ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠤᠳᠤᠷᠢᠳᠤᠯᠭ᠎ᠠ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠢᠩ ᠪᠢᠨ ᠵᠠᠮ ᠤᠨ ᠨᠡᠶᠢᠭᠡᠮ ᠲᠣᠭᠤᠷᠢᠭ ᠲᠤ ᠬᠦᠷᠴᠦ ᠲᠣᠭᠤᠷᠢᠨ ᠦᠵᠡᠵᠦ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2019-11-20
        11 ᠰᠠᠷ᠎ᠠ ᠶᠢᠨ 15 ᠤ ᠡᠳᠦᠷ ᠤᠨ ᠦᠳᠡ ᠠᠴᠠ ᠬᠤᠶᠢᠨ᠎ᠠ᠂  ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠭᠤᠷᠪᠠᠳᠤᠭᠠᠷ ᠰᠠᠯᠠᠭᠠᠨ ᠤ ᠳᠠᠷᠤᠭ᠎ᠠ ᠭᠤᠤ ᠬᠤᠤ ᠷᠠᠨ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠢᠩ ᠪᠢᠨ ᠵᠠᠮ ᠤᠨ ᠨᠡᠶᠢᠭᠡᠮ ᠲᠣᠭᠤᠷᠢᠭ ᠲᠤ ᠬᠦᠷᠴᠦ᠂  ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠠ ᠴᠡᠭᠴᠡᠯᠡᠨ ᠵᠠᠰᠠᠯᠲᠠ ᠶᠢᠨ ᠠᠵᠢᠯ ᠢ ᠲᠣᠭᠤᠷᠢᠨ ᠪᠠᠶᠢᠴᠠᠭᠠᠵᠤ ᠵᠢᠭᠠᠨ ᠵᠢᠯᠤᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠶᠤᠸᠠᠨ ᠶᠤᠸᠠᠨ᠂ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠨᠠᠮ ᠠᠵᠢᠯᠴᠢᠨ ᠤ ᠵᠦᠪᠯᠡᠯ ᠤᠨ ᠱᠦᠵᠢ ᠰᠦᠨ ᠷᠥᠩ ᠹᠸᠢ ᠪᠠᠷ᠎ᠠ ᠪᠤᠯᠤᠯᠴᠠᠪᠠ᠃        ᠢᠩ ᠪᠢᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠶᠠᠩ ᠶᠠᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠪᠤᠯᠤᠨ ᠴᠡᠭᠴᠡᠯᠡᠨ ᠵᠠᠰᠠᠯᠲᠠ ᠶᠢᠨ ᠠᠵᠢᠯ ᠢ ᠦᠷᠨᠢᠭᠦᠯᠵᠦ ᠪᠠᠶᠢᠭ᠎ᠠ ᠪᠠᠶᠢᠳᠠᠯ ᠢ ᠬᠠᠷᠢᠭᠤ ᠮᠡᠳᠡᠭᠦᠯᠪᠡ᠃ ᠭᠤᠤ ᠬᠤᠤ ᠷᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠵᠢᠯᠯᠠᠭᠠᠨ ᠤ ᠲᠠᠯᠠᠪᠤᠷ ᠤᠨ ᠦᠨᠳᠦᠰᠦᠨ ᠪᠠᠶᠢᠳᠠᠯ ᠢ ᠨᠠᠷᠢᠨ ᠤᠶᠢᠯᠠᠭᠠᠵᠤ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢᠨ ᠪᠠᠶᠢᠳᠠᠯ ᠢ ᠲᠤᠭᠤᠷᠢᠨ ᠦᠵᠡᠵᠦ᠂  ᠠᠯᠪᠠᠨ ᠭᠡᠷ ᠤᠨ ᠲᠠᠯᠠᠪᠠᠢ ᠵᠢᠴᠢ ᠠᠵᠢᠯᠯᠠᠭᠠᠨ ᠤ ᠲᠠᠯᠠᠪᠤᠷ ᠤᠨ ᠪᠠᠶᠢᠳᠠᠯ ᠢ ᠨᠠᠷᠢᠨ ᠨᠢᠮᠪᠠᠢ ᠯᠠᠪᠯᠠᠵᠤ ᠤᠶᠢᠯᠠᠭᠠᠪᠠ᠃        ᠭᠤᠤ ᠬᠤᠤ ᠷᠠᠨ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠨᠢ ᠡᠷᠬᠡᠪᠰᠢ ︽ᠵᠦᠭᠡᠯᠡᠨ︾᠂ ︽ᠬᠠᠲᠠᠭᠤ︾ ᠲᠣᠨᠤᠭ ᠢᠵᠢᠯ ᠠᠯᠬᠤᠮ ᠢᠶᠠᠷ ᠳᠡᠰ ᠳᠡᠪᠰᠢᠵᠦ ᠪᠠᠷᠢᠮᠵᠢᠶ᠎ᠠ ᠳᠡᠭᠡᠭᠰᠢᠯᠡᠭᠦᠯᠬᠦ ᠶᠢ ᠪᠠᠲᠤᠯᠠᠨ᠂ ᠪᠠᠷᠢᠮᠵᠢᠶᠠᠵᠢᠭᠤᠯᠬᠤ ᠠᠬᠢᠴᠠ ᠶᠢ ᠲᠦᠷᠭᠡᠳᠬᠡᠵᠦ᠂ ᠭᠡᠷ ᠲᠠᠬᠢ ᠴᠢᠳᠠᠮᠵᠢ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂  ᠨᠡᠶᠢᠭᠡᠮ ᠲᠣᠭᠤᠷᠢᠭ ᠤᠨ ᠠᠯᠪᠠᠯᠠᠬᠤ ᠠᠵᠢᠯᠯᠠᠭᠠᠨ ᠳᠤ ᠬᠡᠷᠡᠭᠯᠡᠬᠦ ᠭᠡᠷ ᠤᠨ ᠶᠡᠷᠦᠩᠬᠡᠶᠢᠯᠡᠭᠰᠡᠨ ᠠᠰᠢᠭᠯᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂  ᠨᠠᠮ ᠤᠯᠠᠨ ᠲᠦᠮᠡᠨ ᠳᠤ ᠦᠢᠯᠡᠴᠢᠯᠡᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠬᠠᠮᠤᠭ ᠶᠡᠭᠡ ᠬᠡᠮᠵᠢᠶ᠎ᠡ ᠪᠠᠷ ᠠᠷᠠᠳ ᠲᠤ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号