ᠴᠢᠶᠤᠤ ᠪᠸᠢ ᠵᠡᠭᠡᠯᠢ ᠭᠤᠳᠤᠮᠵᠢ ᠶᠢᠨ ᠪᠠᠷᠠᠭᠠᠨ ᠭᠦᠢᠯᠭᠡᠭᠡᠨ ᠤ ᠨᠡᠶᠢᠭᠡᠮ ᠲᠣᠭᠤᠷᠢᠭ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2020/1/15
        ᠴᠠᠭᠠᠨ ᠰᠠᠷ᠎ᠠ ᠬᠦᠷᠴᠦ ᠢᠷᠡᠬᠦ ᠪᠠᠷ ᠦᠨᠦᠴᠢᠨ ᠪᠠᠯᠪᠠᠰᠤᠨ ᠨᠠᠰᠤᠲᠠᠶᠢᠴᠦᠦᠯ ᠳᠤ ᠨᠡᠩ ᠤᠯᠠᠨ ᠬᠠᠶᠢᠷ᠎ᠠ ᠬᠠᠯᠠᠮᠵᠢ ᠬᠦᠷᠲᠡᠭᠡᠵᠦ᠂ ᠨᠠᠰᠤᠲᠠᠶᠢᠴᠦᠦᠯ ᠳᠤ ᠨᠡᠶᠢᠭᠡᠮ ᠤᠨ ᠬᠠᠶᠢᠷ᠎ᠠ ᠬᠠᠯᠠᠮᠵᠢ᠂ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠵᠦ᠂ ᠰᠠᠭᠤᠭᠠᠯᠢ ᠠᠷᠠᠳ ᠢ ᠪᠠᠶᠠᠷ ᠪᠠᠭ᠋ᠠᠲᠤᠯ ᠲᠠᠢ ᠪᠠᠷ ᠰᠢᠨ᠎ᠡ ᠵᠢᠯ ᠢᠶᠠᠨ ᠦᠩᠭᠡᠷᠡᠭᠦᠯᠬᠦ ᠶᠢᠨ ᠲᠦᠯᠦᠭᠡ᠂ 1 ᠰᠠᠷ᠎ᠠ ᠶᠢᠨ 8 ᠤ ᠡᠳᠦᠷ᠂  ᠪᠠᠷᠠᠭᠠᠨ ᠭᠦᠢᠯᠭᠡᠭᠡᠨ ᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠲᠦᠪ ︽ᠨᠠᠰᠤᠲᠠᠨ ᠢ ᠬᠦᠨᠳᠦᠯᠡᠵᠦ ᠬᠠᠶᠢᠷᠠᠯᠠᠬᠤ︾ ᠰᠠᠶᠢᠨ ᠳᠤᠷ᠎ᠠ ᠶᠢᠨ ᠠᠵᠢᠯᠯᠠᠭᠠᠨ ᠢ ᠵᠤᠬᠢᠶᠠᠨ ᠪᠠᠶᠢᠭᠤᠯᠪᠠ᠃ ᠺᠠᠩ ᠰᠢᠨ ᠨᠠᠰᠤᠲᠠᠨ ᠢ ᠠᠰᠠᠷᠠᠬᠤ ᠬᠦᠷᠢᠶᠡᠯᠡᠩ ᠳᠤ  ᠠᠯᠪᠠᠨ ᠵᠢᠷᠦᠮ ᠤᠨ ᠦᠰᠦ ᠵᠠᠰᠠᠬᠤ ᠰᠠᠶᠢᠨ ᠳᠤᠷ᠎ᠠ ᠶᠢᠨ ᠠᠵᠢᠯᠯᠠᠭᠠᠨ ᠦᠷᠨᠢᠭᠦᠯᠪᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号