1 ᠰᠠᠷ᠎ᠠ ᠶᠢᠨ 9 ᠤ ᠡᠳᠦᠷ᠂ ᠲᠢᠶᠧ ᠨᠠᠨ ᠵᠡᠭᠡᠯᠢ ᠭᠤᠳᠤᠮᠵᠢ ᠶᠢᠨ ᠴᠧᠩ ᠨᠠᠨ ᠲᠤᠰᠬᠤᠨ ᠤ ᠨᠠᠮ ᠤᠨ | ᠡᠭᠦᠷ ᠦᠪᠦᠷ ᠮᠤᠩᠭᠤᠯ ᠤᠨ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠲᠠᠢ ᠬᠤᠯᠪᠤᠭᠠᠯᠠᠵᠤ᠂ ︽ | ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠳᠡᠭᠡ ᠪᠠᠭᠤᠯᠭᠠᠬᠤ︾ ᠠᠵᠢᠯᠯᠠᠭᠠᠨ ᠦᠷᠨᠢᠭᠦᠯᠪᠡ᠃ | ᠡᠨᠡ ᠬᠦ ᠠᠵᠢᠯᠯᠠᠭᠠᠨ ᠨᠢ ᠬᠠᠷᠢᠶ᠎ᠠ ᠲᠤᠰᠬᠤᠨ ᠤ ᠠᠷᠠᠳ ᠢᠯᠠᠩᠭᠤᠶ᠎ᠠ ᠶᠠᠪᠤᠵᠤ ᠰᠠᠭᠤᠬᠤ ᠳᠤ ᠳᠦᠭᠦᠮ | ᠦᠭᠡᠢ ᠨᠠᠰᠤᠲᠠᠶᠢᠴᠦᠦᠯ ᠤᠨ ᠪᠠᠩᠬᠢ ᠶᠢᠨ ᠺᠠᠷᠲ ᠡᠷᠡᠮᠡᠯᠵᠡᠬᠦ ᠳᠤ ᠵᠠᠮ ᠬᠤᠯᠠ᠂ ᠵᠠᠮ ᠬᠠᠷᠢᠯᠴᠠᠭ᠎ᠠ ᠳᠦᠭᠦᠮ ᠦᠭᠡᠢ | ᠪᠠ ᠲᠤᠰ ᠬᠦᠮᠦᠨ ᠨᠢ ᠲᠤᠬᠠᠢ ᠶᠢᠨ ᠲᠠᠯᠠᠪᠤᠷ ᠲᠤ ᠬᠦᠷᠴᠦ ᠤᠴᠢᠬᠤ ᠳᠤ ᠳᠦᠭᠦᠮ ᠦᠭᠡᠢ ᠵᠡᠷᠭᠡ ᠪᠤᠳᠠᠲᠤ | ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠦᠪᠦᠷ ᠮᠤᠩᠭᠤᠯ ᠤᠨ ᠢᠲᠡᠭᠡᠮᠵᠢ ᠶᠢᠨ ᠬᠤᠷᠰᠢᠶᠠᠨ ᠤ ᠬᠤᠩᠱᠠᠨ | ᠬᠤᠯᠪᠤᠭᠠᠲᠤ ᠬᠤᠷᠰᠢᠶᠠᠨ ᠤ ᠲᠤᠰᠬᠠᠢ ᠠᠵᠢᠯᠲᠠᠨ ᠢ ᠤᠷᠢᠵᠤ᠂ ᠮᠠᠰᠢᠨ ᠲᠦᠬᠦᠭᠡᠷᠦᠮᠵᠢ ᠪᠠᠨ ᠠᠪᠴᠤ ᠬᠦᠳᠡᠭᠡ | ᠪᠠᠭᠤᠵᠤ᠂ ᠲᠤᠰᠬᠤᠨ ᠤ ᠠᠷᠠᠳ ᠲᠤ ᠲᠤᠬᠠᠢ ᠶᠢᠨ ᠲᠠᠯᠠᠪᠤᠷ ᠤᠨ ᠦᠢᠯᠡᠴᠢᠯᠡᠭᠡ ᠬᠠᠩᠭᠠᠪᠠ᠃ |