ᠳ᠋ᠦᠩ ᠴᠧᠩ ᠵᠡᠭᠡᠯᠢ ᠭᠤᠳᠤᠮᠵᠢ ᠪᠠᠶᠠᠷ ᠤᠨ ᠡᠳᠦᠷ ᠠᠴᠠ ᠡᠮᠦᠨᠡᠬᠢ ᠲᠠᠬᠢᠯᠭ᠎ᠠ ᠶᠢᠨ ᠡᠳ᠋ ᠪᠤᠳᠠᠰ ᠢ ᠴᠡᠭᠴᠡᠯᠡᠨ᠂ ᠬᠤᠲᠠ ᠶᠢᠨ ᠳᠦᠷᠢ ᠳᠦᠷᠬᠦ ᠶᠢ ᠡᠮᠬᠢ ᠴᠡᠭᠴᠡᠲᠡᠢ ᠪᠠᠶᠢᠯᠭᠠᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2020-01-10
        ᠴᠠᠭᠠᠨ ᠰᠠᠷ᠎ᠠ ᠬᠦᠷᠴᠦ ᠢᠷᠡᠬᠦ ᠪᠠᠷ ᠬᠤᠲᠠ ᠶᠢᠨ ᠠᠷᠠᠳ ᠲᠠᠬᠢᠯᠭ᠎ᠠ ᠶᠢᠨ ᠵᠦᠢᠯᠡᠰ ᠢᠶᠠᠨ ᠪᠠᠯᠡᠳᠬᠡᠵᠦ ᠡᠬᠢᠯᠡᠯ᠎ᠡ᠃ ᠬᠤᠲᠠ ᠶᠢᠨ ᠠᠷᠠᠳ ᠤᠨ ᠪᠣᠯᠪᠠᠰᠤᠨ ᠢᠶᠠᠷ ᠲᠠᠬᠢᠯᠭ᠎ᠠ ᠬᠢᠬᠦ᠂ ᠬᠤᠲᠠ ᠶᠢᠨ ᠤᠷᠴᠢᠨ ᠲᠣᠭᠤᠷᠢᠨ ᠢ ᠴᠡᠪᠡᠷᠰᠢᠭᠦᠯᠬᠦ᠂ ᠵᠠᠮ ᠤᠨ ᠬᠠᠵᠠᠭᠤ ᠪᠠᠷ ᠲᠠᠬᠢᠯᠭ᠎ᠠ ᠳᠤ ᠬᠡᠷᠡᠭᠯᠡᠬᠦ ᠵᠦᠢᠯᠡᠰ ᠢ ᠳᠡᠯᠭᠡᠨ ᠪᠣᠷᠤᠯᠠᠭᠤᠯᠬᠤ᠂ ᠳᠡᠯᠭᠡᠭᠦᠷ ᠤᠨ ᠢᠶᠠᠨ ᠡᠭᠦᠳᠡᠨ ᠳᠤ ᠵᠠᠮ ᠡᠵᠡᠯᠡᠨ ᠳᠡᠯᠭᠡᠨ ᠪᠤᠷᠤᠯᠠᠭᠤᠯᠵᠤ ᠬᠤᠲᠠ ᠶᠢᠨ ᠳᠦᠷᠢ ᠳᠦᠷᠬᠦ ᠶᠢ ᠨᠦᠯᠦᠭᠡᠯᠡᠬᠦ ᠠᠴᠠ ᠵᠠᠶᠢᠯᠠᠰᠬᠢᠬᠤ ᠶᠢᠨ ᠲᠦᠯᠦᠭᠡ᠂ ᠳ᠋ᠦᠩ ᠴᠧᠩ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠤᠬᠠᠭᠤᠯᠬᠤ ᠪᠠ ᠴᠡᠭᠴᠡᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠦᠨ᠂ ᠬᠠᠷᠢᠶ᠎ᠠ ᠲᠣᠭᠤᠷᠢᠭ ᠤᠨ ᠵᠠᠮ ᠳᠠᠭᠠᠤ ᠳᠡᠯᠭᠡᠨ ᠪᠤᠷᠤᠯᠠᠭᠤᠯᠵᠤ ᠪᠠᠶᠢᠭ᠎ᠠ ᠶᠠᠪᠤᠭᠤᠯ ᠬᠤᠳᠠᠯᠳᠤᠭᠠᠴᠢᠨ ᠪᠠ ᠳᠡᠯᠭᠡᠭᠦᠷ ᠢ ᠴᠡᠭᠴᠡᠯᠡᠬᠦ ᠲᠤᠰᠬᠠᠢ ᠴᠡᠭᠴᠡᠯᠡᠨ ᠵᠠᠰᠠᠯᠲᠠ ᠶᠢᠨ ᠠᠵᠢᠯᠯᠠᠭᠠᠨ ᠢ ᠶᠠᠪᠤᠭᠳᠠᠭᠤᠯᠵᠤ᠂ ᠴᠡᠪᠡᠷ ᠰᠠᠶᠢᠬᠠᠨ ᠡᠮᠬᠢ ᠴᠡᠭᠴᠡᠲᠡᠢ ᠬᠤᠲᠠ ᠶᠢᠨ ᠣᠷᠴᠢᠨ ᠲᠣᠭᠤᠷᠢᠨ ᠢ ᠢᠳᠡᠪᠬᠢᠲᠡᠢ ᠪᠠᠷ ᠪᠦᠲᠦᠭᠡᠨ ᠪᠠᠶᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号