2018 ᠤᠨ ᠤ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢ ᠢᠯᠡ ᠪᠤᠯᠭᠠᠬᠤ ᠤᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2020-01-02
       ᠲᠤᠰ ᠤᠨ ᠤ ᠮᠡᠳᠡᠭᠦᠯᠦᠯᠲᠡ ᠶᠢ ᠬᠤᠩᠱᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠨᠠᠶᠢᠷᠠᠭᠤᠯᠪᠠ᠃ ᠲᠤᠰ ᠤᠨ ᠤ ᠮᠡᠳᠡᠭᠦᠯᠦᠯᠲᠡ ᠨᠢ ᠲᠤᠶᠢᠮᠤ᠂ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠭᠰᠡᠨ ᠵᠠᠰᠠᠭ ᠤᠨ ᠣᠷᠳᠤᠨ ᠤ ᠰᠤᠷᠠᠭ ᠵᠠᠩᠭᠢ ᠶᠢᠨ ᠪᠠᠶᠢᠳᠠᠯ᠂ ᠡᠷᠡᠮᠡᠯᠵᠡᠯ ᠢᠶᠠᠷ ᠢᠯᠡ ᠨᠡᠶᠢᠲᠡᠯᠡᠭᠰᠡᠨ ᠵᠠᠰᠠᠭ ᠤᠨ ᠣᠷᠳᠤᠨ ᠤ ᠰᠤᠷᠠᠭ ᠵᠠᠩᠭᠢ ᠶᠢᠨ ᠪᠠᠶᠢᠳᠠᠯ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠰᠦᠢᠳᠬᠡᠯ ᠵᠢᠴᠢ ᠬᠠᠰᠤᠵᠤ ᠬᠡᠯᠲᠦᠷᠢᠭᠦᠯᠦᠭᠰᠡᠨ ᠪᠠᠶᠢᠳᠠᠯ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠶᠢ ᠡᠷᠡᠮᠡᠯᠵᠡᠭᠰᠡᠨ ᠪᠠ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠤᠰᠢᠵᠤ ᠪᠠᠶᠢᠭ᠎ᠠ ᠠᠰᠠᠭᠤᠳᠠᠯ ᠵᠢᠴᠢ ᠦᠭᠡᠷᠡᠴᠢᠯᠡᠨ ᠠᠬᠢᠭᠤᠯᠬᠤ ᠠᠷᠭ᠎ᠠ ᠠᠪᠴᠠᠯ ᠵᠡᠷᠭᠡ ᠵᠢᠷᠭᠤᠭᠠᠨ ᠬᠡᠰᠡᠭ ᠢᠶᠠᠷ ᠪᠦᠷᠢᠯᠳᠦᠵᠦ᠂  ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠯ ᠤᠨ ᠬᠤᠭᠤᠴᠠᠭ᠎ᠠ ᠨᠢ 2018 ᠤᠨ ᠤ 1 ᠰᠠᠷ᠎ᠠ ᠶᠢᠨ 1 ᠤ ᠡᠳᠦᠷ ᠠᠴᠠ 2018 ᠤᠨ ᠤ 12 ᠰᠠᠷ᠎ᠠ ᠶᠢᠨ 31 ᠤ ᠡᠳᠦᠷ ᠪᠤᠯᠤᠨ᠎ᠠ᠃ ᠬᠡᠷᠪᠡ ᠲᠤᠰ ᠤᠨ ᠤ ᠮᠡᠳᠡᠭᠦᠯᠦᠯᠲᠡ ᠳᠤ ᠮᠠᠳᠠᠭ ᠲᠠᠢ ᠵᠦᠢᠯ ᠪᠠᠶᠢᠪᠠᠯ ᠬᠤᠩᠱᠠᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠷᠢᠯᠴᠠᠭᠠᠷᠠᠢ᠃
       ᠨᠢᠭᠡ᠂ ᠲᠤᠶᠢᠮᠤ        2018 ᠤᠨ ᠳᠤ ᠮᠠᠨ ᠤ ᠲᠣᠭᠤᠷᠢᠭ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠲᠤᠭᠲᠠᠭᠠᠯ︾ ︵ᠳᠤᠷᠤᠭᠰᠢ ︽ᠲᠤᠭᠲᠠᠭᠠᠯ︾  ᠭᠡᠵᠦ ᠲᠤᠪᠴᠢᠯᠠᠨ᠎ᠠ︶ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠶᠢ ᠠᠬᠢᠭᠤᠯᠬᠤ ᠪᠠ ᠵᠠᠰᠠᠭ ᠤᠨ ᠣᠷᠳᠤᠨ ᠤ ᠴᠢᠳᠠᠮᠵᠢ ᠶᠢ ᠬᠤᠪᠢᠷᠠᠭᠤᠯᠬᠤ᠂ ᠵᠠᠰᠠᠭ ᠵᠠᠬᠢᠷᠭᠠᠨ ᠤ ᠡᠷᠭᠡ ᠶᠢ ᠳᠦᠷᠢᠮᠵᠢᠭᠦᠯᠬᠦ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠪᠠ ᠬᠦᠷᠢᠶ᠎ᠡ ᠬᠡᠪᠴᠢᠶ᠎ᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠷᠭ᠎ᠠ ᠠᠪᠴᠠᠯ ᠪᠠ ᠲᠠᠪᠴᠠᠩ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠦᠷᠭᠡᠳᠬᠡᠨ᠂ ᠢᠯᠠᠩᠭᠤᠶ᠎ᠠ ᠡᠳ᠋ ᠤᠨ ᠵᠠᠰᠠᠭ ᠤᠨ ᠲᠦᠰᠦᠪ ᠪᠠ ︽ᠭᠤᠷᠪᠠᠨ ᠠᠯᠪᠠᠨ ︾ ᠤ ᠵᠠᠷᠤᠳᠠᠯ᠂  ᠭᠠᠵᠠᠷ ᠲᠠᠲᠠᠪᠤᠷᠢᠯᠠᠬᠤ ᠰᠤᠷᠠᠭ ᠵᠠᠩᠭᠢ᠂ ᠪᠠᠲᠤᠯᠠᠭ᠎ᠠ ᠶᠢᠨ ᠴᠢᠨᠠᠷᠲᠠᠢ ᠰᠤᠷᠠᠭ ᠵᠠᠩᠭᠢ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠠ ᠪᠤᠯᠭᠠᠬᠤ ᠶᠢ ᠳᠤᠪᠤᠶᠢᠯᠭᠠᠵᠤ᠂ ᠮᠠᠨ ᠤ ᠲᠣᠭᠤᠷᠢᠭ ᠤᠨ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠲᠡ ᠳᠤ ᠰᠠᠶᠢᠨ ᠰᠠᠶᠢᠬᠠᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠬᠠᠩᠭᠠᠪᠠ᠃ ᠮᠠᠨ ᠤ ᠲᠣᠭᠤᠷᠢᠭ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠠᠵᠢᠯ ᠢ ᠯᠠᠪᠳᠠᠭᠤᠨ ᠪᠠᠲᠤᠲᠠᠢ᠂ ᠪᠦᠬᠦᠯᠢ ᠴᠤᠭᠴᠠ ᠪᠠᠷ ᠨᠢ ᠠᠬᠢᠭᠤᠯᠵᠤ ᠪᠠᠶᠢᠨ᠎ᠠ᠃
       ᠬᠤᠶᠠᠷ᠂ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠭᠰᠡᠨ ᠵᠠᠰᠠᠭ ᠤᠨ ᠣᠷᠳᠤᠨ ᠤ ᠰᠤᠷᠠᠭ ᠵᠠᠩᠭᠢ ᠶᠢᠨ ᠪᠠᠶᠢᠳᠠᠯ        2018 ᠤᠨ ᠳᠤ ᠮᠠᠨ ᠤ ᠲᠤᠭᠤᠷᠢᠭ ᠡᠯ᠎ᠡ ᠲᠦᠷᠦᠯ ᠤᠨ ᠵᠠᠰᠠᠭ ᠤᠨ ᠣᠷᠳᠤᠨ ᠤ ᠰᠣᠷᠠᠭ ᠵᠠᠩᠭᠢ ᠨᠡᠶᠢᠲᠡ 5748 ᠨᠡᠶᠢᠲᠡᠯᠡᠵᠦ᠂  ᠵᠠᠰᠠᠭ ᠤᠨ ᠣᠷᠳᠤᠨ ᠤ ᠠᠯᠪᠠᠨ ᠰᠦᠯᠵᠢᠶ᠎ᠡ ᠪᠠᠷ ᠡᠯ᠎ᠡ ᠲᠦᠦᠷᠯ ᠤᠨ ᠰᠤᠷᠠᠭ ᠵᠠᠩᠭᠢ ᠨᠡᠶᠢᠲᠡ 4067 ᠨᠡᠶᠢᠲᠡᠯᠡᠨ᠂ ᠡᠭᠦᠨ ᠳᠤ᠄ 273 ᠡᠯ᠎ᠡ ᠱᠠᠲᠤᠨ ᠤ ᠵᠠᠰᠠᠭ ᠤᠨ ᠣᠷᠳᠤᠨ ᠤ ᠲᠦᠷᠦ ᠶᠢᠨ ᠪᠣᠳᠤᠯᠭ᠎ᠠ ᠶᠢᠨ ᠬᠦᠲᠦᠴᠢ ᠶᠢᠨ ᠲᠦᠷᠦᠯ ᠤᠨ ᠰᠤᠷᠠᠭ ᠵᠠᠩᠭᠢ  ᠨᠡᠶᠢᠲᠡᠯᠡᠵᠦ᠂  ᠲᠣᠭᠤᠷᠢᠭ ᠤᠨ ᠴᠢᠬᠤᠯᠠ ᠬᠤᠷᠠᠯ ᠠᠵᠢᠯᠯᠠᠭᠠᠨ ᠤ ᠰᠣᠷᠠᠭ ᠵᠠᠩᠭᠢ 276᠂ ᠡᠯ᠎ᠡ ᠪᠠᠯᠭᠠᠰᠤ ᠵᠡᠭᠡᠯᠢ᠂ ᠰᠠᠯᠠᠭ᠎ᠠ ᠮᠦᠴᠢᠷ ᠤᠨ ᠠᠵᠢᠯ ᠤᠨ ᠬᠦᠳᠡᠯᠦᠩᠭᠦᠢ ᠪᠠᠶᠢᠳᠠᠯ ᠤᠨ ᠰᠤᠷᠠᠭ ᠵᠠᠩᠭᠢ 1783᠂  ᠳᠦᠷᠰᠦ ᠪᠢᠴᠢᠯᠭᠡ ᠰᠤᠨᠢᠨ ᠮᠡᠳᠡᠭᠡᠨ ᠤ ᠰᠤᠷᠠᠭ ᠵᠠᠩᠭᠢ 365᠂ 160 ᠡᠳ᠋ ᠤᠨ ᠵᠠᠰᠠᠭ ᠤᠨ ᠰᠤᠷᠠᠭ ᠵᠠᠩᠭᠢ᠂ 46 ᠵᠠᠰᠠᠭ ᠤᠨ ᠣᠷᠳᠤᠨ ᠤ ᠮᠡᠳᠡᠭᠳᠡᠯ ᠠᠯᠪᠠᠨ ᠮᠡᠳᠡᠭᠡ᠂15 ᠬᠠᠤᠯᠢ ᠶᠤᠰᠤᠭᠠᠷ ᠵᠠᠰᠠᠭ ᠶᠠᠪᠤᠭᠤᠯᠬᠤ ᠲᠦᠷᠦᠯ ᠤᠨ ᠰᠤᠷᠠᠭ ᠵᠠᠩᠭᠢ᠂ 32 ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠰᠤᠷᠠᠭ ᠵᠠᠩᠭᠢ᠂ 211 ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠬᠡᠪᠴᠢᠶᠡᠨ ᠤ ᠰᠤᠷᠠᠭ ᠵᠠᠩᠭᠢ᠂ 778 ᠵᠠᠰᠠᠭ ᠤᠨ ᠣᠷᠳᠤᠨ ᠤ ᠬᠤᠳᠠᠯᠳᠤᠨ ᠠᠪᠬᠤ ᠲᠦᠷᠦᠯ ᠤᠨ ᠰᠤᠷᠠᠭ ᠵᠠᠩᠭᠢ᠂ 1 ᠰᠤᠷᠪᠤᠯᠵᠢᠯᠠᠭ᠎ᠠ᠂ 127 ᠠᠷᠠᠳ ᠤᠯᠠᠨ ᠤ ᠵᠠᠬᠢᠳᠠᠯ ᠤᠨ ᠬᠠᠷᠢᠭᠤ ᠵᠠᠬᠢᠳᠠᠯ᠂ 1681 ᠲᠧᠯᠸᠢᠰ᠂ ᠰᠣᠨᠢᠨ᠂ ᠰᠡᠳᠬᠦᠯ᠂ ᠸᠢᠴᠠᠲ ᠵᠡᠷᠭᠡ ᠪᠠᠷ ᠨᠡᠶᠢᠲᠡᠯᠡᠭᠰᠡᠨ ᠡᠯ᠎ᠡ ᠲᠦᠷᠦᠯ ᠤᠨ ᠰᠤᠷᠠᠭ ᠵᠠᠩᠭᠢ ᠪᠤᠢ᠃
       ᠭᠤᠷᠪᠠ᠂ ᠡᠷᠡᠮᠡᠯᠵᠡᠯ ᠢᠶᠠᠷ ᠢᠯᠡ ᠨᠡᠶᠢᠲᠡᠯᠡᠭᠰᠡᠨ ᠵᠠᠰᠠᠭ ᠤᠨ ᠣᠷᠳᠤᠨ ᠤ ᠰᠤᠷᠠᠭ ᠵᠠᠩᠭᠢ ᠶᠢᠨ ᠪᠠᠶᠢᠳᠠᠯ        2018 ᠤᠨ ᠳᠤ ᠲᠤᠭᠤᠷᠢᠭ ᠤᠨ ᠵᠠᠰᠠᠭ ᠤᠨ ᠣᠷᠳᠤᠨ ᠨᠡᠶᠢᠲᠡ 11 ᠢᠯᠡ ᠨᠡᠶᠢᠲᠡᠯᠡᠬᠦ ᠡᠷᠡᠮᠡᠯᠵᠡᠯ ᠲᠤᠰᠴᠤ᠂ ᠡᠭᠦᠨ ᠳᠤ 3 ᠶᠢ ᠨᠢ ᠲᠡᠷᠡ ᠳᠠᠷᠤᠢ ᠳᠤ ᠨᠢ ᠢᠯᠡ ᠨᠡᠶᠢᠲᠡᠯᠡᠨ᠂ 8 ᠡᠷᠡᠮᠡᠯᠵᠡᠯ ᠤᠨ ᠵᠠᠬᠢᠳᠠᠯ ᠲᠤᠰᠴᠤ᠂11 ᠡᠷᠡᠮᠡᠯᠵᠡᠯ ᠢ ᠬᠦᠯᠢᠶᠡᠨ ᠰᠢᠢᠳᠪᠦᠷᠢᠯᠡᠪᠡ᠃ 2 ᠢᠯᠡ ᠨᠡᠶᠢᠲᠡᠯᠡᠬᠦ ᠶᠢ ᠬᠦᠯᠢᠶᠡᠨ ᠵᠥᠪᠰᠢᠶᠡᠷᠡᠬᠦ ᠦᠭᠡᠢ ᠬᠠᠷᠢᠭᠤ ᠪᠠᠶᠢᠵᠤ᠂ ᠰᠢᠯᠲᠠᠭᠠᠨ ᠨᠢ ︽ᠲᠤᠭᠲᠠᠭᠠᠯ︾ ᠤᠨ ᠢᠯᠡ ᠨᠡᠶᠢᠲᠡᠯᠡᠬᠦ ᠠᠭᠤᠯᠭ᠎ᠠ ᠳᠤ ᠪᠠᠭᠲᠠᠬᠤ ᠦᠭᠡᠢ 1 ᠰᠤᠷᠠᠭ ᠵᠠᠩᠭᠢ᠂  ᠬᠠᠤᠯᠢ ᠴᠠᠭᠠᠵᠠ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠨ 1 ᠰᠤᠷᠠᠭ ᠵᠠᠩᠭᠢ ᠪᠤᠢ᠃ 5 ᠲᠤᠰ ᠵᠠᠰᠠᠭ ᠵᠠᠬᠢᠷᠭᠠᠨ ᠤ ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ ᠳᠤ ᠪᠠᠭᠲᠠᠬᠤ ᠦᠭᠡᠢ ᠰᠤᠷᠠᠭ ᠵᠠᠩᠭᠢ ᠪᠠᠶᠢᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠳᠡᠭᠰᠡᠨ ᠪᠠ ᠰᠢᠯᠵᠢᠭᠦᠯᠦᠨ ᠦᠭᠪᠡ᠃ 3 ᠡᠷᠡᠮᠡᠯᠵᠡᠭᠰᠡᠨ ᠰᠤᠷᠠᠭ ᠵᠠᠩᠭᠢ ᠨᠢ ᠣᠷᠤᠰᠢᠬᠤ ᠦᠭᠡᠢ ᠪᠠᠶᠢᠳᠠᠯ ᠪᠠᠶᠢᠵᠤ᠂ 1 ᠵᠠᠰᠠᠪᠤᠷᠢ ᠣᠷᠤᠭᠤᠯᠤᠭᠰᠠᠨ ᠪᠠ ᠨᠦᠬᠦᠪᠦᠷᠢᠯᠡᠭᠰᠡᠨ ᠰᠤᠷᠠᠭ ᠵᠠᠩᠭᠢ ᠪᠤᠢ᠃ ᠪᠦᠬᠦ ᠡᠷᠡᠮᠡᠯᠵᠡᠯ ᠳᠤ ᠬᠠᠤᠯᠢ ᠶᠤᠰᠤᠭᠠᠷ ᠴᠠᠭ ᠲᠤᠬᠠᠢ ᠳᠤᠨᠢ ᠬᠠᠷᠢᠭᠤ ᠦᠭᠪᠡ᠃
       ᠳᠥᠷᠪᠡ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠰᠦᠢᠳᠬᠡᠯ ᠵᠢᠴᠢ ᠬᠠᠰᠤᠵᠤ ᠬᠡᠯᠲᠦᠷᠢᠭᠦᠯᠦᠭᠰᠡᠨ ᠪᠠᠶᠢᠳᠠᠯ        ᠲᠣᠭᠤᠷᠢᠭ ᠤᠨ ᠲᠤᠰ ᠱᠠᠲᠤ ᠨᠢ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠤᠬᠢᠶᠠᠨ ᠪᠠᠶᠢᠭᠤᠯᠤᠯᠲᠠ ᠠᠴᠠ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠨᠡᠶᠢᠲᠡᠯᠡᠬᠦ ᠳᠠᠷᠤᠮᠠᠯᠯᠠᠯ᠂ ᠳᠠᠮᠵᠢᠭᠤᠯᠵᠤ ᠬᠦᠷᠭᠡᠬᠦ ᠰᠦᠢᠳᠬᠡᠯ ᠬᠤᠷᠢᠶᠠᠭᠰᠠᠨ ᠦᠭᠡᠢ᠃        ᠲᠠᠪᠤ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠶᠢ ᠡᠷᠡᠮᠡᠯᠵᠡᠭᠰᠡᠨ ᠪᠠ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ        2018 ᠤᠨ ᠳᠤ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠲᠠᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠲᠠᠬᠢᠨ ᠵᠥᠪᠯᠡᠬᠦ ᠶᠢ ᠡᠷᠡᠮᠡᠯᠵᠡᠭᠰᠡᠨ ᠪᠠ ᠵᠠᠰᠠᠭ ᠵᠠᠬᠢᠷᠭᠠᠨ ᠤ ᠵᠠᠷᠭᠤ ᠨᠢᠭᠡ ᠴᠦ ᠦᠭᠡᠢ᠃
       ᠵᠢᠷᠭᠤᠭ᠎ᠠ᠂ ᠣᠷᠤᠰᠢᠵᠤ ᠪᠠᠶᠢᠭ᠎ᠠ ᠠᠰᠠᠭᠤᠳᠠᠯ ᠪᠠ ᠦᠭᠡᠷᠡᠴᠢᠯᠡᠨ ᠠᠬᠢᠭᠤᠯᠬᠤ ᠠᠷᠭ᠎ᠠ ᠠᠪᠴᠠᠯ        ︵ᠨᠢᠭᠡ︶ ᠣᠷᠤᠰᠢᠵᠤ ᠪᠠᠶᠢᠭ᠎ᠠ ᠠᠰᠠᠭᠤᠳᠠᠯ        ᠨᠢᠭᠡ ᠳᠤ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠬᠦᠴᠦᠯᠡᠴᠡ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ᠃ ᠮᠠᠨ ᠤ ᠲᠣᠭᠤᠷᠢᠭ ᠤᠨ ᠤᠳᠤᠬᠠᠨ ᠤ ᠢᠯᠡ ᠪᠤᠯᠭᠠᠵᠤ ᠪᠠᠶᠢᠭ᠎ᠠ ᠰᠤᠷᠠᠭ ᠵᠠᠩᠭᠢ ᠨᠢ ᠭᠤᠤᠯᠳᠠᠭᠤ ᠳᠠᠷᠤᠮᠠᠯᠯᠠᠨ ᠲᠠᠷᠬᠠᠭᠠᠭᠰᠠᠨ ᠠᠯᠪᠠᠨ ᠪᠢᠴᠢᠭ ᠵᠢᠴᠢ ᠰᠠᠯᠠᠭ᠎ᠠ ᠮᠦᠴᠢᠷ ᠤᠨ ᠠᠵᠢᠯ ᠤᠨ ᠬᠦᠳᠡᠯᠦᠩᠭᠦᠢ ᠪᠠᠶᠢᠳᠠᠯ᠂ ᠡᠯ᠎ᠡ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠠᠵᠢᠯ ᠳᠤ ᠬᠤᠶᠢᠷᠭᠤᠰᠢᠬᠤ ᠤᠳᠠᠭᠠᠰᠢᠷᠠᠬᠤ ᠦᠵᠡᠭᠳᠡᠯ ᠣᠷᠤᠰᠢᠵᠤ᠂ ᠰᠠᠯᠠᠭ᠎ᠠ ᠮᠦᠴᠢᠷ ᠤᠨ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠃ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ᠃ ᠬᠤᠶᠠᠷ ᠲᠤ᠂ ᠵᠠᠰᠠᠭ ᠤᠨ ᠣᠷᠳᠤᠨ ᠤ ᠲᠦᠷᠦ ᠶᠢᠨ ᠪᠣᠳᠤᠯᠭ᠎ᠠ ᠶᠢᠨ ᠲᠠᠶᠢᠯᠤᠮᠵᠢ ᠬᠢᠬᠦ ᠲᠠᠯ᠎ᠠ ᠶᠢᠨ ᠲᠤᠰᠬᠠᠢ ᠮᠡᠷᠭᠡᠵᠢᠯᠲᠡᠨ ᠲᠤᠲᠠᠭᠳᠠᠵᠤ᠂ ᠬᠡᠰᠡᠭ ᠲᠦᠷᠦ ᠶᠢᠨ ᠪᠣᠳᠤᠯᠭ᠎ᠠ ᠶᠢᠨ ᠲᠠᠶᠢᠯᠤᠮᠵᠢ ᠳᠤ ᠲᠤᠭᠤᠰᠢᠲᠠᠢ ᠲᠠᠶᠢᠯᠤᠮᠵᠢ ᠬᠢᠵᠦ ᠳᠡᠶᠢᠯᠦᠭᠰᠡᠨ ᠦᠭᠡᠢ ᠠᠰᠠᠭᠤᠳᠠᠯ ᠣᠷᠤᠰᠢᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ᠂ ᠡᠭᠦᠨ ᠤ ᠬᠠᠮᠲᠤ᠂ ᠵᠢᠷᠤᠭᠲᠤ ᠲᠠᠶᠢᠯᠪᠤᠷᠢ ᠵᠡᠷᠭᠡ ᠭᠤᠶᠤᠵᠢᠭᠤᠯᠬᠤ ᠲᠠᠯ᠎ᠠ ᠪᠠᠷ ᠬᠦᠴᠦᠯᠡᠨ ᠰᠤᠷᠤᠯᠴᠠᠬᠤ ᠬᠡᠷᠡᠭᠲᠡᠢ᠃ ᠭᠤᠷᠪᠠ ᠳᠤ᠂ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠭᠤᠯᠤᠮᠵᠢ ᠶᠢᠨ ᠠᠵᠢᠯᠲᠠᠨ ᠲᠤᠲᠠᠭᠳᠠᠵᠤ ᠪᠠᠶᠢᠬᠤ ᠪᠠ ᠠᠵᠢᠯᠲᠠᠨ ᠤ ᠲᠤᠬᠢᠷᠠᠭᠤᠯᠤᠯᠲᠠ ᠠᠵᠢᠯ ᠤᠨ ᠱᠠᠭᠠᠷᠳᠠᠯᠭ᠎ᠠ ᠨᠡᠶᠢᠴᠡᠪᠤᠷᠢ ᠦᠭᠡᠢ ᠪᠠᠶᠢᠳᠠᠯ ᠣᠷᠤᠰᠢᠵᠤ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠴᠢᠬᠤᠯᠠᠲᠠᠢ᠃        ︵ᠬᠤᠶᠠᠷ︶ ᠦᠭᠡᠷᠡᠴᠢᠯᠡᠨ ᠠᠬᠢᠭᠤᠯᠬᠤ ᠠᠷᠭ᠎ᠠ ᠠᠪᠴᠠᠯ        1.ᠠᠵᠢᠯ ᠤᠨ ᠳᠥᠷᠢᠮ ᠢ ᠲᠡᠭᠦᠯᠳᠡᠷᠵᠢᠭᠦᠯᠦᠨ᠂ ᠤᠷᠲᠤᠮᠵᠢ ᠶᠢᠨ ᠴᠢᠨᠠᠷᠲᠠᠢ ᠲᠤᠭᠲᠠᠴᠠ ᠶᠢ ᠪᠠᠶᠢᠭᠤᠯᠤᠨ᠎ᠠ ᠃ ᠮᠠᠨ ᠤ ᠲᠣᠭᠤᠷᠢᠭ ᠤᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠬᠠᠮᠢᠶ᠎ᠠ ᠪᠦᠬᠦᠢ ᠠᠵᠢᠯ ᠤᠨ ᠳᠥᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂  ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠪᠠ ᠡᠷᠡᠮᠡᠯᠵᠡᠯ ᠢᠶᠠᠷ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠳᠥᠷᠢᠮᠵᠢᠭᠦᠯᠬᠦ ᠶᠢ ᠠᠬᠢᠭᠤᠯᠤᠨ᠎ᠠ᠃        2.ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠭᠤᠤᠯᠳᠠᠯᠭ᠎ᠠ ᠶᠢ ᠳᠣᠪᠤᠶᠢᠯᠭᠠᠨ᠂ ᠢᠯᠡ ᠪᠣᠯᠭᠠᠬᠤ ᠠᠭᠤᠯᠭ᠎ᠠ ᠶᠢ ᠭᠦᠨᠵᠡᠭᠡᠶᠢᠷᠡᠭᠦᠯᠦᠨ᠎ᠡ᠃ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠵᠠᠰᠠᠭ ᠤᠨ ᠣᠷᠳᠤᠨ ᠤ ᠰᠣᠷᠠᠭ ᠵᠠᠩᠭᠢ ᠶᠢ ᠢᠯᠡ ᠪᠣᠯᠭᠠᠬᠤ ᠪᠠᠶᠢᠷᠢᠯᠠᠭᠤᠯᠤᠯᠲᠠ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠱᠠᠭᠠᠷᠳᠠᠯᠭ᠎ᠠ ᠶᠤᠰᠤᠭᠠᠷ ᠱᠠᠪᠳᠠᠭᠤᠯᠵᠤ᠂ ᠬᠠᠮᠢᠶ᠎ᠠ ᠪᠦᠬᠦᠢ ᠬᠦᠷᠢᠶ᠎ᠡ ᠬᠡᠪᠴᠢᠶᠡᠨ ᠤ ᠢᠯᠠ ᠪᠤᠯᠭᠠᠬᠤ ᠠᠵᠢᠯ ᠢ ᠨᠠᠷᠢᠨ ᠬᠢᠨᠠᠮᠠᠭᠠᠢ ᠬᠢᠬᠦ ᠶᠢᠨ ᠬᠠᠮᠲᠤ ᠲᠠᠰᠤᠷᠠᠯᠲᠠ ᠦᠭᠡᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠤᠨ᠎ᠠ᠃        3.ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠦᠷᠭᠡᠳᠬᠡᠨ᠎ᠡ᠃ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠶᠢᠨ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠣᠯᠭᠠᠬᠤ ︽ᠭᠤᠣᠯ ᠰᠠᠭᠤᠷᠢᠨ ᠭᠠᠵᠠᠷ︾  ᠤᠨ ᠦᠢᠯᠡᠳᠦᠯ ᠢ ᠲᠠᠰᠤᠷᠠᠯᠲᠠ ᠦᠭᠡᠢ ᠪᠠᠷᠢᠮᠲᠠᠯᠠᠨ ᠪᠠᠳᠠᠷᠠᠭᠤᠯᠵᠤ᠂ ᠰᠦᠯᠵᠢᠶᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠮᠠᠲ᠋ᠧᠷᠢᠶᠠᠯ ᠤᠨ ᠰᠢᠨᠡᠴᠢᠯᠡᠯᠲᠡ ᠶᠢ ᠲᠦᠷᠭᠡᠳᠬᠡᠨ᠂ ᠪᠤᠯᠤᠩ ᠤᠨ ᠲᠣᠬᠢᠷᠠᠭᠤᠯᠤᠯᠲᠠ ᠶᠢ ᠦᠭᠡᠷᠡᠴᠢᠯᠡᠵᠦ᠂ ᠰᠦᠯᠵᠢᠶᠡᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠠ ᠪᠤᠯᠭᠠᠬᠤ ᠰᠢᠨ᠎ᠡ ᠠᠷᠭ᠎ᠠ ᠵᠠᠮ ᠢ ᠡᠷᠢᠯᠬᠢᠯᠡᠵᠦ᠂  ᠸᠢᠴᠠᠲ ᠵᠡᠷᠭᠡ ᠰᠢᠯᠵᠢᠮᠡᠯ ᠲᠠᠪᠴᠠᠩ ᠢ ᠭᠦᠢᠴᠡᠳ ᠠᠰᠢᠭᠯᠠᠵᠤ᠂  ᠠᠷᠠᠳ ᠲᠥᠮᠡᠨ ᠤ ᠭᠠᠵᠠᠷ ᠤᠷᠤᠨ᠂ ᠴᠠᠭ ᠬᠤᠭᠤᠴᠠᠭᠠᠨ ᠤ ᠬᠢᠵᠠᠭᠠᠷᠯᠠᠯ ᠦᠭᠡᠢ ᠪᠠᠷ ᠤᠯᠠᠨ ᠠᠷᠭ᠎ᠠ ᠵᠠᠮ ᠢᠶᠠᠷ ᠵᠠᠰᠠᠭ ᠤᠨ ᠣᠷᠳᠤᠨ ᠤ ᠰᠤᠷᠠᠭ ᠵᠠᠩᠭᠢ ᠶᠢ ᠬᠦᠯᠢᠶᠡᠨ ᠠᠪᠴᠤ ᠴᠢᠳᠠᠬᠤ ᠶᠢ ᠪᠠᠲᠤᠯᠠᠨ᠎ᠠ᠃        4.ᠵᠠᠰᠠᠭ ᠤᠨ ᠣᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠢᠭᠤᠯᠤᠮᠵᠢ ᠶᠢ ᠲᠣᠬᠢᠷᠠᠭᠤᠯᠵᠤ᠂ ᠠᠵᠢᠯᠲᠠᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂  ᠰᠠᠭᠤᠷᠢ ᠪᠠᠲᠤᠯᠠᠭ᠎ᠠ ᠶᠢᠨ ᠠᠵᠢᠯ ᠢ ᠦᠨᠡᠨᠬᠦ ᠨᠠᠶᠢᠳᠠᠪᠤᠷᠢᠵᠢᠭᠤᠯᠤᠨ᠎ᠠ᠃ ᠪᠤᠯᠪᠠᠰᠤᠷᠠᠯ ᠢ ᠰᠠᠶᠢᠲᠤᠷ ᠡᠷᠬᠢᠯᠡᠨ᠂ ᠰᠤᠷᠤᠯᠴᠠᠬᠤ ᠪᠠ ᠰᠠᠨᠠᠯ ᠪᠣᠳᠤᠯ ᠢᠶᠠᠨ ᠰᠤᠯᠢᠯᠴᠠᠬᠤ ᠶᠢ ᠴᠢᠩᠭᠠᠳᠬᠠᠨ᠂ ᠰᠠᠯᠠᠭ᠎ᠠ ᠮᠦᠴᠢᠷ  ᠲᠠᠢ ᠬᠠᠷᠢᠯᠴᠠᠵᠤ᠂  ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠰᠤᠷᠠᠭ ᠵᠠᠩᠭᠢ ᠶᠢ ᠢᠯᠠ ᠪᠣᠯᠭᠠᠬᠤ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号