ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠴᠢᠬᠢᠷᠠᠭ ᠤᠨ ᠵᠥᠪᠯᠡᠯ ᠤᠯᠠᠨ ᠨᠡᠶᠢᠲᠡ ᠶᠢᠨ ᠲᠠᠯᠠᠪᠤᠷ ᠪᠠ ᠦᠪᠡᠷᠲᠡᠭᠡᠨ ᠪᠠᠶᠢᠭᠤᠯᠤᠭᠰᠠᠨ ᠲᠦᠪᠯᠡᠷᠡᠭᠦᠯᠦᠭᠰᠡᠨ ᠬᠡᠯᠪᠡᠷᠢ ᠶᠢᠨ ᠤᠰᠤ ᠬᠠᠩᠭᠠᠬᠤ ᠨᠢᠭᠡᠴᠡ ᠶᠢ ᠴᠠᠭᠳᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2019-08-19
        8 ᠰᠠᠷ᠎ᠠ ᠶᠢᠨ15 ᠤ ᠡᠳᠦᠷ᠂ ᠬᠤᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠤᠪᠴᠢᠶ᠎ᠠ ᠤᠯᠠᠨ ᠨᠡᠶᠢᠲᠡ ᠶᠢᠨ ᠲᠠᠯᠠᠪᠤᠷ ᠪᠠ ᠬᠦᠳᠡᠭᠡ ᠲᠤᠰᠬᠤᠨ ᠤ ᠦᠪᠡᠷᠲᠡᠭᠡᠨ ᠪᠠᠶᠢᠭᠤᠯᠤᠭᠰᠠᠨ ᠲᠦᠪᠯᠡᠷᠡᠭᠦᠯᠦᠭᠰᠡᠨ ᠬᠡᠯᠪᠡᠷᠢ ᠶᠢᠨ ᠤᠰᠤ ᠬᠠᠩᠭᠠᠬᠤ ᠨᠢᠭᠡᠴᠡ ᠶᠢ ᠴᠠᠭᠳᠠᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠪᠡ᠃ ᠡᠯ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂  ᠡᠷᠡᠭᠦᠯ ᠬᠠᠮᠠᠭᠠᠯᠠᠯ ᠢ ᠬᠤᠪᠢᠲᠠᠨ ᠬᠠᠮᠢᠶᠠᠷᠴᠤ ᠪᠠᠶᠢᠭ᠎ᠠ᠂ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠴᠤ ᠪᠠᠶᠢᠭ᠎ᠠ ᠠᠵᠢᠯ ᠤᠨ ᠤᠳᠤᠷᠢᠳᠤᠯᠭ᠎ᠠ ᠬᠤᠷᠠᠯ ᠳᠤ ᠤᠷᠤᠯᠴᠠᠪᠠ᠃
       ᠬᠤᠷᠠᠯ ᠠᠴᠠ ︽ᠤᠯᠠᠨ ᠨᠡᠶᠢᠲᠡ ᠶᠢᠨ ᠲᠠᠯᠠᠪᠤᠷ ᠪᠠ ᠦᠪᠡᠷᠲᠡᠭᠡᠨ ᠪᠠᠶᠢᠭᠤᠯᠤᠭᠰᠠᠨ ᠲᠦᠪᠯᠡᠷᠡᠭᠦᠯᠦᠭᠰᠡᠨ ᠬᠡᠯᠪᠡᠷᠢ ᠶᠢᠨ ᠤᠰᠤ ᠬᠠᠩᠭᠠᠬᠤ ᠨᠢᠭᠡᠴᠡ ᠶᠢ ᠴᠠᠭᠳᠠᠨ ᠪᠠᠶᠢᠴᠠᠭᠠᠬᠤ ᠠᠵᠢᠯ ᠤᠨ ᠲᠤᠬᠠᠢ ᠮᠡᠳᠡᠭᠳᠡᠯ︾  ᠢ ᠳᠠᠷᠤᠮᠠᠯᠯᠠᠨ ᠲᠠᠷᠬᠠᠭᠠᠵᠤ᠂ ᠪᠦᠬᠦ ᠲᠤᠭᠤᠷᠢᠭ ᠤᠨ ᠡᠯ᠎ᠡ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠬᠤ ᠠᠵᠢᠯ ᠤᠨ ᠥᠷᠲᠡᠭᠡ ᠶᠢ 9 ᠰᠠᠷ᠎ᠠ ᠶᠢᠨ 20 ᠠᠴᠠ ᠡᠮᠦᠨ᠎ᠡ ᠡᠯ᠎ᠡ ᠦᠢᠯᠡᠴᠢᠯᠡᠭᠡᠨ ᠤ ᠬᠠᠷᠢᠶ᠎ᠠ ᠲᠣᠭᠤᠷᠢᠭ ᠤᠨ ᠲᠤᠲᠤᠷᠠᠬᠢ ᠠᠯᠢᠪᠠ ᠪᠠᠭᠤᠳᠠᠯ᠂ ᠦᠰᠦ ᠵᠢᠰᠦ ᠭᠤᠶᠤᠯᠠᠬᠤ ᠭᠠᠵᠠᠷ᠂ ᠤᠭᠢᠶᠠᠯᠭ᠎ᠠ ᠶᠢᠨ ᠭᠠᠵᠠᠷ᠂ ᠳᠠᠭᠤᠤ ᠪᠦᠵᠢᠭ ᠰᠡᠯᠡᠭᠦᠴᠡᠯ ᠲᠠᠯᠠᠪᠤᠷ ᠪᠠ ᠬᠦᠳᠡᠭᠡ ᠲᠤᠰᠬᠤᠨ ᠤ ᠦᠪᠡᠷᠲᠡᠭᠡᠨ ᠪᠠᠶᠢᠭᠤᠯᠤᠭᠰᠠᠨ ᠲᠦᠪᠯᠡᠷᠡᠭᠦᠯᠦᠭᠰᠡᠨ ᠬᠡᠯᠪᠡᠷᠢ ᠶᠢᠨ ᠤᠰᠤ ᠬᠠᠩᠭᠠᠬᠤ ᠨᠢᠭᠡᠴᠡ ᠳᠤ ᠴᠠᠭᠳᠠᠨ ᠪᠠᠶᠢᠴᠠᠭᠠᠯᠲᠠ ᠬᠢᠵᠦ ᠪᠠᠶᠢᠳᠠᠯ ᠢ ᠤᠶᠢᠯᠠᠭᠠᠨ᠂ ᠤᠯᠠᠨ ᠨᠡᠶᠢᠲᠡ ᠶᠢᠨ ᠲᠠᠯᠠᠪᠤᠷ ᠪᠠ ᠬᠦᠳᠡᠭᠡ ᠲᠤᠰᠬᠤᠨ ᠤ ᠦᠪᠡᠷᠲᠡᠭᠡᠨ ᠪᠠᠶᠢᠭᠤᠯᠤᠭᠰᠠᠨ ᠲᠦᠪᠯᠡᠷᠡᠭᠦᠯᠦᠭᠰᠡᠨ ᠬᠡᠯᠪᠡᠷᠢ ᠶᠢᠨ ᠤᠰᠤ ᠬᠠᠩᠭᠠᠬᠤ ᠨᠢᠭᠡᠴᠡ ᠶᠢᠨ ᠲᠤᠭ᠎ᠠ᠂ ᠪᠠᠶᠢᠭᠤᠯᠭ᠎ᠠ ᠶᠢᠨ ᠨᠡᠷ᠎ᠡ᠂ ᠪᠤᠳᠠᠲᠠᠢ ᠬᠠᠶ᠋ᠢᠭ᠂ ᠠᠵᠢᠯᠯᠠᠵᠤ ᠪᠠᠶᠢᠭ᠎ᠠ ᠬᠦᠮᠦᠨ ᠤ ᠲᠤᠭ᠎ᠠ᠂ ᠬᠠᠷᠢᠭᠤᠴᠠᠯᠭᠠᠲᠠᠨ ᠵᠢᠴᠢ ᠬᠠᠷᠢᠯᠴᠠᠬᠤ ᠤᠲᠠᠰᠤ᠂ ᠡᠷᠡᠭᠦᠯ ᠬᠠᠮᠠᠭᠠᠯᠠᠯ ᠤᠨ ᠵᠦᠪᠰᠢᠶᠡᠷᠡᠯ ᠵᠡᠷᠭᠡ ᠬᠠᠮᠢᠶ᠎ᠠ ᠪᠦᠬᠦᠢ ᠰᠤᠷᠠᠭ ᠵᠠᠩᠭᠢ ᠶᠢ ᠨᠠᠷᠢᠨ ᠤᠶᠢᠯᠠᠭᠠᠬᠤ ᠶᠢ ᠱᠠᠭᠠᠷᠳᠠᠪᠠ᠃
       ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ 7 ᠰᠠᠷ᠎ᠠ ᠶᠢᠨ ᠰᠡᠭᠦᠯᠴᠢ ᠠᠴᠠ ᠮᠠᠨ ᠤ ᠲᠣᠭᠤᠷᠢᠭ 14 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠬᠤ ᠦᠷᠲᠡᠭᠡ ᠶᠢ ᠪᠠᠶᠢᠭᠤᠯᠵᠤ᠂ 62 ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠤᠭᠴᠢ ᠪᠠ ᠰᠤᠷᠠᠭ ᠵᠠᠩᠭᠢᠴᠢ ᠶᠢ ᠤᠷᠢᠨ ᠬᠡᠷᠡᠭᠯᠡᠵᠦ᠂ ᠪᠦᠬᠦ ᠲᠣᠭᠤᠷᠢᠭ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠂ ᠲᠤᠰ ᠤᠳᠠᠭᠠᠨ ᠤ ᠴᠠᠭᠳᠠᠨ ᠪᠠᠶᠢᠴᠠᠭᠠᠵᠤ ᠪᠠᠶᠢᠳᠠᠯ ᠤᠶᠢᠯᠠᠭᠠᠬᠤ ᠠᠵᠢᠯ ᠪᠣᠯ ᠡᠯ᠎ᠡ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠬᠤ ᠦᠷᠲᠡᠭᠡ ᠪᠠᠶᠢᠭᠤᠯᠤᠭᠳᠠᠭᠰᠠᠨ ᠠᠴᠠ ᠨᠠᠭᠠᠰᠢᠬᠢ ᠠᠩᠬᠠᠨ ᠤ ᠪᠦᠬᠦ ᠲᠣᠭᠤᠷᠢᠭ ᠤᠨ ᠬᠡᠪᠴᠢᠶᠡᠨ ᠳᠠᠬᠢ ᠲᠦᠪᠯᠡᠷᠡᠭᠦᠯᠦᠭᠰᠡᠨ ᠨᠢᠭᠡᠲᠦᠯᠲᠡᠢ ᠠᠵᠢᠯᠯᠠᠭᠠᠨ ᠪᠠᠶᠢᠵᠤ᠂ ᠢᠷᠡᠬᠦ ᠵᠢᠯ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠲᠠᠬᠢᠨ ᠬᠢᠨᠠᠯᠲᠠ ᠶᠢ ᠤᠭᠲᠤᠬᠤ᠂ ᠮᠠᠨ ᠤ ᠲᠣᠭᠤᠷᠢᠭ ᠤᠨ ᠤᠯᠠᠨ ᠨᠡᠶᠢᠲᠡ ᠶᠢᠨ ᠲᠠᠯᠠᠪᠤᠷ ᠪᠤᠯᠤᠨ ᠬᠦᠳᠡᠭᠡ ᠲᠤᠰᠬᠤᠨ ᠤ ᠠᠮᠢᠳᠤᠷᠠᠯ ᠳᠤ ᠬᠡᠷᠡᠭᠯᠡᠬᠦ᠂ ᠢᠳᠡᠬᠦ ᠤᠰᠤᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠳᠦᠷᠢᠮᠵᠢᠭᠦᠯᠬᠦ ᠳᠤ ᠴᠢᠬᠤᠯᠠ ᠦᠢᠯᠡᠳᠦᠯ ᠲᠠᠢ ᠭᠡᠪᠡ᠃        ᠬᠤᠷᠠᠯ ᠠᠴᠠ ᠱᠠᠭᠠᠷᠳᠠᠭᠰᠠᠨ ᠨᠢ᠂ ᠡᠯ᠎ᠡ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠬᠤ ᠦᠷᠲᠡᠭᠡ ︽ᠬᠤᠩᠱᠠᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠬᠤ ᠦᠢᠯᠡᠴᠢᠯᠡᠭᠡᠨ ᠤ ᠠᠵᠢᠯ ᠢ ᠵᠢᠯᠤᠭᠤᠳᠬᠤ ᠭᠠᠷ ᠳᠡᠪᠲᠡᠷ︾ ᠢ ᠡᠷᠬᠡᠪᠰᠢ ᠨᠠᠷᠢᠨ ᠬᠢᠨᠠᠮᠠᠭᠠᠢ ᠰᠤᠳᠤᠯᠤᠨ ᠰᠤᠷᠤᠯᠴᠠᠵᠤ᠂ ᠠᠵᠢᠯ ᠤᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠦᠢᠯᠡᠴᠢᠯᠡᠭᠡᠨ ᠤ ᠬᠠᠷᠢᠶ᠎ᠠ ᠲᠣᠭᠤᠷᠢᠭ ᠲᠤ ᠴᠠᠭᠳᠠᠨ ᠪᠠᠶᠢᠴᠠᠭᠠᠵᠤ ᠪᠠᠶᠢᠳᠠᠯ ᠤᠶᠢᠯᠠᠭᠠᠬᠤ ᠶᠢ ᠪᠦᠬᠦᠨ ᠢ ᠪᠦᠷᠬᠦᠭᠦᠯᠵᠦ᠂ ᠦᠨᠴᠦᠭ ᠪᠣᠯᠤᠩ ᠦᠯᠡᠳᠡᠭᠡᠬᠦ ᠦᠭᠡᠢ᠂ ᠪᠦᠬᠦᠨ ᠢ ᠦᠨᠡᠨ ᠪᠤᠳᠠᠲᠠᠢ ᠪᠠᠷ ᠲᠡᠮᠳᠡᠭᠯᠡᠨ ᠳᠡᠪᠲᠡᠷᠯᠡᠬᠦ ᠬᠡᠷᠡᠭᠲᠡᠢ᠃ ᠡᠯ᠎ᠡ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠤᠭᠴᠢ ᠡᠷᠬᠡᠪᠰᠢ ︽ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠮᠵᠢᠯᠴᠠᠨ ᠬᠠᠮᠢᠶᠠᠷᠤᠭᠴᠢ ᠶᠢᠨ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠲᠣᠭᠲᠠᠭᠠᠯ︾ ᠢ ᠴᠢᠩᠭ᠎ᠠ ᠵᠢᠷᠦᠮᠯᠡᠨ᠂  ᠬᠠᠤᠯᠢ ᠳᠦᠷᠢᠮ ᠢ ᠵᠦᠷᠢᠴᠡᠵᠦ ᠪᠤᠯᠠᠬᠤ ᠦᠭᠡᠢ ᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号