ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠬᠢᠬᠡᠳ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠤᠷᠤ ᠲᠦᠯᠦᠪ ᠤᠨ ᠵᠦᠪᠯᠡᠯᠴᠡᠭᠡᠷ ᠳᠤᠬᠢᠷᠠᠯᠴᠠᠪᠠ
ᠨᠡᠶᠢᠲᠡᠯᠡᠭᠰᠡᠨ ᠴᠠᠭ᠄
2019-08-13
       8 ᠰᠠᠷ᠎ᠠ ᠶᠢᠨ 11 ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠪᠤᠯᠤᠨ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠭᠡᠷᠡᠭ ᠮᠡᠳᠡᠭᠴᠢᠳ ᠤᠨ ᠳᠠᠷᠤᠭ᠎ᠠ ᠸᠧᠨ ᠱᠤ᠋ ᠭᠠᠩ ᠤᠷᠳᠤᠰ ᠬᠤᠳᠠ ᠳᠤ ᠬᠤᠶᠠᠷ ᠲᠠᠯ᠎ᠠ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠬᠦ ᠲᠤᠬᠠᠢ ᠭᠡᠯᠡᠯᠴᠡᠭᠡ ᠬᠢᠬᠦ ᠶᠢᠨ ᠬᠠᠮᠳᠦ ᠵᠦᠪᠯᠡᠯᠴᠡᠭᠡᠷ ᠳᠤᠬᠢᠷᠠᠯᠴᠠᠬᠤ ᠶᠢ ᠭᠡᠷᠡᠴᠢᠯᠡᠪᠡ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠠᠢ ᠯᠢ ᠬᠤᠸᠠ ᠪᠤᠯᠤᠨ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠳᠡᠳ᠋ ᠶᠡᠷᠦᠩᠭᠡᠢ ᠳᠠᠭᠠᠭᠠᠮᠠᠯ ᠶᠠᠩ ᠴᠢᠩ ᠲᠢᠩ ᠲᠤᠰ ᠲᠤᠰ ᠬᠤᠶᠠᠷ ᠲᠠᠯ᠎ᠠ ᠶᠢ ᠲᠦᠯᠦᠭᠡᠯᠡᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠪᠤᠷᠤ ᠲᠦᠯᠦᠪ ᠤᠨ ᠵᠦᠪᠯᠡᠯᠴᠡᠭᠡᠷ ᠲᠤ ᠭᠠᠷ ᠤᠨ ᠦᠰᠦᠭ ᠵᠢᠷᠤᠵᠠᠢ᠃        ᠪᠦ᠋ ᠰᠢᠶᠤᠤ ᠯᠢᠨ᠂ ᠤᠯᠠᠨ ᠵᠢᠯ ᠤᠨ ᠲᠤᠷᠰᠢ᠂ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠵᠡᠷᠭᠡ ᠲᠦᠪ ᠤᠨ ᠠᠵᠤ ᠠᠬᠤᠢᠢᠯᠠᠯ ᠨᠢ ᠥᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠬᠦᠯᠵᠡᠢ᠃ ᠶᠡᠷᠦᠩᠭᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠬᠦ ᠳᠤ ᠪᠢᠳᠠ ᠦᠵᠡᠯ ᠰᠠᠨᠠᠭ᠎ᠠ ᠪᠠᠨ ᠴᠢᠨᠠᠬᠰᠢᠳᠠ ᠴᠢᠯᠦᠭᠡᠯᠡᠵᠦ᠂ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠪᠠᠨ ᠱᠠᠯᠠᠪᠳᠠᠨ ᠬᠤᠪᠢᠷᠠᠭᠤᠯᠬᠤ ᠴᠢᠬᠤᠯᠠᠳᠠᠢ ᠶᠤᠮ᠃ ᠰᠢᠨ᠎ᠠ ᠨᠢᠭᠡ ᠡᠭᠡᠯᠵᠢ ᠶᠢᠨ ᠬᠦᠭᠵᠢᠯᠳᠠ ᠳᠤᠮᠳᠠ᠂ ᠬᠤᠸᠠ ᠳ᠋ᠢᠶᠠᠨ ᠪᠦᠯᠦᠭᠯᠡᠯ ᠢ ᠪᠠᠭᠳᠠᠭᠠᠭᠰᠠᠨ ᠲᠦᠪ ᠤᠨ ᠠᠵᠤ ᠠᠬᠤᠢᠢᠯᠠᠯ ᠤᠳ ᠥᠪᠦᠷ ᠮᠤᠩᠭᠤᠯ ᠤᠨ ᠦᠭᠡᠷᠡᠴᠢᠯᠡᠯᠳᠠ ᠬᠦᠭᠵᠢᠯᠳᠠ ᠳᠤ ᠢᠳᠡᠪᠬᠢᠳᠠᠢ ᠤᠷᠤᠯᠴᠠᠬᠤ ᠶᠢ ᠬᠦᠰᠡᠵᠦ ᠪᠠᠶᠢᠨ᠎ᠠ ᠭᠡᠪᠡ᠃        ᠸᠧᠨ ᠱᠦ ᠭᠠᠩ᠂ ᠦᠪᠤᠷ ᠮᠤᠩᠭᠤᠯ ᠤᠨ ᠡᠬᠢ ᠪᠠᠶᠠᠯᠢᠬ ᠡᠯᠪᠡᠭ ᠳᠡᠯᠪᠡᠭ ᠪᠠᠶᠢᠵᠤ᠂ ᠬᠤᠸᠠ ᠳ᠋ᠢᠶᠠᠨ ᠪᠦᠯᠦᠭᠯᠡᠯ ᠤᠨ ᠪᠡᠯᠡ ᠤᠷᠤᠭᠤᠯᠵᠤ ᠬᠦᠭᠵᠢᠬᠦᠯᠬᠦ ᠭᠤᠤᠯᠳᠠᠯᠭ᠎ᠠ ᠲᠠᠢ ᠭᠠᠵᠠᠷ ᠤᠷᠤᠨ ᠪᠤᠯᠤᠨ᠎ᠠ᠃ ᠬᠤᠸᠠ ᠳ᠋ᠢᠶᠠᠨ ᠪᠦᠯᠦᠭᠯᠡᠯ ᠤᠨ ᠬᠢᠨ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠪᠠᠷ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠤᠬᠢᠷᠳᠤᠯ ᠦᠬᠡᠢ ᠬᠦᠭᠵᠢᠯᠳᠠ ᠶᠢ ᠪᠠᠷᠢᠮᠳᠠᠯᠠᠵᠤ᠂ ᠦᠪᠤᠷ ᠮᠤᠩᠭᠤᠯ ᠯᠤᠭ᠎ᠠ ᠶᠢᠨ ᠬᠠᠮᠳᠤᠷᠠᠯᠴᠠᠭ᠎ᠠ ᠪᠠᠨ ᠴᠢᠨᠠᠬᠰᠢᠳᠠ ᠬᠦᠨᠵᠡᠬᠡᠶᠢᠷᠡᠬᠦᠯᠵᠤ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠳᠠ ᠶᠢ ᠬᠠᠮᠳᠤ ᠪᠠᠷ ᠠᠬᠢᠭᠤᠯᠤᠨ᠎ᠠ ᠬᠡᠵᠤ ᠢᠯᠡᠳᠬᠡᠪᠡ᠃        ᠵᠦᠪᠯᠡᠯᠴᠡᠬᠡᠷ ᠢ ᠦᠨᠳᠤᠰᠤᠯᠠᠪᠠᠯ᠂ ᠬᠤᠶᠠᠷ ᠲᠠᠯ᠎ᠠ ᠪᠠᠷ ᠢᠶᠠᠨ ᠰᠢᠨ᠎ᠠ ᠡᠨᠧᠷᠬᠢ ᠶᠢᠨ ᠲᠦᠯᠤᠪᠵᠢᠬᠦᠯᠬᠡ ᠰᠤᠳᠤᠯᠭᠠᠨ ᠪᠤᠯᠤᠨ ᠨᠡᠬᠡᠬᠡᠨ ᠬᠦᠭᠵᠢᠬᠦᠯᠤᠯᠳᠠ ᠪᠦᠳᠤᠬᠡᠨ ᠪᠠᠶᠢᠭᠤᠯᠤᠯᠳᠠ ᠶᠢ ᠴᠢᠩᠭᠠᠳᠬᠠᠨ᠂ ᠰᠢᠨ᠎ᠠ ᠡᠨᠧᠷᠬᠢ ᠶᠢ ᠭᠠᠳᠠᠬᠰᠢ ᠬᠦᠷᠬᠡᠵᠤ ᠬᠡᠷᠡᠭᠯᠡᠬᠦ ᠵᠠᠬ᠎ᠠ ᠲᠡᠯᠬᠡᠬᠦᠷ ᠢ ᠨᠠᠶᠢᠳᠠᠪᠤᠷᠢᠵᠢᠭᠤᠯᠵᠤ᠂ ᠦᠪᠤᠷ ᠮᠤᠩᠭᠤᠯ ᠤᠨ ᠡᠨᠧᠷᠬᠢ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦ ᠪᠠ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠶᠢ ᠠᠬᠢᠭᠤᠯᠬᠤ ᠪᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠡᠯᠡᠯᠴᠡᠭᠡ ᠬᠢᠬᠦ ᠵᠢᠴᠢ ᠵᠥᠪᠯᠡᠯᠴᠡᠬᠡᠷ ᠳᠤᠬᠢᠷᠠᠯᠴᠠᠬᠤ ᠶᠤᠰᠤᠯᠠᠯ ᠳᠤ ᠤᠷᠤᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号