ᠲᠢᠶᠧ ᠨᠠᠨ ᠵᠡᠭᠡᠯᠢ ᠭᠤᠳᠤᠮᠵᠢ ᠶᠢᠨ ᠲᠢᠶᠧ ᠨᠠᠨ ᠨᠡᠶᠢᠭᠡᠮ ᠲᠣᠭᠤᠷᠢᠭ ᠨᠠᠮ ᠤᠨ ᠵᠥᠪᠯᠡᠯ ᠲᠠᠢ ᠬᠤᠯᠪᠤᠭᠠᠯᠠᠨ ︽ᠪᠢᠷ ᠪᠡᠬᠡᠰ ᠰᠤᠯᠤᠩᠭᠠᠷᠠᠭᠰᠠᠨ ᠰᠢᠨ᠎ᠡ ᠵᠢᠯ ᠤᠨ ᠵᠦᠩᠨᠡᠯ ᠬᠦᠷᠭᠡᠬᠦ︾ ᠵᠢᠴᠢ ᠶᠢᠰᠦ ᠭᠤᠷᠪᠠ ᠨᠡᠶᠢᠭᠡᠮᠯᠢᠭ ᠤᠨ ᠬᠤᠩᠱᠠᠨ ᠲᠣᠭᠤᠷᠢᠭ ᠤᠨ ᠬᠤᠪᠢᠶᠠᠷᠢ ᠨᠡᠶᠢᠭᠡᠮᠯᠢᠭ ᠤᠨ ᠨᠡᠶᠢᠭᠡᠮ ᠲᠣᠭᠤᠷᠢᠭ ᠲᠤ ᠵᠦᠩᠨᠡᠯ ᠬᠦᠷᠭᠡᠬᠦ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2020-01-10
        ᠴᠠᠭᠠᠨ ᠰᠠᠷ᠎ᠠ ᠡᠭᠦᠳᠡᠨ ᠳᠤ ᠬᠦᠷᠴᠦ ᠢᠷᠡᠯ᠎ᠡ᠂  ᠬᠠᠷᠢᠶ᠎ᠠ ᠲᠣᠭᠤᠷᠢᠭ ᠤᠨ ᠤᠯᠠᠨ ᠲᠥᠮᠡᠨ ᠢᠶᠠᠨ ᠡᠶ᠎ᠡ ᠨᠠᠶᠢᠷᠠᠮᠳᠠᠭᠤ ᠦᠯᠵᠡᠶᠢᠲᠦ ᠰᠠᠶᠢᠬᠠᠨ ᠪᠠᠶᠠᠷ ᠤᠨ ᠡᠳᠦᠷ ᠢᠶᠠᠨ ᠦᠩᠭᠡᠷᠡᠭᠦᠯᠬᠦ ᠶᠢᠨ ᠲᠦᠯᠦᠭᠡ᠂ 1 ᠰᠠᠷ᠎ᠠ ᠶᠢᠨ 7 ᠤ ᠡᠳᠦᠷ ᠤᠨ ᠦᠳᠡ ᠠᠴᠠ ᠬᠤᠶᠢᠨ᠎ᠠ ᠲᠢᠶᠧ ᠨᠠᠨ ᠨᠡᠶᠢᠭᠡᠮ ᠲᠣᠭᠤᠷᠢᠭ ᠨᠠᠮ ᠤᠨ ᠵᠥᠪᠯᠡᠯ ᠲᠠᠢ ᠬᠤᠯᠪᠤᠭᠠᠯᠠᠨ ᠭᠡᠰᠢᠭᠦᠨ ᠪᠠᠶᠢᠭᠤᠯᠭ᠎ᠠ ᠨᠢᠭᠡᠴᠡ ᠶᠢ ᠳᠠᠶᠢᠴᠢᠯᠠᠨ᠂ ᠪᠠᠶᠢᠭᠤᠯᠭ᠎ᠠ᠂ ᠨᠡᠶᠢᠭᠡᠮᠯᠢᠭ᠂ ᠤᠯᠠᠨ ᠲᠥᠮᠡᠨ ᠤ ᠳᠤᠮᠳᠠᠬᠢ ᠤᠷᠠᠨ ᠪᠢᠴᠢᠯᠭᠡ᠂ ᠤᠷᠠᠨ ᠵᠢᠷᠤᠭ ᠲᠤ ᠠᠪᠢᠶᠠᠰᠯᠢᠭ ᠬᠦᠮᠦᠰ ᠢ ᠵᠣᠬᠢᠶᠠᠨ ᠪᠠᠶᠢᠭᠤᠯᠵᠤ᠂ ︽ᠪᠢᠷ ᠪᠡᠬᠡᠰ ᠰᠤᠯᠤᠩᠭᠠᠷᠠᠭᠰᠠᠨ ᠰᠢᠨ᠎ᠡ ᠵᠢᠯ ᠤᠨ ᠵᠦᠩᠨᠡᠯ ᠬᠦᠷᠭᠡᠬᠦ︾ ᠵᠢᠴᠢ ᠶᠢᠰᠦ ᠭᠤᠷᠪᠠ ᠨᠡᠶᠢᠭᠡᠮᠯᠢᠭ ᠤᠨ ᠬᠤᠩᠱᠠᠨ ᠲᠣᠭᠤᠷᠢᠭ ᠤᠨ ᠬᠤᠪᠢᠶᠠᠷᠢ ᠨᠡᠶᠢᠭᠡᠮᠯᠢᠭ ᠤᠨ ᠨᠡᠶᠢᠭᠡᠮ ᠲᠣᠭᠤᠷᠢᠭ ᠲᠤ ᠵᠦᠩᠨᠡᠯ ᠬᠦᠷᠭᠡᠬᠦ ᠠᠵᠢᠯᠯᠠᠭᠠᠨ ᠢ ᠶᠠᠪᠤᠭᠳᠠᠭᠤᠯᠵᠤ᠂  ᠬᠠᠷᠢᠶ᠎ᠠ ᠲᠣᠭᠤᠷᠢᠭ ᠤᠨ ᠤᠯᠠᠨ ᠲᠥᠮᠡᠨ ᠳᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠶᠢᠰᠦ ᠭᠤᠷᠪᠠ ᠨᠡᠶᠢᠭᠡᠮᠯᠢᠭ ᠤᠨ ᠬᠤᠩᠱᠠᠨ ᠲᠣᠭᠤᠷᠢᠭ ᠤᠨ ᠬᠤᠪᠢᠶᠠᠷᠢ ᠨᠡᠶᠢᠭᠡᠮᠯᠢᠭ ᠤᠨ ᠤᠷᠠᠴᠤᠳ ᠠᠵᠢᠯᠯᠠᠭᠠᠨ ᠤ ᠲᠤᠬᠠᠢ ᠶᠢᠨ ᠲᠠᠯᠠᠪᠤᠷ ᠲᠤ ᠰᠢᠨ᠎ᠡ ᠵᠢᠯ ᠤᠨ ᠵᠦᠩᠨᠡᠯ ᠪᠢᠴᠢᠵᠦ ᠤᠯᠠᠨ ᠲᠦᠮᠡᠨ ᠳᠤ ᠬᠦᠷᠭᠡᠨ᠂  ᠰᠠᠭᠤᠭᠠᠯᠢ ᠠᠷᠠᠳ ᠢ ᠡᠭᠦᠳᠡᠨ ᠳᠤ ᠨᠢ ︽ᠰᠤᠶᠤᠯ ᠤᠨ ᠶᠡᠭᠡ ᠳᠠᠶᠢᠯᠠᠭ᠎ᠠ︾ ᠬᠦᠷᠲᠡᠭᠡᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号