ᠥᠪᠥᠷ ᠮᠣᠩᠭᠤᠯ ᠤᠨ ᠲᠦᠷᠦᠭᠦᠦ ᠭᠤᠷᠪᠠᠨ ᠤᠯᠠᠷᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠢᠳᠡᠪᠬᠢᠲᠡᠢ ᠨᠡᠮᠡᠭᠳᠡᠪᠡ
ᠨᠡᠶᠢᠲᠡᠯᠡᠭᠰᠡᠨ ᠴᠠᠭ᠄
2019-10-24
       2019 ᠣᠨ ᠤ ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠡᠳᠦᠶ ᠲᠡᠳᠦᠶ ᠨᠡᠮᠡᠭᠳᠡᠯ ᠲᠠᠢ ᠪᠣᠯᠵᠤ᠂ ᠪᠥᠬᠦ ᠣᠷᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 4.4 ᠵᠠᠭᠤᠨ ᠤ ᠴᠡᠭ ᠳᠡᠭᠡᠭᠰᠢᠯᠡᠵᠡᠶ᠃        ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠠᠷᠠᠳ ᠤᠨ ᠳᠤᠮᠳᠠᠬᠢ ᠪᠠᠯᠠ ᠣᠷᠣᠭᠤᠯᠤᠯᠲᠠ ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠵᠢᠴᠢ ᠭᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠤ ᠦᠵᠡᠭᠦᠯᠬᠦ ᠳᠠᠶᠢᠴᠢᠯᠠᠬᠤ ᠦᠢᠯᠡᠳᠦᠯ ᠴᠢᠩᠭᠠᠷᠠᠪᠠ᠃        ᠡᠭᠦᠨ ᠳᠤ᠂ ᠪᠦᠬᠦ ᠣᠷᠣᠨ ᠤ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 6.8 ᠵᠠᠭᠤᠨ ᠤ ᠴᠡᠭ ᠳᠡᠭᠡᠭᠰᠢᠯᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ 60% ᠰᠢᠬᠠᠮ ᠳᠤ ᠬᠦᠷᠴᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠭᠤᠤᠯ ᠳᠠᠶᠢᠴᠢᠯᠠᠬᠤ ᠬᠦᠴᠦᠨ ᠪᠣᠯᠪᠠ︔ ᠭᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 851.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 3.2 ᠵᠠᠭᠤᠨ ᠤ ᠴᠡᠭ ᠢᠶᠠᠷ ᠳᠠᠶᠢᠴᠢᠯᠠᠪᠠ᠃        ᠵᠠᠳᠠᠯᠤᠯᠲᠠ ᠠᠴᠠ ᠦᠵᠡᠪᠡᠯ᠂ ᠣᠷᠣᠨ ᠨᠤᠲᠤᠭ ᠤᠨ ᠲᠤᠰᠬᠠᠶ ᠵᠦᠢᠯ ᠤᠨ ᠵᠢᠭᠡᠯᠡᠯᠭᠡ ᠶᠢᠨ ᠬᠡᠪᠴᠢᠶ᠎ᠡ ᠨᠡᠮᠡᠭᠳᠡᠵᠦ᠂ ᠲᠠᠷᠬᠠᠭᠠᠬᠤ ᠠᠬᠢᠴᠠ ᠲᠦᠷᠭᠡᠳᠦᠭᠰᠡᠨ ᠠᠴᠠ ᠪᠣᠯᠵᠤ᠂ ᠲᠦᠷᠦᠭᠦᠦ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠯᠬᠤᠮ ᠠᠯᠬᠤᠮ ᠢᠶᠠᠷ ᠨᠡᠮᠡᠭᠳᠡᠨ᠂ ᠢᠯᠠᠩᠭᠤᠶ᠎ᠠ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠪᠡ᠃ ᠡᠭᠦᠨ ᠤ ᠬᠠᠮᠲᠤ᠂ ᠳᠤᠲᠠᠭᠤᠳᠠᠯ ᠢ ᠨᠥᠬᠦᠪᠥᠷᠢᠯᠡᠬᠦ ᠬᠦᠷᠢᠶᠡᠨ ᠤ ᠪᠡᠯᠡ ᠣᠷᠣᠭᠤᠯᠤᠯᠲᠠ ᠶᠢᠨ ᠡᠷᠴᠢᠮ ᠴᠢᠩᠭᠠᠷᠠᠵᠤ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ 33.6% ᠳᠤ ᠬᠦᠷᠴᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠵᠢᠴᠢ ᠠᠮᠢ ᠠᠬᠤᠢ ᠶᠢᠨ ᠬᠠᠮᠠᠭᠠᠯᠠᠯᠲᠠ ᠪᠣᠯᠤᠨ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠴᠤ ᠲᠠᠰᠤᠷᠠᠯᠲᠠ ᠦᠭᠡᠢ ᠳᠡᠭᠡᠭᠰᠢᠯᠡᠪᠡ᠃    
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号