ᠵᠢᠯ ᠤᠨ ᠪᠠᠷᠠᠭᠠᠨ ᠳᠤ ᠬᠠᠤᠯᠢ ᠴᠠᠭᠠᠵᠠ ᠶᠢᠨ ᠪᠡᠯᠡᠭ ᠲᠤᠲᠠᠵᠤ ᠪᠣᠯᠬᠤ ᠦᠭᠡᠢ
ᠨᠡᠶᠢᠲᠡᠯᠡᠭᠰᠡᠨ ᠴᠠᠭ᠄
2020-01-14
        ᠴᠠᠭᠠᠨ ᠰᠠᠷ᠎ᠠ ᠬᠦᠷᠴᠦ ᠢᠷᠡᠬᠦ ᠪᠠᠷ᠂ ᠬᠤᠩ ᠮᠢᠶᠤᠤᠽᠢ ᠪᠠᠯᠭᠠᠰᠤᠨ ᠤ ᠠᠷᠤ ᠵᠠᠮ ᠲᠤᠰᠬᠤᠨ ᠤ ᠴᠤᠭᠯᠠᠭ᠎ᠠ ᠮᠠᠶᠢᠮᠠᠢ ᠳᠤ ᠬᠦᠮᠦᠨ ᠤᠯᠠᠨ ᠬᠤᠷᠠᠵᠤ᠂  ᠬᠦᠷ ᠬᠦᠭᠵᠢᠶᠡᠨ ᠢᠶᠠᠷ ᠪᠢᠯᠬᠠᠵᠤ ᠪᠠᠶᠢᠯ᠎ᠠ᠃ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠶᠢᠯᠠᠭᠠᠭᠳᠠᠬᠤᠨ ᠢ ᠴᠢᠩᠭᠠᠳᠬᠠᠨ᠂ ᠤᠯᠠᠨ ᠲᠥᠮᠡᠨ ᠤ ᠨᠢᠭᠡᠨ ᠠᠶᠦᠯᠭᠦᠢ᠂ ᠪᠠᠶᠠᠷ ᠪᠠᠭ᠋ᠠᠲᠤᠯᠲᠤ ᠰᠢᠨ᠎ᠡ ᠵᠢᠯ ᠢ ᠤᠭᠲᠤᠬᠤ ᠶᠢ ᠪᠠᠲᠤᠯᠠᠬᠤ ᠶᠢᠨ ᠲᠥᠯᠦᠭᠡ᠂ 1 ᠰᠠᠷ᠎ᠠ ᠶᠢᠨ 10 ᠤ ᠡᠳᠦᠷ᠂  ᠬᠤᠩ ᠮᠢᠶᠤᠤᠽᠢ ᠬᠠᠤᠯᠢ ᠴᠠᠭᠠᠵᠠ ᠶᠢᠨ ᠰᠠᠯᠪᠤᠷᠢ ᠪᠠᠯᠭᠠᠰᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂  ᠡᠮᠡᠭᠲᠡᠶᠢᠴᠦᠳ ᠤᠨ ᠬᠤᠯᠪᠤᠭ᠎ᠠ᠂  ᠬᠤᠩ ᠮᠢᠶᠤᠤᠽᠢ ᠲᠣᠮᠢᠯᠠᠭᠰᠠᠨ ᠰᠠᠯᠪᠤᠷᠢ ᠵᠡᠷᠭᠡ ᠤᠯᠠᠨ ᠰᠠᠯᠠᠭ᠎ᠠ ᠮᠦᠴᠢᠷ ᠲᠠᠢ ᠬᠤᠯᠪᠤᠭᠠᠯᠠᠨ ᠠᠷᠤ ᠵᠠᠮ ᠲᠤᠰᠬᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠤ ᠬᠤᠯᠪᠤᠭᠠᠯᠠᠭᠰᠠᠨ ᠬᠠᠤᠯᠢ ᠶᠢ ᠲᠥᠭᠡᠮᠡᠯᠵᠢᠭᠦᠯᠦᠨ ᠤᠬᠠᠭᠤᠯᠬᠤ ᠠᠵᠢᠯᠯᠠᠭ᠎ᠠ ᠶᠠᠪᠤᠭᠳᠠᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号