ᠭᠤᠷᠪᠠᠳᠤᠭᠠᠷ ᠳᠤᠮᠳᠠᠳᠤ ᠵᠡᠭᠡᠯᠢ ᠶᠢᠨ ᠨᠠᠮ ᠵᠠᠰᠠᠭ ᠤᠨ ᠤᠳᠤᠷᠢᠳᠤᠯᠭ᠎ᠠ ᠪᠠᠶᠢᠴᠠᠭᠠᠯᠲᠠ ᠶᠢᠨ ᠪᠥᠯᠬᠦᠮ ᠳᠠᠭᠠᠭᠤᠯᠤᠨ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂  ︽ᠨᠢᠭᠡ ᠪᠠᠶᠢᠷᠢᠨ ᠳᠤ ᠬᠤᠣᠰ ᠬᠠᠷᠢᠭᠤᠴᠠᠯᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2019-07-16
       ᠬᠠᠷᠢᠶ᠎ᠠ ᠲᠣᠭᠤᠷᠢᠭ ᠤᠨ ᠠᠶᠦᠯᠭᠦᠢ ᠦᠢᠯᠡᠳᠪᠦᠷᠢᠯᠡᠯ ᠪᠣᠯᠤᠨ ᠭᠠᠯ ᠰᠡᠷᠭᠡᠶᠢᠯᠡᠬᠦ ᠠᠶᠦᠯᠭᠦᠢ ᠶᠢᠨ ᠪᠠᠶᠢᠳᠠᠯ ᠤᠨ ᠲᠣᠭᠲᠠᠭᠤᠨ ᠢ ᠬᠠᠮᠠᠭᠠᠯᠠᠵᠤ᠂ ᠡᠯ᠎ᠡ ᠲᠦᠷᠦᠯ ᠤᠨ ᠠᠶᠦᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠠᠴᠠ ᠴᠢᠩᠭ᠎ᠠ ᠰᠡᠷᠭᠡᠶᠢᠯᠡᠬᠦ ᠶᠢᠨ ᠲᠦᠯᠦᠭᠡ᠂ 7 ᠰᠠᠷ᠎ᠠ ᠶᠢᠨ 12 ᠤᠨ ᠡᠳᠦᠷ᠂  ᠭᠤᠷᠪᠠᠳᠤᠭᠠᠷ ᠳᠤᠮᠳᠠᠳᠤ ᠵᠡᠭᠡᠯᠢ ᠶᠢᠨ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠤᠯᠭ᠎ᠠ ᠠᠶᠦᠯᠭᠦᠢ ᠶᠢᠨ ᠬᠢᠨᠠᠯᠲᠠ ᠶᠢᠨ ᠦᠷᠲᠡᠭᠡ᠂ ᠶᠡᠷᠦᠩᠬᠡᠶᠢᠯᠡᠨ ᠵᠠᠰᠠᠯᠲᠠ ᠶᠢᠨ ᠠᠯᠪᠠᠨ᠂ ᠬᠤᠲᠠ ᠶᠢᠨ ᠬᠠᠮᠢᠶᠠᠷᠤᠯᠲᠠ ᠶᠢᠨ ᠳᠤᠮᠳᠠ ᠠᠩᠭᠢ᠂ ᠲᠣᠮᠢᠯᠠᠭᠰᠠᠨ ᠰᠠᠯᠪᠤᠷᠢ ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠤᠷᠢ ᠵᠡᠷᠭᠡ ᠶᠢᠨ ᠠᠵᠢᠯᠲᠠᠳ ᠢ ᠳᠠᠭᠠᠭᠤᠯᠤᠨ᠂ ᠬᠠᠷᠢᠶ᠎ᠠ ᠲᠣᠭᠤᠷᠢᠭ ᠤᠨ ᠭᠤᠣᠯᠳᠠᠯᠭ᠎ᠠ ᠲᠠᠢ ᠤᠷᠤᠨ ᠬᠡᠪᠴᠢᠶᠡᠨ ᠳᠤ ᠭᠦᠨᠵᠡᠭᠡᠶᠢᠷᠡᠨ ᠠᠶᠦᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠡ᠃
       ᠪᠠᠶᠢᠴᠠᠭᠠᠯᠲᠠ ᠶᠢᠨ ᠳᠤᠮᠳᠠ᠂ ᠭᠤᠷᠪᠠᠳᠤᠭᠠᠷ ᠳᠤᠮᠳᠠᠳᠤ ᠵᠡᠭᠡᠯᠢ ᠶᠢᠨ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ ᠱᠠᠭᠠᠷᠳᠠᠭᠰᠠᠨ ᠨᠢ᠄  ᠡᠯ᠎ᠡ ᠬᠤᠳᠠᠯᠳᠤᠭᠠᠨ ᠤ ᠡᠷᠦᠬᠡ ᠨᠢᠭᠡ ᠳᠤ᠂ ᠦᠨᠳᠦᠷ ᠰᠡᠷᠡᠮᠵᠢ ᠲᠠᠢ ᠪᠠᠶᠢᠵᠤ ᠂ ᠤᠶᠢᠷ᠎ᠠ ᠳᠤ ᠡᠭᠦᠰᠦᠭᠰᠡᠨ ᠠᠶᠦᠯᠭᠦᠢ ᠦᠢᠯᠡᠳᠪᠦᠷᠢᠯᠡᠯ ᠤᠨ ᠠᠳᠡᠯ ᠠᠴᠠ ᠰᠤᠷᠭᠠᠮᠵᠢ ᠠᠪᠴᠤ᠂ ᠤᠷᠤᠰᠢᠵᠤ ᠪᠠᠶᠢᠭ᠎ᠠ ᠠᠶᠦᠯᠭᠦᠢ ᠦᠢᠯᠡᠳᠪᠦᠷᠢᠯᠡᠯ ᠤᠨ ᠭᠡᠮ ᠰᠤᠭᠤᠭ ᠢ ᠪᠦᠲᠦᠮᠵᠢᠲᠡᠢ ᠵᠠᠰᠠᠨ᠂ ᠪᠦᠷᠢᠮᠦᠰᠦᠨ ᠰᠠᠶᠢᠵᠢᠷᠠᠭᠤᠯᠬᠤ ᠬᠡᠷᠡᠭᠲᠡᠢ᠃ ᠬᠤᠶᠠᠷ ᠲᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢᠨ ᠤᠬᠠᠮᠰᠠᠷ ᠪᠣᠯᠤᠨ ᠬᠤᠷᠢᠭ᠎ᠠ ᠰᠣᠭᠤᠮ ᠤᠨ ᠤᠬᠠᠮᠰᠠᠷ ᠢ ᠴᠢᠩᠭᠠᠳᠬᠠᠵᠤ᠂  ᠠᠶᠦᠯᠭᠦᠢ ᠶᠢᠨ ᠬᠠᠮᠢᠶᠠᠷᠤᠯᠲᠠ ᠶᠢ ᠴᠢᠩᠭᠠᠳᠬᠠᠨ᠂  ᠠᠶᠦᠯᠭᠦᠢ ᠶᠢᠨ ᠭᠡᠮ ᠰᠤᠭᠤᠭ ᠢ ᠪᠠᠶᠢᠴᠠᠭᠠᠨ ᠠᠷᠢᠯᠭᠠᠵᠤ ᠴᠡᠭᠴᠡᠯᠡᠨ ᠵᠠᠰᠠᠬᠤ ᠬᠡᠷᠡᠭᠲᠡᠢ᠃ ᠭᠤᠷᠪᠠ ᠳᠤ᠂ ᠴᠠᠭᠳᠠᠨ ᠪᠠᠶᠢᠴᠠᠭᠠᠯᠲᠠ ᠶᠢ ᠴᠢᠩᠭᠠᠳᠬᠠᠨ᠂ ᠠᠶᠦᠯᠭᠦᠢ ᠦᠢᠯᠡᠳᠪᠦᠷᠢᠯᠡᠯ ᠤᠨ ᠴᠠᠭᠳᠠᠨ ᠪᠠᠶᠢᠴᠠᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠶᠦᠯᠭᠦᠢ ᠦᠢᠯᠡᠳᠪᠦᠷᠢᠯᠡᠯ ᠤᠨ ᠭᠡᠮ ᠰᠤᠭᠤᠭ ᠢ ᠴᠠᠭ ᠲᠤᠬᠠᠢ ᠳᠤᠨᠢ ᠪᠠᠶᠢᠴᠠᠭᠠᠨ ᠢᠯᠡᠷᠡᠭᠦᠯᠵᠦ ᠠᠷᠢᠯᠭᠠᠨ᠂  ᠬᠠᠷᠢᠶ᠎ᠠ ᠲᠣᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠪᠠᠶᠢᠩᠭᠤ ᠶᠢᠨ ᠲᠤᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号