ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠰᠦᠩ ᠵᠸᠦ ᠶᠤᠸᠠᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ 2020 ᠤᠨ ᠤ ︽ᠡᠷᠡᠯᠬᠡᠭᠯᠡᠨ ᠤᠷᠤᠭᠰᠢᠯᠠᠵᠤ ᠰᠢᠨ᠎ᠡ ᠵᠢᠯ ᠢᠶᠠᠨ ᠤᠭᠲᠤᠨ᠂ ᠨᠠᠮ ᠤᠯᠠᠨ ᠲᠦᠮᠡᠨ ᠰᠡᠳᠬᠢᠯ ᠨᠢᠭᠡᠳᠴᠦ ᠡᠶ᠎ᠡ ᠵᠣᠬᠢᠴᠠᠯ ᠢ ᠪᠦᠲᠦᠭᠡᠨ ᠪᠠᠶᠢᠭᠤᠯᠤᠶ᠎ᠠ︾  ᠨᠠᠮ ᠤᠯᠠᠨ ᠲᠦᠮᠡᠨ ᠤ  ᠨᠦᠬᠦᠷᠯᠡᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/1/15
        2020 ᠤᠨ ᠤ ᠴᠠᠭᠠᠨ ᠰᠠᠷ᠎ᠠ ᠤᠶᠠᠭᠠᠨ ᠳᠤ ᠢᠷᠡᠯ᠎ᠡ᠂ 1 ᠰᠠᠷ᠎ᠠ ᠶᠢᠨ 10 ᠤ ᠡᠳᠦᠷ᠂  ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠰᠦᠩ ᠵᠸᠦ ᠶᠤᠸᠠᠨ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ 2020 ᠤᠨ ᠤ ︽ᠡᠷᠡᠯᠬᠡᠭᠯᠡᠨ ᠤᠷᠤᠭᠰᠢᠯᠠᠵᠤ ᠰᠢᠨ᠎ᠡ ᠵᠢᠯ ᠢᠶᠠᠨ ᠤᠭᠲᠤᠨ᠂ ᠨᠠᠮ ᠤᠯᠠᠨ ᠲᠦᠮᠡᠨ ᠰᠡᠳᠬᠢᠯ ᠨᠢᠭᠡᠳᠴᠦ ᠡᠶ᠎ᠡ ᠵᠣᠬᠢᠴᠠᠯ ᠢ ᠪᠦᠲᠦᠭᠡᠨ ᠪᠠᠶᠢᠭᠤᠯᠤᠶ᠎ᠠ︾  ᠵᠢᠴᠢ ᠰᠢᠯᠢᠳᠡᠭ ᠨᠠᠮ ᠤᠨ ᠭᠡᠰᠢᠭᠦᠨ ᠰᠢᠯᠢᠳᠡᠭ ᠰᠠᠶᠢᠨ ᠳᠤᠷᠠᠴᠦᠳ ᠢ ᠱᠠᠩᠨᠠᠨ ᠬᠦᠬᠢᠭᠦᠯᠬᠦ ᠨᠠᠮ ᠤᠯᠠᠨ ᠲᠦᠮᠡᠨ ᠤ ᠨᠦᠬᠦᠷᠯᠡᠯ ᠤᠨ ᠬᠤᠷᠠᠯ ᠬᠢᠪᠡ᠃ ᠡᠶᠢᠮᠦ ᠠᠷᠭ᠎ᠠ ᠪᠠᠷ ᠲᠡᠷᠢᠭᠦᠨ ᠤ ᠵᠢᠱᠢᠶᠡᠴᠢ ᠬᠦᠮᠦᠰ ᠢ ᠱᠠᠩᠨᠠᠨ ᠬᠦᠬᠢᠭᠦᠯᠵᠦ᠂ ᠬᠠᠮᠲᠤ ᠶᠢᠨ ᠲᠠᠨᠢᠯᠲᠠ ᠶᠢ ᠪᠠᠲᠤᠳᠬᠠᠨ᠂ ᠬᠦᠴᠦᠨ ᠢᠶᠠᠨ ᠲᠦᠪᠯᠡᠷᠡᠭᠦᠯᠵᠦ᠂ ᠰᠦᠩ ᠵᠸᠦ ᠶᠤᠸᠠᠨ ᠨᠡᠶᠢᠭᠡᠮ ᠲᠣᠭᠤᠷᠢᠭ ᠤᠨ 2020 ᠤᠨ ᠤ ᠯᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠡᠬᠢᠯᠡᠭᠦᠯᠵᠦ᠂  ᠰᠢᠨ᠎ᠡ ᠠᠶᠠᠨ ᠳᠤ ᠮᠣᠷᠳᠠᠪᠠ᠃  ᠠᠵᠢᠯᠯᠠᠭᠠᠨ ᠳᠤ ᠤᠷᠤᠯᠴᠠᠭᠰᠠᠨ ᠪᠠᠶᠢᠭᠤᠯᠭ᠎ᠠ ᠨᠢᠭᠡᠴᠡ ᠳᠤ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠵᠤᠤ ᠤᠳᠠ ᠵᠠᠮ ᠤᠨ ᠲᠤᠮᠢᠯᠠᠭᠰᠠᠨ ᠰᠠᠯᠪᠤᠷᠢ᠂ ᠦᠷᠲᠡᠭᠡᠨ ᠡᠮᠦᠨᠡᠬᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂  ᠱᠧᠨ ᠲᠦᠩ ᠬᠡᠦᠬᠡᠳ ᠤᠨ ᠴᠡᠴᠡᠷᠯᠢᠭ᠂ ᠰᠦᠩ ᠵᠸᠦ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠺᠤᠮᠫᠠᠨᠢ ᠵᠡᠷᠭᠡ ᠪᠤᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号