︽ᠬᠢᠵᠠᠭᠠᠷ ᠤᠨ ᠨᠠᠮ ᠤᠨ ᠪᠠᠶᠢᠭᠤᠯᠤᠯᠲᠠ ᠥᠨᠢᠷ ᠬᠦᠭᠵᠢᠯ ᠲᠠᠢ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠬᠤᠩᠱᠠᠨ ᠳᠤ ᠬᠦᠷᠴᠦ ᠢᠷᠡᠪᠡ
ᠨᠡᠶᠢᠲᠡᠯᠡᠭᠰᠡᠨ ᠴᠠᠭ᠄
2019-08-26
        8 ᠰᠠᠷ᠎ᠠ ᠶᠢᠨ 23 ᠤ ᠡᠳᠦᠷ ᠤᠨ ᠦᠳᠡ ᠠᠴᠠ ᠡᠮᠦᠨ᠎ᠡ᠂  ᠰᠢᠨᠬᠤᠸᠠ ᠰᠦᠯᠵᠢᠶᠡᠨ ᠤ ᠰᠤᠷᠪᠤᠯᠵᠢᠯᠠᠭ᠎ᠠ ᠲᠥᠰᠦᠪᠯᠡᠬᠦ ᠲᠠᠰᠤᠭ ᠤᠨ ᠡᠷᠬᠢᠯᠡᠭᠴᠢ ᠵᠠᠩ ᠸᠧᠢ᠂ ᠫᠧᠩ ᠫᠠᠢ ᠰᠣᠨᠢᠨ ᠤ ᠰᠣᠷᠪᠤᠯᠵᠢᠯᠠᠭᠴᠢ ᠵᠣ᠋ ᠸᠧᠢ ᠡᠾᠦ᠋ᠢ ᠵᠡᠷᠭᠡ ᠳᠦᠷᠪᠡᠨ ᠬᠦᠮᠦᠨ ᠦᠪᠡᠷᠲᠡᠭᠡᠨ ᠵᠠᠰᠠᠬᠤ ᠤᠷᠤᠨ ᠤ ᠰᠦᠯᠵᠢᠶᠡᠨ ᠤ ᠠᠮᠤᠷ ᠲᠦᠪᠰᠢᠨ ᠪᠠ ᠰᠤᠷᠠᠭ ᠵᠠᠩᠭᠢᠵᠢᠯᠲᠠ ᠶᠢᠨ ᠠᠯᠪᠠᠨ ᠭᠡᠷ ᠤᠨ ᠰᠦᠯᠵᠢᠶ᠎ᠡ ᠰᠤᠨᠢᠨ ᠮᠡᠳᠡᠭᠡ ᠰᠤᠷᠠᠭ ᠵᠠᠩᠭᠢ ᠶᠢᠨ ᠳᠠᠮᠵᠢᠭᠤᠯᠭ᠎ᠠ ᠵᠢᠴᠢ ᠦᠨᠡᠯᠡᠯᠲᠡ ᠶᠢᠨ ᠲᠠᠰᠤᠭ ᠤᠨ ᠶᠠᠩ ᠵᠢᠩ ᠪᠤᠯᠤᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠦᠬᠦᠳ ᠤᠨ ᠪᠠᠷ᠎ᠠ ᠪᠤᠯᠤᠯᠭ᠎ᠠ ᠪᠠᠷ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ︽ᠪᠢᠴᠢᠯ ᠵᠢᠵᠢᠭ ᠠᠵᠤ ᠠᠬᠤᠶᠢᠯᠠᠯ᠂ ᠬᠤᠪᠢ ᠪᠠᠷ ᠡᠵᠡᠩᠨᠡᠭᠰᠡᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ︾  ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠯᠪᠤᠭᠠᠯᠠᠭᠰᠠᠨ ᠨᠠᠮ ᠤᠨ ᠬᠤᠷᠢᠶᠠᠨ ᠳᠤ ᠢᠷᠡᠵᠦ ᠰᠤᠷᠪᠤᠯᠵᠢᠯᠠᠪᠠ᠃
       ᠬᠤᠩᠱᠠᠨ ᠲᠣᠭᠤᠷᠢᠭ ᠤᠨ ︽ᠪᠢᠴᠢᠯ ᠵᠢᠵᠢᠭ ᠠᠵᠤ ᠠᠬᠤᠶᠢᠯᠠᠯ᠂ ᠬᠤᠪᠢ ᠪᠠᠷ ᠡᠵᠡᠩᠨᠡᠭᠰᠡᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ︾ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠯᠪᠤᠭᠠᠯᠠᠭᠰᠠᠨ ᠨᠠᠮ ᠤᠨ ᠬᠤᠷᠢᠶᠠᠨ ᠤ ᠳᠡᠳ᠋ ᠱᠦᠵᠢ ᠤᠯᠠᠭᠠᠨᠬᠠᠳᠠ ᠶᠢᠨ ᠦᠢ ᠤᠯᠠᠨ ᠢᠶᠠᠷ ᠢᠶᠠᠨ ᠦᠢᠯᠡᠰ ᠪᠤᠰᠬᠠᠬᠤ ᠰᠦᠯᠵᠢᠶᠡᠨ ᠤ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠡᠭᠦᠷ ᠤᠨ ᠱᠦᠵᠢ᠂ ᠳᠠᠭᠠᠭᠠᠮᠠᠯ ᠭᠦᠸᠧ ᠶᠢᠨ ᠫᠧᠩ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠨᠦᠬᠦᠳ ᠰᠤᠷᠪᠤᠯᠵᠢᠯᠠᠭᠴᠢᠳ ᠲᠤ ᠬᠤᠯᠪᠤᠭᠠᠯᠠᠭᠰᠠᠨ ᠨᠠᠮ ᠤᠨ ᠬᠤᠷᠢᠶ᠎ᠠ ᠨᠢ ᠨᠠᠮ ᠤᠨ ᠪᠠᠶᠢᠭᠤᠯᠤᠯᠲᠠ ᠪᠠᠷ ᠬᠥᠲᠦᠴᠢ ᠪᠣᠯᠭᠠᠨ᠂ ᠨᠠᠶᠢᠲᠡ ᠶᠢᠨ ᠪᠤᠰᠤ ᠦᠮᠴᠢᠯᠡᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠠᠵᠤ ᠦᠢᠯᠡᠰ ᠤᠨ ᠭᠤᠤᠯ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠨ ᠬᠠᠮᠢᠶᠠᠷᠤᠯᠲᠠ ᠪᠤᠯᠤᠨ ᠦᠢᠯᠡᠴᠢᠯᠡᠭᠡ ᠶᠢ ᠤᠶᠠᠯᠳᠤᠭᠤᠯᠵᠤ᠂  ᠬᠤᠪᠢ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠭᠵᠢᠯᠲᠡ ᠶᠢᠨ ᠬᠦᠴᠢᠷᠳᠡᠯ ᠢ ᠰᠢᠢᠳᠪᠦᠷᠢᠯᠡᠨ᠂  ᠠᠵᠤ ᠠᠬᠤᠶᠢᠯᠠᠯ ᠤᠨ ᠬᠦᠭᠵᠢᠯᠲᠡ ᠳᠤ ᠦᠢᠯᠡᠴᠢᠯᠡᠭᠰᠡᠨ ᠠᠵᠢᠯ ᠤᠨ ᠪᠠᠶᠢᠳᠠᠯ ᠪᠠ ᠬᠤᠯᠪᠤᠭᠠᠯᠠᠭᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠮᠵᠢᠯᠲᠠ ᠶᠢ ᠲᠠᠨᠢᠯᠴᠠᠭᠤᠯᠪᠠ᠃ ᠬᠤᠯᠪᠤᠭᠠᠯᠠᠭᠰᠠᠨ ᠨᠠᠮ ᠤᠨ ᠬᠤᠷᠢᠶᠠᠨ ᠤ ᠵᠢᠷᠤᠭ ᠂ ᠡᠯ᠎ᠡ ᠲᠦᠷᠦᠯ ᠤᠨ ᠳᠥᠷᠢᠮ ᠲᠣᠭᠲᠠᠭᠠᠯ᠂ ᠤᠯᠠᠨ ᠲᠦᠮᠡᠨ ᠤ ᠦᠢᠯᠡᠴᠢᠯᠡᠭᠡᠨ ᠤ ᠲᠦᠪ  ᠵᠡᠷᠭᠡ ᠶᠢ ᠨᠠᠷᠢᠨ ᠬᠢᠨᠠᠮᠠᠭᠠᠢ ᠲᠣᠭᠤᠷᠢᠨ ᠦᠵᠡᠪᠡ᠃
       ᠡᠨᠡ ᠤᠳᠠᠭᠠᠨ ᠤ ᠠᠵᠢᠯᠯᠠᠭ᠎ᠠ ᠶᠢ ᠲᠦᠪ ᠤᠨ ᠵᠤᠬᠢᠶᠠᠨ ᠪᠠᠶᠢᠭᠤᠯᠬᠤ ᠬᠡᠯᠲᠡᠰ ᠪᠠ ᠲᠦᠪ ᠤᠨ ᠰᠦᠯᠵᠢᠶᠡᠨ ᠤ ᠠᠮᠤᠷ ᠲᠦᠪᠰᠢᠨ ᠪᠠ ᠰᠤᠷᠠᠭ ᠵᠠᠩᠭᠢᠵᠢᠯᠲᠠ ᠶᠢᠨ ᠵᠦᠪᠯᠡᠯ ᠤᠨ ᠠᠯᠪᠠᠨ ᠭᠡᠷ ᠲᠣᠬᠢᠷᠠᠭᠤᠯᠤᠨ ᠪᠠᠶᠢᠷᠢᠯᠠᠭᠤᠯᠪᠠ᠃ ︽ᠬᠢᠵᠠᠭᠠᠷ ᠤᠨ ᠨᠠᠮ ᠤᠨ ᠪᠠᠶᠢᠭᠤᠯᠤᠯᠲᠠ ᠥᠨᠢᠷ ᠬᠦᠭᠵᠢᠯ ᠲᠠᠢ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠢᠯᠠᠰ ᠴᠡᠭ ᠢ ᠰᠣᠷᠪᠤᠯᠵᠢᠯᠠᠨ ᠤᠬᠠᠭᠤᠯᠬᠤ ᠪᠤᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号