2020ᠤᠨ ᠤ 1 ᠰᠠᠷ᠎ᠠ ᠶᠢᠨ 10 ᠤ ᠡᠳᠦᠷ᠂ ᠬᠤᠩᠱᠠᠨ ᠲᠣᠭᠤᠷᠢᠭ ᠤᠨ ᠵᠠᠰᠠᠭ ᠤᠨ ᠣᠷᠳᠤᠨ ᠤ | ᠳᠡᠳ᠋ ᠳᠠᠷᠤᠭ᠎ᠠ ᠮᠠ ᠯᠢ ᠬᠤᠸᠠ ᠬᠤᠩᠱᠠᠨ ᠲᠣᠭᠤᠷᠢᠭ ᠤᠨ ᠪᠠᠴᠢᠮ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠠᠵᠢᠯᠲᠠᠨ ᠢ ᠳᠠᠭᠠᠭᠤᠯᠤᠨ ᠦᠪᠦᠷ ᠮᠤᠩᠭᠤᠯ ᠤᠨ ᠵᠡᠭᠦᠨ ᠬᠡᠰᠡᠭ ᠤᠨ ᠡᠭᠦᠯᠡᠨ ᠪᠣᠳᠤᠯᠲᠠ ᠶᠢᠨ | ᠬᠦᠷᠢᠶᠡᠯᠡᠩ ᠲᠣᠭᠤᠷᠢᠭ ᠲᠤ ᠬᠦᠷᠴᠦ ᠠᠶᠦᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ | ᠮᠠ ᠯᠢ ᠬᠤᠸᠠ ᠨᠠᠷ ᠤᠷᠢᠳ ᠬᠤᠵᠢᠳ ᠮᠧᠩ ᠳ᠋ᠦᠩ ᠶᠡᠭᠡ ᠳ᠋ᠠᠶᠢᠲ᠋ᠠ ᠶᠢᠨ ᠮᠠᠰᠢᠨ ᠤ ᠲᠠᠰᠤᠭ᠂ ᠪᠦᠸᠧ | ᠶᠠ IT ᠪᠣᠯᠪᠠᠰᠤᠷᠠᠭᠤᠯᠤᠯ ᠤᠨ ᠰᠤᠷᠭᠠᠭᠤᠯᠢ᠂ ᠢᠦᠢ ᠯᠦᠩ ᠵᠢᠭᠤᠯᠴᠢᠯᠠᠯ ᠲᠡᠭᠡᠭᠡᠪᠦᠷᠢ ᠶᠢᠨ ᠠᠵᠤ ᠠᠬᠤᠶᠢᠯᠠᠯ ᠢ | ᠪᠤᠳᠠᠲᠤ ᠭᠠᠵᠠᠷ ᠲᠤ ᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ | ᠪᠠᠶᠢᠳᠠᠯ ᠢ ᠪᠠᠶᠢᠴᠠᠭᠠᠨ᠂ ᠠᠵᠤ ᠠᠬᠤᠶᠢᠯᠠᠯ ᠤᠨ ᠭᠠᠯ ᠰᠡᠷᠭᠡᠶᠢᠯᠡᠬᠦ ᠰᠤᠪᠠᠭ ᠤᠨ ᠢᠯᠭᠤᠮ ᠨᠡᠪᠲᠡᠷᠡᠵᠦ ᠪᠠᠶᠢᠬᠤ | ᠡᠰᠡᠭᠦ᠂ ᠭᠠᠯ ᠤᠨᠲᠠᠷᠠᠭᠠᠬᠤ ᠲᠦᠬᠦᠭᠡᠷᠦᠮᠵᠢ ᠶᠢᠨ ᠬᠠᠩᠭᠠᠯᠲᠠ ᠶᠢᠨ ᠪᠠᠶᠢᠳᠠᠯ᠂ ᠪᠠᠴᠢᠮ ᠢ ᠠᠷᠭᠠᠴᠠᠨ ᠠᠪᠤᠷᠠᠨ | ᠲᠤᠰᠠᠯᠠᠬᠤ᠂ ᠢᠯᠡᠳᠬᠡᠯ ᠵᠢᠭᠠᠯᠲᠠ ᠶᠢᠨ ᠲᠣᠬᠢᠷᠠᠭᠤᠯᠤᠯᠲᠠ ᠪᠠ ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ | ᠵᠡᠷᠭᠡ ᠲᠠᠯ᠎ᠠ ᠠᠴᠠ ᠨᠠᠷᠢᠨ ᠬᠢᠨᠠᠮᠠᠭᠠᠢ ᠪᠠᠶᠢᠴᠠᠭᠠᠵᠤ᠂ ᠢᠯᠡᠷᠡᠭᠦᠯᠦᠭᠰᠡᠨ ᠠᠶᠦᠯᠭᠦᠢ ᠦᠢᠯᠡᠳᠪᠦᠷᠢᠯᠡᠯ ᠤᠨ ᠭᠡᠮ | ᠰᠤᠭᠤᠭ ᠢ ᠵᠢᠭᠠᠨ ᠭᠠᠷᠭᠠᠵᠤ ᠳᠠᠷᠤᠢ ᠲᠦᠷᠭᠡᠨ ᠴᠡᠭᠴᠡᠯᠡᠨ ᠵᠠᠰᠠᠬᠤ ᠱᠠᠭᠠᠷᠳᠠᠯᠭ᠎ᠠ ᠳᠤᠷᠠᠳᠪᠠ᠃ ᠡᠭᠦᠨ ᠤ ᠬᠠᠮᠲᠤ | ᠂ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠤᠨ ᠬᠠᠮᠢᠶ᠎ᠠ ᠪᠦᠬᠦᠢ ᠠᠵᠢᠯᠲᠠᠨ ᠠᠴᠠ ᠠᠵᠤ ᠠᠬᠤᠶᠢᠯᠠᠯ ᠤᠨ | ᠠᠶᠦᠯᠭᠦᠢ ᠦᠢᠯᠡᠳᠪᠦᠷᠢᠯᠡᠯ ᠤᠨ ᠳᠥᠷᠢᠮ ᠲᠣᠭᠲᠠᠭᠠᠯ ᠪᠠ ᠠᠶᠦᠯᠭᠦᠢ ᠦᠢᠯᠡᠳᠪᠦᠷᠢᠯᠡᠯ ᠤᠨ ᠮᠡᠳᠡᠯᠭᠡ ᠶᠢ ᠠᠰᠠᠭᠤᠨ | ᠰᠤᠷᠠᠪᠠ᠃ |