭᠤ ᠶᠢᠨ ᠬᠢᠳᠠᠨ᠂ ᠯᠢᠶᠤᠤ ᠶᠢᠨ ᠰᠤᠶᠤᠯ ᠤᠨ | ᠵᠤᠭᠠᠴᠠᠯ ᠤᠨ ᠤᠨᠴᠠᠯᠢᠬᠳᠤ ᠵᠢᠵᠢᠭ ᠪᠠᠯᠭᠠᠰᠤ ᠶᠢᠨ ᠠᠩᠬᠠᠳᠠᠭᠴᠢ ᠤᠳᠠᠭᠠᠨ ᠤ ᠦᠪᠡᠷᠳᠡᠬᠡᠨ ᠵᠠᠰᠠᠬᠤ ᠤᠷᠤᠨ ᠤ | ᠤᠨᠴᠠᠯᠢᠬᠳᠤ ᠵᠢᠵᠢᠭ ᠪᠠᠯᠭᠠᠰᠤ ᠶᠢ ᠴᠤᠭᠴᠠᠯᠠᠬᠤ ᠨᠠᠷᠠᠰ ᠲᠤ ᠵᠢᠭᠰᠠᠭᠠᠭᠳᠠᠬᠤ ᠶᠢ ᠪᠠᠳᠤᠯᠠᠨ᠎ᠠ᠃ ᠬᠦᠳᠡᠭᠡ | ᠳᠤᠰᠬᠤᠨ ᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠤᠳᠠ ᠬᠦᠳᠡᠭᠡ ᠶᠢᠨ | ᠶᠡᠷᠦᠩᠬᠡᠶᠢᠯᠡᠭᠰᠡᠨ ᠳᠦᠯᠦᠪᠵᠢᠬᠦᠯᠬᠡ ᠶᠢᠨ ᠬᠦᠭᠵᠢᠯᠳᠠ ᠳᠤ ᠤᠷᠤᠯᠴᠠᠬᠤ ᠳᠤᠭᠳᠠᠯᠴᠠᠭ᠎ᠠ ᠶᠢ ᠳᠡᠬᠦᠯᠳᠠᠷᠵᠢᠬᠦᠯᠵᠤ᠂ | ᠤᠯᠠᠨ ᠨᠡᠶᠢᠲᠡ ᠶᠢᠨ ᠰᠠᠭᠤᠷᠢ ᠳᠦᠬᠦᠬᠡᠷᠤᠮᠵᠢ ᠪᠠ ᠤᠯᠠᠨ ᠨᠡᠶᠢᠲᠡ ᠶᠢᠨ ᠰᠠᠭᠤᠷᠢ ᠦᠢᠯᠡᠴᠢᠯᠡᠬᠡᠨ ᠤ ᠬᠦᠳᠡᠭᠡ | ᠳᠤᠰᠬᠤᠨ ᠮᠠᠯᠵᠢᠬᠤ ᠤᠷᠤᠨ ᠦᠬᠡᠳᠠ ᠭᠦᠨᠵᠡᠭᠡᠶᠢᠷᠡᠨ ᠪᠦᠷᠬᠦᠬᠦ ᠶᠢ ᠠᠬᠢᠭᠤᠯᠵᠤ᠂ ᠰᠢᠨ᠎ᠠ ᠨᠢᠬᠡᠨ ᠡᠬᠡᠯᠵᠢ ᠶᠢᠨ | ᠳᠠᠷᠢᠶᠠᠯᠠᠩ ᠤᠨ ᠳᠤᠤᠷ ᠤᠨ ᠳᠠᠰ ᠳᠠᠪᠰᠢᠬᠤ ᠦᠬᠡᠷᠡᠴᠢᠯᠡᠯᠳᠠ᠂ ᠬᠤᠳᠠ ᠬᠦᠳᠡᠭᠡ ᠶᠢᠨ ᠬᠡᠷᠡᠯᠯᠢᠭ ᠰᠢᠷᠬᠡᠭ ᠤᠨ | ᠦᠬᠡᠷᠡᠴᠢᠯᠡᠯᠳᠠ᠂ ᠦᠷᠬᠡᠨ ᠪᠦᠰᠠ ᠬᠦᠳᠡᠭᠡ ᠳᠤᠰᠬᠤᠨ ᠳᠤ ᠤᠷᠤᠬᠤ ᠪᠠ ︽ᠳᠦᠷᠪᠡᠨ ᠰᠠᠶᠢᠲᠠᠢ ᠬᠦᠳᠡᠭᠡ | ᠳᠤᠰᠬᠤᠨ ᠤ ᠵᠠᠮ︾ ᠤᠨ ᠪᠠᠶᠢᠭᠤᠯᠤᠯᠲᠠ ᠪᠠᠨ ᠳᠦᠷᠬᠡᠳᠬᠡᠨ᠎ᠠ᠃ ᠬᠦᠳᠡᠭᠡ ᠳᠤᠰᠬᠤᠨ ᠮᠠᠯᠵᠢᠬᠤ ᠤᠷᠤᠨ ᠤ ᠤᠷᠤᠨ | ᠰᠠᠭᠤᠴᠠ ᠶᠢᠨ ᠤᠷᠴᠢᠨ ᠳᠤᠭᠤᠷᠢᠨ ᠢ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ ᠶᠢ ᠬᠡᠷᠡᠭᠵᠢᠬᠦᠯᠵᠤ | ᠂ ᠳᠤᠰᠬᠤᠨ ᠤ ᠳᠦᠷᠢ ᠰᠢᠨᠵᠢ ᠶᠢᠨ ᠳᠡᠬᠡᠭᠰᠢᠯᠡᠯᠳᠠ᠂ ᠬᠤᠭ ᠨᠤᠪᠰᠢ ᠪᠤᠵᠠᠷ ᠤᠰᠤ ᠶᠢᠨ ᠵᠠᠰᠠᠯᠳᠠ᠂ ︽ | ᠵᠤᠷᠯᠤᠩ ᠤᠨ ᠬᠤᠪᠢᠰᠬᠠᠯ︾ ᠵᠡᠷᠬᠡ ᠨᠢᠬᠡ ᠪᠦᠯᠦᠭ ᠭᠤᠤᠯᠳᠠᠯᠭ᠎ᠠ ᠲᠠᠢ ᠪᠠᠷᠢᠯᠭ᠎ᠠ ᠶᠢ ᠠᠬᠢᠭᠤᠯᠵᠤ᠂ ᠠᠩᠬᠠᠳᠠᠭᠴᠢ | ᠪᠦᠯᠦᠭ ᠤᠨ 7 ᠵᠤᠷᠪᠤᠰ ᠬᠦᠳᠡᠭᠡ ᠳᠤᠰᠬᠤᠨ ᠢ ᠮᠠᠨᠳᠤᠭᠤᠯᠬᠤ ᠳᠤᠷᠰᠢᠯᠳᠠ ᠶᠢᠨ ᠵᠢᠱᠢᠶ᠎ᠠ ᠦᠵᠡᠬᠦᠯᠬᠦ ᠪᠦᠰᠠ ᠶᠢᠨ | ᠪᠦᠳᠤᠬᠡᠨ ᠪᠠᠶᠢᠭᠤᠯᠤᠯᠲᠠ ᠶᠢ ᠳᠦᠷᠬᠡᠳᠬᠡᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠤᠷᠤᠨ ᠰᠠᠭᠤᠴᠠ ᠶᠢᠨ | ᠤᠷᠴᠢᠨ ᠳᠤᠭᠤᠷᠢᠨ ᠪᠠ ᠦᠢᠯᠡᠳᠪᠤᠷᠢᠯᠡᠯ ᠠᠮᠢᠳᠤᠷᠠᠯ ᠤᠨ ᠨᠦᠬᠦᠴᠠᠯ ᠢ ᠰᠠᠶᠢᠵᠢᠷᠠᠭᠤᠯᠤᠨ᠎ᠠ᠃ | ᠬᠤᠶᠠᠷ ᠲᠤ᠂ ᠵᠠᠮ ᠬᠠᠷᠢᠯᠴᠠᠭ᠎ᠠ ᠶᠢᠨ ᠳᠦᠬᠦᠬᠡᠷᠤᠮᠵᠢ ᠶᠢᠨ ᠪᠠᠶᠢᠢᠭᠤᠯᠤᠯᠳᠠ ᠶᠢ ᠳᠦᠷᠬᠡᠳᠬᠡᠨ᠎ᠠ᠃ | | ᠵᠢᠢ ᠲᠦᠩ ᠳᠡᠮᠤᠷ ᠵᠠᠮ ᠤᠨ ᠴᠠᠬᠢᠯᠭᠠᠨᠵᠢᠭᠤᠯᠬᠤ ᠦᠬᠡᠷᠡᠴᠢᠯᠡᠯᠳᠠ ᠶᠢᠨ ᠪᠠᠷᠢᠯᠭ᠎ᠠ ᠡᠬᠢᠯᠡᠬᠦ ᠶᠢ | ᠠᠬᠢᠭᠤᠯᠵᠤ᠂ ᠤᠯᠠᠭᠠᠨᠬᠠᠳᠠ ᠶᠢᠨ ᠦᠨᠳᠤᠷ ᠬᠤᠷᠳᠤᠴᠠᠳᠤ ᠳᠡᠮᠤᠷ ᠵᠠᠮ ᠢ ᠬᠠᠮᠳᠤᠷᠡᠨ ᠳᠤᠬᠢᠷᠠᠭᠤᠯᠬᠤ ᠪᠠ | ᠬᠠᠮᠳᠤᠷᠠᠨ ᠲᠤᠷᠰᠢᠬᠤ ᠱᠠᠳᠤᠨ ᠳᠤ ᠤᠷᠤᠭᠤᠯᠵᠤ᠂ ᠵᠢᠢ ᠳᠦᠩ ᠳᠡᠮᠤᠷ ᠵᠠᠮ ᠤᠨ ᠴᠢᠳᠠᠮᠵᠢ ᠶᠢ ᠦᠷᠬᠡᠳᠬᠡᠬᠦ | ᠦᠬᠡᠷᠡᠴᠢᠯᠡᠯᠳᠠ᠂ ᠶᠧ ᠦᠤᠢ ᠳᠡᠮᠤᠷ ᠵᠠᠮ ᠤᠨ ᠴᠢᠳᠠᠮᠵᠢ ᠶᠢ ᠦᠷᠬᠡᠳᠬᠡᠬᠦ ᠦᠬᠡᠷᠡᠴᠢᠯᠡᠯᠳᠠ ᠪᠠ ᠵᠢᠩ ᠳᠦᠩ ᠳᠡᠮᠤᠷ | ᠵᠠᠮ ᠤᠨ ᠴᠠᠬᠢᠯᠭᠠᠨᠵᠢᠭᠤᠯᠬᠤ ᠦᠬᠡᠷᠡᠴᠢᠯᠡᠯᠳᠠ ᠶᠢᠨ ᠪᠠᠷᠢᠯᠭ᠎ᠠ ᠶᠢ ᠳᠠᠭᠤᠰᠬᠠᠨ᠎ᠠ᠃ ᠪᠢᠷᠠᠭᠤ ᠠᠴᠠ ᠤᠯᠠᠭᠠᠨᠪᠤᠳᠤᠩ | ᠬᠦᠷᠬᠦ ᠳᠦᠷᠬᠡᠨ ᠵᠠᠮ ᠢ ᠪᠠᠶᠢᠭᠤᠯᠬᠤ ᠠᠬᠢᠴᠠ ᠪᠠᠨ ᠳᠦᠷᠬᠡᠳᠬᠡᠵᠤ᠂ ᠰᠢᠶᠤᠤ ᠴᠧᠩ ᠼᠢ ᠠᠴᠠ ᠫᠢᠡᠭᠴᠢᠤᠧᠠᠨ | ᠬᠦᠷᠬᠦ ᠨᠢᠬᠡᠳᠤᠬᠡᠷ ᠳᠠᠰ ᠤᠨ ᠵᠠᠰᠠᠮᠠᠯ ᠵᠠᠮ᠂ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠨᠢᠬᠡᠳᠤᠬᠡᠷ ᠳᠠᠰ ᠤᠨ | ᠵᠠᠰᠠᠮᠠᠯ ᠵᠠᠮ᠂ ᠪᠠᠯᠴᠢᠷᠤᠳ ᠠᠴᠠ ᠭᠤᠷᠤᠬᠠᠨ ᠬᠦᠷᠬᠦ ᠬᠤᠶᠠᠳᠤᠭᠠᠷ ᠳᠠᠰ ᠤᠨ ᠵᠠᠰᠠᠮᠠᠯ ᠵᠠᠮ ᠵᠡᠷᠬᠡ ᠳᠦᠷᠤᠯ | ᠵᠦᠢᠯ ᠢ ᠪᠠᠷᠢᠯᠭ᠎ᠠ ᠡᠬᠢᠯᠡᠬᠦᠯᠵᠤ᠂ ᠠᠷᠪᠠᠨ ᠬᠡᠷ ᠤᠨ ᠮᠠᠨᠵᠤ ᠦᠨᠳᠤᠰᠤᠳᠠᠨ ᠤ ᠰᠢᠶᠠᠩ ᠠᠴᠠ ᠨᠢᠦᠢ ᠵᠢᠶᠠ ᠶᠢᠩ | ᠬᠦᠷᠬᠦ ᠨᠢᠬᠡᠳᠤᠬᠡᠷ ᠳᠠᠰ ᠤᠨ ᠵᠠᠰᠠᠮᠠᠯ ᠵᠠᠮ᠂ ᠮᠠᠶᠢᠬᠠᠨ ᠠᠴᠠ ᠢᠳᠤᠭᠤ ᠶᠢᠨ ᠭᠤᠤ ᠬᠦᠷᠬᠦ ᠬᠤᠶᠠᠳᠤᠭᠠᠷ ᠳᠠᠰ ᠤᠨ | ᠵᠠᠰᠠᠮᠠᠯ ᠵᠠᠮ ᠵᠡᠷᠬᠡ ᠳᠦᠷᠤᠯ ᠵᠦᠢᠯ ᠢ ᠬᠡᠷᠡᠭᠯᠡᠯᠳᠠ ᠳᠤ ᠤᠷᠤᠭᠤᠯᠤᠨ᠎ᠠ᠃ ᠤᠯᠠᠭᠠᠨᠬᠠᠳᠠ ᠶᠢᠨ ᠬᠠᠰ ᠯᠤᠤ | ᠨᠢᠰᠬᠡᠯ ᠤᠨ ᠪᠠᠭᠤᠳᠠᠯ ᠢ ᠦᠬᠡᠷᠡᠴᠢᠯᠡᠨ ᠦᠷᠬᠡᠳᠬᠡᠬᠦ ᠪᠠᠷᠢᠯᠭ᠎ᠠ ᠶᠢ ᠡᠷᠳᠡᠬᠡᠨ ᠡᠬᠢᠯᠡᠬᠦᠯᠵᠤ᠂ ᠯᠢᠨᠰᠢ ᠶᠢᠨ ᠰᠠᠯᠪᠤᠷᠢ | ᠱᠤᠭᠤᠮ ᠤᠨ ᠨᠢᠰᠬᠡᠯ ᠤᠨ ᠪᠠᠭᠤᠳᠠᠯ ᠤᠨ ᠡᠮᠤᠨ᠎ᠠ ᠬᠤᠭᠤᠴᠠᠭᠠᠨ ᠤ ᠠᠵᠢᠯ ᠢ ᠰᠢᠪᠳᠤᠯᠤᠯᠳᠠ ᠶᠢᠨ ᠴᠢᠨᠠᠷᠲᠠᠢ | ᠠᠬᠢᠴᠠ ᠳᠤ ᠬᠦᠷᠬᠡᠨ᠎ᠠ᠃ ᠬᠡᠰᠢᠭᠳᠡᠨ ᠤ ᠤᠯᠠᠭᠠᠨᠪᠤᠳᠤᠩ ᠤᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ | ᠪᠠᠷᠢᠯᠭ᠎ᠠ ᠶᠢ ᠡᠬᠢᠯᠡᠬᠦᠯᠵᠤ᠂ ᠠᠷᠤ ᠬᠤᠷᠴᠢᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠵᠢᠩᠬᠢᠨᠢ ᠪᠠᠷ | ᠬᠡᠷᠡᠭᠯᠡᠯᠳᠠ ᠳᠤ ᠤᠷᠤᠭᠤᠯᠵᠤ᠂ ᠤᠯᠠᠭᠠᠨᠬᠠᠳᠠ ᠶᠢᠨ ᠠᠭᠠᠷ ᠠᠶᠠᠯᠠᠯ ᠤᠨ ᠳᠤᠤᠷ ᠢ ᠤᠯᠠᠮ ᠨᠢᠬᠡ ᠠᠯᠬᠤᠮ | ᠳᠡᠬᠦᠯᠳᠠᠷᠵᠢᠬᠦᠯᠦᠨᠠ᠃ | ᠭᠤᠷᠪᠠ ᠳᠤ᠂ ᠤᠰᠤᠨ ᠠᠰᠢᠭᠯᠠᠯᠳᠠ ᠶᠢᠨ ᠳᠦᠬᠦᠬᠡᠷᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | | ᠭᠤᠤᠯᠳᠠᠯᠭ᠎ᠠ ᠲᠠᠢ ᠤᠰᠤᠨ ᠠᠰᠢᠭᠯᠠᠯᠳᠠ ᠶᠢᠨ ᠪᠠᠷᠢᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ | LXB ᠤᠯᠠᠭᠠᠨᠬᠠᠳᠠ ᠶᠢᠨ ᠰᠠᠯᠪᠤᠷᠢ ᠱᠤᠭᠤᠮ ᠤᠨ ᠤᠰᠤ ᠳᠠᠳᠠᠬᠤ ᠪᠠᠷᠢᠯᠭ᠎ᠠ ᠶᠢ ᠵᠦᠪᠰᠢᠶᠡᠷᠡᠬᠦᠯᠤᠨ ᠪᠠᠷᠢᠯᠭ᠎ᠠ | ᠡᠬᠢᠯᠡᠬᠦ ᠨᠦᠬᠦᠴᠠᠯ ᠢ ᠪᠦᠷᠢᠯᠳᠤᠬᠦᠯᠵᠤ᠂ ᠯᠢᠨᠰᠢ ᠶᠢᠨ ᠳ᠋ᠦᠩ ᠲᠠᠢ ᠽᠢ ᠤᠰᠤᠨ ᠴᠦᠬᠦᠷᠤᠮ᠂ ᠵᠡᠬᠦᠨ ᠪᠠᠭᠠᠷᠢᠨ ᠤ | ᠬᠤᠪᠠ ᠶᠢᠨ ᠭᠤᠤ ᠤᠰᠤᠨ ᠴᠦᠬᠦᠷᠤᠮ ᠤᠨ ᠪᠦᠳᠤᠬᠡᠨ ᠪᠠᠶᠢᠭᠤᠯᠬᠤ ᠠᠯᠬᠤᠮ ᠢ ᠳᠦᠷᠬᠡᠳᠬᠡᠨ᠂ ᠰᠠᠨ ᠰᠦᠸᠧ | ᠳ᠋ᠢᠶᠠᠨ ᠤᠰᠤᠨ ᠴᠦᠬᠦᠷᠤᠮ ᠠᠴᠠ ᠳᠦᠪ ᠬᠤᠳᠠ ᠳᠤᠭᠤᠷᠢᠭ ᠲᠤ ᠤᠰᠤ ᠬᠠᠨᠭ᠍ᠭᠠᠬᠤ ᠪᠠᠷᠢᠯᠭ᠎ᠠ ᠶᠢ ᠤᠰᠤ | ᠨᠡᠪᠳᠡᠷᠡᠬᠦᠯᠦᠨ᠎ᠠ᠃ ᠳᠠᠷᠢᠶᠠᠯᠠᠩ ᠮᠠᠯᠵᠢᠯ ᠤᠨ ᠤᠰᠤᠨ ᠠᠰᠢᠭᠯᠠᠯᠳᠠ ᠶᠢᠨ ᠪᠠᠷᠢᠯᠭ᠎ᠠ ᠶᠢᠨ ᠬᠢᠷᠢ ᠬᠡᠮᠵᠢᠶ᠎ᠠ ᠶᠢ | ᠳᠡᠬᠡᠭᠰᠢᠯᠡᠬᠦᠯᠵᠤ᠂ ᠤᠰᠤᠯᠠᠯᠳᠠ ᠶᠢᠨ ᠤᠷᠤᠨ ᠢ ᠦᠷᠬᠦᠯᠵᠢᠯᠡᠨ ᠳᠦᠬᠦᠷᠵᠢᠬᠦᠯᠬᠦ ᠪᠠ ᠤᠰᠤ ᠠᠷᠪᠢᠯᠠᠬᠤ | ᠦᠬᠡᠷᠡᠴᠢᠯᠡᠯᠳᠠ ᠶᠢᠨ ᠪᠠᠷᠢᠯᠭ᠎ᠠ ᠶᠢᠨ ᠠᠬᠢᠴᠠ ᠶᠢ ᠳᠦᠷᠬᠡᠳᠬᠡᠨ᠎ᠠ᠃ ᠠᠷᠠᠳ ᠤᠨ ᠠᠮᠢᠳᠤᠷᠡᠯ ᠤᠨ ᠤᠰᠤᠨ | ᠠᠰᠢᠭᠯᠠᠯᠳᠠ ᠶᠢᠨ ᠳᠠᠳᠠᠭᠤ ᠨᠦᠬᠦᠴᠠᠯ ᠢ ᠨᠦᠬᠦᠪᠤᠷᠯᠡᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠢᠳᠡᠬᠦ | ᠤᠰᠤᠨ ᠤ ᠠᠮᠤᠷ ᠳᠦᠪᠰᠢᠨ ᠢ ᠪᠠᠳᠤᠳᠬᠠᠨ ᠳᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠤ᠂ ᠤᠰᠤᠨ | ᠠᠰᠢᠭᠯᠠᠯᠳᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠵᠢᠯ ᠤᠨ ᠬᠠᠷᠠᠯᠳᠠ ᠪᠠᠨ ᠪᠡᠶᠡᠯᠡᠬᠦᠯᠵᠤ᠂ | ᠬᠤᠳᠠ ᠶᠢᠨ ᠳᠠᠰ ᠤᠨ ᠦᠶᠡᠷ ᠠᠴᠠ ᠰᠡᠷᠭᠡᠶᠢᠯᠡᠬᠦ ᠭᠠᠩ ᠢ ᠡᠰᠡᠷᠬᠦᠴᠡᠬᠦ ᠡᠳ᠋ ᠪᠠᠷᠠᠭ᠎ᠠ ᠶᠢᠨ ᠪᠡᠯᠡᠳᠬᠡᠯ ᠤᠨ | ᠬᠦᠮᠤᠷᠬᠡ ᠶᠢ ᠪᠠᠶᠢᠭᠤᠯᠤᠨ᠎ᠠ᠃ | ᠳᠦᠷᠪᠡ ᠳᠤ᠂ ᠡᠨᠧᠷᠭᠢ ᠶᠢᠨ ᠨᠡᠪᠳᠡᠷᠡᠯᠴᠡᠭᠡ ᠶᠢᠨ ᠵᠠᠮ ᠤᠨ ᠪᠠᠶᠢᠭᠤᠯᠤᠯᠲᠠ ᠶᠢ ᠠᠬᠢᠭᠤᠯᠤᠨ᠎ᠠ᠃ | | ᠵᠠᠬ᠎ᠠ ᠳᠡᠯᠬᠡᠬᠦᠷ ᠬᠦᠯᠢᠶᠡᠭᠴᠢ ᠳᠠᠯ᠎ᠠ ᠶᠢᠨ ᠬᠡᠷᠡᠭᠯᠡᠬᠡᠨ ᠤ ᠱᠠᠭᠠᠷᠳᠠᠯᠭ᠎ᠠ ᠲᠠᠢ ᠨᠢᠬᠳᠠ ᠤᠶᠠᠯᠳᠤᠵᠤ᠂ | ᠤᠯᠠᠭᠠᠨᠬᠠᠳᠠ ᠬᠤᠳᠠ ᠶᠢᠨ ︽ᠪᠡᠬᠡᠵᠢᠩ ᠳᠢᠶᠠᠨᠵᠢᠨ ᠾᠧᠪᠧᠢ︾ ᠶᠢᠨ ᠴᠡᠪᠡᠷ ᠡᠨᠧᠷᠭᠢ ᠶᠢᠨ ᠭᠠᠷᠤᠯᠳᠠ ᠶᠢᠨ | ᠰᠠᠭᠤᠷᠢᠨ ᠢ ᠪᠠᠶᠢᠭᠤᠯᠬᠤ ᠠᠵᠢᠯ ᠢ ᠠᠬᠢᠭᠤᠯᠵᠤ᠂ ᠤᠯᠤᠰ ᠤᠨ ᠡᠨᠧᠷᠭᠢ ᠶᠢᠨ ᠳᠤᠪᠴᠢᠶ᠎ᠠ ᠪᠠ ᠤᠯᠤᠰ ᠤᠨ | ᠴᠠᠬᠢᠯᠭᠠᠨ ᠳᠤᠤᠷ ᠤᠨ ᠺᠤᠮᠫᠠᠨᠢ ᠲᠠᠢ ᠬᠠᠷᠢᠴᠠᠵᠤ᠂ ᠤᠯᠠᠭᠠᠨᠬᠠᠳᠠ ᠬᠤᠳᠠ ᠶᠢᠨ ᠴᠡᠪᠡᠷ ᠡᠨᠧᠷᠭᠢ ᠶᠢᠨ ᠭᠠᠷᠤᠯᠳᠠ ᠶᠢᠨ | ᠰᠠᠭᠤᠷᠢᠨ ᠤ ︽ᠭᠠᠳᠠᠭᠰᠢ ᠬᠦᠷᠬᠡᠬᠦ ᠳᠦᠰᠤᠯ︾ ᠢ ᠳᠠᠷᠤᠶᠢᠬᠠᠨ ᠬᠢᠨᠠᠭᠤᠯᠤᠨ᠎ᠠ᠃ ᠡᠬᠦᠨ ᠤ ᠬᠠᠮᠳᠤ | ᠤᠯᠠᠭᠠᠨᠬᠠᠳᠠ ᠠᠴᠠ ᠤᠮᠠᠷᠠᠳᠤ ᠤᠷᠤᠨ ᠳᠤ ᠴᠠᠬᠢᠯᠭᠠᠨ ᠬᠦᠷᠬᠡᠬᠦ ᠱᠤᠭᠤᠮ ᠢ ︽ᠤᠯᠤᠰ ᠤᠨ ᠴᠠᠬᠢᠯᠭᠠᠨ ᠳᠤᠤᠷ ᠤᠨ | ᠪᠦᠳᠤᠬᠡᠨ ᠪᠠᠶᠢᠭᠤᠯᠤᠯᠲᠠ ᠶᠢᠨ ᠳᠦᠯᠦᠪᠯᠡᠭᠡ︾ ᠳᠤ ᠤᠷᠤᠭᠤᠯᠵᠤ᠂ ᠤᠯᠠᠭᠠᠨᠬᠠᠳᠠ ᠠᠴᠠ ᠤᠮᠠᠷᠠᠳᠤ ᠶᠢᠨ ᠴᠠᠬᠢᠯᠭᠠᠨ | ᠬᠦᠴᠤᠨ ᠳᠤ ᠭᠠᠳᠠᠭᠰᠢ ᠬᠦᠷᠬᠡᠬᠦ ᠱᠤᠭᠤᠮ ᠤᠨ ᠡᠮᠤᠨ᠎ᠠ ᠬᠤᠭᠤᠴᠠᠭᠠᠨ ᠤ ᠠᠵᠢᠯ ᠢ ᠪᠤᠳᠠᠳᠤ ᠠᠬᠢᠴᠠ ᠲᠠᠢ | ᠪᠤᠯᠭᠠᠨ᠎ᠠ᠃ ᠴᠤᠤᠶᠠᠩ ᠠᠴᠠ ᠤᠯᠠᠭᠠᠨᠬᠠᠳᠠ ᠬᠦᠷᠬᠦ ᠰᠢᠳᠠᠮᠠᠬᠠᠢ ᠬᠡᠢ ᠬᠦᠷᠬᠡᠬᠦ ᠬᠤᠭᠤᠯᠠᠢ ᠶᠢᠨ ᠪᠠᠷᠢᠯᠭ᠎ᠠ ᠶᠢᠨ | ᠠᠵᠢᠯ ᠢ ᠡᠬᠢᠯᠡᠬᠦᠯᠵᠤ᠂ ᠰᠢᠳᠠᠮᠠᠬᠠᠢ ᠬᠡᠢ ᠬᠦᠷᠬᠡᠬᠦ ᠬᠤᠭᠤᠯᠠᠢ ᠪᠠ ᠬᠤᠳᠠ ᠶᠢᠨ ᠡᠬᠡ ᠦᠷᠳᠡᠭᠡ ᠲᠠᠢ ᠵᠠᠯᠭᠠᠭᠤᠯᠬᠤ | ᠠᠵᠢᠯ ᠢ ᠰᠠᠶᠢᠲᠤᠷ ᠬᠢᠵᠤ᠂ ᠳᠦᠷᠤᠯ ᠵᠦᠢᠯ ᠤᠨ ᠪᠠᠷᠢᠯᠭ᠎ᠠ ᠶᠢ ᠵᠢᠯ ᠤᠨ ᠳᠤᠳᠤᠷ᠎ᠠ ᠠᠰᠢᠭᠯᠠᠯᠳᠠ ᠳᠤ ᠤᠷᠤᠭᠤᠯᠤᠨ᠎ᠠ | ᠃ ᠰᠠᠯᠬᠢᠨ ᠬᠦᠴᠤᠨ ᠤ ᠴᠠᠬᠢᠯᠭᠠᠨ ᠪᠠ ᠬᠡᠷᠡᠯ ᠴᠠᠬᠢᠯᠭᠠᠨ ᠤ ᠳᠦᠷᠤᠯ ᠵᠦᠢᠯ ᠢ ᠳᠤᠤᠷ ᠵᠠᠯᠭᠠᠵᠤ ᠦᠢᠯᠡᠴᠢᠯᠡᠬᠦ | ᠠᠵᠢᠯ ᠢ ᠰᠠᠶᠢᠲᠤᠷ ᠬᠢᠵᠤ᠂ ᠰᠢᠨ᠎ᠠ ᠡᠨᠧᠷᠭᠢ ᠶᠢᠨ ᠳᠤᠤᠷ ᠨᠡᠶᠢᠯᠡᠭᠦᠯᠬᠦ ᠴᠢᠳᠠᠪᠤᠷᠢ ᠶᠢ ᠳᠡᠬᠡᠭᠰᠢᠯᠡᠬᠦᠯᠵᠤ᠂ | ᠤᠯᠠᠭᠠᠨᠬᠠᠳᠠ ᠶᠢᠨ ᠰᠦᠡᠭᠵᠧᠤ ᠶᠢᠨ 220 ᠺᠢᠯᠤᠧᠤᠯᠲ ᠴᠠᠬᠢᠯᠭᠠᠨ ᠬᠤᠪᠢᠰᠤᠯ ᠤᠨ ᠦᠷᠳᠡᠭᠡ ᠶᠢᠨ 66 | ᠺᠢᠯᠤᠧᠤᠯᠲ ᠤᠨ ᠳᠦᠬᠦᠷᠵᠢᠬᠦᠯᠤᠨ ᠬᠦᠷᠬᠡᠬᠦ ᠪᠠᠷᠢᠯᠭ᠎ᠠ᠂ ᠵᠢᠩ ᠳᠦᠩ ᠵᠢᠴᠢ ᠶᠧ ᠦᠤᠢ ᠳᠡᠮᠤᠷ ᠵᠠᠮ ᠤᠨ | ᠴᠢᠷᠤᠬᠦᠯ ᠤᠨ ᠦᠷᠳᠡᠭᠡ ᠶᠢᠨ 220 ᠺᠢᠯᠤᠧᠤᠯᠲ ᠤᠨ ᠭᠠᠳᠠᠷ ᠬᠡᠰᠡᠭ ᠤᠨ ᠴᠠᠬᠢᠯᠭᠠᠨ ᠬᠠᠨᠭ᠍ᠭᠠᠬᠤ ᠪᠠᠷᠢᠯᠭ᠎ᠠ ᠵᠡᠷᠬᠡ | ᠨᠢᠬᠡ ᠪᠦᠯᠦᠭ ᠭᠤᠤᠯᠳᠠᠯᠭ᠎ᠠ ᠲᠠᠢ ᠳᠦᠷᠤᠯ ᠵᠦᠢᠯ ᠢ ᠠᠵᠢᠯ ᠳᠡᠬᠦᠰᠬᠡᠨ ᠠᠰᠢᠭᠯᠠᠯᠳᠠ ᠳᠤ ᠤᠷᠤᠭᠤᠯᠤᠨ᠎ᠠ᠃ | | ︵ᠳᠠᠪᠤ︶ ᠠᠮᠢ ᠠᠬᠤᠢ ᠶᠢᠨ ᠤᠷᠴᠢᠨ ᠳᠤᠭᠤᠷᠢᠨ ᠢ ᠦᠷᠬᠦᠯᠵᠢᠯᠡᠨ ᠰᠠᠶᠢᠵᠢᠷᠠᠭᠤᠯᠵᠤ᠂ ᠦᠷᠬᠦᠯᠵᠢᠯᠡᠨ | ᠬᠦᠭᠵᠢᠬᠦ ᠴᠢᠳᠠᠪᠤᠷᠢ ᠪᠠᠨ ᠳᠡᠬᠡᠭᠰᠢᠯᠡᠬᠦᠯᠤᠨ᠎ᠠ᠃ | ᠨᠢᠬᠡ ᠳᠤ᠂ ᠠᠮᠢ ᠠᠬᠤᠢ ᠶᠢᠨ ᠬᠠᠮᠠᠭᠠᠯᠠᠯᠳᠠ ᠶᠢᠨ ᠪᠦᠳᠤᠬᠡᠨ ᠪᠠᠶᠢᠭᠤᠯᠤᠯᠲᠠ ᠶᠢᠨ ᠬᠦᠴᠤᠯᠠᠴᠠ ᠪᠠᠨ | ᠨᠡᠮᠡᠭᠳᠡᠬᠦᠯᠤᠨ᠎ᠠ᠃ ᠳᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠦᠳᠤᠬᠡᠨ ᠪᠠᠶᠢᠭᠤᠯᠤᠯᠲᠠ ᠪᠠᠨ | ᠴᠢᠩᠭᠠᠳᠬᠠᠵᠤ᠂ ᠳᠠᠯ᠎ᠠ ᠨᠤᠳᠤᠭ ᠤᠨ ᠠᠮᠢ ᠠᠬᠤᠢ ᠶᠢᠨ ᠱᠠᠩᠨᠠᠵᠤ ᠨᠦᠬᠦᠪᠤᠷᠢᠯᠡᠬᠦ ᠳᠦᠷᠤ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠪᠡᠯᠴᠢᠬᠡᠷᠯᠡᠬᠦᠯᠬᠦ ᠶᠢ ᠬᠤᠷᠢᠬᠯᠠᠵᠤ ᠪᠡᠯᠴᠢᠬᠡᠷ ᠢ ᠠᠮᠤᠷᠵᠢᠭᠤᠯᠬᠤ ᠪᠠ ᠮᠠᠯ ᠪᠡᠯᠴᠢᠬᠡᠷ ᠤᠨ | ᠳᠡᠩᠴᠡᠬᠦᠷᠢ ᠶᠢ ᠪᠠᠳᠤᠯᠠᠬᠤ ᠬᠠᠮᠢᠶᠠᠷᠤᠯᠳᠠ ᠪᠠᠨ ᠴᠢᠩᠭᠠᠳᠬᠠᠵᠤ᠂ ᠪᠦᠬᠦ ᠬᠤᠳᠠ ᠶᠢᠨ ᠳᠠᠯ᠎ᠠ ᠨᠤᠳᠤᠭ ᠤᠨ | ᠤᠷᠭᠤᠮᠠᠯ ᠤᠨ ᠪᠦᠷᠬᠦᠴᠠ ᠶᠢ 58% ᠠᠴᠠ ᠳᠡᠬᠡᠭᠰᠢ ᠪᠠᠶᠢᠯᠭᠠᠨ᠎ᠠ᠃ ᠤᠢ ᠰᠢᠭᠤᠢ ᠶᠢᠨ ᠠᠮᠢ ᠠᠬᠤᠢ ᠶᠢᠨ | ᠭᠤᠤᠯᠳᠠᠯᠭ᠎ᠠ ᠲᠠᠢ ᠪᠠᠷᠢᠯᠭ᠎ᠠ ᠶᠢᠨ ᠪᠦᠳᠤᠬᠡᠨ ᠪᠠᠶᠢᠭᠤᠯᠤᠯᠲᠠ ᠶᠢ ᠳᠦᠷᠬᠡᠳᠬᠡᠵᠤ᠂ ᠪᠡᠬᠡᠵᠢᠩ ᠳᠢᠶᠠᠨᠵᠢᠨ ᠤ | ᠬᠡᠶᠢᠰᠦᠮᠡᠯ ᠡᠯᠡᠰᠤ ᠶᠢᠨ ᠡᠬᠢ ᠰᠤᠷᠪᠤᠯᠵᠢ ᠶᠢ ᠵᠠᠰᠠᠬᠤ ᠪᠠ ᠳᠠᠷᠢᠶ᠎ᠠ ᠶᠢ ᠪᠤᠴᠠᠭᠠᠨ ᠤᠢ ᠪᠤᠯᠭᠠᠬᠤ ᠶᠢ 37.7 | ᠳᠦᠮᠡᠨ ᠮᠦ ᠳᠤ ᠬᠦᠷᠬᠡᠵᠤ᠂ ᠤᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢ 60 ᠳᠦᠮᠡᠨ ᠮᠦ ᠳᠤ | ᠬᠦᠷᠬᠡᠵᠤ᠂ ᠭᠤᠤᠯᠳᠠᠯᠭ᠎ᠠ ᠲᠠᠢ ᠤᠷᠤᠨ ᠤ ᠨᠤᠭᠤᠭᠠᠷᠠᠭᠤᠯᠤᠯᠳᠠ ᠶᠢᠨ ᠳᠠᠯᠠᠪᠠᠢ ᠶᠢ 10 ᠳᠦᠮᠡᠨ ᠮᠦ ᠳᠤ ᠬᠦᠷᠬᠡᠨ᠎ᠠ | ᠃ ᠤᠰᠤ ᠰᠢᠷᠤᠢ ᠶᠢᠨ ᠶᠡᠷᠤᠩᠬᠡᠢ ᠵᠠᠰᠠᠯᠳᠠ ᠶᠢ ᠴᠢᠩᠭᠠᠳᠬᠠᠵᠤ᠂ ᠮᠢᠩᠭᠠᠨ ᠳᠦᠮᠡ ᠮᠦ ᠡᠯᠡᠰᠤᠷᠬᠡᠭᠵᠢᠭᠰᠡᠨ ᠭᠠᠵᠠᠷ ᠢ | ᠵᠠᠰᠠᠨ ᠰᠡᠷᠬᠦᠬᠡᠬᠦ ᠶᠢ ᠠᠬᠢᠭᠤᠯᠵᠤ᠂ ᠤᠰᠤ ᠰᠢᠷᠤᠢ ᠶᠢᠨ ᠶᠡᠷᠦᠩᠬᠡᠶᠢᠯᠡᠨ ᠵᠠᠰᠠᠬᠤ ᠳᠠᠯᠠᠪᠠᠢ ᠶᠢ 138 ᠳᠦᠮᠡᠨ ᠮᠦ | ᠳᠤ ᠬᠦᠷᠬᠡᠨ᠎ᠠ᠃ ᠨᠠᠭᠤᠷ ᠭᠤᠤᠯ ᠤᠨ ᠤᠰᠤᠨ ᠤᠷᠤᠨ ᠤ ᠬᠠᠮᠢᠶᠠᠷᠤᠯᠳᠠ ᠪᠠ ᠬᠠᠮᠠᠭᠠᠯᠠᠯᠳᠠ ᠶᠢᠨ ᠬᠦᠴᠤᠯᠠᠴᠠ ᠪᠠᠨ | ᠨᠡᠮᠡᠭᠳᠡᠬᠦᠯᠵᠤ᠂ ᠯᠤᠤᠬ᠎ᠠ ᠶᠢᠨ ᠭᠤᠤᠯ ᠤᠨ ᠳᠡᠬᠡᠳᠤ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠳᠠ ᠪᠠ ᠤᠷᠴᠢᠨ | ᠳᠤᠭᠤᠷᠢᠨ ᠤ ᠵᠠᠰᠠᠯᠳᠠ ᠶᠢᠨ ︽ᠭᠤᠷᠪᠠᠨ ᠵᠢᠯ ᠤᠨ ᠠᠵᠢᠯᠯᠠᠭᠠᠨ ᠤ ᠳᠦᠯᠦᠪᠯᠡᠭᠡ︾ ᠶᠢ ᠬᠡᠷᠡᠭᠵᠢᠬᠦᠯᠵᠤ᠂ | ᠳᠠᠯᠠᠶᠢᠨᠠᠭᠤᠷ ᠤᠨ ᠤᠷᠤᠰᠬᠠᠯ ᠤᠨ ᠤᠷᠤᠨ ᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠠᠬᠢᠭᠤᠯᠤᠨ᠎ᠠ᠃ | ᠬᠠᠮᠤᠭ ᠠᠴᠠ ᠬᠠᠳᠠᠭᠤ ᠴᠢᠩᠭ᠎ᠠ ᠠᠮᠢ ᠠᠬᠤᠢ ᠶᠢᠨ ᠬᠠᠮᠢᠶᠠᠷᠤᠯᠳᠠ ᠶᠢᠨ ᠳᠦᠷᠢᠮ ᠢ ᠬᠡᠷᠡᠭᠵᠢᠬᠦᠯᠵᠤ ᠂ ᠠᠮᠢ | ᠠᠬᠤᠢ ᠶᠢᠨ ᠬᠠᠮᠠᠭᠠᠯᠠᠯᠳᠠ ᠶᠢᠨ ᠠᠶᠤᠯᠳᠤ ᠤᠳᠠᠰᠤ ᠶᠢᠨ ᠬᠠᠮᠢᠶᠠᠷᠤᠯᠳᠠ ᠶᠢᠨ ᠠᠷᠭ᠎ᠠ ᠪᠠᠷᠢᠯ ᠢ ᠨᠠᠶᠢᠳᠠᠪᠤᠷᠢᠵᠢᠭᠤᠯᠵᠤ | ᠂ ᠤᠢ ᠰᠢᠭᠤᠢ᠂ ᠳᠠᠯ᠎ᠠ ᠨᠤᠳᠤᠭ᠂ ᠨᠠᠮᠤᠭ ᠭᠠᠵᠠᠷ ᠵᠡᠷᠬᠡ ᠠᠮᠢ ᠠᠬᠤᠢ ᠶᠢᠨ ᠰᠢᠰᠲ᠋ᠧᠮ ᠤᠨ ᠠᠶᠠᠨᠳᠠᠭᠠᠨ | ᠰᠡᠷᠬᠦᠬᠦ ᠶᠢ ᠠᠬᠢᠭᠤᠯᠤᠨ᠎ᠠ᠃ | ᠬᠤᠶᠠᠷ ᠲᠤ᠂ ᠤᠷᠴᠢᠨ ᠳᠤᠭᠤᠷᠢᠨ ᠤ ᠪᠤᠵᠠᠷᠳᠤᠯ ᠢ ᠵᠠᠰᠠᠬᠤ ᠠᠯᠬᠤᠴᠠ ᠢᠶᠠᠨ ᠳᠦᠷᠬᠡᠳᠬᠡᠨ᠎ᠠ᠃ | | ᠤᠷᠴᠢᠨ ᠳᠤᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠳᠦᠪ ᠪᠤᠯᠭᠠᠵᠤ᠂ ᠪᠤᠵᠠᠷᠳᠤᠯ ᠢ | ᠰᠡᠷᠭᠡᠶᠢᠯᠡᠨ ᠵᠠᠰᠠᠬᠤ ᠰᠢᠪᠳᠤᠯᠤᠯᠳᠠ ᠶᠢᠨ 12 ᠳᠦᠷᠤᠯ ᠤᠨ ᠢᠨᠵᠧᠨᠧᠷᠢᠩ ᠢ ᠬᠡᠷᠡᠭᠵᠢᠬᠦᠯᠵᠤ᠂ ᠠᠰᠠᠭᠤᠳᠠᠯ | ᠳᠤᠪᠤᠶᠢᠮ᠎ᠠ ᠤᠷᠤᠨ ᠭᠠᠵᠠᠷ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠳᠠᠶᠢᠨ ᠤ ᠢᠯᠠᠯᠳᠠ ᠶᠢ ᠤᠯᠤᠨ᠎ᠠ | ᠃ ᠠᠭᠠᠷ ᠮᠠᠨᠳᠠᠯ ᠤᠰᠤᠨ ᠤ ᠪᠤᠵᠠᠷᠳᠤᠯ ᠢ ᠰᠡᠷᠭᠡᠶᠢᠯᠡᠨ ᠵᠠᠰᠠᠬᠤ ᠤᠨ ᠤ ᠡᠬᠦᠷᠬᠡ ᠶᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠵᠤ᠂ ᠨᠠᠭᠤᠷ ᠭᠤᠤᠯ ᠤᠨ ᠳᠠᠷᠤᠭ᠎ᠠ ᠶᠢᠨ ᠳᠦᠷᠢᠮ ᠢ ᠠᠬᠢᠭᠤᠯᠵᠤ᠂ ᠳᠦᠪ ᠬᠤᠳᠠ | ᠳᠤᠭᠤᠷᠢᠭ ᠤᠨ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠤ ᠨᠤᠷᠮ᠎ᠠ ᠶᠢ 88% ᠠᠴᠠ ᠳᠡᠬᠡᠭᠰᠢ | ᠪᠠᠶᠢᠯᠭᠠᠵᠤ᠂ ᠤᠯᠤᠰ ᠤᠨ ᠪᠠᠶᠢᠴᠠᠭᠠᠯᠲᠠ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠤ ᠬᠠᠷᠢᠴᠠᠯ ᠢ 66. | 7% ᠳᠤ ᠬᠦᠷᠬᠡᠵᠤ᠂ ᠬᠤᠳᠠ ᠪᠠᠯᠭᠠᠰᠤ ᠶᠢᠨ ᠳᠦᠪᠯᠡᠷᠡᠬᠦᠯᠦᠨ ᠬᠠᠨᠭ᠍ᠭᠠᠬᠤ ᠢᠳᠡᠬᠦ ᠤᠰᠤᠨ ᠤ ᠰᠤᠷᠪᠤᠯᠵᠢ ᠶᠢᠨ | ᠤᠷᠤᠨ ᠤ ᠤᠰᠤᠨ ᠤ ᠴᠢᠨᠠᠷ ᠤᠨ ᠪᠠᠷᠢᠮᠵᠢᠶ᠎ᠠ ᠬᠦᠷᠬᠦ ᠨᠤᠷᠮ᠎ᠠ ᠶᠢ 100% ᠪᠠᠷ ᠪᠠᠳᠤᠯᠠᠨ᠎ᠠ᠃ ᠬᠦᠷᠦᠰᠤ | ᠰᠢᠷᠤᠢ ᠶᠢᠨ ᠪᠤᠵᠠᠷᠳᠤᠯ ᠤᠨ ᠨᠠᠷᠢᠯᠢᠭ ᠪᠠᠶᠢᠴᠠᠭᠠᠯᠲᠠ ᠶᠢ ᠡᠬᠢᠯᠡᠬᠦᠯᠵᠤ᠂ ᠬᠦᠷᠦᠰᠤ ᠰᠢᠷᠤᠢ ᠶᠢᠨ ᠪᠤᠵᠠᠷᠳᠤᠯ ᠤᠨ | ᠭᠠᠵᠠᠷ ᠤᠨ ᠨᠠᠷᠠᠰ ᠤᠨ ᠪᠦᠷᠢᠳᠬᠡᠯ ᠢ ᠪᠠᠶᠢᠭᠤᠯᠤᠨ᠂ ᠬᠦᠷᠦᠰᠤ ᠰᠢᠷᠤᠢ ᠶᠢᠨ ᠵᠠᠰᠠᠯᠳᠠ ᠪᠠ ᠰᠡᠷᠬᠦᠬᠡᠯᠳᠠ ᠶᠢ | ᠳᠦᠷᠬᠡᠳᠬᠡᠨ᠎ᠠ᠃ ᠤᠷᠴᠢᠨ ᠳᠤᠭᠤᠷᠢᠨ ᠤ ᠠᠶᠤᠯ ᠤᠨ ᠳᠤᠪᠤᠶᠢᠮ᠎ᠠ ᠠᠰᠠᠭᠤᠳᠠᠯ ᠢ ᠡᠵᠡᠮᠳᠡᠵᠤ᠂ ᠠᠶᠤᠯᠳᠤ | ᠬᠠᠶᠠᠭᠳᠠᠮᠠᠯ ᠪᠤᠳᠠᠰ ᠢ ᠰᠢᠯᠵᠢᠬᠦᠯᠬᠦ ᠬᠠᠮᠳᠤᠷᠠᠭᠰᠠᠨ ᠨᠢᠬᠡᠴᠢ ᠶᠢᠨ ᠳᠦᠷᠢᠮ ᠢ ᠨᠠᠶᠢᠳᠠᠪᠤᠷᠢᠵᠢᠭᠤᠯᠬᠤ᠂ | ᠳᠠᠷᠢᠶᠠᠯᠠᠩ ᠤᠨ ᠪᠤᠵᠠᠷᠳᠤᠯ ᠤᠨ ᠤᠭ ᠡᠬᠢ ᠶᠢ ᠵᠠᠰᠠᠵᠤ᠂ ᠬᠦᠨᠳᠤ ᠳᠡᠮᠦᠷᠯᠢᠭ ᠤᠨ ᠪᠤᠵᠠᠷᠳᠤᠯ ᠤᠨ ᠵᠠᠰᠠᠯᠳᠠ ᠪᠠ | ᠬᠠᠳᠠᠭᠤ ᠪᠡᠶᠠᠳᠤ ᠬᠠᠶᠠᠭᠳᠠᠮᠠᠯ ᠪᠤᠳᠠᠰ ᠢ ᠳᠦᠷᠢᠮᠵᠢᠭᠰᠡᠨ ᠶᠤᠰᠤᠭᠠᠷ ᠰᠢᠢᠳᠪᠤᠷᠢᠯᠡᠬᠦ ᠴᠢᠳᠠᠪᠤᠷᠢ ᠪᠠᠨ | ᠳᠡᠬᠡᠭᠰᠢᠯᠡᠬᠦᠯᠤᠨ᠎ᠠ᠃ ᠤᠷᠴᠢᠨ ᠳᠤᠭᠤᠷᠢᠨ ᠤ ᠬᠢᠨᠠᠨ ᠬᠠᠮᠢᠶᠠᠷᠤᠯᠳᠠ ᠶᠢᠨ ᠬᠠᠤᠯᠢ ᠬᠡᠷᠡᠭᠵᠢᠬᠦᠯᠬᠦ ᠬᠦᠴᠤᠯᠠᠴᠠ ᠪᠠᠨ | ᠨᠡᠮᠡᠭᠳᠡᠬᠦᠯᠵᠤ᠂ ᠤᠷᠴᠢᠨ ᠳᠤᠭᠤᠷᠢᠨ ᠤ ᠬᠠᠤᠯᠢ ᠬᠡᠷᠡᠭᠵᠢᠬᠦᠯᠬᠦ ᠴᠢᠩᠭ᠎ᠠ ᠳᠠᠷᠤᠯᠳᠠ ᠶᠢᠨ ᠪᠠᠶᠢᠳᠠᠯ ᠢᠶᠠᠨ | ᠪᠠᠷᠢᠮᠳᠠᠯᠠᠵᠤ᠂ ᠤᠷᠴᠢᠨ ᠳᠤᠭᠤᠷᠢᠨ ᠤ ᠶᠠᠰᠤ ᠴᠢᠨᠠᠷ ᠤᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | | ᠭᠤᠷᠪᠠ ᠳᠤ᠂ ᠰᠢᠯᠢᠳᠡᠭ ᠡᠬᠢ ᠰᠤᠷᠪᠤᠯᠵᠢ ᠶᠢ ᠳᠦᠪᠯᠡᠷᠡᠬᠦᠯᠦᠨ ᠭᠠᠮᠳᠠᠢ ᠠᠰᠢᠭᠯᠠᠬᠤ ᠬᠢᠷᠢ ᠬᠡᠮᠵᠢᠶ᠎ᠠ ᠪᠠᠨ | ᠳᠡᠬᠡᠭᠰᠢᠯᠡᠬᠦᠯᠤᠨ᠎ᠠ᠃ ᠠᠭᠤᠷᠬᠠᠢ ᠶᠢᠨ ᠡᠬᠢ ᠪᠠᠶᠠᠯᠢᠭ ᠢ ᠨᠡᠬᠡᠬᠡᠵᠤ ᠬᠤᠪᠢᠶᠠᠷᠢᠯᠠᠬᠤ ᠶᠢ ᠰᠢᠨᠵᠢᠯᠡᠬᠦ ᠤᠬᠠᠭᠠᠨᠴᠢ ᠪᠠᠷ | ᠳᠦᠯᠦᠪᠵᠢᠬᠦᠯᠵᠤ᠂ ᠪᠤᠵᠠᠷᠳᠤᠯ ᠦᠬᠡᠢ ᠠᠭᠤᠷᠬᠠᠢ ᠶᠢᠨ ᠪᠦᠳᠤᠬᠡᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ | ᠠᠭᠤᠷᠬᠠᠢ ᠶᠢᠨ ᠡᠬᠢ ᠪᠠᠶᠠᠯᠢᠭ ᠢ ᠳᠦᠪᠯᠡᠷᠡᠬᠦᠯᠤᠨ ᠭᠠᠮᠳᠠᠢ ᠪᠠᠷ ᠠᠰᠢᠭᠯᠠᠬᠤ ᠬᠢᠷᠢ ᠬᠡᠮᠵᠢᠶ᠎ᠠ ᠪᠠᠨ ᠳᠡᠬᠡᠭᠰᠢᠯᠡᠬᠦᠯᠤᠨ᠎ᠠ | ᠃ ᠳᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠳᠠ ᠶᠢ ᠨᠠᠶᠢᠳᠠᠪᠤᠷᠢᠵᠢᠭᠤᠯᠵᠤ᠂ ᠳᠠᠷᠢᠶᠠᠨ | ᠭᠠᠵᠠᠷ ᠢ ᠡᠵᠡᠯᠡᠬᠦ ᠪᠠ ᠨᠦᠬᠦᠪᠤᠷᠢᠯᠡᠬᠦ ᠳᠠᠩᠴᠡᠬᠦᠷᠢ ᠶᠢᠨ ᠬᠠᠮᠢᠶᠠᠷᠤᠯᠳᠠ ᠪᠠᠨ ᠴᠢᠩᠭᠠᠳᠬᠠᠨ᠂ ᠳᠠᠷᠢᠶᠠᠨ ᠭᠠᠵᠠᠷ | ᠦᠨᠳᠤᠰᠤᠨ ᠳᠠᠷᠢᠶᠠᠯᠠᠩ ᠢ ᠬᠠᠮᠢᠶᠠᠷᠤᠨ ᠡᠵᠡᠮᠳᠡᠬᠦ ᠴᠢᠨᠠᠷᠲᠠᠢ ᠬᠠᠮᠠᠭᠠᠯᠠᠯᠳᠠ ᠪᠠ ᠪᠦᠳᠤᠬᠡᠨ ᠪᠠᠶᠢᠭᠤᠯᠬᠤ ᠴᠢᠨᠠᠷᠲᠠᠢ | ᠬᠠᠮᠠᠭᠠᠯᠠᠯᠳᠠ ᠶᠢᠨ ᠬᠤᠤᠰ ᠠᠷᠭ᠎ᠠ ᠶᠢ ᠪᠡᠶᠡᠯᠡᠬᠦᠯᠦᠨ᠎ᠠ᠃ ᠭᠠᠵᠠᠷ ᠰᠢᠷᠤᠢ ᠶᠢᠨ ᠠᠰᠢᠭᠯᠠᠯᠳᠠ ᠶᠢᠨ | ᠳᠦᠯᠦᠪᠵᠢᠬᠦᠯᠬᠡ ᠶᠢ ᠬᠠᠮᠢᠶᠠᠷᠤᠨ ᠡᠵᠡᠮᠳᠡᠬᠦ ᠦᠢᠯᠡᠳᠤᠯ ᠢᠶᠠᠨ ᠪᠠᠳᠠᠷᠠᠭᠤᠯᠵᠤ᠂ ᠪᠦᠳᠤᠬᠡᠨ ᠪᠠᠶᠢᠭᠤᠯᠤᠯᠲᠠ ᠶᠢᠨ | ᠬᠡᠷᠡᠭᠯᠡᠬᠦ ᠭᠠᠵᠠᠷ ᠢ ᠵᠦᠪᠰᠢᠶᠡᠷᠡᠭᠰᠡᠨ ᠤ ᠳᠠᠷᠠᠭ᠎ᠠ ᠬᠢᠨᠠᠨ ᠬᠠᠮᠢᠶᠠᠷᠬᠤ ᠪᠠ ᠰᠤᠯᠠ ᠰᠡᠯᠡᠬᠦᠤ ᠭᠠᠵᠠᠷ ᠢ | ᠰᠢᠢᠳᠪᠤᠷᠢᠯᠡᠬᠦ ᠪᠠᠨ ᠴᠢᠩᠭᠠᠳᠬᠠᠵᠤ᠂ ᠭᠠᠵᠠᠷ ᠰᠢᠷᠤᠢ ᠶᠢ ᠠᠷᠪᠢᠯᠠᠨ ᠬᠡᠷᠡᠭᠯᠡᠬᠦ ᠳᠦᠪᠯᠡᠷᠡᠬᠦᠯᠦᠨ ᠠᠰᠢᠭᠯᠠᠬᠤ ᠬᠢᠷᠢ | ᠬᠡᠮᠵᠢᠶ᠎ᠠ ᠪᠠᠨ ᠳᠡᠬᠡᠭᠰᠢᠯᠡᠬᠦᠯᠤᠨ᠎ᠠ᠃ ︽ᠤᠯᠠᠭᠠᠨᠬᠠᠳᠠ ᠬᠤᠳᠠ ᠶᠢᠨ ᠭᠠᠵᠠᠷ ᠳᠤᠤᠷᠠᠬᠢ ᠤᠰᠤᠨ ᠤ ᠡᠬᠢ | ᠰᠤᠷᠪᠤᠯᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠵᠤᠷᠪᠤᠰ︾ ᠢ ᠳᠤᠤᠱᠯᠠᠭᠤᠯᠵᠤ᠂ ᠤᠰᠤ ᠬᠡᠷᠡᠭᠯᠡᠬᠦ ᠶᠢ | ᠵᠦᠪᠰᠢᠶᠡᠷᠡᠬᠦ ᠪᠠ ᠤᠰᠤᠨ ᠤ ᠡᠬᠢ ᠰᠤᠷᠪᠤᠯᠵᠢ ᠶᠢ ᠬᠠᠷᠠᠮᠵᠢ ᠲᠠᠢ ᠬᠡᠷᠡᠭᠯᠡᠬᠦ ᠶᠢ ᠬᠡᠷᠡᠭᠵᠢᠬᠦᠯᠵᠤ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠦᠬᠦ ᠳᠠᠯ᠎ᠠ ᠪᠠᠷ ᠠᠬᠢᠭᠤᠯᠤᠨ᠎ᠠ᠃ ᠡᠬᠢ ᠰᠤᠷᠪᠤᠯᠵᠢ ᠶᠢᠨ | ᠬᠡᠷᠡᠭᠯᠡᠬᠡᠨ ᠤ ᠶᠡᠷᠤᠩᠬᠡᠢ ᠬᠡᠮᠵᠢᠶ᠎ᠠ ᠪᠠ ᠡᠨᠧᠷᠭᠢ ᠶᠢᠨ ᠬᠡᠷᠡᠭᠯᠡᠬᠡᠨ ᠤ ᠬᠦᠴᠤᠯᠠᠴᠠ ᠶᠢᠨ ︽ᠬᠤᠤᠰ ᠡᠵᠡᠮᠳᠡᠬᠦ︾ | ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠡᠨᠧᠷᠭᠢ ᠠᠷᠪᠢᠯᠠᠬᠤ ᠪᠠᠷᠢᠯᠭ᠎ᠠ ᠪᠠ ᠡᠨᠧᠷᠭᠢ | ᠬᠡᠷᠡᠭᠯᠡᠬᠦ ᠠᠵᠤ ᠦᠢᠯᠡᠰ ᠤᠨ ᠡᠨᠧᠷᠭᠢ ᠶᠢᠨ ᠰᠤᠷᠪᠤᠯᠵᠢ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠠᠳᠬᠤᠵᠤ᠂ | ᠪᠦᠬᠦ ᠵᠢᠯ ᠤᠨ ᠡᠨᠧᠷᠭᠢ ᠠᠷᠪᠢᠯᠠᠵᠤ ᠨᠡᠭᠦᠷᠡᠰᠦᠲᠦ᠋ᠷᠦᠭᠴᠢ ᠶᠢᠨ ᠳᠠᠪᠬᠤᠷ ᠢᠰᠤᠯ ᠢ ᠪᠠᠭᠤᠷᠭᠠᠤᠯᠬᠤ ᠬᠠᠷᠠᠯᠳᠠ ᠪᠠᠨ | ᠪᠡᠶᠡᠯᠡᠬᠦᠯᠬᠦ ᠶᠢ ᠪᠠᠳᠤᠯᠠᠨ᠎ᠠ᠃ ᠭᠤᠤᠯᠳᠠᠯᠭ᠎ᠠ ᠲᠠᠢ ᠠᠵᠢᠯ ᠳᠦᠷᠤᠯ ᠤᠨ ᠴᠡᠪᠡᠷᠰᠢᠬᠦᠯᠦᠯᠳᠠ ᠶᠢᠨ ᠦᠬᠡᠷᠡᠴᠢᠯᠡᠯᠳᠠ ᠶᠢ | ᠬᠡᠷᠡᠭᠵᠢᠬᠦᠯᠵᠤ᠂ ᠬᠤᠴᠤᠷᠤᠩᠭᠤᠢ ᠢᠯᠡᠬᠦᠳᠡᠭᠰᠡᠨ ᠡᠨᠧᠷᠭᠢ ᠶᠢᠨ ᠪᠠᠶᠢᠭᠤᠯᠤᠯᠲᠠ ᠶᠢ ᠬᠢᠵᠠᠭᠠᠷᠯᠠᠵᠤ᠂ ᠤᠷᠴᠢᠯ | ᠰᠠᠶᠢᠲᠠᠢ ᠠᠵᠤ ᠠᠬᠤᠢ ᠶᠢᠨ ᠬᠦᠷᠢᠶᠡᠯᠡᠩ ᠳᠤᠭᠤᠷᠢᠭ ᠪᠠ ᠳᠠᠬᠢᠨ ᠠᠰᠢᠭᠯᠠᠬᠤ ᠠᠵᠤ ᠦᠢᠯᠡᠳᠪᠤᠷᠢᠯᠡᠯ ᠤᠨ | ᠬᠦᠭᠵᠢᠯᠳᠠ ᠶᠢ ᠰᠠᠶᠢᠲᠤᠷ ᠠᠳᠬᠤᠨ᠎ᠠ᠃ | ︵ᠵᠢᠷᠭᠤᠭ᠎ᠠ︶ ᠨᠡᠶᠢᠭᠡᠮ ᠤᠨ ᠦᠢᠯᠡᠰ ᠤᠨ ᠬᠦᠭᠵᠢᠯᠳᠠ ᠶᠢ ᠳᠦᠷᠬᠡᠳᠬᠡᠵᠤ᠂ ᠠᠷᠠᠳ ᠤᠨ ᠠᠮᠢᠳᠤᠷᠡᠯ ᠤᠨ | ᠪᠠᠳᠤᠯᠠᠭ᠎ᠠ ᠶᠢᠨ ᠬᠢᠷᠢ ᠬᠡᠮᠵᠢᠶ᠎ᠠ ᠪᠠᠨ ᠳᠡᠬᠡᠭᠰᠢᠯᠡᠬᠦᠯᠤᠨ᠎ᠠ᠃ | ᠨᠢᠬᠡ ᠳᠤ᠂ ᠨᠡᠶᠢᠭᠡᠮ ᠤᠨ ᠦᠢᠯᠡᠰ ᠤᠨ ᠬᠦᠭᠵᠢᠯᠳᠠ ᠪᠠᠨ ᠳᠦᠷᠬᠡᠳᠬᠡᠨ᠎ᠠ᠃ ᠰᠢᠨᠵᠢᠯᠡᠭᠡ ᠮᠡᠷᠬᠡᠵᠢᠯ ᠢᠶᠠᠷ | ᠰᠢᠨ᠎ᠠ ᠶᠢ ᠡᠬᠦᠳᠬᠦ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠶᠡᠷᠦᠩᠬᠡᠶᠢᠯᠡᠭᠰᠡᠨ ᠰᠢᠨᠵᠢᠯᠡᠭᠡ | ᠮᠡᠷᠬᠡᠵᠢᠯ ᠤᠨ ᠬᠦᠴᠤᠨ ᠪᠠ ᠦᠪᠡᠷᠳᠡᠬᠡᠨ ᠰᠢᠨ᠎ᠠ ᠶᠢ ᠡᠬᠦᠳᠬᠦ ᠴᠢᠳᠠᠪᠤᠷᠢ ᠪᠠᠨ ᠳᠡᠬᠡᠭᠰᠢᠯᠡᠬᠦᠯᠵᠤ᠂ ᠦᠪᠡᠷᠳᠡᠬᠡᠨ | ᠵᠠᠰᠠᠬᠤ ᠤᠷᠤᠨ ᠤ ᠳᠠᠰ ᠤᠨ ᠠᠵᠤ ᠠᠬᠤᠶᠢᠯᠠᠯ ᠤᠨ ᠮᠡᠷᠬᠡᠵᠢᠯ ᠤᠨ ᠰᠤᠳᠤᠯᠭᠠᠨ ᠤ ᠳᠦᠪ 2 ᠡᠷᠤᠬᠡ᠂ ᠰᠢᠨᠵᠢᠯᠡᠭᠡ | ᠮᠡᠷᠬᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠰᠠᠭᠤᠷᠢᠨ ᠢ 1 ᠡᠷᠤᠬᠡ ᠨᠡᠮᠡᠭᠳᠡᠬᠦᠯᠤᠨ᠎ᠠ᠃ ᠰᠤᠷᠭᠠᠨ | ᠬᠦᠮᠤᠵᠢᠯ ᠤᠨ ᠦᠢᠯᠡᠰ ᠤᠨ ᠬᠦᠭᠵᠢᠯᠳᠠ ᠶᠢ ᠳᠦᠷᠬᠡᠳᠬᠡᠵᠤ᠂ ᠦᠨᠳᠤᠰᠤᠳᠠᠨ ᠤ ᠰᠤᠷᠭᠠᠨ ᠬᠦᠮᠦᠵᠢᠯ ᠪᠠ | ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠰᠢᠰᠲ᠋ᠧᠮ ᠢ ᠳᠡᠬᠦᠯᠳᠠᠷᠵᠢᠬᠦᠯᠵᠤ᠂ ᠤᠨᠴᠠᠭᠠᠢ ᠰᠤᠷᠭᠠᠨ | ᠬᠦᠮᠤᠵᠢᠯ ᠤᠨ ᠳᠡᠬᠡᠭᠰᠢᠯᠡᠯᠳᠠ ᠶᠢᠨ ᠳᠦᠯᠦᠪᠯᠡᠭᠡ ᠶᠢ ᠬᠡᠷᠡᠭᠵᠢᠬᠦᠯᠤᠨ᠎ᠠ᠃ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠰᠢᠯᠢᠳᠡᠭ ᠢᠶᠠᠷ᠂ ᠳᠡᠩᠴᠡᠬᠦᠷᠢ ᠲᠠᠢ ᠪᠠᠷ ᠳᠠᠰ ᠳᠠᠪᠰᠢᠬᠤ ᠶᠢ ᠠᠬᠢᠭᠤᠯᠵᠤ᠂ ᠵᠢᠯ ᠤᠨ ᠳᠤᠳᠤᠷ᠎ᠠ | ᠬᠡᠤᠬᠡᠳ ᠤᠨ ᠴᠡᠴᠡᠷᠯᠢᠭ 34 ᠰᠠᠭᠤᠷᠢ ᠶᠢ ᠰᠢᠨ᠎ᠠ ᠪᠠᠷ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ | ᠬᠦᠮᠤᠵᠢᠯ ᠤᠨ ᠰᠤᠷᠭᠠᠭᠤᠯᠢ 13 ᠰᠠᠭᠤᠷᠢ ᠶᠢ ᠰᠢᠨ᠎ᠠ ᠪᠠᠷ ᠪᠠᠶᠢᠭᠤᠯᠬᠤ ᠪᠤᠶᠤ ᠦᠷᠬᠡᠳᠬᠡᠨ ᠪᠠᠶᠢᠭᠤᠯᠵᠤ᠂ 286 | ︽ᠶᠡᠭᠡ ᠠᠩᠬᠢ︾ ᠶᠢ ᠠᠷᠢᠯᠭᠠᠨ᠎ᠠ᠃ ᠰᠤᠷᠭᠠᠭᠤᠯᠢ ᠠᠴᠠ ᠡᠮᠦᠨᠡᠬᠢ ᠠᠵᠢᠯᠯᠠᠭᠠᠨ ᠤ ᠳᠦᠯᠦᠪᠯᠡᠭᠡ ᠶᠢ ᠬᠡᠷᠡᠭᠵᠢᠬᠦᠯᠵᠤ | ᠂ ᠰᠢᠨ᠎ᠠ ᠬᠤᠳᠠ ᠳᠤᠭᠤᠷᠢᠭ ᠤᠨ ᠰᠠᠭᠤᠷᠢ ᠰᠤᠷᠭᠠᠨ ᠬᠦᠮᠦᠵᠢᠯ ᠤᠨ ᠳᠠᠳᠠᠭᠤ ᠶᠢ ᠨᠦᠬᠦᠪᠤᠷᠢᠯᠡᠬᠦ ᠢᠨᠵᠧᠨᠧᠷᠢᠩ ᠢ | ᠦᠷᠨᠢᠬᠦᠯᠵᠤ᠂ ᠪᠠ ᠵᠢᠶᠠ ᠪᠠᠭ᠎ᠠ ᠰᠤᠷᠭᠠᠭᠤᠯᠢ᠂ ᠱᠠᠨ ᠰᠢ ᠶᠢᠩ ᠳᠤᠮᠳᠠᠳᠤ ᠰᠤᠷᠭᠠᠭᠤᠯᠢ ᠵᠡᠷᠬᠡ ᠨᠢᠬᠡ ᠪᠦᠯᠦᠭ | ᠭᠤᠤᠯᠳᠠᠯᠭ᠎ᠠ ᠲᠠᠢ ᠳᠦᠷᠤᠯ ᠵᠦᠢᠯ ᠢ ᠪᠠᠷᠢᠯᠭ᠎ᠠ ᠡᠬᠢᠯᠡᠬᠦᠯᠵᠤ᠂ ᠰᠢᠨ᠎ᠠ ᠬᠤᠳᠠ ᠳᠤᠭᠤᠷᠢᠭ ᠤᠨ ᠮᠤᠩᠭᠤᠯ | ᠦᠨᠳᠤᠰᠤᠳᠠᠨ ᠤ ᠳᠤᠷᠰᠢᠯᠳᠠ ᠶᠢᠨ ᠪᠠᠭ᠎ᠠ ᠰᠤᠷᠭᠠᠭᠤᠯᠢ ᠶᠢᠨ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠳᠡᠬᠡᠳᠤ | ᠳᠤᠮᠳᠠᠳᠤ ᠶᠢᠨ ᠳᠠᠶᠢᠴᠢᠯᠠᠬᠤ ᠦᠢᠯᠡᠳᠤᠯ ᠤᠨ ᠪᠤᠳᠤᠯᠭ᠎ᠠ ᠶᠢ ᠳᠦᠷᠬᠡᠳᠬᠡᠵᠤ᠂ ᠠᠵᠢᠯ ᠮᠡᠷᠬᠡᠵᠢᠯ ᠤᠨ ᠰᠤᠷᠭᠠᠨ | ᠬᠦᠮᠤᠵᠢᠯ ᠤᠨ ᠶᠡᠷᠦᠩᠬᠡᠶᠢᠯᠡᠭᠰᠡᠨ ᠳᠤᠷᠰᠢᠯᠳᠠ ᠶᠢᠨ ᠳᠤᠭᠤᠷᠢᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ | ᠤᠯᠠᠭᠠᠨᠬᠠᠳᠠ ᠶᠢᠨ ᠳᠡᠬᠡᠳᠤ ᠰᠤᠷᠭᠠᠭᠤᠯᠢ ᠶᠢᠨ ᠬᠡᠷᠡᠭᠯᠡᠬᠡᠨ ᠤ ᠶᠡᠷᠦᠩᠬᠡᠶᠢᠯᠡᠭᠰᠡᠨ ᠶᠡᠭᠡ ᠰᠤᠷᠭᠠᠭᠤᠯᠢ ᠶᠢᠨ | ᠪᠠᠶᠢᠭᠤᠯᠤᠯᠲᠠ ᠶᠢ ᠠᠬᠢᠭᠤᠯᠵᠤ᠂ ᠤᠯᠠᠭᠠᠨᠬᠠᠳᠠ ᠶᠢᠨ ᠬᠡᠷᠡᠭᠯᠡᠬᠡᠨ ᠤ ᠠᠵᠢᠯ ᠮᠡᠷᠬᠡᠵᠢᠯ ᠤᠨ ᠳᠡᠬᠡᠳᠤ ᠰᠤᠷᠭᠠᠭᠤᠯᠢ ᠶᠢ | ᠪᠡᠯᠡᠳᠬᠡᠨ ᠪᠠᠶᠢᠭᠤᠯᠤᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠠ ᠪᠠᠨ | ᠭᠦᠨᠵᠡᠭᠡᠶᠢᠷᠡᠭᠦᠯᠵᠦ᠂ ᠳᠠᠰ ᠬᠤᠪᠢᠶᠠᠨ ᠡᠮᠨᠡᠬᠦ ᠳᠦᠷᠢᠮ ᠤᠨ ᠪᠠᠶᠢᠭᠤᠯᠤᠯᠲᠠ ᠶᠢ ᠳᠦᠷᠬᠡᠳᠬᠡᠵᠤ᠂ ᠡᠮ ᠡᠮᠨᠡᠯᠬᠡ | ᠡᠷᠡᠬᠦᠯ ᠬᠠᠮᠠᠭᠠᠯᠠᠯ ᠤᠨ ᠴᠢᠮᠡᠭᠡ ᠵᠠᠩᠬᠢᠴᠢᠯᠠᠯᠳᠠ᠂ ᠬᠡᠷ ᠪᠦᠯᠢ ᠶᠢᠨ ᠡᠮᠴᠢ ᠶᠢᠨ ᠬᠡᠷ᠎ᠠ ᠶᠢᠨ ᠦᠢᠯᠡᠴᠢᠯᠡᠭᠡ ᠪᠠ | ᠤᠷᠢᠳᠴᠢᠯᠠᠨ ᠰᠡᠷᠭᠡᠶᠢᠯᠡᠯᠲᠡ ᠴᠢᠬᠢᠷᠠᠭᠵᠢᠭᠤᠯᠤᠯᠳᠠ ᠶᠢᠨ ᠠᠵᠢᠯ ᠢᠶᠠᠨ ᠠᠬᠢᠭᠤᠯᠤᠨ᠂ ᠤᠯᠠᠨ ᠨᠡᠶᠢᠲᠡ ᠶᠢᠨ | ᠦᠢᠯᠡᠴᠢᠯᠡᠬᠡᠨ ᠤ ᠬᠢᠷᠢ ᠬᠡᠮᠵᠢᠶ᠎ᠠ ᠪᠠᠨ ᠳᠡᠬᠡᠭᠰᠢᠯᠡᠬᠦᠯᠤᠨ᠎ᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠦᠳᠤᠴᠠ ᠶᠢᠨ | ᠳᠠᠷᠬᠠᠴᠠ ᠪᠠᠨ ᠰᠢᠯᠢᠳᠡᠭᠵᠢᠬᠦᠯᠵᠤ᠂ ᠬᠤᠳᠠ ᠶᠢᠨ ᠬᠠᠯᠳᠠᠪᠤᠷᠢᠳᠤ ᠡᠪᠡᠳᠴᠢᠨ ᠤ ᠡᠮᠨᠡᠯᠬᠡ ᠶᠢᠨ ᠬᠤᠷᠢᠶ᠎ᠠ᠂ | ᠬᠤᠳᠠ ᠶᠢᠨ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ ᠪᠠ ᠬᠤᠳᠠ ᠶᠢᠨ ᠡᠮᠨᠡᠯᠬᠡ ᠶᠢᠨ ᠬᠤᠷᠢᠶᠡᠨ ᠤ ᠦᠬᠡᠷᠡᠴᠢᠯᠡᠬᠦ | ᠪᠠ ᠳᠠᠰ ᠳᠠᠪᠰᠢᠬᠤ ᠪᠠᠷᠢᠯᠭ᠎ᠠ ᠶᠢᠨ ᠠᠵᠢᠯ ᠤᠨ ᠠᠬᠢᠴᠠ ᠶᠢ ᠳᠦᠷᠬᠡᠳᠬᠡᠵᠤ᠂ ᠬᠤᠳᠠ ᠶᠢᠨ ᠴᠢᠰᠤᠨ ᠦᠷᠳᠡᠭᠡ ᠶᠢᠨ | ᠳᠦᠪ ᠦᠷᠳᠡᠭᠡ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ ᠡᠮᠨᠡᠯᠬᠡ ᠡᠷᠡᠬᠦᠯᠵᠢᠯ ᠤᠨ ᠤᠶᠠᠯᠳᠤᠯ ᠪᠠ | ᠦᠳᠡᠯᠤᠬᠡ ᠨᠠᠰᠤᠳᠠᠳ ᠤᠨ ᠡᠷᠡᠬᠦᠯ ᠴᠢᠬᠢᠷᠠᠭ ᠤᠨ ᠦᠢᠯᠡᠰ ᠢ ᠠᠬᠢᠭᠤᠯᠵᠤ᠂ ᠡᠬᠡ ᠨᠢᠯᠬᠠᠰ ᠤᠨ ᠳᠦᠯᠦᠪᠯᠡᠬᠡᠳᠤ | ᠦᠷᠡᠵᠢᠯ ᠤᠨ ᠤᠤᠯ ᠤᠨ ᠬᠢᠷᠢ ᠬᠡᠮᠵᠢᠶ᠎ᠠ ᠪᠠᠨ ᠳᠡᠬᠡᠭᠰᠢᠯᠡᠬᠦᠯᠵᠤ᠂ ᠬᠦᠮᠤᠨ ᠠᠮᠠ ᠶᠢᠨ ᠳᠡᠩᠴᠡᠬᠦᠷᠢ ᠲᠠᠢ ᠪᠠᠷ | ᠦᠰᠬᠦ ᠶᠢ ᠠᠬᠢᠭᠤᠯᠤᠨ᠎ᠠ᠃ ᠰᠤᠶᠤᠯ ᠢᠶᠠᠷ ᠤᠯᠠᠨ ᠳᠤ ᠳᠤᠰᠠ ᠬᠦᠷᠬᠡᠬᠦ ᠢᠨᠵᠧᠨᠧᠷᠢᠩ ᠢ ᠬᠡᠷᠡᠭᠵᠢᠬᠦᠯᠵᠤ᠂ | ᠤᠯᠠᠭᠠᠨᠮᠦ᠋ᠴᠢᠷ ᠤᠨ ᠤᠳᠬ᠎ᠠ ᠤᠷᠠᠯᠢᠭ ᠤᠨ ᠪᠦᠳᠤᠬᠡᠯ ᠢ ᠠᠬᠢᠭᠤᠯᠤᠨ᠎ᠠ᠃ ᠰᠤᠶᠤᠯ ᠤᠨ ᠤᠷᠳᠤᠨ᠂ ᠨᠤᠮ ᠤᠨ | ᠰᠠᠩ ᠢ ᠬᠤᠪᠢᠶᠠᠷᠢᠯᠠᠬᠤ ᠳᠦᠷᠢᠮ ᠢ ᠴᠢᠩᠭᠠᠳᠬᠠᠵᠤ᠂ ᠤᠯᠠᠨ ᠨᠡᠶᠢᠲᠡ ᠶᠢᠨ ᠰᠤᠶᠤᠯ ᠦᠢᠯᠡᠴᠢᠯᠡᠬᠡᠨ ᠤ | ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠰᠤᠶᠤᠯ ᠤᠨ ᠠᠵᠤ ᠦᠢᠯᠡᠰ ᠤᠨ ᠬᠦᠭᠵᠢᠯᠳᠠ ᠶᠢ ᠳᠦᠷᠬᠡᠳᠬᠡᠵᠤ᠂ | ᠭᠤᠷᠪᠠᠳᠤᠭᠠᠷ ᠬᠤᠭᠤᠴᠠᠭᠠᠨ ᠤ ᠦᠪᠤᠷ ᠮᠤᠩᠭᠤᠯ᠂ ᠾᠧᠪᠧᠢ᠂ ᠯᠢᠶᠤᠤᠨᠢᠩ ᠤᠨ ᠰᠤᠶᠤᠯ ᠤᠨ ᠠᠵᠤ ᠦᠢᠯᠡᠰ ᠤᠨ | ᠦᠵᠡᠬᠦᠯᠤᠯᠬᠡ ᠶᠢᠨ ᠬᠤᠷᠡᠯ ᠢ ᠪᠡᠯᠡᠳᠬᠡᠨ ᠡᠷᠬᠢᠯᠡᠨ᠎ᠠ᠃ ᠬᠤᠨᠭ᠍ᠱᠠᠨ ᠰᠤᠶᠤᠯ ᠤᠨ ᠦᠯᠡᠳᠡᠭᠳᠡᠯ᠂ ᠯᠢᠶᠤᠤ ᠶᠢᠨ | ᠳᠡᠬᠡᠳᠤ ᠨᠡᠶᠢᠰᠯᠡᠯ ᠤᠨ ᠪᠠᠭᠤᠷᠢ ᠪᠠ ᠽᠤ ᠯᠢᠩ ᠤᠨ ᠪᠠᠭᠤᠷᠢ ᠶᠢ ᠰᠤᠶᠤᠯ ᠤᠨ ᠦᠯᠡᠳᠡᠭᠳᠡᠯ ᠦᠪ ᠢᠶᠠᠷ ᠡᠷᠡᠮᠡᠵᠡᠯᠡᠨ | ᠮᠡᠳᠡᠬᠦᠯᠬᠦ ᠠᠵᠢᠯ ᠢ ᠠᠬᠢᠭᠤᠯᠵᠤ᠂ ᠯᠢᠶᠤᠤ ᠶᠢᠨ ᠳᠡᠬᠡᠳᠤ ᠨᠡᠶᠢᠰᠯᠡᠯ ᠤᠨ ᠤᠯᠤᠰ ᠤᠨ ᠡᠷᠳᠡᠨ ᠤ ᠳᠤᠷᠠᠰᠬᠠᠯᠳᠤ | ᠦᠯᠡᠳᠡᠭᠳᠡᠯ ᠤᠨ ᠴᠡᠴᠡᠷᠯᠢᠭ᠂ ᠳᠤᠮᠳᠠᠳᠤ ᠤᠯᠤᠰ ᠤᠨ ᠬᠢᠳᠡᠨ ᠯᠢᠶᠤᠤ ᠶᠢᠨ ᠮᠦᠽᠧᠢ᠂ ᠬᠤᠨᠭ᠍ᠱᠠᠨ ᠰᠤᠶᠤᠯ ᠤᠨ | ᠮᠦᠽᠧᠢ ᠶᠢᠨ ᠪᠦᠳᠤᠬᠡᠨ ᠪᠠᠶᠢᠭᠤᠯᠬᠤ ᠠᠯᠬᠤᠮ ᠢ ᠳᠦᠷᠬᠡᠳᠬᠡᠨ᠎ᠠ᠃ ᠤᠯᠠᠨ ᠨᠡᠶᠢᠲᠡ ᠶᠢᠨ ᠳᠠᠮᠢᠷ ᠤᠨ ᠦᠢᠯᠡᠰ ᠢ | ᠳᠡᠭᠰᠢ ᠪᠠᠷ ᠬᠦᠭᠵᠢᠬᠦᠯᠬᠦ ᠬᠢᠷᠢ ᠬᠡᠮᠵᠢᠶ᠎ᠠ ᠪᠠᠨ ᠳᠡᠬᠡᠭᠰᠢᠯᠡᠬᠦᠯᠵᠤ᠂ ᠬᠤᠰᠢᠭᠤ ᠰᠢᠶᠠᠨ ᠳᠤᠭᠤᠷᠢᠭ ᠤᠨ ᠪᠦᠬᠦ | ᠠᠷᠠᠳ ᠤᠨ ᠪᠡᠶ᠎ᠠ ᠪᠠᠨ ᠴᠢᠬᠢᠷᠠᠭᠵᠢᠭᠤᠯᠬᠤ ᠳᠦᠪ ᠤᠨ ᠳᠠᠰ ᠳᠠᠪᠰᠢᠬᠤ᠂ ᠦᠬᠡᠷᠡᠴᠢᠯᠡᠬᠦ ᠠᠵᠢᠯ ᠢ ᠪᠡᠶᠡᠯᠡᠬᠦᠯᠤᠨ᠎ᠠ᠃ | ᠳᠡᠯᠡᠬᠡᠢ ᠶᠢᠨ ᠵᠢᠵᠢᠭ ᠬᠦᠷᠳᠤᠳᠤ ᠳᠡᠷᠬᠡ ᠶᠢᠨ ᠲᠤᠬᠠᠶᠢᠯᠠᠭᠰᠠᠨ ᠠᠵᠢᠯ ᠤᠨ ᠤᠷᠤᠯᠳᠤᠭᠠᠨ᠂ ᠪᠦᠬᠦ ᠤᠯᠤᠰ ᠤᠨ | ᠳᠦᠷᠬᠡᠨ ᠠᠯᠬᠤᠬᠤ ᠮᠠᠩᠯᠠᠢ ᠶᠢᠨ ᠤᠷᠤᠯᠳᠤᠭᠠᠨ ᠵᠡᠷᠬᠡ ᠳᠤᠮᠤ ᠬᠡᠯᠪᠡᠷᠢ ᠶᠢᠨ ᠤᠷᠤᠯᠳᠤᠭᠠᠨ ᠢ ᠡᠷᠬᠢᠯᠡᠵᠤ᠂ ᠪᠦᠬᠦ | ᠤᠯᠤᠰ ᠤᠨ ᠠᠷᠪᠠᠨ ᠳᠦᠷᠪᠡᠳᠤᠬᠡᠷ ᠬᠤᠭᠤᠴᠠᠭᠠᠨ ᠤ ᠡᠪᠤᠯ ᠤᠨ ᠤᠯᠠᠷᠢᠯ ᠤᠨ ᠳᠠᠮᠢᠷ ᠤᠨ ᠤᠷᠤᠯᠳᠤᠭᠠᠨ ᠤ | ᠬᠤᠪᠢᠶᠠᠷᠢ ᠤᠷᠤᠯᠳᠤᠭᠠᠨ ᠤ ᠳᠠᠯᠠᠪᠠᠢ ᠶᠢ ᠡᠷᠬᠢᠯᠡᠬᠦ ᠠᠵᠢᠯ ᠤᠨ ᠪᠡᠯᠡᠳᠬᠡᠯ ᠢ ᠰᠠᠶᠢᠲᠤᠷ ᠬᠢᠨ᠎ᠠ᠃ | ᠬᠤᠶᠠᠷ ᠲᠤ᠂ ᠠᠵᠢᠯ ᠤᠯᠬᠤ ᠦᠢᠯᠡᠰ ᠪᠦᠳᠤᠬᠡᠬᠦ ᠠᠵᠢᠯ ᠢ ᠠᠬᠢᠭᠤᠯᠤᠨ᠎ᠠ᠃ | ᠠᠵᠢᠯ ᠤᠯᠬᠤ ᠶᠢ ᠤᠷᠢᠳᠡᠪᠡᠷ ᠪᠠᠳᠤᠯᠠᠬᠤ ᠪᠤᠳᠤᠯᠭ᠎ᠠ ᠶᠢ ᠬᠡᠷᠡᠭᠵᠢᠬᠦᠯᠵᠤ᠂ ᠠᠵᠢᠯ ᠤᠯᠬᠤ ᠦᠢᠯᠡᠰ | ᠪᠦᠳᠤᠬᠡᠬᠦ ᠳᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠠᠴᠠ ᠠᠵᠢᠯ ᠤᠯᠬᠤ | ᠬᠠᠮᠳᠤ ᠶᠢᠨ ᠦᠢᠯᠡᠴᠢᠯᠡᠬᠡᠨ ᠤ ᠴᠢᠳᠠᠮᠵᠢ ᠶᠢ ᠠᠬᠢᠭᠤᠯᠤᠨ᠎ᠠ᠃ ᠠᠵᠢᠯ ᠤᠯᠬᠤ ᠶᠢ ᠳᠠᠮᠵᠢᠬᠦ ᠠᠵᠢᠯ ᠢᠶᠠᠨ | ᠴᠢᠩᠭᠠᠳᠬᠠᠨ᠂ ᠲᠤᠬᠠᠶᠢᠯᠠᠭᠰᠠᠨ ᠠᠵᠢᠯ ᠤᠨ ᠮᠡᠷᠬᠡᠰᠢᠯ ᠴᠢᠳᠠᠪᠤᠷᠢ ᠶᠢᠨ ᠪᠤᠯᠪᠠᠰᠤᠷᠡᠯ ᠢ ᠳᠦᠷᠬᠡᠳᠬᠡᠨ᠂ | ᠬᠠᠨᠭ᠍ᠭᠠᠯᠭ᠎ᠠ ᠪᠠ ᠬᠡᠷᠡᠭᠴᠡᠭᠡ ᠶᠢ ᠦᠷ᠎ᠠ ᠪᠦᠳᠤᠮᠵᠢ ᠲᠠᠢ ᠪᠠᠷ ᠠᠮᠠᠯᠠᠭᠤᠯᠬᠤ ᠠᠵᠢᠯ ᠤᠯᠭᠤᠯᠳᠠ ᠶᠢᠨ | ᠦᠢᠯᠡᠴᠢᠯᠡᠬᠡᠨ ᠤ ᠳᠠᠪᠴᠠᠩ ᠢ ᠪᠠᠶᠢᠭᠤᠯᠤᠨ᠎ᠠ᠃ ᠬᠠᠯᠠᠭᠳᠠᠵᠤ ᠰᠢᠯᠵᠢᠭᠰᠡᠨ ᠴᠡᠷᠢᠭ᠂ ᠶᠡᠭᠡ ᠰᠤᠷᠭᠠᠭᠤᠯᠢ ᠠᠴᠠ | ᠳᠡᠬᠦᠰᠦᠭᠰᠡᠨ ᠰᠤᠷᠤᠬᠴᠢ᠂ ᠠᠵᠢᠯ ᠤᠯᠬᠤ ᠳᠤ ᠬᠦᠴᠢᠷ ᠬᠦᠮᠦᠰ᠂ ᠳᠡᠮᠳᠡᠭᠯᠡᠭᠰᠡᠨ ᠠᠵᠢᠯ ᠠᠯᠳᠠᠭᠰᠠᠳ ᠪᠠ ᠮᠠᠯᠴᠢᠨ | ᠳᠠᠷᠢᠶᠠᠴᠢᠨ ᠤ ᠰᠢᠯᠵᠢᠵᠤ ᠢᠷᠡᠭᠰᠡᠨ ᠬᠦᠳᠡᠯᠮᠤᠷᠢ ᠬᠦᠴᠤ ᠵᠡᠷᠬᠡ ᠭᠤᠤᠯᠳᠠᠯᠭ᠎ᠠ ᠲᠠᠢ ᠬᠦᠮᠤᠰ ᠤᠨ ᠠᠵᠢᠯ ᠤᠯᠬᠤ | ᠶᠠᠪᠤᠳᠠᠯ ᠢ ᠨᠢᠬᠡᠳᠤᠯᠳᠠᠢ ᠳᠦᠯᠦᠪᠵᠢᠬᠦᠯᠵᠤ᠂ ᠬᠤᠳᠠ ᠪᠠᠯᠭᠠᠰᠤ ᠶᠢᠨ ᠠᠵᠢᠯ ᠦᠬᠡᠢ ᠬᠡᠷ ᠪᠦᠯᠢ ᠶᠢ ᠴᠡᠪᠡᠷᠯᠡᠬᠦ | ᠠᠵᠢᠯ ᠢ ᠦᠷᠬᠦᠯᠵᠢᠯᠡᠨ ᠪᠠᠷᠢᠮᠳᠠᠯᠠᠵᠤ᠂ ᠶᠡᠭᠡ ᠪᠠᠶᠢᠳᠠᠯ ᠢ ᠠᠮᠤᠷ ᠳᠤᠭᠳᠠᠭᠤᠨ ᠪᠠᠶᠢᠯᠭᠠᠬᠤ᠂ ᠭᠤᠤᠯᠳᠠᠯᠭ᠎ᠠ ᠲᠠᠢ | ᠪᠠᠶᠢᠳᠠᠯ ᠢ ᠠᠮᠤᠷ ᠳᠤᠭᠳᠠᠭᠤᠨ ᠪᠠᠶᠢᠯᠭᠠᠬᠤ ᠠᠵᠢᠯ ᠤᠯᠬᠤ ᠠᠵᠢᠯ ᠤᠨ ᠦᠨᠳᠤᠰᠤᠨ ᠱᠤᠭᠤᠮ ᠢ ᠴᠢᠩᠭ᠎ᠠ ᠰᠠᠬᠢᠨ᠎ᠠ᠃ | ᠬᠦᠳᠡᠯᠮᠤᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ ᠬᠡᠷᠡᠭᠵᠢᠬᠦᠯᠦᠯᠳᠠ ᠶᠢ ᠴᠢᠩᠭᠠᠳᠬᠠᠵᠤ᠂ | ᠬᠦᠯᠦᠰᠤᠨ ᠠᠵᠢᠯᠴᠢᠨ ᠤ ᠴᠡᠯᠢᠩ ᠤᠨ ᠦᠷᠢᠳᠤᠯ ᠢ ᠴᠡᠪᠡᠷᠯᠡᠬᠦ ᠠᠵᠢᠯ ᠢ ᠰᠠᠶᠢᠲᠤᠷ ᠬᠢᠨ᠎ᠠ᠃ ᠠᠨ ᠺᠤᠸᠠᠢ ᠦᠢᠯᠡᠰ | ᠡᠬᠦᠳᠬᠦ ᠰᠤᠪᠠᠭ ᠵᠢᠴᠢ ᠡᠯ᠎ᠠ ᠵᠦᠢᠯ ᠤᠨ ︽ᠬᠤᠤᠰ ᠡᠬᠦᠳᠬᠦ︾ ᠳᠠᠪᠴᠠᠩ ᠤᠨ ᠠᠴᠢᠶᠠᠯᠠᠪᠤᠷᠢ ᠶᠢᠨ ᠦᠢᠯᠡᠳᠤᠯ ᠢ | ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠠᠷᠢ ᠭᠠᠵᠠᠷ ᠲᠤ ᠦᠢᠯᠡᠰ ᠪᠤᠰᠬᠠᠬᠤ ᠪᠠ ᠦᠷ᠎ᠠ | ᠪᠦᠳᠤᠬᠡᠯ ᠢᠶᠠᠨ ᠬᠡᠷᠡᠭᠯᠡᠯᠳᠠ ᠳᠤ ᠤᠷᠤᠭᠤᠯᠬᠤ ᠶᠢ ᠳᠠᠮᠵᠢᠵᠤ᠂ ᠦᠢᠯᠡᠰ ᠪᠦᠳᠤᠬᠡᠬᠦ ᠰᠢᠨ᠎ᠠ ᠶᠢ ᠪᠦᠳᠤᠬᠡᠬᠦ | ᠠᠵᠢᠯ ᠤᠨ ᠬᠢᠷᠢ ᠬᠡᠮᠵᠢᠶ᠎ᠠ ᠪᠠᠨ ᠳᠡᠬᠡᠭᠰᠢᠯᠡᠬᠦᠯᠤᠨ᠎ᠠ᠃ ᠤᠯᠠᠭᠠᠨᠬᠠᠳᠠ ᠶᠢᠨ ᠳᠤᠭᠠᠴᠢᠯᠠᠭᠰᠠᠨ ᠠᠵᠤ ᠦᠢᠯᠡᠰ ᠤᠨ | ᠬᠦᠭᠵᠢᠯᠳᠠ ᠶᠢ ᠳᠦᠷᠬᠡᠳᠬᠡᠵᠤ᠂ ᠦᠢᠯᠡᠰ ᠪᠦᠳᠤᠬᠡᠬᠦ ᠪᠠᠷ ᠠᠵᠢᠯ ᠤᠯᠬᠤ ᠶᠢ ᠳᠠᠶᠢᠴᠢᠯᠠᠵᠤ᠂ ᠤᠯᠠᠨ | ᠨᠡᠶᠢᠲᠡ ᠪᠠᠷ ᠢᠶᠠᠨ ᠦᠢᠯᠡᠰ ᠪᠦᠳᠤᠬᠡᠵᠤ᠂ ᠳᠦᠮᠡᠨ ᠪᠦᠬᠦᠳᠡᠬᠡᠷ ᠢᠶᠠᠨ ᠰᠢᠨ᠎ᠠ ᠶᠢ ᠡᠬᠦᠳᠬᠦ ᠶᠢ ᠠᠬᠢᠭᠤᠯᠤᠨ᠎ᠠ᠃ | ᠪᠦᠬᠦ ᠵᠢᠯ ᠳᠤ ᠬᠤᠳᠠ ᠪᠠᠯᠭᠠᠰᠤ ᠶᠢᠨ ᠠᠵᠢᠯ ᠤᠯᠤᠭᠰᠡᠳ ᠢ 2.3 ᠳᠦᠮᠡ ᠬᠦᠮᠤᠨ ᠨᠡᠮᠡᠭᠳᠡᠬᠦᠯᠵᠤ᠂ ᠮᠠᠯᠴᠢᠨ | ᠳᠠᠷᠢᠶᠠᠴᠢᠨ ᠤ ᠬᠦᠳᠡᠯᠮᠤᠷᠢ ᠬᠦᠴᠤᠨ ᠰᠢᠯᠵᠢᠵᠤ ᠢᠷᠡᠭᠰᠡᠳ ᠢ 68.5 ᠳᠦᠮᠡᠨ ᠬᠦᠮᠤᠨ ᠳᠤ ᠠᠵᠢᠯ ᠤᠯᠭᠤᠨ᠎ᠠ᠃ | | ᠭᠤᠷᠪᠠ ᠳᠤ᠂ ᠠᠷᠠᠳ ᠤᠨ ᠠᠮᠢᠳᠤᠷᠡᠯ ᠤᠨ ᠪᠠᠳᠤᠯᠠᠭ᠎ᠠ ᠶᠢ ᠦᠷᠬᠦᠯᠵᠢᠯᠡᠨ ᠴᠢᠩᠭᠠᠳᠬᠠᠨ᠎ᠠ᠃ | ᠨᠡᠶᠢᠭᠡᠮ ᠤᠨ ᠳᠠᠭᠠᠳᠬᠠᠯ ᠤᠨ ᠪᠦᠷᠬᠦᠴᠠ ᠶᠢ ᠦᠷᠬᠡᠳᠬᠡᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠤᠷᠤᠯᠴᠠᠬᠤ ᠳᠦᠯᠦᠪᠯᠡᠭᠡ ᠶᠢ ᠪᠦᠬᠦ ᠳᠠᠯ᠎ᠠ ᠪᠠᠷ ᠠᠬᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ | ᠮᠦᠡᠭᠬᠦ ᠶᠢᠨ ᠡᠷᠬᠢᠯᠳᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠳᠠᠮᠵᠢᠨ ᠬᠦᠢᠴᠡᠳᠬᠡᠬᠦ ᠦᠢᠯᠡᠴᠢᠯᠡᠬᠡᠨ ᠤ | ᠴᠢᠳᠠᠪᠤᠷᠢ ᠪᠠᠨ ᠳᠡᠬᠡᠭᠰᠢᠯᠡᠬᠦᠯᠵᠤ᠂ ᠱᠠᠭᠠᠷᠳᠠᠯᠭ᠎ᠠ ᠶᠤᠰᠤᠭᠠᠷ ᠦᠳᠡᠯᠤᠬᠡ ᠨᠠᠰᠤ ᠪᠠᠨ ᠳᠡᠵᠢᠬᠡᠬᠦ ᠳᠠᠭᠠᠳᠬᠠᠯ ᠤᠨ | ᠰᠠᠭᠤᠷᠢ ᠮᠦᠡᠭᠬᠦ᠂ ᠠᠵᠢᠯ ᠤᠨ ᠰᠢᠷᠬᠠᠳᠤᠯ ᠤᠨ ᠳᠠᠭᠠᠳᠬᠠᠯ ᠤᠨ ᠰᠠᠭᠤᠷᠢ ᠮᠦᠡᠭᠬᠦ ᠶᠢᠨ ᠦᠪᠡᠷᠳᠡᠬᠡᠨ ᠵᠠᠰᠠᠬᠤ | ᠤᠷᠤᠨ ᠤ ᠳᠠᠰ ᠤᠨ ᠨᠢᠬᠡᠳᠤᠯᠳᠠᠢ ᠳᠦᠰᠤᠪᠵᠢᠬᠦᠯᠬᠦ ᠶᠢ ᠠᠬᠢᠭᠤᠯᠤᠨ᠎ᠠ᠃ ᠨᠡᠶᠢᠭᠡᠮ ᠤᠨ ᠪᠠᠳᠤᠯᠠᠭ᠎ᠠ ᠶᠢᠨ | ᠳᠦᠷᠢᠮ ᠢ ᠳᠡᠬᠦᠯᠳᠠᠷᠵᠢᠬᠦᠯᠵᠤ᠂ ᠦᠳᠡᠯᠤᠬᠡ ᠨᠠᠰᠤ ᠪᠠᠨ ᠳᠡᠵᠢᠬᠡᠬᠦ ᠬᠤᠷᠢᠶ᠎ᠠ ᠶᠢᠨ ᠦᠢᠯᠡᠴᠢᠯᠡᠭᠡ ᠶᠢᠨ ᠶᠠᠰᠤ | ᠴᠢᠨᠠᠷ ᠤᠨ ᠪᠠᠶᠢᠭᠤᠯᠤᠯᠲᠠ ᠶᠢᠨ ᠳᠤᠰᠬᠠᠢ ᠳᠦᠷᠤᠯ ᠤᠨ ᠠᠵᠢᠯᠯᠠᠭ᠎ᠠ ᠦᠷᠨᠢᠬᠦᠯᠵᠤ᠂ ᠬᠤᠳᠠ ᠪᠠᠯᠭᠠᠰᠤ ᠶᠢᠨ | ᠬᠠᠮᠤᠭ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠪᠠ ᠤᠨᠴᠠ ᠬᠦᠴᠢᠷ ᠲᠠᠢ ᠡᠷᠤᠬᠡ ᠶᠢᠨ ᠬᠠᠨᠭ᠍ᠭᠠᠯᠭ᠎ᠠ ᠶᠢᠨ | ᠪᠠᠷᠢᠮᠵᠢᠶ᠎ᠠ ᠪᠠᠨ ᠳᠡᠬᠡᠭᠰᠢᠯᠡᠬᠦᠯᠤᠨ᠎ᠠ᠃ ᠤᠯᠠᠨ ᠨᠡᠶᠢᠲᠡ ᠶᠢᠨ ᠴᠢᠨᠠᠷᠲᠠᠢ ᠨᠢᠬᠦᠯᠡᠰᠤᠩᠬᠦᠢ ᠶᠢᠨ ᠦᠢᠯᠡᠰ ᠢ | ᠬᠦᠭᠵᠢᠬᠦᠯᠵᠤ᠂ ᠤᠯᠠᠨ ᠳᠠᠰ ᠳᠠᠪᠬᠤᠷᠭ᠎ᠠ ᠶᠢᠨ ᠨᠡᠶᠢᠭᠡᠮ ᠤᠨ ᠠᠪᠤᠷᠠᠨ ᠳᠡᠳᠬᠦᠬᠦ ᠪᠠᠳᠤᠯᠠᠭ᠎ᠠ ᠶᠢᠨ ᠰᠢᠰᠲ᠋ᠧᠮ ᠢ | ᠪᠠᠶᠢᠭᠤᠯᠵᠤ᠂ ᠵᠡᠮᠳᠡᠭᠴᠤᠳ ᠤᠨ ᠡᠷᠬᠡ ᠠᠰᠢᠭ ᠤᠨ ᠪᠠᠳᠤᠯᠠᠭ᠎ᠠ ᠶᠢᠨ ᠳᠦᠷᠢᠮ ᠢ ᠳᠡᠬᠦᠯᠳᠠᠷᠵᠢᠬᠦᠯᠤᠨ᠂ ᠬᠦᠴᠢᠷ | ᠳᠦᠪᠡᠭ ᠲᠠᠢ ᠬᠦᠮᠤᠰ ᠤᠨ ᠠᠮᠢᠳᠤᠷᠡᠯ ᠤᠨ ᠦᠨᠳᠤᠰᠤᠨ ᠪᠠᠳᠤᠯᠠᠭ᠎ᠠ ᠶᠢᠨ ᠳᠤᠤᠷ ᠢ ᠴᠤᠭᠴᠠᠯᠠᠨ᠎ᠠ᠃ | ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠳᠠᠶᠢᠨ ᠢ ᠦᠷᠬᠦᠯᠵᠢᠯᠡᠬᠦᠯᠵᠤ᠂ | ᠦᠢᠯᠡᠳᠪᠤᠷᠢᠯᠡᠯ ᠢᠶᠠᠷ ᠶᠠᠳᠠᠭᠤ ᠶᠢ ᠳᠡᠳᠬᠦᠬᠦ᠂ ᠡᠷᠡᠬᠦᠯ ᠴᠢᠬᠢᠷᠠᠭ ᠢᠶᠠᠷ ᠶᠠᠳᠠᠭᠤ ᠶᠢ ᠳᠡᠳᠬᠦᠬᠦ᠂ ᠨᠤᠳᠤᠭ ᠨᠡᠬᠦᠯᠬᠡᠨ | ᠶᠠᠳᠠᠭᠤ ᠶᠢ ᠳᠡᠳᠬᠦᠬᠦ᠂ ᠪᠡᠬᠡᠵᠢᠩ ᠦᠪᠤᠷ ᠮᠤᠩᠭᠤᠯ ᠤᠨ ᠠᠮᠠᠯᠠᠭᠤᠯᠤᠨ ᠬᠠᠪᠰᠤᠷᠴᠤ ᠳᠠᠮᠵᠢᠬᠦ᠂ ᠳᠦᠢᠯ ᠤᠨ | ᠶᠠᠳᠠᠭᠤ ᠬᠦᠴᠢᠷ ᠰᠤᠮᠤ ᠪᠠᠯᠭᠠᠰᠤ ᠶᠢ ᠬᠠᠪᠰᠤᠷᠴᠤ ᠳᠠᠮᠵᠢᠬᠦ᠂ ᠰᠢᠨ᠎ᠠ ᠪᠠᠷ ᠨᠡᠮᠡᠭᠳᠡᠭᠰᠡᠨ ᠶᠠᠳᠠᠭᠤ ᠡᠷᠤᠬᠡ ᠶᠢ | ᠬᠠᠪᠰᠤᠷᠴᠤ ᠳᠠᠮᠵᠢᠬᠦ᠂ ᠪᠠᠶᠢᠴᠠᠭᠠᠯᠲᠠ ᠪᠠᠷ ᠬᠠᠷᠢᠭᠤ ᠳᠤᠰᠬᠠᠭᠰᠠᠨ ᠠᠰᠠᠭᠤᠳᠠᠯ ᠢ ᠵᠠᠯᠠᠷᠠᠭᠤᠯᠬᠤ ᠠᠵᠢᠯ ᠢ | ᠳᠤᠪᠤᠶᠢᠮ᠎ᠠ ᠠᠳᠬᠤᠨ᠂ ᠶᠠᠳᠠᠭᠤ ᠶᠢ ᠳᠡᠳᠬᠦᠬᠦ ᠪᠡᠯᠡ ᠮᠦᠡᠭᠬᠦ 100 ᠳ᠋ᠦᠩᠰᠢᠭᠤᠷ ᠳᠦᠬᠦᠷᠢᠭ ᠠᠴᠠ ᠳᠡᠬᠡᠭᠰᠢ | ᠨᠡᠶᠢᠳᠬᠡᠨ ᠴᠤᠭᠯᠠᠭᠤᠯᠵᠤ᠂ 5.3 ᠳᠦᠮᠡᠨ ᠶᠠᠳᠠᠭᠤ ᠬᠦᠴᠢᠷ ᠬᠦᠮᠤᠨ ᠠᠮᠠ ᠶᠢᠨ ᠳᠤᠭᠳᠠᠭᠤᠨ ᠢᠶᠠᠷ ᠶᠠᠳᠠᠭᠤ ᠠᠴᠠ | ᠠᠩᠬᠢᠵᠢᠷᠠᠬᠤ ᠶᠢ ᠪᠠᠳᠤᠯᠠᠵᠤ᠂ ᠪᠦᠬᠦᠶᠢᠯᠡ ᠶᠠᠳᠠᠭᠤ ᠬᠦᠴᠢᠷ ᠬᠤᠰᠢᠭᠤ ᠰᠢᠶᠠᠨ ᠪᠦᠬᠦᠳᠡᠬᠡᠷ ᠢᠶᠠᠨ ᠶᠠᠳᠠᠭᠤ ᠠᠴᠠ | ᠠᠩᠬᠢᠵᠢᠷᠠᠬᠤ ᠶᠢ ᠪᠡᠶᠡᠯᠡᠬᠦᠯᠦᠨ᠎ᠠ᠃ ᠬᠦᠨᠳᠤ ᠴᠢᠬᠤᠯᠠ ᠠᠶᠤᠯ ᠳᠦᠭᠰᠢᠬᠦᠷᠢᠳᠤ ᠶᠠᠪᠤᠳᠠᠯ ᠢ ᠰᠡᠷᠭᠡᠶᠢᠯᠡᠵᠦ | ᠡᠶᠡᠷᠡᠬᠦᠯᠬᠦ ᠰᠢᠪᠳᠤᠯᠤᠯᠳᠠ ᠶᠢᠨ ᠳᠠᠶᠢᠨ ᠢ ᠰᠠᠶᠢᠲᠤᠷ ᠬᠢᠵᠤ᠂ ᠵᠠᠰᠠᠭ ᠤᠨ ᠤᠷᠳᠤᠨ ᠤ ᠦᠷᠢ ᠰᠢᠷᠢ ᠶᠢ ᠠᠷᠢᠯᠭᠠᠬᠤ | ᠂ ᠮᠦᠡᠭᠬᠦᠨ ᠬᠦᠢᠯᠬᠡᠬᠡ ᠶᠢᠨ ᠳᠦᠭᠰᠢᠬᠦᠷᠢ ᠶᠢ ᠰᠡᠷᠭᠡᠶᠢᠯᠡᠨ ᠡᠵᠡᠮᠳᠡᠬᠦ᠂ ᠬᠡᠷ ᠰᠠᠭᠤᠴᠠ ᠶᠢᠨ ᠵᠠᠬ᠎ᠠ ᠳᠡᠯᠬᠡᠬᠦᠷ ᠢ | ᠵᠤᠬᠢᠴᠠᠭᠤᠯᠬᠤ ᠵᠡᠷᠬᠡ ᠭᠤᠤᠯᠳᠠᠯᠭ᠎ᠠ ᠲᠠᠢ ᠠᠵᠢᠯ ᠢ ᠨᠢᠬᠡᠳᠤᠯᠳᠠᠢ ᠳᠦᠯᠦᠪᠵᠢᠬᠦᠯᠵᠤ᠂ ᠵᠢᠯ ᠤᠨ ᠳᠤᠳᠤᠷ᠎ᠠ ᠱᠠᠳᠤ | ᠦᠶ᠎ᠠ ᠶᠢᠨ ᠴᠢᠨᠠᠷᠲᠠᠢ ᠦᠷ᠎ᠠ ᠪᠦᠳᠤᠮᠵᠢ ᠤᠯᠬᠤ ᠶᠢ ᠪᠠᠳᠤᠯᠠᠨ᠎ᠠ᠃ ᠪᠠᠳᠤᠯᠠᠭ᠎ᠠ ᠶᠢᠨ ᠴᠢᠨᠠᠷᠲᠠᠢ ᠰᠠᠭᠤᠬᠤ ᠬᠡᠷ ᠤᠨ | ᠢᠨᠵᠧᠨᠧᠷᠢᠩ ᠢ ᠪᠦᠳᠤᠬᠡᠨ ᠪᠠᠶᠢᠭᠤᠯᠬᠤ ᠬᠦᠴᠤᠯᠠᠴᠠ ᠪᠠᠨ ᠨᠡᠮᠡᠭᠳᠡᠬᠦᠯᠵᠤ᠂ ᠬᠤᠳᠠ ᠶᠢᠨ ᠳᠦᠬᠦᠮ ᠤᠷᠤᠨ | ᠰᠠᠭᠤᠴᠠ ᠶᠢ 2906 ᠳᠦᠬᠦᠷ ᠦᠬᠡᠷᠡᠴᠢᠯᠡᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠨᠤᠷᠠᠬᠤ ᠠᠶᠤᠯᠳᠠᠢ | ᠰᠠᠭᠤᠴᠠ ᠶᠢ 3668 ᠡᠷᠤᠬᠡ ᠶᠢ ᠦᠬᠡᠷᠡᠴᠢᠯᠡᠨ᠎ᠠ᠃ ︽ᠢᠳᠡᠬᠡᠯᠳᠤ ᠤᠯᠠᠭᠠᠨᠬᠠᠳᠠ︾ ᠶᠢᠨ ᠠᠵᠢᠯᠯᠠᠭ᠎ᠠ ᠶᠢ | ᠦᠷᠨᠢᠬᠦᠯᠵᠤ᠂ ᠨᠡᠶᠢᠭᠡᠮ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠢᠳᠡᠬᠡᠮᠵᠢ ᠶᠢᠨ | ᠴᠢᠮᠡᠭᠡ ᠵᠠᠩᠬᠢ ᠶᠢᠨ ᠳᠠᠪᠴᠠᠩ ᠢ ᠦᠪᠡᠷᠳᠡᠬᠡᠨ ᠵᠠᠰᠠᠬᠤ ᠤᠷᠤᠨ ᠤ ᠳᠠᠪᠴᠠᠩ ᠤᠨ ᠳᠤᠭ᠎ᠠ ᠪᠠᠷᠢᠮᠳᠠ ᠲᠠᠢ ᠬᠤᠯᠪᠤᠨ᠎ᠠ | ᠃ ᠦᠨᠳᠤᠰᠤᠳᠠᠨ ᠱᠠᠰᠢᠨ ᠰᠤᠷᠳᠠᠬᠤᠨ᠂ ᠬᠠᠤᠯᠢ ᠴᠠᠭᠠᠵᠠᠳᠤ ᠤᠯᠠᠭᠠᠨᠬᠠᠳᠠ᠂ ᠠᠮᠤᠷ ᠳᠦᠪᠰᠢᠨ ᠤᠯᠠᠭᠠᠨᠬᠠᠳᠠ᠂ | ᠵᠠᠬᠢᠳᠠᠯ ᠰᠤᠷᠪᠤᠯᠵᠢᠯᠠᠭ᠎ᠠ ᠪᠠ ᠳᠤᠭᠳᠠᠭᠤᠨ ᠢ ᠬᠠᠮᠠᠭᠠᠯᠠᠬᠤ᠂ ᠢᠳᠡᠬᠡᠨ ᠤᠮᠳᠠᠭᠠᠨ ᠡᠮ ᠳᠤᠮ ᠤᠨ ᠬᠢᠨᠠᠨ | ᠬᠠᠮᠢᠶᠠᠷᠤᠯᠳᠠ᠂ ᠬᠡᠨᠡᠳᠳᠠ ᠶᠢᠨ ᠬᠡᠷᠡᠭ ᠤᠴᠢᠷ ᠢ ᠳᠠᠷᠤᠢ ᠳᠤ ᠨᠢ ᠰᠢᠢᠳᠪᠤᠷᠢᠯᠡᠬᠦ᠂ ᠠᠶᠤᠯᠬᠦᠢ ᠦᠢᠯᠡᠳᠪᠤᠷᠢᠯᠡᠯ ᠪᠠ | ᠳᠤᠬᠠᠶᠢᠢᠯᠠᠬᠰᠠᠨ ᠠᠵᠢᠯ ᠤᠨ ᠡᠪᠡᠳᠴᠢᠨ ᠳᠠᠬᠤᠯ ᠢ ᠰᠡᠷᠭᠡᠶᠢᠯᠡᠬᠦ ᠵᠡᠷᠬᠡ ᠭᠤᠤᠯᠳᠠᠯᠭ᠎ᠠ ᠲᠠᠢ ᠠᠵᠢᠯ ᠢ ᠪᠦᠬᠦ | ᠳᠠᠯ᠎ᠠ ᠪᠠᠷ ᠠᠳᠬᠤᠵᠤ᠂ ᠬᠠᠮᠳᠤᠪᠡᠷ ᠪᠠᠶᠢᠭᠤᠯᠤᠨ ᠬᠠᠮᠳᠤᠪᠡᠷ ᠵᠠᠰᠠᠵᠤ ᠬᠠᠮᠳᠤᠪᠡᠷ ᠡᠳ᠋ᠯᠡᠬᠦ ᠨᠡᠶᠢᠭᠡᠮ ᠤᠨ | ᠵᠠᠰᠠᠯᠳᠠ ᠶᠢᠨ ᠪᠠᠶᠢᠳᠠᠯ ᠢ ᠴᠤᠭᠴᠠᠯᠠᠵᠤ᠂ ᠬᠤᠳᠠ ᠬᠦᠳᠡᠭᠡ ᠶᠢᠨ ᠠᠷᠠᠳ ᠤᠯᠠᠨ ᠤ ᠠᠮᠢ ᠨᠠᠰᠤ ᠡᠳ᠋ | ᠬᠦᠷᠤᠩᠬᠡ ᠶᠢᠨ ︽ᠠᠮᠤᠷ ᠳᠦᠪᠰᠢᠨ ᠪᠠ ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠤᠬᠢᠴᠠᠩᠭᠤᠢ ᠠᠮᠤᠷ | ᠳᠤᠭᠳᠠᠭᠤᠨ ᠢ ᠪᠠᠳᠤᠯᠠᠨ᠎ᠠ᠃ | ᠳᠦᠯᠦᠬᠡᠯᠡᠭᠴᠢᠳ ᠡ᠂ 2019 ᠤᠨ ᠤ ᠠᠵᠢᠯ ᠨᠢ ᠮᠠᠰᠢ ᠤᠯᠠᠨ ᠬᠦᠴᠢᠷ ᠪᠡᠷᠬᠡ ᠪᠠ ᠦᠷᠢᠰᠤᠯᠳᠤᠬᠡᠨ | ᠤᠷᠤᠰᠢᠵᠤ ᠪᠠᠶᠢᠬᠤ ᠪᠠᠷ ᠪᠠᠷᠠᠬᠤ ᠦᠬᠡᠢ᠂ ᠪᠠᠰᠠ ᠬᠦᠰᠡᠯ ᠡᠷᠡᠮᠡᠯᠵᠡᠯ ᠪᠠ ᠠᠵᠠ ᠳᠤᠬᠢᠶᠠᠯ ᠢᠶᠠᠷ ᠳᠦᠬᠦᠷᠡᠩ ᠪᠠᠶᠢᠨ᠎ᠠ | ᠃ ᠡᠬᠦᠷᠬᠡ ᠬᠦᠨᠳᠤ ᠬᠠᠷᠢᠭᠤᠴᠠᠯᠭ᠎ᠠ ᠶᠡᠭᠡ᠃ ᠪᠢᠳᠠ ᠬᠤᠳᠠ ᠶᠢᠨ ᠨᠠᠮ ᠤᠨ ᠬᠤᠷᠢᠶ᠎ᠠ ᠶᠢᠨ ᠪᠠᠳᠤ ᠴᠢᠩᠭ᠎ᠠ | ᠤᠳᠤᠷᠢᠳᠤᠯᠭ᠎ᠠ ᠳᠤᠤᠷ᠎ᠠ᠂ ᠬᠤᠳᠠ ᠶᠢᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠡᠯ᠂ ᠬᠤᠳᠠ ᠶᠢᠨ ᠤᠯᠤᠰ | ᠳᠦᠷᠤ ᠶᠢᠨ ᠵᠦᠪᠯᠡᠯᠬᠡᠨ ᠤ ᠬᠢᠨᠠᠯᠲᠠ ᠪᠠ ᠵᠢᠯᠤᠭᠤᠳᠤᠯᠭ᠎ᠠ ᠳᠤᠤᠷ᠎ᠠ᠂ ᠢᠳᠡᠬᠡᠯ ᠵᠤᠷᠢᠭ ᠢᠶᠠᠨ ᠬᠦᠪᠴᠢᠯᠡᠨ᠂ ᠢᠳᠠ | ᠬᠦᠴᠤᠨ ᠲᠠᠢ ᠪᠠᠷ ᠰᠢᠨ᠎ᠠ ᠶᠢ ᠡᠭᠦᠳᠴᠦ᠂ ᠢᠳᠠᠷᠬᠦᠨ ᠵᠢᠪᠬᠤᠭ᠎ᠠ ᠲᠠᠢ ᠪᠠᠷ ᠤᠷᠤᠭᠰᠢ ᠳᠠᠮᠠᠴᠠᠵᠤ᠂ ᠪᠦᠬᠦ ᠵᠢᠯ ᠤᠨ | ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠠᠷᠠᠯᠳᠠ ᠪᠠᠨ ᠠᠮᠵᠢᠯᠳᠠ ᠲᠠᠢ ᠪᠠᠷ ᠪᠡᠶᠡᠯᠡᠬᠦᠯᠵᠤ᠂ | ᠤᠯᠠᠭᠠᠨᠬᠠᠳᠠ ᠶᠢᠨ ᠦᠰᠤᠷᠤᠯᠳᠠ ᠶᠢᠨ ᠴᠢᠨᠠᠷᠲᠠᠢ ᠦᠷᠨᠢᠨ ᠮᠠᠨᠳᠤᠬᠤ ᠠᠯᠬᠤᠭ᠎ᠠ ᠪᠠᠨ ᠪᠦᠬᠦ ᠳᠠᠯ᠎ᠠ ᠪᠠᠷ | ᠳᠦᠷᠬᠡᠳᠬᠡᠬᠦ ᠶᠢᠨ ᠳᠦᠯᠦᠬᠡ ᠴᠢᠷᠮᠠᠶᠢᠨ ᠳᠡᠮᠡᠴᠡᠰᠤᠬᠡᠢ︕ |