ᠴᠢᠶᠣᠣ ᠪᠸᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠤᠷᠢ ᠬᠤᠯᠪᠤᠭᠠᠯᠠᠨ ᠬᠠᠤᠯᠢ ᠬᠡᠷᠡᠭᠵᠢᠭᠦᠯᠵᠦ ᠨᠢᠭᠡ ᠬᠠᠤᠯᠢ ᠪᠣᠰᠤ ᠣᠷᠤᠰᠢᠭᠤᠯᠭ᠎ᠠ ᠶᠢᠨ ᠬᠡᠷᠡᠭᠰᠡᠯ ᠤᠨ ᠳᠠᠷᠤᠮᠯᠠᠯ ᠤᠨ ᠦᠢᠯᠡᠳᠪᠦᠷᠢ ᠶᠢ ᠴᠠᠭᠠᠵᠠᠯᠠᠪᠠ
ᠨᠡᠶᠢᠲᠡᠯᠡᠭᠰᠡᠨ ᠴᠠᠭ᠄
2020-01-14
        2020 ᠤᠨ ᠤ 1 ᠰᠠᠷ᠎ᠠ ᠶᠢᠨ 10 ᠤ ᠡᠳᠦᠷ᠂  ᠬᠤᠩᠱᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢᠭᠡᠨ ᠢᠯᠡᠴᠢᠯᠡᠨ ᠮᠡᠳᠡᠭᠦᠯᠬᠦ ᠤᠲᠠᠰᠤ ᠲᠤᠰᠴᠤ ᠴᠢᠶᠣᠣ ᠪᠸᠢ ᠶᠢᠨ ᠨᠢᠭᠡᠨ ᠲᠤᠰᠬᠤᠨ ᠳᠤ ᠬᠠᠤᠯᠢ ᠪᠤᠰᠤ ᠳᠠᠷᠤᠮᠯᠠᠯ ᠤᠨ ᠦᠢᠯᠡᠳᠪᠦᠷᠢ ᠪᠠᠶᠢᠬᠤ ᠶᠢ ᠮᠡᠳᠡᠪᠡ᠂ ᠬᠤᠩᠱᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠴᠢᠶᠤᠤ ᠪᠸᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠤᠷᠢ ᠶᠢ ᠵᠤᠬᠢᠶᠠᠨ ᠪᠠᠶᠢᠭᠤᠯᠵᠤ᠂  ᠴᠢᠶᠤᠤ ᠪᠸᠢ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠤᠯᠪᠤᠭᠠᠯᠠᠨ ᠭᠡᠨᠡᠳᠲᠡ ᠶᠢᠨ ᠪᠠᠶᠢᠴᠠᠭᠠᠯᠲᠠ ᠬᠢᠪᠡ᠃        ᠬᠠᠤᠯᠢ ᠬᠡᠷᠡᠭᠵᠢᠭᠦᠯᠬᠦ ᠠᠵᠢᠯᠲᠠᠳ ᠲᠤᠰᠬᠤᠨ ᠤ ᠵᠠᠮ ᠳᠠᠭᠠᠤ ᠨᠢᠭᠡᠨ ᠠᠷᠠᠳ  ᠤᠨ ᠭᠡᠷ ᠲᠤ ᠳᠠᠷᠤᠮᠯᠠᠯ ᠤᠨ ᠲᠠᠰᠤᠭ ᠢ ᠢᠯᠡᠷᠡᠭᠦᠯᠦᠨ᠂  ᠶᠠᠭ ᠣᠷᠤᠰᠢᠭᠤᠯᠭ᠎ᠠ ᠶᠢᠨ ᠴᠠᠭᠠᠰᠤᠨ ᠵᠤᠭᠤᠰ ᠳᠠᠷᠤᠮᠠᠯᠯᠠᠵᠤ ᠪᠠᠶᠢᠬᠤ  ᠲᠠᠢ ᠲᠠᠭᠠᠷᠠᠯᠳᠤᠪᠠ᠃  ᠬᠠᠤᠯᠢ ᠬᠡᠷᠡᠭᠵᠢᠭᠦᠯᠬᠦ ᠠᠵᠢᠯᠲᠠᠳ ᠲᠤᠬᠠᠢ ᠶᠢᠨ ᠲᠠᠯᠠᠪᠤᠷ ᠲᠤ ᠨᠢ ᠳᠠᠷᠤᠮᠠᠯᠯᠠᠬᠤ ᠪᠠᠨ ᠵᠤᠭᠰᠤᠨ᠂ ᠪᠠᠶᠢᠴᠠᠭᠠᠯᠲᠠ ᠳᠤ ᠬᠠᠮᠵᠢᠯᠴᠠᠬᠤ ᠶᠢ ᠱᠠᠭᠠᠷᠳᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号