ᠬᠤᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠤᠯᠤᠳᠤᠭᠠᠷ ᠤᠳᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2019/8/19
       8 ᠰᠠᠷ᠎ᠠ ᠶᠢᠨ 14 ᠤ ᠡᠳᠦᠷ᠂ ᠬᠤᠩᠱᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠠᠷᠪᠠᠨ ᠳᠤᠯᠤᠳᠤᠭᠠᠷ ᠤᠳᠠᠭᠠᠨ ᠤ ᠬᠤᠷᠠᠯ ᠬᠢᠪᠡ᠃        ᠬᠤᠩᠱᠠᠨ ᠲᠣᠭᠤᠷᠢᠭ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠰᠢᠶᠠᠨ ᠹᠧᠩ᠂ ᠳᠡᠳ᠋ ᠡᠷᠬᠢᠯᠡᠭᠴᠢ ᠵᠠᠩ ᠰᠢᠦᠢ᠂ ᠵᠢᠶᠠ ᠡᠾᠦ᠋ᠩ ᠵᠧᠨ᠂ ᠮᠠ ᠰᠤ᠋ ᠮᠸᠢ᠂  ᠯᠢᠦ ᠳ᠋ᠦᠩ ᠬᠤᠸᠠ ᠬᠤᠷᠠᠯ ᠳᠤ ᠤᠷᠤᠯᠴᠠᠪᠠ᠃ ᠬᠤᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠯᠢ ᠬᠤᠸᠠ᠂ ᠲᠣᠭᠤᠷᠢᠭ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠡᠾᠦ᠋ᠩ ᠵᠢᠶᠦ᠋ᠨ᠂ ᠲᠣᠭᠤᠷᠢᠭ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢᠦᠢ ᠫᠧᠩ ᠵᠢᠦᠢ ᠵᠢᠴᠢ ᠬᠠᠮᠢᠶ᠎ᠠ ᠪᠥᠬᠦᠢ ᠨᠦᠬᠦᠳ ᠬᠤᠷᠠᠯ ᠳᠤ ᠤᠷᠤᠯᠴᠠᠪᠠ᠃        ᠬᠤᠷᠠᠯ ᠳᠤ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠳᠠᠮᠵᠢᠭᠤᠯᠵᠤ᠂ ︽ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ ᠬᠤᠩᠱᠠᠨ ᠲᠣᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤ ᠮᠡᠳᠡᠭᠦᠯᠦᠭᠰᠡᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠳᠦᠷᠢᠮ︾  ᠂ ᠲᠣᠭᠤᠷᠢᠭ ᠤᠨ ᠵᠠᠰᠠᠭ ᠤᠨ ᠣᠷᠳᠤᠨ ᠤ ︽2019 ᠤᠨ ᠤ ᠬᠤᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢᠨ ᠳᠡᠭᠡᠷ᠎ᠡ ᠬᠠᠭᠠᠰ ᠵᠢᠯ ᠳᠤ ᠬᠡᠷᠡᠭᠵᠢᠭᠦᠯᠦᠭᠳᠡᠭᠰᠡᠨ ᠪᠠᠶᠢᠳᠠᠯ ᠤᠨ ᠮᠡᠳᠡᠭᠦᠯᠦᠯᠲᠡ︾᠂ ︽2019 ᠤᠨ ᠤ ᠬᠤᠩᠱᠠᠨ ᠲᠣᠭᠤᠷᠢᠭ ᠤᠨ ᠡᠳ᠋ ᠤᠨ ᠵᠠᠰᠠᠭ ᠤᠨ ᠲᠥᠰᠦᠪ ᠤᠨ ᠳᠡᠭᠡᠷ᠎ᠡ ᠬᠠᠭᠠᠰ ᠵᠢᠯ ᠳᠤ ᠬᠡᠷᠡᠭᠵᠢᠭᠦᠯᠦᠭᠳᠡᠭᠰᠡᠨ ᠪᠠᠶᠢᠳᠠᠯ ᠤᠨ ᠮᠡᠳᠡᠭᠦᠯᠦᠯᠲᠡ︾᠂  ᠬᠤᠩᠱᠠᠨ ᠲᠣᠭᠤᠷᠢᠭ ᠤᠨ 2019 ᠤᠨ ᠤ ᠠᠯᠪᠠᠨ ᠵᠢᠷᠦᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ᠂ ᠠᠩᠭᠢ ᠰᠤᠩᠭᠤᠬᠤ ᠶᠢ ᠬᠤᠷᠢᠭᠯᠠᠬᠤ ᠲᠣᠭᠲᠠᠴᠠ ᠶᠢ ᠪᠠᠶᠢᠭᠤᠯᠤᠭᠰᠠᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠪᠠᠲᠤᠯᠠᠵᠤ ᠲᠤᠭᠲᠠᠭᠠᠪᠠ᠃        ᠶᠠᠩ ᠰᠢᠶᠠᠨ ᠹᠧᠩ ᠵᠢᠭᠠᠨ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠳᠤ ᠲᠣᠭᠤᠷᠢᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠪᠣᠯ ᠤᠳᠤᠬᠠᠨ ᠤ ᠪᠠ ᠡᠭᠦᠨ ᠠᠴᠠ ᠬᠤᠶᠢᠰᠢᠬᠢ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠂ ᠳᠡᠭᠡᠷ᠎ᠠ ᠱᠠᠲᠤ ᠪᠠ ᠲᠣᠭᠤᠷᠢᠭ ᠤᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ᠂ ᠰᠤᠷᠤᠯᠴᠠᠯᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂  ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠤᠰᠤᠭᠠᠷ᠂ ᠲᠤᠰ ᠬᠠᠷᠢᠶ᠎ᠠ ᠲᠣᠭᠤᠷᠢᠭ᠂ ᠲᠤᠰ ᠰᠠᠯᠠᠭ᠎ᠠ ᠮᠦᠴᠢᠷ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠠᠪᠴᠠᠯ ᠢ ᠢᠳᠡᠪᠬᠢᠲᠡᠢ ᠲᠦᠯᠦᠪᠯᠡᠨ᠂ ᠰᠤᠷᠤᠯᠴᠠᠯᠭ᠎ᠠ ᠶᠢᠨ ᠦᠷ᠎ᠡ ᠪᠥᠲᠦᠮᠵᠢ ᠪᠠᠷ ᠬᠦᠭᠵᠢᠯᠲᠡ ᠶᠢᠨ ᠪᠤᠲᠠᠲᠠᠢ ᠦᠷ᠎ᠡ ᠪᠦᠲᠦᠮᠵᠢ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ᠃ ᠳᠠᠷᠠᠭ᠎ᠠ ᠠᠯᠬᠤᠮ ᠳᠤ᠂ ᠲᠣᠭᠤᠷᠢᠭ ᠤᠨ ᠵᠠᠰᠠᠭ ᠤᠨ ᠣᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠣᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠬᠤᠷᠠᠯ ᠳᠤ ᠳᠤᠷᠠᠳᠤᠭᠰᠠᠨ ︽ᠲᠠᠪᠤᠨ ᠦᠨᠳᠦᠷ ᠴᠢᠨᠰᠠᠭᠠᠲᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠤᠨ ᠠᠷᠭ᠎ᠠ ᠠᠪᠴᠠᠯ ᠢᠶᠠᠨ ᠴᠢᠩᠭᠠᠳᠬᠠᠨ᠂  ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠨᠥᠭᠡᠴᠡ ᠬᠦᠴᠦᠨ ᠢᠶᠠᠨ ᠨᠡᠮᠡᠭᠳᠡᠭᠦᠯᠵᠦ᠂ ᠲᠤᠲᠠᠭᠳᠠᠯ ᠢᠶᠠᠨ ᠨᠦᠬᠦᠪᠦᠷᠢᠯᠡᠬᠦ ᠬᠦᠴᠦᠲᠠᠢ ᠭᠠᠷᠳᠠᠴᠠ ᠪᠤᠯᠠᠭᠠᠨ᠂ ᠲᠦᠷᠦᠯ ᠵᠦᠢᠯ ᠤᠨ ᠴᠢᠨᠠᠷ ᠴᠢᠨᠰᠠᠭ᠎ᠠ ᠪᠠᠷ ᠬᠦᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠲᠣᠭᠤᠷᠢᠭ ᠤᠨ ᠵᠠᠰᠠᠭ ᠤᠨ ᠣᠷᠳᠤᠨ ᠪᠠ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠠᠰᠤᠷᠠᠯᠲᠠ ᠦᠭᠡᠢ ᠬᠦᠴᠦᠯᠡᠨ᠂ ᠤᠳᠠᠭᠠᠨ ᠳᠠᠭᠠᠭᠠᠮᠠᠭᠠᠢ ᠵᠢᠳᠬᠦᠵᠦ᠂ ︽ᠦᠨᠳᠦᠷ ᠳᠠᠷᠤᠯᠲᠠᠲᠤ︾ ᠪᠠᠶᠢᠳᠠᠯ ᠢ ᠪᠠᠲᠤᠯᠠᠨ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ︽ᠰᠤᠷᠭᠠᠭᠤᠯᠢ᠂ ᠠᠩᠭᠢ ᠰᠤᠩᠭᠤᠬᠤ ᠬᠠᠯᠠᠭᠤᠷᠠᠯ︾ ᠢ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠪᠠᠲᠤᠳᠬᠠᠬᠤ ᠪᠠ ᠭᠦᠨᠵᠡᠭᠡᠶᠢᠷᠡᠭᠦᠯᠵᠦ᠂ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠡᠯᠰᠡᠯᠲᠡ ᠶᠢ ᠨᠡᠩ ᠳᠦᠷᠢᠮᠵᠢᠭᠦᠨ ᠡᠮᠬᠢ ᠴᠡᠭᠴᠡ ᠲᠠᠢ ᠪᠤᠯᠭᠠᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号